ᠰᠤᠷᠭᠠᠨ ᠬᠦᠮᠥᠵᠢᠯ ᠤᠨ ᠶᠠᠮᠤᠨ 2020 ᠤᠨ ᠤ ᠤᠷᠠᠯᠢᠭ ᠤᠨ ᠲᠦᠷᠦᠯ ᠤᠨ ᠲᠤᠰᠬᠠᠢ ᠮᠡᠷᠬᠡᠵᠢᠯ ᠤᠨ ᠰᠤᠷᠤᠭᠴᠢ ᠡᠯᠰᠡᠬᠦ ᠰᠢᠯᠭᠠᠯᠳᠠ ᠶᠢᠨ ᠠᠵᠢᠯ ᠢ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2020/12/17
     ᠰᠤᠷᠭᠠᠨ ᠬᠦᠮᠥᠵᠢᠯ ᠤᠨ ᠶᠠᠮᠤᠨ 12 ᠤᠨ ᠡᠳᠤᠷ ᠸᠢᠳᠢᠣ᠋ ᠬᠤᠷᠡᠯ ᠬᠤᠷᠡᠯᠳᠤᠭᠤᠯᠵᠥ 2020 ᠤᠨ ᠤ ᠤᠷᠠᠯᠢᠭ ᠤᠨ ᠲᠦᠷᠦᠯ ᠤᠨ ᠲᠤᠰᠬᠠᠢ ᠮᠡᠷᠬᠡᠵᠢᠯ ᠤᠨ ᠰᠤᠷᠤᠭᠴᠢ ᠡᠯᠰᠡᠬᠦ ᠰᠢᠯᠭᠠᠯᠳᠠ ᠶᠢᠨ ᠠᠵᠢᠯ ᠢ ᠪᠠᠶᠢᠷᠢᠯᠠᠭᠤᠯᠪᠠ᠃ ᠬᠤᠷᠡᠯ ᠠᠴᠠ᠂ ᠡᠯ᠎ᠡ ᠭᠠᠵᠠᠷ ᠡᠯ᠎ᠡ ᠶᠡᠭᠡ ᠲᠡᠬᠡᠳᠤ ᠰᠤᠷᠭᠠᠭᠤᠯᠢ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠪᠤᠯᠤᠨ ᠰᠤᠷᠤᠭᠴᠢ ᠡᠯᠰᠡᠬᠦ ᠰᠢᠯᠭᠠᠯᠳᠠ ᠶᠢᠨ ᠠᠵᠢᠯ ᠢ ᠨᠢᠬᠡᠳᠤᠯᠳᠡᠢ ᠲᠦᠯᠥᠪᠵᠢᠬᠦᠯᠥᠨ ᠠᠬᠢᠭᠤᠯᠵᠥ᠂ ᠰᠢᠯᠭᠠᠭᠤᠯᠤᠭᠰᠠᠳ ᠪᠤᠯᠤᠨ ᠰᠢᠯᠭᠠᠯᠳᠠ ᠶᠢᠨ ᠠᠵᠢᠯᠳᠠᠨ ᠤ ᠠᠮᠢ ᠨᠠᠰᠤᠨ ᠤ ᠠᠮᠤᠷ ᠲᠦᠪᠰᠢᠨ ᠪᠤᠯᠤᠨ ᠪᠡᠶ᠎ᠡ ᠮᠠᠬᠠᠪᠤᠳ ᠤᠨ ᠡᠷᠡᠬᠦᠯ ᠮᠡᠨᠳᠤ ᠶᠢ ᠲᠡᠷᠢᠬᠦᠨ ᠳᠤ ᠲᠠᠯᠪᠢᠬᠤ ᠶᠢ ᠦᠷᠬᠦᠯᠵᠢᠯᠡᠨ ᠪᠠᠷᠢᠮᠳᠠᠯᠠᠬᠤ ᠬᠡᠷᠡᠭᠳᠡᠢ᠂ ᠰᠤᠷᠭᠠᠭᠤᠯᠢ ᠶᠢᠨ ᠰᠢᠯᠭᠠᠯᠳᠡ ᠠᠴᠠ ᠪᠤᠯᠵᠥ ᠬᠦᠮᠦᠰ ᠶᠡᠭᠡ ᠪᠠᠷ ᠴᠤᠪᠤᠷᠠᠨ ᠴᠤᠭᠯᠠᠷᠠᠬᠤ ᠶᠢ ᠰᠡᠷᠬᠡᠶᠢᠯᠡᠬᠦ ᠶᠢᠨ ᠲᠦᠯᠥᠬᠡ᠂ ᠵᠠᠷᠴᠢᠮ ᠲᠡᠬᠡᠷ᠎ᠡ ᠪᠠᠨ 2020 ᠤᠨ ᠤ ᠶᠡᠭᠡ ᠲᠡᠬᠡᠳᠤ ᠰᠤᠷᠭᠠᠭᠤᠯᠢ ᠶᠢᠨ ᠰᠤᠷᠤᠭᠴᠢ ᠡᠯᠰᠡᠬᠦ ᠤᠯᠤᠰ ᠤᠨ ᠨᠢᠬᠡᠳᠤᠯᠳᠡᠢ ᠰᠢᠯᠭᠠᠯᠳᠠ ᠠᠴᠠ ᠡᠮᠤᠨ᠎ᠡ ᠲᠤᠬᠠᠢ ᠶᠢᠨ ᠲᠠᠯᠠᠪᠠᠢ ᠶᠢᠨ ᠰᠤᠷᠭᠠᠭᠤᠯᠢ ᠶᠢᠨ ᠰᠢᠯᠭᠠᠯᠳᠠ ᠶᠢ ᠵᠤᠬᠢᠶᠠᠨ ᠪᠠᠶᠢᠭᠤᠯᠬᠤ ᠦᠬᠡᠢ ᠬᠡᠵᠥ ᠲᠤᠳᠤᠷᠬᠠᠢᠢᠯᠠᠪᠠ᠃     ᠲᠠᠨᠢᠯᠴᠠᠭᠤᠯᠤᠭᠰᠠᠠ ᠢᠶᠠᠷ᠂ 2020 ᠤᠨ ᠤ ᠪᠦᠬᠦ ᠤᠯᠤᠰ ᠤᠨ ᠤᠷᠠᠯᠢᠭ ᠤᠨ ᠲᠦᠷᠦᠯ ᠤᠨ ᠲᠤᠰᠬᠠᠢ ᠮᠡᠷᠬᠡᠵᠢᠯ ᠳᠤ ᠨᠡᠷ᠎ᠡ ᠮᠡᠳᠡᠬᠦᠯᠥᠭᠰᠡᠡ ᠬᠦᠮᠥᠨ ᠤ ᠲᠤᠭ᠎ᠠ ᠵᠢᠱᠢᠯᠳᠡ ᠪᠠᠷ 115 ᠲᠦᠮᠡ ᠪᠤᠢ᠂ ᠡᠮᠤᠨ᠎ᠡ ᠬᠤᠭᠤᠴᠠᠭᠠᠨ ᠤ ᠬᠢᠵᠢᠭ ᠤᠨ ᠪᠠᠶᠢᠳᠠᠯ ᠤᠨ ᠨᠦᠯᠥᠬᠡ ᠠᠴᠠ ᠪᠤᠯᠵᠥ᠂ ᠬᠠᠮᠢᠶ᠎ᠠ ᠪᠦᠬᠦᠢ ᠶᠡᠭᠡ ᠲᠡᠬᠡᠳᠤ ᠰᠤᠷᠭᠠᠭᠤᠯᠢ ᠪᠦᠷ ᠤᠷᠠᠯᠢᠭ ᠤᠨ ᠲᠦᠷᠦᠯ ᠤᠨ ᠲᠤᠰᠬᠠᠢ ᠮᠡᠷᠬᠡᠵᠢᠯ ᠤᠨ ᠰᠤᠷᠭᠠᠭᠤᠯᠢ ᠶᠢᠨ ᠰᠢᠯᠭᠠᠯᠳᠡ ᠪᠠᠨ ᠬᠤᠶᠢᠰᠢᠯᠠᠭᠤᠯᠤᠬᠰᠠᠠ ᠪᠠᠶᠢᠨ᠎ᠠ᠃    ᠬᠤᠷᠡᠯ ᠠᠴᠠ᠂ ᠬᠠᠮᠢᠶ᠎ᠠ ᠪᠦᠬᠦᠢ ᠶᠡᠭᠡ ᠲᠡᠬᠡᠳᠤ ᠰᠤᠷᠭᠠᠭᠤᠯᠢ ᠶᠢᠨ ᠬᠢᠨ ᠠᠳᠠᠯᠢ ᠪᠤᠰᠤ ᠲᠤᠰᠬᠠᠢ ᠮᠡᠷᠬᠡᠵᠢᠯ ᠤᠨ ᠴᠢᠳᠠᠪᠤᠷᠢᠳᠡᠨ ᠢ ᠡᠯᠰᠡᠬᠦ ᠤᠨᠴᠠᠯᠢᠭ ᠲᠠᠢ ᠤᠶᠠᠯᠳᠤᠭᠤᠯᠵᠥ᠂ ᠰᠢᠨᠵᠢᠯᠡᠬᠦ ᠤᠬᠠᠭᠠᠨᠴᠢ ᠶᠢ ᠡᠷᠬᠢᠮᠯᠡᠬᠦ᠂ ᠲᠦᠪ ᠭᠤᠤᠯᠴᠢ ᠪᠠᠶᠢᠬᠤ ᠶᠢ ᠴᠢᠩᠭ᠎ᠠ ᠰᠠᠬᠢᠬᠤ᠂ ᠦᠨᠡᠨ ᠬᠦ ᠨᠠᠶᠢᠳᠠᠪᠤᠷᠢᠳᠡᠢ ᠪᠠᠶᠢᠬᠤ᠂ ᠠᠮᠤᠷ ᠲᠦᠪᠰᠢᠨ ᠢ ᠪᠠᠳᠤᠯᠠᠬᠤ ᠵᠠᠷᠴᠢᠮ ᠢᠶᠠᠷ᠂ ᠰᠤᠷᠭᠠᠭᠤᠯᠢ ᠶᠢᠨ ᠰᠢᠯᠭᠠᠯᠳᠠ ᠶᠢᠨ ᠠᠵᠢᠯ ᠤᠨ ᠲᠦᠰᠦᠯ ᠢᠶᠠᠨ ᠰᠢᠨᠵᠢᠯᠡᠬᠦ ᠤᠬᠠᠭᠠᠨᠴᠢ ᠪᠠᠷ ᠲᠤᠭᠳᠠᠭᠠᠵᠥ᠂ ᠯᠠᠪᠳᠠᠭᠤᠨ ᠢᠶᠠᠷ ᠵᠤᠬᠢᠶᠠᠨ ᠪᠠᠶᠢᠭᠤᠯᠤᠨ ᠬᠡᠷᠡᠭᠵᠢᠬᠦᠯᠵᠥ᠂ ᠴᠢᠳᠠᠪᠤᠷᠢᠳᠠᠨ ᠡᠯᠰᠡᠬᠦ ᠶᠠᠰᠤ ᠴᠢᠨᠠᠷ ᠢᠶᠠᠨ ᠦᠨᠡᠨ ᠬᠦ ᠪᠠᠳᠤᠯᠠᠬᠤ ᠬᠡᠷᠡᠭᠳᠡᠢ᠃ ᠶᠡᠭᠡ ᠲᠡᠬᠡᠳᠤ ᠰᠤᠷᠭᠠᠭᠤᠯᠢ ᠶᠢᠨ ᠬᠢᠨ ᠰᠢᠨᠵᠢᠯᠡᠬᠦ ᠤᠬᠠᠭᠠᠨᠴᠢ ᠪᠠᠷ ᠰᠤᠳᠤᠯᠤᠨ ᠬᠡᠷᠡᠴᠢᠯᠡᠭᠰᠡᠡ ᠤ ᠲᠠᠷᠠᠭ᠎ᠠ᠂ ᠰᠤᠷᠭᠠᠭᠤᠯᠢ ᠶᠢᠨ ᠰᠢᠯᠭᠠᠯᠳᠠ ᠶᠢᠨ ᠲᠤᠰᠬᠠᠢ ᠮᠡᠷᠬᠡᠵᠢᠯ ᠤᠨ ᠬᠡᠪᠴᠢᠶ᠎ᠡ ᠶᠢ ᠪᠤᠯᠬᠤ ᠶᠢᠨ ᠲᠤᠳᠤᠷ᠎ᠠ ᠴᠦᠬᠡᠳᠬᠡᠬᠦ ᠬᠡᠷᠡᠭᠳᠡᠢ᠃ ᠰᠤᠷᠭᠠᠭᠤᠯᠢ ᠶᠢᠨ ᠰᠢᠯᠭᠠᠯᠳᠠ ᠶᠢ ᠦᠨᠡᠨ ᠬᠦ ᠵᠤᠬᠢᠶᠠᠨ ᠪᠠᠶᠢᠭᠤᠯᠬᠤ ᠴᠢᠬᠤᠯᠠᠳᠠᠢ ᠲᠤᠰᠬᠠᠢ ᠮᠡᠷᠬᠡᠵᠢᠯ ᠢ ᠪᠤᠯ ᠡᠷᠬᠡ ᠲᠡᠭᠰᠢ᠂ ᠲᠦᠪ ᠭᠤᠤᠯᠴᠢ ᠪᠠᠶᠢᠬᠤ ᠶᠢ ᠦᠨᠡᠨ ᠬᠦ ᠪᠠᠳᠤᠯᠠᠬᠰᠠᠠ ᠤᠷᠢᠳᠡᠯ ᠲᠤᠤᠷ᠎ᠡ᠂ ᠶᠡᠭᠡ ᠲᠡᠬᠡᠳᠤ ᠰᠤᠷᠭᠠᠭᠤᠯᠢ ᠶᠢᠨ ᠬᠢᠨ ᠰᠢᠯᠭᠠᠭᠤᠯᠤᠭᠰᠠᠳ ᠪᠦᠳᠦᠬᠡᠯ ᠢᠶᠠᠨ ᠲᠡᠪᠰᠢᠬᠦᠯᠵᠥ᠂ ᠰᠦᠯᠵᠢᠶᠡᠨ ᠲᠡᠬᠡᠷ᠎ᠡ ᠸᠢᠳᠢᠣ᠋ ᠪᠠᠷ ᠨᠢᠭᠤᠷᠳᠠᠨ ᠰᠢᠯᠭᠠᠬᠤ ᠵᠡᠷᠬᠡ ᠲᠤᠬᠠᠢ ᠶᠢᠨ ᠲᠠᠯᠠᠪᠠᠢ ᠶᠢᠨ ᠪᠤᠰᠤ ᠰᠢᠯᠭᠠᠯᠳᠠ ᠶᠢᠨ ᠬᠡᠯᠪᠡᠷᠢ ᠪᠠᠷ ᠰᠢᠯᠭᠠᠯᠳᠡ ᠬᠢᠬᠦ ᠶᠢ ᠵᠤᠷᠢᠬᠵᠢᠭᠤᠯᠤᠨ᠎ᠠ᠃ ᠲᠤᠰᠬᠠᠢ ᠮᠡᠷᠬᠡᠵᠢᠯ ᠤᠨ ᠴᠢᠨᠠᠷ ᠢᠶᠠᠷ ᠴᠢᠩᠭ᠎ᠠ ᠪᠦᠬᠡᠳ ᠦᠷᠬᠦᠯᠵᠢᠯᠡᠨ ᠰᠤᠷᠭᠠᠭᠤᠯᠢ ᠶᠢᠨ ᠰᠢᠯᠭᠠᠯᠳᠡ ᠶᠢ ᠵᠤᠬᠢᠶᠠᠨ ᠪᠠᠶᠢᠭᠤᠯᠬᠤ ᠪᠠᠷ ᠪᠠᠶᠢᠭ᠎ᠠ ᠶᠡᠭᠡ ᠲᠡᠬᠡᠳᠤ ᠰᠤᠷᠭᠠᠭᠤᠯᠢ ᠶᠢᠨ ᠬᠢᠨ᠂ ᠪᠦᠳᠦᠬᠡᠯ ᠢᠶᠠᠨ ᠲᠡᠪᠰᠢᠬᠦᠯᠵᠥ᠂ ᠰᠦᠯᠵᠢᠶᠡᠨ ᠲᠡᠬᠡᠷ᠎ᠡ ᠸᠢᠳᠢᠣ᠋ ᠪᠠᠷ ᠨᠢᠭᠤᠷᠳᠠᠨ ᠰᠢᠯᠭᠠᠬᠤ ᠵᠡᠷᠬᠡ ᠲᠤᠬᠠᠢ ᠶᠢᠨ ᠲᠠᠯᠠᠪᠠᠢ ᠶᠢᠨ ᠪᠤᠰᠤ ᠰᠢᠯᠭᠠᠯᠳᠠ ᠶᠢᠨ ᠬᠡᠯᠪᠡᠷᠢ ᠪᠠᠷ ᠲᠠᠮᠵᠢᠭᠤᠯᠤᠨ ᠨᠡᠷ᠎ᠡ ᠮᠡᠳᠡᠬᠦᠯᠥᠭᠰᠡᠡ ᠰᠢᠯᠭᠠᠭᠤᠯᠤᠬᠰᠠᠳ ᠲᠤ ᠠᠩᠬᠠᠨ ᠤ ᠰᠢᠯᠢᠯᠳᠡ ᠬᠢᠵᠥ᠂ ᠶᠡᠭᠡ ᠲᠡᠬᠡᠳᠤ ᠰᠤᠷᠭᠠᠭᠤᠯᠢ ᠶᠢᠨ ᠰᠤᠷᠤᠭᠴᠢ ᠡᠯᠰᠡᠬᠦ ᠤᠯᠤᠰ ᠤᠨ ᠨᠢᠬᠡᠳᠤᠯᠳᠡᠢ ᠰᠢᠯᠭᠠᠯᠳᠠ ᠶᠢᠨ ᠲᠠᠷᠠᠭ᠎ᠠ ᠲᠠᠬᠢᠨ ᠲᠤᠬᠠᠢ ᠶᠢᠨ ᠲᠠᠯᠠᠪᠠᠢ ᠶᠢᠨ ᠰᠤᠷᠭᠠᠭᠤᠯᠢ ᠶᠢᠨ ᠰᠢᠯᠭᠠᠯᠳᠡ ᠶᠢ ᠵᠤᠬᠢᠶᠠᠨ ᠪᠠᠶᠢᠭᠤᠯᠬᠤ ᠶᠢ ᠵᠤᠷᠢᠬᠵᠢᠭᠤᠯᠤᠨ᠎ᠠ᠃ ᠪᠤᠢ ᠪᠦᠬᠦᠢ ᠤᠷᠠᠯᠢᠭ ᠤᠨ ᠲᠦᠷᠦᠯ ᠤᠨ ᠰᠢᠯᠭᠠᠭᠤᠯᠤᠬᠰᠠᠳ ᠪᠦᠷ ᠪᠦᠬᠦ ᠤᠯᠤᠰ ᠤᠨ ᠶᠡᠭᠡ ᠲᠡᠬᠡᠳᠤ ᠰᠤᠷᠭᠠᠭᠤᠯᠢ ᠶᠢᠨ ᠰᠤᠷᠤᠭᠴᠢ ᠡᠯᠰᠡᠬᠦ ᠤᠯᠤᠰ ᠤᠨ ᠨᠢᠬᠡᠳᠤᠯᠳᠡᠢ ᠰᠢᠯᠭᠠᠯᠳᠡ ᠳᠤ ᠤᠷᠤᠯᠴᠠᠬᠤ ᠬᠡᠷᠡᠭᠳᠡᠢ ᠪᠠᠶᠢᠵᠤ᠂ ᠶᠡᠭᠡ ᠲᠡᠬᠡᠳᠤ ᠰᠤᠷᠭᠠᠭᠤᠯᠢ ᠠᠴᠠ ᠰᠢᠯᠭᠠᠭᠤᠯᠤᠭᠰᠠᠳ ᠤᠨ ᠤᠷᠠᠯᠢᠭ ᠤᠨ ᠲᠤᠰᠬᠠᠢ ᠮᠡᠷᠬᠡᠵᠢᠯ ᠤᠨ ᠬᠢᠴᠢᠶᠡᠯ ᠤᠨ ᠬᠢᠷᠢ ᠪᠦᠳᠦᠮᠵᠢ ᠪᠤᠯᠤᠨ ᠤᠯᠤᠰ ᠤᠨ ᠨᠢᠬᠡᠳᠤᠯᠳᠡᠢ ᠰᠢᠯᠭᠠᠯᠳᠠ ᠶᠢᠨ ᠰᠤᠶᠤᠯ ᠤᠨ ᠬᠢᠴᠢᠶᠡᠯ ᠤᠨ ᠬᠢᠷᠢ ᠪᠦᠳᠦᠮᠵᠢ ᠶᠢ ᠦᠨᠳᠦᠰᠦᠯᠡᠵᠥ᠂ ᠰᠢᠯᠢᠳᠡᠭ ᠢ ᠨᠢ ᠰᠤᠩᠭᠤᠨ ᠡᠯᠰᠡᠨ᠎ᠡ ᠬᠡᠵᠥ ᠲᠤᠳᠤᠷᠬᠠᠢᠢᠯᠠᠪᠠ᠃      ᠰᠤᠷᠭᠠᠨ ᠬᠦᠮᠥᠵᠢᠯ ᠤᠨ ᠶᠠᠮᠤᠨ ᠤ ᠶᠡᠭᠡ ᠲᠡᠬᠡᠳᠤ ᠰᠤᠷᠭᠠᠭᠤᠯᠢ ᠶᠢᠨ ᠰᠤᠷᠤᠭᠴᠢ ᠶᠢᠨ ᠵᠤᠷᠭᠠᠨ ᠤ ᠬᠠᠷᠢᠭᠤᠴᠠᠯᠭᠠᠳᠠᠨ᠂ ᠬᠦᠳᠡᠭᠡ ᠲᠤᠰᠬᠤᠨ ᠪᠤᠯᠤᠨ ᠶᠠᠳᠠᠭᠤ ᠬᠦᠴᠢᠷᠳᠡᠯᠳᠡᠢ ᠭᠠᠵᠠᠷ ᠤᠷᠤᠨ ᠵᠡᠷᠬᠡ ᠰᠦᠯᠵᠢᠶ᠎ᠡ ᠪᠤᠯᠤᠨ ᠤᠶᠤᠨᠴᠢ ᠦᠵᠦᠬᠦᠷᠯᠢᠭ ᠲᠦᠬᠦᠭᠡᠷᠦᠮᠵᠢ ᠦᠬᠡᠢ ᠰᠢᠯᠭᠠᠭᠤᠯᠤᠭᠰᠠᠳ ᠢ ᠪᠤᠯ ᠶᠡᠭᠡ ᠲᠡᠬᠡᠳᠤ ᠰᠤᠷᠭᠠᠭᠤᠯᠢ ᠶᠢᠨ ᠬᠢᠨ ᠤᠯᠠᠨ ᠵᠦᠢᠯ ᠤᠨ ᠠᠷᠭ᠎ᠠ ᠬᠡᠮᠵᠢᠶ᠎ᠡ ᠠᠪᠴᠦ ᠦᠨᠳᠦᠰᠦᠨ ᠵᠦᠢᠯ ᠢ ᠪᠠᠳᠤᠯᠠᠬᠤ ᠶᠢ ᠱᠠᠭᠠᠷᠳᠠᠨ᠎ᠠ᠂ ᠵᠢᠱᠢᠶᠡᠯᠡᠪᠡᠯ ᠰᠢᠯᠭᠠᠭᠤᠯᠤᠭᠰᠠᠳ ᠤᠨ ᠡᠷᠡᠮᠡᠯᠵᠡᠯ ᠢ ᠦᠨᠳᠦᠰᠦᠯᠡᠵᠥ᠂ ᠰᠤᠷᠤᠭᠴᠢ ᠶᠢᠨ ᠪᠠᠶᠢᠭ᠎ᠠ ᠮᠤᠵᠢ ᠶᠢᠨ ᠱᠠᠳᠤᠨ ᠤ ᠰᠤᠷᠤᠭᠴᠢ ᠡᠯᠰᠡᠬᠦ ᠰᠢᠯᠭᠠᠯᠳᠠ ᠶᠢᠨ ᠪᠠᠶᠢᠭᠤᠯᠤᠮᠵᠢ ᠲᠠᠢ ᠵᠤᠬᠢᠴᠠᠭᠤᠯᠵᠥ ᠪᠠᠶᠢᠭᠠᠳ ᠰᠦᠢᠳᠬᠡᠯ ᠠᠪᠬᠤ ᠦᠬᠡᠢ ᠪᠠᠷ ᠸᠢᠳᠢᠣ᠋ ᠰᠢᠩᠬᠡᠬᠡᠨ ᠦᠢᠯᠡᠳᠬᠦ ᠦᠢᠯᠡᠴᠢᠯᠡᠭᠡ ᠬᠠᠩᠭᠠᠨ᠎ᠠ ᠬᠡᠵᠥ ᠢᠯᠡᠳᠬᠡᠪᠡ᠃      ᠬᠤᠷᠡᠯ ᠠᠴᠠ᠂ ᠡᠯ᠎ᠡ ᠭᠠᠵᠠᠷ ᠡᠯ᠎ᠡ ᠶᠡᠭᠡ ᠲᠡᠬᠡᠳᠤ ᠰᠤᠷᠭᠠᠭᠤᠯᠢ ᠶᠢᠨ ᠬᠢᠨ ᠰᠤᠷᠤᠭᠴᠢ ᠡᠯᠰᠡᠬᠦ ᠰᠢᠯᠭᠠᠯᠳᠠ ᠶᠢᠨ ᠡᠷᠬᠡ ᠲᠡᠭᠰᠢ ᠪᠠᠶᠢᠬᠤ ᠬᠤᠷᠢᠭ᠎ᠠ ᠱᠤᠭᠤᠮ ᠢ ᠴᠢᠩᠭ᠎ᠠ ᠰᠠᠬᠢᠬᠤ ᠬᠡᠷᠡᠭᠳᠡᠢ᠃ ᠡᠯ᠎ᠡ ᠭᠠᠵᠠᠷ ᠤᠨ ᠰᠤᠷᠭᠠᠨ ᠬᠦᠮᠥᠵᠢᠯ ᠤᠨ ᠰᠠᠯᠠᠭ᠎ᠠ ᠮᠦᠴᠢᠷ ᠡᠷᠡᠬᠦᠯ ᠬᠠᠮᠠᠭᠠᠯᠠᠯ ᠡᠷᠡᠬᠦᠯ ᠮᠡᠨᠳᠤ᠂ ᠲᠤᠳᠤᠭᠠᠳᠤ ᠶᠢ ᠬᠠᠮᠠᠭᠠᠯᠠᠬᠤ ᠵᠡᠷᠬᠡ ᠰᠠᠯᠠᠭ᠎ᠠ ᠮᠦᠴᠢᠷ ᠲᠠᠢ ᠬᠠᠮᠵᠢᠯᠴᠠᠵᠥ᠂ ᠬᠠᠮᠢᠶ᠎ᠠ ᠪᠦᠬᠦᠢ ᠶᠡᠭᠡ ᠲᠡᠬᠡᠳᠤ ᠰᠤᠷᠭᠠᠭᠤᠯᠢ ᠶᠢᠨ ᠲᠤᠰ ᠭᠠᠵᠠᠷ ᠲᠠᠭᠠᠨ ᠰᠢᠯᠭᠠᠯᠳᠠ ᠶᠢ ᠵᠤᠬᠢᠶᠠᠨ ᠪᠠᠶᠢᠭᠤᠯᠬᠤ ᠠᠵᠢᠯ ᠢ ᠨᠢᠬᠡᠳᠤᠯᠳᠡᠢ ᠲᠦᠯᠥᠪᠵᠢᠬᠦᠯᠥᠨ ᠬᠠᠮᠢᠶᠠᠷᠬᠤ ᠪᠠᠨ ᠴᠢᠩᠭᠠᠳᠬᠠᠬᠤ ᠬᠡᠷᠡᠭᠳᠡᠢ᠃ ᠬᠠᠮᠢᠶ᠎ᠠ ᠪᠦᠬᠦᠢ ᠶᠡᠭᠡ ᠲᠡᠬᠡᠳᠤ ᠰᠤᠷᠭᠠᠭᠤᠯᠢ ᠲᠦᠷᠢᠮ ᠲᠤᠭᠳᠠᠭᠠᠯ ᠠᠷᠭ᠎ᠠ ᠬᠡᠮᠵᠢᠶ᠎ᠡ ᠪᠠᠨ ᠲᠡᠬᠦᠯᠳᠡᠷᠵᠢᠬᠦᠯᠵᠥ᠂ ᠰᠢᠯᠭᠠᠯᠳᠠ ᠶᠢᠨ ᠠᠷᠭ᠎ᠠ ᠬᠡᠯᠪᠡᠷᠢ ᠶᠢᠨ ᠲᠤᠬᠢᠷᠠᠭᠤᠯᠤᠯᠳᠡ ᠠᠴᠠ ᠪᠤᠯᠵᠥ ᠴᠢᠳᠠᠪᠤᠷᠢᠳᠡᠨ ᠢ ᠰᠤᠩᠭᠤᠬᠤ ᠶᠢᠨ ᠡᠷᠭᠡ ᠲᠡᠭᠰᠢ ᠴᠢᠨᠠᠷ ᠪᠤᠯᠤᠨ ᠰᠢᠨᠵᠢᠯᠡᠬᠦ ᠤᠬᠠᠭᠠᠨᠴᠢ ᠴᠢᠨᠠᠷ ᠢ ᠨᠦᠯᠥᠬᠡᠯᠡᠬᠦ ᠦᠬᠡᠢ ᠪᠠᠶᠢᠬᠤ ᠶᠢ ᠦᠨᠡᠨ ᠬᠦ ᠪᠠᠳᠤᠯᠠᠬᠤ ᠬᠡᠷᠡᠭᠳᠡᠢ᠃ ᠶᠡᠭᠡ ᠲᠡᠬᠡᠳᠤ ᠰᠤᠷᠭᠠᠭᠤᠯᠢ ᠶᠢᠨ ᠬᠢᠨ ᠬᠢᠨᠠᠭᠴᠢ ᠶᠢ ᠰᠤᠩᠭᠤᠨ ᠤᠷᠢᠬᠤ᠂ ᠪᠤᠯᠪᠠᠰᠤᠷᠠᠯ ᠬᠦᠷᠳᠡᠬᠡᠬᠦ᠂ ᠬᠢᠨᠠᠯᠳᠠ ᠲᠠᠯᠪᠢᠬᠤ ᠶᠢ ᠴᠢᠩᠭ᠎ᠠ ᠵᠢᠷᠤᠮᠵᠢᠭᠤᠯᠵᠥ᠂ ᠠᠰᠢᠭ ᠲᠤᠰᠠ ᠶᠢᠨ ᠬᠠᠷᠢᠴᠠᠭ᠎ᠠ ᠪᠦᠬᠦᠢ ᠬᠦᠮᠥᠰ ᠤᠨ ᠵᠠᠶᠢᠯᠠᠰᠬᠢᠬᠦ ᠬᠠᠷᠢᠭᠤᠴᠠᠯᠭ᠎ᠠ ᠶᠢᠨ ᠪᠢᠴᠢᠭ ᠢ ᠨᠢᠭᠡ ᠨᠢᠭᠡ ᠪᠠᠷ ᠲᠤᠬᠢᠷᠠᠯᠴᠠᠵᠥ᠂ ᠰᠢᠯᠭᠠᠯᠳᠠ ᠶᠢᠨ ᠡᠮᠬᠢ ᠵᠢᠷᠤᠮ ᠢ ᠴᠢᠩᠭ᠎ᠠ ᠵᠢᠷᠤᠮᠵᠢᠭᠤᠯᠵᠥ᠂ ᠰᠢᠯᠭᠠᠯᠳᠠ ᠶᠢᠨ ᠪᠦᠬᠦ ᠶᠠᠪᠤᠴᠠ ᠳᠤ ᠲᠠᠭᠤ ᠲᠦᠷᠰᠦ ᠰᠢᠩᠬᠡᠬᠡᠯᠳᠡ ᠬᠢᠬᠦ ᠬᠡᠷᠡᠭᠳᠡᠢ ᠬᠡᠵᠥ ᠴᠢᠬᠤᠯᠠᠴᠢᠯᠠᠪᠠ᠃ ᠢᠷᠡᠯᠳᠠ᠄ ᠲᠤᠮᠳᠠᠳᠦ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ ᠲᠡᠪᠰᠢᠭᠦᠯᠦᠭᠰᠡᠨ ᠨᠢ᠄ ᠤᠶᠠᠬᠠᠨ
 
ᠢᠷᠡᠯᠲᠡ᠄ ᠲᠤᠮᠳᠠᠳᠦ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2