11 ᠰᠠᠷ᠎ᠠ ᠶᠢᠨ 27 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ᠂ ᠬᠤᠲᠠ ᠶᠢᠨ ᠳᠠᠷᠤᠭ᠎ᠠ ᠹᠸᠢ | ᠳ᠋ᠦᠩ ᠪᠢᠨ ᠳᠥᠷᠪᠡᠳ ᠬᠤᠰᠢᠭᠤᠨ ᠳᠤ ᠢᠷᠡᠵᠦ᠂ ᠳᠥᠷᠪᠡᠳ ᠬᠤᠰᠢᠭᠤᠨ ᠤ ᠪᠠᠶᠢᠩᠭᠤ ᠶᠢᠨ ᠬᠤᠷᠢᠶᠠᠨ ᠤ | ᠤᠳᠤᠷᠢᠳᠬᠤ ᠪᠠᠭ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠰᠬᠠᠶ ᠰᠡᠳᠦᠪᠲᠦ | ᠠᠷᠠᠳᠴᠢᠯᠠᠯ ᠤᠨ ᠠᠮᠢᠳᠤᠷᠠᠯ ᠤᠨ ᠬᠤᠷᠠᠯ ᠳᠤ ᠣᠷᠣᠯᠴᠠᠨ ᠵᠢᠯᠤᠭᠤᠳᠴᠤ᠂ ᠦᠨᠳᠦᠰᠦᠲᠡᠨ ᠤ ᠠᠵᠢᠯ ᠢᠯᠠᠩᠭᠤᠶ᠎ᠠ | ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠳᠤᠮᠳᠠ ᠢᠯᠡᠷᠡᠭᠰᠡᠨ ᠬᠠᠮᠢᠶ᠎ᠠ ᠪᠦᠬᠦᠢ | ᠠᠰᠠᠭᠤᠳᠠᠯ ᠵᠢᠴᠢ ᠭᠦᠨ ᠳᠡᠰ ᠳᠠᠪᠬᠤᠷᠭ᠎ᠠ ᠶᠢᠨ ᠰᠢᠯᠲᠠᠭᠠᠨ ᠢ ᠭᠦᠨᠵᠡᠭᠡᠶ ᠵᠠᠳᠠᠯᠵᠦ᠂ ᠦᠵᠡᠯ ᠰᠠᠨᠠᠭ᠎ᠠ | ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠵᠢᠯ ᠢᠶᠠᠨ ᠴᠢᠩᠭᠠᠳᠬᠠᠨ ᠰᠠᠶᠢᠵᠢᠷᠠᠭᠤᠯᠬᠤ ᠰᠡᠳᠬᠢᠴᠡ | ᠠᠷᠭ᠎ᠠ ᠬᠡᠮᠵᠢᠶ᠎ᠡ ᠪᠠᠨ ᠲᠡᠭᠦᠯᠳᠡᠷᠵᠢᠭᠦᠯᠬᠦ ᠬᠡᠷᠡᠭᠳᠡᠢ ᠭᠡᠪᠡ᠃ | ᠬᠤᠷᠠᠯ ᠠᠴᠠ ᠡᠮᠦᠨ᠎ᠡ᠂ ᠹᠧᠶ ᠳ᠋ᠦᠩ ᠪᠢᠨ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ | ᠤᠳᠤᠷᠢᠳᠬᠤ ᠪᠠᠭ ᠤᠨ ᠪᠦᠷᠢᠯᠳᠦᠬᠦᠨ ᠤ ᠬᠠᠷᠭᠤᠭᠤᠯᠤᠨ ᠪᠠᠶᠢᠴᠠᠭᠠᠬᠤ ᠮᠠᠲ᠋ᠧᠷᠢᠶᠠᠯ ᠢ ᠨᠠᠷᠢᠨ ᠬᠢᠨᠠᠮᠠᠭᠠᠶ ᠬᠢᠨᠠᠨ | ᠦᠵᠡᠵᠦ᠂ ᠵᠠᠰᠠᠨ ᠲᠡᠭᠦᠯᠳᠡᠷᠵᠢᠬᠦᠯᠬᠦ ᠪᠤᠳᠠᠳᠠᠢ ᠰᠠᠨᠠᠯ ᠲᠤᠷᠠᠳᠬᠤ ᠶᠢᠨ ᠬᠠᠮᠳᠦ ᠲᠤᠰᠬᠠᠶ ᠰᠡᠳᠦᠪᠲᠦ | ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠰᠠᠶᠢᠲᠤᠷ ᠬᠤᠷᠠᠯᠳᠤᠭᠤᠯᠬᠤ ᠳᠤ ᠲᠣᠳᠣᠷᠬᠠᠶ ᠱᠠᠭᠠᠷᠳᠠᠯᠭ᠎ᠠ ᠳᠤᠷᠠᠳᠪᠠ᠃ | | ᠬᠤᠷᠠᠯ ᠳᠡᠭᠡᠷ᠎ᠡ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠳᠡᠳ᠋ ᠡᠷᠬᠢᠯᠡᠭᠴᠢ᠂ ᠳᠥᠷᠪᠡᠳ ᠬᠤᠰᠢᠭᠤᠨ ᠤ ᠨᠠᠮ ᠤᠨ ᠬᠤᠷᠢᠶᠠᠨ ᠤ ᠱᠦᠵᠢ ᠡᠤ ᠢᠦᠶ ᠯᠢᠶᠠᠩ | ᠤᠳᠤᠷᠢᠳᠬᠤ ᠪᠠᠭ ᠤᠨ ᠡᠮᠦᠨ᠎ᠡ ᠠᠴᠠ ᠬᠠᠷᠭᠤᠭᠤᠯᠤᠨ ᠪᠠᠶᠢᠴᠠᠭᠠᠵᠤ᠂ ᠲᠦᠷᠦᠭᠦᠯᠡᠨ ᠥᠪᠡᠷ ᠢ ᠪᠠᠨ ᠵᠠᠳᠠᠯᠤᠨ | ᠰᠢᠨᠵᠢᠯᠡᠪᠡ᠃ ᠤᠳᠤᠷᠢᠳᠬᠤ ᠪᠠᠭ ᠤᠨ ᠪᠤᠰᠤᠳ ᠪᠦᠷᠢᠯᠳᠦᠬᠦᠨ ᠨᠢᠭᠡᠳ ᠨᠢᠭᠡ ᠪᠠᠷ ᠦᠭᠡ ᠬᠡᠯᠡᠵᠦ᠂ ᠰᠢᠭᠦᠮᠵᠢᠯᠡᠯ | ᠪᠠ ᠥᠪᠡᠷ ᠤᠨ ᠰᠢᠭᠦᠮᠵᠢᠯᠡᠯ ᠥᠷᠨᠢᠭᠦᠯᠪᠡ᠃ ᠹᠸᠢ ᠳ᠋ᠦᠩ ᠪᠢᠨ ᠣᠯᠠᠨ ᠤ ᠶᠠᠷᠢᠶ᠎ᠠ ᠶᠢ ᠨᠠᠷᠢᠨ ᠬᠢᠨᠠᠮᠠᠭᠠᠶ ᠰᠣᠨᠣᠰᠴᠤ | ᠂ ᠣᠯᠠᠨ ᠲᠠᠢ ᠰᠠᠨᠠᠯ ᠢᠶᠠᠨ ᠰᠣᠯᠢᠯᠴᠠᠵᠤ᠂ ᠤᠨᠤᠯ ᠪᠠ ᠦᠶ᠋ᠯᠡᠳᠦᠯᠭᠡ ᠶᠢᠨ ᠤᠶᠠᠯᠳᠤᠯ ᠤᠨ ᠲᠠᠯ᠎ᠠ ᠠᠴᠠ ᠪᠣᠳᠠᠲᠤ | ᠶᠠᠪᠤᠳᠠᠯ ᠢ ᠳᠡᠯᠭᠡᠵᠦ᠂ ᠶᠣᠰᠣ ᠤᠴᠢᠷ ᠶᠠᠷᠢᠵᠤ᠂ ᠠᠯᠳᠠᠭ᠎ᠠ ᠪᠤᠷᠤᠭᠤ ᠶᠢ ᠵᠠᠯᠠᠷᠠᠭᠤᠯᠵᠤ᠂ ᠨᠥᠬᠦᠳ ᠲᠡᠭᠡᠨ | ᠳᠠᠷᠤᠯᠲᠠ ᠥᠭᠴᠦ᠂ ᠣᠯᠠᠨ ᠤ ᠨᠢᠭᠤᠷ ᠢ ᠤᠯᠠᠶᠢᠯᠭᠠᠨ ᠬᠥᠯᠥᠰᠥ ᠭᠠᠷᠭᠠᠵᠦ᠂ ᠪᠠᠰᠠ ᠤᠯᠠᠨ ᠢ ᠬᠠᠪᠰᠤᠷᠤᠨ | ᠵᠥᠷᠢᠴᠡᠯ ᠠᠰᠠᠭᠤᠳᠠᠯ ᠢ ᠲᠣᠳᠣᠷᠬᠠᠢ ᠲᠠᠨᠢᠵᠦ᠂ ᠦᠵᠡᠯ ᠰᠠᠨᠠᠭ᠎ᠠ ᠲᠠᠨᠢᠯᠲᠠ ᠶᠢ ᠨᠢ ᠭᠦᠨᠵᠡᠭᠡᠶᠢᠷᠡᠭᠦᠯᠪᠡ᠃ | ᠤᠯᠠᠨ ᠤ ᠶᠠᠷᠢᠶ᠎ᠠ ᠶᠢ ᠰᠤᠨᠤᠰᠤᠭᠰᠠᠨ ᠤ ᠲᠠᠷᠠᠭ᠎ᠠ᠂ ᠹᠸᠢ ᠳ᠋ᠦᠩ ᠪᠢᠨ ᠲᠤᠰ ᠤᠳᠠᠭᠠᠨ ᠤ ᠲᠤᠰᠬᠠᠶ | ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠪᠠᠶᠢᠳᠠᠯ ᠢ ᠦᠨᠡᠯᠡᠵᠦ᠂ ᠬᠤᠷᠠᠯ ᠤᠨ ᠦᠵᠡᠯ ᠰᠠᠨᠠᠭ᠎ᠠ ᠪᠠᠨ | ᠰᠣᠯᠢᠯᠴᠠᠬᠤ᠂ ᠬᠠᠮᠲᠤ ᠶᠢᠨ ᠲᠠᠨᠢᠯᠲᠠ ᠪᠠᠨ ᠨᠡᠮᠡᠭᠳᠡᠭᠦᠯᠬᠦ ᠲᠠᠯ᠎ᠠ ᠪᠠᠷ ᠣᠯᠤᠭᠰᠠᠨ ᠦᠷ᠎ᠡ ᠪᠦᠲᠦᠮᠵᠢ ᠶᠢ ᠨᠤᠲᠠᠯᠠᠵᠠᠶ᠃ | ᠡᠭᠦᠨ ᠤ ᠬᠠᠮᠲᠤ ᠪᠠᠰᠠ ᠶᠡᠷᠦᠩᠬᠡᠢ ᠱᠦᠵᠢ ᠰᠢ ᠶᠢᠨ ᠫᠢᠩ ᠪᠣᠯᠤᠨ ᠨᠠᠮ ᠤᠨ ᠲᠥᠪ ᠬᠤᠷᠢᠶᠠᠨ ᠤ | ᠱᠠᠭᠠᠷᠳᠠᠯᠭ᠎ᠠ ᠯᠤᠭ᠎ᠠ ᠬᠠᠷᠭᠤᠭᠤᠯᠵᠦ ᠬᠦᠷᠦᠯᠴᠡᠬᠦ ᠦᠭᠡᠢ ᠲᠠᠯ᠎ᠠ ᠶᠢ ᠵᠢᠭᠠᠵᠤ ᠭᠠᠷᠭᠠᠪᠠ᠃ ᠳᠥᠷᠪᠡᠳ ᠬᠤᠰᠢᠭᠤᠨ ᠤ | ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ ᠤᠨ ᠬᠢᠨ ᠤᠯᠤᠰ ᠲᠥᠷᠥ ᠶᠢ ᠡᠷᠬᠢᠮᠯᠡᠬᠦ ᠦᠨᠳᠦᠷᠴᠡ ᠠᠴᠠ | ᠣᠷᠣᠰᠢᠵᠤ ᠪᠠᠢᠶ᠋ᠭ᠎ᠠ ᠠᠰᠠᠭᠤᠳᠠᠯ ᠢ ᠭᠦᠨᠵᠡᠭᠡᠶ ᠵᠠᠳᠠᠯᠵᠤ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ | ᠰᠠᠶᠢᠲᠤᠷ ᠠᠳᠬᠤᠵᠤ᠂ ︽ᠬᠤᠶᠠᠷ ᠢ ᠬᠠᠮᠠᠭᠠᠯᠠᠬᠤ︾ ᠶᠢ ᠪᠣᠳᠠᠲᠠᠶ ᠠᠵᠢᠯᠯᠠᠭ᠎ᠠ ᠳᠤᠮᠳᠠ ᠪᠠᠨ ᠡᠷᠡᠰ | ᠨᠠᠶᠢᠳᠠᠪᠤᠷᠢᠵᠢᠭᠤᠯᠵᠤ᠂ ᠪᠣᠳᠠᠲᠠᠶ ᠦᠷ᠎ᠡ ᠪᠦᠲᠦᠮᠵᠢ ᠳᠡᠭᠡᠷ᠎ᠡ ᠢᠯᠡᠷᠡᠭᠦᠯᠬᠦ ᠬᠡᠷᠡᠭᠲᠡᠶ ᠭᠡᠵᠦ ᠱᠠᠭᠠᠷᠳᠠᠪᠠ᠃ | ᠹᠸᠢ ᠳ᠋ᠦᠩ ᠪᠢᠨ ᠴᠢᠬᠤᠯᠠᠴᠢᠯᠠᠭᠰᠠᠨ ᠨᠢ᠂ ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ | ᠠᠵᠢᠯ ᠤᠨ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠤᠯᠤᠰ ᠤᠨ ᠨᠡᠶᠢᠳᠡᠮ | ᠬᠡᠷᠡᠭᠯᠡᠬᠦ ᠦᠭᠡ ᠬᠡᠯᠡ ᠦᠰᠦᠭ ᠪᠢᠴᠢᠭ ᠢ ᠳᠡᠯᠭᠡᠷᠡᠭᠦᠯᠦᠨ ᠲᠦᠭᠡᠮᠡᠯᠵᠢᠭᠦᠯᠬᠦ ᠴᠢᠬᠤᠯᠠ ᠵᠢᠭᠠᠪᠤᠷᠢ ᠶᠢᠨ ᠵᠣᠷᠢᠭ | ᠰᠠᠨᠠᠭ᠎ᠠ ᠪᠠ ᠨᠠᠮ ᠤᠨ ᠲᠥᠪ ᠬᠤᠷᠢᠶᠠᠨ ᠤ ᠰᠢᠶ᠋ᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠭᠦᠨᠵᠡᠭᠡᠶ ᠰᠤᠷᠤᠯᠴᠠᠨ | ᠲᠤᠭᠤᠰᠢᠯᠠᠭᠤᠯᠵᠤ᠂ ᠤᠯᠤᠰ ᠲᠦᠷᠦ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ | ᠦᠨᠳᠦᠰᠦᠲᠡᠨ ᠤ ᠠᠵᠢᠯ ᠢ ᠰᠠᠶᠢᠲᠤᠷ ᠬᠢᠬᠦ ᠤᠯᠤᠰ ᠲᠥᠷᠥ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ᠂ | ᠦᠢᠯᠡ ᠠᠵᠢᠯᠯᠠᠭ᠎ᠠ ᠶᠢᠨ ᠤᠬᠠᠮᠰᠠᠷ ᠢᠶᠠᠨ ᠦᠨᠡᠨ ᠬᠦ ᠴᠢᠩᠭᠠᠳᠬᠠᠬᠤ ᠬᠡᠷᠡᠭᠲᠡᠶ᠃ ᠤᠨᠤᠯ ᠢᠶᠠᠷ ᠵᠡᠪᠰᠡᠭᠯᠡᠬᠦ᠂ ᠦᠢᠯᠡ | ᠠᠵᠢᠯᠯᠠᠭ᠎ᠠ ᠶᠢᠨ ᠢᠶᠠᠨ ᠵᠥᠷᠢᠶ᠎ᠡ ᠶᠢ ᠵᠥᠪ ᠣᠨᠣᠪᠴᠢᠲᠠᠶ ᠬᠠᠷᠭᠤᠭᠤᠯᠬᠤ ᠶᠢ ᠤᠯᠠᠮ ᠨᠢᠭᠡ ᠠᠯᠬᠤᠮ ᠴᠢᠩᠭᠠᠳᠬᠠᠵᠤ᠂ | ᠦᠨᠳᠦᠰᠦᠲᠡᠨ ᠤ ᠠᠵᠢᠯ ᠢ ᠰᠠᠶᠢᠲᠤᠷ ᠬᠢᠬᠦ ᠴᠢᠳᠠᠪᠤᠷᠢ ᠪᠠᠨ ᠨᠡᠮᠡᠭᠳᠡᠭᠦᠯᠬᠦ ᠬᠡᠷᠡᠭᠲᠡᠶ᠃ ᠠᠵᠢᠯ ᠤᠨ ᠳᠤᠮᠳᠠ | ᠣᠷᠣᠰᠢᠵᠤ ᠪᠠᠶ᠋ᠭ᠎ᠠ ᠵᠥᠷᠢᠶ᠎ᠡ ᠶᠢ ᠭᠦᠨᠵᠡᠭᠡᠶ ᠬᠢᠨᠠᠨ ᠦᠵᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ | ᠴᠣᠭᠴᠠ ᠶᠢᠨ ᠤᠬᠠᠮᠰᠠᠷ ᠢ ᠪᠠᠳᠦ ᠴᠤᠭᠴᠠᠯᠠᠬᠤ ᠡᠨᠡ ᠬᠦ ᠭᠤᠣᠯ ᠰᠢᠵᠢᠮ ᠢ ᠴᠢᠩᠭ᠎ᠠ ᠠᠳᠬᠤᠵᠤ᠂ ᠠᠯᠳᠠᠭ᠎ᠠ | ᠪᠤᠷᠤᠭᠤ ᠶᠢ ᠵᠠᠯᠠᠷᠠᠭᠤᠯᠬᠤ ᠪᠠ ᠬᠡᠯᠪᠠᠶᠢᠭᠦᠦ ᠲᠠᠯ᠎ᠠ ᠶᠢ ᠵᠠᠯᠠᠷᠠᠭᠤᠯᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ | ᠬᠡᠷᠡᠭᠲᠡᠢ᠃ ᠨᠠᠮ ᠢ ᠬᠠᠮᠢᠶᠠᠷᠴᠤ ᠨᠠᠮ ᠢ ᠵᠠᠰᠠᠬᠤ ᠠᠵᠢᠯ ᠢ ᠴᠢᠩᠭ᠎ᠠ ᠪᠣᠳᠠᠲᠠᠢ ᠰᠠᠶᠢᠲᠤᠷ ᠠᠳᠬᠤᠵᠤ᠂ | ᠦᠨᠳᠦᠰᠦᠲᠡᠨ ᠤ ᠪᠦᠯᠬᠦᠮᠳᠡᠯ ᠲᠠᠪᠰᠢᠯᠳᠠ ᠪᠠ ᠡᠯ᠎ᠡ ᠵᠦᠢᠯ ᠤᠨ ᠠᠵᠢᠯ ᠦᠢᠯᠡᠰ ᠤᠨ ᠬᠥᠭᠵᠢᠯᠲᠡ ᠳᠤ ᠪᠠᠲᠤ | ᠴᠢᠩᠭ᠎ᠠ ᠬᠦᠴᠦᠲᠡᠢ ᠪᠠᠲᠤᠯᠠᠭ᠎ᠠ ᠬᠠᠩᠭᠠᠬᠤ ᠬᠡᠷᠡᠭᠲᠡᠢ᠃ ᠴᠡᠭᠴᠡᠯᠡᠨ ᠰᠠᠶᠢᠵᠢᠷᠠᠭᠤᠯᠬᠤ ᠠᠵᠢᠯ ᠢ ᠯᠠᠪᠳᠠᠭᠤᠨ | ᠪᠠᠲᠤᠲᠠᠶ ᠰᠠᠶᠢᠲᠤᠷ ᠬᠢᠵᠦ᠂ ᠪᠠᠶᠢᠴᠠᠭᠠᠵᠦ ᠭᠠᠷᠭᠠᠭᠰᠠᠨ ᠠᠰᠠᠭᠤᠳᠠᠯ ᠢ ᠪᠥᠬᠦ ᠲᠠᠯ᠎ᠠ ᠪᠠᠷ ᠲᠦᠢᠯᠪᠤᠷᠢᠲᠠᠶ ᠴᠡᠭᠴᠡᠯᠡᠨ | ᠰᠠᠶᠢᠵᠢᠷᠠᠭᠤᠯᠵᠤ᠂ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ | ᠦᠨᠡᠨ ᠬᠦ ᠪᠠᠬᠢᠵᠢᠭᠦᠯᠬᠦ ᠬᠡᠷᠡᠭᠳᠡᠢ᠃ | ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠢᠦᠢ ᠬᠠᠢ | ᠢᠦᠢ ᠬᠤᠷᠠᠯ ᠳᠤ ᠣᠷᠣᠯᠴᠠᠵᠠᠢ᠃ |