ᠤᠯᠤᠰ ᠤᠨ ᠵᠡᠭᠦᠨ ᠬᠤᠶᠢᠲᠤ ᠣᠷᠣᠨ ᠤ ᠬᠠᠷ᠎ᠠ ᠬᠥᠷᠥᠰᠥ ᠶᠢ ᠬᠠᠮᠠᠭᠠᠯᠠᠬᠤ ᠴᠢᠨᠠᠷᠲᠠᠶ ᠲᠠᠷᠢᠶᠠᠯᠠᠬᠤ | ᠠᠵᠢᠯᠯᠠᠭᠠᠨ ᠤ ᠲᠥᠯᠥᠪᠯᠡᠭᠡ ᠶᠢᠨ ᠱᠠᠭᠠᠷᠳᠠᠯᠭ᠎ᠠ ᠶᠣᠰᠣᠭᠠᠷ᠂ ᠮᠠᠨ ᠤ ᠤᠷᠤᠨ ᠬᠥᠯᠥᠨ ᠪᠤᠶᠢᠷ ᠬᠤᠲᠠ᠂ ᠬᠢᠩᠭᠠᠨ | ᠠᠶᠢᠮᠠᠭ᠂ ᠲᠦᠩᠯᠢᠶᠣᠤ ᠬᠤᠲᠠ᠂ ᠤᠯᠠᠭᠠᠨᠬᠠᠳᠠ ᠬᠤᠲᠠ ᠳᠤ ᠬᠠᠮᠠᠭᠠᠯᠠᠯᠲᠠ ᠶᠢᠨ ᠴᠢᠨᠠᠷᠲᠠᠶ ᠲᠠᠷᠢᠶᠠᠯᠠᠬᠤ ᠶᠢ | ᠬᠡᠷᠡᠭᠵᠢᠭᠦᠯᠦᠨ᠎ᠡ᠃ 2025 ᠣᠨ ᠪᠣᠯᠬᠤ ᠳᠤ᠂ 2950 ᠲᠦᠮᠡᠨ ᠮᠦ ᠲᠠᠷᠢᠶᠠᠨ ᠭᠠᠵᠠᠷ ᠲᠤ ᠬᠠᠮᠠᠭᠠᠯᠠᠯᠲᠠ ᠶᠢᠨ | ᠴᠢᠨᠠᠷᠲᠠᠶ ᠲᠠᠷᠢᠶᠠᠯᠠᠭ᠎ᠠ ᠶᠢ ᠬᠡᠷᠡᠭᠵᠢᠭᠦᠯᠵᠦ᠂ ᠥᠪᠥᠷ ᠮᠣᠩᠭᠤᠯ ᠤᠨ ᠵᠡᠭᠦᠨ ᠬᠡᠰᠡᠭ ᠤᠨ ᠳᠥᠷᠪᠡᠨ ᠠᠶᠢᠮᠠᠭ | ᠬᠤᠲᠠ ᠶᠢᠨ ᠲᠣᠬᠢᠷᠠᠬᠤ ᠣᠷᠣᠨ ᠪᠦᠰᠡ ᠶᠢᠨ ᠲᠠᠷᠢᠶᠠᠨ ᠭᠠᠵᠠᠷ ᠤᠨ ᠶᠡᠷᠦᠩᠬᠡᠶ ᠲᠠᠯᠠᠪᠠᠶ ᠶᠢᠨ 70% ᠣᠷᠴᠢᠮ ᠢ | ᠡᠵᠡᠯᠡᠨ᠎ᠡ᠃ | ᠬᠠᠮᠠᠭᠠᠯᠠᠯᠲᠠ ᠶᠢᠨ ᠴᠢᠨᠠᠷᠲᠠᠶ ᠲᠠᠷᠢᠶᠠᠯᠠᠭ᠎ᠠ ᠪᠣᠯ ᠲᠠᠷᠢᠮᠠᠯ ᠤᠨ ᠲᠣᠭᠲᠠᠭᠤᠨ ᠥᠨᠳᠥᠷ ᠤᠨᠠᠯᠲᠠ ᠪᠣᠯᠤᠨ ᠠᠮᠢ | ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠤᠤᠰ ᠠᠰᠢᠭ ᠢ ᠬᠦᠷᠲᠡᠬᠦ ᠦᠷᠭᠦᠯᠵᠢᠯᠡᠬᠦ ᠬᠦᠭᠵᠢᠯᠳᠡ ᠶᠢᠨ | ᠲᠠᠷᠢᠶᠠᠯᠠᠩ ᠤᠨ ᠮᠡᠷᠭᠡᠵᠢᠯ ᠪᠣᠯᠤᠨ᠎ᠠ᠃ ᠲᠠᠷᠢᠶᠠᠨ ᠭᠠᠵᠠᠷ ᠤᠨ ᠬᠤᠭ ᠲᠣᠭᠤᠰᠣ ᠳᠡᠭᠳᠡᠬᠦ ᠪᠠ ᠬᠥᠷᠥᠰᠥ ᠰᠢᠷᠣᠶ ᠶᠢᠨ | ᠢᠳᠡᠭᠳᠡᠯ ᠢ ᠰᠡᠷᠭᠡᠶᠢᠯᠡᠨ ᠵᠠᠰᠠᠬᠤ᠂ ᠤᠰᠤ ᠬᠤᠷᠠᠮᠳᠤᠭᠤᠯᠤᠨ ᠴᠢᠬᠢᠭ ᠢ ᠬᠠᠮᠠᠭᠠᠯᠠᠬᠤ᠂ ᠭᠠᠵᠠᠷ ᠤᠨ ᠬᠦᠴᠦ | ᠰᠢᠮ᠎ᠡ ᠶᠢ ᠨᠡᠮᠡᠭᠳᠡᠭᠦᠯᠬᠦ᠂ ᠦᠪᠡᠷ ᠤᠨ ᠦᠷᠳᠡᠭ ᠢ ᠠᠷᠪᠢᠯᠠᠵᠤ ᠦᠷ᠎ᠡ ᠠᠰᠢᠭ ᠢ ᠨᠡᠮᠡᠭᠳᠡᠭᠦᠯᠬᠦ᠂ ᠡᠰᠢ ᠰᠦᠷᠡᠯ ᠢ | ᠰᠢᠲᠠᠭᠠᠬᠤ ᠪᠠ ᠬᠦᠯᠡᠮᠵᠢ ᠶᠢᠨ ᠬᠡᠢ ᠪᠡᠶᠡᠲᠦ ᠶᠢ ᠭᠠᠳᠠᠭᠰᠢᠯᠠᠭᠤᠯᠬᠤ ᠶᠢ ᠪᠠᠭᠠᠰᠬᠠᠬᠤ ᠵᠡᠷᠭᠡ ᠦᠢᠯᠡᠳᠦᠯ ᠲᠠᠢ ᠶᠤᠮ᠃ | ᠬᠠᠷ᠎ᠠ ᠬᠦᠷᠦᠰᠦ ᠶᠢ ᠬᠠᠮᠠᠭᠠᠯᠠᠬᠤ ᠴᠢᠨᠠᠷᠲᠠᠶ ᠲᠠᠷᠢᠶᠠᠯᠠᠭ᠎ᠠ ᠶᠢ ᠠᠮᠤ ᠪᠤᠳᠠᠭᠠᠨ ᠤ ᠦᠢᠯᠡᠳᠪᠦᠷᠢᠯᠡᠯ ᠢ | ᠲᠣᠭᠲᠠᠪᠤᠷᠢᠵᠢᠭᠤᠯᠬᠤ ᠭᠤᠤᠯᠳᠠᠯᠭ᠎ᠠ ᠲᠠᠢ ᠠᠵᠢᠯ ᠪᠣᠯᠭᠠᠬᠤ ᠶᠢᠨ ᠲᠥᠯᠥᠭᠡ ᠮᠠᠨ ᠤ ᠤᠷᠤᠨ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠷ᠎ᠠ ᠬᠥᠷᠥᠰᠥᠲᠦ ᠭᠠᠵᠠᠷ ᠲᠤ ᠬᠠᠮᠠᠭᠠᠯᠠᠯᠳᠠ ᠶᠢᠨ ᠴᠢᠨᠠᠷᠲᠠᠶ | ᠲᠠᠷᠢᠶᠠᠯᠠᠬᠤ ᠠᠵᠢᠯᠯᠠᠭᠠᠨ ᠤ ᠲᠥᠰᠦᠯ ︵2020 — 2025 ᠣᠨ︶︾ ᠪᠣᠯᠤᠨ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ 2020 ᠣᠨ ᠤ ᠬᠠᠷ᠎ᠠ ᠬᠥᠷᠥᠰᠥᠲᠦ ᠭᠠᠵᠠᠷ ᠲᠤ ᠬᠠᠮᠠᠭᠠᠯᠠᠯᠳᠠ ᠶᠢᠨ ᠴᠢᠨᠠᠷᠲᠠᠶ | ᠲᠠᠷᠢᠶᠠᠯᠠᠬᠤ ᠶᠢ ᠠᠬᠢᠭᠤᠯᠬᠤ ᠠᠵᠢᠯᠯᠠᠭᠠᠨ ᠤ ᠬᠡᠷᠡᠭᠵᠢᠭᠦᠯᠬᠦ ᠲᠥᠰᠦᠯ︾ ᠢ ᠲᠣᠭᠲᠠᠭᠠᠵᠤ᠂ ᠬᠠᠮᠠᠭᠠᠯᠠᠯᠲᠠ ᠶᠢᠨ | ᠴᠢᠨᠠᠷᠲᠠᠶ ᠲᠠᠷᠢᠶᠠᠯᠠᠬᠤ ᠡᠭᠦᠷᠭᠡ ᠬᠠᠷᠠᠯᠲᠠ᠂ ᠮᠡᠷᠭᠡᠵᠢᠯ ᠤᠨ ᠵᠠᠭᠪᠤᠷ᠂ ᠠᠵᠢᠯ ᠤᠨ ᠶᠠᠰᠤ ᠴᠢᠨᠠᠷ᠂ ᠨᠥᠬᠦᠪᠥᠷᠢ ᠶᠢᠨ | ᠪᠠᠷᠢᠮᠵᠢᠶ᠎ᠠ ᠵᠡᠷᠭᠡ ᠶᠢ ᠲᠣᠳᠣᠷᠬᠠᠶᠢᠯᠠᠵᠠᠢ᠃ ᠡᠯ᠎ᠡ ᠵᠦᠢᠯ ᠤᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢᠨ | ᠠᠬᠢᠭᠤᠯᠤᠯ ᠳᠣᠣᠷ᠎ᠠ᠂ ᠡᠨᠡ ᠵᠢᠯ᠂ ᠪᠦᠬᠦ ᠣᠷᠣᠨ ᠤ 1207 ᠲᠠᠷᠢᠶᠠᠯᠠᠩ ᠤᠨ ᠮᠠᠰᠢᠨ ᠤ ᠦᠢᠯᠡᠴᠢᠯᠡᠭᠡᠨ ᠤ | ᠵᠣᠬᠢᠶᠠᠨ ᠪᠠᠶᠢᠭᠤᠯᠤᠯᠲᠠ ᠬᠠᠮᠠᠭᠠᠯᠠᠯᠲᠠ ᠶᠢᠨ ᠴᠢᠨᠠᠷᠲᠠᠶ ᠲᠠᠷᠢᠶᠠᠯᠠᠬᠤ ᠠᠵᠢᠯ ᠳᠤ ᠣᠷᠣᠯᠴᠠᠵᠤ᠂ 3.2 ᠲᠦᠮᠡᠨ | ᠲᠠᠷᠢᠶᠠᠯᠠᠬᠤ ᠡᠷᠦᠬᠡ ᠳᠤ ᠦᠢᠯᠡᠴᠢᠯᠡᠵᠦ᠂ 758.93 ᠲᠦᠮᠡᠨ ᠮᠦ ᠲᠠᠷᠢᠶᠠᠨ ᠭᠠᠵᠠᠷ ᠢ ᠬᠠᠭᠠᠯᠪᠤᠷᠢᠯᠠᠬᠤ | ᠦᠭᠡᠢ ᠪᠠᠷ ᠲᠠᠷᠢᠶᠠᠯᠠᠬᠤ ᠶᠢ ᠪᠡᠶᠡᠯᠡᠭᠦᠯᠵᠦ᠂ ᠬᠦᠳᠡᠭᠡ ᠠᠵᠤ ᠠᠬᠤᠢ ᠬᠥᠳᠡᠭᠡ ᠲᠣᠰᠬᠤᠨ ᠤ ᠶᠠᠮᠤᠨ ᠠᠴᠠ | ᠪᠠᠭᠤᠯᠭᠠᠭᠰᠠᠨ 700 ᠲᠦᠮᠡᠨ ᠮᠦ ᠶᠢᠨ ᠵᠢᠯ ᠤᠨ ᠡᠭᠦᠷᠭᠡ ᠶᠢ ᠳᠠᠪᠠᠭᠤᠯᠤᠨ ᠪᠡᠶᠡᠯᠡᠭᠦᠯᠵᠡᠢ᠃ ᠬᠢᠨᠠᠨ ᠬᠡᠮᠵᠢᠭᠰᠡᠨ | ᠪᠠᠶᠢᠳᠠᠯ ᠠᠴᠠ ᠦᠵᠡᠪᠡᠯ᠂ ᠬᠠᠮᠠᠭᠠᠯᠠᠯᠲᠠ ᠶᠢᠨ ᠴᠢᠨᠠᠷᠲᠠᠶ ᠲᠠᠷᠢᠶᠠᠯᠠᠭ᠎ᠠ ᠶᠢᠨ ᠲᠠᠷᠢᠶᠠᠨ ᠭᠠᠵᠠᠷ ᠤᠨ ᠴᠢᠬᠢ | ᠰᠠᠭᠤᠯᠭᠠᠬᠤ ᠨᠣᠷᠮ᠎ᠠ ᠨᠡᠶᠢᠳᠡᠮ ᠳᠡᠭᠡᠨ 95% ᠶᠢ ᠲᠠᠪᠠᠵᠤ᠂ ᠤᠯᠠᠮᠵᠢᠯᠠᠯᠲᠤ ᠲᠠᠷᠢᠶᠠᠨ ᠭᠠᠵᠠᠷ ᠤᠨ ᠬᠢ ᠠᠴᠠ | ᠥᠨᠳᠥᠷ᠂ ᠴᠢᠬᠢ ᠨᠢ ᠢᠳᠡᠷᠡᠭᠦᠨ᠂ ᠮᠥ ᠲᠤᠮᠲᠠᠴᠢ ᠶᠢᠨ ᠠᠷᠪᠢᠯᠠᠬᠤ ᠥᠪᠡᠷ ᠤᠨ ᠥᠷᠲᠡᠭ 40 - 60 ᠲᠥᠭᠦᠷᠢᠭ | ᠪᠤᠯᠤᠨ᠎ᠠ᠃ | |