4 ᠰᠠᠷ᠎ᠠ ᠶᠢᠨ 3 ᠤ ᠡᠳᠦᠷ ᠠᠴᠠ ᠨᠠᠭᠠᠰᠢ᠂ ᠮᠠᠨ ᠤ ᠣᠷᠣᠨ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠳᠤ | ᠨᠥᠬᠦᠪᠥᠷᠢ ᠥᠭᠬᠦ ᠦᠢᠯᠡᠳᠬᠦᠨ ᠢ ᠳᠠᠩᠰᠠ ᠡᠪᠬᠡᠮᠡᠯ ᠳᠤ ᠣᠷᠣᠭᠤᠯᠬᠤ ᠠᠵᠢᠯ ᠢ ᠥᠷᠨᠢᠭᠦᠯᠵᠦ᠂ ᠵᠢᠷᠭᠤᠭᠠᠨ ᠰᠠᠷ᠎ᠠ | ᠭᠠᠷᠤᠶ ᠶᠢᠨ ᠬᠤᠭᠤᠴᠠᠭᠠᠨ ᠳᠤ ᠨᠡᠶᠢᠲᠡ ᠭᠤᠷᠪᠠᠨ ᠪᠦᠯᠦᠭ ᠤᠳᠠᠭ᠎ᠠ ᠶᠢᠨ ᠨᠥᠬᠦᠪᠥᠷᠢ ᠶᠢᠨ ᠦᠢᠯᠡᠳᠬᠦᠨ ᠢ ᠳᠠᠩᠰᠠ | ᠡᠪᠬᠡᠮᠡᠯ ᠳᠤ ᠤᠷᠤᠭᠤᠯᠵᠦ᠂ ᠳᠠᠩᠰᠠ ᠡᠪᠬᠡᠮᠡᠯ ᠳᠤ ᠣᠷᠣᠭᠤᠯᠬᠤ ᠪᠠᠷ ᠭᠤᠶᠤᠴᠢᠯᠠᠨ ᠮᠡᠳᠡᠭᠦᠯᠦᠭᠰᠡᠨ ᠠᠵᠤ | ᠠᠬᠤᠶᠢᠯᠠᠯ 1370 ᠭᠠᠷᠤᠶ ᠪᠠᠶᠢᠵᠤ᠂ ᠭᠤᠶᠤᠴᠢᠯᠠᠨ ᠮᠡᠳᠡᠭᠦᠯᠦᠭᠰᠡᠨ ᠦᠢᠯᠡᠳᠬᠦᠨ ᠨᠢ 11267 ᠪᠠᠶᠢᠨ᠎ᠠ᠃ | ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠳᠤ ᠨᠥᠬᠦᠪᠥᠷᠢ ᠥᠭᠬᠦ ᠦᠢᠯᠡᠳᠬᠦᠨ ᠢ ᠳᠠᠩᠰᠠ ᠡᠪᠬᠡᠮᠡᠯ ᠳᠤ | ᠣᠷᠣᠭᠤᠯᠬᠤ ᠠᠵᠢᠯ ᠢ ᠤᠷᠤᠭᠰᠢᠲᠠᠶ ᠪᠡᠶᠡᠯᠡᠭᠦᠯᠦᠭᠰᠡᠨ ᠨᠢ ᠮᠠᠨ ᠤ ᠣᠷᠣᠨ ᠤ ᠡᠨᠡ ᠵᠢᠯ ᠤᠨ ᠲᠠᠷᠢᠶᠠᠯᠠᠩ ᠤᠨ ᠮᠠᠰᠢᠨ | ᠬᠤᠳᠠᠯᠳᠤᠨ ᠠᠪᠬᠤ ᠳᠤ ᠨᠥᠬᠦᠪᠥᠷᠢ ᠥᠭᠬᠦ ᠲᠥᠷᠥ ᠶᠢᠨ ᠪᠣᠳᠣᠯᠭ᠎ᠠ ᠶᠢᠨ ᠤᠷᠤᠭᠰᠢᠲᠠᠶ ᠬᠡᠷᠡᠭᠵᠢᠭᠦᠯᠦᠭᠳᠡᠬᠦ ᠳᠤ | ᠰᠠᠶᠢᠨ ᠰᠠᠭᠤᠷᠢ ᠶᠢ ᠲᠠᠯᠪᠢᠵᠤ ᠥᠭᠴᠡᠶ᠃ | |