ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠨ᠎ᠡ ᠬᠠᠩᠰᠢ ᠶᠢᠨ ᠪᠠᠶᠢᠳᠠᠯ ᠦᠨ᠎ᠡ ᠬᠠᠩᠰᠢ ᠶᠢᠨ ᠪᠠᠶᠢᠳᠠᠯ
ᠨᠡᠶᠢᠲᠡᠯᠡᠭᠰᠡᠨ ᠴᠠᠭ᠄
2020/12/15
   ᠬᠦᠳᠡᠭᠡ ᠠᠵᠤ ᠠᠬᠤᠢ ᠬᠥᠳᠡᠭᠡ ᠲᠣᠰᠬᠤᠨ ᠤ ᠶᠠᠮᠤᠨ ᠤ ᠬᠢᠨᠠᠨ ᠬᠡᠮᠵᠢᠯᠲᠡ ᠶᠢ ᠦᠨᠳᠦᠰᠦᠯᠡᠪᠡᠯ᠂ 12 ᠰᠠᠷ᠎ᠠ ᠶᠢᠨ 7 ᠤ ᠡᠳᠦᠷ ᠤᠨ ︽ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠪᠥᠭᠡᠮ ᠢᠶᠠᠷ ᠬᠤᠳᠠᠯᠳᠤᠬᠤ ᠦᠨ᠎ᠡ ᠶᠢᠨ 200 ᠵᠢᠭᠠᠯᠲᠠ ᠲᠤᠭ᠎ᠠ︾ ᠨᠢ 122.76 ᠪᠣᠯᠵᠤ᠂ ᠳᠡᠭᠡᠷ᠎ᠡ ᠭᠠᠷᠠᠭ ᠤᠨ ᠲᠠᠪᠤᠨ ᠠᠴᠠ 1.04 ᠴᠡᠭ ᠥᠰᠴᠡᠶ᠃ ︽ᠬᠤᠯᠢᠰᠢᠨ ᠢᠳᠡᠭᠡᠨ︾ ᠤ ᠪᠦᠲᠦᠭᠡᠭᠳᠡᠬᠦᠨ ᠤ ᠪᠥᠭᠡᠮ ᠢᠶᠠᠷ ᠬᠤᠳᠠᠯᠳᠤᠬᠤ ᠦᠨ᠎ᠡ ᠶᠢᠨ 200 ᠵᠢᠭᠠᠯᠳᠠ ᠲᠤᠭ᠎ᠠ ᠨᠢ 125.57 ᠪᠠᠶᠢᠵᠤ᠂ ᠳᠡᠭᠡᠷ᠎ᠡ ᠭᠠᠷᠠᠭ ᠤᠨ ᠲᠠᠪᠤᠨ ᠠᠴᠠ 1.19 ᠴᠡᠭ ᠥᠰᠴᠡᠶ᠃ ᠦᠴᠦᠭᠡᠳᠦᠷ ᠤᠨ 14 ᠴᠠᠭ ᠪᠣᠯᠲᠠᠯ᠎ᠠ᠂ ᠪᠥᠬᠦ ᠤᠯᠤᠰ ᠤᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ ᠤᠨ ᠭᠠᠭ᠋ᠠᠶ ᠶᠢᠨ ᠮᠢᠬᠠᠨ ᠤ ᠳᠤᠮᠳᠠᠴᠢ ᠦᠨ᠎ᠡ 42.20 ᠲᠥᠭᠦᠷᠢᠭ ᠪᠠᠶᠢᠵᠤ᠂ ᠲᠦᠷᠦᠭᠦᠤ ᠭᠠᠷᠠᠭ ᠤᠨ ᠲᠠᠪᠤᠨ ᠠᠴᠠ 1.0% ᠢᠶᠠᠷ ᠥᠰᠴᠡᠶ︔ ᠦᠬᠡᠷ ᠤᠨ ᠮᠢᠬ᠎ᠠ 76.01 ᠲᠥᠭᠦᠷᠢᠭ ᠲᠤ ᠬᠦᠷᠴᠦ᠂ ᠳᠡᠭᠡᠷ᠎ᠡ ᠭᠠᠷᠠᠭ ᠤᠨ ᠲᠠᠪᠤᠨ ᠠᠴᠠ 0.1% ᠪᠠᠷ ᠪᠠᠭᠤᠷᠠᠪᠠ︔ ᠬᠤᠨᠢᠨ ᠮᠢᠬ᠎ᠠ 70.68 ᠲᠥᠭᠦᠷᠢᠭ ᠲᠤ ᠬᠦᠷᠴᠦ᠂ ᠳᠡᠭᠡᠷ᠎ᠡ ᠭᠠᠷᠠᠭ ᠤᠨ ᠲᠠᠪᠤᠨ ᠠᠴᠠ 0.4% ᠪᠠᠷ ᠥᠰᠴᠡᠶ︔ ᠥᠨᠳᠡᠭᠡ 7.61 ᠲᠥᠭᠦᠷᠢᠭ ᠪᠠᠶᠢᠵᠤ᠂ ᠳᠡᠭᠡᠷ᠎ᠡ ᠭᠠᠷᠠᠭ ᠤᠨ ᠲᠠᠪᠤᠨ ᠲᠠᠢ ᠬᠠᠷᠢᠴᠠᠭᠤᠯᠪᠠᠯ 0.5% ᠪᠠᠷ ᠪᠠᠭᠤᠷᠠᠪᠠ︔ ᠲᠠᠬᠢᠶᠠᠨ ᠮᠢᠬ᠎ᠠ 16.37 ᠲᠥᠭᠦᠷᠢᠭ \ ᠺᠢᠯᠣᠭ᠍ᠷᠠᠮ ᠪᠠᠶᠢᠵᠤ᠂ ᠳᠡᠭᠡᠷ᠎ᠡ ᠭᠠᠷᠠᠭ ᠤᠨ ᠲᠠᠪᠤᠨ ᠠᠴᠠ 0.8% ᠪᠠᠷ ᠪᠠᠭᠤᠷᠠᠪᠠ᠃ ᠭᠤᠤᠯᠳᠠᠯᠭ᠎ᠠ ᠲᠠᠢ ᠬᠢᠨᠠᠨ ᠬᠡᠮᠵᠢᠭᠰᠡᠨ 28 ᠵᠦᠢᠯ ᠤᠨ ᠢᠳᠡᠰᠢᠨ ᠨᠣᠭᠤᠭ᠎ᠠ ᠶᠢᠨ ᠳᠤᠮᠳᠠᠴᠢ ᠦᠨ᠎ᠡ ᠨᠢ ᠺᠢᠯᠣᠭ᠍ᠷᠠᠮ ᠪᠦᠷᠢ ᠳᠡᠭᠡᠨ 4.74 ᠲᠥᠭᠦᠷᠢᠭ ᠪᠠᠶᠢᠵᠤ᠂ ᠳᠡᠭᠡᠷ᠎ᠡ ᠭᠠᠷᠠᠭ ᠤᠨ ᠲᠠᠪᠤᠨ ᠠᠴᠠ 1.3% ᠪᠠᠷ ᠥᠰᠴᠡᠶ︔ ᠭᠤᠤᠯᠳᠠᠯᠭ᠎ᠠ ᠲᠠᠢ ᠬᠢᠨᠠᠨ ᠬᠡᠮᠵᠢᠭᠰᠡᠨ 6 ᠵᠦᠢᠯ ᠤᠨ ᠵᠢᠮᠢᠰ ᠤᠨ ᠳᠤᠮᠳᠠᠴᠢ ᠦᠨ᠎ᠡ ᠨᠢ ᠺᠢᠯᠣᠭ᠍ᠷᠠᠮ ᠪᠦᠷᠢ ᠳᠡᠭᠡᠨ 5.92 ᠲᠥᠭᠦᠷᠢᠭ ᠪᠠᠶᠢᠵᠤ᠂ ᠲᠦᠷᠦᠭᠦᠤ ᠭᠠᠷᠠᠭ ᠤᠨ ᠲᠠᠪᠤᠨ ᠤ ᠬᠢ ᠠᠴᠠ 0.7% ᠪᠠᠷ ᠥᠰᠴᠡᠶ︔ ᠬᠡᠯᠲᠡᠭᠡ ᠵᠢᠭᠠᠰᠤᠨ ᠤ ᠳᠤᠮᠳᠠᠴᠢ ᠦᠨ᠎ᠡ ᠨᠢ 16.52 ᠲᠥᠭᠦᠷᠢᠭ / ᠺᠢᠯᠣᠭ᠍ᠷᠠᠮ ᠪᠠᠶᠢᠵᠤ᠂ ᠳᠡᠭᠡᠷ᠎ᠡ ᠭᠠᠷᠠᠭ ᠤᠨ ᠲᠠᠪᠤᠨ ᠠᠴᠠ 0.4% ᠪᠠᠷ ᠥᠰᠴᠡᠶ︔ ᠮᠥᠷᠭᠦ ᠵᠢᠭᠠᠰᠤ 12.06 ᠲᠥᠭᠦᠷᠢᠭ / ᠺᠢᠯᠣᠭ᠍ᠷᠠᠮ ᠬᠦᠷᠴᠦ᠂ ᠳᠡᠭᠡᠷ᠎ᠡ ᠭᠠᠷᠠᠭ ᠤᠨ ᠲᠠᠪᠤᠨ ᠠᠴᠠ 0.2% ᠢᠶᠠᠷ ᠪᠠᠭᠤᠷᠠᠪᠠ︔ ᠴᠠᠭᠠᠨ ᠠᠯᠠᠭᠠᠨ᠎ᠠ ᠵᠢᠭᠠᠰᠤ 8.16 ᠲᠥᠭᠦᠷᠢᠭ \ ᠺᠢᠯᠣᠭ᠍ᠷᠠᠮ ᠬᠦᠷᠴᠦ᠂ ᠳᠡᠭᠡᠷ᠎ᠡ ᠭᠠᠷᠠᠭ ᠤᠨ ᠲᠠᠪᠤᠨ ᠠᠴᠠ 1.3% ᠪᠠᠷ ᠪᠠᠭᠤᠷᠠᠪᠠ︔ ᠪᠦᠰᠡ ᠵᠢᠭᠠᠰᠤ 37.88 ᠲᠥᠭᠦᠷᠢᠭ / ᠺᠢᠯᠣᠭ᠍ᠷᠠᠮ ᠪᠠᠶᠢᠵᠤ᠂ ᠳᠡᠭᠡᠷ᠎ᠡ ᠭᠠᠷᠠᠭ ᠤᠨ ᠲᠠᠪᠤᠨ ᠠᠴᠠ 1.5% ᠪᠠᠷ ᠪᠠᠭᠤᠷᠠᠵᠠᠢ᠃
 
ᠢᠷᠡᠯᠲᠡ᠄ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠲᠠᠷᠢᠶᠠᠯᠠᠩ ᠮᠠᠯ ᠠᠵᠦ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠭᠢᠮ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2