ᠨᠢᠭᠡ᠂ ᠲᠣᠭᠲᠠᠭᠠᠭᠰᠠᠨ ᠠᠬᠤᠢ ᠪᠠᠶᠢᠳᠠᠯ | ᠳᠤᠷ᠎ᠠ ᠪᠠᠷ ᠬᠠᠤᠯᠢ ᠬᠡᠷᠡᠭᠵᠢᠭᠦᠯᠬᠦ᠂ ᠬᠠᠤᠯᠢ ᠬᠡᠷᠡᠭᠵᠢᠭᠦᠯᠬᠦ ᠲᠠᠢ ᠡᠰᠡᠷᠭᠦᠴᠡᠯᠳᠦᠬᠦ ᠵᠡᠷᠭᠡ ᠪᠠᠶᠢᠳᠠᠯ ᠳᠤ | ᠴᠢᠭᠯᠡᠭᠦᠯᠦᠨ᠂ ᠮᠠᠨ ᠤ ᠤᠯᠤᠰ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠦᠬᠦ ᠶᠠᠪᠤᠴᠠ ᠶᠢ ᠲᠡᠮᠳᠡᠭᠯᠡᠬᠦ ᠵᠡᠷᠭᠡ | ᠭᠤᠷᠪᠠᠨ ᠳᠦᠷᠢᠮ ᠢ ᠬᠡᠷᠡᠭᠵᠢᠭᠦᠯᠵᠦ᠂ ᠬᠠᠤᠯᠢ ᠶᠢ ᠡᠷᠡᠰ ᠴᠢᠩᠭ᠎ᠠ ᠬᠡᠷᠡᠭᠵᠢᠭᠦᠯᠬᠦ᠂ ᠬᠢᠯᠢᠰᠳᠡᠭᠦᠯᠬᠦ ᠦᠭᠡᠢ | ᠳᠤᠷ᠎ᠠ ᠪᠠᠷ ᠲᠠᠯᠪᠢᠬᠤ ᠦᠭᠡᠢ ᠪᠠᠶᠢᠬᠤ ᠶᠢ ᠪᠠᠲᠤᠯᠠᠪᠠ᠃ | ᠣᠳᠣᠬᠠᠨ ᠳᠤ᠂ ᠮᠠᠨ ᠤ ᠤᠯᠤᠰ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠤᠣᠯ ᠴᠣᠭᠴᠠ ᠣᠯᠠᠨ᠂ | ᠬᠦᠷᠢᠶ᠎ᠡ ᠬᠡᠪᠴᠢᠶ᠎ᠡ ᠬᠦᠷᠢᠶ᠎ᠡ ᠴᠠᠷᠠᠭ᠎ᠠ ᠥᠷᠭᠡᠨ᠂ ᠦᠢᠯᠡ ᠠᠵᠢᠯᠯᠠᠭ᠎ᠠ ᠶᠢᠨ ᠲᠤᠭ᠎ᠠ ᠬᠡᠮᠵᠢᠶ᠎ᠡ ᠶᠡᠭᠡ ᠪᠠᠶᠢᠵᠤ᠂ | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠢ ᠬᠡᠷᠬᠢᠨ ᠨᠡᠩ ᠬᠠᠲᠠᠭᠤ᠂ ᠵᠢᠷᠤᠮᠵᠢᠯ ᠲᠠᠢ᠂ ᠲᠥᠪ ᠭᠤᠣᠯᠴᠢ᠂ | ᠪᠣᠯᠪᠠᠰᠤᠨ ᠪᠣᠯᠭᠠᠬᠤ ᠤᠴᠢᠷ ᠲᠤ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠠᠴᠠ ︽ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠶᠢ ᠢᠯᠡ ᠨᠡᠶᠢᠲᠡᠯᠡᠬᠦ ᠲᠦᠷᠢᠮ ᠬᠠᠤᠯᠢ ᠬᠡᠷᠡᠭᠵᠢᠭᠦᠯᠬᠦ ᠪᠥᠬᠦ ᠶᠠᠪᠤᠴᠠ ᠶᠢ | ᠲᠡᠮᠳᠡᠭᠯᠡᠬᠦ ᠲᠦᠷᠢᠮ ᠴᠢᠬᠤᠯᠠ ᠶᠡᠭᠡ ᠬᠠᠤᠯᠢ ᠬᠡᠷᠡᠭᠵᠢᠭᠦᠯᠬᠦ ᠲᠤᠭᠲᠠᠭᠠᠯ ᠤᠨ ᠬᠠᠤᠯᠢ ᠲᠦᠷᠢᠮ ᠤᠨ ᠬᠢᠨᠠᠯᠲᠠ ᠶᠢᠨ | ᠲᠦᠷᠢᠮ ᠢ ᠪᠦᠬᠦ ᠲᠠᠯ᠎ᠠ ᠪᠠᠷ ᠬᠡᠷᠡᠭᠵᠢᠭᠦᠯᠬᠦ ᠵᠢᠯᠣᠭᠤᠳᠬᠤ ᠰᠠᠨᠠᠯ︾ ᠢ ᠳᠠᠷᠤᠮᠠᠯᠯᠠᠨ ᠲᠠᠷᠬᠠᠭᠠᠵᠤ᠂ ᠭᠤᠷᠪᠠᠨ | ᠳᠦᠷᠢᠮ ᠨᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠢᠨ ᠡᠬᠢ᠂ ᠶᠠᠪᠤᠴᠠ᠂ ᠦᠷ᠎ᠡ ᠳ᠋ᠦᠩ ᠵᠡᠷᠭᠡ | ᠵᠠᠩᠭᠢᠯᠠᠭ᠎ᠠ ᠶᠢᠨ ᠭᠤᠭᠴᠣᠭᠠᠨ ᠳᠤ ᠠᠩᠬᠠᠷᠤᠯ ᠢᠶᠠᠨ ᠲᠥᠪᠯᠡᠷᠡᠭᠦᠯᠵᠡᠢ᠃ | ᠬᠤᠶᠠᠷ᠂ ᠪᠣᠳᠠᠲᠠᠢ ᠬᠡᠷᠡᠭᠵᠢᠭᠦᠯᠦᠯᠲᠡ | 1. ᠢᠯᠡ ᠨᠡᠶᠢᠲᠡᠯᠡᠬᠦ ᠳᠦᠷᠢᠮ᠄ ︽ᠬᠡᠨ ᠬᠠᠤᠯᠢ ᠬᠡᠷᠡᠭᠵᠢᠭᠦᠯᠪᠡᠯ ᠬᠡᠨ ᠨᠡᠶᠢᠲᠡᠯᠡᠨ᠎ᠡ︾ | ᠢᠯᠡ ᠨᠡᠶᠢᠲᠡᠯᠡᠬᠦ ᠳᠦᠷᠢᠮ ᠳᠤ ᠰᠠᠨᠠᠯ ᠲᠣᠳᠣᠷᠬᠠᠢ ᠪᠠᠶᠢᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠪᠠᠶᠢᠭᠤᠯᠭ᠎ᠠ ︽ᠬᠡᠨ ᠬᠠᠤᠯᠢ ᠬᠡᠷᠡᠭᠵᠢᠭᠦᠯᠪᠡᠯ ᠬᠡᠨ ᠨᠡᠶᠢᠲᠡᠯᠡᠬᠦ︾ ᠵᠠᠷᠴᠢᠮ ᠶᠣᠰᠣᠭᠠᠷ᠂ ᠬᠡᠷᠡᠭ ᠤᠴᠢᠷ ᠤᠨ ᠡᠮᠦᠨ᠎ᠡ | ᠨᠡᠶᠢᠲᠡᠯᠡᠬᠦ ᠶᠢ ᠴᠢᠩᠭᠠᠳᠬᠠᠬᠤ᠂ ᠬᠡᠷᠡᠭ ᠤᠴᠢᠷ ᠤᠨ ᠳᠤᠮᠳᠠ ᠵᠠᠷᠯᠠᠬᠤ ᠶᠢ ᠵᠢᠷᠤᠮᠵᠢᠭᠤᠯᠬᠤ᠂ ᠬᠡᠷᠡᠭ ᠤᠴᠢᠷ ᠤᠨ | ᠳᠠᠷᠠᠭ᠎ᠠ ᠢᠯᠡ ᠪᠣᠯᠭᠠᠬᠤ ᠶᠢ ᠴᠢᠩᠭᠠᠳᠬᠠᠬᠤ ᠵᠡᠷᠭᠡ ᠭᠤᠷᠪᠠᠨ ᠲᠠᠯ᠎ᠠ ᠠᠴᠠ ᠢᠯᠡ ᠨᠡᠶᠢᠲᠡᠯᠡᠬᠦ ᠭᠤᠣᠯ ᠴᠣᠭᠴᠠ᠂ | ᠠᠭᠤᠯᠭ᠎ᠠ᠂ ᠬᠡᠯᠪᠡᠷᠢ ᠮᠠᠶ᠋ᠢᠭ ᠵᠡᠷᠭᠡ ᠳᠤ ᠲᠣᠳᠣᠷᠬᠠᠢ ᠲᠣᠭᠲᠠᠭᠠᠯ ᠭᠠᠷᠭᠠᠵᠠᠢ᠃ ᠬᠠᠤᠯᠢ ᠬᠡᠷᠡᠭᠵᠢᠭᠦᠯᠬᠦ | ᠪᠠᠶᠢᠭᠤᠯᠤᠮᠵᠢ᠂ ᠬᠠᠤᠯᠢ ᠬᠡᠷᠡᠭᠵᠢᠭᠦᠯᠬᠦ ᠨᠥᠭᠦᠭᠡ ᠲᠠᠯ᠎ᠠ᠂ ᠬᠠᠤᠯᠢ ᠬᠡᠷᠡᠭᠵᠢᠭᠦᠯᠬᠦ ᠲᠥᠷᠥᠯ ᠢᠯᠭᠠᠯ᠂ ᠬᠠᠤᠯᠢ | ᠬᠡᠷᠡᠭᠵᠢᠭᠦᠯᠦᠭᠰᠡᠨ ᠳ᠋ᠦᠩᠨᠡᠯᠲᠡ ᠵᠡᠷᠭᠡ ᠮᠡᠳᠡᠭᠡ ᠵᠠᠩᠭᠢ ᠶᠢ ᠨᠡᠶᠢᠭᠡᠮ ᠳᠤ ᠢᠯᠡ ᠨᠡᠶᠢᠳᠡᠯᠡᠵᠦ᠂ ᠨᠡᠶᠢᠭᠡᠮ ᠤᠨ | ᠬᠢᠨᠠᠯᠳᠠ ᠶᠢ ᠬᠦᠯᠢᠶᠡᠨ᠎ᠡ᠃ | 2. ᠬᠠᠤᠯᠢ ᠬᠡᠷᠡᠭᠵᠢᠭᠦᠯᠬᠦ ᠪᠦᠬᠦ ᠶᠠᠪᠤᠴᠠ ᠶᠢ ᠲᠡᠮᠳᠡᠭᠯᠡᠵᠦ ᠪᠦᠬᠦ ᠶᠠᠪᠤᠴᠠ ᠳᠤ ᠮᠥᠷ ᠦᠯᠡᠳᠡᠭᠡᠨ ᠪᠤᠴᠠᠵᠤ | ᠮᠦᠷᠳᠡᠵᠦ ᠪᠣᠯᠬᠤ | ᠬᠠᠤᠯᠢ ᠬᠡᠷᠡᠭᠵᠢᠭᠦᠯᠬᠦ ᠪᠦᠬᠦ ᠶᠠᠪᠤᠴᠠ ᠶᠢ ᠲᠡᠮᠳᠡᠭᠯᠡᠬᠦ ᠨᠢ ᠬᠠᠤᠯᠢ ᠬᠡᠷᠡᠭᠵᠢᠭᠦᠯᠬᠦ ᠶᠠᠪᠤᠴᠠ ᠶᠢᠨ ᠬᠠᠤᠯᠢ | ᠶᠣᠰᠣᠨ ᠳᠤ ᠨᠡᠶᠢᠴᠡᠬᠦ ᠶᠢ ᠬᠠᠷᠠᠭᠤᠯᠵᠤ ᠪᠠᠶᠢᠨ᠎ᠠ᠃ ᠵᠢᠯᠣᠭᠤᠳᠬᠤ ᠰᠠᠨᠠᠯ ᠳᠤ ᠲᠣᠳᠣᠷᠬᠠᠶᠢᠯᠠᠭᠰᠠᠨ ᠨᠢ᠂ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠭ᠎ᠠ ᠨᠢ ᠦᠰᠦᠭ ᠪᠢᠴᠢᠭ᠂ ᠳᠠᠭᠤ ᠳᠦᠷᠰᠦ ᠰᠢᠩᠭᠡᠭᠡᠯᠲᠡ ᠵᠡᠷᠭᠡ | ᠲᠡᠮᠳᠡᠭᠯᠡᠯ ᠤᠨ ᠠᠷᠭ᠎ᠠ ᠬᠡᠯᠪᠡᠷᠢ ᠪᠠᠷ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠡᠬᠢᠯᠡᠭᠦᠯᠬᠦ᠂ ᠪᠠᠶᠢᠴᠠᠭᠠᠵᠤ | ᠭᠡᠷᠡᠴᠢ ᠠᠪᠬᠤ ᠵᠡᠷᠭᠡ ᠪᠦᠬᠦ ᠶᠠᠪᠤᠴᠠ ᠶᠢ ᠲᠡᠮᠳᠡᠭᠯᠡᠵᠦ᠂ ᠬᠠᠤᠯᠢ ᠬᠡᠷᠡᠭᠵᠢᠭᠦᠯᠬᠦ ᠪᠦᠬᠦ ᠶᠠᠪᠤᠴᠠ ᠳᠤ ᠮᠥᠷ | ᠦᠯᠡᠳᠡᠭᠡᠵᠦ ᠪᠤᠴᠠᠵᠤ ᠮᠥᠷᠳᠡᠵᠦ ᠪᠣᠯᠬᠤ ᠪᠠᠷ ᠬᠠᠮᠢᠶᠠᠷᠤᠨ᠎ᠠ᠃ ᠡᠳ᠋ ᠬᠥᠷᠥᠩᠭᠡ ᠶᠢ ᠪᠠᠶᠢᠴᠠᠭᠠᠨ ᠪᠢᠲᠡᠭᠦᠮᠵᠢᠯᠡᠵᠦ | ᠬᠤᠷᠢᠶᠠᠨ ᠠᠪᠬᠤ᠂ ᠠᠯᠪᠠᠳᠠᠯᠭ᠎ᠠ ᠪᠠᠷ ᠨᠤᠷᠠᠭᠠᠬᠤ ᠵᠡᠷᠭᠡ ᠬᠤᠪᠢ ᠬᠥᠮᠥᠨ ᠤ ᠡᠷᠬᠡ ᠴᠢᠯᠦᠭᠡ᠂ ᠠᠮᠢ ᠨᠠᠰᠤ ᠡᠷᠡᠭᠦᠯ | ᠴᠢᠭᠢᠷᠠᠭ᠂ ᠴᠢᠬᠤᠯᠠ ᠶᠡᠭᠡ ᠡᠳ᠋ ᠬᠥᠷᠥᠩᠭᠡ ᠶᠢᠨ ᠡᠷᠬᠡ ᠠᠰᠢᠭ ᠲᠠᠢ ᠬᠤᠯᠪᠣᠭᠳᠠᠬᠤ ᠠᠬᠤᠢ ᠲᠠᠯᠠᠪᠠᠢ ᠳᠡᠭᠡᠷᠡᠬᠢ | ᠬᠠᠤᠯᠢ ᠬᠡᠷᠡᠭᠵᠢᠭᠦᠯᠬᠦ ᠠᠵᠢᠯᠯᠠᠭ᠎ᠠ ᠪᠠ ᠬᠠᠤᠯᠢ ᠬᠡᠷᠡᠭᠵᠢᠭᠦᠯᠦᠨ ᠬᠡᠷᠡᠭ ᠰᠢᠢᠳᠬᠡᠬᠦ ᠭᠠᠵᠠᠷ ᠲᠤ ᠪᠦᠬᠦ ᠶᠠᠪᠤᠴᠠ ᠳᠤ | ᠳᠠᠭᠤ ᠳᠦᠷᠰᠦ ᠰᠢᠩᠭᠡᠭᠡᠯᠲᠡ ᠪᠠᠷ ᠲᠡᠮᠳᠡᠭᠯᠡᠬᠦ ᠬᠡᠷᠡᠭᠲᠡᠢ᠃ | 3. ᠴᠢᠬᠤᠯᠠ ᠶᠡᠭᠡ ᠬᠠᠤᠯᠢ ᠬᠡᠷᠡᠭᠵᠢᠭᠦᠯᠬᠦ ᠲᠣᠭᠲᠠᠭᠠᠯ ᠡᠷᠬᠡᠪᠰᠢ ᠬᠠᠤᠯᠢ ᠴᠠᠭᠠᠵᠠ ᠳᠤ ᠨᠡᠶᠢᠴᠡᠬᠦ | ᠬᠢᠨᠠᠯᠲᠠ ᠶᠢ ᠥᠩᠭᠡᠷᠡᠭᠡᠭᠰᠡᠨ ᠪᠠᠶᠢᠬᠤ ᠬᠡᠷᠡᠭᠲᠡᠢ | ᠴᠢᠬᠤᠯᠠ ᠶᠡᠭᠡ ᠬᠠᠤᠯᠢ ᠬᠡᠷᠡᠭᠵᠢᠭᠦᠯᠬᠦ ᠲᠤᠭᠲᠠᠭᠠᠯ ᠤᠨ ᠬᠠᠤᠯᠢ ᠲᠦᠷᠢᠮ ᠤᠨ ᠬᠢᠨᠠᠯᠲᠠ ᠶᠢᠨ ᠳᠦᠷᠢᠮ ᠨᠢ | ᠴᠢᠬᠤᠯᠠ ᠶᠡᠭᠡ ᠬᠠᠤᠯᠢ ᠬᠡᠷᠡᠭᠵᠢᠭᠦᠯᠬᠦ ᠲᠣᠭᠲᠠᠭᠠᠯ ᠨᠢ ᠡᠷᠬᠡᠪᠰᠢ ᠬᠠᠤᠯᠢ ᠴᠠᠭᠠᠵᠠ ᠳᠤ ᠨᠡᠶᠢᠴᠡᠬᠦ ᠬᠢᠨᠠᠯᠲᠠ ᠶᠢ | ᠦᠩᠭᠡᠷᠡᠭᠡᠬᠦ ᠶᠢ ᠪᠠᠳᠤᠯᠠᠵᠤ᠂ ᠬᠠᠤᠯᠢ ᠬᠡᠷᠡᠭᠵᠢᠭᠦᠯᠦᠭᠴᠢ ᠲᠡᠭᠦᠨ ᠠᠴᠠ ᠳᠠᠪᠠᠵᠤ ᠪᠣᠯᠬᠤ ᠦᠭᠡᠢ᠃ |