2020 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠢᠲᠠᠨ ᠤ ᠬᠢᠵᠢᠭ ᠪᠠᠶᠢᠴᠠᠭᠠᠬᠤ ᠰᠢᠯᠭᠠᠨ ᠪᠠᠶᠢᠴᠠᠭᠠᠭᠴᠢ ᠶᠢᠨ ᠲᠥᠷᠥᠯ ᠵᠦᠢᠯ ᠤᠨ ᠴᠢᠳᠠᠪᠤᠷᠢ ᠶᠢᠨ ᠰᠢᠢᠳᠪᠦᠷᠢᠲᠦ ᠤᠷᠤᠯᠳᠤᠭᠠᠨ ᠬᠥᠬᠡᠬᠤᠲᠠ ᠳᠤ ᠡᠬᠢᠯᠡᠪᠡ
ᠨᠡᠶᠢᠲᠡᠯᠡᠭᠰᠡᠨ ᠴᠠᠭ᠄
2020/12/15
   ᠤᠯᠤᠰ ᠤᠨ ᠵᠡᠭᠦᠨ ᠬᠤᠶᠢᠲᠤ ᠣᠷᠣᠨ ᠤ ᠬᠠᠷ᠎ᠠ ᠬᠥᠷᠥᠰᠥ ᠶᠢ ᠬᠠᠮᠠᠭᠠᠯᠠᠬᠤ ᠴᠢᠨᠠᠷᠲᠠᠶ ᠲᠠᠷᠢᠶᠠᠯᠠᠬᠤ ᠠᠵᠢᠯᠯᠠᠭᠠᠨ ᠤ ᠲᠥᠯᠥᠪᠯᠡᠭᠡ ᠶᠢᠨ ᠱᠠᠭᠠᠷᠳᠠᠯᠭ᠎ᠠ ᠶᠣᠰᠣᠭᠠᠷ᠂ ᠮᠠᠨ ᠤ ᠤᠷᠤᠨ ᠬᠥᠯᠥᠨ ᠪᠤᠶᠢᠷ ᠬᠤᠲᠠ᠂ ᠬᠢᠩᠭᠠᠨ ᠠᠶᠢᠮᠠᠭ᠂ ᠲᠦᠩᠯᠢᠶᠣᠤ ᠬᠤᠲᠠ᠂ ᠤᠯᠠᠭᠠᠨᠬᠠᠳᠠ ᠬᠤᠲᠠ ᠳᠤ ᠬᠠᠮᠠᠭᠠᠯᠠᠯᠲᠠ ᠶᠢᠨ ᠴᠢᠨᠠᠷᠲᠠᠶ ᠲᠠᠷᠢᠶᠠᠯᠠᠬᠤ ᠶᠢ ᠬᠡᠷᠡᠭᠵᠢᠭᠦᠯᠦᠨ᠎ᠡ᠃ 2025 ᠣᠨ ᠪᠣᠯᠬᠤ ᠳᠤ᠂ 2950 ᠲᠦᠮᠡᠨ ᠮᠦ ᠲᠠᠷᠢᠶᠠᠨ ᠭᠠᠵᠠᠷ ᠲᠤ ᠬᠠᠮᠠᠭᠠᠯᠠᠯᠲᠠ ᠶᠢᠨ ᠴᠢᠨᠠᠷᠲᠠᠶ ᠲᠠᠷᠢᠶᠠᠯᠠᠭ᠎ᠠ ᠶᠢ ᠬᠡᠷᠡᠭᠵᠢᠭᠦᠯᠵᠦ᠂ ᠥᠪᠥᠷ ᠮᠣᠩᠭᠤᠯ ᠤᠨ ᠵᠡᠭᠦᠨ ᠬᠡᠰᠡᠭ ᠤᠨ ᠳᠥᠷᠪᠡᠨ ᠠᠶᠢᠮᠠᠭ ᠬᠤᠲᠠ ᠶᠢᠨ ᠲᠣᠬᠢᠷᠠᠬᠤ ᠣᠷᠣᠨ ᠪᠦᠰᠡ ᠶᠢᠨ ᠲᠠᠷᠢᠶᠠᠨ ᠭᠠᠵᠠᠷ ᠤᠨ ᠶᠡᠷᠦᠩᠬᠡᠶ ᠲᠠᠯᠠᠪᠠᠶ ᠶᠢᠨ 70% ᠣᠷᠴᠢᠮ ᠢ  ᠡᠵᠡᠯᠡᠨ᠎ᠡ᠃    ᠬᠠᠮᠠᠭᠠᠯᠠᠯᠲᠠ ᠶᠢᠨ ᠴᠢᠨᠠᠷᠲᠠᠶ ᠲᠠᠷᠢᠶᠠᠯᠠᠭ᠎ᠠ ᠪᠣᠯ ᠲᠠᠷᠢᠮᠠᠯ ᠤᠨ ᠲᠣᠭᠲᠠᠭᠤᠨ ᠥᠨᠳᠥᠷ ᠤᠨᠠᠯᠲᠠ ᠪᠣᠯᠤᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠤᠤᠰ ᠠᠰᠢᠭ ᠢ ᠬᠦᠷᠲᠡᠬᠦ ᠦᠷᠭᠦᠯᠵᠢᠯᠡᠬᠦ ᠬᠦᠭᠵᠢᠯᠳᠡ ᠶᠢᠨ ᠲᠠᠷᠢᠶᠠᠯᠠᠩ ᠤᠨ ᠮᠡᠷᠭᠡᠵᠢᠯ ᠪᠣᠯᠤᠨ᠎ᠠ᠃ ᠲᠠᠷᠢᠶᠠᠨ ᠭᠠᠵᠠᠷ ᠤᠨ ᠬᠤᠭ ᠲᠣᠭᠤᠰᠣ ᠳᠡᠭᠳᠡᠬᠦ ᠪᠠ ᠬᠥᠷᠥᠰᠥ ᠰᠢᠷᠣᠶ ᠶᠢᠨ ᠢᠳᠡᠭᠳᠡᠯ ᠢ ᠰᠡᠷᠭᠡᠶᠢᠯᠡᠨ ᠵᠠᠰᠠᠬᠤ᠂ ᠤᠰᠤ ᠬᠤᠷᠠᠮᠳᠤᠭᠤᠯᠤᠨ ᠴᠢᠬᠢᠭ ᠢ ᠬᠠᠮᠠᠭᠠᠯᠠᠬᠤ᠂ ᠭᠠᠵᠠᠷ ᠤᠨ ᠬᠦᠴᠦ ᠰᠢᠮ᠎ᠡ ᠶᠢ ᠨᠡᠮᠡᠭᠳᠡᠭᠦᠯᠬᠦ᠂ ᠦᠪᠡᠷ ᠤᠨ ᠦᠷᠳᠡᠭ ᠢ ᠠᠷᠪᠢᠯᠠᠵᠤ ᠦᠷ᠎ᠡ ᠠᠰᠢᠭ ᠢ ᠨᠡᠮᠡᠭᠳᠡᠭᠦᠯᠬᠦ᠂ ᠡᠰᠢ ᠰᠦᠷᠡᠯ ᠢ ᠰᠢᠲᠠᠭᠠᠬᠤ ᠪᠠ ᠬᠦᠯᠡᠮᠵᠢ ᠶᠢᠨ ᠬᠡᠢ ᠪᠡᠶᠡᠲᠦ ᠶᠢ ᠭᠠᠳᠠᠭᠰᠢᠯᠠᠭᠤᠯᠬᠤ ᠶᠢ ᠪᠠᠭᠠᠰᠬᠠᠬᠤ ᠵᠡᠷᠭᠡ ᠦᠢᠯᠡᠳᠦᠯ ᠲᠠᠢ ᠶᠤᠮ᠃ ᠬᠠᠷ᠎ᠠ ᠬᠦᠷᠦᠰᠦ ᠶᠢ ᠬᠠᠮᠠᠭᠠᠯᠠᠬᠤ ᠴᠢᠨᠠᠷᠲᠠᠶ ᠲᠠᠷᠢᠶᠠᠯᠠᠭ᠎ᠠ ᠶᠢ ᠠᠮᠤ ᠪᠤᠳᠠᠭᠠᠨ ᠤ ᠦᠢᠯᠡᠳᠪᠦᠷᠢᠯᠡᠯ ᠢ ᠲᠣᠭᠲᠠᠪᠤᠷᠢᠵᠢᠭᠤᠯᠬᠤ ᠭᠤᠤᠯᠳᠠᠯᠭ᠎ᠠ ᠲᠠᠢ ᠠᠵᠢᠯ ᠪᠣᠯᠭᠠᠬᠤ ᠶᠢᠨ ᠲᠥᠯᠥᠭᠡ ᠮᠠᠨ ᠤ ᠤᠷᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠷ᠎ᠠ ᠬᠥᠷᠥᠰᠥᠲᠦ ᠭᠠᠵᠠᠷ ᠲᠤ ᠬᠠᠮᠠᠭᠠᠯᠠᠯᠳᠠ ᠶᠢᠨ ᠴᠢᠨᠠᠷᠲᠠᠶ ᠲᠠᠷᠢᠶᠠᠯᠠᠬᠤ ᠠᠵᠢᠯᠯᠠᠭᠠᠨ ᠤ ᠲᠥᠰᠦᠯ ︵2020 — 2025 ᠣᠨ︶︾ ᠪᠣᠯᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2020 ᠣᠨ ᠤ ᠬᠠᠷ᠎ᠠ ᠬᠥᠷᠥᠰᠥᠲᠦ ᠭᠠᠵᠠᠷ ᠲᠤ ᠬᠠᠮᠠᠭᠠᠯᠠᠯᠳᠠ ᠶᠢᠨ ᠴᠢᠨᠠᠷᠲᠠᠶ ᠲᠠᠷᠢᠶᠠᠯᠠᠬᠤ ᠶᠢ ᠠᠬᠢᠭᠤᠯᠬᠤ ᠠᠵᠢᠯᠯᠠᠭᠠᠨ ᠤ ᠬᠡᠷᠡᠭᠵᠢᠭᠦᠯᠬᠦ ᠲᠥᠰᠦᠯ︾ ᠢ ᠲᠣᠭᠲᠠᠭᠠᠵᠤ᠂ ᠬᠠᠮᠠᠭᠠᠯᠠᠯᠲᠠ ᠶᠢᠨ ᠴᠢᠨᠠᠷᠲᠠᠶ ᠲᠠᠷᠢᠶᠠᠯᠠᠬᠤ ᠡᠭᠦᠷᠭᠡ ᠬᠠᠷᠠᠯᠲᠠ᠂ ᠮᠡᠷᠭᠡᠵᠢᠯ ᠤᠨ ᠵᠠᠭᠪᠤᠷ᠂ ᠠᠵᠢᠯ ᠤᠨ ᠶᠠᠰᠤ ᠴᠢᠨᠠᠷ᠂ ᠨᠥᠬᠦᠪᠥᠷᠢ ᠶᠢᠨ ᠪᠠᠷᠢᠮᠵᠢᠶ᠎ᠠ ᠵᠡᠷᠭᠡ ᠶᠢ ᠲᠣᠳᠣᠷᠬᠠᠶᠢᠯᠠᠵᠠᠢ᠃ ᠡᠯ᠎ᠡ ᠵᠦᠢᠯ ᠤᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢᠨ ᠠᠬᠢᠭᠤᠯᠤᠯ ᠳᠣᠣᠷ᠎ᠠ᠂ ᠡᠨᠡ ᠵᠢᠯ᠂ ᠪᠦᠬᠦ ᠣᠷᠣᠨ ᠤ 1207 ᠲᠠᠷᠢᠶᠠᠯᠠᠩ ᠤᠨ ᠮᠠᠰᠢᠨ ᠤ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠬᠠᠮᠠᠭᠠᠯᠠᠯᠲᠠ ᠶᠢᠨ ᠴᠢᠨᠠᠷᠲᠠᠶ ᠲᠠᠷᠢᠶᠠᠯᠠᠬᠤ ᠠᠵᠢᠯ ᠳᠤ ᠣᠷᠣᠯᠴᠠᠵᠤ᠂ 3.2 ᠲᠦᠮᠡᠨ ᠲᠠᠷᠢᠶᠠᠯᠠᠬᠤ ᠡᠷᠦᠬᠡ ᠳᠤ ᠦᠢᠯᠡᠴᠢᠯᠡᠵᠦ᠂ 758.93 ᠲᠦᠮᠡᠨ ᠮᠦ ᠲᠠᠷᠢᠶᠠᠨ ᠭᠠᠵᠠᠷ ᠢ ᠬᠠᠭᠠᠯᠪᠤᠷᠢᠯᠠᠬᠤ ᠦᠭᠡᠢ ᠪᠠᠷ ᠲᠠᠷᠢᠶᠠᠯᠠᠬᠤ ᠶᠢ ᠪᠡᠶᠡᠯᠡᠭᠦᠯᠵᠦ᠂ ᠬᠦᠳᠡᠭᠡ ᠠᠵᠤ ᠠᠬᠤᠢ ᠬᠥᠳᠡᠭᠡ ᠲᠣᠰᠬᠤᠨ ᠤ ᠶᠠᠮᠤᠨ ᠠᠴᠠ ᠪᠠᠭᠤᠯᠭᠠᠭᠰᠠᠨ 700 ᠲᠦᠮᠡᠨ ᠮᠦ ᠶᠢᠨ ᠵᠢᠯ ᠤᠨ ᠡᠭᠦᠷᠭᠡ ᠶᠢ ᠳᠠᠪᠠᠭᠤᠯᠤᠨ ᠪᠡᠶᠡᠯᠡᠭᠦᠯᠵᠡᠢ᠃ ᠬᠢᠨᠠᠨ ᠬᠡᠮᠵᠢᠭᠰᠡᠨ ᠪᠠᠶᠢᠳᠠᠯ ᠠᠴᠠ ᠦᠵᠡᠪᠡᠯ᠂ ᠬᠠᠮᠠᠭᠠᠯᠠᠯᠲᠠ ᠶᠢᠨ ᠴᠢᠨᠠᠷᠲᠠᠶ ᠲᠠᠷᠢᠶᠠᠯᠠᠭ᠎ᠠ ᠶᠢᠨ ᠲᠠᠷᠢᠶᠠᠨ ᠭᠠᠵᠠᠷ ᠤᠨ ᠴᠢᠬᠢ ᠰᠠᠭᠤᠯᠭᠠᠬᠤ ᠨᠣᠷᠮ᠎ᠠ ᠨᠡᠶᠢᠳᠡᠮ ᠳᠡᠭᠡᠨ 95% ᠶᠢ ᠲᠠᠪᠠᠵᠤ᠂ ᠤᠯᠠᠮᠵᠢᠯᠠᠯᠲᠤ ᠲᠠᠷᠢᠶᠠᠨ ᠭᠠᠵᠠᠷ ᠤᠨ ᠬᠢ ᠠᠴᠠ ᠥᠨᠳᠥᠷ᠂ ᠴᠢᠬᠢ ᠨᠢ ᠢᠳᠡᠷᠡᠭᠦᠨ᠂ ᠮᠥ ᠲᠤᠮᠲᠠᠴᠢ ᠶᠢᠨ ᠠᠷᠪᠢᠯᠠᠬᠤ ᠥᠪᠡᠷ ᠤᠨ ᠥᠷᠲᠡᠭ 40 - 60 ᠲᠥᠭᠦᠷᠢᠭ ᠪᠤᠯᠤᠨ᠎ᠠ᠃
 
ᠢᠷᠡᠯᠲᠡ᠄ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠲᠠᠷᠢᠶᠠᠯᠠᠩ ᠮᠠᠯ ᠠᠵᠦ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠭᠢᠮ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2