ᠴᠠᠩ ᠧ ᠲᠠᠪᠤᠳᠤᠭᠠᠷ ᠨᠤᠮᠧᠷᠳᠤ ᠨᠢᠰᠬᠦ ᠤᠩᠭᠤᠴᠠ ᠲᠦᠷᠪᠡᠳ ᠬᠤᠰᠢᠭᠤᠨ ᠳᠤ ᠪᠠᠭᠤᠯ᠎ᠠ︕ ᠰᠢ ᠶᠢᠨ ᠫᠢᠩ ᠠᠴᠠ ᠪᠠᠶᠠᠷ ᠤᠨ ᠮᠡᠳᠡᠭᠡ ᠢᠷᠡᠭᠦᠯᠪᠡ
ᠨᠡᠶᠢᠲᠡᠯᠡᠭᠰᠡᠨ ᠴᠠᠭ᠄
2020/12/17
      12 ᠰᠠᠷ᠎ᠠ ᠶᠢᠨ 17 ᠤ ᠡᠳᠦᠷ ᠤᠨ 1 ᠴᠠᠭ ᠤᠨ 59 ᠮᠢᠨᠦ᠋ᠲ ᠳᠤ᠂ ᠴᠠᠩ ᠧ ᠲᠠᠪᠤᠳᠤᠭᠠᠷ ᠨᠤᠮᠧᠷᠳᠤ ᠰᠠᠷᠠᠨ ᠪᠦᠮᠪᠦᠷᠴᠡᠭ ᠤᠨ ᠵᠠᠭᠪᠤᠷ ᠢ ᠠᠪᠴᠦ᠂ ᠦᠪᠦᠷ ᠮᠤᠩᠭᠤᠯ ᠤᠨ ᠲᠦᠷᠪᠡᠳ ᠬᠤᠰᠢᠭᠤᠨ ᠤ ᠤᠷᠢᠳᠴᠢᠯᠠᠨ ᠲᠤᠭᠳᠠᠭᠰᠠᠨ ᠤᠷᠤᠨ ᠳᠤ ᠠᠮᠤᠷ ᠲᠦᠪᠰᠢᠨ ᠪᠠᠭᠤᠪᠠ᠃ ᠰᠠᠷᠠᠨ ᠤ ᠰᠢᠨᠵᠢᠯᠡᠬᠦ ᠢᠨᠵᠧᠨᠧᠷᠢᠩ ᠤᠨ ᠴᠠᠩ ᠧ ᠲᠠᠪᠤᠳᠤᠭᠠᠷ ᠨᠤᠮᠧᠷᠳᠦ ᠡᠭᠦᠷᠭᠡ ᠪᠠᠨ ᠪᠡᠶᠡᠯᠡᠭᠦᠯᠵᠤ ᠲᠡᠭᠦᠰ ᠠᠮᠵᠢᠯᠳᠠ ᠲᠠᠢ ᠪᠤᠴᠠᠵᠤ ᠢᠷᠡᠯ᠎ᠡ︕
      ᠬᠤᠪᠢᠯᠭᠠᠨ ᠵᠠᠪᠢᠳᠤ ᠨᠢᠭᠡᠳᠦᠭᠡᠷ ᠨᠤᠮᠧᠷᠳᠤ ᠠᠴᠠ ᠬᠤᠪᠢᠯᠭᠠᠨ ᠵᠠᠪᠢᠳᠦ ᠠᠷᠪᠠᠨ ᠨᠢᠭᠡᠳᠦᠭᠡᠷ ᠨᠤᠮᠧᠷᠳᠦ ᠨᠢᠰᠬᠦ ᠤᠩᠭᠤᠴᠠ ᠨᠢ ᠪᠦᠬᠦᠨ ᠢᠶᠠᠷ ᠢᠶᠠᠨ ᠦᠪᠦᠷ ᠮᠤᠩᠭᠤᠯ ᠤᠨ ᠲᠦᠷᠪᠡᠳ ᠬᠤᠰᠢᠭᠤᠨ ᠤ ᠨᠤᠳᠤᠭ ᠲᠤ ᠪᠠᠭᠤᠪᠠ       ᠠᠳᠡᠬᠢ ᠲᠠᠯᠠᠢ ᠶᠢᠨ ᠲᠦᠪᠰᠢᠨ ᠨᠢ 1000 ᠮᠧᠲᠷ ᠠᠴᠠ 1200 ᠮᠧᠲᠷ᠂ ᠡᠯᠡᠰᠦᠷᠭᠡᠭ ᠬᠡᠭᠡᠷ᠎ᠡ ᠲᠠᠯ᠎ᠠ  ᠶᠢᠨ ᠭᠠᠵᠠᠷ ᠤᠨ ᠪᠠᠶᠢᠴᠠ ᠲᠡᠭᠰᠢ ᠠᠭᠤᠳᠠᠮ᠂ ᠲᠠᠯᠠᠪᠠᠢ ᠶᠡᠭᠡ ᠲᠠᠢ ᠭᠤᠤᠯ ᠮᠦᠷᠡᠨ ᠨᠠᠭᠤᠷ ᠴᠦᠬᠦᠷᠡᠮ ᠪᠠᠶᠢᠬᠤ ᠦᠭᠡᠢ ᠰᠡᠷᠢᠭᠦᠨ ᠪᠦᠰᠡ ᠶᠢᠨ ᠡᠬᠡ ᠭᠠᠵᠠᠷ ᠤᠨ ᠴᠢᠨᠠᠷᠳᠠᠢ ᠠᠭᠤᠷ ᠠᠮᠢᠰᠬᠤᠯ ᠲᠠᠢ᠂ ᠪᠦᠬᠦ ᠵᠢᠯ ᠢᠶᠠᠷ ᠬᠠᠭᠤᠷᠠᠢ᠂ ᠬᠤᠷ᠎ᠠ ᠪᠤᠷᠤᠭᠠᠨ ᠴᠦᠬᠡᠨ᠂ ᠠᠭᠠᠷ ᠤᠨ ᠦᠵᠡᠭᠳᠡᠴᠡ ᠦᠨᠳᠦᠷ᠃ ᠡᠭᠦᠨ ᠠᠴᠠ ᠭᠠᠳᠠᠨ᠎ᠠ᠂ ᠡᠨᠡ ᠬᠡᠰᠡᠭ ᠭᠠᠵᠠᠷ ᠤᠷᠤᠨ ᠳᠤ ᠬᠦᠮᠦᠨ ᠬᠠᠷ᠎ᠠ ᠴᠦᠬᠡᠨ᠂ ᠲᠡᠭᠰᠢ ᠲᠦᠷᠪᠡᠯᠵᠢᠨ ᠺᠢᠯᠤᠮᠧᠲᠷ ᠪᠦᠷᠢ ᠳᠤ 10 ᠬᠦᠮᠦᠨ ᠠᠴᠠ ᠬᠡᠳᠦᠷᠡᠬᠦ ᠦᠭᠡᠢ᠂ ᠰᠠᠨᠰᠠᠷ ᠤᠨ ᠨᠢᠰᠬᠡᠭᠦᠷ ᠪᠠᠭᠤᠬᠤ ᠳᠤ ᠲᠤᠩ ᠲᠤᠬᠢᠷᠠᠮᠵᠢᠳᠠᠢ᠃i ᠡᠶᠢᠮᠦ ᠠᠴᠠ᠂ ᠠᠯᠢ ᠡᠷᠳᠡ ᠠᠴᠠ ᠪᠠᠨ ᠮᠠᠨ ᠤ ᠤᠯᠤᠰ ᠤᠨ ᠬᠠᠮᠤᠭ ᠴᠢᠬᠤᠯᠠ ᠰᠠᠨᠰᠠᠷ ᠤᠨ ᠠᠶᠠᠯᠠᠯ ᠤᠨ ᠪᠠᠭᠤᠬᠤ ᠲᠠᠯᠠᠪᠤᠷ ᠪᠤᠯᠵᠠᠢ᠃ᠢᠷᠡᠯᠳᠡ᠄ ᠲᠦᠷᠪᠡᠳ ᠬᠤᠰᠢᠭᠤᠨ ᠤ ᠵᠠᠰᠠᠭ ᠤᠨ ᠤᠷᠳᠤᠨ ᠤ ᠬᠢᠳᠠᠳ ᠰᠦᠯᠵᠢᠶ᠎ᠡᠲᠡᠪᠰᠢᠭᠦᠯᠦᠭᠰᠡᠨ ᠨᠢ᠄ ᠤᠶᠠᠩᠭ᠎ᠠ
 
ᠢᠷᠡᠯᠲᠡ᠄ ᠲᠦᠷᠪᠡᠳ ᠬᠤᠰᠢᠭᠤᠨ ᠤ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2