ᠰᠣᠷᠣᠭᠴᠢᠳ ᠤᠨ ᠰᠡᠳᠬᠢᠴᠡ ᠶᠢᠨ ᠡᠷᠡᠬᠦᠯ ᠮᠡᠨᠳᠣ ᠶᠢ ᠨᠡᠩ ᠴᠢᠬᠤᠯᠠᠴᠢᠯᠠᠪᠠᠯ ᠵᠣᠬᠢᠨ᠎ᠠ
ᠨᠡᠶᠢᠲᠡᠯᠡᠭᠰᠡᠨ ᠴᠠᠭ᠄
2020/12/17
    ᠰᠣᠷᠭᠠᠭᠤᠯᠢ ᠶᠢᠨ ᠬᠦᠷᠢᠶᠡᠨ ᠤ ᠬᠦᠴᠦᠷᠭᠡᠭᠯᠡᠯ ᠤᠨ ᠲᠣᠬᠠᠢ ᠮᠡᠳᠡᠭᠡ ᠬᠠᠶᠠ ᠲᠣᠭᠤᠯᠳᠠᠨ᠎ᠠ᠃ ᠬᠠᠮᠳᠣ ᠰᠣᠷᠣᠭᠴᠢᠳ ᠤᠨ ᠬᠤᠭᠤᠷᠣᠨᠳᠣ ᠬᠦᠴᠦᠷᠭᠡᠭᠯᠡᠯ᠂ ᠲᠣᠷᠣᠮᠵᠢᠯᠠᠯ ᠶᠠᠪᠣᠭᠤᠯᠵᠣ᠂ ᠡᠬᠦᠨ ᠢᠶᠠᠷ ᠦᠪᠡᠷ ᠤᠨ ᠢᠶᠠᠨ ᠡᠷ᠎ᠡ ᠬᠦᠴᠦ ᠪᠠᠨ ᠭᠠᠶᠢᠬᠠᠭᠤᠯᠣᠭᠰᠠᠨ ᠪᠣᠶᠣ ᠦᠷᠳᠡᠭ ᠴᠢᠳᠠᠪᠣᠷᠢ ᠪᠠᠨ ᠢᠯᠡᠷᠡᠬᠦᠯᠦᠭᠰᠡᠨ ᠮᠡᠳᠣ ᠪᠠᠭ᠋ᠠᠳᠣᠨ ᠬᠠᠨᠣᠵᠣ᠂ ᠲᠡᠷᠡᠴᠢᠯᠡᠨ ᠭᠠᠶᠢᠬᠠᠭᠤᠯᠵᠣ ᠪᠠᠭ᠋ᠠᠷᠬᠠᠬᠤ ᠪᠣᠯ ᠦᠨᠡᠨᠳᠡᠬᠡᠨ ᠨᠢᠬᠡ ᠵᠦᠢᠯ ᠤᠨ ᠰᠡᠳᠬᠢᠴᠡ ᠶᠢᠨ ᠡᠷᠡᠬᠦᠯ ᠪᠣᠰᠣ᠂ ᠴᠢᠨᠠᠭᠰᠢᠯᠠᠪᠠᠯ ᠭᠠᠵᠢᠭᠤᠳᠠᠭᠰᠠᠨ ᠰᠡᠳᠬᠢᠴᠡ ᠶᠢᠨ ᠦᠵᠡᠭᠳᠡᠯ ᠪᠣᠯᠬᠤ ᠶᠣᠮ᠃     ᠣᠳᠣᠬᠠᠨ ᠳᠤ ᠨᠡᠶᠢᠭᠡᠮ ᠤᠨ ᠬᠦᠭᠵᠢᠯᠳᠡ ᠬᠢᠬᠡᠳ ᠴᠠᠭ ᠦᠶ᠎ᠡ ᠶᠢᠨ ᠬᠤᠪᠢᠷᠠᠯᠳᠠ ᠠᠴᠠ ᠨᠦᠯᠦᠭᠡᠯᠡᠭᠳᠡᠨ᠂ ᠰᠣᠷᠣᠭᠴᠢᠳ ᠤᠨ ᠰᠡᠳᠬᠢᠴᠡ ᠳᠤ ᠡᠳᠦᠢ ᠲᠡᠳᠦᠢ ᠠᠳᠠᠯᠢ ᠪᠣᠰᠣ ᠬᠡᠮᠵᠢᠶᠠᠨ ᠤ ᠠᠰᠠᠭᠤᠳᠠᠯ ᠣᠷᠣᠰᠢᠵᠣ ᠪᠠᠶᠢᠳᠠᠭ᠃ ᠵᠢᠱᠢᠶᠡᠯᠡᠪᠡᠯ ᠰᠣᠷᠣᠯᠴᠠᠬᠤ ᠲᠣᠷ᠎ᠠ ᠦᠬᠡᠶᠢᠴᠡᠬᠦ᠂ ᠪᠡᠶ᠎ᠡ ᠪᠠᠨ ᠭᠤᠯᠤᠬᠤ᠂ ᠪᠡᠶ᠎ᠡ ᠳᠡᠭᠡᠨ ᠢᠳᠡᠬᠡᠯ ᠠᠯᠳᠠᠷᠠᠬᠤ᠂ ᠭᠤᠳᠤᠷᠠᠩᠭᠤᠢ ᠪᠤᠳᠤᠯ ᠲᠠᠢ ᠪᠣᠯᠬᠤ᠂ ᠵᠦᠷᠢᠬᠦᠳ ᠭᠠᠭᠴᠠᠭᠠᠷᠳᠠᠮᠠᠯ ᠪᠣᠯᠬᠤ᠂ ᠰᠣᠷᠭᠠᠭᠤᠯᠢ ᠶᠢᠨ ᠬᠦᠷᠢᠶᠡᠨ ᠳᠤ ᠪᠠᠭ ᠪᠦᠯᠦᠭ ᠬᠤᠪᠢᠶᠠᠨ ᠬᠦᠴᠦᠷᠭᠡᠭᠯᠡᠯ ᠶᠠᠪᠣᠭᠤᠯᠬᠤ ᠮᠡᠳᠦᠴᠢᠯᠡᠨ ᠡᠯ᠎ᠡ ᠵᠦᠢᠯ ᠤᠨ ᠨᠠᠵᠠᠭᠠᠢ ᠪᠣᠷᠣᠭᠤ ᠦᠵᠡᠭᠳᠡᠯ ᠪᠠᠶᠢᠳᠠᠭ᠃ ᠡᠬᠦᠨ ᠳᠤ ᠰᠣᠷᠭᠠᠭᠤᠯᠢ ᠶᠢᠨ ᠬᠦᠷᠢᠶᠡᠨ ᠤ ᠬᠦᠴᠦᠷᠭᠡᠭᠯᠡᠯ ᠪᠣᠯ ᠨᠢᠬᠡ ᠵᠦᠢᠯ ᠤᠨ ᠭᠦᠨᠳᠦ ᠨᠤᠴᠢᠲᠠᠢ ᠰᠡᠳᠭᠢᠴᠠ ᠶᠢᠨ ᠦᠵᠡᠭᠳᠡᠯ ᠮᠦᠷᠳᠡᠭᠡᠨ ᠬᠠᠣᠯᠢ ᠴᠠᠭᠠᠵᠠ ᠶᠢᠨ ᠬᠦᠷᠢᠶ᠎ᠡ ᠴᠠᠷ᠎ᠠ ᠳᠤ ᠴᠦ ᠬᠤᠯᠪᠣᠭᠳᠠᠬᠤ ᠠᠰᠠᠭᠤᠳᠠᠯ ᠪᠣᠯᠬᠤ ᠶᠣᠮ᠃     ᠡᠶᠢᠮᠦᠷᠬᠦ ᠠᠰᠠᠭᠤᠳᠠᠯ ᠤᠨ ᠡᠬᠦᠰᠦᠭᠰᠡᠨ ᠰᠢᠯᠳᠠᠭᠠᠨ ᠠᠴᠠ ᠠᠪᠴᠣ ᠦᠵᠡᠪᠡᠯ᠂ ᠶᠡᠷᠢᠶᠠᠨ ᠦᠬᠡᠢ ᠬᠡᠷ ᠪᠦᠯᠢ᠂ ᠰᠣᠷᠭᠠᠭᠤᠯᠢ᠂ ᠬᠤᠪᠢ ᠪᠡᠶ᠎ᠡ᠂ ᠨᠡᠶᠢᠬᠡᠮ ᠤᠨ ᠰᠢᠯᠳᠠᠭᠠᠨ ᠪᠦᠷ ᠬᠤᠪᠢ ᠡᠵᠡᠯᠡᠵᠣ ᠪᠠᠶᠢᠭ᠎ᠠ ᠨᠢ ᠮᠡᠳᠡᠭᠡᠵᠢ᠃ ᠭᠡᠷ ᠪᠦᠯᠢ ᠪᠣᠯ ᠬᠡᠦᠬᠡᠳ ᠤᠨ ᠬᠠᠮᠤᠭ ᠤᠨ ᠠᠩᠬᠠᠨ ᠤ ᠰᠤᠷᠭᠠᠭᠤᠯᠢ ᠮᠦᠷᠳᠡᠭᠡᠨ ᠨᠠᠰᠤᠨ ᠲᠤᠷᠰᠢᠳᠠ ᠶᠢᠨ ᠰᠤᠷᠭᠠᠭᠤᠯᠢ᠂ ᠭᠡᠷ ᠤᠨ ᠠᠬᠠᠮᠠᠳ ᠤᠨ ᠬᠡᠪ ᠴᠢᠨᠠᠷ ᠤᠨ ᠲᠦᠪᠰᠢᠨ ᠲᠤᠳᠠᠮᠠᠭ ᠠᠴᠠ ᠪᠤᠯᠵᠤ ᠬᠡᠦᠬᠡᠳ ᠢ ᠵᠢᠯᠤᠭᠤᠳᠴᠤ᠂ ᠬᠦᠮᠦᠵᠢᠬᠦᠯᠵᠦ ᠴᠢᠳᠠᠭᠰᠠᠨ ᠦᠬᠡᠢ ᠪᠣᠶᠣ ᠬᠡᠦᠬᠡᠳ ᠢᠶᠠᠨ ᠬᠠᠷᠠᠬᠠᠨ ᠪᠠᠭ᠎ᠠ ᠠᠴᠠ ᠨᠢ ᠶᠠᠪᠤᠳᠠᠯ ᠪᠦᠬᠦᠨ ᠳᠤ ᠠᠶ᠎ᠠ ᠶᠢ ᠨᠢ ᠲᠠᠭᠠᠭᠤᠯᠵᠤ᠂ ᠡᠷᠬᠡ ᠳᠤᠷ᠎ᠠ ᠪᠠᠷ ᠦᠰᠭᠡᠭᠰᠡᠨ ᠠᠴᠠ ᠡᠳᠡᠭᠡᠳ ᠵᠦᠷᠢᠬᠦᠦ᠂ ᠤᠮᠤᠷᠬᠠᠭ ᠪᠠᠷᠳᠠᠮ ᠵᠠᠩ ᠠᠭᠠᠰᠢ ᠲᠠᠢ ᠪᠣᠯᠭᠠᠬᠤ︔ ᠰᠤᠷᠭᠠᠭᠤᠯᠢ ᠶᠢᠨ ᠲᠠᠯ᠎ᠠ ᠶᠢᠨ ᠬᠢᠨ ᠰᠤᠷᠤᠭᠴᠢ ᠶᠢᠨ ᠶᠤᠰᠤ ᠮᠤᠷᠠᠯ᠂ ᠤᠶᠤᠨ ᠤᠬᠠᠭᠠᠨ᠂ ᠪᠡᠶ᠎ᠡ ᠮᠠᠬᠠᠪᠤᠳ᠂ ᠭᠤᠸ᠎ᠠ ᠰᠠᠶᠢᠬᠠᠨ᠂ ᠬᠦᠳᠡᠯᠮᠦᠷᠢ ᠵᠡᠷᠭᠡ ᠪᠦᠬᠦ ᠲᠠᠯ᠎ᠠ ᠪᠠᠷ ᠬᠦᠭᠵᠢᠭᠦᠯᠬᠦ ᠶᠢ ᠴᠢᠩᠭ᠎ᠠ ᠠᠳᠬᠤᠭᠰᠠᠨ ᠦᠬᠡᠢ ᠪᠣᠶᠣ ᠰᠤᠷᠤᠭᠴᠢᠳ ᠤᠨ ᠪᠡᠶ᠎ᠡ ᠰᠡᠳᠬᠢᠴᠡ ᠶᠢᠨ ᠵᠢᠯᠤᠭᠤᠳᠤᠮᠵᠢ ᠶᠢ ᠬᠦᠨᠳᠦᠳᠬᠡᠨ ᠦᠵᠡᠭᠰᠡᠨ ᠦᠬᠡᠢ︔ ᠰᠣᠷᠣᠭᠴᠢᠳ ᠦᠪᠡᠷ ᠢᠶᠠᠨ ᠬᠦᠴᠦᠷᠭᠡᠭᠯᠡᠯ᠂ ᠶᠠᠯ᠎ᠠ ᠬᠡᠮ ᠤᠨ ᠬᠠᠮᠢᠶ᠎ᠠ ᠲᠠᠢ ᠡᠯᠧᠺᠳ᠋ᠷᠣᠨ ᠲᠣᠭᠯᠠᠭᠠᠮ ᠣᠯᠠᠨ ᠨᠠᠭᠠᠳᠬᠤ ᠠᠴᠠ ᠪᠤᠯᠵᠦ ᠨᠠᠵᠠᠭᠠᠢ ᠦᠷᠳᠡᠭ ᠤᠨ ᠦᠵᠡᠯᠳᠡ ᠪᠦᠷᠢᠯᠳᠦᠬᠦ︔ ᠪᠤᠳᠤᠯᠢᠶᠠᠨᠳᠠᠢ ᠨᠡᠶᠢᠭᠡᠮ ᠤᠨ ᠤᠷᠴᠢᠨ ᠲᠤᠭᠤᠷᠢᠨ ᠤ ᠨᠦᠯᠦᠬᠡ ᠶᠢ ᠬᠦᠷᠳᠡᠬᠦ ᠵᠡᠷᠭᠡ ᠨᠢ ᠪᠦᠷ ᠰᠣᠷᠣᠭᠴᠢᠳ ᠤᠨ ᠰᠡᠳᠬᠢᠴᠡ ᠶᠢᠨ ᠡᠷᠡᠬᠦᠯ ᠬᠦᠭᠵᠢᠯᠳᠡ ᠶᠢ ᠨᠦᠯᠦᠬᠡᠯᠡᠵᠣ᠂ ᠰᠣᠷᠣᠭᠴᠢᠳ ᠤᠨ ᠵᠦᠪ ᠶᠢᠷᠳᠢᠨᠴᠣ ᠶᠢᠨ ᠦᠵᠡᠯᠳᠡ᠂ ᠦᠷᠳᠡᠭ ᠤᠨ ᠦᠵᠡᠯᠳᠡ ᠪᠦᠷᠢᠯᠳᠦᠬᠦ ᠳᠤ ᠠᠰᠢᠭ ᠦᠬᠡᠢ ᠪᠠᠶᠢᠵᠣ᠂ ᠬᠦᠮᠦᠰ ᠤᠨ ᠬᠤᠭᠤᠷᠤᠨᠳᠤᠬᠢ ᠬᠡᠪ ᠤᠨ ᠬᠠᠷᠢᠯᠴᠠᠭ᠎ᠠ ᠪᠠᠶᠢᠭᠤᠯᠬᠤ ᠶᠢ ᠬᠦᠨᠳᠦ ᠨᠤᠴᠢᠳᠠᠢ ᠨᠦᠯᠦᠭᠡᠯᠡᠬᠦ ᠪᠠᠷ ᠪᠠᠷᠠᠬᠤ ᠦᠭᠡᠢ ᠲᠡᠭᠦᠨ ᠤ ᠦᠰᠦᠨ ᠪᠤᠶᠢᠵᠢᠯᠳᠠ ᠪᠤᠯᠤᠨ ᠤᠷᠤᠭᠰᠢ ᠲᠠᠪᠰᠢᠬᠤ ᠶᠢ ᠬᠠᠷᠰᠢᠯᠠᠵᠣ ᠪᠠᠶᠢᠳᠠᠭ ᠶᠣᠮ᠃      ᠬᠡᠷ ᠤᠨ ᠠᠬᠠᠮᠠᠳ᠂ ᠰᠣᠷᠭᠠᠭᠤᠯᠢ᠂ ᠨᠡᠶᠢᠬᠡᠮ ᠨᠡᠶᠢᠳᠡ ᠶᠢᠨ ᠬᠢᠨ ᠬᠠᠮᠲᠤ ᠪᠠᠷ ᠬᠡᠦᠬᠡᠳ ᠪᠠᠭᠠᠴᠣᠳ ᠤᠨ ᠰᠡᠳᠬᠢᠴᠡ ᠶᠢ ᠠᠩᠬᠠᠷᠣᠨ ᠬᠠᠯᠠᠮᠵᠢᠯᠠᠵᠣ᠂ ᠬᠦᠨᠳᠦᠳᠬᠡᠨ ᠦᠵᠡᠬᠦ ᠴᠢᠬᠤᠯᠠᠳᠠᠢ᠃ ᠣᠨᠴᠠᠭᠠᠶᠢᠯᠠᠨ ᠰᠣᠷᠭᠠᠭᠤᠯᠢ ᠶᠢᠨ ᠲᠠᠯ᠎ᠠ ᠠᠴᠠ ᠲᠣᠰᠬᠠᠢ ᠬᠠᠷᠢᠭᠤᠴᠠᠬᠤ ᠰᠡᠳᠬᠢᠴᠡ ᠶᠢᠨ ᠪᠠᠭᠰᠢ ᠲᠣᠬᠢᠷᠠᠭᠤᠯᠣᠨ᠂ ᠰᠣᠷᠣᠭᠴᠢᠳ ᠤᠨ ᠰᠡᠳᠬᠢᠴᠠ ᠶᠢᠨ ᠡᠷᠡᠭᠦᠯ ᠴᠢᠬᠢᠷᠠᠭ ᠤᠨ ᠬᠢᠴᠢᠶᠡᠯ ᠭᠦᠮᠦᠵᠢᠯ ᠢ ᠴᠢᠩᠭᠠᠳᠬᠠᠵᠦ᠂ ᠴᠠᠭ ᠢᠮᠠᠭᠳᠠ ᠰᠣᠷᠣᠭᠴᠢᠳ ᠤᠨ ᠰᠡᠳᠬᠢᠴᠡ ᠶᠢᠨ ᠪᠠᠶᠢᠳᠠᠯ ᠢ ᠣᠶᠢᠯᠠᠭᠠᠨ᠂ ᠰᠠᠳᠭᠢᠴᠠ ᠶᠢᠨ ᠡᠷᠡᠭᠦᠯ ᠮᠡᠨᠳᠦ ᠶᠢᠨ ᠭᠦᠮᠦᠵᠢᠯ ᠪᠠ ᠦᠵᠡᠯ ᠰᠠᠨᠠᠭ᠎ᠠ ᠵᠠᠩ ᠮᠤᠷᠠᠯ ᠤᠨ ᠬᠦᠮᠦᠵᠢᠯ ᠢ ᠰᠤᠷᠭᠠᠨ ᠭᠦᠮᠦᠵᠢᠯ ᠤᠨ ᠠᠵᠢᠯ ᠤᠨ ᠴᠢᠬᠤᠯᠡ ᠨᠢᠭᠡ ᠠᠭᠤᠯᠭ᠎ᠠ ᠪᠤᠯᠭᠠᠨ ᠡᠷᠴᠢᠮ ᠲᠠᠢ ᠠᠳᠬᠤᠬᠤ ᠠᠵᠢᠯ ᠲᠣᠩ ᠪᠠᠴᠢᠮ ᠱᠠᠭᠠᠷᠳᠠᠭᠳᠠᠵᠣ ᠪᠠᠶᠢᠨ᠎ᠠ᠃ ᠢᠷᠡᠯᠳᠠ᠄ ᠲᠤᠮᠳᠠᠳᠦ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ ᠲᠡᠪᠰᠢᠭᠦᠯᠦᠭᠰᠡᠨ ᠨᠢ᠄ ᠤᠶᠠᠬᠠᠨ
 
ᠢᠷᠡᠯᠲᠡ᠄ ᠲᠤᠮᠳᠠᠳᠦ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2