︽ᠬᠦᠷᠢᠶ᠎ᠡ ᠬᠠᠰᠢᠶᠠᠨ ᠤ ᠠᠵᠤ ᠠᠬᠤᠢ︾ ᠨᠢ ᠲᠦᠷᠪᠡᠳ ᠬᠤᠰᠢᠭᠤᠨ ᠤ ᠲᠠᠷᠢᠶᠠᠴᠢᠳ ᠤᠨ ᠶᠠᠳᠠᠭᠤ ᠠᠴᠠ ᠠᠩᠭᠢᠵᠢᠡᠠᠬᠤ ᠰᠢᠨ᠎ᠡ ᠠᠷᠭ᠎ᠠ ᠵᠠᠮ ᠪᠣᠯᠪᠠ
ᠨᠡᠶᠢᠲᠡᠯᠡᠭᠰᠡᠨ ᠴᠠᠭ᠄
2020/11/23
    ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠭᠤᠷᠪᠠᠨ ᠶᠡᠭᠡ ᠲᠠᠶᠢᠯᠠᠯᠳᠤᠭᠠᠨ ᠢ ᠦᠷᠨᠢᠭᠦᠯᠦᠭᠰᠡᠨ ᠠᠴᠠ ᠨᠠᠰᠢ᠂ ᠲᠦᠷᠪᠡᠳ ᠬᠤᠰᠢᠭᠤᠨ ᠶᠠᠳᠠᠭᠤ ᠶᠢ ᠳᠡᠳᠭᠦᠬᠦ ᠤᠯᠠᠨ ᠵᠦᠢᠯ ᠤᠨ ᠠᠷᠭ᠎ᠠ ᠬᠡᠮᠵᠢᠶ᠎ᠡ ᠠᠪᠤᠭᠰᠠᠨ ᠤ ᠳᠤᠳᠤᠷ᠎ᠠ᠂ ᠤᠶᠢᠷ᠎ᠠ ᠶᠢᠨ ᠵᠢᠯ ᠠᠴᠠ ᠲᠤᠰᠬᠤᠨ ᠳᠤ ᠰᠠᠭᠤᠭᠰᠠᠨ ᠠᠵᠢᠯᠯᠠᠬᠤ ᠠᠩᠭᠢ ᠶᠢᠨ ᠡᠭᠦᠳᠦᠭᠰᠡᠨ ︽ᠬᠦᠷᠢᠶ᠎ᠡ ᠬᠠᠰᠢᠶᠠᠨ ᠤ ᠠᠵᠤ ᠠᠬᠤᠢ︾ ᠪᠠᠷ ᠶᠠᠳᠠᠭᠤ ᠶᠢ ᠲᠡᠳᠭᠦᠬᠦ ᠠᠷᠭ᠎ᠠ ᠵᠠᠮ ᠨᠢ ᠠᠳᠠᠬᠢ ᠤᠨᠴᠠ ᠬᠦᠴᠢᠷᠳᠡᠯ ᠲᠠᠢ ᠶᠠᠳᠠᠭᠤ ᠲᠠᠷᠢᠶᠠᠴᠢᠳ ᠤᠨ ᠣᠷᠣᠯᠭ᠎ᠠ ᠪᠠᠨ ᠨᠡᠮᠡᠭᠳᠡᠭᠦᠯᠵᠦ᠂ ᠶᠠᠳᠠᠭᠤ ᠠᠴᠠ ᠲᠦᠷᠭᠡᠨ ᠠᠩᠭᠢᠵᠢᠷᠠᠬᠤ ᠭᠤᠤᠯ ᠠᠷᠭ᠎ᠠ ᠵᠠᠮ ᠪᠤᠯᠤᠭᠰᠠᠨ ᠪᠦᠭᠡᠳ ᠠᠳᠠᠬᠢ ᠶᠠᠳᠠᠭᠤ ᠠᠴᠠ ᠠᠩᠭᠢᠵᠢᠷᠠᠬᠤ ᠪᠤᠭᠤᠮᠳᠠ ᠰᠢᠪᠳᠦᠯᠬᠤ ᠰᠡᠭᠦᠯᠴᠢ ᠶᠢᠨ ᠬᠤᠭᠤᠴᠠᠭᠠᠨ ᠤ ᠪᠠᠶᠢᠭᠤᠯᠤᠯᠳᠠ ᠶᠢᠨ ᠦᠷ᠎ᠡ ᠪᠦᠳᠦᠮᠵᠢ ᠶᠢ ᠶᠡᠭᠡ ᠪᠠᠷ ᠲᠡᠭᠡᠭᠰᠢᠯᠡᠭᠦᠯᠵᠦ ᠂ ᠠᠬᠢᠴᠠ ᠶᠢ ᠨᠢ ᠢᠯᠡᠳᠳᠠ ᠲᠦᠷᠬᠡᠳᠬᠡᠭᠰᠡᠨ ᠪᠠᠶᠢᠨ᠎ᠠ᠃     ᠲᠣᠰ ᠬᠤᠰᠢᠭᠤ ᠨᠢ ᠵᠠᠰᠠᠭ ᠤᠨ ᠤᠷᠳᠤᠨ ᠭᠤᠤᠯᠯᠠᠬᠤ᠂ ᠲᠦᠷᠦ ᠶᠢᠨ ᠪᠤᠳᠤᠯᠭ᠎ᠠ ᠪᠠᠷ ᠬᠦᠳᠦᠯᠦᠨ ᠲᠠᠭᠠᠭᠤᠯᠬᠤ᠂ ᠲᠤᠬᠠᠢ ᠶᠢᠨ ᠭᠠᠵᠠᠷ ᠪᠠ ᠡᠷᠦᠬᠡ ᠶᠢᠨ ᠪᠠᠶᠢᠳᠠᠯ ᠳᠤᠨᠢ ᠵᠤᠬᠢᠴᠠᠭᠤᠯᠤᠨ ᠶᠠᠳᠠᠭᠤ ᠡᠷᠦᠬᠡ ᠶᠢ ᠤᠷᠤᠯᠴᠠᠭᠤᠯᠬᠤ ᠵᠡᠷᠭᠡ ᠰᠡᠳᠬᠢᠴᠡ ᠶᠢᠨ ᠲᠤᠭᠤᠷᠢᠨ ᠳᠤ ᠠᠮᠢ ᠠᠬᠤᠢ ᠶᠢᠨ ᠤᠢ᠂ ᠠᠮᠢ ᠠᠬᠤᠢ ᠶᠢᠨ ᠲᠠᠷᠢᠮᠠᠯ᠂ ᠢᠳᠡᠰᠢᠨ ᠨᠤᠭᠤᠭ᠎ᠠ᠂ ᠮᠠᠯ ᠲᠡᠵᠢᠭᠡᠪᠦᠷᠢ ᠵᠡᠷᠭᠡ ᠬᠦᠷᠢᠶ᠎ᠠ ᠬᠠᠰᠢᠶᠠᠨ ᠤ ᠠᠵᠤ ᠠᠬᠤᠢ ᠪᠠᠷ ᠶᠠᠳᠠᠭᠤ ᠶᠢ ᠲᠡᠳᠭᠦᠬᠦ ᠠᠷᠭ᠎ᠠ ᠶᠢ ᠠᠪᠤᠭᠠᠳ ᠠᠮᠢ ᠠᠬᠤᠢ ᠶᠢᠨ ᠬᠤᠣᠰ ᠦᠷ᠎ᠡ ᠠᠰᠢᠭ ᠡᠭᠦᠳᠦᠭᠰᠡᠨ ᠪᠠᠶᠢᠨ᠎ᠠ᠃ ᠪᠤᠲᠠᠳᠠᠢ ᠦᠢᠯᠡᠳᠦᠯᠭᠡᠵᠢᠭᠦᠯᠬᠦ ᠶᠠᠪᠤᠴᠠ ᠳᠤ ᠠᠳᠡᠬᠢ ᠠᠵᠢᠯᠯᠠᠬᠤ ᠠᠩᠭᠢ ᠶᠢᠨ ᠺᠠᠳ᠋ᠷᠴᠤᠳ ᠪᠠ ᠨᠢᠭᠡᠳᠦᠭᠡᠷ ᠱᠦᠵᠢ ᠬᠦᠷᠢᠶ᠎ᠡ ᠬᠠᠰᠢᠶᠠᠨ ᠤ ᠵᠢᠵᠢᠭ ᠠᠵᠤ ᠠᠬᠤᠢ ᠪᠠᠷ ᠶᠠᠳᠠᠭᠤ ᠶᠢ ᠲᠡᠳᠭᠦᠬᠦ ᠰᠢᠨ᠎ᠡ ᠣᠨᠴᠠᠯᠢᠭᠲᠤ ᠬᠡᠪ ᠵᠠᠭᠪᠤᠷ ᠪᠤᠯᠭᠠᠵᠠᠢ᠃ ᠤᠳᠤ ᠠᠳᠡᠬᠢ ᠶᠢᠨ ᠲᠠᠷᠢᠶᠠᠴᠢᠨ ᠡᠷᠦᠬᠡ ᠤᠳ ᠴᠥᠮ ᠲᠤᠭᠤᠰᠬᠠᠨ ᠬᠡᠷᠡᠮ ᠲᠠᠢ ᠬᠦᠷᠢᠶ᠎ᠡ ᠬᠠᠰᠢᠶ᠎ᠠ᠂ ᠠᠭᠤᠳᠠᠮ ᠲᠡᠭᠰᠢᠬᠡᠨ ᠵᠠᠮ ᠲᠠᠢ᠂ ᠤᠷᠴᠢᠨ ᠲᠤᠭᠤᠷᠢᠨ ᠢᠶᠠᠨ ᠭᠤᠶᠤᠵᠢᠭᠤᠯᠵᠤ᠂ ᠠᠮᠢᠳᠤᠷᠠᠯ ᠤᠨ ᠲᠤᠭᠤᠷᠢᠨ᠂ ᠲᠠᠷᠢᠶ᠎ᠠ ᠪᠤᠷᠳᠤᠭᠠᠨ ᠤ ᠲᠤᠭᠤᠷᠢᠭ᠂ ᠮᠠᠯ ᠲᠡᠵᠢᠭᠡᠪᠦᠷᠢ ᠶᠢᠨ ᠲᠤᠭᠤᠷᠢᠭ ᠪᠠ ᠬᠤᠭ ᠨᠤᠪᠰᠢ ᠬᠠᠶᠠᠬᠤ ᠲᠤᠭᠤᠷᠢᠭ ᠬᠤᠪᠢᠶᠠᠨ ᠪᠦᠳᠦᠭᠡᠨ ᠪᠠᠶᠢᠭᠤᠯᠵᠤ᠂ ᠥᠩᠭᠡᠷᠡᠭᠰᠡᠨ ᠤ ᠬᠤᠴᠤᠷᠤᠩᠭᠤᠢ ᠲᠦᠷᠰᠦ ᠪᠠᠶᠢᠳᠠᠯ ᠢ ᠬᠤᠪᠢᠷᠠᠭᠤᠯᠵᠤ᠂ ᠨᠢᠭᠡ ᠰᠢᠶᠠᠩ ᠪᠠᠯᠭᠠᠰᠤ ᠨᠢᠭᠡ ᠠᠵᠤ ᠦᠢᠯᠡᠰ ᠲᠠᠢ᠂ ᠨᠢᠭᠡ ᠲᠤᠰᠬᠤᠨ ᠨᠢᠭᠡ ᠪᠦᠳᠦᠭᠡᠭᠳᠡᠭᠦᠨ ᠲᠠᠢ ᠪᠠᠶᠢᠬᠤ ᠲᠤᠬᠠᠢ ᠶᠡᠭᠡ ᠲᠠᠯ᠎ᠠ ᠶᠢᠨ ᠬᠠᠷᠠᠯᠳᠡ ᠶᠢ ᠨᠢᠭᠡᠨᠳᠡ ᠪᠡᠶᠡᠯᠡᠭᠦᠯᠵᠦ᠂ ᠪᠡᠭᠡᠵᠢᠩ ᠥᠪᠦᠷ ᠮᠤᠩᠭᠤᠯ ᠤᠨ ᠠᠵᠢᠯ ᠲᠦᠷᠦᠯ ᠢᠶᠠᠷ ᠬᠠᠪᠰᠤᠷᠤᠨ ᠲᠡᠳᠭᠦᠬᠦ ᠪᠠ ᠲᠦᠪ ᠤᠨ ᠪᠠᠶᠢᠭᠤᠯᠤᠯᠭ᠎ᠠ ᠨᠢᠭᠡᠴᠡ ᠶᠢᠨ ᠴᠡᠭ ᠳᠤᠭᠳᠠᠭᠠᠨ ᠬᠠᠪᠰᠤᠷᠤᠨ ᠲᠡᠳᠭᠦᠬᠦ ᠵᠡᠷᠭᠡ ᠪᠠᠶᠢᠭᠤᠯᠤᠯᠳᠠ ᠲᠠᠢ ᠨᠢᠭᠳᠠ ᠤᠶᠠᠯᠳᠤᠭᠤᠯᠤᠨ᠂ ᠶᠠᠳᠠᠭᠤ ᠡᠷᠦᠬᠡ ᠶᠢᠨ ᠬᠦᠷᠢᠶ᠎ᠡ ᠬᠠᠰᠢᠶᠠᠨ ᠤ ᠪᠤᠬᠢᠷᠳᠤᠯ ᠦᠭᠡᠢ ᠲᠠᠷᠢᠶᠠᠯᠠᠩ ᠤᠨ ᠪᠦᠳᠦᠭᠡᠭᠳᠡᠭᠦᠨ ᠢᠶᠠᠨ ᠪᠡᠭᠡᠵᠢᠩ ᠵᠡᠷᠭᠡ ᠶᠡᠭᠡ ᠬᠤᠳᠠ ᠪᠠᠷ ᠪᠤᠷᠤᠯᠠᠭᠤᠯᠵᠤ᠂ ᠲᠦᠷᠪᠡᠳ ᠬᠤᠰᠢᠭᠤᠨ ᠤ ᠶᠠᠳᠠᠭᠤ ᠶᠢ ᠲᠡᠳᠭᠦᠬᠦ ᠬᠦᠷᠢᠶ᠎ᠡ ᠬᠠᠰᠢᠶᠠᠨ ᠤ ᠠᠵᠤ ᠠᠬᠤᠢ ᠬᠡᠮᠡᠬᠦ ᠰᠢᠨ᠎ᠡ ᠨᠡᠷ᠎ᠡ ᠲᠡᠮᠳᠡᠭ ᠢ ᠡᠭᠦᠳᠦᠭᠰᠡᠨ ᠪᠠᠶᠢᠨ᠎ᠠ᠃ ᠤᠳᠤ ᠲᠤᠰ ᠬᠤᠰᠢᠭᠤᠨ ᠳᠤ ᠬᠦᠷᠢᠶ᠎ᠡ ᠬᠠᠰᠢᠶᠠᠨ ᠤ ᠲᠠᠷᠢᠮᠠᠯ ᠤᠨ ᠦᠢᠯᠡᠰ᠂ ᠮᠠᠯ ᠲᠡᠵᠢᠭᠡᠪᠦᠷᠢ ᠶᠢᠨ ᠦᠢᠯᠡᠰ ᠤᠨ ᠲᠤᠰᠬᠠᠢ ᠡᠷᠦᠬᠡ 1000 ᠭᠠᠷᠤᠢ ᠪᠠᠶᠢᠵᠤ᠂ ᠡᠭᠦᠨ ᠳᠤ ᠬᠦᠷᠢᠶ᠎ᠡ ᠬᠠᠰᠢᠶᠠᠨ ᠤ ᠠᠵᠤ ᠠᠬᠤᠢ ᠡᠷᠬᠢᠯᠡᠭᠰᠡᠨ ᠶᠠᠳᠠᠭᠤ ᠡᠷᠦᠬᠡ ᠨᠢᠭᠡᠨᠳᠡ 100% ᠪᠠᠷ ᠶᠠᠳᠠᠭᠤ ᠠᠴᠠ ᠪᠠᠨ ᠠᠩᠭᠢᠵᠢᠷᠡᠭᠠᠳ ᠠᠯᠠᠭᠠᠨ ᠴᠢᠨᠡᠭᠡᠨ ᠬᠦᠷᠢᠶ᠎ᠡ ᠬᠠᠰᠢᠶᠠᠨ ᠠᠴᠠ ᠪᠠᠨ ᠠᠳᠬᠤ ᠲᠦᠭᠦᠷᠡᠩ ᠵᠤᠭᠤᠰ ᠣᠯᠬᠤ ᠪᠣᠯᠵᠤ᠂ ᠵᠢᠵᠢᠭ ᠬᠦᠷᠢᠶ᠎ᠠ ᠬᠠᠰᠢᠶᠠᠨ ᠤ ᠠᠵᠤ ᠠᠬᠤᠢ ᠲᠤᠮᠤ ᠦᠢᠯᠡᠰ ᠪᠣᠯᠣᠨ ᠬᠦᠭᠵᠢᠬᠦ ᠰᠢᠨ᠎ᠡ ᠬᠠᠨᠳᠤᠰᠢ ᠶᠢ ᠢᠯᠡᠷᠡᠭᠦᠯᠦᠭᠰᠡᠨ ᠪᠠᠶᠢᠨ᠎ᠠ᠃     ᠲᠦᠷᠪᠡᠳ ᠬᠤᠰᠢᠭᠠᠨ ᠤ ᠬᠦᠷᠢᠶᠠᠳᠦ ᠪᠠᠯᠭᠠᠰᠤᠨ ᠤ ᠠᠷᠤ ᠪᠤᠳᠤᠩ ᠲᠤᠰᠬᠤᠨ ᠤ ᠯᠢ ᠡᠯ 2016 ᠤᠨ ᠳᠤ ᠡᠬᠡ ᠮᠠᠯ ᠤᠨ ᠪᠠᠩᠬᠢ ᠶᠢᠨ ᠲᠡᠳᠭᠦᠮᠵᠢ ᠪᠠᠷ ᠬᠦᠷᠢᠶᠡᠨ ᠳᠡᠭᠡᠨ 12 ᠬᠤᠨᠢ ᠲᠡᠵᠢᠭᠡᠭᠡᠳ 2018 ᠤᠨ ᠳᠤ 30 ᠬᠤᠨᠢ ᠲᠠᠢ ᠪᠣᠯᠵᠤ᠂ ᠦᠨᠦ ᠬᠠᠪᠤᠷ 10 ᠬᠤᠷᠠᠭ᠎ᠠ ᠬᠤᠳᠠᠯᠳᠤᠭᠠᠳ 12000 ᠲᠦᠭᠦᠷᠢᠭ ᠤᠨ ᠤᠷᠤᠯᠭ᠎ᠠ ᠣᠯᠵᠠᠢ ᠃ ᠠᠳᠡᠬᠢ ᠵᠢᠩ ᠬᠤᠤ ᠲᠤᠰᠬᠤᠨ ᠤ ᠡᠪᠡᠳᠴᠢᠨ ᠠᠴᠠ ᠪᠣᠯᠵᠤ ᠶᠠᠳᠠᠭᠤᠷᠠᠭᠰᠠᠨ ᠯᠢᠦ ᠵᠦᠩ ᠡᠾᠧ ᠨᠠᠰᠤᠳᠠᠨ 2017 ᠤᠨ ᠳᠤ ᠠᠵᠢᠯᠯᠠᠬᠤ ᠠᠩᠭᠢ ᠶᠢᠨ ᠲᠤᠰᠠᠯᠠᠮᠵᠢ ᠪᠠᠷ 5 ᠦᠬᠡᠷ ᠤᠨ ᠲᠡᠳᠬᠦᠮᠵᠢ ᠣᠯᠵᠠᠢ᠃ ᠬᠤᠶᠠᠷ ᠨᠠᠰᠤᠳᠠᠨ ᠬᠦᠷᠢᠶᠡᠨ ᠳᠡᠭᠡᠨ 5 ᠦᠬᠡᠷ ᠢᠶᠠᠨ ᠡᠷᠳᠡᠯᠡᠵᠤ ᠤᠷᠤᠶᠢᠯᠠᠨ ᠰᠠᠶᠢᠳᠤᠷ ᠠᠷᠠᠴᠢᠯᠠᠨ ᠲᠡᠵᠢᠭᠡᠭᠰᠡᠨ ᠠᠴᠠ ᠤᠳᠤ 12 ᠦᠬᠡᠷ ᠲᠠᠢ ᠪᠣᠯᠵᠤ᠂ ᠨᠢᠳᠤᠨᠤᠨ 3 ᠦᠬᠡᠷ ᠬᠤᠳᠠᠯᠳᠤᠭᠠᠳ 29500 ᠲᠦᠭᠦᠷᠢᠭ ᠤᠨ ᠤᠷᠤᠯᠭ᠎ᠠ ᠣᠯᠵᠤ᠂ ᠦᠨᠦ ᠵᠢᠯ ᠶᠠᠳᠠᠭᠤ ᠠᠴᠠ ᠪᠠᠨ ᠪᠦᠷᠢᠮᠦᠰᠦᠨ ᠠᠩᠭᠢᠵᠢᠷᠠᠭᠰᠠᠨ ᠪᠠᠶᠢᠨ᠎ᠠ᠃ ᠡᠭᠦᠨ ᠢᠶᠠᠷ ᠪᠠᠷᠠᠬᠤ ᠦᠬᠡᠢ ᠢᠳᠡᠰᠢᠨ ᠨᠤᠭᠤᠭ᠎ᠠ ᠵᠡᠷᠭᠡ ᠤᠨᠴᠠᠯᠢᠭᠳᠤ ᠲᠠᠷᠢᠮᠠᠯ ᠤᠨ ᠦᠢᠯᠡᠰ ᠪᠠ ᠭᠠᠭ᠋ᠠᠢ᠂ ᠲᠠᠬᠢᠶ᠎ᠡ᠂ ᠭᠠᠯᠠᠭᠤ ᠨᠤᠭᠤᠰᠤ ᠵᠡᠷᠬᠡ ᠵᠢᠵᠢᠭ ᠬᠦᠷᠢᠶ᠎ᠡ ᠬᠠᠰᠢᠶᠠᠨ ᠤ ᠠᠵᠤ ᠠᠬᠤᠢ ᠨᠢ ᠲᠦᠷᠪᠡᠳ ᠬᠤᠰᠢᠭᠤᠨ ᠤ ᠶᠠᠳᠠᠭᠤ ᠬᠦᠴᠢᠷ ᠲᠠᠢ ᠲᠠᠷᠢᠶᠠᠴᠢᠳ ᠤᠨ ᠤᠷᠤᠯᠭ᠎ᠠ ᠪᠠᠨ ᠨᠡᠮᠡᠭᠳᠡᠭᠦᠯᠵᠦ᠂ ᠶᠠᠳᠠᠭᠤ ᠠᠴᠠ ᠪᠠᠨ ᠲᠦᠷᠭᠡᠨ ᠠᠩᠭᠢᠵᠢᠷᠠᠬᠤ ᠰᠢᠨ᠎ᠡ ᠠᠷᠭ᠎ᠠ ᠵᠠᠮ ᠪᠣᠯᠣᠭᠰᠠᠨ ᠢ ᠦᠷᠭᠦᠯᠵᠢᠯᠡᠨ ᠴᠢᠨᠠᠭᠰᠢᠳᠠ ᠨᠤᠳᠠᠯᠠᠭᠰᠠᠭᠠᠷ ᠪᠠᠶᠢᠨ᠎ᠠ᠃               ᠰᠣᠷᠪᠤᠯᠵᠢᠯᠠᠭᠴᠢ ᠠᠷᠢᠭᠤᠨ ᠴᠢᠮᠡᠭᠡᠯᠡᠭᠴᠢ ᠲᠡᠷᠭᠡᠯ               ᠲᠡᠪᠰᠢᠭᠦᠯᠦᠭᠴᠢ ᠬᠠᠶᠢᠷ᠎ᠠ
 
ᠢᠷᠡᠯᠲᠡ᠄ ᠤᠯᠠᠭᠠᠨᠴᠠᠪ ᠤᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2