ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠦᠪ ᠬᠤᠷᠢᠶᠠᠨ ᠤ ᠲᠠᠪᠤᠳᠤᠭᠠᠷ ᠪᠦᠬᠦᠳᠡ ᠬᠤᠷᠠᠯ ᠤᠨ | ᠵᠤᠷᠢᠭ ᠰᠠᠨᠠᠭ᠎ᠠ ᠶᠢ ᠬᠦᠨᠵᠡᠭᠡᠢ ᠰᠤᠷᠤᠯᠴᠠᠨ ᠤᠬᠠᠭᠤᠯᠵᠤ ᠲᠤᠤᠱᠯᠠᠭᠤᠯᠬᠤ ᠶᠢᠨ ᠲᠦᠯᠦᠭᠡ᠂ ᠪᠦᠬᠦ ᠬᠤᠰᠢᠭᠤᠨ ᠤ | ᠦᠷᠭᠡᠨ ᠤᠯᠠᠨ ᠨᠠᠮ ᠤᠨ ᠬᠡᠰᠢᠭᠦᠨ ᠺᠠᠳ᠋ᠷ ᠤᠯᠠᠨ ᠲᠦᠮᠡᠨ ᠢ ᠲᠠᠶᠢᠴᠢᠯᠠᠨ᠂ ᠦᠵᠡᠯ ᠰᠠᠨᠠᠭ᠎ᠠ ᠪᠠ ᠦᠢᠯᠡ | ᠠᠵᠢᠯᠯᠠᠭ᠎ᠠ ᠪᠠᠨ ᠪᠦᠬᠦᠳᠡ ᠬᠤᠷᠠᠯ ᠤᠨ ᠵᠤᠷᠢᠭ ᠰᠠᠨᠠᠭ᠎ᠠ ᠲᠡᠭᠡᠷ᠎ᠡ ᠨᠢᠭᠡᠳᠬᠡᠵᠤ᠂ ᠨᠠᠮ ᠤᠨ ᠠᠷᠪᠠ ᠶᠢᠰᠦᠳᠦᠭᠡᠷ | ᠬᠤᠭᠤᠴᠠᠭᠠᠨ ᠤ ᠲᠦᠪ ᠬᠤᠷᠢᠶᠠᠨ ᠤ ᠪᠦᠬᠦᠳᠡ ᠬᠤᠷᠠᠯ ᠤᠨ ᠵᠤᠷᠢᠭ ᠰᠠᠨᠠᠭ᠎ᠠ ᠶᠢ ᠠᠵᠤ ᠠᠬᠤᠢ ᠨᠡᠶᠢᠭᠡᠮ ᠤᠨ | ᠴᠢᠨᠠᠷ ᠰᠠᠶᠢᠨᠳᠠᠢ ᠬᠦᠭᠵᠢᠯᠳᠡ ᠶᠢ ᠠᠬᠢᠭᠤᠯᠬᠤ ᠬᠦᠴᠦᠷᠬᠡᠭ ᠶᠡᠭᠡ ᠬᠦᠳᠡᠯᠭᠡᠬᠦ ᠬᠦᠴᠦᠨ ᠪᠤᠯᠭᠠᠨ ᠬᠤᠪᠢᠷᠠᠭᠤᠯᠵᠤ᠂ | ᠪᠦᠬᠦ ᠬᠤᠰᠢᠭᠤᠨ ᠤ ᠡᠯ᠎ᠡ ᠲᠦᠷᠦᠯ ᠤᠨ ᠠᠵᠢᠯ ᠤᠨ ᠰᠢᠨ᠎ᠡ ᠲᠠᠪᠰᠢᠯᠳᠠ ᠶᠢ ᠪᠡᠶᠡᠯᠡᠭᠦᠯᠬᠦ ᠶᠢᠨ ᠲᠤᠯᠠᠳᠠ᠂ 11 | ᠰᠠᠷ᠎ᠠ ᠶᠢᠨ 18 ᠤ ᠡᠳᠦᠷ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠦᠪ ᠬᠤᠷᠢᠶᠠᠨ ᠤ ᠲᠠᠪᠤᠳᠤᠭᠠᠷ | ᠪᠦᠬᠦᠳᠡ ᠬᠤᠷᠠᠯ ᠤᠨ ᠵᠤᠷᠢᠭ ᠰᠠᠨᠠᠭ᠎ᠠ ᠶᠢ ᠤᠬᠠᠭᠤᠯᠬᠤ ᠬᠤᠳᠠ ᠶᠢᠨ ᠨᠠᠮ ᠤᠨ ᠬᠤᠷᠢᠶᠠᠨ ᠤ ᠤᠬᠠᠭᠤᠯᠤᠨ | ᠲᠠᠶᠢᠯᠪᠤᠷᠢᠯᠠᠬᠤ ᠪᠦᠯᠬᠦᠮ ᠤᠨ ᠮᠡᠳᠡᠭᠦᠯᠦᠯᠳᠡ ᠶᠢᠨ ᠬᠤᠷᠠᠯ ᠵᠢᠴᠢ ᠬᠤᠰᠢᠭᠤᠨ ᠤ ᠨᠠᠮ ᠤᠨ ᠬᠤᠷᠢᠶᠠᠨ ᠤ ᠭᠤᠤᠯ | ᠲᠤᠭᠤᠶᠢᠯᠠᠩ ︵ᠦᠷᠭᠡᠳᠬᠡᠭᠰᠡᠨ︶ ᠰᠤᠷᠤᠯᠴᠠᠯᠠᠭ᠎ᠠ ᠶᠢᠨ ᠬᠤᠷᠠᠯ ᠲᠦᠷᠪᠡᠳ ᠬᠤᠰᠢᠭᠤᠨ ᠤ ᠨᠠᠮ ᠵᠠᠰᠠᠭ ᠤᠨ ᠲᠤᠮᠤ | ᠠᠰᠠᠷ ᠤᠨ ᠬᠤᠷᠠᠯ ᠤᠨ ᠭᠡᠷ ᠲᠤ ᠶᠠᠪᠤᠭᠳᠠᠪᠠ᠃ | ᠬᠤᠰᠢᠭᠤᠨ ᠤ ᠨᠠᠮ ᠤᠨ ᠬᠤᠷᠢᠶᠠᠨ ᠤ ᠲᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ | ᠤ ᠱᠦᠵᠢ ᠯᠢᠶᠠᠩ ᡁᠢ ᠬᠤᠸᠠ ᠬᠤᠷᠠᠯ ᠢ ᠡᠷᠬᠢᠯᠡᠭᠰᠡᠨ ᠪᠦᠭᠡᠳ ᠳ᠋ᠦᠩᠨᠡᠯᠳᠡ ᠶᠢᠨ ᠶᠠᠷᠢᠶ᠎ᠠ ᠲᠠᠯᠪᠢᠵᠠᠢ᠃ | ᠮᠡᠳᠡᠭᠦᠯᠦᠯᠳᠡ ᠶᠢᠨ ᠬᠤᠷᠠᠯ ᠲᠡᠭᠡᠷ᠎ᠡ᠂ ᠬᠤᠳᠠ ᠶᠢᠨ ᠨᠠᠮ ᠤᠨ ᠬᠤᠷᠢᠶᠠᠨ ᠤ ᠤᠬᠠᠭᠤᠯᠤᠨ ᠲᠠᠶᠢᠯᠪᠤᠷᠢᠯᠠᠬᠤ | ᠪᠦᠯᠬᠦᠮ ᠤᠨ ᠬᠡᠰᠢᠭᠦᠨ᠂ ᠤᠯᠠᠭᠠᠨᠴᠠᠪ ᠤᠨ ᠠᠵᠢᠯ ᠮᠡᠷᠭᠡᠵᠢᠯ ᠤᠨ ᠲᠡᠭᠡᠳᠦ ᠰᠤᠷᠭᠠᠭᠤᠯᠢ ᠶᠢᠨ ᠡᠪᠯᠡᠯ ᠤᠨ ᠱᠦᠵᠢ | ᠯᠢ ᠢ ᠪᠥᠸᠧ ︽ᠰᠢᠨ᠎ᠡ ᠬᠦᠭᠵᠢᠯᠳᠡ ᠶᠢᠨ ᠤᠬᠠᠭᠳᠠᠬᠤᠨ ᠢ ᠡᠷᠡᠰ ᠭᠤᠶᠢᠪᠢᠰᠢ ᠦᠭᠡᠢ ᠲᠤᠤᠱᠯᠠᠭᠤᠯᠵᠤ᠂ ᠰᠢᠨ᠎ᠡ | ᠬᠦᠭᠵᠢᠯᠳᠡ ᠶᠢᠨ ᠪᠠᠶᠢᠷᠢᠰᠢᠯ ᠢ ᠲᠦᠷᠭᠡᠳᠬᠡᠨ ᠪᠠᠶᠢᠭᠤᠯᠶᠠ — ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ | ᠲᠦᠪ ᠬᠤᠷᠢᠶᠠᠨ ᠤ ᠲᠠᠪᠤᠳᠤᠭᠠᠷ ᠪᠦᠬᠦᠳᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠶ᠎ᠠ︾ ᠭᠡᠬᠦ ᠰᠡᠳᠦᠪ ᠢᠶᠠᠷ | ᠲᠤᠰᠬᠠᠢ ᠰᠡᠳᠦᠪᠯᠡᠨ ᠤᠬᠠᠭᠤᠯᠤᠨ ᠲᠠᠶᠢᠯᠪᠤᠷᠢᠯᠠᠪᠠ᠃ ᠢᠯᠡᠳᠬᠡᠯ ᠨᠢ ᠭᠤᠤᠯᠳᠠᠭᠤ ᠨᠠᠮ ᠤᠨ ᠠᠷᠪᠠ ᠶᠢᠰᠦᠳᠦᠭᠡᠷ | ᠬᠤᠭᠤᠴᠠᠭᠠᠨ ᠤ ᠲᠦᠪ ᠬᠤᠷᠢᠶᠠᠨ ᠤ ᠲᠠᠪᠤᠳᠤᠭᠠᠷ ᠪᠦᠬᠦᠳᠡ ᠬᠤᠷᠠᠯ ᠤᠨ ᠠᠯᠪᠠᠨ ᠮᠡᠳᠡᠭᠡ᠂ ︽ᠤᠯᠤᠰ ᠠᠷᠠᠳ | ᠤᠨ ᠠᠵᠤ ᠠᠬᠤᠢ ᠪᠠ ᠨᠡᠶᠢᠭᠡᠮ ᠤᠨ ᠬᠦᠭᠵᠢᠯᠳᠡ ᠶᠢᠨ ᠠᠷᠪᠠᠨ ᠲᠦᠷᠪᠡᠳᠦᠭᠡᠷ ᠲᠠᠪᠤᠨ ᠵᠢᠯ ᠤᠨ ᠲᠦᠯᠦᠪᠯᠡᠭᠡ ᠪᠠ | 2035 ᠤᠨ ᠤ ᠤᠯᠤᠰ ᠤᠨ ᠬᠠᠷᠠᠯᠳᠠ ᠶᠢ ᠲᠤᠭᠳᠠᠭᠠᠬᠤ ᠲᠤᠬᠠᠢ ᠲᠤᠮᠳᠠᠳᠤ ᠤᠯᠤᠰ ᠤᠨ ᠡᠪ ᠬᠠᠮᠳᠤ ᠨᠠᠮ ᠤᠨ | ᠲᠦᠪ ᠬᠤᠷᠢᠶᠠᠨ ᠤ ᠰᠠᠨᠠᠭᠤᠯᠭ᠎ᠠ︾ ᠵᠡᠷᠭᠡ ᠠᠭᠤᠯᠭ᠎ᠠ ᠲᠠᠢ ᠤᠶᠠᠯᠳᠤᠭᠤᠯᠤᠨ᠂ ᠭᠤᠤᠯᠳᠠᠭᠤ ᠰᠢᠨ᠎ᠡ ᠱᠠᠳᠤ ᠦᠶ᠎ᠡ | ᠪᠤᠯᠤᠨ ᠰᠢᠨ᠎ᠡ ᠬᠠᠷᠠᠯᠳᠠ᠂ ᠰᠢᠨ᠎ᠡ ᠤᠶᠢᠯᠠᠭᠳᠠᠬᠤᠨ ᠪᠤᠯᠤᠨ ᠰᠢᠨ᠎ᠡ ᠪᠠᠶᠢᠷᠢᠯᠠᠭᠤᠯᠤᠯᠳᠠ᠂ ᠰᠢᠨ᠎ᠡ ᠬᠤᠪᠢᠷᠠᠯᠳᠠ | ᠪᠤᠯᠤᠨ ᠰᠢᠨ᠎ᠡ ᠪᠠᠶᠢᠷᠢᠰᠢᠯ ᠵᠡᠷᠭᠡ ᠭᠤᠷᠪᠠᠨ ᠲᠠᠯ᠎ᠠ ᠪᠠᠷ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠦᠪ | ᠬᠤᠷᠢᠶᠠᠨ ᠤ ᠲᠠᠪᠤᠳᠤᠭᠠᠷ ᠪᠦᠬᠦᠳᠡ ᠬᠤᠷᠠᠯ ᠤᠨ ᠵᠤᠷᠢᠭ ᠰᠠᠨᠠᠭ᠎ᠠ ᠶᠢ ᠰᠢᠰᠲ᠋ᠧᠮ ᠲᠠᠢ᠂ ᠪᠦᠬᠦ ᠲᠠᠯ᠎ᠠ ᠪᠠᠷ ᠨᠠᠷᠢᠨ | ᠲᠤᠳᠤᠷᠬᠠᠢ ᠦᠭᠦᠯᠡᠵᠤ᠂ ᠪᠦᠬᠦᠶᠢᠯᠡ ᠮᠡᠳᠡᠭᠦᠯᠦᠯᠳᠡ ᠨᠢ ᠤᠯᠤᠰ ᠲᠦᠷᠦ ᠶᠢᠨ ᠲᠠᠯ᠎ᠠ ᠪᠠᠷ ᠦᠨᠳᠦᠷᠴᠡ ᠲᠠᠢ | ᠪᠦᠭᠡᠳ ᠤᠨᠤᠯ ᠤᠨ ᠲᠠᠯ᠎ᠠ ᠶᠢᠨ ᠬᠦᠨᠴᠡ ᠲᠠᠢ ᠪᠠᠶᠢᠵᠤ᠂ ᠦᠷᠭᠡᠨ ᠤᠯᠠᠨ ᠤᠳᠤᠷᠢᠳᠬᠤ ᠺᠠᠳ᠋ᠷ ᠤᠨ ᠨᠠᠮ ᠤᠨ | ᠠᠷᠪᠠ ᠶᠢᠰᠦᠳᠦᠭᠡᠷ ᠬᠤᠭᠤᠴᠠᠭᠠᠨ ᠤ ᠲᠦᠪ ᠬᠤᠷᠢᠶᠠᠨ ᠤ ᠲᠠᠪᠤᠳᠤᠭᠠᠷ ᠪᠦᠬᠦᠳᠡ ᠬᠤᠷᠠᠯ ᠤᠨ ᠵᠤᠷᠢᠭ ᠰᠠᠨᠠᠭ᠎ᠠ ᠶᠢ | ᠰᠠᠶᠢᠳᠤᠷ ᠰᠤᠷᠤᠯᠴᠠᠨ ᠤᠬᠠᠭᠤᠯᠵᠤ᠂ ᠲᠤᠤᠱᠯᠠᠭᠤᠯᠬᠤ ᠳᠤ ᠪᠠᠳᠤ ᠪᠠᠬᠢ ᠰᠠᠭᠤᠷᠢ ᠶᠢ ᠲᠠᠯᠪᠢᠵᠤ ᠦᠭᠬᠦᠪᠡ᠃ | ᠯᠢᠶᠠᠩ ᡁᠢ ᠬᠤᠸᠠ ᠶᠠᠷᠢᠶᠠᠨ ᠲᠡᠭᠡᠷ᠎ᠡ ᠴᠢᠬᠤᠯᠠᠴᠢᠯᠠᠭᠰᠠᠨ ᠨᠢ᠂ ᠨᠠᠮ ᠤᠨ ᠠᠷᠪᠠ ᠶᠢᠰᠦᠳᠦᠭᠡᠷ | ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠪᠣᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ | ᠪᠦᠳᠦᠭᠡᠨ ᠪᠠᠶᠢᠭᠤᠯᠬᠤ ᠢᠯᠠᠯᠲᠠ ᠤᠯᠬᠤ ᠡᠷᠡᠮᠡᠯᠵᠡᠯ ᠲᠠᠢ ᠪᠠᠶᠢᠬᠤ᠂ ᠨᠡᠶᠢᠭᠡᠮ ᠵᠢᠷᠤᠮᠳᠤ ᠣᠳᠣᠬᠢᠴᠢᠯᠠᠭᠰᠠᠨ | ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠤᠳᠠᠯ ᠦᠭᠡᠢ ᠡᠬᠢᠯᠡᠬᠦ ᠭᠡᠵᠦ ᠪᠠᠶᠢᠭ᠎ᠠ ᠴᠢᠬᠤᠯᠠ | ᠲᠡᠤᠬᠡᠨ ᠴᠠᠭ ᠮᠥᠴᠡ ᠳᠤ ᠬᠤᠷᠠᠯᠳᠤᠭᠤᠯᠤᠭᠰᠠᠨ ᠨᠢᠭᠡ ᠤᠳᠠᠭᠠᠨ ᠤ ᠲᠦᠢᠯ ᠤᠨ ᠴᠢᠬᠤᠯᠠ ᠬᠤᠷᠠᠯ ᠮᠥᠨ᠂ | ᠲᠡᠷᠡ ᠨᠢ ᠪᠦᠬᠦ ᠨᠠᠮ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠲᠠᠶᠢᠴᠢᠯᠠᠨ | ᠵᠣᠷᠢᠭᠵᠢᠭᠤᠯᠬᠤ ᠳᠤ ᠠᠰᠢᠭᠲᠠᠶ᠃ ᠤᠷᠤᠭᠰᠢᠯᠠᠯᠲᠠ ᠶᠢᠨ ᠵᠠᠮ ᠳᠡᠭᠡᠷᠡᠬᠢ ᠡᠯ᠎ᠡ ᠵᠦᠢᠯ ᠤᠨ ᠠᠶᠤᠯ ᠲᠦᠭᠰᠢᠭᠦᠷᠢ ᠪᠠ | ᠥᠷᠢᠰᠥᠯᠳᠦᠭᠡᠨ ᠢ ᠢᠯᠠᠨ ᠳᠠᠪᠠᠵᠤ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ | ᠪᠠᠶᠢᠭᠤᠯᠬᠤ ᠳᠤ ᠰᠠᠶᠢᠨ ᠡᠬᠢᠯᠡᠯᠳᠡ ᠪᠤᠯᠵᠤ᠂ ᠴᠢᠬᠤᠯᠠ ᠶᠡᠭᠡ ᠪᠥᠭᠡᠳ ᠠᠯᠤᠰ ᠬᠡᠳᠤ ᠶᠢᠨ ᠠᠴᠢ ᠬᠤᠯᠪᠣᠭᠳᠠᠯ ᠲᠠᠢ | ᠶᠤᠮ᠃ | ᠯᠢᠶᠠᠩ ᡁᠢ ᠬᠤᠸᠠ ᠵᠢᠭᠠᠵᠤ ᠭᠠᠷᠭᠠᠭᠰᠠᠨ ᠨᠢ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ | ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠬᠤ | ᠪᠣᠯ ᠣᠳᠣᠬᠠᠨ ᠤ ᠪᠠ ᠬᠤᠶᠢᠰᠢᠳᠠ ᠶᠢᠨ ᠨᠢᠭᠡ ᠬᠡᠰᠡᠭ ᠬᠤᠭᠤᠴᠠᠭᠠᠨ ᠤ ᠴᠢᠬᠤᠯᠠ ᠤᠯᠤᠰ ᠲᠥᠷᠥ ᠶᠢᠨ ᠡᠭᠦᠷᠭᠡ | ᠮᠥᠨ᠃ ᠪᠦᠬᠦ ᠬᠤᠰᠢᠭᠤᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠣᠯᠠᠨ | ᠨᠠᠮ ᠤᠨ ᠭᠡᠰᠢᠭᠦᠨ ᠺᠠᠳ᠋ᠷᠴᠤᠳ ᠤᠯᠤᠰ ᠲᠥᠷᠥ᠂ ᠲᠡᠦᠬᠡ᠂ ᠪᠦᠬᠦ ᠲᠠᠯ᠎ᠠ ᠶᠢᠨ᠂ ᠪᠠᠶᠢᠯᠳᠤᠬᠤ ᠪᠣᠳᠣᠯᠭ᠎ᠠ ᠶᠢᠨ | ᠦᠨᠳᠦᠷᠴᠡ ᠠᠴᠠ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ | ᠬᠤᠷᠠᠯ ᠤᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠶ ᠲᠠᠨᠢᠵᠤ᠂ ᠳᠡᠭᠡᠳᠦ ᠬᠡᠮᠵᠢᠶᠡᠨ ᠤ ᠤᠯᠤᠰ ᠲᠦᠷᠦ ᠶᠢᠨ | ᠤᠬᠠᠮᠰᠠᠷ ᠪᠠ ᠦᠵᠡᠯ ᠰᠠᠨᠠᠭᠠᠨ ᠤ ᠤᠬᠠᠮᠰᠠᠷ ᠢᠶᠠᠷ ᠰᠤᠷᠤᠯᠴᠠᠨ ᠤᠬᠠᠭᠤᠯᠬᠤ ᠪᠠ ᠲᠤᠤᠱᠯᠠᠭᠤᠯᠬᠤ ᠠᠵᠢᠯ ᠢ | ᠰᠠᠶᠢᠲᠤᠷ ᠬᠢᠵᠦ᠂ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠳᠥᠷᠪᠡᠳ ᠬᠤᠰᠢᠭᠤᠨ ᠳᠤ ᠲᠤᠤᠱᠯᠠᠭᠤᠯᠤᠨ | ᠨᠠᠶᠢᠳᠠᠪᠤᠷᠢᠵᠢᠭᠤᠯᠬᠤ ᠳᠤ ᠴᠢᠩᠭ᠎ᠠ ᠬᠦᠴᠦᠲᠡᠢ ᠦᠵᠡᠯ ᠰᠠᠨᠠᠭᠠᠨ ᠤ ᠪᠠᠲᠤᠯᠠᠭ᠎ᠠ ᠪᠠ ᠶᠠᠷᠢᠶ᠎ᠠ ᠬᠡᠯᠡᠯᠴᠡᠭᠡᠨ ᠤ | ᠳᠡᠮᠵᠢᠯᠭᠡ ᠬᠠᠩᠭᠠᠨ᠎ᠠ᠃ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠬᠤᠲᠠ ᠶᠢᠨ | ᠨᠠᠮ ᠤᠨ ᠬᠤᠷᠢᠶᠠᠨ ᠤ ᠨᠢᠭᠡᠳᠦᠯᠳᠠᠢ ᠪᠠᠶᠢᠷᠢᠯᠠᠭᠤᠯᠤᠯᠲᠠ ᠪᠠ ᠱᠠᠭᠠᠷᠳᠠᠯᠭ᠎ᠠ ᠶᠣᠰᠣᠭᠠᠷ᠂ ᠰᠣᠨᠢᠨ ᠮᠡᠳᠡᠭᠡᠨ ᠤ | ᠤᠬᠠᠭᠤᠯᠭ᠎ᠠ ᠶᠢ ᠦᠨᠡᠨᠬᠦ ᠰᠠᠶᠢᠲᠤᠷ ᠬᠢᠵᠦ᠂ ᠲᠥᠪᠯᠡᠷᠡᠭᠦᠯᠦᠨ ᠤᠬᠠᠭᠤᠯᠤᠨ ᠲᠠᠶᠢᠯᠪᠤᠷᠢᠯᠠᠬᠤ ᠶᠢ ᠦᠷᠨᠢᠭᠦᠯᠦᠨ᠂ | ᠣᠨᠣᠯ ᠤᠨ ᠰᠤᠷᠤᠯᠴᠠᠯᠭ᠎ᠠ ᠪᠠ ᠰᠤᠳᠤᠯᠭᠠᠨ ᠤ ᠲᠠᠶᠢᠯᠪᠤᠷᠢᠯᠠᠯᠲᠠ ᠶᠢ ᠭᠦᠨᠵᠡᠭᠡᠶᠢᠷᠡᠭᠦᠯᠵᠦ᠂ ᠵᠥᠪ ᠴᠢᠭᠯᠡᠯ ᠤᠨ | ᠤᠳᠤᠷᠢᠳᠤᠮᠵᠢ ᠶᠢ ᠪᠠᠲᠤ ᠡᠵᠡᠮᠰᠢᠵᠦ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ | ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠬᠤ ᠠᠵᠢᠯ ᠢ ᠴᠢᠨᠠᠷ ᠰᠠᠶᠢᠨᠳᠠᠢ ᠥᠨᠳᠥᠷ | ᠲᠦᠪᠰᠢᠨ ᠢᠶᠠᠷ ᠰᠠᠶᠢᠲᠤᠷ ᠬᠢᠵᠦ᠂ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠥᠷᠨᠢᠯᠲᠡ ᠶᠢ ᠦᠳᠲᠡᠷ | ᠲᠦᠷᠭᠡᠨ ᠪᠤᠢ ᠪᠣᠯᠭᠠᠨ᠎ᠠ᠃ | ᠯᠢᠶᠠᠩ ᡁᠢ ᠬᠤᠸᠠ ᠱᠠᠭᠠᠷᠳᠠᠭᠰᠠᠨ ᠨᠢ᠂ ᠡᠯ᠎ᠡ ᠭᠠᠵᠠᠷ ᠡᠯ᠎ᠡ ᠰᠠᠯᠠᠭ᠎ᠠ ᠮᠦᠴᠢᠷ ᠤᠨ ᠬᠢ ᠢᠳᠡᠪᠬᠢᠳᠠᠢ ᠪᠠᠷ | ᠰᠤᠷᠤᠯᠴᠠᠵᠤ᠂ ᠦᠷᠭᠡᠨ ᠬᠡᠪᠴᠢᠶ᠎ᠡ ᠲᠠᠢ᠂ ᠤᠯᠠᠨ ᠵᠦᠢᠯ ᠤᠨ ᠬᠡᠯᠪᠡᠷᠢ ᠲᠠᠢ᠂ ᠪᠤᠳᠠᠳᠤ ᠦᠷ᠎ᠡ ᠪᠦᠳᠦᠮᠵᠢ ᠲᠠᠢ᠂ | ᠯᠠᠪᠳᠠᠭᠤᠨ ᠪᠠᠳᠤᠳᠠᠢ ᠰᠤᠷᠤᠯᠴᠠᠨ᠂ ᠰᠤᠷᠤᠯᠴᠠᠪᠠᠯ ᠤᠬᠠᠵᠤ ᠮᠡᠳᠡᠬᠦ᠂ ᠰᠤᠷᠤᠯᠴᠠᠪᠠᠯ ᠰᠡᠳᠬᠢᠵᠤ ᠲᠡᠶᠢᠯᠬᠦ ᠪᠠ | ᠬᠡᠷᠡᠭᠯᠡᠵᠤ ᠲᠡᠶᠢᠯᠬᠦ ᠶᠢ ᠪᠠᠳᠤᠯᠠᠬᠤ ᠬᠡᠷᠡᠭᠳᠠᠢ᠃ ︽ᠰᠤᠷᠴᠦ ᠮᠡᠳᠡᠬᠦ᠂ ᠭᠦᠢᠴᠡᠳ ᠤᠶᠢᠯᠠᠭᠠᠬᠤ᠂ ᠪᠤᠳᠠᠳᠠᠢ ᠬᠢᠬᠦ︾ | ᠶᠢ ᠦᠨᠡᠨᠬᠦ ᠪᠡᠶᠡᠯᠡᠭᠦᠯᠦᠨ᠎ᠡ᠃ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠦᠪ ᠬᠤᠷᠢᠶᠠᠨ ᠤ ᠲᠠᠪᠤᠳᠤᠭᠠᠷ | ᠪᠦᠬᠦᠳᠡ ᠬᠤᠷᠠᠯ ᠤᠨ ᠵᠤᠷᠢᠭ ᠰᠠᠨᠠᠭ᠎ᠠ ᠶᠢ ᠰᠤᠳᠤᠯᠵᠤ᠂ ᠲᠠᠶᠢᠯᠪᠤᠷᠢᠯᠠᠬᠤ ᠠᠵᠢᠯ ᠢ ᠨᠡᠩ ᠴᠢᠩᠭᠠᠳᠬᠠᠵᠤ᠂ ᠠᠵᠢᠯ | ᠤᠨ ᠪᠤᠳᠠᠳᠤ ᠪᠠᠶᠢᠳᠠᠯ ᠲᠠᠢ ᠤᠶᠠᠯᠳᠤᠭᠤᠯᠤᠨ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠦᠪ ᠬᠤᠷᠢᠶᠠᠨ | ᠤ ᠲᠠᠪᠤᠳᠤᠭᠠᠷ ᠪᠦᠬᠦᠳᠡ ᠬᠤᠷᠠᠯ ᠤᠨ ᠵᠤᠷᠢᠭ ᠰᠠᠨᠠᠭ᠎ᠠ ᠶᠢ ᠨᠡᠩ ᠪᠤᠳᠠᠳᠠᠶᠢᠵᠢᠭᠤᠯᠤᠨ ᠨᠠᠶᠢᠳᠠᠪᠤᠷᠢᠵᠢᠭᠤᠯᠬᠤ ᠶᠢ | ᠠᠬᠢᠭᠤᠯᠵᠤ᠂ ᠪᠦᠬᠦ ᠬᠤᠰᠢᠭᠤᠨ ᠤ ᠡᠯ᠎ᠡ ᠵᠦᠢᠯ ᠤᠨ ᠠᠵᠢᠯ ᠢ ᠠᠬᠢᠭᠤᠯᠬᠤ ᠳᠤ ᠬᠦᠴᠦᠷᠬᠡᠭ ᠶᠡᠭᠡ ᠤᠶᠤᠨ | ᠰᠠᠨᠠᠭᠠᠨ ᠤ ᠲᠡᠮᠵᠢᠯᠭᠡ ᠶᠢ ᠬᠠᠩᠭᠠᠪᠠ᠃ ᠡᠨᠡ ᠵᠢᠯ ᠤᠨ ᠡᠯ᠎ᠡ ᠵᠦᠢᠯ ᠤᠨ ᠬᠠᠷᠠᠯᠳᠠ ᠡᠭᠦᠷᠭᠡ ᠶᠢ ᠲᠡᠭᠦᠰ ᠠᠮᠵᠢᠯᠳᠠ | ᠲᠠᠢ ᠲᠡᠭᠦᠰᠬᠡᠵᠤ᠂ ᠪᠦᠬᠦ ᠬᠤᠰᠢᠭᠤᠨ ᠤ ︽ᠠᠷᠪᠠᠨ ᠲᠦᠷᠪᠡᠳᠦᠭᠡᠷ ᠲᠠᠪᠤᠨ ᠵᠢᠯ︾ ᠤᠨ ᠬᠦᠭᠵᠢᠯᠳᠡ ᠶᠢ ᠰᠠᠶᠢᠳᠤᠷ | ᠡᠬᠢᠯᠡᠭᠦᠯᠬᠦ ᠳᠤ ᠪᠠᠳᠤ ᠪᠠᠬᠢ ᠰᠠᠭᠤᠷᠢ ᠲᠠᠯᠪᠢᠪᠠ᠃ | ᠬᠤᠰᠢᠭᠤᠨ ᠤ ᠲᠦᠷᠪᠡᠨ ᠶᠡᠭᠡ ᠤᠳᠤᠷᠢᠳᠬᠤ ᠪᠠᠭ᠂ ᠬᠤᠰᠢᠭᠤ ᠠᠷᠠᠳ ᠤᠨ ᠰᠢᠭᠦᠭᠦ ᠬᠤᠷᠢᠶᠠᠨ ᠤ | ᠲᠠᠷᠤᠭ᠎ᠠ᠂ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠲᠠᠷᠤᠭ᠎ᠠ᠂ ᠲᠤᠳᠤᠭᠠᠳᠤ ᠶᠢ ᠬᠠᠮᠠᠭᠠᠯᠠᠬᠤ ᠲᠤᠪᠴᠢᠶᠠᠨ ᠤ | ᠤᠯᠤᠰ ᠲᠦᠷᠦ ᠶᠢᠨ ᠬᠡᠰᠢᠭᠦᠨ ᠵᠢᠴᠢ ᠬᠤᠰᠢᠭᠤᠨ ᠤ ᠰᠢᠭᠤᠳ ᠬᠠᠷᠢᠶ᠎ᠠ ᠪᠠᠶᠢᠭᠤᠯᠤᠯᠭ᠎ᠠ ᠨᠢᠭᠡᠴᠢ᠂ ᠡᠯ᠎ᠡ ᠰᠤᠮᠤ | ᠰᠢᠶᠠᠩ ᠪᠠᠯᠭᠠᠰᠤᠨ ᠤ ᠬᠠᠮᠢᠶ᠎ᠠ ᠪᠦᠬᠦᠢ ᠬᠠᠷᠢᠭᠤᠴᠠᠯᠭᠠᠳᠠᠳ᠂ ᠡᠯ᠎ᠡ ᠬᠠᠮᠢᠶᠠᠷᠤᠯᠳᠠ ᠶᠢᠨ ᠰᠠᠯᠠᠭ᠎ᠠ ᠮᠦᠴᠢᠷ ᠤᠨ | ᠭᠤᠤᠯ ᠬᠠᠷᠢᠭᠤᠴᠠᠯᠭᠠᠳᠠᠳ᠂ ᠬᠤᠰᠢᠭᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠪᠦᠬᠦ ᠪᠠᠭᠰᠢ ᠨᠠᠷ | ᠬᠤᠷᠠᠯ ᠳᠤ ᠤᠷᠤᠯᠴᠠᠪᠠ᠃ | | ᠰᠤᠷᠪᠤᠯᠵᠢᠯᠠᠭᠴᠢ᠄ ᠴᠧᠨ ᠯᠢᠨ ᠷᠧᠨ ᠫᠧᠩ | ᠢᠷᠡᠯᠳᠡ᠄ ᠲᠦᠷᠪᠡᠳ ᠬᠤᠰᠢᠭᠤᠨ ᠤ ᠵᠠᠰᠠᠭ ᠤᠨ ᠤᠷᠳᠤᠨ ᠤ ᠬᠢᠳᠠᠳ ᠰᠦᠯᠵᠢᠶ᠎ᠡ | ᠲᠡᠪᠰᠢᠭᠦᠯᠦᠭᠴᠢ᠄ ᠤᠶᠠᠩᠭ᠎ᠠ |