ᠪᠢᠲᠡᠭᠦᠯᠡᠬᠦ ᠴᠠᠭᠠᠯᠠᠬᠤ ᠲᠠᠢ ᠬᠤᠯᠪᠤᠭᠳᠠᠭᠰᠠᠨ ᠴᠡᠭᠡᠷ
ᠨᠡᠶᠢᠲᠡᠯᠡᠭᠰᠡᠨ ᠴᠠᠭ᠄
2020/12/17
    ᠪᠢᠲᠡᠭᠦᠨ ᠤ ᠡᠳᠦᠷ ᠠᠮᠢ ᠬᠤᠷᠤᠭᠠᠬᠤ ᠶᠢ ᠴᠡᠭᠡᠷᠯᠡᠨ᠎ᠡ᠃     ᠪᠢᠲᠡᠭᠦᠨ ᠤ ᠡᠳᠦᠷ ᠠᠮᠠᠨ ᠳᠠᠭᠠᠨ ᠶᠠᠭᠤᠮ᠎ᠠ ᠵᠠᠵᠢᠯᠤᠭᠠᠳ ᠭᠠᠳᠠᠭ᠎ᠠ ᠭᠠᠷᠬᠤ ᠶᠢ ᠴᠡᠭᠡᠷᠯᠡᠨ᠎ᠡ᠃     ᠪᠢᠲᠡᠭᠦᠨ ᠤ ᠡᠳᠦᠷ ᠡᠮ ᠣᠣᠭᠤᠬᠤ ᠶᠢ ᠴᠡᠭᠡᠷᠯᠡᠨ᠎ᠡ᠃     ᠪᠢᠲᠡᠭᠦᠨ ᠤ ᠡᠳᠦᠷ ᠨᠣᠬᠠᠢ ᠵᠤᠳᠤᠬᠤ᠂ ᠬᠡᠣᠬᠡᠳ ᠢᠶᠠᠨ ᠬᠠᠷᠢᠶᠠᠵᠤ ᠵᠠᠩᠨᠠᠬᠤ ᠶᠢ ᠴᠡᠭᠡᠷᠯᠡᠨ᠎ᠡ᠃     ᠪᠢᠲᠡᠭᠦᠨ ᠤ ᠣᠷᠣᠢ ᠮᠠᠯ ᠰᠦᠷᠦᠭ ᠢᠶᠠᠨ ᠠᠯᠳᠠᠵᠦ᠂ ᠬᠦᠳᠡᠭᠡ ᠬᠡᠭᠡᠷ᠎ᠡ ᠬᠤᠨᠣᠭᠤᠯᠬᠤ ᠶᠢ ᠴᠡᠭᠡᠷᠯᠡᠨ᠎ᠡ᠃     ᠪᠢᠲᠡᠭᠦᠨ ᠤ ᠰᠦᠨᠢ ᠠᠶᠢᠯ ᠳᠤ ᠬᠤᠨᠣᠬᠤ ᠶᠢ ᠴᠡᠭᠡᠷᠯᠡᠨ᠎ᠡ᠃     ᠪᠢᠲᠡᠭᠦᠨ ᠤ ᠰᠦᠨᠢ ᠴᠢᠩᠭ᠎ᠠ ᠬᠠᠰᠭᠢᠷᠴᠤ ᠪᠠᠷᠬᠢᠷᠠᠬᠤ ᠶᠢ ᠴᠡᠭᠡᠷᠯᠡᠨ᠎ᠡ᠃     ᠪᠢᠲᠡᠭᠦᠨ ᠤ ᠰᠦᠨᠢ ᠴᠠᠳᠬᠤᠯᠠᠩ ᠪᠤᠰᠤ ᠬᠤᠨᠣᠬᠤ ᠶᠢ ᠴᠡᠭᠡᠷᠯᠡᠨ᠎ᠡ᠃     ᠪᠢᠲᠡᠭᠦᠨ ᠤ ᠰᠦᠨᠢ ᠨᠢᠯᠬ᠎ᠠ ᠬᠡᠣᠬᠡᠳ ᠢ ᠨᠡᠷ᠎ᠡ ᠪᠠᠷ ᠨᠢ ᠳᠠᠭᠤᠳᠠᠬᠤ ᠶᠢ ᠴᠡᠭᠡᠷᠯᠡᠨ᠎ᠡ᠃     ᠪᠢᠲᠡᠭᠦᠨ ᠤ ᠰᠦᠨᠢ ᠬᠤᠪᠴᠠᠰᠤ ᠬᠤᠨᠠᠷ ᠢᠶᠠᠨ ᠭᠠᠳᠠᠭ᠎ᠠ ᠬᠤᠨᠣᠭᠤᠯᠬᠤ ᠶᠢ ᠴᠡᠭᠡᠷᠯᠡᠨ᠎ᠡ᠃     ᠪᠢᠲᠡᠭᠦᠨ ᠤ ᠰᠦᠨᠢ ᠭᠠᠳᠠᠭ᠎ᠠ ᠬᠤᠭᠤᠰᠣᠨ ᠰᠠᠪᠠ ᠪᠠᠶᠢᠬᠤ ᠶᠢ ᠴᠡᠭᠡᠷᠯᠡᠨ᠎ᠡ᠃     ᠭᠬᠢᠷ ᠪᠤᠷᠳᠤᠭ ᠲᠠᠢ ᠴᠠᠭᠠᠯᠠᠬᠤ ᠶᠢ ᠴᠡᠭᠡᠷᠯᠡᠨ᠎ᠡ᠃     ᠰᠢᠨᠡᠯᠡᠬᠦ ᠠᠴᠠ ᠡᠮᠦᠨ᠎ᠡ ᠬᠠᠰᠢᠶ᠎ᠠ ᠬᠤᠷᠤᠭ᠎ᠠ᠂ ᠭᠡᠷ ᠪᠠᠷᠠᠭ᠎ᠠ᠂ ᠣᠷᠤ ᠳᠡᠪᠢᠰᠭᠡᠷ᠂ ᠬᠤᠪᠴᠠᠰᠤ ᠬᠤᠨᠠᠷ᠂ ᠦᠰᠦ ᠭᠡᠵᠢᠭᠡ ᠪᠠᠨ ᠪᠤᠯᠳᠤ ᠶᠢ ᠣᠬᠢᠶᠠᠵᠦ᠂ ᠰᠢᠨ᠎ᠡ ᠵᠢᠯ ᠢᠶᠠᠨ ᠴᠡᠪᠡᠷ ᠠᠷᠢᠭᠤᠨ ᠢᠶᠠᠷ ᠣᠭᠲᠤᠬᠤ ᠶᠢ ᠬᠢᠴᠢᠶᠡᠨ᠎ᠡ᠃     ᠭᠠᠷ ᠳᠡᠭᠡᠷ᠎ᠡ ᠪᠠᠨ ᠲᠦᠭᠦᠬᠡᠢ ᠭᠤᠯᠢᠷ ᠨᠠᠭᠠᠯᠳᠤᠭᠤᠯᠵᠦ ᠵᠤᠯᠭᠠᠬᠤ ᠶᠢ ᠴᠡᠭᠡᠷᠯᠡᠨ᠎ᠡ᠃     ᠦᠷᠢ ᠰᠢᠷᠢ ᠲᠠᠢ ᠴᠠᠭᠠᠯᠠᠬᠤ ᠶᠢ ᠴᠡᠭᠡᠷᠯᠡᠵᠤ᠂ ᠡᠪᠡᠳᠴᠢᠨ ᠦᠭᠡᠢ ᠪᠤᠯ ᠵᠢᠷᠭᠠᠯ᠂ ᠦᠷᠢ ᠦᠭᠡᠢ ᠪᠤᠯ ᠪᠠᠶᠠᠨ ᠭᠡᠵᠦ ᠮᠣᠩᠭᠤᠯᠴᠣᠳ ᠶᠠᠷᠢᠳᠠᠭ ᠪᠦᠭᠡᠳ ᠰᠢᠨ᠎ᠡ ᠵᠢᠯ ᠠᠴᠠ ᠡᠮᠦᠨ᠎ᠡ ᠦᠷᠢ ᠰᠢᠷᠢ ᠪᠠᠨ ᠪᠠᠷᠠᠭᠳᠠᠭᠤᠯᠬᠤ ᠶᠢ ᠡᠷᠬᠢᠮᠯᠡ     ᠭᠡᠷᠡᠯ ᠭᠡᠭᠡ ᠦᠭᠡᠢ ᠬᠠᠷᠠᠩᠭᠤᠢ ᠳᠤ ᠵᠤᠯᠭᠠᠵᠤ ᠰᠢᠨᠡᠯᠡᠬᠦ ᠶᠢ ᠴᠡᠭᠡᠷᠯᠡᠨ᠎ᠡ᠃     ᠰᠢᠨ᠎ᠡ ᠵᠢᠯ ᠳᠡᠭᠡᠨ ᠪᠠᠶᠠᠷ ᠪᠠᠶᠠᠰᠬᠤᠯᠠᠩ ᠲᠠᠢ᠂ ᠡᠪ ᠡᠶ᠎ᠡ ᠲᠠᠢ᠂ ᠨᠠᠶᠢᠷ ᠬᠦᠷ ᠲᠠᠢ᠂ ᠰᠠᠶᠢᠨ ᠰᠠᠶᠢᠬᠠᠨ ᠪᠠᠶᠢᠬᠤ ᠶᠢ ᠪᠡᠯᠭᠡᠳᠡᠳᠡᠭ ᠪᠤᠯᠬᠤ ᠪᠠᠷ ᠴᠠᠭᠠᠨ ᠰᠠᠷ᠎ᠠ ᠶᠢᠨ ᠰᠢᠨ᠎ᠡ ᠶᠢᠨ ᠨᠢᠭᠡᠨ ᠳᠤ ᠬᠡᠷᠡᠭᠦᠯ ᠱᠣᠣᠬᠢᠶᠠᠨ᠂ ᠵᠣᠳᠣᠭᠠᠨ ᠴᠣᠬᠢᠶᠠᠨ ᠬᠢᠬᠦ ᠶᠢ ᠶᠡᠬᠡᠳᠠ ᠴᠡᠭᠡᠷᠯᠡᠨ᠎ᠡ᠃     ᠴᠠᠭᠠᠨ ᠰᠠᠷ᠎ᠠ ᠶᠢᠨ ᠰᠢᠨ᠎ᠡ ᠶᠢᠨ ᠨᠢᠭᠡᠨ ᠠᠴᠠ ᠵᠢᠷᠭᠤᠭᠠᠨ ᠬᠦᠷᠳᠡᠯ᠎ᠡ ᠭᠡᠷ ᠠᠴᠠ ᠪᠠᠨ ᠭᠠᠳᠠᠭᠰᠢ ᠡᠳ᠋ ᠶᠠᠭᠤᠮ᠎ᠠ ᠠᠪᠴᠤ ᠣᠳᠬᠤ ᠶᠢ ᠴᠡᠭᠡᠷᠯᠡᠨ᠎ᠡ᠃ ᠪᠡᠯᠡᠭ ᠤᠨ ᠵᠦᠢᠯ ᠡᠭᠦᠨ ᠳᠤ ᠦᠯᠦ ᠬᠠᠮᠢᠶᠠᠷᠤᠨ᠎ᠠ᠃     ᠴᠠᠭᠠᠨ ᠰᠠᠷ᠎ᠠ ᠶᠢᠨ ᠰᠢᠨ᠎ᠡ ᠶᠢᠨ ᠨᠢᠭᠡᠨ ᠤ ᠦᠷᠯᠤᠭᠡ ᠭᠠᠯ ᠢᠶᠠᠨ ᠬᠠᠭᠤᠴᠢᠨ ᠴᠤᠭ ᠢᠶᠠᠷ ᠠᠰᠠᠭᠠᠬᠤ ᠶᠢ ᠴᠡᠭᠡᠷᠯᠡᠨ᠎ᠡ᠃     ᠴᠠᠭᠠᠨ ᠰᠠᠷ᠎ᠠ ᠶᠢᠨ ᠰᠢᠨ᠎ᠡ ᠶᠢᠨ ᠨᠢᠭᠡᠨ ᠳᠤ ᠠᠶᠢᠯ ᠳᠤ ᠬᠤᠨᠣᠬᠤ ᠶᠢ ᠴᠡᠭᠡᠷᠯᠡᠨ᠎ᠡ᠃     ᠴᠠᠭᠠᠨ ᠰᠠᠷ᠎ᠠ ᠶᠢᠨ ᠰᠢᠨᠡᠳ ᠢᠶᠠᠷ ᠠᠮᠢ ᠬᠤᠷᠤᠭᠠᠬᠤ ᠶᠢ ᠴᠡᠭᠡᠷᠯᠡᠨ᠎ᠡ᠃ ᠠᠮᠢᠲᠠᠨ ᠪᠠᠰᠠ ᠰᠢᠨᠡᠯᠡᠳᠡᠭ ᠭᠡᠵᠦ ᠦᠵᠡᠳᠡᠭ᠃     ᠴᠠᠭᠠᠨ ᠰᠠᠷ᠎ᠠ ᠶᠢᠨ ᠰᠢᠨ᠎ᠡ ᠶᠢᠨ ᠨᠢᠭᠡᠨ ᠳᠤ ᠣᠬᠢᠯᠠᠵᠤ ᠣᠨᠵᠢᠬᠤ ᠵᠡᠷᠭᠡ ᠶᠢ ᠬᠠᠳᠠᠭᠤ ᠴᠡᠭᠡᠷᠯᠡᠳᠡᠭ ᠶᠤᠰᠤᠲᠠᠢ᠃ᠢᠷᠡᠯᠳᠠ᠄ ᠲᠤᠮᠳᠠᠳᠦ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠᠲᠡᠪᠰᠢᠭᠦᠯᠦᠭᠰᠡᠨ ᠨᠢ᠄ ᠤᠶᠠᠬᠠᠨ
 
ᠢᠷᠡᠯᠲᠡ᠄ ᠲᠤᠮᠳᠠᠳᠦ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2