ᠲᠣᠷ᠎ᠠ ᠰᠣᠨᠢᠷᠬᠠᠯ ᠲᠠᠢ ᠰᠢᠨᠵᠢᠯᠡᠬᠦ ᠣᠬᠠᠭᠠᠨ ᠤ ᠠᠵᠢᠯᠯᠠᠭ᠎ᠠ
ᠨᠡᠶᠢᠲᠡᠯᠡᠭᠰᠡᠨ ᠴᠠᠭ᠄
2020/12/17
    ᠦᠪᠦᠷ ᠮᠤᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ ᠤᠨ ᠤᠷᠳᠤᠨ ᠪᠤᠯ ᠪᠠᠭᠠᠴᠤᠳ ᠬᠡᠦᠬᠡᠳ ᠤᠨ ᠰᠢᠨᠵᠢᠯᠡᠬᠦ ᠤᠬᠠᠭᠠᠨ ᠤ ᠷᠢᠳᠢ ᠰᠢᠳᠢ ᠶᠢ ᠪᠡᠶᠡᠳᠡᠨ ᠤᠢᠢᠯᠠᠭᠠᠬᠤ ᠮᠠᠰᠢ ᠰᠠᠶᠢᠬᠠᠨ ᠳᠠᠪᠴᠠᠩ ᠪᠤᠯᠬᠤ ᠶᠤᠮ᠃     ᠵᠤᠨ ᠤ ᠠᠮᠠᠷᠠᠯᠳᠠ ᠶᠢᠨ ᠬᠤᠭᠤᠴᠠᠭᠠᠨ ᠳᠤ᠂ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ ᠤᠨ ᠤᠷᠳᠤᠨ ᠨᠢ ᠵᠤᠨ ᠤ ᠠᠮᠠᠷᠠᠯᠳᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ ᠤᠨ ᠵᠤᠰᠠᠯᠠᠩ᠂ ︽ᠦᠨᠦᠳᠦᠷ ᠤᠨ ᠰᠢᠨᠵᠢᠯᠡᠬᠦ ᠤᠬᠠᠭᠠᠨ ᠤ ᠳᠠᠰᠤᠭ︾᠂ ᠳᠡᠯᠬᠡᠨ ᠦᠵᠡᠬᠦᠯᠬᠡ ᠶᠢᠨ ᠲᠢᠩᠬᠢᠮ ᠤᠨ ᠰᠤᠷᠭᠠᠨ ᠬᠦᠮᠦᠵᠢᠯ ᠤᠨ ᠠᠵᠢᠯᠯᠠᠭ᠎ᠠ ᠪᠠ ᠰᠢᠨᠵᠢᠯᠡᠬᠦ ᠤᠬᠠᠭᠠᠨ ᠤ ᠬᠢᠴᠢᠶᠡᠯ ᠲᠠᠨ ᠢ ᠤᠷᠢᠨ ᠪᠤᠯᠵᠤᠵᠤ ᠪᠠᠶᠢᠨ᠎ᠠ ᠬᠡᠬᠦ ᠮᠡᠳᠤ ᠶᠢᠨ ᠰᠦᠯᠵᠢᠶᠡᠨ ᠳᠠᠬᠢ ᠪᠠ ᠰᠦᠯᠵᠢᠶᠡᠨ ᠭᠠᠳᠠᠨᠠᠬᠢ ᠡᠯᠪᠡᠭ ᠠᠭᠤᠯᠭ᠎ᠠ ᠪᠦᠬᠦᠢ ᠠᠵᠢᠯᠯᠠᠭ᠎ᠠ ᠳᠤᠬᠢᠷᠠᠭᠤᠯᠵᠤ᠂ ᠪᠠᠭᠠᠴᠤᠳ ᠬᠡᠦᠬᠡᠳ ᠤᠨ ᠵᠤᠨ ᠤ ᠠᠮᠠᠷᠠᠯᠳᠠ ᠶᠢᠨ ᠠᠮᠢᠳᠤᠷᠠᠯ ᠢ ᠪᠠᠶᠠᠯᠢᠭᠵᠢᠭᠤᠯᠵᠤ᠂ ᠦᠢᠯᠡᠳᠦᠯᠬᠡ ᠶᠢᠨ ᠳᠤᠮᠳᠠ ᠰᠢᠨᠵᠢᠯᠡᠬᠦ ᠤᠬᠠᠭᠠᠨ ᠤ ᠮᠡᠳᠡᠯᠬᠡ ᠶᠢ ᠤᠢᠢᠯᠭᠠᠭᠤᠯᠵᠤ ᠪᠠᠶᠢᠨ᠎ᠠ᠃    ᠤᠢᠢᠯᠠᠭᠠᠭᠰᠠᠨ ᠢᠶᠠᠷ᠂ ᠬᠢᠵᠢᠭ ᠤᠨ ᠬᠤᠭᠤᠴᠠᠭᠠᠨ ᠳᠤ ᠬᠦᠮᠤᠨ ᠬᠠᠷ᠎ᠠ ᠤᠯᠠᠨ ᠴᠤᠭᠯᠠᠷᠠᠬᠤ ᠠᠴᠠ ᠵᠠᠶᠢᠯᠠᠰᠬᠢᠬᠦ ᠶᠢᠨ ᠲᠦᠯᠦᠬᠡ᠂ ᠬᠡᠦᠬᠡᠳ ᠤᠨ ᠳᠤᠭᠯᠠᠭᠠᠮ ᠤᠨ ᠤᠷᠳᠤᠨ ᠪᠠ ᠰᠢᠨᠵᠢᠯᠡᠬᠦ ᠤᠬᠠᠭᠠᠨ ᠤ ᠬᠠᠶᠢᠨ ᠰᠢᠨᠵᠢᠯᠡᠯᠳᠡ ᠶᠢ ᠢᠯᠡᠷᠡᠬᠦᠯᠦᠭᠰᠡᠨ ᠺᠢᠨᠣ᠋ ᠶᠢ ᠰᠤᠨᠢᠷᠬᠠᠬᠤ ᠳᠤ ᠵᠠᠪᠠᠯ᠂ ᠦᠪᠦᠷ ᠮᠤᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ ᠤᠨ ᠤᠷᠳᠤᠨ ᠬᠡᠬᠦ ᠵᠢᠷᠬᠢᠶ᠎ᠠ ᠶᠢᠨ ᠤᠯᠠᠨ ᠨᠡᠶᠢᠳᠡ ᠶᠢᠨ ᠳ᠋ᠤᠭᠠᠷ ᠢ ᠠᠩᠬᠠᠷᠴᠤ᠂ ᠤᠷᠢᠳᠴᠢᠯᠠᠨ ᠪᠤᠯᠵᠤᠬᠤ ᠬᠡᠷᠡᠭᠳᠡᠢ᠃ ᠢᠷᠡᠯᠳᠠ᠄ ᠲᠤᠮᠳᠠᠳᠦ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ ᠲᠡᠪᠰᠢᠭᠦᠯᠦᠭᠰᠡᠨ ᠨᠢ᠄ ᠤᠶᠠᠬᠠᠨ
 
ᠢᠷᠡᠯᠲᠡ᠄ ᠲᠤᠮᠳᠠᠳᠦ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2