ᠤᠯᠠᠭᠠᠨᠴᠠᠪ ᠬᠤᠲᠠ ᠶᠢᠨ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠣᠪᠴᠢᠶ᠎ᠠ ᠪᠥᠬᠦ ᠬᠤᠲᠠ ᠶᠢᠨ ᠭᠤᠤᠯ ᠮᠥᠷᠡᠨ ᠨᠠᠭᠤᠷ ᠴᠦᠬᠦᠷᠦᠮ ᠤᠨ ᠨᠠᠮᠤᠷ ᠤᠨ ᠤᠯᠠᠷᠢᠯ ᠤᠨ ᠪᠠᠶᠢᠴᠠᠭᠠᠯᠲᠠ ᠶᠢᠨ ᠠᠵᠢᠯᠯᠠᠭ᠎ᠠ ᠳᠤ ᠣᠷᠣᠯᠴᠠᠪᠠ
ᠨᠡᠶᠢᠲᠡᠯᠡᠭᠰᠡᠨ ᠴᠠᠭ᠄
2020/12/15
    11 ᠰᠠᠷ᠎ᠠ ᠶᠢᠨ 10 ᠤ ᠡᠳᠦᠷ ᠠᠴᠠ 15 ᠤ ᠡᠳᠦᠷ ᠪᠣᠯᠲᠠᠯ᠎ᠠ ᠤᠯᠠᠭᠠᠨᠴᠠᠪ ᠬᠤᠲᠠ ᠶᠢᠨ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠤᠪᠴᠢᠶᠠᠨ ᠤ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠤᠨ ᠰᠠᠯᠠᠭ᠎ᠠ ᠠᠴᠠ ᠠᠵᠢᠯᠲᠠᠨ ᠲᠣᠮᠢᠯᠠᠨ 2020 ᠣᠨ ᠤ ᠪᠥᠬᠦ ᠬᠤᠲᠠ ᠶᠢᠨ ᠭᠤᠤᠯ ᠮᠥᠷᠡᠨ ᠨᠠᠭᠤᠷ ᠴᠥᠭᠦᠷᠥᠮ ᠤᠨ ᠨᠠᠮᠤᠷ ᠤᠨ ᠤᠯᠠᠷᠢᠯ ᠤᠨ ᠬᠤᠯᠪᠤᠭᠠᠯᠠᠨ ᠪᠠᠶᠢᠴᠠᠭᠠᠬᠤ ᠠᠵᠢᠯᠯᠠᠭ᠎ᠠ ᠳᠤ ᠣᠷᠣᠯᠴᠠᠭᠤᠯᠪᠠ᠃ ᠲᠣᠰ ᠤᠳᠠᠭ᠎ᠠ ᠶᠢᠨ ᠠᠵᠢᠯᠯᠠᠭ᠎ᠠ ᠨᠢ ᠭᠤᠤᠯ ᠮᠥᠷᠡᠨ ᠨᠠᠭᠤᠷ ᠴᠥᠭᠦᠷᠥᠮ ᠤᠨ ︽ᠳᠥᠷᠪᠡᠨ ᠵᠠᠮᠪᠠᠷᠠᠭ᠎ᠠ ᠦᠭᠡᠢ ᠪᠠᠶᠢᠳᠠᠯ ᠢ ᠴᠡᠭᠴᠡᠯᠡᠬᠦ︾ ᠶᠢ ᠵᠠᠰᠠᠬᠤ ᠲᠠᠯ᠎ᠠ ᠪᠠᠷ᠂ ᠭᠤᠤᠯ ᠮᠥᠷᠡᠨ ᠨᠠᠭᠤᠷ ᠴᠥᠭᠦᠷᠥᠮ ᠤᠨ ᠡᠯᠡᠰᠦ ᠶᠢ ᠮᠠᠯᠲᠠᠬᠤ ᠶᠢ ᠵᠠᠰᠠᠬᠤ ᠲᠠᠯ᠎ᠠ ᠪᠠᠷ᠂ ᠭᠤᠤᠯ ᠮᠥᠷᠡᠨ ᠨᠠᠭᠤᠷ ᠴᠥᠭᠦᠷᠥᠮ ᠳᠤ ᠬᠠᠤᠯᠢ ᠠᠴᠠ ᠵᠥᠷᠢᠴᠡᠨ ᠪᠣᠬᠢᠷ ᠤᠰᠤ ᠭᠠᠳᠠᠭᠰᠢᠯᠠᠭᠤᠯᠬᠤ ᠶᠢ ᠵᠠᠰᠠᠬᠤ ᠲᠠᠯ᠎ᠠ ᠪᠠᠷ᠂ ᠭᠤᠤᠯ ᠮᠥᠷᠡᠨ ᠨᠠᠭᠤᠷ ᠴᠥᠭᠦᠷᠥᠮ ᠳᠤ ᠬᠤᠯᠪᠣᠭᠳᠠᠭᠰᠠᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠵᠠᠯᠬᠠᠭᠠᠨ ᠰᠢᠢᠳᠭᠡᠬᠦ ᠲᠠᠯ᠎ᠠ ᠪᠠᠷ᠂ ᠪᠤᠰᠤᠳ ᠴᠢᠬᠤᠯᠠ ᠶᠡᠭᠡ ᠰᠡᠷᠭᠡᠭ ᠠᠰᠠᠭᠤᠳᠠᠯ ᠤᠨ ᠲᠠᠯ᠎ᠠ ᠪᠠᠷ ᠵᠢᠴᠢ ᠤᠰᠤᠨ ᠠᠰᠢᠭᠯᠠᠯᠲᠠ ᠶᠢᠨ ᠶᠠᠮᠤᠨ ᠤ ᠠᠩᠬ᠎ᠠ ᠤᠳᠠᠭ᠎ᠠ ᠳᠠᠯᠳᠠᠭᠤᠷ ᠰᠤᠷᠪᠤᠯᠵᠢᠯᠠᠭᠰᠠᠨ ᠵᠢᠴᠢ ᠣᠷᠣᠵᠤ ᠰᠠᠭᠤᠬᠤ ᠬᠡᠯᠪᠡᠷᠢ ᠪᠠᠷ ᠳᠠᠯᠳᠠᠭᠤᠷ ᠰᠤᠷᠪᠤᠯᠵᠢᠯᠠᠭᠠᠳ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠵᠡᠷᠭᠡ ᠲᠠᠯ᠎ᠠ ᠪᠠᠷ ᠴᠢᠬᠤᠯᠠ ᠪᠠᠶᠢᠴᠠᠭᠠᠯᠲᠠ ᠬᠢᠪᠠ᠃ ᠲᠤᠰ ᠤᠳᠠᠭ᠎ᠠ ᠶᠢᠨ ᠪᠠᠶᠢᠴᠠᠭᠠᠯᠲᠠ ᠶᠢᠨ ᠠᠵᠢᠯᠯᠠᠭ᠎ᠠ ᠪᠠᠷ ᠳᠠᠮᠵᠢᠭᠠᠳ᠂ ᠪᠦᠬᠦ ᠬᠤᠲᠠ ᠶᠢᠨ ᠡᠯ᠎ᠡ ᠰᠠᠯᠠᠭ᠎ᠠ ᠮᠥᠴᠢᠷ ᠤᠳ ᠤᠨ ᠬᠤᠯᠪᠤᠭᠠᠯᠠᠨ ᠪᠠᠶᠢᠴᠠᠭᠠᠬᠤ ᠶᠢ ᠴᠢᠩᠭᠠᠳᠬᠠᠵᠤ᠂ ᠬᠤᠰᠢᠭᠤ ᠰᠢᠶᠠᠨ ᠤ ᠭᠤᠣᠯ ᠮᠥᠷᠡᠨ ᠨᠠᠭᠤᠷ ᠴᠥᠭᠦᠷᠥᠮ ᠢ ᠵᠠᠰᠠᠬᠤ ᠢᠳᠡᠪᠬᠢᠵᠢᠯ ᠢ ᠨᠢ ᠳᠠᠶᠢᠴᠢᠯᠠᠪᠠ᠃
 
ᠢᠷᠡᠯᠲᠡ᠄ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠲᠠᠷᠢᠶᠠᠯᠠᠩ ᠮᠠᠯ ᠠᠵᠦ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠭᠢᠮ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2