ᠰᠢᠯᠭᠠᠯᠲᠠ ᠳᠤ ᠶᠠᠭᠤ ᠶᠢ ᠠᠩᠬᠠᠷᠬᠤ ᠪᠤᠢ︖
ᠨᠡᠶᠢᠲᠡᠯᠡᠭᠰᠡᠨ ᠴᠠᠭ᠄
2020/12/17
     ᠡᠨᠡ ᠵᠢᠯ ᠤᠨ ᠶᠡᠭᠡ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠨᠢᠬᠡᠳᠦᠯᠳᠡᠢ ᠰᠢᠯᠭᠠᠯᠲᠠ ᠪᠣᠯ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠡᠬᠦᠰᠦᠭᠰᠡᠨ ᠠᠴᠠ ᠨᠠᠭᠠᠰᠢᠬᠢ ᠪᠦᠬᠦ ᠤᠯᠤᠰ ᠲᠤ ᠬᠡᠪᠴᠢᠶ᠎ᠠ ᠪᠠᠷ ᠬᠠᠮᠤᠭ ᠤᠨ ᠶᠡᠭᠡ ᠨᠢᠬᠡ ᠤᠳᠠᠭᠠᠨ ᠤ ᠵᠣᠬᠢᠶᠠᠨ ᠪᠠᠶᠢᠭᠤᠯᠤᠯᠲᠠ ᠲᠠᠢ ᠬᠠᠮᠳᠤ ᠶᠢᠨ ᠠᠵᠢᠯᠯᠠᠭ᠎ᠠ ᠪᠤᠯᠤᠨ᠎ᠠ᠃ ᠰᠤᠷᠤᠭᠴᠢ ᠡᠯᠰᠡᠬᠦ ᠰᠢᠯᠭᠠᠯᠲᠠ ᠶᠢᠨ ᠪᠠᠶᠢᠭᠤᠯᠤᠮᠵᠢ ᠬᠢᠵᠢᠭ ᠢ ᠰᠡᠷᠭᠡᠶᠢᠯᠡᠬᠦ ᠬᠡᠪ ᠤᠨ ᠪᠠᠶᠢᠳᠠᠯ ᠳᠣᠤᠷ᠎ᠠ ᠤᠯᠤᠰ ᠤᠨ ᠨᠢᠬᠡᠳᠦᠯᠳᠡᠢ ᠰᠢᠯᠭᠠᠯᠲᠠ ᠶᠢ ᠬᠡᠷᠬᠢᠨ ᠵᠣᠬᠢᠶᠠᠨ ᠪᠠᠶᠢᠭᠤᠯᠬᠤ᠂ ᠰᠢᠯᠭᠠᠯᠲᠠ ᠶᠢᠨ ᠠᠮᠤᠷ ᠲᠦᠪᠰᠢᠨ᠂ ᠰᠢᠯᠭᠠᠯᠲᠠ ᠶᠢᠨ ᠶᠠᠪᠤᠳᠠᠯ ᠤᠨ ᠬᠠᠮᠢᠶᠠᠷᠤᠯᠲᠠ ᠶᠢ ᠬᠡᠷᠬᠢᠨ ᠨᠠᠶᠢᠳᠠᠪᠤᠷᠢᠵᠢᠭᠤᠯᠬᠤ ᠨᠢ ᠨᠡᠶᠢᠭᠡᠮ ᠨᠡᠶᠢᠳᠡ ᠶᠢᠨ ᠠᠩᠬᠠᠷᠤᠯ ᠢ ᠳᠠᠳᠠᠵᠤ ᠪᠠᠶᠢᠨ᠎ᠠ᠃ ᠡᠨᠡ ᠵᠢᠯ ᠤᠨ ᠰᠢᠯᠭᠠᠭᠤᠯᠤᠭᠴᠢ ᠰᠢᠯᠭᠠᠯᠲᠠ ᠠᠴᠠ ᠡᠮᠦᠨ᠎ᠡ ᠪᠠ ᠰᠢᠯᠭᠠᠯᠲᠠ ᠶᠢᠨ ᠳᠤᠮᠳᠠ ᠬᠤᠪᠢ ᠬᠥᠮᠦᠨ ᠤ ᠬᠢᠵᠢᠭ ᠢ ᠰᠡᠷᠭᠡᠶᠢᠯᠡᠬᠦ ᠡᠷᠡᠭᠦᠯ ᠮᠡᠨᠳᠦ ᠶᠢᠨ ᠬᠠᠮᠠᠭᠠᠯᠠᠯᠲᠠ ᠶᠢ ᠬᠡᠷᠬᠢᠨ ᠰᠠᠶᠢᠲᠤᠷ ᠬᠢᠬᠦ ᠪᠤᠢ︖ ᠡᠨᠡ ᠳᠤᠬᠠᠢ ᠦᠪᠦᠷ ᠮᠤᠩᠭᠤᠯ ᠤᠨ ᠰᠤᠷᠤᠭᠴᠢ ᠡᠯᠰᠡᠬᠦ ᠰᠢᠯᠭᠠᠯᠳᠠ ᠶᠢᠨ ᠲᠦᠪ ᠠᠴᠠ ᠬᠢᠵᠢᠭ ᠢ ᠰᠡᠷᠬᠡᠶᠢᠯᠡᠬᠦ ᠳᠠᠯ᠎ᠠ ᠪᠠᠷ ᠬᠢ ᠠᠩᠬᠠᠷᠬᠤ ᠴᠢᠬᠤᠯᠠ ᠲᠠᠢ ᠲᠦᠷᠢᠮ ᠳᠤᠭᠳᠠᠭᠠᠯ ᠰᠠᠨᠠᠭᠤᠯᠤᠮᠵᠢ ᠨᠡᠶᠢᠳᠡᠯᠡᠭᠰᠡᠨ ᠪᠠᠶᠢᠨ᠎ᠠ᠃      ᠬᠢᠵᠢᠭ ᠢ ᠰᠡᠷᠬᠡᠶᠢᠯᠡᠬᠦ ᠮᠡᠳᠡᠭᠳᠡᠬᠦ ᠵᠦᠢᠯ ᠳᠤ᠂ ᠬᠢᠵᠢᠭ ᠢ ᠰᠡᠷᠭᠡᠶᠢᠯᠡᠬᠦ ᠮᠡᠳᠡᠯᠭᠡ ᠶᠢᠨ ᠰᠤᠷᠤᠯᠴᠠᠯᠭ᠎ᠠ ᠶᠢ ᠴᠢᠩᠭᠠᠳᠬᠠᠵᠤ᠂ ᠰᠢᠯᠭᠠᠯᠲᠠ ᠶᠢᠨ ᠴᠡᠭ ᠲᠠᠢ ᠢᠳᠡᠪᠬᠢᠲᠡᠶ ᠪᠠᠷ ᠬᠠᠮᠵᠢᠯᠴᠠᠵᠤ ᠰᠡᠷᠭᠡᠶᠢᠯᠡᠨ ᠡᠵᠡᠮᠳᠡᠬᠦ ᠠᠵᠢᠯ ᠢᠶᠠᠨ ᠰᠠᠶᠢᠳᠤᠷ ᠬᠢᠬᠦ ᠬᠡᠷᠡᠭᠳᠡᠢ᠃ ᠰᠢᠯᠭᠠᠭᠤᠯᠤᠭᠴᠢ ᠵᠢᠴᠢ ᠭᠡᠷ ᠤᠨ ᠬᠥᠮᠦᠰ ᠨᠢ ᠰᠢᠯᠭᠠᠯᠲᠠ ᠠᠴᠠ ᠡᠮᠦᠨ᠎ᠡ ᠠᠯᠢ ᠴᠢᠳᠠᠬᠤ ᠪᠠᠷ ᠭᠠᠳᠠᠭᠰᠢ ᠭᠠᠷᠬᠤ ᠶᠢ ᠪᠠᠭᠠᠰᠬᠠᠵᠤ᠂ ᠲᠥᠷᠥᠯ ᠰᠠᠳᠤᠨ ᠨᠠᠶᠢᠵᠠ ᠨᠥᠬᠦᠳ ᠲᠠᠢ ᠪᠠᠨ ᠬᠠᠮᠲᠤ ᠬᠤᠭᠤᠯᠠᠯᠠᠬᠤ ᠪᠡ ᠬᠥᠮᠦᠨ ᠬᠠᠷ᠎ᠠ ᠨᠢᠭᠲᠠᠷᠠᠭᠰᠠᠨ ᠣᠯᠠᠨ ᠨᠡᠶᠢᠲᠡ ᠶᠢᠨ ᠭᠠᠵᠠᠷ ᠤᠴᠢᠬᠤ ᠠᠴᠠ ᠵᠠᠶᠢᠯᠠᠰᠬᠢᠵᠦ᠂ ᠬᠢᠵᠢᠭ ᠤᠨ ᠪᠠᠶᠢᠳᠠᠯ ᠤᠨ ᠲᠦᠭᠰᠢᠭᠦᠷᠢ ᠳᠤᠮᠳᠠ ᠪᠤᠶᠤ ᠶᠡᠬᠡᠲᠡᠶ ᠭᠠᠵᠠᠷ ᠣᠷᠣᠨ ᠳᠤ ᠣᠴᠢᠵᠤ ᠵᠢᠭᠤᠯᠴᠢᠯᠠᠬᠤ ᠶᠢ ᠴᠢᠩᠭ᠎ᠠ ᠬᠤᠷᠢᠬᠯᠠᠨ᠎ᠡ ᠭᠡᠪᠡ᠃     ︽ᠰᠢᠯᠭᠠᠭᠤᠯᠬᠤ ᠵᠥᠪᠰᠢᠶᠡᠷᠡᠯ ᠤᠨ ᠦᠨᠡᠮᠯᠡᠯ︾ ᠢᠶᠠᠨ ᠳᠠᠷᠤᠮᠠᠯᠯᠠᠬᠤ ᠴᠢᠳᠠᠮᠵᠢ ᠶᠢ 6 ᠰᠠᠷ᠎ᠠ ᠶᠢᠨ 22 ᠤᠨ ᠡᠳᠦᠷ ᠠᠴᠠ ᠨᠡᠭᠡᠭᠡᠵᠦ᠂ ᠰᠢᠯᠭᠠᠭᠤᠯᠤᠭᠴᠢ ᠥᠪᠡᠷ ᠢᠶᠠᠨ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠳᠤ ᠨᠡᠷ᠎ᠡ ᠮᠡᠳᠡᠭᠦᠯᠬᠦ ᠰᠢᠰᠲ᠋ᠧᠮ ᠳᠤ ᠣᠷᠣᠵᠤ ᠳᠠᠷᠤᠮᠠᠯᠯᠠᠬᠤ ᠶᠢᠨ ᠬᠠᠮᠲᠤ ︽ᠰᠢᠯᠭᠠᠭᠤᠯᠤᠭᠴᠢ ᠶᠢᠨ ᠬᠢᠵᠢᠭ ᠢ ᠰᠡᠷᠭᠡᠶᠢᠯᠡᠬᠦ ᠡᠷᠬᠡᠪᠰᠢ ᠮᠡᠳᠡᠬᠦ ᠵᠦᠢᠯ︾᠂ ︽ᠰᠢᠯᠭᠠᠭᠤᠯᠤᠭᠴᠢ ᠶᠢᠨ ᠠᠮᠤᠷ ᠲᠦᠪᠰᠢᠨ ᠰᠢᠯᠭᠠᠯᠲᠠ ᠶᠢᠨ ᠠᠮᠠᠯᠠᠯᠲᠠ ᠶᠢᠨ ᠪᠢᠴᠢᠭ︾ ᠢ ᠳᠠᠷᠤᠮᠠᠯᠯᠠᠨ᠎ᠠ᠃ ᠰᠤᠷᠭᠠᠭᠤᠯᠢ ᠠᠴᠠ ᠰᠢᠯᠭᠠᠯᠲᠠ ᠳᠤ ᠣᠷᠣᠯᠴᠠᠬᠤ ᠰᠤᠷᠤᠭᠴᠢᠳ ᠤᠨ ᠪᠡᠶ᠎ᠠ ᠶᠢᠨ ᠬᠠᠯᠠᠭᠤᠨ ᠢ ᠰᠢᠯᠭᠠᠯᠲᠠ ᠠᠴᠠ ᠡᠮᠦᠨ᠎ᠡ 14 ᠡᠳᠦᠷ ᠠᠴᠠ ᠡᠬᠢᠯᠡᠨ ᠡᠳᠦᠷ ᠪᠦᠷᠢ ᠬᠡᠮᠵᠢᠬᠦ ᠶᠢᠨ ᠬᠠᠮᠳᠤ ᠡᠷᠡᠭᠦᠯ ᠮᠡᠨᠳᠦ ᠶᠢᠨ ᠪᠠᠶᠢᠳᠠᠯ ᠤᠨ ᠬᠢᠨᠠᠨ ᠬᠡᠮᠵᠢᠯᠲᠡ ᠬᠢᠵᠦ ᠳᠡᠮᠳᠡᠭᠯᠡᠨ᠎ᠡ᠃ ᠪᠡᠶ᠎ᠡ ᠶᠢᠨ ᠬᠠᠯᠠᠭᠤᠨ ᠤ ᠬᠡᠮᠵᠢᠯᠲᠡ ᠶᠢᠨ ᠲᠡᠮᠳᠡᠭᠯᠡᠯ ᠵᠢᠴᠢ ᠪᠡᠶ᠎ᠡ ᠶᠢᠨ ᠬᠡᠪ ᠤᠨ ᠪᠤᠰᠤ ᠪᠠᠶᠢᠳᠠᠯ ᠭᠠᠷᠪᠠᠯ᠂ ᠲᠤᠬᠠᠶ ᠶᠢᠨ ᠭᠠᠵᠠᠷ ᠤᠨ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠴᠠᠭ ᠲᠤᠬᠠᠶ ᠳᠤᠨᠢ ᠮᠡᠳᠡᠭᠦᠯᠬᠦ ᠬᠡᠷᠡᠭᠲᠡᠶ᠃ ᠪᠤᠰᠤᠳ ᠰᠢᠯᠭᠠᠭᠤᠯᠤᠭᠴᠢ ᠶᠢ ᠲᠣᠰ ᠬᠥᠮᠦᠨ ᠤ ᠰᠢᠯᠭᠠᠬᠤ ᠴᠡᠭ ᠤᠨ ᠪᠠᠶᠢᠭ᠎ᠠ ᠬᠤᠰᠢᠭᠤ ᠰᠢᠶᠠᠨ ︵ᠬᠤᠲᠠ᠂ ᠲᠣᠭᠤᠷᠢᠭ︶ ᠤ ᠰᠤᠷᠭᠠᠨ ᠬᠥᠮᠦᠵᠢᠯ ᠤᠨ ᠰᠤᠷᠤᠭᠴᠢ ᠡᠯᠰᠡᠬᠦ ᠰᠢᠯᠭᠠᠯᠲᠠ ᠶᠢᠨ ᠪᠠᠶᠢᠭᠤᠯᠤᠮᠵᠢ ᠠᠴᠠ ᠬᠠᠷᠢᠭᠤᠴᠠᠨ᠎ᠠ᠃      ᠰᠢᠯᠭᠠᠭᠤᠯᠤᠭᠴᠢ ᠶᠢᠨ ᠰᠢᠯᠭᠠᠯᠲᠠ ᠠᠴᠠ ᠡᠮᠦᠨᠡᠬᠢ ᠪᠡᠶ᠎ᠡ ᠮᠠᠬᠠᠪᠣᠳ ᠤᠨ ᠪᠠᠶᠢᠳᠠᠯ ᠬᠡᠪ ᠤᠨ ᠪᠤᠰᠤ ᠪᠠᠶᠢᠬᠤ ᠪᠠ ᠬᠢᠨᠠᠨ ᠰᠢᠯᠭᠠᠬᠤ ᠪᠠᠷ ᠳᠠᠮᠵᠢᠵᠤ ᠪᠡᠶ᠎ᠡ ᠮᠠᠬᠠᠪᠣᠳ ᠤᠨ ᠪᠠᠶᠢᠳᠠᠯ ᠬᠡᠪ ᠤᠨ ᠪᠤᠰᠤ ᠪᠠᠶᠢᠬᠤ ᠶᠢ ᠣᠯᠵᠤ ᠮᠡᠳᠡᠪᠡᠯ᠂ ᠡᠷᠬᠡᠪᠰᠢ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ᠂ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠪᠠᠶᠢᠭᠤᠯᠤᠮᠵᠢ ᠪᠣᠯᠤᠨ ᠡᠮᠴᠢᠯᠡᠭᠡᠨ ᠤ ᠪᠠᠶᠢᠭᠤᠯᠤᠮᠵᠢ ᠵᠡᠷᠭᠡ ᠪᠠᠷ ᠨᠢᠭᠡ ᠨᠢᠭᠡ ᠪᠠᠷ ᠲᠤᠰᠬᠠᠶ ᠮᠡᠷᠭᠡᠵᠢᠯ ᠤᠨ ᠦᠨᠡᠯᠡᠨ ᠵᠢᠱᠢᠯᠲᠡ ᠬᠢᠯᠭᠡᠵᠦ᠂ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ᠂ ᠰᠤᠷᠤᠭᠴᠢ ᠡᠯᠰᠡᠬᠦ ᠰᠢᠯᠭᠠᠯᠲᠠ ᠶᠢᠨ ᠪᠠᠶᠢᠭᠤᠯᠤᠮᠵᠢ ᠲᠤᠰᠬᠠᠶ ᠮᠡᠷᠭᠡᠵᠢᠯ ᠤᠨ ᠦᠨᠡᠯᠡᠨ ᠵᠢᠱᠢᠯᠲᠡ ᠶᠢᠨ ᠰᠠᠨᠠᠭᠤᠯᠭ᠎ᠠ ᠶᠢ ᠦᠨᠳᠦᠰᠦᠯᠡᠨ᠂ ᠥᠷᠭᠡᠨ ᠣᠯᠠᠨ ᠰᠢᠯᠭᠠᠭᠤᠯᠤᠭᠴᠢ ᠪᠠ ᠰᠢᠯᠭᠠᠯᠲᠠ ᠶᠢᠨ ᠠᠵᠢᠯᠲᠠᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠴᠢᠭᠢᠷᠠᠭ ᠢ ᠪᠠᠲᠤᠯᠠᠭᠰᠠᠨ ᠤᠷᠢᠲᠠᠯ ᠳᠣᠣᠷ᠎ᠠ᠂ ᠰᠢᠯᠭᠠᠯᠲᠠ ᠳᠤ ᠣᠷᠣᠯᠴᠠᠬᠤ ᠨᠥᠬᠦᠴᠡᠯ ᠢ ᠪᠦᠷᠢᠯᠳᠦᠭᠦᠯᠦᠭᠰᠡᠨ ᠡᠰᠡᠬᠦ ᠶᠢ ᠶᠡᠷᠦᠩᠬᠡᠶᠢᠯᠡᠨ ᠰᠤᠳᠤᠯᠤᠨ ᠮᠠᠭᠠᠳᠯᠠᠵᠤ ᠦᠨᠡᠯᠡᠨ ᠵᠢᠱᠢᠨ᠎ᠡ᠃ ᠰᠢᠯᠭᠠᠯᠳᠠ ᠳᠤ ᠤᠷᠤᠯᠴᠠᠬᠤ ᠨᠦᠬᠦᠴᠡᠯ ᠢ ᠡᠰᠡ ᠪᠦᠷᠢᠯᠳᠦᠬᠦᠯᠦᠭᠰᠡᠨ ᠰᠢᠯᠭᠠᠭᠤᠯᠤᠭᠴᠢ ᠶᠢ ᠡᠷᠡᠭᠦᠯ ᠮᠡᠨᠳᠦ ᠰᠢᠯᠭᠠᠭᠤᠯᠤᠭᠴᠢ ᠲᠠᠢ ᠬᠠᠮᠲᠤ ᠰᠢᠯᠭᠠᠯᠲᠠ ᠶᠢᠨ ᠲᠠᠯᠠᠪᠤᠷ ᠲᠤ ᠰᠢᠯᠭᠠᠭᠤᠯᠵᠤ ᠪᠣᠯᠬᠤ ᠥᠬᠡᠶ᠃      ᠤᠯᠠᠨ ᠬᠦᠮᠦᠨ ᠴᠤᠭᠯᠠᠷᠠᠬᠤ ᠠᠴᠠ ᠵᠠᠶᠢᠯᠠᠰᠬᠢᠬᠦ ᠶᠢᠨ ᠲᠦᠯᠦᠬᠡ᠂ ᠬᠡᠷ ᠤᠨ ᠠᠬᠠᠮᠠᠳ ᠬᠡᠦᠬᠡᠳ ᠢᠶᠠᠨ ᠰᠢᠯᠭᠠᠯᠳᠠ ᠶᠢᠨ ᠳᠠᠯᠠᠪᠠᠢ ᠳᠤ ᠬᠦᠷᠬᠡᠬᠦ ᠶᠢ ᠰᠠᠨᠠᠭᠠᠴᠢᠯᠠᠬᠤ ᠦᠬᠡᠢ᠃ ᠰᠢᠯᠭᠠᠭᠤᠯᠤᠭᠴᠢ ᠭᠠᠳᠠᠭᠰᠢ ᠭᠠᠷᠬᠤ ᠴᠠᠭ ᠪᠠ ᠱᠤᠭᠤᠮ ᠢᠶᠠᠨ ᠤᠷᠢᠳᠴᠢᠯᠠᠨ ᠲᠥᠯᠥᠪᠵᠢᠭᠦᠯᠵᠦ᠂ ᠰᠢᠯᠭᠠᠯᠲᠠ ᠶᠢᠨ ᠴᠡᠭ ᠲᠤ ᠣᠴᠢᠬᠤ ᠵᠠᠮ ᠳᠠᠭᠠᠨ ᠥᠪᠡᠷ ᠢ ᠪᠠᠨ ᠬᠠᠮᠠᠭᠠᠯᠠᠬᠤ ᠠᠵᠢᠯ ᠢ ᠰᠠᠶᠢᠲᠤᠷ ᠬᠢᠬᠦ ᠬᠡᠷᠡᠭᠲᠡᠶ᠃ ᠵᠢᠱᠢᠶᠡᠯᠡᠪᠡᠯ ᠰᠢᠯᠭᠠᠭᠤᠯᠤᠭᠴᠢ ᠬᠤᠪᠢ ᠶᠢᠨ ᠮᠠᠰᠢᠨ ᠲᠡᠷᠭᠡ᠂ ᠶᠠᠪᠠᠭᠠᠨ ᠶᠠᠪᠤᠬᠤ᠂ ᠳᠤᠭᠤᠶ ᠲᠡᠷᠭᠡ ᠤᠨᠤᠵᠤ ᠰᠢᠯᠭᠠᠯᠲᠠ ᠶᠢᠨ ᠳᠠᠯᠠᠪᠠᠢ ᠳᠤ ᠤᠴᠢᠬᠤ ᠳᠤ ᠠᠮᠠᠪᠴᠢ ᠵᠡᠭᠦᠬᠦ ᠦᠬᠡᠢ ᠳᠤ ᠪᠤᠯᠤᠨ᠎ᠠ᠃ ᠬᠡᠬᠦ ᠳᠡᠭᠡᠨ᠂ ᠲᠦᠷᠢᠶᠡᠰᠦᠨ ᠮᠠᠰᠢᠨ᠂ ᠨᠡᠶᠢᠳᠡ ᠶᠢᠨ ᠮᠠᠰᠢᠨ ᠳᠤ ᠰᠠᠭᠤᠪᠠᠯ ᠪᠦᠬᠦ ᠶᠠᠪᠤᠴᠠ ᠳᠤ ᠠᠮᠠᠪᠴᠢ ᠵᠡᠬᠦᠬᠦ ᠬᠡᠷᠡᠭᠳᠡᠢ᠃ ᠲᠡᠷᠭᠡᠨ ᠠᠴᠠ ᠪᠠᠭᠤᠭᠰᠠᠨ ᠤ ᠳᠠᠷᠠᠭ᠎ᠠ ᠴᠠᠭ ᠲᠤᠬᠠᠶ ᠳᠤᠨᠢ ᠭᠠᠷ ᠢᠶᠠᠨ ᠰᠠᠶᠢᠲᠤᠷ ᠠᠷᠢᠭᠤᠨ ᠴᠡᠪᠡᠷ ᠪᠠᠶᠢᠯᠭᠠᠬᠤ ᠬᠡᠷᠡᠭᠲᠡᠶ᠃ ᠤᠢᠢᠷ᠎ᠠ ᠬᠠᠪᠢ ᠶᠢᠨ ᠪᠠᠭᠤᠳᠠᠯ ᠳᠤ ᠰᠠᠭᠤᠭᠰᠠᠨ ᠰᠢᠯᠭᠠᠭᠤᠯᠤᠭᠴᠢ ᠡᠷᠬᠡᠪᠰᠢ ᠡᠷᠡᠬᠦᠯ ᠬᠠᠮᠠᠭᠠᠯᠠᠯ ᠤᠨ ᠨᠦᠬᠦᠴᠡᠯ ᠢᠶᠠᠷ ᠬᠢᠵᠢᠭ ᠤᠨ ᠰᠡᠷᠬᠡᠶᠢᠯᠡᠯᠳᠡ ᠶᠢᠨ ᠱᠠᠭᠠᠷᠳᠠᠯᠭ᠎ᠠ ᠳᠤ ᠬᠦᠷᠦᠭᠰᠡᠨ ᠪᠠᠭᠤᠳᠠᠯ ᠢ ᠰᠤᠩᠭᠤᠬᠤ ᠬᠡᠷᠡᠭᠳᠡᠢ᠃      ᠰᠢᠯᠭᠠᠭᠤᠯᠤᠭᠴᠢ ᠰᠢᠯᠭᠠᠯᠳᠠ ᠶᠢᠨ ᠳᠠᠯᠠᠪᠠᠢ ᠳᠤ ᠤᠷᠤᠬᠤ ᠳᠠᠭᠠᠨ ᠵᠠᠪᠠᠯ ᠪᠡᠶ᠎ᠠ ᠶᠢᠨ ᠬᠠᠯᠠᠭᠤᠨ ᠢᠶᠠᠨ ᠬᠡᠮᠵᠢᠬᠦᠯᠵᠦ᠂ ᠬᠢᠷᠢ ᠳᠡᠩᠴᠡᠭᠰᠡᠨ ᠪᠤᠯ ᠰᠢᠯᠭᠠᠯᠳᠠ ᠶᠢᠨ ᠳᠠᠯᠠᠪᠠᠢ ᠳᠤ ᠤᠷᠤᠭᠤᠯᠤᠨ᠎ᠠ᠃ ᠰᠢᠯᠭᠠᠯᠳᠠ ᠶᠢᠨ ᠳᠠᠯᠠᠪᠠᠢ ᠳᠤ ᠤᠷᠤᠭᠰᠠᠨ ᠤ ᠳᠠᠷᠠᠭ᠎ᠠ ᠳᠤᠬᠠᠢ ᠶᠢᠨ ᠳᠠᠯᠠᠪᠠᠢ ᠶᠢᠨ ᠠᠵᠢᠯᠳᠠᠨ ᠤ ᠬᠠᠮᠢᠶᠠᠷᠤᠯᠳᠠ ᠶᠢ ᠳᠠᠭᠠᠬᠤ ᠬᠡᠷᠡᠭᠳᠡᠢ ᠂ ᠳᠤᠷ᠎ᠠ ᠪᠠᠷ ᠡᠰᠢ ᠳᠡᠰᠢ ᠶᠠᠪᠤᠵᠤ ᠪᠤᠯᠬᠤ ᠦᠬᠡᠢ᠃ ᠰᠢᠯᠭᠠᠯᠳᠠ ᠶᠢᠨ ᠳᠠᠯᠠᠪᠠᠢ ᠳᠤ ᠤᠷᠤᠬᠤ ᠳᠠᠭᠠᠨ 1 ᠮᠧᠳ᠋ᠷ ᠤᠨ ᠵᠠᠶᠢᠳᠠᠢ ᠪᠠᠶᠢᠬᠤ ᠶᠢ ᠠᠩᠬᠠᠷᠤᠨ᠎ᠠ᠃ ᠰᠢᠯᠭᠠᠯᠳᠠ ᠳᠠᠭᠤᠰᠤᠭᠰᠠᠨ ᠤ ᠳᠠᠷᠠᠭ᠎ᠠ ᠰᠢᠯᠭᠠᠯᠳᠠ ᠶᠢᠨ ᠴᠡᠭ ᠠᠴᠠ ᠲᠦᠷᠬᠡᠨ ᠶᠠᠪᠤᠨ᠎ᠠ᠂ ᠴᠤᠭᠯᠠᠷᠠᠵᠤ ᠵᠤᠭᠰᠤᠵᠤ ᠪᠤᠯᠬᠤ ᠦᠬᠡᠢ᠃ ᠰᠢᠯᠭᠠᠭᠤᠯᠤᠭᠴᠢ ᠠᠮᠠᠪᠴᠢ ᠵᠡᠬᠦᠬᠦ ᠡᠰᠡᠬᠦ ᠪᠠᠨ ᠦᠪᠡᠷ ᠲᠡᠭᠡᠨ ᠳᠤᠭᠳᠠᠭᠠᠨ᠎ᠠ᠃ ᠪᠡᠯᠡᠳᠬᠡᠯ ᠳᠤᠰᠠᠭᠠᠷᠯᠠᠭᠰᠠᠨ ᠰᠢᠯᠭᠠᠯᠳᠠ ᠶᠢᠨ ᠳᠠᠯᠠᠪᠠᠢ ᠳᠤ ᠤᠷᠤᠯᠴᠠᠬᠤ ᠰᠢᠯᠭᠠᠭᠤᠯᠤᠭᠴᠢ ᠪᠦᠬᠦ ᠶᠠᠪᠤᠴᠠ ᠳᠤ ᠠᠮᠠᠪᠴᠢ ᠵᠡᠬᠦᠬᠦ ᠬᠡᠷᠡᠭᠳᠡᠢ᠃ ᠰᠢᠯᠭᠠᠭᠤᠯᠤᠭᠴᠢ ᠰᠢᠯᠭᠠᠯᠳᠠ ᠶᠢᠨ ᠶᠠᠪᠤᠴᠠ ᠳᠤ ᠬᠠᠯᠠᠭᠤᠷᠠᠬᠤ ᠪᠤᠶᠤ ᠬᠠᠨᠢᠶᠠᠬᠤ ᠪᠠᠶᠢᠳᠠᠯ ᠢᠯᠡᠷᠡᠪᠡᠯ ᠰᠢᠯᠭᠠᠯᠳᠠ ᠶᠢᠨ ᠴᠡᠭ ᠤᠨ ᠠᠵᠢᠯᠳᠠᠨ ᠳᠤ ᠮᠡᠳᠡᠬᠦᠯᠦᠨ᠎ᠡ᠃ ᠢᠷᠡᠯᠳᠠ᠄ ᠲᠤᠮᠳᠠᠳᠦ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ ᠲᠡᠪᠰᠢᠭᠦᠯᠦᠭᠰᠡᠨ ᠨᠢ᠄ ᠤᠶᠠᠬᠠᠨ
 
ᠢᠷᠡᠯᠲᠡ᠄ ᠲᠤᠮᠳᠠᠳᠦ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2