ᠨᠢᠭᠡ᠂ ᠬᠠᠮᠢᠶᠠᠷᠤᠯᠲᠠ ᠳᠠᠷᠤᠢ ᠰᠢᠨᠵᠢᠯᠡᠬᠦ ᠤᠬᠠᠭᠠᠨᠴᠢ ᠪᠠᠷ ᠠᠷᠠᠴᠢᠯᠠᠭ᠎ᠠ ᠬᠠᠮᠢᠶᠠᠷᠤᠯᠲᠠ ᠶᠢᠨ ᠠᠷᠭ᠎ᠠ | ᠪᠤᠯᠤᠨ᠎ᠠ᠃ ᠠᠵᠤ ᠠᠬᠤᠶ ᠶᠢᠨ ᠦᠷ᠎ᠡ ᠠᠰᠢᠭ ᠢᠶᠠᠷ ᠨᠡᠯᠢᠶᠡᠳ ᠰᠠᠶᠢᠨ ᠬᠤᠨᠢ ᠲᠡᠵᠢᠭᠡᠵᠦ ᠪᠠᠶᠢᠭ᠎ᠠ ᠡᠷᠦᠬᠡ ᠶᠢᠨ | ᠣᠯᠠᠩᠬᠢ ᠨᠢ ᠬᠤᠨᠢ ᠪᠠᠨ ᠬᠠᠰᠢᠶᠠᠯᠠᠨ ᠲᠡᠵᠢᠭᠡᠵᠦ᠂ ᠡᠪᠡᠰᠦ ᠪᠣᠷᠳᠤᠭ᠎ᠠ᠂ ᠲᠡᠵᠢᠭᠡᠯ ᠪᠣᠷᠳᠤᠭ᠎ᠠ ᠪᠠᠨ ᠵᠦᠢ ᠵᠣᠬᠢᠰᠲᠠᠶ | ᠬᠠᠪᠰᠤᠷᠭᠠᠨ ᠬᠠᠰᠢᠶᠠᠯᠠᠵᠤ ᠲᠡᠵᠢᠭᠡᠳᠡᠭ᠂ ᠢᠩᠭᠢᠬᠦ ᠨᠢ ᠮᠠᠯᠴᠢᠳ ᠤᠨ ᠬᠥᠳᠡᠯᠮᠥᠷᠢ ᠬᠦᠴᠦ ᠶᠢ ᠠᠷᠪᠢᠯᠠᠵᠤ᠂ | ᠮᠡᠷᠭᠡᠵᠢᠯ ᠤᠨ ᠡᠷᠴᠢᠮ ᠢᠶᠠᠨ ᠴᠢᠩᠭᠠᠷᠠᠭᠤᠯᠬᠤ ᠴᠢᠳᠠᠨ᠎ᠠ᠃ ᠬᠤᠶᠠᠷ᠂ ᠰᠤᠩᠭᠤᠯᠲᠠ ᠳᠠᠷᠤᠢ ᠬᠤᠨᠢᠨ ᠰᠦᠷᠦᠭ ᠤᠨ | ᠪᠦᠲᠦᠴᠡ ᠶᠢ ᠰᠢᠯᠢᠳᠡᠭᠵᠢᠭᠦᠯᠦᠨ᠎ᠡ᠃ ᠰᠢᠯᠢᠳᠡᠭ ᠢ ᠨᠢ ᠦᠯᠡᠳᠡᠭᠡᠵᠦ ᠰᠢᠭᠠᠷᠤ ᠶᠢ ᠨᠢ ᠲᠠᠶᠠᠭᠲᠠᠬᠤ ᠪᠠᠷ ᠳᠠᠮᠵᠢᠨ᠂ | ᠵᠢᠯ ᠳᠠᠷᠠᠭᠠᠯᠠᠨ ᠬᠥᠭᠰᠢᠨ ᠬᠤᠨᠢ ᠪᠣᠯᠤᠨ ᠦᠢᠯᠡᠳᠪᠦᠷᠢᠯᠡᠯ ᠤᠨ ᠴᠢᠳᠠᠪᠬᠢ ᠠᠨᠠᠢ ᠬᠤᠨᠢ ᠶᠢ ᠴᠠᠭ ᠲᠤᠬᠠᠶ ᠳᠤᠨᠢ | ᠲᠠᠶᠠᠭᠳᠠᠵᠤ᠂ ᠤᠯᠠᠨ ᠤᠳᠠᠭ᠎ᠠ ᠰᠣᠩᠭᠤᠵᠤ᠂ ᠲᠦᠷᠦᠯ ᠬᠤᠭᠤᠴᠠᠭ᠎ᠠ ᠬᠤᠪᠢᠶᠠᠨ ᠪᠤᠶᠢᠵᠢᠭᠤᠯᠵᠤ᠂ ᠲᠤᠬᠠᠶ ᠶᠢᠨ | ᠴᠠᠭ ᠦᠶ᠎ᠡ ᠪᠤᠯᠤᠨ ᠵᠠᠬ᠎ᠠ ᠳᠡᠯᠭᠡᠭᠦᠷ ᠤᠨ ᠪᠠᠶᠢᠳᠠᠯ ᠳᠤᠨᠢ ᠲᠣᠬᠢᠷᠠᠭᠤᠯᠬᠤ ᠶᠢ ᠪᠠᠷᠢᠮᠲᠠᠯᠠᠵᠤ᠂ ᠠᠯᠬᠤᠮ | ᠲᠠᠷᠠᠭ᠎ᠠ ᠲᠠᠢ ᠪᠠᠷ ᠤᠷᠤᠭᠰᠢᠯᠠᠭᠤᠯᠬᠤ ᠵᠠᠷᠴᠢᠮ ᠢᠶᠠᠷ ᠬᠤᠨᠢᠨ ᠰᠦᠷᠦᠭ ᠤᠨ ᠪᠦᠲᠦᠴᠡ ᠶᠢ ᠳᠠᠰᠤᠷᠠᠯᠲᠠ ᠦᠭᠡᠢ | ᠰᠢᠯᠢᠳᠡᠭᠵᠢᠭᠦᠯᠵᠦ᠂ ᠠᠵᠤ ᠠᠬᠤᠶ ᠶᠢᠨ ᠦᠷ᠎ᠡ ᠠᠰᠢᠭ ᠢ ᠲᠡᠰᠤᠷᠡᠯᠳᠡ ᠦᠭᠡᠢ ᠳᠡᠭᠡᠭᠰᠢᠯᠡᠭᠦᠯᠦᠨ᠎ᠡ᠃ ᠰᠠᠶ᠋ᠢ | ᠲᠥᠷᠦᠭᠰᠡᠨ᠂ ᠰᠦᠨ ᠠᠴᠠ ᠰᠠᠯᠭᠠᠬᠤ᠂ ᠨᠢᠭᠡ ᠨᠠᠰᠤᠯᠠᠬᠤ ᠵᠡᠷᠭᠡ ᠭᠤᠷᠪᠠᠨ ᠱᠠᠲᠤ ᠪᠠ ᠦᠷᠡᠵᠢᠯ ᠤᠨ ᠴᠢᠳᠠᠪᠤᠷᠢ | ᠵᠢᠴᠢ ᠬᠤᠶᠢᠴᠢ ᠦᠶ᠎ᠡ ᠶᠢᠨ ᠬᠢᠨᠢ ᠥᠰᠥᠯᠲᠡ ᠶᠢᠨ ᠬᠤᠷᠳᠤᠴᠠ ᠵᠡᠷᠭᠡ ᠣᠯᠠᠨ ᠲᠠᠯ᠎ᠠ ᠶᠢ ᠴᠢᠬᠤᠯᠠᠴᠢᠯᠠᠨ᠎ᠠ᠃ | ᠭᠤᠷᠪᠠ᠂ ᠬᠡᠭᠡᠯᠳᠦᠭᠦᠯᠭᠡ᠂ ᠥᠭᠡᠷ᠎ᠡ ᠪᠠᠷ ᠬᠡᠯᠡᠪᠡᠯ ᠰᠣᠩᠭᠤᠵᠣ ᠬᠡᠭᠡᠯᠳᠦᠭᠦᠯᠬᠦ ᠪᠠ ᠬᠡᠭᠡᠯᠲᠦᠭᠦᠯᠬᠦ ᠠᠷᠭ᠎ᠠ ᠪᠤᠯᠤᠨ᠎ᠠ᠃ | ᠡᠬᠡ ᠮᠠᠯ ᠡᠴᠢᠭᠡ ᠮᠠᠯ ᠤᠨ ᠪᠤᠳᠠᠭᠠᠯᠢ ᠪᠡᠶ᠎ᠡ ᠶᠢᠨ ᠰᠣᠩᠭᠤᠯᠲᠠ ᠪᠠᠷ ᠳᠠᠮᠵᠢᠨ᠂ ᠰᠢᠨᠵᠢᠯᠡᠬᠦ ᠤᠬᠠᠭᠠᠨᠴᠢ | ᠬᠡᠭᠡᠯᠳᠦᠭᠦᠯᠭᠡ ᠶᠢᠨ ᠠᠷᠭ᠎ᠠ ᠶᠢ ᠬᠡᠷᠡᠭᠯᠡᠵᠦ᠂ ᠰᠢᠯᠢᠳᠡᠭ ᠢ ᠨᠢ ᠰᠢᠯᠢᠳᠡᠭ ᠢᠶᠠᠷ ᠨᠢ ᠬᠡᠭᠡᠯᠳᠦᠭᠦᠯᠵᠦ᠂ ᠪᠥᠬᠦᠨ ᠢ | ᠬᠡᠭᠡᠯᠳᠦᠭᠦᠯᠵᠦ᠂ ᠪᠥᠭᠦᠳᠡ ᠬᠡᠭᠡᠯᠳᠦᠬᠦ ᠵᠣᠷᠢᠯᠭ᠎ᠠ ᠳᠤ ᠬᠦᠷᠦᠨ᠎ᠡ᠃ ᠰᠠᠶᠢᠨ ᠡᠭᠦᠯᠳᠡᠷ ᠤᠨ ᠦᠷ᠎ᠡ ᠶᠢᠨ ᠮᠠᠯ ᠢ | ᠭᠦᠢᠴᠡᠳ ᠰᠠᠶᠢᠨ ᠠᠰᠢᠭᠯᠠᠵᠤ ᠪᠣᠯᠬᠤ ᠮᠥᠷᠲᠡᠭᠡᠨ ᠲᠥᠯᠯᠡᠬᠦ ᠤᠯᠠᠷᠢᠯ᠂ ᠬᠡᠭᠡᠯᠲᠦᠭᠦᠯᠬᠦ ᠳᠠᠪᠲᠠᠮᠵᠢ ᠶᠢ ᠬᠥᠮᠦᠨ ᠤ | ᠬᠦᠴᠦ ᠪᠠᠷ ᠡᠵᠡᠮᠰᠢᠵᠦ ᠳᠡᠶᠢᠯᠬᠦ ᠪᠤᠯᠭᠠᠵᠤ᠂ ᠣᠷᠤᠭ᠎ᠠ ᠵᠢᠭᠳᠡᠷᠡᠭᠦᠯᠬᠦ ᠵᠡᠷᠭᠡ ᠣᠷᠤᠭ᠎ᠠ ᠶᠢ ᠡᠵᠡᠮᠰᠢᠬᠦ ᠮᠡᠷᠭᠡᠵᠢᠯ ᠢ | ᠭᠡᠷᠡᠭᠯᠡᠵᠦ᠂ ᠡᠬᠡ ᠮᠠᠯ ᠢ ᠲᠣᠬᠢᠷᠠᠮᠵᠢᠲᠠᠢ ᠴᠠᠭ ᠲᠤ ᠲᠥᠪᠯᠡᠷᠡᠭᠦᠯᠦᠨ ᠣᠷᠤᠭ᠎ᠠ ᠣᠷᠣᠭᠤᠯᠵᠣ᠂ ᠣᠬᠤᠷᠬᠠᠨ | ᠬᠤᠭᠤᠴᠠᠭᠠᠨ ᠳᠤ ᠬᠡᠭᠡᠯᠳᠦᠭᠦᠯᠦᠨ᠂ ᠬᠡᠭᠡᠯᠳᠦᠭᠦᠯᠬᠦ ᠨᠣᠷᠮ᠎ᠠ᠂ ᠬᠡᠭᠡᠯᠳᠦᠭᠦᠯᠭᠡ ᠶᠢᠨ ᠨᠤᠷᠮ᠎ᠠ ᠶᠢ ᠨᠡᠯᠢᠶᠡᠳ ᠥᠨᠳᠥᠷ | ᠪᠣᠯᠭᠠᠨ᠂ ᠦᠷᠡᠵᠢᠯ ᠤᠨ ᠨᠠᠰᠤᠨ ᠤ ᠡᠬᠡ ᠮᠠᠯ ᠢ ᠪᠥᠬᠦᠨ ᠢ ᠬᠡᠭᠡᠯᠳᠦᠭᠦᠯᠬᠦ ᠪᠠᠷ ᠪᠠᠷᠠᠬᠤ ᠦᠭᠡᠢ ᠪᠠᠰᠠ ᠬᠤᠷᠠᠭᠠᠨ ᠤ | ᠶᠠᠰᠤ ᠴᠢᠨᠠᠷ ᠢ ᠳᠡᠭᠡᠭᠰᠢᠯᠡᠭᠦᠯᠦᠨ᠎ᠡ᠃ ᠳᠥᠷᠪᠡ᠂ ᠪᠤᠶᠢᠵᠢᠭᠤᠯᠤᠯᠲᠠ᠂ ᠳᠠᠷᠣᠢ ᠬᠤᠨᠢ ᠪᠤᠶᠢᠵᠢᠭᠤᠯᠬᠤ ᠠᠷᠭ᠎ᠠ | ᠬᠡᠮᠵᠢᠶ᠎ᠡ᠃ ᠡᠬᠡ ᠮᠠᠯ ᠤᠨ ᠬᠡᠭᠡᠯ ᠤᠨ ᠰᠡᠭᠦᠯᠴᠢ ᠶᠢᠨ ᠬᠤᠭᠤᠴᠠᠭ᠎ᠠ ᠵᠢᠴᠢ ᠬᠥᠬᠦᠯ ᠤᠨ ᠡᠬᠢᠨ ᠤ ᠬᠤᠭᠤᠴᠠᠭᠠᠨ ᠳᠤ᠂ | ᠵᠦᠢ ᠵᠣᠬᠢᠰᠲᠠᠶ ᠪᠤᠷᠳᠤᠭ᠎ᠠ ᠨᠥᠬᠦᠪᠥᠷᠢᠯᠡᠬᠦ ᠶᠢᠨ ᠬᠠᠮᠲᠤ ᠤᠰᠤᠯᠠᠬᠤ᠂ ᠳᠠᠪᠤᠰᠤ ᠨᠥᠬᠦᠬᠦ ᠪᠠ ᠬᠠᠰᠢᠶ᠎ᠠ | ᠰᠠᠷᠠᠪᠴᠢ ᠶᠢᠨ ᠠᠷᠢᠭᠤᠨ ᠴᠡᠪᠡᠷ ᠢ ᠰᠠᠶᠢᠳᠣᠷ ᠠᠩᠬᠠᠷᠴᠦ᠂ ᠨᠥᠬᠦᠪᠥᠷᠢ ᠪᠤᠷᠳᠤᠭ᠎ᠠ ᠨᠢ ᠡᠯ᠎ᠡ ᠭᠠᠵᠠᠷ ᠤᠨ ᠪᠤᠷᠳᠤᠭ᠎ᠠ | ᠡᠪᠡᠰᠦ ᠵᠢᠴᠢ ᠤᠯᠠᠷᠢᠯ᠂ ᠡᠬᠡ ᠮᠠᠯ ᠤᠨ ᠪᠠᠶᠢᠳᠠᠯ ᠤᠨ ᠠᠳᠠᠯᠢ ᠪᠤᠰᠤ ᠶᠢ ᠦᠨᠳᠦᠰᠦᠯᠡᠨ᠎ᠡ᠂ ᠨᠠᠷᠢᠯᠢᠭ ᠪᠣᠷᠳᠤᠭ᠎ᠠ ᠨᠢ | ᠡᠷᠳᠡᠨᠢ ᠰᠢᠰᠢ 51%᠂ ᠬᠡᠪᠡᠭ 8%᠂ ᠪᠣᠣᠪᠤ ᠶᠢᠨ ᠲᠥᠷᠥᠯ 23%᠂ ᠴᠠᠷᠭᠠᠰᠤ ᠶᠢᠨ ᠲᠠᠯᠬ᠎ᠠ 10%᠂ | ᠶᠠᠰᠤᠨ ᠲᠠᠯᠬ᠎ᠠ 3%᠂ ᠢᠳᠡᠰᠢᠨ ᠳᠠᠪᠤᠰᠤ 2%᠂ ᠹᠣᠰᠹᠣᠷ ᠬᠦᠴᠢᠯ ᠤᠨ ᠤᠰᠤᠲᠥ᠋ᠷᠥᠭᠴᠢᠲᠦ ᠺᠠᠯᠼ 3% | ᠵᠡᠷᠭᠡ ᠪᠠᠷ ᠪᠥᠷᠢᠯᠳᠦᠭᠦᠯᠵᠦ᠂ ᠡᠷᠲᠡ ᠣᠷᠣᠶ ᠬᠤᠶᠠᠷ ᠤᠳᠠᠭ᠎ᠠ ᠬᠤᠪᠢᠶᠠᠨ ᠪᠤᠷᠳᠤᠭ᠎ᠠ ᠨᠥᠬᠦᠪᠥᠷᠢᠯᠡᠬᠦ ᠪᠥᠭᠡᠳ | ᠵᠣᠬᠢᠬᠤ ᠬᠡᠮᠵᠢᠶᠡᠨ ᠤ ᠴᠢᠨᠠᠷ ᠰᠠᠶᠢᠲᠠᠶ ᠲᠡᠵᠢᠭᠡᠯ ᠡᠪᠡᠰᠦ ᠥᠭᠭᠦᠨ᠎ᠡ᠃ ᠲᠠᠪᠤ᠂ ᠰᠡᠷᠭᠡᠶᠢᠯᠡᠯᠲᠡ᠂ ᠥᠭᠡᠷ᠎ᠡ ᠪᠠᠷ | ᠬᠡᠯᠡᠪᠡᠯ ᠡᠪᠡᠳᠴᠢᠨ ᠢ ᠤᠷᠢᠳᠴᠢᠯᠠᠨ ᠰᠡᠷᠭᠡᠶᠢᠯᠡᠨ᠎ᠡ᠃ ᠬᠡᠪ ᠤᠨ ᠰᠡᠷᠭᠡᠶᠢᠯᠡᠬᠦ ᠲᠠᠷᠢᠯᠭ᠎ᠠ ᠬᠢᠬᠦ ᠠᠴᠠ ᠭᠠᠳᠠᠨ᠎ᠠ᠂ | ᠨᠣᠣᠰᠣ ᠬᠠᠶᠢᠴᠢᠯᠠᠭᠰᠠᠨ ᠤ ᠳᠠᠷᠠᠭ᠎ᠠ ᠡᠮᠲᠦ ᠤᠭᠢᠶᠠᠯᠭ᠎ᠠ ᠬᠢᠵᠦ᠂ ᠵᠢᠯ ᠪᠤᠯᠭᠠᠨ ᠤ ᠬᠠᠪᠤᠷ ᠨᠠᠮᠤᠷ ᠬᠤᠶᠠᠷ | ᠤᠯᠠᠷᠢᠯ ᠳᠤ ᠴᠥᠩ ᠺᠧ ᠰᠢᠩ ︵虫克星︶ ᠵᠡᠷᠭᠡ ᠶᠢ ᠬᠡᠷᠡᠭᠯᠡᠵᠦ ᠬᠤᠷᠣᠬᠠᠶ ᠬᠥᠭᠡᠭᠡᠨ᠎ᠡ᠃ ᠡᠭᠦᠨ ᠤ | ᠬᠠᠮᠲᠤ ᠬᠥᠳᠡᠯᠭᠡᠭᠡᠨ ᠤ ᠲᠠᠯᠠᠪᠤᠷ᠂ ᠬᠠᠰᠢᠶ᠎ᠠ ᠰᠠᠷᠠᠪᠴᠢ ᠶᠢᠨ ᠡᠭᠦᠳᠡᠨ ᠳᠡᠭᠡᠷ᠎ᠡ ᠨᠢ ᠡᠪᠡᠰᠦ ᠮᠣᠳᠣᠨ ᠤ ᠦᠨᠡᠰᠦ | ᠵᠡᠷᠭᠡ ᠶᠢ ᠰᠦᠷᠴᠢᠵᠦ ᠠᠷᠢᠭᠤᠳᠬᠠᠨ᠎ᠠ᠂ ᠬᠡᠪ ᠤᠨ ᠪᠤᠰᠤ ᠪᠤᠶᠤ ᠡᠪᠡᠳᠴᠢᠨ ᠲᠠᠢ ᠬᠤᠨᠢ ᠶᠢ ᠳᠤᠰᠠᠭᠠᠷᠯᠠᠨ ᠡᠮᠨᠡᠵᠦ᠂ | ᠡᠪᠡᠳᠴᠢᠯᠡᠬᠦ ᠨᠤᠷᠮ᠎ᠠ ᠪᠠ ᠦᠬᠦᠯᠲᠡ ᠶᠢᠨ ᠨᠤᠷᠮ᠎ᠠ ᠶᠢ ᠪᠠᠭᠤᠷᠠᠭᠤᠯᠤᠨ᠎ᠠ᠃ | | ᠢᠷᠡᠯᠳᠠ᠄ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠲᠠᠷᠢᠶᠠᠯᠠᠩ ᠮᠠᠯ ᠠᠵᠦ ᠠᠬᠤᠢ ᠪᠠ ᠬᠦᠳᠡᠭᠡ | ᠲᠤᠰᠬᠤᠨ ᠮᠠᠯᠵᠢᠬᠤ ᠤᠷᠤᠨ ᠤ ᠲᠢᠩᠭᠢᠮ | ᠲᠡᠪᠰᠢᠭᠦᠯᠦᠭᠰᠡᠨ ᠨᠢ᠄ ᠤᠶᠠᠬᠠᠨ | |