12 ᠰᠠᠷ᠎ᠠ ᠶᠢᠨ 8 ᠤ ᠡᠳᠦᠷ᠂ ᠤᠯᠠᠭᠠᠨᠴᠠᠪ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠰᠢᠤᠢ ᡁᠢ ᠮᠢᠩ ᠨᠡᠷ ᠳᠥᠷᠪᠡᠳ ᠬᠤᠰᠢᠭᠤᠨ ᠳᠤ ᠢᠷᠡᠵᠦ | ᠭᠤᠤᠯᠳᠠᠯᠭ᠎ᠠ ᠲᠠᠢ ᠲᠦᠷᠦᠯ ᠵᠤᠶᠢᠯ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠤᠨ ᠲᠤᠬᠠᠶ ᠪᠠᠶᠢᠴᠠᠭᠠᠨ | ᠰᠤᠳᠤᠯᠤᠯᠳᠠ ᠬᠢᠪᠡ᠃ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠳᠡᠳ᠋ ᠡᠷᠬᠢᠯᠡᠭᠴᠢ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠦ᠋ ᠢᠦᠶ ᠯᠢᠶᠠᠩ ᠪᠤᠯᠤᠨ | ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ ᠵᠣᠣ ᠯᠢ | ᠭᠦᠸᠧ ᠵᠢᠴᠢ ᠬᠤᠰᠢᠭᠤᠨ ᠤ ᠤᠳᠤᠷᠢᠳᠤᠯᠭ᠎ᠠ ᠬᠡ᠊᠂ ᠪᠤᠷᠦ᠂ ᠵᠠᠩ ᠰᠢᠤᠸᠠᠢ ᠴᠦᠨ᠂ ᠵᠠᠩ ᠸᠧᠨ᠂ ᠪᠠᠲᠤ᠂ ᠶᠠᠩ | ᠯᠢᠦ᠂ ᠯᠢ ᠶᠣᠣ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠤᠳᠤᠷᠢᠳᠤᠯᠭ᠎ᠠ ᠪᠠᠷ᠎ᠠ ᠪᠣᠯᠵᠤ ᠪᠠᠶᠢᠴᠠᠭᠠᠨ | ᠰᠤᠳᠤᠯᠤᠯᠲᠠ ᠬᠢᠪᠡ᠃ | ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠤᠷᠢᠳ ᠬᠤᠵᠢᠳ ᠪᠡᠭᠡᠵᠢᠩ ᠤᠨ ᠺᠤᠸᠠᠨ ᠭᠤᠤ ᠶᠢᠨ | ᠳᠥᠷᠪᠡᠳ ᠬᠤᠰᠢᠭᠤᠨ ᠳᠠᠬᠢ ᠲᠤᠷᠰᠢᠯᠳᠠ ᠶᠢᠨ ᠰᠤᠷᠭᠠᠭᠤᠯᠢ᠂ ᠵᠥᠩ ᠵᠢᠶᠤᠤ ᠲᠠᠢ ᠾᠧ ᠬᠤᠷᠢᠶᠠᠯᠠᠯ᠂ | ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠣᠯᠠᠨ ᠨᠡᠶᠢᠲᠡ ᠶᠢᠨ ᠦᠢᠯᠡᠴᠢᠯᠡᠬᠡᠨ ᠤ ᠲᠥᠪ᠂ ᠦᠨᠳᠦᠰᠦᠳᠡᠨ ᠤ | ᠠᠷᠠᠯᠵᠢᠶᠠᠨ ᠤ ᠺᠣᠮᠫᠠᠨᠢ᠂ ᠳᠥᠷᠪᠡᠳ ᠬᠤᠰᠢᠭᠤᠨ ᠤ ᠭᠠᠵᠠᠷ ᠰᠢᠨᠵᠢᠯᠡᠬᠡᠨ ᠤ ᠴᠡᠴᠡᠷᠯᠢᠭ ᠤᠨ ᠮᠦᠽᠧᠶ᠂ ᠾᠥᠸᠧ | ᠹᠦ᠋ ᠲᠠᠨ ᠤ ᠬᠤᠭ ᠨᠤᠪᠰᠢ ᠰᠢᠢᠳᠪᠦᠷᠢᠯᠡᠬᠦ ᠲᠦᠷᠦᠯ ᠵᠤᠶᠢᠯ᠂ ᠳ᠋ᠦᠩ ᠪᠠ ᠬᠤᠤ ᠰᠢᠶᠠᠩ ᠤᠨ ᠢ ᠮᠢᠨ ᠲᠦᠮᠦᠰᠦᠨ | ᠤ ᠡᠳᠡᠰᠢᠬᠦᠯᠦᠨ ᠪᠤᠯᠪᠠᠰᠤᠷᠠᠭᠤᠯᠬᠤ ᠲᠦᠷᠦᠯ ᠵᠤᠶᠢᠯ᠂ ᠲᠦᠷᠪᠡᠳ ᠬᠤᠰᠢᠭᠤᠨ ᠤ ᠵᠢᠩ ᠰᠢᠨ ᠲᠠᠷᠢᠶᠠᠯᠠᠩ ᠤᠨ | ᠺᠤᠮᠫᠠᠨᠢ᠂ ᠰᠠᠶᠢᠨᠨᠤ ᠺᠤᠮᠫᠠᠨᠢ᠂ ᠮᠠᠯ ᠬᠠᠷ᠎ᠠ ᠠᠷᠠᠯᠵᠢᠶᠠᠯᠠᠬᠤ ᠵᠠᠬ᠎ᠠ ᠲᠡᠯᠬᠡᠬᠦᠷ᠂ ᠭᠠᠵᠠᠷ ᠰᠢᠷᠣᠶ ᠭᠡᠷ ᠬᠥᠷᠥᠩᠭᠡ ᠶᠢᠨ | ᠲᠥᠷᠥᠯ ᠵᠤᠶᠢᠯ ᠤᠨ ᠪᠦᠲᠦᠭᠡᠨ ᠪᠠᠶᠢᠭᠤᠯᠤᠯᠲᠠ᠂ ᠮᠢᠬᠠᠨ ᠢᠳᠡᠭᠡᠨ ᠡᠳ᠋ᠰᠢᠬᠦᠯᠬᠦ ᠲᠥᠷᠥᠯ ᠵᠤᠶᠢᠯ ᠤᠨ ᠪᠦᠲᠦᠭᠡᠨ | ᠪᠠᠶᠢᠭᠤᠯᠤᠯᠲᠠ᠂ ᠮᠦᠽᠧᠶ ᠪᠠ ᠲᠠᠯᠠᠪᠠᠶ ᠣᠷᠳᠣᠨ ᠤ ᠪᠦᠲᠦᠭᠡᠨ ᠪᠠᠶᠢᠭᠤᠯᠤᠯᠲᠠ᠂ ᠱᠧᠨ ᠵᠧᠦ ᠮᠠᠰᠢᠨ ᠲᠡᠷᠬᠡᠨ ᠤ | ᠲᠠᠯᠠᠪᠠᠢ ᠶᠢᠨ ᠪᠦᠳᠦᠬᠡᠨ ᠪᠠᠶᠢᠭᠤᠯᠤᠯᠳᠠ᠂ ᠨᠠᠷᠠᠨ ᠬᠤᠸᠠᠷ ᠤᠨ ᠦᠷ᠎ᠡ ᠶᠢ ᠪᠤᠯᠪᠠᠰᠤᠷᠠᠭᠤᠯᠤᠨ ᠦᠢᠯᠡᠰᠵᠢᠬᠦᠯᠬᠦ | ᠪᠠᠶᠢᠳᠠᠯ᠂ ᠳ᠋ᠦ᠋ ᠮᠧᠩ ᠢᠳᠡᠰᠢᠨ ᠬᠤᠨᠢᠨ ᠤ ᠠᠵᠦ ᠦᠢᠯᠡᠰ ᠤᠨ ᠬᠦᠭᠵᠢᠯᠳᠠ᠂ ᠨᠢᠰᠬᠡᠯ ᠤᠨ ᠲᠠᠯᠠᠪᠤᠷ ᠤᠨ ᠲᠦᠷᠦᠯ | ᠵᠤᠶᠢᠯ ᠵᠡᠷᠬᠡ ᠪᠠᠶᠢᠳᠠᠯ ᠤᠳ ᠢ ᠲᠤᠬᠠᠢ ᠶᠢᠨ ᠭᠠᠵᠠᠷ ᠲᠤᠨᠢ ᠤᠴᠢᠵᠦ ᠪᠠᠶᠢᠴᠠᠭᠠᠨ ᠰᠤᠳᠤᠯᠪᠠ᠃ ᠤᠴᠢᠭᠰᠠᠨ | ᠭᠠᠵᠠᠷ ᠪᠤᠯᠭᠠᠨ ᠳᠤ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠡᠯ᠎ᠡ ᠺᠣᠮᠫᠠᠨᠢ ᠶᠢᠨ ᠬᠠᠮᠢᠶ᠎ᠠ ᠪᠦᠬᠦᠢ | ᠬᠠᠷᠢᠭᠤᠴᠠᠯᠭᠠᠲᠠᠨ ᠤ ᠬᠠᠷᠢᠭᠤ ᠮᠡᠳᠡᠭᠦᠯᠦᠯᠲᠡ ᠶᠢ ᠨᠠᠷᠢᠨ ᠬᠢᠨᠠᠮᠠᠭᠠᠶ ᠰᠣᠨᠣᠰᠴᠤ᠂ ᠬᠠᠮᠢᠶ᠎ᠠ ᠪᠦᠬᠦᠢ ᠲᠥᠷᠥᠯ | ᠵᠦᠢᠯ ᠤᠨ ᠲᠥᠯᠥᠪᠵᠢᠭᠦᠯᠭᠡ ᠪᠠ ᠪᠦᠲᠦᠭᠡᠨ ᠪᠠᠶᠢᠭᠤᠯᠤᠯᠳᠠ ᠶᠢᠨ ᠠᠬᠢᠴᠠ ᠶᠢ ᠭᠤᠣᠯᠳᠠᠯᠭ᠎ᠠ ᠲᠠᠢ ᠣᠶᠢᠯᠠᠭᠠᠵᠤ᠂ | ᠠᠵᠤ ᠠᠬᠤᠶᠢᠯᠠᠯ ᠤᠨ ᠬᠠᠮᠢᠶᠠᠷᠤᠯᠲᠠ ᠪᠠ ᠴᠢᠳᠠᠪᠤᠷᠢᠲᠠᠨ ᠢ ᠤᠷᠢᠨ ᠠᠪᠴᠢᠷᠠᠬᠤ ᠵᠡᠷᠭᠡ ᠲᠠᠯ᠎ᠠ ᠶᠢᠨ ᠪᠠᠶᠢᠳᠠᠯ ᠢ | ᠤᠶᠢᠯᠠᠭᠠᠨ ᠠᠪᠴᠦ᠂ ᠲᠥᠷᠥᠯ ᠵᠤᠶᠢᠯ ᠤᠨ ᠪᠦᠲᠦᠭᠡᠨ ᠪᠠᠶᠢᠭᠤᠯᠤᠯᠲᠠ ᠶᠢᠨ ᠶᠠᠪᠤᠴᠠ ᠳᠤ ᠣᠷᠣᠰᠢᠵᠤ ᠪᠠᠶᠢᠭ᠎ᠠ | ᠬᠦᠴᠢᠷᠳᠡᠯ ᠪᠣᠯᠤᠨ ᠠᠰᠠᠭᠤᠳᠠᠯ ᠢ ᠨᠠᠷᠢᠨ ᠦᠢᠯᠠᠭᠠᠪᠠ᠃ ᠡᠭᠦᠨ ᠤ ᠬᠠᠮᠲᠤ ᠳᠥᠷᠪᠡᠳ ᠬᠤᠰᠢᠭᠤᠨ ᠤ | ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠭᠦᠢᠴᠡᠳ ᠨᠤᠲᠠᠯᠠᠵᠤ᠂ | ᠲᠡᠷᠡᠴᠢᠯᠡᠨ ᠬᠤᠶᠢᠰᠢᠳᠠ ᠶᠢᠨ ᠬᠥᠭᠵᠢᠯᠲᠡ ᠳᠤ ᠵᠢᠯᠣᠭᠤᠳᠬᠤ ᠴᠢᠨᠠᠷᠲᠠᠶ ᠰᠠᠨᠠᠯ ᠰᠠᠨᠠᠭᠤᠯᠭ᠎ᠠ ᠳᠤᠷᠠᠳᠴᠠᠶ᠃ | ᠰᠢᠤᠢ ᡁᠢ ᠮᠢᠩ ᠱᠠᠭᠠᠷᠳᠠᠭᠰᠠᠨ ᠨᠢ᠂ ᠡᠯ᠎ᠡ ᠱᠠᠳᠤᠨ ᠤ ᠡᠯ᠎ᠡ ᠰᠠᠯᠠᠭ᠎ᠠ ᠮᠥᠴᠢᠷ ᠬᠠᠷᠢᠯᠴᠠᠭ᠎ᠠ | ᠨᠡᠪᠲᠡᠷᠡᠯᠴᠡᠭᠡ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠠᠵᠤ ᠠᠬᠤᠶᠢᠯᠠᠯ ᠤᠨ ᠬᠥᠭᠵᠢᠯᠲᠡ ᠳᠤ ᠨᠡᠩ ᠪᠦᠬᠦ | ᠲᠠᠯ᠎ᠠ ᠶᠢᠨ ᠦᠢᠯᠡᠴᠢᠯᠡᠬᠡᠨ ᠤ ᠪᠠᠲᠤᠯᠠᠭ᠎ᠠ ᠬᠠᠩᠭᠠᠬᠤ ᠬᠡᠷᠡᠭᠲᠡᠶ︔ ᠲᠥᠷᠥ ᠶᠢᠨ ᠪᠣᠳᠣᠯᠭ᠎ᠠ ᠶᠢᠨ | ᠨᠠᠶᠢᠳᠠᠪᠤᠷᠢᠵᠢᠭᠤᠯᠤᠯᠲᠠ ᠶᠢ ᠰᠢᠮᠳᠠᠭᠤᠯᠤᠨ ᠪᠠᠶᠢᠴᠠᠭᠠᠬᠤ ᠪᠠᠨ ᠴᠢᠩᠭᠠᠳᠬᠠᠵᠤ᠂ ᠠᠵᠤ ᠠᠬᠤᠶᠢᠯᠠᠯ ᠳᠤ ᠪᠦᠲᠦᠮᠵᠢᠲᠡᠶ | ᠦᠢᠯᠡᠴᠢᠯᠡᠭᠡ ᠬᠠᠩᠭᠠᠬᠤ ᠶᠢ ᠦᠨᠡᠨ ᠬᠦ ᠪᠡᠶᠡᠯᠡᠭᠦᠯᠵᠦ᠂ ᠵᠢᠯ ᠤᠨ ᠠᠵᠢᠯ ᠤᠨ ᠡᠬᠦᠷᠬᠡ ᠪᠠᠨ ᠲᠣᠭᠲᠠᠭᠰᠠᠨ | ᠴᠠᠭ ᠲᠠᠭᠠᠨ ᠶᠠᠰᠤ ᠴᠢᠨᠠᠷ ᠲᠠᠢ ᠪᠡᠶᠡᠯᠡᠭᠦᠯᠬᠦ ᠶᠢ ᠦᠨᠡᠨ ᠬᠦ ᠪᠠᠳᠤᠯᠠᠬᠤ ᠬᠡᠷᠡᠭᠳᠠᠢ︔ ᠠᠵᠤ ᠠᠬᠤᠶᠢᠯᠠᠯ ᠢ | ᠬᠠᠪᠰᠤᠷᠤᠨ ᠪᠣᠳᠠᠲᠠᠶ ᠬᠦᠴᠢᠷᠳᠡᠯ ᠢ ᠨᠢ ᠰᠢᠢᠳᠪᠦᠷᠢᠯᠡᠨ ᠥᠭᠴᠦ᠂ ᠲᠥᠷᠥᠯ ᠵᠦᠢᠯ ᠢ ᠲᠦᠷᠭᠡᠳᠬᠡᠨ ᠠᠵᠢᠯ | ᠡᠬᠢᠯᠡᠭᠦᠯᠵᠦ᠂ ᠦᠢᠯᠡᠳᠪᠦᠷᠢᠯᠡᠯ ᠳᠤ ᠬᠦᠷᠴᠦ ᠦᠷ᠎ᠡ ᠪᠦᠲᠦᠮᠵᠢ ᠣᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠬᠤ | ᠬᠡᠷᠡᠭᠲᠡᠶ︔ ᠠᠵᠤ ᠦᠢᠯᠡᠰ ᠤᠨ ᠬᠥᠭᠵᠢᠯᠲᠡ ᠶᠢᠨ ᠱᠠᠭᠠᠷᠳᠠᠯᠭ᠎ᠠ ᠲᠠᠢ ᠨᠢᠭᠲᠠ ᠤᠶᠠᠯᠳᠤᠭᠤᠯᠤᠨ᠂ ᠲᠥᠷᠥᠯ | ᠵᠦᠢᠯ ᠤᠨ ᠬᠦᠷᠢᠶᠡᠯᠡᠩ ᠲᠣᠭᠤᠷᠢᠭ ᠤᠨ ᠴᠢᠳᠠᠮᠵᠢ ᠶᠢᠨ ᠪᠠᠶᠢᠷᠢ ᠲᠣᠭᠲᠠᠭᠠᠯᠲᠠ ᠳᠤ ᠰᠠᠭᠤᠷᠢᠯᠠᠵᠤ᠂ ᠡᠯ᠎ᠡ ᠬᠠᠮᠢᠶ᠎ᠠ | ᠪᠦᠬᠦᠢ ᠰᠠᠭᠤᠷᠢ ᠪᠡᠯᠡᠳᠬᠡᠮᠵᠢ ᠶᠢᠨ ᠢᠵᠢ ᠪᠦᠷᠢᠳᠦᠭᠦᠯᠬᠦ ᠪᠦᠲᠦᠭᠡᠨ ᠪᠠᠶᠢᠭᠤᠯᠤᠯᠲᠠ ᠶᠢ ᠲᠦᠷᠬᠡᠳᠬᠡᠨ᠂ ᠲᠥᠷᠥᠯ | ᠵᠤᠶᠢᠯ ᠤᠨ ᠪᠦᠲᠦᠭᠡᠨ ᠪᠠᠶᠢᠭᠤᠯᠤᠯᠲᠠ ᠳᠤ ᠴᠢᠨᠠᠷ ᠰᠠᠶᠢᠲᠠᠶ ᠣᠷᠴᠢᠨ ᠲᠣᠭᠤᠷᠢᠨ ᠪᠣᠯᠤᠨ ᠲᠠᠪᠴᠠᠩ ᠬᠠᠩᠭᠠᠬᠤ | ᠬᠡᠷᠡᠭᠲᠡᠶ᠃ | ᠪᠦᠬᠦ᠋ᠢᠯᠡ ᠪᠠᠶᠢᠴᠠᠭᠠᠨ ᠰᠤᠳᠤᠯᠤᠯᠲᠠ ᠶᠢᠨ ᠶᠠᠪᠤᠴᠠ ᠨᠢ ᠲᠤᠬᠢᠷᠠᠮᠵᠢᠳᠠᠢ᠂ ᠠᠭᠤᠯᠭ᠎ᠠ ᠨᠢ ᠪᠠᠶᠠᠯᠢᠭ ᠪᠠᠶᠢᠵᠦ᠂ | ᠳᠥᠷᠪᠡᠳ ᠬᠤᠰᠢᠭᠤᠨ ᠤ ᠡᠯ᠎ᠡ ᠲᠦᠷᠦᠯ ᠵᠤᠶᠢᠯ ᠤᠨ ᠪᠦᠲᠦᠭᠡᠨ ᠪᠠᠶᠢᠭᠤᠯᠤᠯᠲᠠ ᠳᠤ ᠴᠢᠭᠯᠡᠯ ᠢ ᠲᠣᠳᠣᠷᠬᠠᠶ | ᠵᠢᠭᠠᠵᠦ ᠥᠭᠭᠦᠭᠰᠡᠨ ᠢᠶᠠᠷ ᠡᠯ᠎ᠡ ᠲᠦᠷᠦᠯ ᠵᠤᠶᠢᠯ ᠤᠨ ᠠᠬᠢᠴᠠ ᠶᠢ ᠲᠦᠷᠬᠡᠳᠬᠡᠨ ᠠᠬᠢᠭᠤᠯᠵᠠᠶ᠃ | |