ᠲᠦᠷᠪᠡᠳ ᠬᠤᠰᠢᠭᠤᠨ ᠤ ᠶᠤᠰᠤ ᠰᠤᠷᠳᠠᠬᠤᠨ ᠤ ᠪᠠᠶᠢᠭᠤᠯᠤᠯᠳᠠ ᠶᠢᠨ ᠠᠵᠢᠯ ᠲᠤᠪᠤᠶᠢᠮ᠎ᠠ ᠠᠮᠵᠢᠯᠳᠠ ᠤᠯᠵᠤ ᠪᠠᠶᠢᠨ᠎ᠠ
ᠨᠡᠶᠢᠲᠡᠯᠡᠭᠰᠡᠨ ᠴᠠᠭ᠄
2020/12/2
    ᠤᠢᠢᠷ᠎ᠠ ᠶᠢᠨ ᠵᠢᠯ ᠠᠴᠠ ᠨᠠᠰᠢ᠂ ᠲᠦᠷᠪᠡᠳ ᠬᠤᠰᠢᠭᠤ ᠨᠠᠶᠢᠭᠡᠮ ᠵᠢᠷᠤᠮ ᠤᠨ ᠭᠤᠤᠯᠯᠬᠠᠴᠢ ᠦᠷᠳᠡᠭ ᠤᠨ ᠦᠵᠡᠯᠳᠡ ᠶᠢ ᠪᠦᠬᠦ ᠬᠦᠴᠦ ᠪᠠᠷ ᠬᠦᠭᠵᠢᠭᠦᠯᠦᠨ ᠮᠠᠨᠳᠤᠭᠤᠯᠵᠤ᠂ ᠶᠤᠰᠤ ᠰᠤᠷᠳᠠᠬᠤᠨ ᠤ ᠪᠠᠶᠢᠭᠤᠯᠤᠯᠳᠠ ᠶᠢᠨ ᠰᠠᠭᠤᠷᠢ ᠶᠢ ᠪᠠᠬᠢᠵᠢᠭᠦᠯᠬᠦ ᠶᠢᠨ ᠲᠦᠯᠦᠭᠡ᠂ ᠶᠤᠰᠤ ᠰᠤᠷᠳᠠᠬᠤᠨ ᠤ ᠬᠢᠴᠢᠶᠠᠯ ᠲᠠᠶᠢᠯᠤᠮᠵᠢ ᠶᠢᠨ ᠠᠵᠢᠯᠯᠠᠭ᠎ᠠ ᠶᠢ ᠦᠷᠭᠦᠯᠵᠢ ᠶᠢᠨ ᠴᠢᠨᠠᠷᠳᠠᠢ ᠦᠷᠨᠢᠭᠦᠯᠵᠤ᠂ ︽ᠬᠠᠵᠠᠭᠤ ᠬᠠᠪᠢ ᠶᠢᠨ ᠬᠦᠮᠦᠰ ᠤᠨ ᠢᠶᠠᠨ ᠦᠯᠢᠭᠡᠷ ᠤᠢᠢᠯᠠ ᠶᠠᠪᠤᠳᠠᠯ ᠢ ᠶᠠᠷᠢᠵᠤ ᠤᠬᠠᠭᠤᠯᠬᠤ︾ ᠪᠠᠷ ᠲᠠᠮᠵᠢᠨ᠂ ᠶᠤᠰᠤ ᠰᠤᠷᠳᠠᠬᠤᠨ ᠤ ᠵᠦᠪ ᠡᠨᠧᠷᠬᠢ ᠶᠢ ᠲᠠᠮᠵᠢᠭᠤᠯᠬᠤ᠂ ︽ᠪᠤᠶᠠᠨᠰᠠᠬ ᠤᠢᠢᠯᠠ ᠶᠢᠨ ᠰᠠᠮᠪᠠᠷ᠎ᠠ︾ ᠭᠠᠷᠭᠠᠵᠤ᠂ ᠬᠦᠮᠦᠰ ᠲᠤ ᠦᠯᠢᠭᠡᠷ ᠲᠠᠭᠤᠷᠢᠶᠠᠯ ᠤᠨ ᠬᠦᠴᠦᠨ ᠢ ᠲᠠᠨᠢᠭᠤᠯᠬᠤ᠂ ᠨᠠᠮ ᠤᠨ ᠭᠡᠰᠢᠭᠦᠤᠨ ᠤᠨ ᠰᠠᠶᠢᠨ ᠲᠤᠷ᠎ᠠ ᠶᠢᠨ ᠬᠤᠰᠢᠭᠤᠴᠢ ᠶᠢᠨ ᠠᠩᠬᠢ ᠶᠢ ᠪᠠᠶᠢᠭᠤᠯᠬᠤ᠂ ᠨᠠᠶᠢᠭᠡᠮ ᠤᠨ ᠡᠭᠦᠷᠭᠡ ᠬᠠᠷᠢᠭᠤᠴᠠᠯᠭ᠎ᠠ ᠪᠠᠨ ᠬᠦᠢᠴᠡᠳᠭᠡᠬᠦ᠂ ᠤᠨᠤᠪᠴᠢᠳᠠᠢ ᠶᠡᠳᠠᠭᠤ ᠶᠢ ᠲᠡᠳᠬᠦᠬᠦ ᠶᠢ ᠦᠷᠨᠢᠭᠦᠯᠬᠦ᠂ ᠪᠤᠯᠪᠠᠰᠤᠨ ᠢᠶᠠᠷ ᠬᠤᠭᠤᠯᠠᠯᠠᠬᠤ ᠠᠵᠢᠯᠯᠠᠭ᠎ᠠ ᠶᠢ ᠢᠳᠡᠪᠬᠢᠳᠠᠢ ᠦᠷᠨᠢᠭᠦᠯᠵᠤ᠂ ᠬᠦᠮᠦᠰ ᠢ ᠠᠷᠪᠢᠯᠠᠨ ᠭᠠᠮᠨᠠᠬᠤ ᠰᠠᠶᠢᠨ ᠰᠠᠶᠢᠬᠠᠨ ᠰᠤᠷᠳᠠᠯ ᠵᠦᠭ ᠬᠦᠳᠦᠯᠦᠨ ᠲᠠᠭᠠᠭᠤᠯᠬᠤ᠂ ︽ᠬᠤᠶᠡᠷ ᠲᠤ ᠵᠤᠪᠠᠭ᠋ᠤ ᠦᠭᠡᠢ ᠭᠤᠷᠪᠠ ᠶᠢ ᠪᠠᠳᠤᠯᠠᠬᠤ︾ ᠶᠢᠨ ᠲᠤᠭᠤᠷᠢᠨ ᠳᠤ ᠤᠨᠤᠪᠴᠢᠳᠠᠢ ᠶᠠᠳᠠᠭᠤ ᠶᠢ ᠲᠡᠳᠬᠦᠬᠦ ᠠᠰᠠᠷᠠᠮᠵᠢ ᠶᠢᠨ ᠴᠢᠨᠠᠷᠳᠠᠢ ᠬᠠᠶᠢᠷ᠎ᠠ ᠬᠠᠯᠠᠮᠵᠢ ᠦᠵᠡᠭᠦᠯᠬᠦ ᠠᠵᠢᠯᠯᠠᠭ᠎ᠠ ᠦᠷᠨᠢᠭᠦᠯᠬᠦ᠂ ᠪᠦᠬᠦ ᠬᠤᠰᠢᠭᠤᠨ ᠤ ᠡᠯ᠎ᠠ ᠠᠵᠢᠯ ᠲᠦᠷᠦᠯ ᠤᠨ ᠰᠠᠶᠢᠨ ᠲᠤᠷᠠᠴᠤᠤᠨ ᠤᠨ ᠤᠢᠢᠯᠡᠴᠢᠯᠡᠭᠡᠨ ᠤ ᠠᠩᠬᠢ ᠲᠠᠢ ᠬᠠᠮᠵᠢᠯᠴᠠᠨ᠂ ᠴᠢᠳᠠᠯ ᠤᠨ ᠢᠶᠠᠨ ᠬᠢᠷᠢ ᠪᠠᠷ ᠬᠤᠪᠢ ᠨᠡᠮᠡᠷᠢ ᠦᠵᠡᠭᠦᠯᠬᠦ ᠵᠡᠷᠭᠡ ᠤᠯᠠᠨ ᠲᠠᠯ᠎ᠠ ᠶᠢᠨ ᠪᠦᠳᠦᠮᠵᠢᠳᠠᠢ ᠠᠷᠭ᠎ᠠ ᠪᠠᠷᠢᠯ ᠠᠪᠴᠦ᠂ ᠪᠦᠬᠦ ᠤᠷᠤᠨ ᠤ ᠯᠸᠢ ᠹᠧᠩ ᠠᠴᠠ ᠰᠤᠷᠤᠯᠴᠠᠬᠤ ᠵᠢᠱᠢᠶᠠᠴᠢ ᠬᠤᠰᠢᠭᠤ ᠶᠢ ᠡᠭᠦᠳᠤᠨ ᠪᠠᠶᠢᠭᠤᠯᠬᠤ ᠳᠤ ᠢᠳᠡᠪᠬᠢᠳᠠᠢ ᠤᠢᠢᠯᠡᠳᠤᠯ ᠦᠵᠡᠭᠦᠯᠵᠦ ᠪᠠᠶᠢᠨ᠎ᠠ᠃    ᠤᠢᠢᠯᠡᠭᠠᠨᠨᠰᠡᠨ ᠢᠶᠠᠷ᠂ ᠲᠦᠷᠪᠡᠳ ᠬᠤᠰᠢᠭᠤᠨ ᠤ ᠤᠬᠠᠭᠤᠯᠬᠤ ᠭᠡᠯᠳᠡᠰ᠂ ᠤᠶᠤᠨ ᠤ ᠪᠤᠯᠪᠠᠰᠤᠨ ᠤ ᠪᠠᠶᠢᠭᠤᠯᠤᠯᠳᠠ ᠶᠢᠨ ᠠᠯᠪᠠᠨ ᠭᠡᠷ ᠵᠡᠷᠭᠡ ᠪᠠᠶᠢᠭᠤᠯᠭ᠎ᠠ ᠨᠢᠭᠡᠴᠢ ᠬᠠᠮᠳᠤᠷᠠᠨ ᠶᠤᠰᠤ ᠰᠤᠷᠳᠠᠬᠤᠨ ᠤ ᠪᠠᠶᠢᠭᠤᠯᠤᠯᠳᠠ ᠶᠢ ᠠᠬᠢᠭᠤᠯᠬᠤ ᠠᠯᠢ ᠤᠯᠠᠨ ᠠᠵᠢᠯᠯᠠᠭ᠎ᠠ ᠦᠷᠨᠢᠭᠦᠯᠵᠤ᠂ ᠤᠯᠠᠨ ᠲᠦᠮᠡᠨ ᠢ ᠪᠤᠯᠪᠠᠰᠤᠨ ᠰᠤᠷᠳᠠᠯ ᠪᠤᠶᠠᠨᠰᠠᠬ ᠤᠢᠢᠯᠡ ᠪᠠᠷ ᠭᠡᠪ ᠲᠠᠭᠤᠷᠢᠶᠠᠯ ᠪᠤᠯᠭᠠᠬᠤ ᠶᠢ ᠤᠷᠢᠶᠠᠯᠡᠨ ᠲᠠᠶᠢᠴᠢᠯᠠᠵᠤ᠂ ᠲᠤᠮᠳᠠᠳᠦ ᠶᠢᠨ ᠦᠨᠳᠦᠰᠦᠳᠡᠨ ᠤ ᠠᠭᠤᠤ ᠶᠡᠭᠡ ᠰᠡᠷᠭᠦᠨ ᠮᠠᠨᠳᠤᠯᠳᠠ ᠶᠢᠨ ᠲᠤᠮᠳᠠᠳᠦ ᠶᠢᠨ ᠬᠦᠰᠡᠯ ᠵᠡᠭᠦᠳᠦ ᠶᠢ ᠲᠠᠷᠭᠡᠯᠰᠢᠬᠦᠯᠬᠦ ᠳᠤ ᠬᠦᠴᠦᠷᠭᠡᠭ ᠶᠡᠭᠡ ᠤᠶᠤᠨ ᠰᠠᠨᠠᠭᠠᠨ ᠤ ᠬᠦᠴᠦᠨ ᠴᠢᠳᠠᠯ ᠪᠤᠯᠤᠨ ᠶᠤᠰᠤ ᠰᠤᠷᠳᠠᠬᠤᠨ ᠤ ᠬᠦᠴᠦᠨ ᠢ ᠨᠡᠮᠡᠷᠢᠯᠡᠵᠦ ᠪᠠᠶᠢᠨ᠎ᠠ᠃
 
ᠢᠷᠡᠯᠲᠡ᠄ ᠤᠯᠠᠭᠠᠨᠴᠠᠪ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2