ᠦᠬᠡᠷ ᠬᠤᠨᠢᠨ ᠤ ᠪᠷᠦ᠋ᠼᠧᠯ ᠡᠪᠡᠳᠴᠢᠨ ᠳᠤ ᠰᠡᠷᠭᠡᠶᠢᠯᠡᠯᠲᠡ ᠶᠢᠨ ᠡᠮᠲᠦ ᠪᠤᠳᠠᠰ ᠢ ᠠᠮᠠ ᠪᠠᠷ ᠴᠢᠳᠬᠤᠵᠤ ᠂ ᠬᠢᠵᠢᠭ ᠢ ᠰᠡᠷᠭᠡᠶᠢᠯᠡᠬᠦ ᠳᠤ ᠠᠩᠬᠠᠷᠬᠤ ᠵᠦᠢᠯ
ᠨᠡᠶᠢᠲᠡᠯᠡᠭᠰᠡᠨ ᠴᠠᠭ᠄
2020/12/15
     ᠦᠬᠡᠷ ᠬᠤᠨᠢᠨ ᠤ ᠪᠷᠦ᠋ᠼᠧᠯ ᠡᠪᠡᠳᠴᠢᠨ ᠳᠤ ᠰᠡᠷᠭᠡᠶᠢᠯᠡᠯᠲᠡ ᠶᠢᠨ ᠡᠮᠲᠦ ᠪᠤᠳᠠᠰ ᠢ ᠠᠮᠠ ᠪᠠᠷ ᠴᠢᠳᠬᠤᠵᠤ᠂ ᠬᠢᠵᠢᠭ ᠢ ᠰᠡᠷᠭᠡᠶᠢᠯᠡᠬᠦ ᠨᠢ ᠪᠷᠦ᠋ᠼᠧᠯ ᠡᠪᠡᠳᠴᠢᠨ ᠤ ᠬᠠᠯᠳᠠᠪᠤᠷᠢᠯᠠᠯ ᠢ ᠬᠢᠵᠠᠭᠠᠷᠯᠠᠬᠤ ᠬᠠᠮᠤᠭ ᠬᠢᠮᠳᠠ ᠪᠥᠭᠡᠳ ᠬᠡᠷᠡᠭᠯᠡᠭᠡᠲᠦ ᠴᠢᠨᠠᠷ ᠢᠶᠠᠷ ᠴᠢᠩᠭ᠎ᠠ ᠠᠷᠭ᠎ᠠ ᠪᠣᠯᠣᠨ᠎ᠠ᠃ ᠦᠬᠡᠷ ᠬᠤᠨᠢᠨ ᠤ ᠪᠷᠦ᠋ᠼᠧᠯ ᠡᠪᠡᠳᠴᠢᠨ ᠤ S2 ᠸᠠᠺᠼᠢᠨ ᠢ ᠠᠮᠠ ᠳᠤ ᠴᠢᠳᠬᠤᠬᠤ ᠳᠤ ᠠᠩᠬᠠᠷᠬᠤ ᠵᠦᠢᠯ᠄ 1᠂ ᠠᠮᠠ ᠪᠠᠷ ᠴᠢᠳᠬᠤᠵᠣ ᠬᠢᠵᠢᠭ ᠢ ᠰᠡᠷᠭᠡᠶᠢᠯᠡᠬᠦ ᠠᠴᠠ ᠡᠮᠦᠨ᠎ᠡ ᠬᠤᠷᠢᠶ᠎ᠠ ᠬᠠᠰᠢᠶᠠᠨ ᠤ ᠭᠠᠵᠠᠷ ᠤᠨ ᠭᠠᠳᠠᠷᠭᠤ ᠳᠤ ᠤᠷᠢᠳᠠᠪᠠᠷ ᠠᠷᠢᠭᠤᠳᠬᠠᠯ ᠤᠨ ᠰᠢᠩᠭᠡᠨ ᠰᠦᠷᠴᠢᠵᠦ᠂ ᠭᠠᠵᠠᠷ ᠤᠨ ᠭᠠᠳᠠᠷᠭᠤ ᠶᠢ ᠨᠣᠷᠭᠠᠪᠠᠯ ᠵᠣᠬᠢᠨ᠎ᠠ᠂ ᠢᠩᠭᠢᠪᠡᠯ ᠲᠣᠭᠤᠰᠣ ᠪᠣᠵᠢᠭᠢᠨᠠᠬᠤ ᠶᠢ ᠰᠡᠷᠭᠡᠶᠢᠯᠡᠬᠦ ᠦᠢᠯᠡᠳᠦᠯ ᠲᠠᠢ ᠪᠠᠶᠢᠵᠤ᠂ ᠬᠢᠵᠢᠭ ᠰᠡᠷᠭᠡᠶᠢᠯᠡᠬᠦ ᠠᠵᠢᠯᠲᠠᠳ ᠤᠨ ᠬᠤᠷᠢᠶ᠎ᠠ ᠬᠠᠰᠢᠶᠠᠨ ᠳᠠᠬᠢ ᠬᠤᠭ ᠲᠣᠭᠤᠰᠣ ᠵᠢᠴᠢ ᠡᠪᠡᠳᠴᠢᠨ ᠤ ᠮᠢᠺᠷᠣᠪ ᠢ ᠰᠣᠷᠤᠨ ᠤᠷᠤᠭᠤᠯᠬᠤ ᠠᠴᠠ ᠰᠡᠷᠭᠡᠶᠢᠯᠡᠵᠦ ᠴᠢᠳᠠᠨ᠎ᠠ᠃ 2᠂ ᠬᠢᠵᠢᠭ ᠰᠡᠷᠭᠡᠶᠢᠯᠡᠬᠦ ᠠᠵᠢᠯᠲᠠᠳ ᠠᠴᠠ ᠬᠠᠮᠠᠭᠠᠯᠠᠯᠲᠠᠲᠤ ᠬᠤᠪᠴᠠᠰᠤ᠂ ᠠᠮᠠᠪᠴᠢ᠂ ᠬᠠᠷᠠᠭ᠎ᠠ ᠬᠠᠮᠠᠭᠠᠯᠠᠬᠤ ᠰᠢᠯ᠂ ᠤᠰᠤᠨ ᠭᠤᠲᠤᠯ ᠵᠡᠷᠭᠡ ᠬᠤᠪᠢ ᠬᠦᠮᠦᠨ ᠤ ᠬᠠᠮᠠᠭᠠᠯᠠᠯᠲᠠᠲᠤ ᠶᠢᠨ ᠬᠡᠷᠡᠭᠰᠡᠯ ᠢᠶᠠᠨ ᠪᠦᠷᠢᠨ ᠵᠥᠪ ᠡᠮᠦᠰᠴᠦ ᠵᠡᠭᠦᠵᠦ᠂ ᠪᠡᠶ᠎ᠡ ᠳᠡᠭᠡᠨ ᠠᠷᠢᠭᠤᠳᠬᠠᠬᠤ ᠡᠮ ᠠᠪᠴᠦ ᠶᠠᠪᠤᠨ᠎ᠠ᠃ 3᠂ ᠸᠠᠺᠼᠢᠨ ᠢ ᠰᠢᠩᠭᠡᠷᠡᠭᠦᠯᠬᠦ ᠠᠴᠠ ᠡᠮᠦᠨ᠎ᠡ ᠸᠠᠺᠼᠢᠨ ᠤ ᠪᠣᠭᠤᠳᠠᠯ ᠪᠠᠭᠯᠠᠭ᠎ᠠ ᠨᠢ ᠪᠦᠲᠦᠨ ᠡᠰᠡᠬᠦ ᠶᠢ ᠨᠠᠷᠢᠨ ᠬᠢᠨᠠᠮᠠᠭᠠᠢ ᠪᠠᠶᠢᠴᠠᠭᠠᠨ ᠦᠵᠡᠵᠦ᠂ ᠡᠭᠦᠨ ᠳᠤ ᠸᠠᠺᠼᠢᠨ ᠤ ᠨᠡᠷᠡᠶᠢᠳᠦᠯ᠂ ᠬᠢᠵᠢᠭ ᠢ ᠰᠡᠷᠭᠡᠶᠢᠯᠡᠬᠦ ᠡᠮ ᠤᠨ ᠬᠡᠮᠵᠢᠶ᠎ᠡ᠂ ᠦᠢᠯᠡᠳᠪᠦᠷᠢᠯᠡᠭᠰᠡᠨ ᠦᠢᠯᠡᠳᠪᠦᠷᠢ ᠵᠢᠴᠢ ᠳ᠋ᠤᠭᠠᠷᠯᠠᠯ᠂ ᠵᠥᠪᠰᠢᠶᠡᠷᠡᠭᠰᠡᠨ ᠪᠢᠴᠢᠭ ᠤᠨ ᠳ᠋ᠤᠭᠠᠷ᠂ ᠬᠦᠴᠦᠨ ᠲᠠᠢ ᠬᠤᠭᠤᠴᠠᠭ᠎ᠠ᠂ ᠬᠦᠴᠦᠨ ᠦᠭᠡᠢ ᠪᠣᠯᠬᠤ ᠬᠤᠭᠤᠴᠠᠭ᠎ᠠ ᠶᠢ ᠴᠦᠮ ᠨᠠᠷᠢᠨ ᠦᠵᠡᠨ᠎ᠡ᠃ ᠯᠣᠩᠬᠤᠨ ᠤ ᠠᠮᠠᠰᠠᠷ ᠨᠢ ᠰᠤᠯᠠᠷᠠᠭᠰᠠᠨ᠂ ᠸᠠᠺᠼᠢᠨ ᠤ ᠯᠣᠩᠬᠤ ᠨᠢ ᠡᠪᠳᠡᠭᠳᠡᠨ ᠰᠦᠢᠳᠦᠭᠰᠡᠨ᠂ ᠬᠦᠴᠦᠨ ᠲᠠᠢ ᠬᠤᠭᠤᠴᠠᠭ᠎ᠠ ᠨᠢ ᠬᠡᠲᠦᠷᠡᠭᠰᠡᠨ᠂ ᠥᠩᠭᠡ ᠪᠤᠳᠤᠭ ᠨᠢ ᠲᠣᠳᠤᠷᠬᠠᠶᠢᠯᠠᠯᠲᠠ ᠲᠠᠢ ᠨᠡᠶᠢᠴᠡᠬᠦ ᠦᠬᠡᠢ᠂ ᠦᠨᠦᠷ ᠪᠠ ᠹᠢᠽᠢᠺ ᠤᠨ ᠬᠡᠯᠪᠡᠷᠢ ᠳᠦᠷᠰᠦ ᠨᠢ ᠬᠡᠪ ᠤᠨ ᠪᠤᠰᠤ ᠵᠡᠷᠭᠡ ᠪᠠᠶᠢᠳᠠᠯ ᠲᠠᠢ ᠦᠶᠡᠰ ᠬᠡᠷᠡᠭᠯᠡᠵᠦ ᠪᠣᠯᠬᠤ ᠦᠭᠡᠢ᠃ 4᠂ ᠲᠣᠳᠣᠷᠬᠠᠶᠢᠯᠠᠯᠲᠠ ᠶᠢᠨ ᠱᠠᠭᠠᠷᠳᠠᠯᠭ᠎ᠠ ᠶᠣᠰᠤᠭᠠᠷ᠂ ᠨᠠᠶᠢᠷᠠᠭᠤᠯᠤᠨ ᠬᠡᠷᠡᠭᠯᠡᠬᠦ ᠬᠡᠷᠡᠭᠲᠡᠶ᠃ ᠨᠠᠶᠢᠷᠠᠯᠭ᠎ᠠ ᠶᠢᠨ ᠬᠡᠮᠵᠢᠶ᠎ᠡ ᠨᠢ ᠵᠥᠪ ᠣᠨᠣᠪᠴᠢᠲᠠᠶ᠂ ᠬᠢᠵᠢᠭ ᠢ ᠰᠡᠷᠭᠡᠶᠢᠯᠡᠬᠦ ᠠᠷᠭ᠎ᠠ ᠵᠠᠮ ᠪᠠ ᠠᠷᠭ᠎ᠠ ᠠᠪᠴᠠᠯ ᠨᠢ ᠵᠥᠪ ᠪᠠᠶᠢᠬᠤ ᠬᠡᠷᠡᠭᠲᠡᠶ᠂ ᠲᠤᠬᠠᠶᠢᠯᠠᠪᠠᠯ ᠪᠢᠲᠡᠭᠦᠮᠵᠢᠯᠡᠭᠰᠡᠨ ᠬᠡᠯᠪᠡᠷᠢᠲᠦ ᠡᠮ ᠣᠯᠭᠤᠬᠤ ᠫᠤᠤ ᠪᠠᠷ ᠴᠢᠳᠬᠤᠵᠤ᠂ ᠬᠢᠵᠢᠭ ᠢ ᠰᠡᠷᠭᠡᠶᠢᠯᠡᠨ᠎ᠡ᠃ 5᠂ ᠬᠡᠷᠡᠭᠯᠡᠵᠦ ᠥᠩᠭᠡᠷᠡᠭᠰᠡᠨ ᠸᠠᠺᠼᠢᠨ ᠤ ᠯᠣᠩᠬᠤ᠂ ᠪᠠᠭᠠᠵᠢ ᠬᠡᠷᠡᠭᠰᠡᠯ ᠪᠠ ᠬᠡᠷᠡᠭᠯᠡᠵᠦ ᠳᠠᠭᠤᠰᠤᠭᠰᠠᠨ ᠦᠭᠡᠢ ᠸᠠᠺᠼᠢᠨ ᠵᠡᠷᠭᠡ ᠢ ᠬᠤᠣᠷ ᠦᠭᠡᠶᠢᠳᠡᠭᠦᠯᠦᠨ ᠰᠢᠢᠳᠪᠦᠷᠢᠯᠡᠵᠦ᠂ ᠶᠠᠭᠠᠬᠢᠭᠰᠠᠨ ᠴᠤ ᠳᠤᠷ᠎ᠠ ᠪᠠᠷ ᠬᠠᠶᠠᠵᠤ ᠪᠣᠯᠬᠤ ᠦᠭᠡᠢ᠃ 6᠂ ᠦᠬᠡᠷ ᠬᠤᠨᠢ ᠳᠤ ᠬᠢᠵᠢᠭ ᠢ ᠰᠡᠷᠭᠡᠶᠢᠯᠡᠭᠰᠡᠨ ᠤ ᠳᠠᠷᠠᠭ᠎ᠠ ᠨᠢᠭᠡ ᠴᠠᠭ ᠤᠨ ᠳᠣᠲᠤᠷ᠎ᠠ ᠤᠰᠤᠯᠠᠵᠤ ᠲᠡᠵᠢᠭᠡᠯ ᠪᠣᠷᠳᠤᠭ᠎ᠠ ᠥᠭᠴᠦ ᠪᠣᠯᠬᠤ ᠦᠭᠡᠢ᠃ᠢᠷᠡᠯᠳᠠ᠄ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠲᠠᠷᠢᠶᠠᠯᠠᠩ ᠮᠠᠯ ᠠᠵᠦ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠭᠢᠮ        ᠲᠡᠪᠰᠢᠭᠦᠯᠦᠭᠰᠡᠨ ᠨᠢ᠄ ᠤᠶᠠᠬᠠᠨ
 
ᠢᠷᠡᠯᠲᠡ᠄ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠲᠠᠷᠢᠶᠠᠯᠠᠩ ᠮᠠᠯ ᠠᠵᠦ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠭᠢᠮ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2