ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠮᠠᠰᠢᠨ ᠤ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢᠨ ᠥᠷᠲᠡᠭᠡ ︵ᠲᠠᠷᠢᠶᠠᠯᠠᠩ ᠤᠨ ᠮᠠᠰᠢᠨ ᠤ ᠬᠢᠨᠠᠨ ᠲᠣᠭᠲᠠᠭᠠᠬᠤ ᠥᠷᠲᠡᠭᠡ︶ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶ᠎ᠠ ᠶᠢᠨ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠲᠥᠪᠯᠡᠷᠡᠭᠦᠯᠦᠨ ᠰᠤᠷᠤᠯᠴᠠᠪᠠ
ᠨᠡᠶᠢᠲᠡᠯᠡᠭᠰᠡᠨ ᠴᠠᠭ᠄
2020/12/15
      2020 ᠣᠨ ᠤ 11 ᠰᠠᠷ᠎ᠠ ᠶᠢᠨ 19 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠮᠠᠰᠢᠨ ᠤ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢᠨ ᠥᠷᠲᠡᠭᠡ ︵ᠲᠠᠷᠢᠶᠠᠯᠠᠩ ᠤᠨ ᠮᠠᠰᠢᠨ ᠤ ᠬᠢᠨᠠᠨ ᠲᠣᠭᠲᠠᠭᠠᠬᠤ ᠥᠷᠲᠡᠭᠡ︶ ᠶᠢᠨ ᠨᠠᠮ ᠤᠨ ᠡᠭᠦᠷ ᠤᠷᠢᠳ ᠬᠤᠵᠢᠳ ᠨᠠᠮ ᠤᠨ ᠭᠡᠰᠢᠭᠦᠳ ᠤᠨ ᠶᠡᠭᠡ ᠬᠤᠷᠠᠯ ᠪᠠ ᠨᠠᠮ ᠤᠨ ᠡᠭᠦᠷ ᠤᠨ ᠭᠡᠰᠢᠭᠦᠳ ᠤᠨ ᠬᠤᠷᠠᠯ ᠬᠤᠷᠠᠯᠳᠤᠭᠤᠯᠵᠤ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶ᠎ᠠ ᠶᠢᠨ ᠲᠠᠪᠤᠳᠤᠭᠠᠷ ᠪᠥᠬᠦᠳᠡ ᠬᠤᠷᠠᠯ ᠤᠨ ᠠᠯᠪᠠᠨ ᠮᠡᠳᠡᠭᠡ︾᠂ ︽︿ᠠᠷᠪᠠᠨ ᠳᠥᠷᠪᠡᠳᠦᠭᠡᠷ ᠲᠠᠪᠤᠨ ᠵᠢᠯ﹀ ᠤᠨ ᠲᠥᠯᠥᠪᠵᠢᠭᠦᠯᠭᠡ ᠪᠠ 2035 ᠣᠨ ᠤ ᠠᠯᠤᠰ ᠤᠨ ᠬᠠᠷᠠᠯᠲᠠ ᠶᠢᠨ ᠲᠤᠬᠠᠶ ᠰᠠᠨᠠᠭᠤᠯᠭ᠎ᠠ︾ ᠶᠢᠨ ᠬᠠᠮᠢᠶ᠎ᠠ ᠪᠦᠬᠦᠢ ᠠᠭᠤᠯᠭ᠎ᠠ ᠶᠢ ᠲᠥᠪᠯᠡᠷᠡᠭᠦᠯᠦᠨ ᠰᠤᠷᠤᠯᠴᠠᠪᠠ᠃ ᠰᠤᠷᠤᠯᠴᠠᠬᠤ ᠪᠠᠷ ᠳᠠᠮᠵᠢᠨ᠂ ᠨᠠᠮ ᠤᠨ ᠭᠡᠰᠢᠭᠦᠳ ᠲᠤ ᠣᠳᠣᠬᠠᠨ ᠤ ᠤᠯᠤᠰ ᠤᠨ ᠲᠥᠷᠥ ᠶᠢᠨ ᠪᠣᠳᠣᠯᠭ᠎ᠠ ᠪᠠ ᠪᠠᠶᠢᠳᠠᠯ ᠢ ᠨᠡᠩ ᠰᠠᠶᠢᠨ ᠣᠶᠢᠯᠠᠭᠠᠭᠤᠯᠵᠤ᠂ ᠨᠠᠮ ᠤᠨ ᠭᠡᠰᠢᠭᠦᠳ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶ᠎ᠠ ᠶᠢᠨ ᠲᠠᠪᠤᠳᠤᠭᠠᠷ ᠪᠥᠬᠦᠳᠡ ᠬᠤᠷᠠᠯ ᠤᠨ ᠵᠤᠷᠢᠭ ᠰᠠᠨᠠᠭ᠎ᠠ ᠶᠢ ᠭᠦᠨᠵᠡᠭᠡᠶ ᠤᠶᠢᠯᠠᠭᠠᠭᠤᠯᠤᠨ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠦᠯᠦᠪᠵᠢᠭᠦᠯᠭᠡ ᠪᠠ 2035 ᠣᠨ ᠤ ᠠᠯᠤᠰ ᠤᠨ ᠬᠠᠷᠠᠯᠲᠠ ᠶᠢ ᠪᠡᠶᠡᠯᠡᠭᠦᠯᠬᠦ ᠶᠢᠨ ᠴᠢᠬᠤᠯᠠ ᠶᠡᠭᠡ ᠠᠴᠢ ᠬᠤᠯᠪᠣᠭᠳᠠᠯ᠂ ᠡᠭᠦᠷᠭᠡ ᠶᠢᠨ ᠪᠡᠷᠬᠡ ᠬᠠᠲᠠᠭᠤᠵᠢᠯᠲᠠᠶ᠂ ᠢᠷᠡᠭᠡᠳᠦᠶ ᠶᠢᠨ ᠭᠡᠭᠡᠨ ᠰᠠᠷᠠᠭᠤᠯ ᠪᠠᠶᠢᠬᠤ ᠶᠢ ᠨᠡᠩ ᠲᠣᠳᠣᠷᠬᠠᠶ ᠤᠶᠢᠯᠠᠭᠠᠭᠤᠯᠪᠠ᠃ ᠰᠣᠷᠣᠨ᠎ᠠ ᠱᠦᠵᠢ ᠴᠢᠬᠤᠯᠠᠴᠢᠯᠠᠭᠰᠠᠨ ᠨᠢ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶ᠎ᠠ ᠶᠢᠨ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠬᠤ ᠪᠠᠷ ᠠᠵᠠ ᠲᠣᠬᠢᠶᠠᠯ ᠪᠣᠯᠭᠠᠵᠤ᠂ ᠰᠤᠷᠤᠯᠴᠠᠯᠭ᠎ᠠ ᠶᠢ ᠡᠳᠦᠷ ᠲᠤᠲᠤᠮ ᠤᠨ ᠠᠵᠢᠯ ᠳᠤᠮᠳᠠ ᠨᠠᠶᠢᠳᠠᠪᠤᠷᠢᠵᠢᠭᠤᠯᠵᠤ᠂ ᠨᠠᠷᠢᠯᠢᠭ ᠭᠦᠨᠵᠡᠭᠡᠶ ᠨᠡᠪᠲᠡᠷᠡᠲᠡᠯ᠎ᠡ ᠰᠤᠷᠤᠯᠴᠠᠵᠤ᠂ ᠲᠠᠷᠢᠶᠠᠯᠠᠩ ᠤᠨ ᠮᠠᠰᠢᠨ ᠤ ᠦᠢᠯᠡᠰ ᠤᠨ ᠬᠦᠭᠵᠢᠯᠲᠡ ᠶᠢ ᠨᠡᠩ ᠰᠠᠶᠢᠲᠤᠷ ᠠᠬᠢᠭᠤᠯᠬᠤ ᠬᠡᠷᠡᠭᠲᠡᠶ ᠭᠡᠪᠡ᠃
 
ᠢᠷᠡᠯᠲᠡ᠄ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠲᠠᠷᠢᠶᠠᠯᠠᠩ ᠮᠠᠯ ᠠᠵᠦ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠭᠢᠮ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2