— ︽ᠲᠤᠮᠳᠠᠳᠦ ᠤᠯᠤᠰ ᠤᠨ ᠡᠪ ᠬᠠᠮᠳᠤ ᠤᠨ ᠨᠠᠮ ᠤᠨ ᠲᠦᠪ ᠬᠤᠷᠢᠶᠠᠨ ᠤ ᠨᠡᠶᠢᠭᠡᠮ ᠵᠢᠷᠦᠮ ᠤᠨ | ᠤᠳᠬ᠎ᠠ ᠣᠷᠠᠯᠢᠭ ᠢ ᠴᠡᠴᠡᠭᠯᠡᠭᠦᠯᠦᠨ ᠬᠦᠭᠵᠢᠭᠦᠯᠬᠦ ᠲᠣᠬᠠᠢ ᠰᠠᠨᠠᠯ︾ ᠢ ᠰᠣᠷᠣᠯᠴᠠᠭᠰᠠᠨ ᠲᠦᠷᠦᠭᠳᠡᠯ | ᠡᠮᠦᠨᠡᠭᠡᠨ᠂ ᠰᠢ ᠶᠢᠨ ᠫᠢᠩ ᠶᠡᠷᠦᠩᠭᠡᠢ ᠱᠦᠵᠢ ᠶᠢᠨ 2014 ᠤᠨ ᠤ 10 ᠰᠠᠷ᠎ᠠ ᠶᠢᠨ 15 ᠤ ᠡᠳᠦᠷ | ᠤᠳᠬ᠎ᠠ ᠤᠷᠠᠯᠢᠭ ᠤᠨ ᠠᠵᠢᠯ ᠤᠨ ᠰᠠᠭᠤᠳᠠᠯ ᠤᠨ ᠬᠤᠷᠠᠯ ᠲᠡᠭᠡᠷ᠎ᠡ ᠭᠡᠯᠡᠭᠰᠡᠨ ᠶᠠᠷᠢᠶ᠎ᠠ ︵ᠲᠠᠷᠠᠭᠠᠴᠢ ᠪᠠᠷ ︽ᠶᠠᠷᠢᠶ᠎ᠠ︾ | ᠭᠡᠵᠦ ᠲᠦᠬᠦᠮᠴᠢᠯᠡᠨ᠎ᠡ︶ ᠪᠦᠬᠦ ᠠᠭᠤᠯᠭ᠎ᠠ ᠪᠠᠷ ᠨᠡᠶᠢᠳᠡᠯᠡᠭᠳᠡᠨ᠂ ᠲᠤᠮᠳᠠᠳᠦ ᠤᠯᠤᠰ ᠤᠨ ᠡᠪ ᠬᠠᠮᠳᠤ ᠤᠨ ᠨᠠᠮ ᠤᠨ | ᠲᠦᠪ ᠬᠤᠷᠢᠶ᠎ᠠ ︽ᠨᠡᠶᠢᠭᠡᠮ ᠵᠢᠷᠤᠮ ᠤᠨ ᠤᠳᠬ᠎ᠠ ᠤᠷᠠᠯᠢᠭ ᠢ ᠴᠡᠴᠡᠭᠯᠡᠬᠦᠯᠦᠨ ᠬᠦᠭᠵᠢᠬᠦᠯᠬᠦ ᠰᠠᠨᠠᠯ︾ ︵ | ᠲᠠᠷᠠᠭᠠᠴᠢ ᠪᠠᠷ ︽ᠰᠠᠨᠠᠯ︾ ᠭᠡᠵᠦ ᠲᠦᠬᠦᠮᠴᠢᠯᠡᠨ᠎ᠡ︶ ᠢ ᠲᠤᠬᠳᠠᠭᠠᠨ ᠲᠠᠷᠬᠠᠭᠠᠵᠦ᠂ ᠲᠤᠮᠳᠠᠳᠦ ᠤᠯᠤᠰ ᠤᠨ ᠡᠪ | ᠬᠠᠮᠳᠤ ᠨᠠᠮ ᠤᠨ ᠲᠦᠪ ᠬᠤᠷᠢᠶᠠᠨ ᠤ ᠠᠯᠪᠠᠨ ᠲᠢᠩᠬᠢᠮ᠂ ᠲᠦᠷᠦ ᠶᠢᠨ ᠶᠠᠪᠤᠳᠠᠯ ᠤᠨ ᠬᠤᠷᠢᠶᠠᠨ ᠤ ᠠᠯᠪᠠᠨ | ᠲᠢᠩᠬᠢᠮ ᠠᠴᠠ ᠪᠠᠰᠠ ᠤᠳᠬ᠎ᠠ ᠤᠷᠠᠯᠢᠭ ᠤᠨ ᠠᠵᠢᠯ ᠤᠨ ᠲᠤᠬᠠᠢ ᠭᠡᠳᠦᠨ ᠬᠤᠪᠢ ᠴᠢᠬᠤᠯᠠ ᠪᠢᠴᠢᠭ ᠮᠠᠲᠧᠷᠢᠶᠠᠯ ᠢ | ᠲᠠᠷᠤᠮᠠᠯᠯᠠᠨ ᠲᠠᠷᠬᠠᠭᠠᠵᠠᠢ᠃ ᠡᠳᠡᠭᠡᠷ ᠴᠢᠬᠤᠯᠠ ᠶᠠᠷᠢᠶ᠎ᠠ ᠪᠤᠯᠤᠨ ᠪᠢᠴᠢᠭ ᠮᠠᠲᠧᠷᠢᠶᠠᠯ ᠤᠨ ᠦᠷᠬᠦᠯᠵᠢᠯᠡᠨ | ᠨᠡᠶᠢᠳᠡᠯᠡᠭᠳᠡᠭᠰᠡᠨ ᠨᠢ ᠤᠳᠬ᠎ᠠ ᠤᠷᠠᠯᠢᠭ ᠤᠨ ᠡᠳᠡᠭᠡᠳ ᠵᠢᠴᠢ ᠪᠦᠬᠦ ᠨᠡᠶᠢᠭᠡᠮ ᠳᠤ ᠮᠠᠰᠢ ᠶᠡᠭᠡ ᠨᠦᠯᠦᠭᠡ ᠲᠤᠰᠬᠠᠯ | ᠠᠪᠴᠢᠷᠠᠵᠠᠢ᠃ ᠡᠨᠡ ᠪᠤᠯ ᠪᠦᠬᠦ᠋ᠢᠯᠡ ᠤᠳᠤ ᠦᠶ᠎ᠡ ᠳᠤ ᠪᠦᠷ ᠬᠤᠪᠤᠷ ᠲᠤᠬᠢᠶᠠᠯᠳᠤᠬᠤ ᠦᠵᠡᠭᠳᠡᠯ ᠪᠤᠯᠬᠤ ᠪᠦᠭᠡᠳ | ᠤᠳᠬ᠎ᠠ ᠤᠷᠠᠯᠢᠭ ᠤᠨ ᠬᠢᠨ ᠤ ᠪᠠᠶᠠᠷᠯᠠᠨ ᠲᠡᠮᠳᠡᠭᠯᠡᠬᠦᠰᠢᠳᠠᠢ ᠨᠢᠭᠡ ᠲᠤᠮᠤ ᠶᠠᠪᠤᠳᠠᠯ ᠪᠤᠯᠤᠨ᠎ᠠ᠃ ᠡᠨᠡ ᠨᠢ ᠨᠠᠮ ᠠᠴᠠ | ᠤᠳᠬ᠎ᠠ ᠤᠷᠠᠯᠢᠭ ᠢ ᠲᠡᠭᠡᠳᠦ ᠭᠡᠮᠵᠢᠶ᠎ᠡ ᠪᠠᠷ ᠴᠢᠬᠤᠯᠠᠴᠢᠯᠠᠨ ᠦᠵᠡᠵᠦ ᠪᠠᠶᠢᠭ᠎ᠠ ᠶᠢ ᠬᠦᠢᠴᠡᠳ ᠬᠠᠷᠠᠭᠤᠯᠵᠦ ᠪᠤᠢ᠂ | ᠮᠦᠨ ᠴᠤ ᠨᠠᠮ ᠤᠨ ᠤᠳᠬ᠎ᠠ ᠤᠷᠠᠯᠢᠭ ᠤᠨ ᠲᠤᠬᠠᠢ ᠨᠠᠨᠳᠢᠨ ᠬᠦᠰᠡᠯ ᠬᠦᠯᠢᠶᠡᠯᠳᠡ ᠪᠤᠯᠬᠤ ᠪᠦᠭᠡᠳ ᠡᠨᠡ ᠨᠢ | ᠤᠳᠬ᠎ᠠ ᠤᠷᠠᠯᠢᠭ ᠤᠨ ᠦᠢᠯᠡᠰ ᠤᠨ ᠪᠠᠶᠢᠷᠢ ᠰᠠᠭᠤᠷᠢ ᠶᠢ ᠨᠡᠩ ᠲᠤᠪᠤᠶᠢᠯᠭᠠᠵᠦ᠂ ᠤᠳᠬ᠎ᠠ ᠤᠷᠠᠯᠢᠭ ᠤᠨ | ᠠᠵᠢᠯ ᠤᠨ ᠦᠢᠯᠡᠳᠦᠯ ᠢ ᠨᠡᠩ ᠲᠤᠪᠤᠶᠢᠮ᠎ᠠ ᠪᠤᠯᠭᠠᠵᠠᠢ᠃ ᠲᠤᠮᠳᠠᠳᠦ ᠤᠯᠤᠰ ᠤᠨ ᠡᠪ ᠬᠠᠮᠳᠤ ᠨᠠᠮ ᠤᠨ ᠲᠦᠪ | ᠬᠤᠷᠢᠶᠠᠨ ᠤ ᠪᠢᠴᠢᠭ ᠮᠠᠲᠧᠷᠢᠶᠠᠯ ᠤᠨ ᠭᠡᠯᠪᠡᠷᠢ ᠪᠠᠷ ᠭᠠᠷᠴᠦ ᠢᠷᠡᠭᠰᠡᠨ ︽ᠰᠠᠨᠠᠯ︾ ᠨᠢ ᠰᠢᠨ᠎ᠡ ᠡᠷᠡᠨ ᠤ ᠤᠳᠬ᠎ᠠ | ᠤᠷᠠᠯᠢᠭ ᠤᠨ ᠦᠢᠯᠡᠰ ᠲᠤ ᠬᠦᠴᠦᠷᠭᠡᠭ ᠶᠡᠭᠡ ᠤᠶᠤᠨ ᠰᠠᠨᠠᠭᠠᠨ ᠤ ᠤᠳᠤᠷᠢᠳᠤᠮᠵᠢ ᠪᠤᠯᠵᠦ᠂ ᠰᠢᠨ᠎ᠡ ᠡᠷᠡᠨ ᠤ | ᠤᠳᠬ᠎ᠠ ᠤᠷᠠᠯᠢᠭ ᠤᠨ ᠠᠵᠢᠯ ᠳᠤ ᠰᠢᠨ᠎ᠡ ᠬᠦᠭᠵᠢᠯᠳᠡ ᠶᠢᠨ ᠵᠠᠮ ᠱᠤᠭᠤᠮ ᠪᠤᠯᠤᠨ ᠠᠵᠢᠯᠯᠠᠭᠠᠨ ᠤ ᠬᠦᠳᠦᠯᠪᠤᠷᠢ ᠶᠢ | ᠪᠤᠢ ᠪᠤᠯᠭᠠᠵᠦ ᠦᠭᠴᠠᠢ᠃ ︽ᠰᠠᠨᠠᠯ︾ ᠨᠢ ᠮᠠᠨ ᠤ ᠤᠯᠤᠰ ᠤᠨ ᠤᠳᠬ᠎ᠠ ᠤᠷᠠᠯᠢᠭ ᠤᠨ ᠴᠡᠴᠡᠭᠯᠡᠯ ᠬᠦᠭᠵᠢᠯᠳᠡ ᠳᠤ | ᠰᠠᠭᠤᠷᠢ ᠴᠢᠯᠠᠭᠤ ᠶᠢ ᠲᠠᠯᠪᠢᠵᠦ ᠦᠭᠬᠦᠭᠰᠡᠨ ᠪᠦᠭᠡᠳ ᠮᠠᠨ ᠤ ᠤᠯᠤᠰ ᠤᠨ ᠤᠳᠤ ᠶᠢᠨ ᠪᠤᠯᠤᠨ ᠡᠬᠦᠨ ᠠᠴᠠ | ᠬᠤᠶᠢᠰᠢᠬᠢ ᠮᠠᠰᠢ ᠤᠷᠳᠤ ᠬᠤᠭᠤᠴᠠᠭᠠᠨ ᠤ ᠤᠳᠬ᠎ᠠ ᠤᠷᠠᠯᠢᠭ ᠤᠨ ᠠᠵᠢᠯ ᠢ ᠵᠢᠯᠤᠭᠤᠳᠬᠤ ᠬᠦᠳᠦᠯᠪᠦᠷᠢ ᠶᠢᠨ | ᠴᠢᠨᠠᠷᠳᠠᠢ ᠪᠢᠴᠢᠭ ᠮᠠᠲ᠋ᠧᠷᠢᠶᠠᠯ ᠪᠤᠯᠪᠠ᠃ | ᠰᠢᠰᠲ᠋ᠧᠮᠳᠣ ᠴᠢᠨᠠᠷ ᠪᠦᠬᠦᠢ ᠵᠢᠯᠤᠭᠤᠳᠬᠤ ᠦᠵᠡᠯ ᠰᠠᠨᠠᠭ᠎ᠠ ᠬᠢᠭᠡᠳ ᠬᠦᠳᠦᠯᠪᠦᠷᠢ ᠶᠢᠨ ᠴᠢᠨᠠᠷᠳᠠᠢ ᠴᠢᠭᠯᠡᠯᠳᠡ | ᠵᠠᠷᠴᠢᠮ ᠢ ᠲᠤᠷᠠᠳᠤᠨ ᠭᠠᠷᠭᠠᠪᠠ | ︽ᠰᠠᠨᠠᠯ︾ ᠨᠢ ᠰᠢ ᠶᠢᠨ ᠫᠢᠩ ᠶᠡᠷᠦᠩᠭᠡᠢ ᠱᠦᠵᠢ ᠶᠢᠨ ︽ᠶᠠᠷᠢᠶ᠎ᠠ︾ ᠶᠢᠨ ᠦᠨᠳᠦᠰᠦᠨ ᠦᠵᠡᠯ ᠰᠠᠨᠠᠭ᠎ᠠ ᠶᠢ | ᠮᠦᠷᠳᠡᠵᠦ᠂ ᠬᠤᠷᠴᠠ ᠠᠪᠰᠠᠷᠠᠩᠭᠤᠢ ᠭᠡᠯᠡ ᠭᠡᠯᠡᠯᠭᠡ ᠪᠠᠷ ᠤᠳᠬ᠎ᠠ ᠤᠷᠠᠯᠢᠭ ᠤᠨ ᠦᠵᠡᠯ ᠰᠠᠨᠠᠭᠠᠨ ᠤ ᠲᠤᠭ | ᠲᠡᠮᠳᠡᠭ ᠢ ᠦᠨᠳᠦᠷ ᠡᠷᠬᠦᠵᠦ᠂ ᠦᠵᠡᠯ ᠰᠠᠨᠠᠭᠠᠨ ᠤ ᠲᠤᠯᠭᠠᠭᠤᠷᠢ ᠶᠢ ᠪᠤᠰᠬᠠᠨ᠂ ᠤᠶᠤᠨ ᠰᠠᠨᠠᠭᠠᠨ ᠤ ᠭᠡᠷ | ᠤᠷᠤᠨ ᠢᠶᠠᠨ ᠪᠦᠳᠦᠭᠡᠨ ᠪᠠᠶᠢᠭᠤᠯᠬᠤ ᠡᠷᠬᠢᠮ ᠲᠡᠭᠡᠳᠦ ᠡᠬᠦᠷᠭᠡ ᠬᠠᠷᠢᠭᠤᠴᠠᠯᠭ᠎ᠠ ᠪᠤᠯᠤᠨ ᠲᠤᠮᠳᠠᠳᠦ ᠶᠢᠨ ᠵᠤᠷᠢᠭ | ᠰᠠᠨᠠᠭ᠎ᠠ ᠶᠢ ᠬᠦᠭᠵᠢᠭᠡᠨ ᠮᠠᠨᠳᠤᠭᠤᠯᠬᠤ᠂ ᠲᠤᠮᠳᠠᠳᠦ ᠶᠢᠨ ᠵᠤᠷᠢᠭ ᠰᠠᠨᠠᠭ᠎ᠠ ᠶᠢ ᠲᠠᠷᠬᠠᠭᠠᠨ ᠲᠡᠯᠭᠡᠷᠡᠬᠦᠯᠵᠦ᠂ | ᠲᠤᠮᠳᠠᠳᠦ ᠶᠢᠨ ᠬᠦᠴᠦᠨ ᠢ ᠨᠡᠶᠢᠳᠭᠡᠬᠦ ᠠᠷᠢᠭᠤᠨ ᠲᠠᠷᠬᠠᠨ ᠡᠬᠦᠷᠭᠡ ᠬᠠᠷᠢᠭᠤᠴᠠᠯᠭ᠎ᠠ ᠶᠢ ᠢᠯᠡ ᠪᠤᠳᠠᠳᠠᠢ ᠪᠠᠷ | ᠲᠤᠷᠠᠳᠤᠨ᠂ ᠤᠳᠬ᠎ᠠ ᠤᠷᠠᠯᠢᠭ ᠤᠨ ︽ᠲᠦᠷᠪᠡᠨ ᠪᠦᠬᠦ ᠲᠠᠯ᠎ᠠ︾ ᠶᠢᠨ ᠪᠠᠶᠢᠯᠳᠤᠬᠤ ᠪᠤᠳᠤᠯᠭ᠎ᠠ ᠶᠢᠨ | ᠪᠠᠶᠢᠷᠢᠯᠠᠭᠤᠯᠤᠯᠳᠠ ᠪᠤᠯᠤᠨ ᠲᠤᠮᠳᠠᠳᠦ ᠤᠯᠤᠰ ᠤᠨ ᠤᠨᠴᠠᠯᠢᠭ ᠪᠦᠬᠦᠢ ᠨᠡᠶᠢᠭᠡᠮ ᠵᠢᠷᠤᠮ ᠤᠨ ᠠᠭᠤᠤ ᠶᠡᠭᠡ | ᠦᠢᠯᠡᠰ ᠤᠨ ᠲᠤᠮᠳᠠᠬᠢ ᠴᠢᠬᠤᠯᠠ ᠪᠠᠶᠢᠷᠢ ᠰᠠᠭᠤᠷᠢ ᠪᠤᠯᠤᠨ ᠠᠭᠤᠤ ᠶᠡᠭᠡ ᠦᠢᠯᠡᠳᠦᠯ ᠢ ᠲᠤᠬᠳᠠᠭᠠᠵᠠᠢ᠃ | ᠬᠠᠮᠳᠤ ᠳᠤᠨᠢ ᠮᠦᠨ ᠰᠢᠰᠲᠧᠮᠳᠦ ᠰᠢᠨᠵᠢ ᠲᠠᠢ ᠵᠢᠯᠤᠭᠤᠳᠬᠤ ᠦᠵᠡᠯ ᠰᠠᠨᠠᠭ᠎ᠠ ᠬᠢᠭᠡᠳ ᠬᠦᠳᠦᠯᠪᠦᠷᠢ ᠶᠢᠨ ᠴᠢᠨᠠᠷᠳᠠᠢ | ᠴᠢᠭᠯᠡᠯᠳᠡ ᠵᠠᠷᠴᠢᠮ ᠢ ᠲᠤᠷᠠᠳᠤᠨ ᠭᠠᠷᠭᠠᠪᠠ᠃ | ︽ᠰᠠᠨᠠᠯ︾ ᠳᠤ ︽ᠨᠡᠶᠢᠭᠡᠮ ᠵᠢᠷᠤᠮ ᠤᠨ ᠲᠠᠪᠰᠢᠩᠭᠤᠢ ᠰᠤᠶᠤᠯ ᠤᠨ ᠴᠢᠭᠯᠡᠯ ᠢ ᠪᠠᠷᠢᠮᠳᠠᠯᠠᠵᠦ᠂ ︿ᠬᠤᠶᠠᠷ ᠤᠨ | ᠲᠦᠯᠦᠭᠡ﹀ ᠬᠢᠭᠡᠳ ︿ᠬᠤᠤᠰ ᠪᠦᠬᠦᠨ﹀ ᠤ ᠴᠢᠭᠯᠡᠯᠳᠡ ᠶᠢ ᠪᠦᠬᠦ ᠲᠠᠯ᠎ᠠ ᠪᠠᠷ ᠲᠤᠤᠱᠯᠠᠭᠤᠯᠤᠨ᠂ ᠦᠷᠭᠡᠨ ᠤᠯᠠᠨ | ᠤᠳᠬ᠎ᠠ ᠤᠷᠠᠯᠢᠭ ᠤᠨ ᠠᠵᠢᠯᠳᠠᠳ ᠲᠠᠢ ᠨᠢᠬᠳᠠ ᠬᠠᠮᠵᠢᠯᠴᠠᠵᠦ᠂ ᠠᠷᠠᠳ ᠲᠦᠮᠡᠨ ᠢᠶᠠᠷ ᠭᠤᠤᠯ ᠪᠤᠯᠭᠠᠨ᠂ ᠨᠡᠶᠢᠭᠡᠮ | ᠵᠢᠷᠤᠮ ᠤᠨ ᠭᠤᠤᠯᠯᠠᠬᠴᠢ ᠦᠷᠳᠡᠭ ᠤᠨ ᠦᠵᠡᠯᠳᠡ ᠪᠠᠷ ᠤᠳᠤᠷᠢᠳᠤᠮᠵᠢ ᠪᠤᠯᠭᠠᠵᠦ᠂ ᠲᠤᠮᠳᠠᠳᠦ ᠶᠢᠨ ᠵᠤᠷᠢᠭ | ᠰᠠᠨᠠᠭ᠎ᠠ ᠪᠠᠷ ᠰᠦᠭ ᠰᠦᠨᠡᠰᠦ ᠪᠤᠯᠭᠠᠨ᠂ ᠲᠤᠮᠳᠠᠳᠦ ᠶᠢᠨ ᠵᠡᠬᠦᠳᠦ ᠪᠠᠷ ᠴᠠᠭ ᠦᠶ᠎ᠡ ᠶᠢᠨ ᠭᠤᠤᠯ ᠰᠡᠳᠦᠪ ᠪᠤᠯᠭᠠᠬᠤ | ᠭᠡᠷᠡᠭᠳᠠᠢ᠃ ᠲᠤᠮᠳᠠᠳᠦ ᠶᠢᠨ ᠰᠢᠯᠢᠳᠡᠭ ᠤᠯᠠᠮᠵᠢᠯᠠᠯ ᠢᠶᠠᠷ ᠤᠭ ᠦᠨᠳᠦᠰᠦ ᠪᠤᠯᠭᠠᠨ᠂ ᠰᠢᠨ᠎ᠡ ᠶᠢ ᠡᠬᠦᠳᠬᠦ ᠪᠠᠷ | ᠬᠦᠳᠡᠯᠭᠡᠬᠦ ᠬᠦᠴᠦᠨ ᠪᠤᠯᠭᠠᠵᠦ᠂ ᠰᠢᠯᠢᠳᠡᠭ ᠵᠤᠬᠢᠶᠠᠯ ᠪᠦᠳᠦᠭᠡᠯ ᠢ ᠵᠤᠬᠢᠶᠠᠨ ᠪᠦᠳᠦᠭᠡᠬᠦ ᠪᠠᠷ ᠭᠤᠤᠯ ᠭᠤᠬᠴᠤᠭ᠎ᠠ | ᠪᠤᠯᠭᠠᠨ᠂ ᠦᠢᠯᠡᠳᠦᠯᠭᠡ ᠳᠤ ᠤᠷᠤᠯᠴᠠᠵᠦ ᠠᠮᠢᠳᠤᠷᠠᠯ ᠳᠤ ᠬᠦᠨᠵᠡᠭᠡᠶᠢᠷᠡᠨ᠂ ᠤᠯᠠᠨ ᠲᠦᠮᠡᠨ ᠤ ᠲᠤᠮᠳᠠ | ᠬᠦᠨᠵᠡᠭᠡᠶᠢᠷᠡᠵᠦ᠂ ᠦᠨᠳᠦᠰᠦᠳᠡᠨ ᠳᠡᠭᠡᠨ ᠤᠰᠤᠯᠳᠤᠬᠤ ᠦᠭᠡᠢ᠂ ᠴᠠᠭ ᠦᠶ᠎ᠡ ᠳᠤ ᠤᠰᠤᠯᠳᠤᠬᠤ ᠦᠭᠡᠢ ᠤᠳᠬ᠎ᠠ | ᠤᠷᠠᠯᠢᠭ ᠤᠨ ᠰᠢᠯᠢᠳᠡᠭ ᠪᠦᠳᠦᠭᠡᠯ ᠢ ᠵᠤᠬᠢᠶᠠᠨ ᠪᠦᠳᠦᠭᠡᠵᠦ᠂ ᠤᠯᠠᠨ ᠲᠦᠮᠡᠨ ᠤ ᠦᠵᠡᠯ ᠰᠠᠨᠠᠭ᠎ᠠ ᠰᠤᠶᠤᠯ ᠤᠨ | ᠱᠠᠭᠠᠷᠳᠠᠯᠭ᠎ᠠ ᠶᠢ ᠲᠠᠰᠤᠷᠠᠯᠳᠠ ᠦᠭᠡᠢ ᠬᠠᠩᠭᠠᠨ᠂ ᠨᠡᠶᠢᠭᠡᠮ ᠵᠢᠷᠤᠮᠳᠤ ᠰᠤᠶᠤᠯ ᠤᠨ ᠬᠦᠴᠦᠷᠭᠡᠭ ᠤᠯᠤᠰ ᠢ | ᠪᠦᠳᠦᠭᠡᠨ ᠪᠠᠶᠢᠭᠤᠯᠵᠦ᠂ ︿ᠬᠤᠶᠠᠷ ᠨᠢᠭᠡ ᠵᠠᠭᠤᠨ ᠵᠢᠯ﹀ ᠤᠨ ᠲᠡᠮᠡᠴᠡᠯ ᠤᠨ ᠬᠠᠷᠠᠯᠳᠠ ᠶᠢ ᠪᠡᠶᠡᠯᠡᠬᠦᠯᠵᠦ᠂ | ᠲᠤᠮᠳᠠᠳᠦ ᠶᠢᠨ ᠦᠨᠳᠦᠰᠦᠳᠡᠨ ᠤ ᠠᠤᠭ᠎ᠠ ᠶᠡᠭᠡ ᠰᠡᠷᠬᠦᠨ ᠮᠠᠨᠳᠤᠯᠳᠠ ᠶᠢ ᠪᠡᠶᠡᠯᠡᠬᠦᠯᠬᠦ ᠲᠤᠮᠳᠠᠳᠦ ᠶᠢᠨ ᠵᠡᠬᠦᠳᠦ ᠶᠢᠨ | ᠲᠡᠷᠭᠡᠯᠰᠢᠯ ᠳᠤ ᠬᠦᠴᠦᠷᠭᠡᠭ ᠶᠡᠭᠡ ᠦᠷᠳᠡᠭ ᠤᠨ ᠤᠳᠤᠷᠢᠳᠤᠮᠵᠢ ᠬᠦᠴᠦᠨ᠂ ᠰᠤᠶᠤᠯ ᠤᠨ ᠨᠡᠶᠢᠳᠭᠡᠯ ᠬᠦᠴᠦᠨ᠂ | ᠦᠵᠡᠯ ᠰᠠᠨᠠᠭᠠᠨ ᠤ ᠬᠦᠳᠡᠯᠭᠡᠬᠦ ᠬᠦᠴᠦᠨ ᠢ ᠬᠠᠩᠭᠠᠬᠤ ᠭᠡᠷᠡᠭᠳᠠᠢ︾ ᠭᠡᠵᠦ ᠲᠤᠷᠠᠳᠪᠠ᠃ | ᠠᠳᠡ᠂ ᠪᠦᠬᠦ᠋ᠢᠯᠡ ᠤᠳᠬ᠎ᠠ ᠤᠷᠠᠯᠢᠭ ᠤᠨ ᠠᠵᠢᠯ ᠳᠤ ᠲᠠᠯ᠎ᠠ ᠳᠤ ᠲᠤᠷᠠᠳᠤᠬᠰᠠᠨ ︽ᠲᠤᠯᠤᠭᠠᠨ ᠲᠦᠯᠦᠭᠡ︾ | ᠶᠢᠨ ᠪᠤᠳᠠᠳᠠᠢ ᠱᠠᠭᠠᠷᠳᠠᠯᠭ᠎ᠠ ᠨᠢ ᠤᠳᠬ᠎ᠠ ᠤᠷᠠᠯᠢᠭ ᠤᠨ ᠲᠦᠪ ᠬᠢᠭᠡᠳ ᠴᠢᠭᠯᠡᠬᠦᠷ᠂ ᠴᠦᠮ᠎ᠡ ᠬᠢᠭᠡᠳ ᠤᠶᠤᠨ | ᠰᠦᠨᠡᠰᠦ᠂ ᠭᠤᠤᠯ ᠰᠡᠳᠦᠪ ᠬᠢᠭᠡᠳ ᠤᠭ ᠦᠨᠳᠦᠰᠦ᠂ ᠬᠦᠳᠡᠯᠭᠡᠬᠦ ᠬᠦᠴᠦᠨ ᠬᠢᠭᠡᠳ ᠭᠤᠤᠯᠳᠠᠯᠭ᠎ᠠ ᠵᠡᠷᠭᠡ | ᠦᠨᠳᠦᠰᠦᠨ ᠠᠰᠠᠭᠤᠳᠠᠯ ᠲᠠᠢ ᠬᠤᠯᠪᠤᠬᠳᠠᠬᠰᠠᠨ ᠪᠦᠭᠡᠳ ᠰᠢᠰᠲᠧᠮᠳᠦ ᠰᠢᠨᠵᠢ ᠲᠠᠢ ᠲᠤᠷᠠᠳᠤᠯᠳᠠ ᠨᠢ ᠲᠤᠪᠴᠢ | ᠲᠤᠳᠤᠷᠠᠭᠤᠨ᠂ ᠡᠮᠦᠨ᠎ᠡ ᠬᠤᠶᠢᠨ᠎ᠠ ᠠᠪᠴᠠᠯᠳᠤᠩᠭᠤᠢ︔ ᠭᠡᠬᠦ ᠮᠦᠷᠳᠡᠭᠡᠨ ᠲᠤᠷᠠᠳᠤᠨ ᠭᠠᠷᠭᠠᠬᠰᠠᠨ ︽ᠭᠤᠷᠪᠠᠨ | ᠬᠦᠴᠦᠨ︾ ᠤ ᠨᠠᠨᠳᠢᠨ ᠡᠷᠡᠮᠡᠯᠵᠡᠯ ᠳᠤ᠂ ᠤᠳᠬ᠎ᠠ ᠤᠷᠠᠯᠢᠭ ᠤᠨ ᠦᠷᠳᠡᠭ ᠢ ᠵᠠᠮᠴᠢᠯᠠᠬᠤ᠂ ᠰᠤᠶᠤᠯ ᠢ ᠨᠡᠶᠢᠳᠭᠡᠬᠦ | ᠪᠤᠯᠤᠨ ᠦᠵᠡᠯ ᠰᠠᠨᠠᠭ᠎ᠠ ᠶᠢ ᠲᠦᠯᠬᠢᠨ ᠠᠬᠢᠭᠤᠯᠬᠤ ᠲᠠᠯ᠎ᠠ ᠳᠤ ᠭᠠᠷᠭᠠᠬᠤ ᠬᠠᠮᠤᠭ ᠶᠡᠭᠡ ᠡᠨᠧᠷᠬᠢ ᠪᠤᠯᠤᠨ | ᠦᠢᠯᠡᠳᠦᠯ ᠢ ᠲᠤᠰᠪᠤᠷᠢ ᠦᠬᠦᠯᠡᠪᠡ᠃ ᠡᠳᠡᠭᠡᠷ ᠰᠢᠰᠲᠧᠮ ᠲᠠᠢ ᠵᠢᠯᠤᠭᠤᠳᠬᠤ ᠦᠵᠡᠯ ᠰᠠᠨᠠᠭ᠎ᠠ ᠪᠤᠯᠤᠨ | ᠬᠦᠳᠦᠯᠪᠦᠷᠢ ᠶᠢᠨ ᠰᠢᠨᠵᠢᠳᠠᠢ ᠴᠢᠭᠯᠡᠯᠳᠡ ᠵᠠᠷᠴᠢᠮ ᠵᠢᠴᠢ ᠶᠡᠷᠦᠩᠭᠡᠢ ᠱᠠᠭᠠᠷᠳᠠᠯᠭ᠎ᠠ ᠨᠢ ᠨᠢᠬᠳᠠ ᠴᠢᠩᠭ᠎ᠠ | ᠬᠤᠯᠪᠤᠬᠳᠠᠯᠳᠦ ᠰᠢᠨᠵᠢ ᠪᠤᠯᠤᠨ ᠬᠤᠷᠰᠢᠯ ᠤᠨ ᠰᠢᠨᠵᠢᠳᠠᠢ ᠪᠠᠶᠢᠵᠦ᠂ ᠤᠳᠬ᠎ᠠ ᠤᠷᠠᠯᠢᠭ ᠤᠨ ᠲᠤᠰ ᠪᠠᠶ᠎ᠠ ᠳᠤ | ᠰᠠᠭᠤᠷᠢᠯᠠᠬᠰᠠᠨ ᠮᠦᠷᠳᠡᠯ᠎ᠡ ᠪᠠᠨ ᠤᠳᠬ᠎ᠠ ᠤᠷᠠᠯᠢᠭ ᠤᠨ ᠬᠦᠷᠢᠶ᠎ᠠ ᠴᠠᠷ᠎ᠠ ᠠᠴᠠ ᠲᠠᠪᠠᠭᠰᠠᠨ ᠪᠠᠶᠢᠵᠦ᠂ ᠤᠳᠬ᠎ᠠ | ᠤᠷᠠᠯᠢᠭ ᠤᠨ ᠦᠢᠯᠡᠰ ᠲᠠᠬᠢ ᠬᠤᠯᠠ ᠶᠢᠨ ᠬᠠᠷᠠᠴᠠ ᠲᠠᠢ ᠬᠦᠨᠵᠡᠭᠡᠢ ᠲᠠᠨᠢᠯᠳᠠ ᠵᠢᠴᠢ ᠤᠳᠬ᠎ᠠ ᠤᠷᠠᠯᠢᠭ ᠤᠨ ᠵᠢᠮ᠎ᠠ | ᠬᠠᠤᠯᠢ ᠶᠢᠨ ᠭᠤᠤᠯᠳᠠᠯᠭ᠎ᠠ ᠶᠢᠨ ᠲᠤᠬᠠᠢ ᠬᠦᠴᠦᠳᠠᠢ ᠡᠵᠡᠮᠳᠡᠯ ᠢ ᠢᠯᠡᠷᠡᠬᠦᠯᠦᠭᠰᠡᠨ ᠪᠠᠶᠢᠨ᠎ᠠ᠃ | ᠲᠤᠮᠳᠠᠳᠦ ᠶᠢᠨ ᠵᠡᠬᠦᠳᠦ ᠶᠢ ᠲᠡᠷᠭᠡᠯᠰᠢᠬᠦᠯᠬᠦ ᠶᠢ ᠤᠷᠮᠠᠰᠢᠭᠤᠯᠬᠤ ᠤᠳᠬ᠎ᠠ ᠤᠷᠠᠯᠢᠭ ᠤᠨ ᠬᠦᠴᠦᠨ ᠤ ᠠᠷᠪᠠᠨ | ᠶᠡᠭᠡ ᠬᠢᠯᠠᠰ ᠴᠡᠭ | ᠰᠢᠨ᠎ᠡ ᠵᠠᠭᠤᠨ ᠳᠤ ᠤᠷᠤᠬᠰᠠᠨ ᠠᠴᠠ ᠨᠠᠰᠢ᠂ ᠤᠳᠬ᠎ᠠ ᠤᠷᠠᠯᠢᠭ ᠲᠤ ᠤᠷᠢᠳ ᠭᠠᠷᠤᠭ᠎ᠠ ᠦᠭᠡᠢ ᠰᠢᠨ᠎ᠡ | ᠪᠠᠶᠢᠳᠠᠯ ᠢᠯᠡᠷᠡᠵᠦ᠂ ᠤᠳᠤᠬᠠᠨ ᠤ ᠤᠳᠬ᠎ᠠ ᠤᠷᠠᠯᠢᠭ ᠡᠳᠦᠷ ᠢᠷᠡᠬᠦᠶ᠎ᠡ ᠰᠢᠨ᠎ᠡ ᠬᠦᠴᠦᠨ ᠢ ᠨᠡᠶᠢᠳᠭᠡᠵᠦ᠂ ᠰᠢᠨ᠎ᠡ | ᠬᠠᠷᠢᠴᠠᠭ᠎ᠠ ᠶᠢ ᠨᠡᠶᠢᠯᠡᠬᠦᠯᠦᠨ᠂ ᠰᠢᠨ᠎ᠡ ᠡᠯᠧᠮᠧᠨ᠋ᠲ ᠢ ᠰᠢᠩᠭᠡᠭᠡᠬᠦ ᠪᠤᠯᠪᠠ᠃ ᠤᠳᠬ᠎ᠠ ᠤᠷᠠᠯᠢᠭ ᠤᠨ ᠬᠦᠷᠢᠶᠡᠨ ᠳᠠᠬᠢ | ᠡᠶᠢᠮᠦᠷᠬᠦ ᠰᠢᠨ᠎ᠡ ᠦᠵᠡᠭᠳᠡᠯ ᠬᠢᠭᠡᠳ ᠬᠤᠪᠢᠷᠠᠯᠳᠠ ᠶᠢᠨ ᠲᠤᠬᠠᠢ᠂ ᠰᠢ ᠶᠢᠨ ᠫᠢᠩ ᠶᠡᠷᠦᠩᠭᠡᠢ ᠱᠦᠵᠢ ᠶᠢᠨ ︽ | ᠶᠠᠷᠢᠶ᠎ᠠ︾ ᠳᠤ ᠲᠤᠳᠤᠷᠬᠠᠢ ᠲᠠᠨᠢᠯᠳᠠ ᠤᠶᠢᠯᠠᠭᠠᠯᠳᠠ ᠬᠢᠭᠡᠳ ᠨᠠᠷᠢᠨ ᠠᠵᠢᠬᠯᠠᠯᠳᠠ ᠲᠠᠢ᠂ ᠲᠡᠷᠡ ︽ᠢᠨᠲᠧᠷᠨᠧᠲ | ᠰᠦᠯᠵᠢᠶ᠎ᠡ ᠶᠢᠨ ᠮᠡᠷᠭᠡᠵᠢᠯ ᠪᠤᠯᠤᠨ ᠰᠢᠨ᠎ᠡ ᠵᠠᠭᠤᠴᠢᠯᠠᠭᠤᠷ ᠤᠳᠬ᠎ᠠ ᠤᠷᠠᠯᠢᠭ ᠤᠨ ᠭᠡᠯᠪᠡᠷᠢ ᠶᠢ ᠬᠤᠪᠢᠷᠠᠭᠤᠯᠵᠦ᠂ | ᠨᠢᠭᠡ ᠪᠦᠯᠦᠭ ᠤᠳᠬ᠎ᠠ ᠤᠷᠠᠯᠢᠭ ᠤᠨ ᠲᠦᠷᠦᠯ ᠵᠦᠢᠯ ᠢ ᠪᠤᠢ ᠪᠤᠯᠭᠠᠬᠰᠠᠨ ᠪᠦᠭᠡᠳ ᠤᠳᠬ᠎ᠠ ᠤᠷᠠᠯᠢᠭ ᠤᠨ | ᠤᠶᠢᠯᠠᠭᠠᠬᠳᠠᠬᠤᠨ ᠬᠢᠭᠡᠳ ᠤᠳᠬ᠎ᠠ ᠤᠷᠠᠯᠢᠭ ᠤᠨ ᠦᠢᠯᠡᠳᠦᠯᠭᠡ ᠶᠢᠨ ᠬᠦᠨᠵᠡᠭᠡᠢ ᠬᠤᠪᠢᠷᠠᠯᠳᠠ ᠶᠢ ᠠᠪᠴᠢᠷᠠᠪᠠ︾᠂ | ︽ᠰᠢᠨ᠎ᠡ ᠪᠠᠶᠢᠳᠠᠯ ᠤᠨ ᠬᠦᠭᠵᠢᠯᠳᠡ ᠲᠠᠢ ᠵᠤᠬᠢᠴᠠᠬᠤ ᠭᠡᠪᠡᠯ᠂ ᠰᠦᠯᠵᠢᠶᠡᠨ ᠤᠷᠠᠯᠢᠭ ᠤᠨ ᠵᠤᠬᠢᠶᠠᠨ ᠪᠦᠳᠦᠭᠡᠯᠭᠡ ᠶᠢ | ᠰᠠᠶᠢᠳᠤᠷ ᠠᠳᠬᠤᠵᠦ᠂ ᠵᠦᠪ ᠲᠠᠯ᠎ᠠ ᠶᠢᠨ ᠤᠳᠤᠷᠢᠳᠬᠤ ᠬᠦᠴᠦᠯᠡᠴᠡ ᠶᠢ ᠪᠠᠨ ᠲᠡᠭᠡᠭᠰᠢᠯᠡᠬᠦᠯᠬᠦ ᠭᠡᠷᠡᠭᠳᠠᠢ︾᠂ ︽ | ᠪᠢᠳᠡ ᠠᠵᠢᠯ ᠤᠨ ᠪᠦᠷᠬᠦᠴᠡ ᠶᠢ ᠪᠠᠨ ᠦᠷᠭᠡᠳᠭᠡᠵᠦ᠂ ᠬᠠᠷᠢᠴᠠᠭ᠎ᠠ ᠬᠤᠯᠪᠤᠭ᠎ᠠ ᠪᠠᠨ ᠲᠡᠯᠡᠵᠦ᠂ ᠴᠤ᠋ ᠰᠢᠨ᠎ᠡ | ᠬᠠᠷᠠᠴᠠ ᠪᠠᠷ ᠲᠡᠳᠡᠨᠤᠰ ᠢ ᠬᠠᠷᠠᠵᠦ᠂ ᠴᠤ᠋ ᠰᠢᠨ᠎ᠡ ᠲᠦᠷᠦ ᠶᠢᠨ ᠪᠤᠳᠤᠯᠭ᠎ᠠ ᠬᠢᠭᠡᠳ ᠠᠷᠭ᠎ᠠ ᠪᠡᠷᠢᠯ ᠢᠶᠠᠷ ᠲᠡᠳᠡᠨᠤᠰ ᠢ | ᠪᠦᠯᠬᠦᠮᠳᠡᠬᠦᠯᠦᠨ ᠲᠠᠳᠠᠵᠦ᠂ ᠲᠡᠳᠡᠨᠤᠰ ᠢ ᠤᠳᠤᠷᠢᠳᠤᠨ ᠨᠡᠶᠢᠭᠡᠮ ᠵᠢᠷᠤᠮ ᠤᠨ ᠤᠳᠬ᠎ᠠ ᠤᠷᠠᠯᠢᠭ ᠢ ᠴᠡᠴᠡᠭᠯᠡᠬᠦᠯᠦᠨ | ᠬᠦᠭᠵᠢᠬᠦᠯᠬᠦ ᠶᠢᠨ ᠠᠮᠢᠳᠤᠯᠢᠭ ᠬᠦᠴᠦᠨ ᠪᠤᠯᠭᠠᠬᠤ ᠭᠡᠷᠡᠭᠳᠠᠢ︾ ᠭᠡᠵᠦ ᠴᠢᠬᠤᠯᠠᠴᠢᠯᠠᠨ ᠵᠢᠭᠠᠪᠠ᠃ ︽ᠰᠠᠨᠠᠯ︾ ᠡᠨᠡ | ᠲᠤᠬᠠᠢ ᠮᠦᠨ ᠪᠦᠷᠢᠨ ᠬᠦᠢᠴᠡᠳ ᠬᠤᠪᠢᠰᠤᠩᠭᠤᠢ ᠰᠡᠳᠬᠢᠮᠵᠢ ᠪᠤᠯᠤᠨ ᠰᠢᠨᠡᠷᠭᠡᠭ ᠦᠵᠡᠯᠳᠡ ᠲᠠᠢ᠃ ︽ᠰᠠᠨᠠᠯ︾ | ᠤᠨ ᠠᠳᠠᠯᠢ ᠪᠤᠰᠤ ᠭᠡᠰᠡᠭ ᠨᠢ ᠪᠦᠷ ᠤᠳᠬ᠎ᠠ ᠤᠷᠠᠯᠢᠭ ᠤᠨ ᠬᠦᠷᠢᠶᠡᠨ ᠳᠠᠬᠢ ᠡᠶᠢᠮᠦᠷᠬᠦ ᠰᠢᠨ᠎ᠡ ᠦᠵᠡᠭᠳᠡᠯ ᠬᠢᠭᠡᠳ | ᠰᠢᠨ᠎ᠡ ᠬᠤᠪᠢᠷᠠᠯᠳᠠ᠂ ᠰᠢᠨ᠎ᠡ ᠪᠠᠶᠢᠳᠠᠯ ᠤᠨ ᠠᠰᠠᠭᠤᠳᠠᠯ ᠳᠤ ᠬᠤᠯᠪᠤᠬᠳᠠᠬᠰᠠᠨ ᠪᠠᠶᠢᠳᠠᠭ᠃ ᠤᠯᠠᠮᠵᠢᠯᠠᠯᠳᠦ ᠤᠳᠬ᠎ᠠ | ᠵᠤᠬᠢᠶᠠᠯ ᠯᠤᠭ᠎ᠠ ᠤᠶᠢᠯᠠᠭᠠᠠᠬᠳᠠᠬᠤᠨ᠂ ᠠᠷᠭ᠎ᠠ ᠪᠠᠷᠢᠯ ᠵᠡᠷᠭᠡ ᠲᠠᠯ᠎ᠠ ᠪᠠᠷ ᠪᠦᠷ ᠢᠯᠡᠷᠭᠡᠢ ᠢᠯᠭᠠᠬᠳᠠᠬᠤ ᠡᠳᠡᠭᠡᠷ ᠰᠢᠨ᠎ᠡ | ᠦᠵᠡᠭᠳᠡᠯ ᠬᠢᠭᠡᠳ ᠰᠢᠨ᠎ᠡ ᠬᠤᠪᠢᠷᠠᠯᠳᠠ᠂ ᠰᠢᠨ᠎ᠡ ᠪᠠᠶᠢᠳᠠᠯ᠂ ᠰᠢᠨ᠎ᠡ ᠭᠡᠯᠪᠡᠷᠢ ᠤᠨ ᠲᠤᠬᠠᠢ ᠪᠢᠳᠡᠨ ᠳᠤ | ᠪᠦᠳᠦᠮᠵᠢᠳᠠᠢ ᠠᠷᠭᠠᠴᠠᠭᠠᠬᠤ ᠠᠷᠭ᠎ᠠ ᠪᠠᠷᠢᠯ ᠵᠢᠴᠢ ᠪᠠᠶᠢᠪᠠᠰᠦ ᠵᠤᠬᠢᠬᠤ ᠰᠢᠢᠳᠪᠤᠷᠢᠯᠡᠬᠦ ᠠᠷᠭ᠎ᠠ ᠲᠤᠷᠰᠢᠯᠭ᠎ᠠ | ᠲᠤᠳᠠᠬᠳᠠᠵᠦ ᠪᠠᠶᠢᠭ᠎ᠠ ᠪᠠᠶᠢᠳᠠᠯ ᠳᠤ ︽ᠰᠠᠨᠠᠯ︾ ᠡᠳᠡᠭᠡᠷ ᠰᠢᠨ᠎ᠡ ᠦᠵᠡᠭᠳᠡᠯ ᠢ ᠰᠤᠳᠤᠯᠤᠨ ᠰᠢᠨᠵᠢᠯᠡᠵᠦ᠂ ᠡᠳᠡᠭᠡᠷ | ᠰᠢᠨ᠎ᠡ ᠬᠦᠴᠢᠷᠳᠡᠯ ᠢ ᠰᠢᠢᠳᠪᠤᠷᠢᠯᠡᠨ᠂ ᠰᠢᠨ᠎ᠡ ᠠᠷᠭ᠎ᠠ ᠶᠢ ᠰᠦᠪᠡᠭᠴᠢᠯᠡᠭᠰᠡᠨ ᠪᠠᠶᠢᠨ᠎ᠠ᠃ ︽ᠰᠠᠨᠠᠯ︾ ᠤᠨ ᠡᠳᠡᠭᠡᠷ | ᠰᠢᠨ᠎ᠡ ᠦᠵᠡᠭᠳᠡᠯ᠂ ᠰᠢᠨ᠎ᠡ ᠪᠠᠶᠢᠳᠠᠯ ᠤᠨ ᠲᠤᠬᠠᠢ ᠲᠡᠭᠡᠳᠦ ᠭᠡᠮᠵᠢᠶᠡᠨ ᠤ ᠠᠩᠬᠠᠷᠤᠯ ᠬᠢᠭᠡᠳ ᠪᠤᠳᠠᠳᠠᠢ | ᠤᠳᠤᠷᠢᠳᠤᠯᠭ᠎ᠠ ᠲᠠᠭᠠᠭᠤᠯᠭ᠎ᠠ ᠨᠢ ︽ᠰᠠᠨᠠᠯ︾ ᠤᠨ ᠲᠤᠮᠳᠠᠳᠦ ᠶᠢᠨ ᠵᠡᠬᠦᠳᠦ ᠶᠢ ᠲᠡᠷᠭᠡᠯᠰᠢᠬᠦᠯᠬᠦ ᠤᠳᠬ᠎ᠠ | ᠤᠷᠠᠯᠢᠭ ᠤᠨ ᠬᠦᠴᠦᠨ ᠢ ᠬᠦᠭᠵᠢᠭᠡᠬᠦ ᠲᠠᠯ᠎ᠠ ᠳᠠᠬᠢ ᠠᠷᠪᠠᠨ ᠲᠤᠮᠤ ᠬᠢᠯᠠᠰ ᠴᠡᠭ ᠪᠤᠯᠪᠠ᠃ | ᠨᠢᠭᠡ᠂ ︽ᠰᠠᠨᠠᠯ︾ ᠨᠢ ᠰᠦᠯᠵᠢᠶᠡᠨ ᠤᠷᠠᠯᠢᠭ ᠢ ᠶᠡᠭᠡᠪᠡᠷ ᠬᠦᠭᠵᠢᠬᠦᠯᠬᠦ ᠶᠢ ᠴᠢᠩᠭᠠᠳᠬᠠᠨ᠂ ᠤᠯᠠᠮᠵᠢᠯᠠᠯᠳᠦ | ᠤᠷᠠᠯᠢᠭ ᠬᠢᠭᠡᠳ ᠰᠦᠯᠵᠢᠶᠡᠨ ᠤᠷᠠᠯᠢᠭ ᠢ ᠪᠦᠳᠦᠭᠡᠯᠴᠢ ᠪᠠᠷ ᠠᠭᠤᠰᠤᠯᠴᠠᠭᠤᠯᠬᠤ ᠶᠢ ᠠᠬᠢᠭᠤᠯᠵᠦ᠂ ᠰᠦᠯᠵᠢᠶᠡᠨ | ᠤᠷᠠᠯᠢᠭ ᠤᠨ ᠰᠤᠳᠤᠨ ᠪᠦᠳᠦᠭᠡᠯ ᠤᠨ ᠵᠤᠬᠢᠶᠠᠨ ᠪᠦᠳᠦᠭᠡᠯᠭᠡ ᠬᠢᠭᠡᠳ ᠤᠯᠠᠮᠵᠢᠯᠠᠨ ᠲᠠᠷᠬᠠᠭᠠᠬᠤᠢ | ᠲᠦᠯᠦᠪᠵᠢᠬᠦᠯᠭᠡ ᠶᠢ ᠭᠡᠷᠡᠭᠵᠢᠬᠦᠯᠵᠦ᠂ ᠭᠤᠤᠯᠳᠠᠯᠭ᠎ᠠ ᠲᠠᠢ ᠤᠳᠬ᠎ᠠ ᠤᠷᠠᠯᠢᠭ ᠤᠨ ᠰᠦᠯᠵᠢᠶ᠎ᠡ ᠶᠢᠨ ᠪᠦᠳᠦᠭᠡᠨ | ᠪᠠᠶᠢᠭᠤᠯᠤᠯᠳᠠ ᠶᠢ ᠴᠢᠩᠭᠠᠳᠬᠠᠨ᠂ ᠵᠤᠬᠢᠶᠠᠯᠴᠢ ᠤᠷᠠᠯᠢᠬᠴᠢᠳ ᠤᠨ ᠢᠳᠡᠪᠬᠢᠳᠠᠢ ᠪᠠᠷ ᠰᠦᠯᠵᠢᠶ᠎ᠡ ᠶᠢ ᠠᠰᠢᠬᠯᠠᠨ | ᠰᠦᠯᠵᠢᠶᠡᠨ ᠤ ᠰᠢᠯᠢᠳᠡᠭ ᠪᠦᠳᠦᠭᠡᠯ ᠢ ᠵᠤᠬᠢᠶᠠᠨ ᠪᠦᠳᠦᠭᠡᠵᠦ ᠤᠯᠠᠮᠵᠢᠯᠠᠨ ᠲᠠᠷᠬᠠᠭᠠᠬᠤ ᠶᠢ ᠵᠤᠷᠢᠬᠵᠢᠭᠤᠯᠵᠦ᠂ | ᠰᠢᠨ᠎ᠡ ᠭᠡᠯᠪᠡᠷᠢ ᠶᠢᠨ ᠤᠳᠬ᠎ᠠ ᠤᠷᠠᠯᠢᠭ ᠤᠨ ᠲᠦᠷᠦᠯ ᠵᠠᠨᠠᠷ ᠤᠨ ᠬᠦᠭᠵᠢᠯᠳᠡ ᠶᠢ ᠠᠬᠢᠭᠤᠯᠬᠤ ᠶᠢᠨ ᠬᠠᠮᠳᠤ | ᠲᠤᠳᠤᠭᠠᠳᠦ ᠶᠢᠨ ᠬᠠᠮᠢᠶᠠᠷᠤᠯᠳᠠ᠂ ᠵᠤᠬᠢᠶᠠᠨ ᠪᠦᠳᠦᠭᠡᠯᠭᠡ ᠶᠢᠨ ᠬᠠᠮᠢᠶᠠᠷᠤᠯᠳᠠ ᠶᠢᠨ ᠠᠷᠭ᠎ᠠ ᠭᠡᠯᠪᠡᠷᠢ ᠶᠢ | ᠴᠢᠩᠭᠠᠳᠬᠠᠨ᠂ ᠤᠯᠠᠮᠵᠢᠯᠠᠨ ᠲᠠᠷᠬᠠᠭᠠᠠᠤᠢ ᠶᠢᠨ ᠡᠮᠬᠢ ᠲᠢᠭᠯᠢᠮ ᠢ ᠵᠢᠷᠤᠮᠵᠢᠭᠤᠯᠵᠦ᠂ ᠢᠳᠡᠪᠬᠢ ᠬᠦᠴᠦᠨ ᠢᠶᠠᠷ | ᠰᠦᠯᠵᠢᠶᠡᠨ ᠤ ᠤᠷᠠᠯᠢᠭ ᠤᠨ ᠬᠦᠭᠵᠢᠯᠳᠡ ᠶᠢ ᠤᠳᠤᠷᠢᠳᠤᠨ ᠲᠠᠭᠠᠭᠤᠯᠬᠤ ᠭᠡᠷᠡᠭᠳᠠᠢ ᠭᠡᠭᠴᠢ ᠶᠢ ᠴᠢᠩᠭᠠᠳᠬᠠᠪᠠ᠃ | ᠬᠤᠶᠠᠷ᠂ ︽ᠰᠠᠨᠠᠯ︾ ᠨᠢ ᠠᠮᠢᠳᠤᠷᠠᠯ ᠳᠤ ᠬᠦᠨᠵᠡᠭᠡᠶᠢᠷᠡᠵᠦ᠂ ᠠᠷᠠᠳ ᠲᠦᠮᠡᠨ ᠤ ᠲᠤᠮᠳᠠ ᠦᠨᠳᠦᠰᠦ | ᠬᠠᠳᠬᠤᠬᠤ ᠨᠢ ᠪᠠᠶᠢᠩᠭᠤ ᠶᠢᠨ ᠰᠢᠨᠵᠢᠳᠠᠢ ᠲᠦᠷᠢᠮ ᠲᠤᠬᠳᠠᠭᠠᠯ ᠤᠨ ᠪᠠᠶᠢᠷᠢᠯᠠᠭᠤᠯᠤᠯᠳᠠ ᠪᠠᠶᠢᠬᠤ ᠶᠤᠰᠤᠳᠠᠢ | ᠭᠡᠭᠴᠢ ᠶᠢ ᠴᠢᠩᠭᠠᠳᠬᠠᠪᠠ᠃ ︽ᠰᠠᠨᠠᠯ︾ ᠳᠤ᠂ ᠠᠮᠢᠳᠤᠷᠠᠯ ᠪᠤᠯ ᠤᠳᠬ᠎ᠠ ᠤᠷᠠᠯᠢᠭ ᠤᠨ ᠵᠤᠬᠢᠶᠠᠨ | ᠪᠦᠳᠦᠭᠡᠯᠭᠡ ᠶᠢᠨ ᠡᠬᠢ ᠪᠤᠯᠠᠭ᠂ ᠠᠷᠠᠳ ᠲᠦᠮᠡᠨ ᠪᠤᠯ ᠤᠳᠬ᠎ᠠ ᠤᠷᠠᠯᠢᠭ ᠤᠨ ᠠᠵᠢᠯᠳᠠᠳ ᠤᠨ ᠲᠡᠵᠢᠭᠡᠭᠰᠡᠨ ᠡᠭᠡ | ᠡᠴᠢᠭᠡ ᠭᠡᠵᠦ ᠵᠢᠭᠠᠨ ᠭᠠᠷᠭᠠᠬᠰᠠᠨ ᠪᠠᠶᠢᠳᠠᠭ᠃ ︽ᠰᠠᠨᠠᠯ︾ ᠳᠤ ᠤᠳᠬ᠎ᠠ ᠤᠷᠠᠯᠢᠭ ᠤᠨ ᠠᠵᠢᠯᠳᠠᠳ ᠤᠨ ᠤᠷᠳᠤ | ᠬᠤᠭᠤᠴᠠᠭ᠎ᠠ ᠪᠠᠷ ᠠᠮᠢᠳᠤᠷᠠᠯ ᠳᠤ ᠬᠦᠨᠵᠡᠭᠡᠶᠢᠷᠡᠨ᠂ ᠤᠯᠠᠨ ᠲᠦᠮᠡᠨ ᠤ ᠲᠤᠮᠳᠠ ᠦᠨᠳᠦᠰᠦ ᠬᠠᠳᠬᠤᠬᠤ ᠶᠢ ᠲᠡᠮᠵᠢᠬᠦ | ᠲᠦᠷᠦ ᠶᠢᠨ ᠪᠤᠳᠤᠯᠭ᠎ᠠ ᠠᠷᠭ᠎ᠠ ᠪᠠᠷᠢᠯ ᠪᠤᠯᠤᠨ ᠪᠠᠳᠤᠯᠭ᠎ᠠ ᠶᠢᠨ ᠲᠤᠬᠳᠠᠯᠴᠠᠭ᠎ᠠ ᠶᠢ ᠲᠤᠬᠳᠠᠭᠠᠨ᠂ ᠤᠳᠬ᠎ᠠ | ᠤᠷᠠᠯᠢᠭᠴᠢᠳ ᠤᠨ ᠲᠤᠬᠳᠠᠬᠰᠠᠨ ᠴᠢᠬ ᠲᠤ ᠬᠦᠷᠴᠦ ᠠᠮᠢᠳᠤᠷᠠᠯ ᠳᠤ ᠬᠦᠨᠵᠡᠭᠡᠶᠢᠷᠡᠬᠦ᠂ ᠲᠤᠰᠢᠶᠠᠯ ᠲᠠᠢ | ᠪᠤᠯᠪᠠᠰᠤᠷᠠᠬᠤ᠂ ᠵᠤᠬᠢᠶᠠᠨ ᠪᠦᠳᠦᠭᠡᠬᠦ ᠳᠤ ᠴᠢᠬᠤᠯᠠ ᠪᠦᠬᠦᠢ ᠲᠠᠪᠴᠠᠩ ᠢ ᠪᠤᠢ ᠪᠤᠯᠭᠠᠵᠦ ᠦᠭᠬᠦ ᠭᠡᠷᠡᠭᠳᠠᠢ ᠭᠡᠵᠦ | ᠲᠤᠷᠠᠳᠪᠠ᠃ ᠪᠠᠰᠠ ︽ᠠᠮᠢᠳᠤᠷᠠᠯ ᠳᠤ ᠬᠦᠨᠵᠡᠭᠡᠶᠢᠷᠡᠬᠦ︾ ᠶᠢ ᠤᠯᠠᠮ ᠨᠢᠭᠡ ᠠᠯᠬᠤᠮ ᠡᠷᠴᠢᠮᠵᠢᠬᠦᠯᠵᠦ᠂ | ᠤᠷᠮᠠᠰᠢᠭᠤᠯᠬᠤ ᠲᠤᠬᠳᠠᠯᠴᠠᠭ᠎ᠠ ᠶᠢ ᠲᠡᠬᠦᠯᠳᠡᠷᠵᠢᠬᠦᠯᠦᠨ᠂ ᠠᠮᠢᠳᠤᠷᠠᠯ ᠳᠤ ᠬᠦᠨᠵᠡᠭᠡᠶᠢᠷᠡᠬᠦ ᠶᠢ ᠤᠳᠬ᠎ᠠ ᠤᠷᠠᠯᠢᠭ ᠤᠨ | ᠪᠠᠶᠢᠭᠤᠯᠤᠯᠭ᠎ᠠ ᠶᠢᠨ ᠬᠠᠷᠠᠯᠳᠠᠳᠦ ᠬᠠᠮᠢᠶᠠᠷᠤᠯᠳᠠ ᠪᠤᠯᠤᠨ ᠤᠳᠤᠷᠢᠳᠬᠤ ᠪᠠᠭ ᠤᠨ ᠬᠢᠨ ᠤ ᠠᠵᠢᠯ ᠤᠨ ᠬᠢᠷᠢ | ᠪᠦᠳᠦᠮᠵᠢ ᠶᠢ ᠬᠢᠨᠠᠨ ᠰᠢᠯᠭᠠᠬᠤ᠂ ᠤᠳᠬ᠎ᠠ ᠤᠷᠠᠯᠢᠭ ᠤᠨ ᠠᠵᠢᠯᠳᠠᠳ ᠤᠨ ᠲᠤᠬᠠᠶᠢᠯᠠᠬᠰᠠᠨ ᠠᠵᠢᠯ ᠤᠨ ᠬᠢᠨᠠᠨ | ᠰᠢᠯᠭᠠᠯᠳᠠ᠂ ᠮᠡᠷᠭᠡᠵᠢᠯ ᠤᠨ ᠴᠤᠯᠠ ᠶᠢ ᠬᠢᠨᠠᠨ ᠲᠤᠬᠳᠠᠭᠠᠬᠤ᠂ ᠱᠠᠩᠨᠠᠨ ᠬᠦᠬᠢᠬᠦᠯᠬᠦ ᠵᠡᠷᠭᠡ ᠶᠢᠨ ᠴᠢᠬᠤᠯᠠ | ᠦᠨᠳᠦᠰᠦᠯᠡᠯ ᠪᠤᠯᠭᠠᠬᠤ ᠭᠡᠷᠡᠭᠳᠠᠢ ᠭᠡᠪᠡ᠃ | ᠭᠤᠷᠪᠠ᠂ ︽ᠰᠠᠨᠠᠯ︾ ᠳᠤ ᠤᠳᠬ᠎ᠠ ᠤᠷᠠᠯᠢᠭ ᠤᠨ ᠪᠦᠳᠦᠭᠡᠯ ᠤᠨ ᠴᠢᠨᠠᠷ ᠴᠢᠨᠰᠠᠭ᠎ᠠ ᠶᠢ ᠲᠤᠰᠬᠠᠬᠤ | ᠶᠡᠷᠦᠩᠭᠡᠶᠢᠯᠡᠭᠰᠡᠨ ᠦᠨᠡᠯᠡᠯᠳᠡ ᠶᠢᠨ ᠲᠤᠬᠳᠠᠯᠴᠠᠭ᠎ᠠ ᠶᠢ ᠪᠠᠶᠢᠭᠤᠯᠵᠦ ᠪᠦᠷᠢᠨᠰᠢᠬᠦᠯᠦᠨ᠂ ᠨᠡᠶᠢᠭᠡᠮ ᠤᠨ ᠦᠷ᠎ᠡ | ᠠᠰᠢᠭ ᠢ ᠲᠡᠷᠢᠬᠦᠨ ᠳᠤ ᠲᠠᠯᠪᠢᠬᠤ ᠶᠢ ᠪᠠᠷᠢᠮᠳᠠᠯᠠᠵᠦ᠂ ᠨᠡᠶᠢᠭᠡᠮ ᠤᠨ ᠦᠷ᠎ᠡ ᠠᠰᠢᠭ ᠬᠢᠭᠡᠳ ᠠᠵᠦ ᠠᠬᠤᠢ ᠶᠢᠨ | ᠦᠷ᠎ᠡ ᠠᠰᠢᠭ᠂ ᠨᠡᠶᠢᠭᠡᠮ ᠤᠨ ᠦᠷᠳᠡᠭ ᠪᠤᠯᠤᠨ ᠵᠠᠬ᠎ᠠ ᠲᠡᠯᠭᠡᠬᠦᠷ ᠤᠨ ᠦᠷᠳᠡᠭ ᠬᠠᠷᠢᠯᠴᠠᠨ ᠨᠢᠭᠡᠳᠦᠯᠳᠠᠢ | ᠪᠠᠶᠢᠯᠭᠠᠬᠤ ᠶᠢ ᠴᠢᠷᠮᠠᠶᠢᠨ ᠪᠡᠶᠡᠯᠡᠬᠦᠯᠵᠦ᠂ ᠤᠳᠬ᠎ᠠ ᠤᠷᠠᠯᠢᠭ ᠢ ᠵᠠᠬ᠎ᠠ ᠲᠡᠯᠭᠡᠬᠦᠷ ᠤᠨ ᠪᠤᠭᠤᠯ ᠪᠤᠯᠭᠠᠬᠤ ᠦᠭᠡᠢ | ᠪᠠᠶᠢᠬᠤ ᠶᠢ ᠡᠷᠡᠰ ᠪᠠᠷᠢᠮᠳᠠᠯᠠᠬᠤ ᠶᠢ ᠢᠯᠡ ᠪᠠᠷ ᠱᠠᠭᠠᠷᠳᠠᠵᠠᠢ᠃ ᠪᠢᠯᠧᠲ ᠤᠨ ᠤᠷᠤᠯᠭ᠎ᠠ᠂ ᠬᠦᠯᠢᠶᠡᠨ ᠠᠪᠴᠦ | ᠦᠵᠡᠬᠦ ᠨᠤᠷᠮ᠎ᠠ᠂ ᠲᠠᠷᠤᠮᠳᠠ ᠶᠢᠨ ᠬᠠᠷᠢᠴᠠᠯ᠂ ᠲᠠᠷᠬᠠᠭᠠᠯᠳᠠ ᠶᠢᠨ ᠭᠡᠮᠵᠢᠶ᠎ᠡ ᠵᠡᠷᠭᠡ ᠲᠤᠭ᠎ᠠ ᠭᠡᠮᠵᠢᠶᠡᠨ ᠤ | ᠬᠦᠢᠴᠡᠳᠭᠡᠯ ᠲᠤᠭ᠎ᠠ ᠶᠢ ᠲᠤᠰᠬᠠᠢ ᠮᠡᠷᠭᠡᠵᠢᠯᠳᠡᠳ ᠤᠨ ᠦᠨᠡᠯᠡᠯᠳᠡ ᠪᠤᠯᠤᠨ ᠤᠯᠠᠨ ᠲᠦᠮᠡᠨ ᠤ ᠮᠡᠳᠡᠷᠡᠯᠳᠡ ᠲᠠᠢ | ᠨᠢᠭᠡᠳᠭᠡᠵᠦ᠂ ᠤᠯᠠᠨ ᠲᠦᠮᠡᠨ ᠳᠤ ᠦᠢᠯᠡᠴᠢᠯᠡᠬᠦ ᠪᠤᠯᠤᠨ ᠤᠯᠠᠨ ᠲᠦᠮᠡᠨ ᠢ ᠬᠦᠳᠦᠯᠬᠦ ᠯᠦᠭᠡ ᠤᠶᠠᠯᠳᠤᠭᠤᠯᠬᠤ | ᠭᠡᠷᠡᠭᠳᠠᠢ᠃ | ᠲᠦᠷᠪᠡ᠂ ︽ᠰᠠᠨᠠᠯ︾ ᠳᠤ ︽ᠠᠯᠤᠰ ᠤᠨ ᠲᠦᠯᠦᠪᠯᠡᠭᠡ︾ ᠶᠢ ᠬᠦᠨᠳᠦᠳᠭᠡᠵᠦ᠂ ᠡᠯ᠎ᠡ ᠲᠡᠰ ᠡᠯ᠎ᠡ | ᠲᠦᠷᠦᠯ ᠤᠨ ᠰᠤᠷᠭᠠᠭᠤᠯᠢ ᠶᠢᠨ ᠤᠷᠠᠯᠢᠭ ᠤᠨ ᠵᠢᠭᠠᠨ ᠰᠤᠷᠭᠠᠯᠳᠠ ᠶᠢ ᠴᠢᠩᠭᠠᠳᠬᠠᠨ᠂ ᠰᠤᠷᠭᠠᠭᠤᠯᠢ ᠪᠤᠯᠤᠨ | ᠨᠡᠶᠢᠭᠡᠮ ᠤᠨ ᠤᠷᠠᠯᠢᠭ ᠤᠨ ᠵᠢᠭᠠᠨ ᠰᠤᠷᠭᠠᠯᠳᠠ ᠶᠢᠨ ᠡᠬᠢ ᠪᠠᠶᠠᠯᠢᠭ ᠪᠤᠯᠤᠨ ᠰᠠᠭᠤᠷᠢ ᠲᠦᠬᠦᠭᠡᠷᠤᠮᠵᠢ ᠶᠢᠨ | ᠬᠠᠮᠳᠤ ᠶᠢᠨ ᠪᠦᠳᠦᠭᠡᠨ ᠪᠠᠶᠢᠭᠤᠯᠤᠯᠳᠠ ᠪᠤᠯᠤᠨ ᠬᠠᠮᠳᠤ ᠶᠢᠨ ᠠᠰᠢᠬᠯᠠᠯᠳᠠ ᠶᠢ ᠠᠬᠢᠭᠤᠯᠵᠦ᠂ ᠵᠠᠯᠠᠭᠤᠴᠤᠳ | ᠪᠠᠭᠠᠴᠤᠳ ᠤᠨ ᠤᠷᠠᠯᠢᠭ ᠤᠨ ᠭᠡᠪ ᠪᠤᠯᠪᠠᠰᠤᠷᠠᠯ ᠢ ᠲᠡᠭᠡᠭᠰᠢᠯᠡᠬᠦᠯᠬᠦ ᠭᠡᠷᠡᠭᠳᠠᠢ ᠭᠡᠵᠦ ᠱᠠᠭᠠᠷᠳᠠᠪᠠ᠃ ᠤᠨᠴᠠᠭᠠᠶᠢᠯᠠᠨ | ᠬᠦᠳᠡᠭᠡ ᠲᠤᠰᠬᠤᠨ ᠤ ᠲᠤᠮᠳᠠ ᠪᠠᠭ᠎ᠠ ᠰᠤᠷᠭᠠᠭᠤᠯᠢ ᠶᠢᠨ ᠤᠷᠠᠯᠢᠭ ᠤᠨ ᠵᠢᠭᠠᠨ ᠰᠤᠷᠭᠠᠯᠳᠠ ᠶᠢᠨ | ᠲᠦᠯᠦᠪᠵᠢᠬᠦᠯᠭᠡ ᠶᠢ ᠲᠤᠰᠬᠠᠶᠢᠯᠠᠨ ᠭᠡᠷᠡᠭᠵᠢᠬᠦᠯᠵᠦ᠂ ᠲᠤᠮᠳᠠᠳᠦ ᠶᠢᠨ ᠰᠤᠶᠤᠯ ᠤᠨ ᠭᠧᠨ ᠤ ᠰᠤᠷᠭᠠᠭᠤᠯᠢ ᠶᠢᠨ | ᠬᠦᠷᠢᠶᠡᠨ ᠳᠠᠬᠢ ᠤᠯᠠᠮᠵᠢᠯᠠᠬᠤᠢ ᠠᠵᠢᠯᠯᠠᠭ᠎ᠠ ᠶᠢ ᠲᠡᠮᠵᠢᠪᠡ᠃ | ᠲᠠᠪᠤ᠂ ︽ᠰᠠᠨᠠᠯ︾ ᠳᠤ᠂ ᠤᠳᠬ᠎ᠠ ᠤᠷᠠᠯᠢᠭ ᠤᠨ ᠠᠵᠢᠯ ᠦᠷᠳᠡᠭ ᠢ ᠤᠳᠤᠷᠢᠳᠤᠭᠠᠴᠢᠯᠠᠬᠤ ᠬᠦᠴᠦᠨ᠂ | ᠰᠤᠶᠤᠯ ᠤᠨ ᠨᠡᠶᠢᠳᠭᠡᠯ ᠬᠦᠴᠦᠨ᠂ ᠤᠶᠤᠨ ᠰᠠᠨᠠᠭᠠᠨ ᠤ ᠲᠦᠯᠬᠢᠴᠡ ᠬᠦᠴᠦᠨ ᠤ ᠦᠢᠯᠡᠳᠦᠯ ᠢᠶᠠᠨ ᠪᠠᠳᠠᠷᠠᠭᠤᠯᠵᠦ᠂ | ᠨᠡᠶᠢᠭᠡᠮ ᠵᠢᠷᠤᠮ ᠤᠨ ᠲᠡᠷᠢᠬᠦᠨ ᠤ ᠰᠤᠶᠤᠯ ᠤᠨ ᠤᠷᠤᠬᠰᠢᠯᠠᠬᠤ ᠴᠢᠭᠯᠡᠯ ᠢ ᠵᠠᠪᠠᠯ ᠪᠠᠷᠢᠮᠳᠠᠯᠠᠪᠠᠯ ᠰᠠᠶ᠋ᠢ ᠦᠵᠡᠯ | ᠰᠠᠨᠠᠭ᠎ᠠ ᠲᠠᠪᠰᠢᠩᠭᠤᠢ ᠮᠦᠷᠳᠡᠭᠡᠨ ᠬᠦᠨᠵᠡᠭᠡᠢ᠂ ᠤᠷᠠᠯᠢᠭ ᠤᠨ ᠲᠠᠯ᠎ᠠ ᠪᠠᠷ ᠤᠷᠠᠨ ᠨᠠᠷᠢᠨ᠂ ᠰᠢᠨᠳᠠᠰᠤᠯᠢᠭ ᠤᠷᠠᠨ | ᠪᠦᠳᠦᠭᠡᠯ ᠢ ᠤᠷᠠᠨ ᠪᠦᠳᠦᠭᠡᠯ ᠢ ᠵᠤᠬᠢᠶᠠᠨ ᠪᠦᠳᠦᠭᠡᠵᠦ ᠴᠢᠳᠠᠨ᠎ᠠ ᠭᠡᠵᠦ ᠵᠢᠭᠠᠵᠦ ᠭᠠᠷᠭᠠᠪᠠ᠃ ︽ᠰᠠᠨᠠᠯ︾ ᠳᠤ | ᠤᠳᠬ᠎ᠠ ᠤᠷᠠᠯᠢᠭ ᠤᠨ ᠠᠵᠢᠯ ᠳᠤ ᠪᠠᠶᠢᠳᠠᠭ ᠦᠷᠳᠡᠭ ᠢ ᠤᠳᠤᠷᠢᠳᠤᠭᠠᠴᠢᠯᠠᠬᠤ ᠬᠦᠴᠦᠨ᠂ ᠰᠤᠶᠤᠯ ᠤᠨ ᠨᠡᠶᠢᠳᠭᠡᠯ | ᠬᠦᠴᠦᠨ᠂ ᠤᠶᠠᠨ ᠰᠠᠨᠠᠭᠠᠨ ᠤ ᠲᠦᠯᠬᠢᠴᠡ ᠬᠦᠴᠦᠨ ᠢ ᠤᠨᠴᠠᠭᠠᠶᠢᠯᠠᠨ ᠴᠢᠬᠤᠯᠠᠴᠢᠯᠠᠬᠰᠠᠨ ᠪᠦᠭᠡᠳ ᠡᠨᠡ ᠪᠤᠯ ᠴᠤ᠋ | ᠰᠢᠨ᠎ᠡ ᠮᠦᠷᠳᠡᠭᠡᠨ ᠮᠠᠰᠢ ᠶᠡᠭᠡ ᠮᠠᠭᠠᠳᠯᠠᠯ ᠮᠦᠨ᠃ | ᠵᠢᠷᠭᠤᠭ᠎ᠠ᠂ ︽ᠰᠠᠨᠠᠯ︾ ᠳᠤ ᠤᠳᠬ᠎ᠠ ᠤᠷᠠᠯᠢᠭ ᠤᠨ ᠵᠤᠬᠢᠶᠠᠨ ᠪᠦᠳᠦᠭᠡᠯᠭᠡ ᠶᠢᠨ ᠡᠬᠢ ᠪᠤᠯᠠᠭ ᠨᠢ ᠠᠷᠠᠳ | ᠲᠦᠮᠡᠨ ᠤ ᠲᠤᠮᠳᠠ ᠪᠠᠶᠢᠵᠦ᠂ ᠤᠳᠬ᠎ᠠ ᠤᠷᠠᠯᠢᠭ ᠤᠨ ᠦᠢᠯᠡᠴᠢᠯᠡᠬᠦ ᠡᠳᠡᠭᠡᠳ ᠨᠢ ᠤᠯᠠᠨ ᠲᠦᠮᠡᠨ ᠪᠤᠯᠬᠤ ᠶᠢ | ᠵᠢᠭᠠᠵᠦ ᠭᠠᠷᠭᠠᠪᠠ᠃ ︽ᠰᠠᠨᠠᠯ︾ ᠨᠢ ᠬᠤᠶᠠᠷ ᠪᠠᠳᠠᠭ ᠢᠶᠠᠷ ᠦᠨᠳᠦᠰᠦᠨ ᠱᠠᠳᠤᠨ ᠳᠤ ᠴᠢᠭᠯᠡᠬᠦ᠂ ᠤᠯᠠᠨ | ᠲᠦᠮᠡᠨ ᠳᠤ ᠦᠢᠯᠡᠴᠢᠯᠡᠬᠦ ᠪᠤᠯᠤᠨ ᠠᠷᠠᠳ ᠤᠯᠠᠨ ᠤ ᠵᠤᠬᠢᠶᠠᠨ ᠪᠦᠳᠦᠭᠡᠬᠦ ᠠᠮᠢᠳᠤ ᠬᠦᠴᠦᠨ ᠢ ᠤᠷᠮᠠᠰᠢᠭᠤᠯᠤᠨ | ᠬᠦᠭᠵᠢᠭᠡᠵᠦ᠂ ᠤᠯᠠᠨ ᠲᠦᠮᠡᠨᠴᠢ ᠤᠷᠠᠯᠢᠭ ᠢ ᠴᠡᠴᠡᠭᠯᠡᠬᠦᠯᠦᠨ ᠬᠦᠭᠵᠢᠬᠦᠯᠬᠦ ᠶᠢᠨ ᠱᠠᠭᠠᠷᠳᠠᠯᠭ᠎ᠠ᠂ ᠠᠷᠭ᠎ᠠ ᠵᠠᠮ᠂ | ᠠᠷᠭ᠎ᠠ ᠭᠡᠯᠪᠡᠷᠢ ᠵᠡᠷᠭᠡ ᠶᠢ ᠲᠠᠶᠢᠯᠪᠤᠷᠢᠯᠠᠨ ᠦᠬᠦᠯᠡᠭᠰᠡᠨ ᠪᠠᠶᠢᠳᠠᠭ᠃ | ᠲᠤᠯᠤᠭ᠎ᠠ᠂ ︽ᠰᠠᠨᠠᠯ︾ ᠳᠤ ︽ᠦᠨᠳᠦᠷᠯᠢᠭ ᠪᠠᠶᠢᠭᠠᠳ ᠤᠷᠬᠢᠯ ᠲᠤᠳᠠᠬᠤ︾ ᠬᠦᠴᠢᠷᠳᠡᠯ ᠢ ᠰᠢᠢᠳᠪᠤᠷᠢᠯᠡᠵᠦ | ᠂ ᠰᠢᠨ᠎ᠡ ᠪᠦᠳᠦᠭᠡᠯ᠂ ᠦᠪᠡᠷᠮᠢᠴᠡ ᠵᠤᠬᠢᠶᠠᠨ ᠪᠦᠳᠦᠭᠡᠯᠭᠡ ᠶᠢ ᠭᠤᠤᠯᠳᠠᠯᠭ᠎ᠠ ᠲᠠᠢ ᠲᠡᠳᠬᠦᠵᠦ᠂ ᠭᠡᠳᠦ ᠤᠯᠠᠨ | ᠲᠠᠬᠢᠨ ᠲᠠᠪᠳᠠᠬᠰᠠᠨ ᠵᠠᠰᠠᠵᠦ ᠨᠠᠶᠢᠷᠠᠠᠭᠤᠯᠤᠬᠰᠠᠨ ᠪᠦᠳᠦᠭᠡᠯ ᠢ ᠲᠡᠪᠴᠢᠬᠦ ᠭᠡᠷᠡᠭᠳᠠᠢ ᠭᠡᠵᠦ ᠵᠢᠭᠠᠵᠦ ᠭᠠᠷᠭᠠᠪᠠ᠃ ︽ | ᠰᠠᠨᠠᠯ︾ ᠳᠤ ᠪᠠᠰᠠ ᠤᠳᠬ᠎ᠠ ᠤᠷᠠᠯᠢᠭ ᠢ ᠴᠡᠴᠡᠭᠯᠡᠬᠦᠯᠦᠨ ᠬᠦᠭᠵᠢᠬᠦᠯᠬᠦ ᠶᠢ ᠤᠷᠮᠠᠰᠢᠭᠤᠯᠬᠤ ᠲᠤᠬᠳᠠᠯᠴᠠᠭ᠎ᠠ ᠶᠢ | ᠪᠦᠬᠦ ᠲᠠᠯ᠎ᠠ ᠪᠠᠷ ᠪᠤᠳᠤᠯᠬᠢᠯᠠᠬᠰᠠᠨ ᠪᠦᠭᠡᠳ ᠨᠠᠷᠢᠰᠬᠠᠵᠦ᠂ ᠤᠯᠤᠰ ᠤᠷᠤᠨ ᠤ ᠢᠷᠠᠭᠤ ᠠᠯᠳᠠᠷ ᠤᠨ ᠲᠦᠷᠢᠮ | ᠲᠤᠬᠳᠠᠭᠠᠯ ᠢ ᠲᠤᠷᠠᠳᠤᠨ᠂ ᠠᠮᠵᠢᠯᠳᠠ ᠪᠦᠳᠦᠭᠡᠯ ᠤᠯᠠᠨ ᠠᠴᠠ ᠤᠨᠴᠠᠭᠠᠶᠢᠷᠠᠬᠰᠠᠨ ᠤᠳᠬ᠎ᠠ ᠤᠷᠠᠯᠢᠭ ᠤᠨ | ᠠᠵᠢᠯᠳᠠᠳ ᠢ ᠲᠤᠰᠬᠠᠢ ᠮᠡᠷᠭᠡᠵᠢᠯ ᠤᠨ ᠲᠠᠯ᠎ᠠ ᠪᠠᠷ ᠡᠷᠭᠡ ᠬᠦᠨᠳᠦᠳᠠᠢ᠂ ᠨᠡᠶᠢᠭᠡᠮ ᠲᠡᠭᠡᠷ᠎ᠡ ᠬᠦᠷᠢᠶᠡᠯᠡᠯ ᠲᠠᠢ | ᠪᠠᠶᠢᠯᠭᠠᠵᠦ᠂ ᠤᠳᠬ᠎ᠠ ᠤᠷᠠᠯᠢᠭ ᠤᠨ ᠴᠡᠴᠡᠭᠯᠡᠯ ᠬᠦᠭᠵᠢᠯᠳᠡ ᠳᠤ ᠠᠰᠢᠬᠳᠠᠢ ᠬᠦᠯᠦᠰᠦ ᠤᠯᠭᠤᠮᠵᠢ ᠶᠢᠨ ᠪᠤᠯᠤᠨ | ᠱᠠᠩᠨᠠᠵᠦ ᠬᠦᠬᠢᠬᠦᠯᠬᠦ ᠠᠷᠭ᠎ᠠ ᠶᠢ ᠵᠠᠰᠠᠵᠦ ᠲᠡᠬᠦᠯᠳᠡᠷᠵᠢᠬᠦᠯᠬᠦ ᠲᠤᠬᠠᠢ ᠲᠤᠷᠠᠳᠪᠠ᠃ ᠤᠳᠬ᠎ᠠ ᠤᠷᠠᠯᠢᠭ ᠤᠨ | ᠪᠦᠳᠦᠭᠡᠯ ᠢ ᠱᠠᠩᠨᠠᠨ ᠬᠦᠬᠢᠬᠦᠯᠬᠦ ᠲᠤᠬᠠᠢ ᠠᠩᠬᠠᠳᠤᠭᠠᠷ ᠤᠳᠠᠭ᠎ᠠ ᠲᠤᠭ ᠲᠡᠮᠳᠡᠭ ᠲᠤᠳᠤᠷᠬᠠᠢ ᠪᠠᠷ ︽ᠵᠤᠬᠢᠶᠠᠯ | ᠪᠦᠳᠦᠭᠡᠯ ᠢ ᠦᠵᠡᠬᠦ ᠮᠦᠷᠳᠡᠭᠡᠨ ᠬᠦᠮᠦᠨ ᠴᠢᠨᠠᠷ ᠢ ᠨᠢ ᠦᠵᠡᠬᠦ︾ ᠶᠢ ᠴᠢᠬᠤᠯᠠᠴᠢᠯᠠᠵᠠᠢ᠃ | ᠨᠠᠢᠮᠠ᠂ ︽ᠰᠠᠨᠠᠯ︾ ᠤᠳᠬ᠎ᠠ ᠤᠷᠠᠯᠢᠭ ᠤᠨ ᠤᠨᠤᠯ ᠰᠢᠬᠦᠮᠵᠢ ᠶᠢᠨ ᠠᠵᠢᠯ ᠢ ᠲᠡᠭᠡᠳᠦ ᠭᠡᠮᠵᠢᠶ᠎ᠡ ᠪᠠᠷ | ᠴᠢᠬᠤᠯᠠᠴᠢᠯᠠᠨ᠂ ᠦᠨᠡᠨᠬᠦ ᠴᠢᠩᠭᠠᠳᠬᠠᠵᠦ᠂ ᠮᠠᠷᠺᠰ ᠤᠨ ᠦᠵᠡᠯ ᠤᠨ ᠤᠳᠬ᠎ᠠ ᠤᠷᠠᠯᠢᠭ ᠤᠨ ᠤᠨᠤᠯ ᠪᠤᠯᠤᠨ | ᠰᠢᠬᠦᠮᠵᠢ ᠢᠶᠠᠨ ᠪᠦᠳᠦᠭᠡᠨ ᠪᠠᠶᠢᠭᠤᠯᠤᠯᠳᠠ ᠶᠢᠨ ᠢᠨᠵᠧᠨᠧᠷᠢᠩ ᠢ ᠭᠡᠷᠡᠭᠵᠢᠬᠦᠯᠦᠨ᠂ ᠤᠳᠬ᠎ᠠ ᠤᠷᠠᠯᠢᠭ ᠤᠨ | ᠭᠤᠤᠯᠳᠠᠯᠭᠠᠳᠠᠢ ᠰᠢᠬᠦᠮᠵᠢ ᠶᠢᠨ ᠬᠦᠴᠦᠨ ᠢ ᠲᠡᠮᠵᠢᠵᠦ᠂ ᠤᠳᠬ᠎ᠠ ᠤᠷᠠᠯᠢᠭ ᠤᠨ ᠭᠤᠤᠯᠳᠠᠯᠭᠠᠳᠠᠢ ᠰᠢᠬᠦᠮᠵᠢ ᠶᠢᠨ | ᠰᠠᠭᠤᠷᠢᠨ ᠤ ᠪᠦᠳᠦᠭᠡᠨ ᠪᠠᠶᠢᠭᠤᠯᠤᠯᠳᠠ ᠶᠢ ᠴᠢᠩᠭᠠᠳᠬᠠᠬᠤ ᠭᠡᠷᠡᠭᠳᠠᠢ ᠭᠡᠵᠦ ᠴᠢᠬᠤᠯᠠᠴᠢᠯᠠᠪᠠ᠃ ᠪᠠᠰᠠ ᠪᠤᠳᠠᠳᠠᠢ | ᠠᠷᠭ᠎ᠠ ᠭᠡᠮᠵᠢᠶ᠎ᠡ ᠨᠦᠭᠦᠳ ᠢ ᠠᠪᠴᠦ᠂ ᠤᠯᠠᠮᠵᠢᠯᠠᠯᠳᠦ ᠤᠳᠬ᠎ᠠ ᠤᠷᠠᠯᠢᠭ ᠤᠨ ᠤᠨᠤᠯ ᠰᠢᠬᠦᠮᠵᠢ ᠶᠢᠨ ᠰᠢᠯᠢᠳᠡᠭ | ᠦᠪ ᠤᠯᠠᠮᠵᠢᠯᠠᠯ ᠢ ᠵᠠᠯᠭᠠᠮᠵᠢᠯᠠᠨ᠂ ᠬᠠᠷᠢ ᠭᠠᠳᠠᠭᠠᠳᠦ ᠶᠢᠨ ᠤᠳᠬ᠎ᠠ ᠤᠷᠠᠯᠢᠭ ᠤᠨ ᠤᠨᠤᠯ ᠢ ᠰᠢᠬᠦᠮᠵᠢᠯᠡᠯᠳᠠᠢ ᠪᠠᠷ | ᠰᠢᠩᠭᠡᠭᠡᠵᠦ᠂ ᠲᠤᠮᠳᠠᠳᠦ ᠶᠢᠨ ᠭᠤᠸ᠎ᠠ ᠰᠠᠶᠢᠬᠠᠨ ᠤ ᠵᠤᠷᠢᠭ ᠰᠠᠨᠠᠭ᠎ᠠ ᠶᠢ ᠰᠤᠳᠤᠯᠵᠦ ᠨᠢᠬᠳᠠᠯᠠᠨ᠂ ᠤᠯᠠᠮᠵᠢᠯᠠᠨ | ᠪᠠᠳᠠᠷᠠᠭᠤᠯᠵᠦ᠂ ᠡᠷᠬᠢᠮ ᠰᠤᠷᠳᠠᠯ᠂ ᠭᠤᠸ᠎ᠠ ᠵᠦᠢ᠂ ᠤᠷᠠᠨ ᠪᠦᠳᠦᠭᠡᠯ ᠤᠨ ᠵᠤᠷᠢᠭ ᠰᠠᠨᠠᠭ᠎ᠠ ᠶᠢ ᠲᠦᠯᠬᠢᠨ | ᠠᠬᠢᠭᠤᠯᠵᠦ᠂ ᠲᠡᠤᠭᠡ ᠶᠢᠨ᠂ ᠠᠷᠠᠳ ᠤᠯᠠᠨ ᠤ᠂ ᠤᠷᠠᠯᠢᠭ ᠤᠨ᠂ ᠭᠤᠸ᠎ᠠ ᠵᠦᠢ ᠶᠢᠨ ᠦᠵᠡᠯᠳᠡ ᠪᠠᠷ ᠵᠤᠬᠢᠶᠠᠯ | ᠪᠦᠳᠦᠭᠡᠯ ᠢ ᠰᠤᠨᠢᠷᠬᠠᠵᠦ ᠰᠢᠬᠦᠮᠵᠢᠯᠡᠨ᠂ ᠤᠳᠬ᠎ᠠ ᠤᠷᠠᠯᠢᠭ ᠤᠨ ᠰᠢᠬᠦᠮᠵᠢ ᠶᠢᠨ ᠰᠠᠶᠢᠨ ᠮᠠᠭᠤ᠂ ᠰᠠᠶᠢᠬᠠᠨ | ᠮᠠᠭᠤᠬᠠᠢ ᠳᠤ ᠬᠢᠨᠠᠯᠳᠠ ᠲᠠᠯᠪᠢᠬᠤ ᠡᠬᠦᠷᠭᠡ ᠴᠢᠳᠠᠮᠵᠢ ᠶᠢ ᠴᠢᠩᠭᠠᠳᠬᠠᠵᠦ᠂ ᠤᠳᠬ᠎ᠠ ᠤᠷᠠᠯᠢᠭ ᠤᠨ ᠬᠦᠭᠵᠢᠯᠳᠡ ᠶᠢ | ᠲᠦᠯᠬᠢᠨ ᠠᠬᠢᠭᠤᠯᠬᠤ ᠦᠢᠯᠡᠳᠦᠯ ᠢ ᠨᠢ ᠴᠢᠩᠭᠠᠳᠬᠠᠬᠤ ᠭᠡᠷᠡᠭᠳᠠᠢ ᠭᠡᠵᠦ ᠴᠢᠬᠤᠯᠠᠴᠢᠯᠠᠪᠠ᠃ | ᠶᠢᠰᠦ᠂ ︽ᠰᠠᠨᠠᠯ︾ ᠳᠤ ᠲᠤᠮᠳᠠᠳᠦ ᠶᠢᠨ ᠰᠢᠯᠢᠳᠡᠭ ᠤᠯᠠᠮᠵᠢᠯᠠᠯᠳᠦ ᠰᠤᠶᠤᠯ ᠢ ᠤᠯᠠᠮᠵᠢᠯᠠᠨ ᠪᠠᠳᠠᠷᠠᠭᠤᠯᠵᠦ᠂ | ᠲᠠᠭᠤᠤᠷᠢᠯᠢᠭ ᠢ ᠭᠤᠤᠯᠳᠠᠯᠭ᠎ᠠ ᠲᠠᠢ ᠲᠡᠮᠵᠢᠬᠦ ᠬᠦᠴᠦᠯᠡᠴᠡ ᠶᠢ ᠪᠠᠨ ᠴᠢᠩᠭᠠᠳᠬᠠᠬᠤ ᠭᠡᠷᠡᠭᠳᠠᠢ ᠭᠡᠵᠦ ᠲᠤᠳᠤᠷᠬᠠᠢ | ᠲᠤᠷᠠᠳᠪᠠ᠃ ᠨᠠᠮ ᠤᠨ ᠲᠦᠪ ᠬᠤᠷᠢᠶᠠᠨ ᠠᠴᠠ ᠪᠠᠭᠤᠯᠭᠠᠬᠰᠠᠨ ᠪᠢᠴᠢᠭ ᠮᠠᠲᠧᠷᠢᠶᠠᠯ ᠤᠨ ᠲᠤᠳᠤᠷ᠎ᠠ᠂ ᠲᠠᠭᠤᠤᠷᠢᠯᠢᠭ | ᠤᠷᠠᠯᠢᠭ ᠢ ᠭᠤᠤᠯᠳᠠᠯᠭ᠎ᠠ ᠲᠠᠢ ᠲᠡᠳᠬᠦᠬᠦ ᠤᠷᠠᠯᠢᠭ ᠤᠨ ᠲᠦᠷᠦᠯ ᠵᠦᠢᠯ ᠪᠤᠯᠭᠠᠬᠰᠠᠨ ᠤᠳᠠᠭ᠎ᠠ ᠮᠠᠰᠢ ᠴᠦᠭᠡᠨ᠃ ︽ | ᠰᠠᠨᠠᠯ︾ ᠳᠤ ᠲᠠᠭᠤᠤᠷᠢᠯᠢᠭ ᠤᠨ ᠤᠨᠤᠯ ᠰᠢᠬᠦᠮᠵᠢ ᠶᠢ ᠲᠡᠭᠡᠭᠰᠢᠯᠡᠬᠦᠯᠵᠦ᠂ ᠨᠡᠩ ᠲᠤᠪᠤᠶᠢᠮ᠎ᠠ ᠪᠠᠶᠢᠷᠢᠨ ᠳᠤ ᠲᠠᠯᠪᠢᠬᠤ | ᠭᠡᠷᠡᠭᠳᠠᠢ ᠭᠡᠵᠦ ᠴᠢᠬᠤᠯᠠᠴᠢᠯᠠᠪᠠ᠃ ᠮᠦᠨ ᠲᠠᠭᠤᠤᠷᠢᠯᠢᠭ ᠢ ᠭᠠᠳᠠᠬᠰᠢ ᠤᠬᠠᠭᠤᠯᠤᠨ ᠲᠡᠯᠭᠡᠷᠡᠬᠦᠯᠬᠦ ᠴᠢᠳᠠᠪᠤᠷᠢ ᠶᠢᠨ | ᠪᠦᠳᠦᠭᠡᠨ ᠪᠠᠶᠢᠭᠤᠯᠤᠯᠳᠠ ᠶᠢ ᠴᠢᠩᠭᠠᠳᠬᠠᠵᠦ᠂ ᠲᠠᠭᠤᠤᠷᠢᠯᠢᠭ ᠤᠨ ᠰᠤᠯᠢᠯᠴᠠᠭ᠎ᠠ᠂ ᠤᠯᠠᠮᠵᠢᠯᠠᠨ ᠲᠠᠷᠬᠠᠭᠠᠬᠤᠢ ᠶᠢᠨ | ᠠᠷᠭ᠎ᠠ ᠭᠡᠯᠪᠡᠷᠢ ᠶᠢ ᠪᠠᠶᠠᠯᠢᠬᠵᠢᠭᠤᠯᠵᠦ᠂ ᠲᠠᠭᠤᠤᠷᠢᠯᠢᠭ ᠤᠨ ᠭᠠᠳᠠᠬᠰᠢ ᠤᠬᠠᠭᠤᠯᠭ᠎ᠠ ᠶᠢᠨ ᠲᠤᠬᠳᠠᠯᠴᠠᠭ᠎ᠠ ᠶᠢ | ᠰᠢᠯᠢᠳᠡᠭᠵᠢᠬᠦᠯᠦᠨ᠂ ᠲᠠᠭᠤᠤᠷᠢᠯᠢᠭ ᠪᠤᠯᠤᠨ ᠬᠠᠷᠢ ᠤᠯᠤᠰ ᠤᠨ ᠲᠠᠭᠤᠤᠷᠢᠯᠢᠭ ᠤᠨ ᠬᠠᠷᠢᠴᠠᠭᠤᠯᠤᠬᠰᠠᠨ ᠰᠤᠳᠤᠯᠤᠯ ᠢ | ᠬᠦᠨᠵᠡᠭᠡᠶᠢᠷᠡᠬᠦᠯᠦᠨ᠂ ᠲᠤᠮᠳᠠᠳᠦ ᠶᠢᠨ ᠲᠠᠭᠤᠤᠷᠢᠯᠢᠭ ᠤᠨ ᠤᠯᠤᠰ ᠤᠨ ᠭᠠᠳᠠᠭᠠᠳᠦ ᠳᠠᠬᠢ ᠤᠬᠠᠭᠤᠯᠭ᠎ᠠ ᠶᠢᠨ | ᠢᠨᠵᠧᠨᠧᠷᠢᠩ ᠢ ᠦᠨᠡᠨᠬᠦ ᠭᠡᠷᠡᠭᠵᠢᠬᠦᠯᠵᠦ᠂ ᠤᠯᠠᠨ ᠤᠯᠤᠰ ᠤᠨ ᠲᠠᠭᠤᠤᠷᠢᠯᠢᠭ ᠤᠷᠠᠯᠢᠭ ᠤᠨ ᠬᠤᠯᠪᠤᠭ᠎ᠠ ᠶᠢ | ᠪᠠᠶᠢᠭᠤᠯᠬᠤ ᠶᠢ ᠠᠬᠢᠭᠤᠯᠵᠦ᠂ ᠲᠤᠮᠳᠠᠳᠦ ᠶᠢᠨ ᠲᠠᠭᠤᠤᠷᠢᠯᠢᠭ ᠤᠨ ᠲᠡᠯᠡᠭᠡᠢ ᠨᠡᠶᠢᠳᠡ ᠳᠠᠬᠢ ᠭᠡᠯᠡᠬᠦᠢ ᠶᠢᠨ ᠡᠷᠭᠡ | ᠪᠤᠯᠤᠨ ᠨᠦᠯᠦᠭᠡᠯᠡᠬᠦ ᠬᠦᠴᠦᠨ ᠢ ᠲᠡᠭᠡᠭᠰᠢᠯᠡᠬᠦᠯᠬᠦ ᠭᠡᠷᠡᠭᠳᠠᠢ ᠭᠡᠪᠡ᠃ | ᠠᠷᠪᠠ᠂ ︽ᠰᠠᠨᠠᠯ︾ ᠠᠩᠬ᠎ᠠ ᠤᠳᠠᠭ᠎ᠠ ᠤᠳᠬ᠎ᠠ ᠤᠷᠠᠯᠢᠭ ᠤᠨ ᠬᠢᠨ ᠤ ᠬᠤᠯᠪᠤᠭ᠎ᠠ᠂ ᠵᠤᠬᠢᠶᠠᠯᠴᠢᠳ ᠤᠨ | ᠡᠪᠯᠡᠯ ᠵᠡᠷᠭᠡ ᠠᠷᠠᠳ ᠤᠯᠠᠨ ᠤ ᠵᠤᠬᠢᠶᠠᠨ ᠪᠠᠶᠢᠭᠤᠯᠤᠯᠳᠠ ᠶᠢᠨ ᠡᠬᠦᠷᠭᠡ ᠴᠢᠳᠠᠮᠵᠢ ᠬᠢᠭᠡᠳ ᠦᠢᠯᠡᠳᠦᠯ ᠤᠨ ᠲᠤᠬᠠᠢ | ᠰᠢᠨ᠎ᠡ ᠪᠠᠶᠢᠷᠢ ᠲᠤᠬᠳᠠᠭᠠᠯᠳᠠ ᠰᠢᠨ᠎ᠡ ᠬᠤᠷᠢᠶᠠᠩᠭᠤᠶᠢᠯᠠᠯ ᠬᠢᠪᠡ᠃ ︽ᠰᠠᠨᠠᠯ︾ ᠳᠤ ᠡᠯ᠎ᠡ ᠱᠠᠳᠤᠨ ᠤ ᠨᠠᠮ ᠤᠨ | ᠬᠤᠷᠢᠶ᠎ᠠ ᠪᠤᠯᠤᠨ ᠵᠠᠰᠠᠭ ᠤᠨ ᠤᠷᠳᠤᠨ ᠤᠳᠬ᠎ᠠ ᠤᠷᠠᠯᠢᠭ ᠤᠨ ᠬᠢᠨ ᠤ ᠬᠤᠯᠪᠤᠭ᠎ᠠ ᠵᠢᠴᠢ ᠵᠤᠬᠢᠶᠠᠯᠴᠢᠳ ᠤᠨ | ᠡᠪᠯᠡᠯ ᠳᠠᠬᠢ ᠲᠡᠮᠵᠢᠯᠭᠡ ᠪᠤᠯᠤᠨ ᠪᠠᠳᠤᠯᠠᠭ᠎ᠠ ᠶᠢᠨ ᠬᠦᠴᠦᠯᠡᠴᠡ ᠪᠠᠨ ᠴᠢᠩᠭᠠᠳᠬᠠᠵᠦ᠂ ᠤᠳᠬ᠎ᠠ | ᠤᠷᠠᠯᠢᠭ ᠤᠨ ᠬᠢᠨ ᠤ ᠬᠤᠯᠪᠤᠭ᠎ᠠ᠂ ᠵᠤᠬᠢᠶᠠᠯᠴᠢᠳ ᠤᠨ ᠡᠪᠯᠡᠯ ᠤᠨ ᠡᠬᠦᠷᠭᠡ ᠴᠢᠳᠠᠮᠵᠢ ᠶᠢ ︽ᠬᠤᠯᠪᠤᠭ᠎ᠠ ᠪᠠᠷᠢᠬᠤ᠂ | ᠵᠤᠬᠢᠴᠠᠭᠤᠯᠬᠤ᠂ ᠦᠢᠯᠡᠴᠢᠯᠡᠬᠦ︾ ᠪᠠᠶᠢᠬᠰᠠᠨ ᠠᠴᠠ ᠨᠢ ︽ᠪᠦᠯᠬᠦᠮᠳᠡᠬᠦᠯᠵᠦ ᠬᠦᠳᠦᠯᠬᠦ᠂ ᠬᠤᠯᠪᠤᠭ᠎ᠠ ᠪᠠᠷᠢᠵᠦ | ᠵᠤᠬᠢᠴᠠᠭᠤᠯᠬᠤ᠂ ᠦᠢᠯᠡᠴᠢᠯᠡᠵᠦ ᠬᠠᠮᠢᠶᠠᠷᠬᠤ᠂ ᠪᠡᠶ᠎ᠡ ᠪᠠᠨ ᠴᠢᠩᠭ᠎ᠠ ᠱᠠᠭᠠᠷᠳᠠᠵᠦ ᠡᠷᠭᠡ ᠪᠠᠨ ᠬᠠᠮᠠᠭᠠᠯᠠᠬᠤ︾ | ᠪᠤᠯᠭᠠᠬᠰᠠᠨ ᠪᠦᠭᠡᠳ ᠠᠵᠢᠯ ᠲᠦᠷᠦᠯ ᠤᠨ ᠪᠦᠳᠦᠭᠡᠨ ᠪᠠᠶᠢᠭᠤᠯᠤᠯᠳᠠ ᠲᠤᠮᠳᠠ ᠭᠤᠤᠯᠯᠠᠬᠴᠢ ᠦᠢᠯᠡᠳᠦᠯ ᠦᠵᠡᠬᠦᠯᠬᠦ | ᠭᠡᠷᠡᠭᠳᠠᠢ ᠭᠡᠪᠡ᠃ ᠡᠨᠡ ᠨᠢ ᠰᠢᠨ᠎ᠡ ᠪᠠᠶᠢᠳᠠᠯ ᠬᠠᠨᠳᠤᠰᠢ ᠶᠢᠨ ᠲᠤᠤᠷᠠᠬᠢ ᠤᠳᠬ᠎ᠠ ᠤᠷᠠᠯᠢᠭ ᠤᠨ ᠬᠢᠨ ᠤ ᠬᠤᠯᠪᠤᠭ᠎ᠠ᠂ | ᠵᠤᠬᠢᠶᠠᠯᠴᠢᠳ ᠤᠨ ᠡᠪᠯᠡᠯ ᠤᠨ ᠡᠬᠦᠷᠭᠡ ᠴᠢᠳᠠᠮᠵᠢ ᠶᠢᠨ ᠰᠢᠨ᠎ᠡ ᠦᠷᠭᠡᠳᠭᠡᠯ᠂ ᠦᠢᠯᠡᠳᠦᠯ ᠤᠨ ᠰᠢᠨ᠎ᠡ | ᠲᠡᠭᠡᠭᠰᠢᠯᠡᠬᠦᠯᠦᠯ ᠮᠦᠨ᠂ ᠨᠢᠭᠡ ᠤᠳᠠᠭᠠᠨ ᠤ ᠲᠤᠮᠤ ᠶᠡᠭᠡ ᠤᠨᠤᠯ ᠤᠨ ᠰᠢᠨᠡᠳᠭᠡᠯ᠂ ᠦᠢᠯᠡᠳᠦᠯᠭᠡ ᠶᠢᠨ ᠰᠢᠨᠡᠳᠭᠡᠯ | ᠬᠢᠭᠡᠳ ᠲᠦᠷᠢᠮ ᠲᠤᠬᠳᠠᠭᠠᠯ ᠤᠨ ᠰᠢᠨᠡᠳᠭᠡᠯ ᠮᠦᠨ᠃ | ᠪᠠᠶᠢᠯᠳᠤᠬᠤ ᠪᠤᠳᠤᠯᠭ᠎ᠠ ᠶᠢᠨ ᠰᠢᠨᠵᠢᠳᠠᠢ ᠬᠠᠨᠳᠤᠯᠭᠠᠳᠦ ᠰᠢᠨᠵᠢᠳᠠᠢ ᠦᠢᠯᠡᠳᠦᠯᠭᠡᠴᠢ ᠰᠢᠨᠵᠢᠲᠠᠢ ᠪᠤᠳᠠᠳᠠᠢ | ᠪᠠᠶᠢᠷᠢᠰᠢᠭᠤᠯᠤᠯᠳᠠ ᠬᠢᠪᠡ | ᠲᠡᠭᠡᠷ᠎ᠠ ᠲᠤᠷᠠᠳᠤᠬᠰᠠᠨ ︽ᠰᠠᠨᠠᠯ︾ ᠤᠨ ᠠᠷᠪᠠᠨ ᠲᠤᠮᠤ ᠬᠢᠯᠠᠰ ᠴᠡᠭ ᠨᠢ ᠨᠠᠮ ᠪᠤᠯᠤᠨ ᠤᠯᠤᠰ ᠤᠷᠤᠨ ᠤ | ᠤᠳᠬ᠎ᠠ ᠤᠷᠠᠯᠢᠭ ᠲᠠᠬᠢ ᠰᠢᠨ᠎ᠡ ᠮᠠᠭᠠᠳᠯᠠᠯ ᠰᠢᠨ᠎ᠡ ᠦᠵᠡᠯ ᠰᠠᠨᠠᠭ᠎ᠠ ᠶᠢ ᠢᠯᠡᠷᠡᠬᠦᠯᠵᠦ᠂ ᠨᠡᠶᠢᠭᠡᠮ ᠤᠨ ᠡᠯ᠎ᠡ | ᠡᠳᠡᠭᠡᠳ ᠤᠨ ᠦᠷᠭᠡᠨ ᠤᠯᠠᠨ ᠤᠳᠬ᠎ᠠ ᠤᠷᠠᠯᠢᠭ ᠤᠨ ᠠᠵᠢᠯᠳᠠᠳ ᠲᠤ ᠲᠠᠯᠪᠢᠬᠰᠠᠨ ᠰᠢᠨ᠎ᠡ ᠡᠷᠡᠮᠡᠯᠵᠡᠯ᠂ ᠰᠢᠨ᠎ᠡ | ᠱᠠᠭᠠᠷᠳᠠᠯᠭ᠎ᠠ ᠶᠢ ᠬᠠᠷᠠᠭᠤᠯᠵᠦ᠂ ᠠᠷᠠᠳ ᠤᠯᠠᠨ ᠤ ᠤᠶᠤᠨ ᠰᠠᠨᠠᠭ᠎ᠠ ᠰᠤᠶᠤᠯ ᠤᠨ ᠠᠮᠢᠳᠤᠷᠠᠯ ᠳᠠᠬᠢ ᠰᠢᠨ᠎ᠡ | ᠱᠠᠭᠠᠷᠳᠠᠯᠭ᠎ᠠ ᠶᠢ ᠲᠦᠪᠯᠡᠷᠡᠬᠦᠯᠦᠨ ᠦᠵᠡᠬᠦᠯᠵᠠᠢ᠃ | ︽ᠰᠠᠨᠠᠯ︾ ᠪᠤᠯ ︽ᠶᠠᠷᠢᠶ᠎ᠠ︾ ᠶᠢᠨ ᠵᠤᠷᠢᠭ ᠰᠠᠨᠠᠭ᠎ᠠ ᠶᠢ ᠲᠤᠤᠱᠯᠠᠭᠤᠯᠤᠬᠰᠠᠨ ᠴᠢᠬᠤᠯᠠ ᠠᠷᠭ᠎ᠠ ᠪᠠᠷᠢᠯ ᠮᠦᠨ᠃ ︽ | ᠰᠠᠨᠠᠯ︾ ᠨᠢ ︽ᠶᠠᠷᠢᠶ᠎ᠠ︾ ᠶᠢᠨ ᠴᠢᠬᠤᠯᠠ ᠤᠳᠬ᠎ᠠ ᠠᠭᠤᠯᠭ᠎ᠠ᠂ ᠦᠨᠳᠦᠰᠦᠨ ᠠᠭᠤᠯᠭ᠎ᠠ᠂ ᠰᠢᠨᠵᠢᠯᠡᠬᠦ ᠤᠬᠠᠭᠠᠨᠴᠢ | ᠠᠭᠤᠯᠬᠤᠨ᠂ ᠤᠶᠤᠨ ᠰᠠᠨᠠᠭᠠᠨ ᠤ ᠮᠦᠨ ᠴᠢᠨᠠᠷ ᠬᠢᠭᠡᠳ ᠲᠤᠷᠠᠳᠤᠬᠰᠠᠨ ᠰᠢᠨ᠎ᠡ ᠦᠵᠡᠯ ᠰᠠᠨᠠᠭ᠎ᠠ᠂ ᠰᠢᠨ᠎ᠡ | ᠦᠵᠡᠯᠳᠡ᠂ ᠰᠢᠨ᠎ᠡ ᠱᠠᠭᠠᠷᠳᠠᠯᠭ᠎ᠠ ᠳᠤ ᠨᠠᠷᠢᠯᠢᠭ ᠪᠤᠳᠠᠳᠠᠢ ᠨᠠᠶᠢᠳᠠᠪᠤᠷᠢᠵᠢᠭᠤᠯᠤᠯᠳᠠ ᠬᠢᠪᠡ᠃ ︽ᠰᠠᠨᠠᠯ︾ ᠨᠢ | ᠮᠠᠨ ᠤ ᠤᠯᠤᠰ ᠤᠨ ᠤᠳᠬ᠎ᠠ ᠤᠷᠠᠯᠢᠭ ᠤᠨ ᠦᠢᠯᠡᠰ ᠤᠨ ᠬᠦᠭᠵᠢᠯ ᠴᠡᠴᠡᠭᠯᠡᠯ ᠳᠤ 6 ᠲᠠᠯ᠎ᠠ ᠪᠠᠷ 25 ᠵᠤᠷᠪᠤᠰ | ᠪᠠᠶᠢᠯᠳᠤᠬᠤ ᠪᠤᠳᠤᠯᠭ᠎ᠠ ᠶᠢᠨ ᠰᠢᠨᠵᠢᠳᠠᠢ᠂ ᠬᠠᠨᠳᠤᠯᠭᠠᠳᠦ ᠰᠢᠨᠵᠢᠳᠠᠢ᠂ ᠦᠢᠯᠡᠳᠦᠯᠭᠡᠴᠢ ᠰᠢᠨᠵᠢᠳᠠᠢ ᠪᠤᠳᠠᠳᠠᠢ | ᠪᠠᠶᠢᠷᠢᠰᠢᠭᠤᠯᠤᠯᠳᠠ ᠬᠢᠭᠰᠡᠨ ᠪᠠᠶᠢᠨ᠎ᠠ᠃ ᠠᠩᠬ᠎ᠠ ᠠᠯᠬᠤᠮ ᠤᠨ ᠪᠦᠷᠢᠳᠭᠡᠭᠰᠡᠨ ᠢᠶᠠᠷ᠂ ︽ᠰᠠᠨᠠᠯ︾ ᠳᠤ ︽ | ᠲᠤᠮᠳᠠᠳᠦ ᠶᠢᠨ ᠰᠤᠶᠤᠯ ᠢ ᠤᠯᠠᠮᠵᠢᠯᠠᠬᠤᠢ ᠶᠢᠨ ᠢᠨᠵᠧᠨᠧᠷᠢᠩ︾᠂ ︽ᠦᠨᠳᠦᠰᠦᠨ ᠱᠠᠳᠤᠨ ᠤ ᠤᠯᠠᠨ ᠲᠦᠮᠡᠨ ᠤ | ᠰᠤᠶᠤᠯ ᠤᠨ ᠪᠦᠳᠦᠭᠡᠨ ᠪᠠᠶᠢᠭᠤᠯᠤᠯᠳᠠ ᠶᠢᠨ ᠢᠨᠵᠧᠨᠧᠷᠢᠩ︾᠂ ︽ᠲᠤᠮᠳᠠᠳᠦ ᠤᠯᠤᠰ ᠤᠨ ᠤᠳᠤ ᠦᠶ᠎ᠡ ᠶᠢᠨ | ᠤᠳᠬ᠎ᠠ ᠵᠤᠬᠢᠶᠠᠯ ᠤᠷᠠᠯᠢᠭ ᠤᠨ ᠵᠤᠬᠢᠶᠠᠨ ᠪᠦᠳᠦᠭᠡᠯᠭᠡ ᠶᠢᠨ ᠢᠨᠵᠧᠨᠧᠷᠢᠩ︾᠂ ︽ᠤᠳᠬ᠎ᠠ ᠤᠷᠠᠯᠢᠭ ᠤᠨ ᠤᠨᠤᠯ | ᠪᠤᠯᠤᠨ ᠰᠢᠬᠦᠮᠵᠢ ᠶᠢᠨ ᠪᠦᠳᠦᠭᠡᠨ ᠪᠠᠶᠢᠭᠤᠯᠤᠯᠳᠠ ᠶᠢᠨ ᠢᠨᠵᠧᠨᠧᠷᠢᠩ︾᠂ ︽ᠲᠤᠮᠳᠠᠳᠦ ᠤᠯᠤᠰ ᠤᠨ ᠤᠳᠤ | ᠦᠶ᠎ᠡ ᠶᠢᠨ ᠵᠤᠬᠢᠶᠠᠯ ᠪᠦᠳᠦᠭᠡᠯ ᠤᠨ ᠤᠷᠴᠢᠭᠤᠯᠭ᠎ᠠ ᠶᠢᠨ ᠢᠨᠵᠧᠨᠧᠷᠢᠩ︾᠂ ︽ᠤᠳᠬ᠎ᠠ ᠤᠷᠠᠯᠢᠭ ᠤᠨ ᠨᠡᠷᠡᠳᠦ | ᠬᠦᠮᠦᠰ ᠵᠢᠴᠢ ︿ᠲᠦᠷᠪᠡᠨ ᠨᠢᠭᠡ ᠪᠦᠯᠦᠭ﹀ ᠴᠢᠳᠠᠪᠤᠷᠢᠳᠠᠨ ᠤ ᠢᠨᠵᠧᠨᠧᠷᠢᠩ︾ ᠵᠡᠷᠭᠡ 6 ᠲᠤᠮᠤ ᠢᠨᠵᠧᠨᠧᠷᠢᠩ ᠢ | ᠲᠤᠷᠠᠳᠤᠬᠰᠠᠨ ᠪᠠᠶᠢᠨ᠎ᠠ︔ ︽ᠤᠯᠠᠨ ᠲᠦᠮᠡᠨ ᠤ ᠤᠳᠬ᠎ᠠ ᠤᠷᠠᠯᠢᠭ ᠢ ᠴᠡᠴᠡᠭᠯᠡᠬᠦᠯᠦᠨ ᠬᠦᠭᠵᠢᠬᠦᠯᠬᠦ | ᠬᠦᠭᠵᠢᠯᠳᠡ ᠶᠢᠨ ᠲᠦᠯᠦᠪᠵᠢᠬᠦᠯᠭᠡ︾᠂ ︽ᠰᠦᠯᠵᠢᠶᠡᠨ ᠤ ᠤᠳᠬ᠎ᠠ ᠤᠷᠠᠯᠢᠭ ᠤᠨ ᠰᠢᠯᠢᠳᠡᠭ ᠪᠦᠳᠦᠭᠡᠯ ᠤᠨ | ᠵᠤᠬᠢᠶᠠᠨ ᠪᠦᠳᠦᠭᠡᠯᠭᠡ ᠪᠤᠯᠤᠨ ᠤᠯᠠᠮᠵᠢᠯᠠᠨ ᠲᠠᠷᠬᠠᠭᠠᠬᠤᠢ ᠶᠢᠨ ᠲᠦᠯᠦᠪᠯᠡᠭᠡ︾᠂ ︽ᠬᠦᠳᠡᠭᠡ ᠲᠤᠰᠬᠤᠨ ᠤ | ᠲᠤᠮᠳᠠ ᠪᠠᠭ᠎ᠠ ᠰᠤᠷᠭᠠᠭᠤᠯᠢ ᠶᠢᠨ ᠤᠷᠠᠯᠢᠭ ᠤᠨ ᠰᠤᠷᠭᠠᠨ ᠬᠦᠮᠦᠵᠢᠯ ᠤᠨ ᠲᠦᠯᠦᠪᠯᠡᠭᠡ︾᠂ ︽ᠰᠤᠶᠤᠯ ᠤᠨ | ᠰᠤᠯᠢᠯᠴᠠᠭ᠎ᠠ ᠬᠠᠮᠳᠤᠷᠠᠯᠴᠠᠭ᠎ᠠ ᠶᠢᠨ ᠲᠤᠰᠬᠠᠢ ᠲᠦᠷᠦᠯ ᠤᠨ ᠲᠦᠯᠦᠪᠯᠡᠭᠡ︾᠂ ︽ᠤᠳᠬ᠎ᠠ ᠤᠷᠠᠯᠢᠭ ᠤᠨ ᠤᠨᠤᠯ | ᠰᠢᠬᠦᠮᠵᠢ ᠶᠢᠨ ᠡᠩᠨᠡᠭᠡ ᠶᠢ ᠬᠦᠮᠦᠵᠢᠬᠦᠯᠬᠦ ᠲᠦᠯᠦᠪᠯᠡᠭᠡ︾᠂ ︽ᠦᠨᠳᠦᠰᠦᠳᠡᠨ ᠤ ᠤᠷᠤᠨ ᠤ ᠤᠳᠬ᠎ᠠ | ᠤᠷᠠᠯᠢᠭ ᠤᠨ ᠴᠢᠳᠠᠪᠤᠷᠢᠳᠠᠨ ᠢ ᠬᠦᠮᠦᠵᠢᠬᠦᠯᠬᠦ ᠲᠦᠯᠦᠪᠯᠡᠭᠡ︾᠂ ︽ᠤᠷᠤᠨ ᠨᠤᠳᠤᠭ ᠤᠨ ᠰᠢ ᠵᠦᠴᠦᠭᠡ ᠶᠢ | ᠴᠡᠴᠡᠭᠯᠡᠬᠦᠯᠬᠦ ᠲᠦᠯᠦᠪᠯᠡᠭᠡ︾ ᠵᠡᠷᠭᠡ 7 ᠲᠤᠮᠤ ᠲᠦᠯᠦᠪᠯᠡᠭᠡ ᠪᠤᠯᠤᠨ ︽ᠲᠦᠪ ᠪᠤᠯᠤᠨ ᠤᠷᠤᠨ ᠨᠤᠳᠤᠭ ᠤᠨ | ᠤᠳᠬ᠎ᠠ ᠤᠷᠠᠯᠢᠭ ᠤᠨ ᠵᠤᠬᠢᠶᠠᠨ ᠪᠦᠳᠦᠭᠡᠯᠭᠡ ᠶᠢᠨ ᠱᠠᠩᠨᠠᠯ ᠤᠨ ᠮᠦᠩᠬᠦ ᠪᠤᠶᠤ ᠰᠠᠭᠤᠷᠢ ᠮᠦᠩᠬᠦ︾᠂ ︽︿ | ᠮᠢᠩᠭᠠᠨ ᠬᠦᠮᠦᠨ ᠤ ᠲᠦᠯᠦᠪᠯᠡᠭᠡ﹀᠂ ︿ᠲᠦᠮᠡᠨ ᠬᠦᠮᠦᠨ ᠤ ᠲᠦᠯᠦᠪᠯᠡᠭᠡ﹀ ᠰᠤᠶᠤᠯ ᠤᠷᠠᠯᠢᠭ ᠤᠨ | ᠴᠢᠳᠠᠪᠤᠷᠢᠳᠠᠨ ᠤ ᠲᠦᠷᠦᠯ ᠵᠦᠢᠯ︾᠂ ︽ᠲᠤᠮᠳᠠᠳᠦ ᠤᠯᠤᠰ ᠤᠨ ᠤᠳᠬ᠎ᠠ ᠤᠷᠠᠯᠢᠭ ᠤᠨ ᠰᠢᠨ᠎ᠡ ᠰᠢᠯᠢᠳᠡᠭ | ᠪᠦᠳᠦᠭᠡᠯ ᠢ ᠭᠡᠪᠯᠡᠬᠦᠯᠬᠦ ᠲᠦᠷᠦᠯ ᠵᠦᠢᠯ︾ ᠵᠢᠴᠢ ︽ᠤᠳᠬ᠎ᠠ ᠤᠷᠠᠯᠢᠭ ᠤᠨ ᠠᠵᠢᠯᠳᠠᠳ ᠤᠷᠳᠤ ᠬᠤᠭᠤᠴᠠᠭ᠎ᠠ ᠪᠠᠷ | ᠠᠮᠢᠳᠤᠷᠠᠯ ᠳᠤ ᠬᠦᠨᠵᠡᠭᠡᠶᠢᠷᠡᠬᠦ ᠵᠠᠷᠤᠳᠠᠯ ᠮᠦᠩᠬᠦ ᠶᠢᠨ ᠲᠦᠷᠦ ᠶᠢᠨ ᠪᠤᠳᠤᠯᠭ᠎ᠠ︾᠂ ︽ᠡᠯ᠎ᠡ ᠲᠦᠷᠦᠯ ᠤᠨ ᠤᠳᠬ᠎ᠠ | ᠤᠷᠠᠯᠢᠭ ᠢ ᠲᠡᠳᠬᠦᠬᠦ ᠲᠦᠷᠦ ᠶᠢᠨ ᠪᠤᠳᠤᠯᠭ᠎ᠠ︾᠂ ︽ᠤᠳᠬ᠎ᠠ ᠤᠷᠠᠯᠢᠭ ᠢ ᠴᠡᠴᠡᠭᠯᠡᠬᠦᠯᠦᠨ ᠬᠦᠭᠵᠢᠬᠦᠯᠬᠦ ᠬᠦᠯᠦᠰᠦ | ᠤᠯᠭᠤᠮᠵᠢ ᠬᠢᠭᠡᠳ ᠱᠠᠩᠨᠠᠯ ᠤᠨ ᠲᠦᠷᠢᠮ︾᠂ ︽ᠲᠤᠮᠤ ᠶᠡᠭᠡ ᠰᠤᠶᠤᠯ ᠤᠨ ᠲᠦᠷᠦᠯ ᠵᠦᠢᠯ ᠤᠨ ᠲᠡᠷᠢᠬᠦᠨ | ᠲᠡᠰ ᠤᠨ ᠲᠤᠰᠬᠠᠢ ᠮᠡᠷᠭᠡᠵᠢᠯᠳᠡᠨ ᠤ ᠲᠦᠷᠢᠮ︾ ᠵᠡᠷᠭᠡ ᠤᠯᠠᠨ ᠲᠦᠷᠦᠯ ᠤᠨ ᠲᠦᠷᠦ ᠶᠢᠨ ᠪᠤᠳᠤᠯᠭ᠎ᠠ᠂ ᠲᠦᠷᠢᠮ | ᠲᠤᠬᠳᠠᠭᠠᠯ ᠢ ᠲᠤᠬᠳᠠᠭᠠᠪᠠ᠃ | ︽ᠰᠠᠨᠠᠯ︾ ᠳᠤ ᠪᠠᠰᠠ ᠤᠷᠮᠠᠰᠢᠭᠤᠯᠬᠤ ᠲᠤᠬᠳᠠᠯᠴᠠᠭ᠎ᠠ ᠶᠢ ᠲᠡᠬᠦᠯᠳᠡᠷᠵᠢᠬᠦᠯᠵᠦ᠂ ᠤᠳᠬ᠎ᠠ ᠤᠷᠠᠯᠢᠭ ᠤᠨ | ᠪᠦᠳᠦᠭᠡᠯ ᠤᠨ ᠴᠢᠨᠠᠷ ᠴᠢᠨᠰᠠᠭ᠎ᠠ ᠶᠢ ᠲᠤᠰᠬᠠᠬᠤ ᠶᠡᠷᠦᠩᠭᠡᠶᠢᠯᠡᠭᠰᠡᠨ ᠴᠢᠨᠠᠷᠳᠠᠢ ᠦᠨᠡᠯᠡᠯᠳᠡ ᠶᠢᠨ ᠰᠢᠰᠲᠧᠮ ᠢ | ᠪᠠᠶᠢᠭᠤᠯᠵᠦ ᠲᠡᠬᠦᠯᠳᠡᠷᠵᠢᠬᠦᠯᠦᠨ᠂ ᠲᠧᠯᠸᠢᠰ ᠵᠦᠴᠦᠭᠡ ᠵᠡᠷᠭᠡ ᠶᠢᠨ ᠵᠤᠬᠢᠶᠠᠨ ᠪᠦᠳᠦᠭᠡᠭᠳᠡᠵᠦ ᠭᠡᠪᠯᠡᠭᠳᠡᠨ | ᠨᠡᠶᠢᠳᠡᠯᠡᠭᠳᠡᠬᠦ ᠲᠦᠷᠦᠯ ᠵᠦᠢᠯ ᠢ ᠪᠤᠢ ᠪᠤᠯᠭᠠᠬᠤ᠂ ᠬᠢᠨᠠᠨ ᠰᠢᠯᠭᠠᠬᠤ ᠪᠠᠷᠢᠮᠵᠢᠶ᠎ᠠ᠂ ᠤᠳᠬ᠎ᠠ ᠤᠷᠠᠯᠢᠭ ᠤᠨ | ᠪᠦᠳᠦᠭᠡᠯ ᠢ ᠤᠬᠠᠭᠤᠯᠤᠨ ᠲᠡᠯᠭᠡᠷᠡᠬᠦᠯᠬᠦ ᠵᠡᠷᠭᠡ ᠭᠤᠬᠴᠤᠭ᠎ᠠ ᠨᠤᠭᠤᠳ ᠤᠨ ᠬᠢᠨᠠᠨ ᠰᠢᠯᠭᠠᠬᠤ ᠪᠠᠷᠢᠮᠵᠢᠶ᠎ᠠ ᠶᠢ | ᠲᠡᠬᠦᠯᠳᠡᠷᠵᠢᠬᠦᠯᠬᠦ ᠵᠡᠷᠭᠡ ᠮᠠᠰᠢ ᠤᠯᠠᠨ ᠪᠤᠳᠠᠳᠠᠢ ᠠᠷᠭ᠎ᠠ ᠪᠠᠷᠢᠯ᠂ ᠠᠷᠭ᠎ᠠ ᠠᠪᠴᠠᠯ ᠨᠤᠭᠤᠳ ᠢ ᠲᠤᠷᠠᠳᠪᠠ᠃ | ︽ᠶᠠᠷᠢᠶ᠎ᠠ︾ ᠨᠢ ᠰᠢᠨ᠎ᠡ ᠴᠠᠭ ᠦᠶ᠎ᠡ ᠶᠢᠨ ᠨᠦᠬᠦᠴᠡᠯ ᠲᠤᠤᠷ᠎ᠠ᠂ ᠤᠳᠬ᠎ᠠ ᠤᠷᠠᠯᠢᠭ ᠤᠨ ᠠᠵᠢᠯ ᠢ ᠰᠠᠶᠢᠳᠤᠷ | ᠬᠢᠬᠦ ᠳᠤ ᠦᠨᠳᠦᠰᠦᠨ ᠵᠢᠷᠤᠮᠯᠠᠯ ᠢ ᠲᠤᠬᠳᠠᠭᠠᠨ ᠦᠭᠴᠦ᠂ ᠦᠷᠳᠡᠭ ᠤᠨ ᠴᠢᠭᠯᠡᠯ ᠬᠠᠨᠳᠤᠯᠭ᠎ᠠ ᠶᠢ ᠨᠢ | ᠲᠤᠳᠤᠷᠬᠠᠶᠢᠯᠠᠵᠦ ᠦᠭᠴᠠᠢ᠃ ︽ᠰᠠᠨᠠᠯ︾ ᠳᠤ ︽ᠶᠠᠷᠢᠶ᠎ᠠ︾ ᠶᠢᠨ ᠦᠨᠳᠦᠰᠦᠨ ᠵᠤᠷᠢᠭ ᠰᠠᠨᠠᠭ᠎ᠠ ᠶᠢ ᠵᠢᠷᠤᠮᠯᠠᠵᠦ᠂ | ᠠᠵᠢᠯ ᠤᠨ ᠰᠡᠳᠬᠢᠮᠵᠢ ᠬᠢᠭᠡᠳ ᠪᠤᠳᠠᠳᠠᠢ ᠠᠷᠭ᠎ᠠ ᠪᠠᠷᠢᠯ ᠳᠤ ᠤᠯᠠᠮ ᠨᠢᠭᠡ ᠠᠯᠬᠤᠮ ᠤᠨ ᠲᠤᠩᠭᠠᠭᠠᠯᠳᠠ ᠬᠢᠵᠦ᠂ | ᠪᠠᠶᠢᠯᠳᠤᠬᠤ ᠪᠤᠳᠤᠯᠭ᠎ᠠ ᠶᠢᠨ ᠰᠢᠨᠵᠢᠳᠠᠢ᠂ ᠬᠠᠨᠳᠤᠯᠭᠠᠳᠦ ᠰᠢᠨᠵᠢᠳᠠᠢ᠂ ᠦᠢᠯᠡᠳᠦᠯᠭᠡᠴᠢ ᠰᠢᠨᠵᠢᠳᠠᠢ ᠲᠡᠭᠡᠳᠦ | ᠲᠡᠰ ᠤᠨ ᠲᠦᠯᠦᠪᠯᠡᠭᠡ ᠶᠢ ᠲᠤᠬᠳᠠᠭᠠᠨ᠂ ᠨᠡᠶᠢᠭᠡᠮ ᠵᠢᠷᠤᠮ ᠤᠨ ᠤᠳᠬ᠎ᠠ ᠤᠷᠠᠯᠢᠭ ᠢ ᠴᠡᠴᠡᠭᠯᠡᠬᠦᠯᠦᠨ | ᠬᠦᠭᠵᠢᠬᠦᠯᠬᠦ ᠳᠤ ᠴᠢᠬᠤᠯᠠ ᠶᠡᠭᠡ ᠪᠠᠶᠢᠯᠳᠤᠬᠤ ᠪᠤᠳᠤᠯᠭ᠎ᠠ ᠶᠢᠨ ᠪᠠᠶᠢᠷᠢᠰᠢᠭᠤᠯᠤᠯᠳᠠ ᠬᠢᠭᠰᠡᠨ ᠨᠢ ᠮᠠᠨ ᠤ ᠤᠯᠤᠰ ᠤᠨ | ᠨᠡᠶᠢᠭᠡᠮ ᠵᠢᠷᠤᠮ ᠤᠨ ᠤᠳᠬ᠎ᠠ ᠤᠷᠠᠯᠢᠭ ᠤᠨ ᠦᠢᠯᠡᠰ ᠤᠨ ᠰᠢᠨ᠎ᠡ ᠡᠬᠢᠯᠡᠯᠳᠡ ᠶᠢᠨ ᠴᠡᠭ ᠲᠡᠭᠡᠷ᠎ᠡ ᠰᠢᠨ᠎ᠡ | ᠲᠠᠪᠠᠯᠳᠠ ᠶᠢ ᠪᠠᠶᠠᠯᠡᠬᠦᠯᠬᠦ ᠶᠢ ᠵᠠᠶᠢᠯᠠᠰᠢ ᠦᠭᠡᠢ ᠠᠬᠢᠭᠤᠯᠬᠤ ᠪᠤᠯᠤᠨ᠎ᠠ᠃ | ᠨᠠᠮ ᠤᠨ ᠲᠦᠪ ᠬᠤᠷᠢᠶᠠᠨ ᠠᠴᠠ ︽ᠨᠡᠶᠢᠭᠡᠮ ᠵᠢᠷᠤᠮ ᠤᠨ ᠤᠳᠬ᠎ᠠ ᠤᠷᠠᠯᠢᠭ ᠢ ᠴᠡᠴᠡᠭᠯᠡᠬᠦᠯᠦᠨ ᠬᠦᠭᠵᠢᠬᠦᠯᠬᠦ | ᠲᠤᠬᠠᠢ ᠰᠠᠨᠠᠯ︾ ᠢ ᠲᠤᠬᠳᠠᠭᠠᠨ ᠨᠡᠶᠢᠳᠡᠯᠡᠭᠰᠡᠨ ᠨᠢ᠂ ᠨᠠᠮ ᠪᠤᠯᠤᠨ ᠤᠯᠤᠰ ᠤᠷᠤᠨ ᠤ ᠤᠳᠬ᠎ᠠ ᠤᠷᠠᠯᠢᠭ ᠤᠨ | ᠲᠤᠬᠠᠢ ᠰᠢᠨ᠎ᠡ ᠮᠠᠭᠠᠳᠯᠠᠯ ᠰᠢᠨ᠎ᠡ ᠦᠵᠡᠯ ᠰᠠᠨᠠᠭ᠎ᠠ ᠶᠢ ᠬᠦᠢᠴᠡᠳ ᠬᠠᠷᠠᠭᠤᠯᠵᠦ᠂ ᠰᠢ ᠶᠢᠨ ᠫᠢᠩ ᠨᠦᠬᠦᠷ ᠢᠶᠠᠷ | ᠶᠡᠷᠦᠩᠭᠡᠢ ᠱᠦᠵᠢ ᠪᠤᠯᠭᠠᠬᠰᠠᠨ ᠨᠠᠮ ᠤᠨ ᠲᠦᠪ ᠬᠤᠷᠢᠶ᠎ᠠ ᠶᠢᠨ ᠰᠢᠨ᠎ᠡ ᠲᠡᠤᠭᠡᠨ ᠴᠠᠭ ᠬᠤᠭᠤᠴᠠᠭᠠᠨ ᠳᠠᠬᠢ ᠨᠡᠶᠢᠭᠡᠮ | ᠵᠢᠷᠤᠮ ᠤᠨ ᠤᠳᠬ᠎ᠠ ᠤᠷᠠᠯᠢᠭ ᠤᠨ ᠦᠭᠡᠷᠡᠴᠢᠯᠡᠯᠳᠡ ᠬᠦᠭᠵᠢᠬᠦᠯᠦᠯᠳᠡ ᠶᠢᠨ ᠴᠢᠬᠤᠯᠠ ᠠᠰᠠᠭᠤᠳᠠᠯ ᠤᠨ ᠲᠠᠯ᠎ᠠ ᠳᠠᠬᠢ | ᠲᠠᠨᠢᠯᠳᠠ ᠰᠢᠨ᠎ᠡ ᠦᠨᠳᠦᠷᠴᠡ ᠳᠤ ᠬᠦᠷᠦᠭᠰᠡᠨ ᠢ ᠬᠠᠷᠠᠭᠤᠯᠵᠦ ᠪᠤᠢ᠃ | ︽ᠰᠠᠨᠠᠯ︾ ᠤᠨ ᠤᠳᠬ᠎ᠠ ᠤᠷᠠᠯᠢᠭ ᠤᠨ ᠠᠰᠠᠭᠤᠳᠠᠯ ᠤᠨ ᠲᠤᠬᠠᠢ ᠲᠠᠨᠢᠯᠳᠠ ᠬᠢᠭᠡᠳ ᠡᠵᠡᠮᠳᠡᠯ᠂ ᠤᠳᠬ᠎ᠠ | ᠤᠷᠠᠯᠢᠭ ᠤᠨ ᠠᠵᠢᠯ ᠤᠨ ᠲᠤᠬᠢᠷᠠᠭᠤᠯᠤᠯᠳᠠ ᠪᠠᠶᠢᠷᠢᠰᠢᠭᠤᠯᠤᠯᠳᠠ ᠨᠢ ᠬᠦᠨ ᠬᠦᠨᠵᠡᠭᠡᠢ ᠤᠨᠤᠯ ᠤᠨ ᠰᠢᠨᠵᠢᠳᠠᠢ᠂ | ᠨᠠᠷᠢᠨ ᠨᠢᠬᠳᠠ ᠦᠵᠡᠯ ᠰᠠᠨᠠᠭᠠᠴᠢ ᠰᠢᠨᠵᠢᠳᠠᠢ ᠮᠦᠷᠳᠡᠭᠡᠨ ᠦᠢᠯᠡᠳᠦᠯᠭᠡᠴᠢ ᠰᠢᠨᠵᠢ᠂ ᠠᠵᠢᠯᠯᠠᠭᠠᠨ ᠤ ᠰᠢᠨᠵᠢᠳᠠᠢ | ᠪᠠᠶᠢᠵᠦ᠂ ᠨᠠᠮ ᠤᠨ ᠰᠢᠨ᠎ᠡ ᠴᠠᠭ ᠡᠷᠡᠨ ᠭᠡᠬᠦ ᠡᠨᠡᠬᠦ ᠰᠢᠨ᠎ᠡ ᠲᠡᠤᠭᠡᠨ ᠱᠠᠳᠤ ᠦᠶ᠎ᠡ ᠳᠤ ᠤᠳᠬ᠎ᠠ ᠤᠷᠠᠯᠢᠭ ᠤᠨ | ᠦᠢᠯᠡᠰ ᠢ ᠵᠢᠯᠤᠭᠤᠳᠬᠤ ᠠᠵᠢᠯ ᠤᠨ ᠬᠦᠳᠦᠯᠪᠤᠷᠢ ᠬᠢᠭᠡᠳ ᠠᠵᠢᠯᠯᠠᠭᠠᠨ ᠤ ᠵᠦᠭᠯᠡᠬᠦᠷ ᠭᠡᠵᠦ ᠦᠵᠡᠵᠦ ᠪᠤᠯᠤᠨ᠎ᠠ᠃ | ᠪᠢ ︽ᠰᠠᠨᠠᠯ︾ ᠤᠨ ᠰᠤᠷᠤᠯᠴᠠᠯᠭ᠎ᠠ ᠤᠬᠠᠭᠤᠯᠭ᠎ᠠ᠂ ᠲᠤᠤᠱᠯᠠᠭᠤᠯᠤᠯᠳᠠ ᠭᠡᠷᠡᠭᠵᠢᠬᠦᠯᠦᠯᠳᠡ ᠨᠢ ᠵᠠᠶᠢᠯᠠᠰᠢ ᠦᠭᠡᠢ | ᠰᠢ ᠶᠢᠨ ᠫᠢᠩ ᠶᠡᠷᠦᠩᠭᠡᠢ ᠱᠦᠵᠢ ᠶᠢᠨ ︽ᠶᠠᠷᠢᠶ᠎ᠠ︾ ᠶᠢᠨ ᠵᠤᠷᠢᠭ ᠰᠠᠨᠠᠭ᠎ᠠ ᠶᠢ ᠲᠡᠯᠭᠡᠷᠡᠬᠦᠯᠵᠦ ᠨᠠᠶᠢᠳᠠᠪᠤᠷᠢᠵᠢᠭᠤᠯᠬᠤ | ᠪᠦᠭᠡᠳ ᠡᠬᠦᠨ ᠤ ᠤᠯᠠᠮ ᠠᠴᠠ ᠵᠦᠪ ᠤᠨᠤᠪᠴᠢᠳᠠᠢ ᠤᠳᠤᠷᠢᠳᠤᠯᠭ᠎ᠠ᠂ ᠴᠢᠩᠭ᠎ᠠ ᠬᠦᠴᠦᠳᠠᠢ ᠵᠤᠷᠢᠭ ᠰᠠᠨᠠᠭᠠᠨ ᠤ | ᠲᠦᠯᠬᠢᠴᠡ᠂ ᠤᠯᠠᠨ ᠶᠠᠩᠵᠦ ᠶᠢᠨ ᠦᠭᠡᠷᠡᠴᠢᠯᠡᠯᠳᠡ ᠶᠢᠨ ᠤᠳᠤᠷᠢᠳᠤᠮᠵᠢ᠂ ᠰᠢᠰᠲᠧᠮ ᠲᠠᠢ ᠲᠦᠷᠢᠮ | ᠲᠤᠬᠳᠠᠭᠠᠯ ᠤᠨ ᠪᠠᠳᠤᠯᠠᠭ᠎ᠠ ᠪᠠᠷ ᠢᠶᠠᠨ ᠲᠤᠮᠳᠠᠳᠦ ᠤᠯᠤᠰ ᠤᠨ ᠤᠳᠬ᠎ᠠ ᠤᠷᠠᠯᠢᠭ ᠤᠨ ᠰᠢᠨ᠎ᠡ ᠵᠠᠭᠤᠨ ᠳᠠᠬᠢ | ᠦᠪᠡᠷᠮᠢᠴᠡ ᠠᠮᠵᠢᠯᠳᠠ ᠶᠢ ᠡᠬᠦᠳᠴᠦ᠂ ᠲᠤᠮᠳᠠᠳᠦ ᠤᠯᠤᠰ ᠤᠨ ᠨᠡᠶᠢᠭᠡᠮ ᠵᠢᠷᠤᠮ ᠤᠨ ᠤᠳᠬ᠎ᠠ ᠤᠷᠠᠯᠢᠭ ᠤᠨ | ᠦᠩᠭᠡ ᠭᠡᠷᠡᠯᠳᠦ ᠰᠢᠨ᠎ᠡ ᠬᠠᠭᠤᠳᠠᠰᠤ ᠶᠢ ᠪᠢᠴᠢᠭᠯᠡᠬᠦ ᠶᠢ ᠶᠡᠭᠡ ᠬᠦᠴᠦᠨ ᠢᠶᠠᠷ ᠦᠷᠬᠦᠯᠵᠢᠯᠡᠨ ᠲᠦᠯᠬᠢᠨ ᠠᠬᠢᠭᠤᠯᠬᠤ | ᠪᠤᠯᠤᠨ᠎ᠠ ᠭᠡᠳᠡᠭ ᠲᠤ ᠢᠳᠡᠭᠡᠵᠦ ᠪᠠᠶᠢᠨ᠎ᠠ᠃ | ᠢᠷᠡᠯᠳᠠ᠄ ᠲᠤᠮᠳᠠᠳᠦ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ | ᠲᠡᠪᠰᠢᠭᠦᠯᠦᠭᠰᠡᠨ ᠨᠢ᠄ ᠤᠶᠠᠬᠠᠨ | |