ᠳᠥᠷᠪᠡᠳ ᠬᠤᠰᠢᠭᠤᠨ ᠤ 2020 ᠣᠨ ᠤ 1 — 9 ᠰᠠᠷ᠎ᠠ ᠳᠤ ᠵᠠᠰᠠᠭ ᠤᠨ ᠣᠷᠳᠣᠨ ᠤ ᠬᠤᠳᠠᠯᠳᠤᠨ ᠠᠪᠬᠤ ᠶᠢ ᠪᠡᠶᠡᠯᠡᠭᠦᠯᠦᠭᠰᠠᠨ ᠪᠠᠶᠢᠳᠠᠯ
ᠨᠡᠶᠢᠲᠡᠯᠡᠭᠰᠡᠨ ᠴᠠᠭ᠄
2020/11/27
     2020 ᠣᠨ ᠤ 1 — 9 ᠰᠠᠷ᠎ᠠ ᠳᠤ᠂ ᠳᠥᠷᠪᠡᠳ ᠬᠤᠰᠢᠭᠤᠨ ᠤ ᠵᠠᠰᠠᠭ ᠤᠨ ᠣᠷᠳᠣᠨ 68 ᠪᠦᠯᠦᠭ ᠬᠤᠳᠠᠯᠳᠤᠨ ᠠᠪᠤᠯᠲᠠ ᠶᠢ ᠪᠡᠶᠡᠯᠡᠭᠦᠯᠪᠠ᠃ ᠪᠦᠬᠦ ᠬᠤᠳᠠᠯᠳᠤᠨ ᠠᠪᠬᠤ ᠲᠥᠰᠦᠪ 22684.78 ᠲᠦᠮᠡᠨ ᠲᠥᠭᠦᠷᠢᠭ ᠬᠦᠷᠴᠦ᠂ ᠪᠦᠬᠦ ᠬᠤᠳᠠᠯᠳᠤᠨ ᠠᠪᠤᠭᠰᠠᠨ ᠵᠣᠭᠤᠰ ᠤᠨ ᠲᠤᠭ᠎ᠠ 22198.49 ᠲᠦᠮᠡᠨ ᠲᠥᠭᠦᠷᠢᠭ ᠬᠦᠷᠴᠦ᠂ 486.29 ᠲᠦᠮᠡᠨ ᠲᠥᠭᠦᠷᠢᠭ ᠤᠨ ᠪᠡᠯᠡ ᠮᠥᠩᠭᠦ ᠠᠷᠪᠢᠯᠠᠵᠤ᠂ ᠪᠡᠯᠡ ᠮᠥᠩᠭᠦ ᠠᠷᠪᠢᠯᠠᠭᠰᠠᠨ ᠨᠣᠷᠮ᠎ᠠ 2.19% ᠳᠤ ᠬᠦᠷᠪᠡ᠃ ᠬᠤᠳᠠᠯᠳᠤᠨ ᠠᠪᠬᠤ ᠬᠡᠯᠪᠡᠷᠢ ᠪᠠᠷ ᠬᠤᠪᠢᠶᠠᠷᠢᠯᠠᠪᠠᠯ᠄ ᠢᠯᠡ ᠪᠠᠷ ᠳᠠᠭᠠᠭᠠᠴᠢᠯᠠᠯᠲᠠ ᠵᠠᠷᠯᠠᠵᠤ ᠬᠤᠳᠠᠯᠳᠤᠨ ᠠᠪᠤᠭᠰᠠᠨ ᠨᠢ 47 ᠪᠦᠯᠦᠭ᠂ ᠬᠤᠳᠠᠯᠳᠤᠨ ᠠᠪᠤᠭᠰᠠᠨ ᠲᠤᠭ᠎ᠠ 19001.82 ᠲᠦᠮᠡᠨ ᠲᠥᠭᠦᠷᠢᠭ ᠲᠤ ᠬᠦᠷᠴᠦ᠂ ᠬᠤᠳᠠᠯᠳᠤᠨ ᠠᠪᠤᠭᠰᠠᠨ ᠶᠡᠷᠦᠩᠬᠡᠶ ᠲᠤᠭᠠᠨ ᠤ 85.6% ᠶᠢ ᠡᠵᠡᠯᠡᠪᠡ︔ ᠥᠷᠢᠰᠥᠯᠳᠦᠭᠡᠨ ᠤ ᠴᠢᠨᠠᠷᠲᠠᠶ ᠬᠡᠯᠡᠯᠴᠡᠭᠡ 5 ᠪᠠᠶᠢᠵᠤ᠂ ᠬᠤᠳᠠᠯᠳᠤᠨ ᠠᠪᠤᠭᠰᠠᠨ ᠲᠤᠭ᠎ᠠ 530.91 ᠲᠦᠮᠡᠨ ᠲᠥᠭᠦᠷᠢᠭ ᠲᠤ ᠬᠦᠷᠴᠦ᠂ ᠬᠤᠳᠠᠯᠳᠤᠨ ᠠᠪᠤᠭᠰᠠᠨ ᠪᠥᠬᠦ ᠲᠣᠭᠠᠨ ᠤ 2.39% ᠶᠢ ᠡᠵᠡᠯᠡᠪᠡ︔ ᠲᠠᠩ ᠭᠠᠭᠴᠠ ᠢᠷᠡᠯᠲᠡ ᠲᠠᠢ ᠪᠠᠷ 1 ᠪᠦᠯᠦᠭ ᠬᠤᠳᠠᠯᠳᠤᠨ ᠠᠪᠴᠤ᠂ ᠬᠤᠳᠠᠯᠳᠤᠨ ᠠᠪᠤᠭᠰᠠᠨ ᠲᠤᠭ᠎ᠠ ᠨᠢ 80 ᠲᠦᠮᠡᠨ ᠲᠦᠭᠦᠷᠢᠭ ᠪᠠᠶᠢᠵᠤ᠂ ᠬᠤᠳᠠᠯᠳᠤᠨ ᠠᠪᠤᠭᠰᠠᠨ ᠶᠡᠷᠦᠩᠬᠡᠶ ᠲᠣᠭᠠᠨ ᠤ 0.36% ᠶᠢ ᠡᠵᠡᠯᠡᠪᠡ︔ ᠥᠷᠢᠰᠥᠯᠳᠦᠭᠡᠨ ᠤ ᠴᠢᠨᠠᠷᠲᠠᠶ ᠵᠥᠪᠳᠡᠯᠴᠡᠭᠡ 11 ᠪᠦᠯᠦᠭ ᠪᠠᠶᠢᠵᠤ᠂ ᠬᠤᠳᠠᠯᠳᠤᠨ ᠠᠪᠤᠭᠰᠠᠨ ᠲᠤᠭ᠎ᠠ 1883.47 ᠲᠦᠮᠡᠨ ᠲᠥᠭᠦᠷᠢᠭ ᠪᠠᠶᠢᠵᠤ᠂ ᠪᠥᠬᠦ ᠬᠤᠳᠠᠯᠳᠤᠨ ᠠᠪᠤᠭᠰᠠᠨ ᠲᠣᠭᠠᠨ ᠤ 8.48% ᠶᠢ ᠡᠵᠡᠯᠡᠪᠡ︔ ᠦᠨ᠎ᠡ ᠯᠠᠪᠯᠠᠵᠤ ᠬᠤᠳᠠᠯᠳᠤᠨ ᠠᠪᠤᠭᠰᠠᠨ ᠬᠡᠮᠵᠢᠶ᠎ᠡ ᠨᠢ 702.29 ᠲᠦᠮᠡᠨ ᠲᠥᠭᠦᠷᠢᠭ ᠪᠠᠶᠢᠵᠤ᠂ ᠬᠤᠳᠠᠯᠳᠤᠨ ᠠᠪᠤᠭᠰᠠᠨ ᠶᠡᠷᠦᠩᠬᠡᠶ ᠬᠡᠮᠵᠢᠶᠡᠨ ᠤ 3.17% ᠶᠢ ᠡᠵᠡᠯᠡᠪᠡ᠃ ᠬᠤᠳᠠᠯᠳᠤᠨ ᠠᠪᠬᠤ ᠪᠦᠲᠦᠴᠡ ᠶᠢᠨ ᠲᠠᠯ᠎ᠠ ᠠᠴᠠ ᠦᠵᠡᠪᠡᠯ᠂ ᠡᠳ᠋ ᠪᠠᠷᠠᠭ᠎ᠠ ᠬᠤᠳᠠᠯᠳᠤᠨ ᠠᠪᠬᠤ ᠲᠥᠷᠥᠯ 4333.65 ᠲᠦᠮᠡᠨ ᠲᠥᠭᠦᠷᠢᠭ ᠢ ᠪᠡᠶᠡᠯᠡᠭᠦᠯᠵᠦ᠂ ᠬᠤᠳᠠᠯᠳᠤᠨ ᠠᠪᠬᠤ ᠶᠡᠷᠦᠩᠬᠡᠢ ᠲᠤᠭ᠎ᠠ ᠶᠢᠨ 19.52% ᠢ  ᠡᠵᠡᠯᠡᠪᠡ︔ ᠪᠠᠷᠢᠯᠭ᠎ᠠ ᠶᠢᠨ ᠲᠥᠷᠥᠯ ᠤᠨ ᠬᠤᠳᠠᠯᠳᠤᠨ ᠠᠪᠤᠯᠲᠠ 16620.43 ᠲᠦᠮᠡᠨ ᠲᠥᠭᠦᠷᠢᠭ ᠲᠤ ᠬᠦᠷᠴᠦ᠂ ᠶᠡᠷᠦᠩᠬᠡᠶ ᠳᠠᠭᠠᠴᠢᠯᠠᠯᠲᠠ ᠵᠠᠷᠯᠠᠯᠲᠠ ᠶᠢᠨ 74.87% ᠶᠢ ᠡᠵᠡᠯᠡᠪᠡ︔ ᠦᠢᠯᠡᠴᠢᠯᠡᠭᠡᠨ ᠤ ᠲᠥᠷᠥᠯ ᠤᠨ ᠬᠤᠳᠠᠯᠳᠤᠨ ᠠᠪᠬᠤ ᠠᠵᠢᠯ 1244.40 ᠲᠦᠮᠡᠨ ᠲᠥᠭᠦᠷᠢᠭ ᠢ ᠪᠡᠶᠡᠯᠡᠭᠦᠯᠵᠦ᠂ ᠶᠡᠷᠦᠩᠬᠡᠢ ᠳᠠᠭᠠᠭᠠᠴᠢᠯᠠᠯᠲᠠ ᠵᠠᠷᠯᠠᠭᠰᠠᠨ ᠤ 5.61% ᠶᠢ ᠡᠵᠡᠯᠡᠪᠡ᠃ ᠢᠷᠡᠯᠳᠠ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ ᠲᠡᠪᠰᠢᠭᠦᠯᠦᠭᠰᠡᠨ ᠨᠢ᠄ ᠤᠶᠠᠨᠬᠠᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2