ᠳᠦᠷᠪᠡᠳ ᠬᠤᠰᠢᠭᠤᠨ ᠤ ᠦᠨᠳᠤᠰᠤᠳᠡᠨ ᠤ ᠬᠡᠤᠬᠡᠳ ᠤᠨ ᠴᠡᠴᠡᠷᠯᠢᠭ ︽ᠪᠦᠤᠪᠡᠢ ᠠᠶᠠᠯᠭᠤ︾ ᠤᠷᠠᠨ | ᠤᠩᠰᠢᠯᠭ᠎ᠠ ᠶᠢᠨ ᠤᠷᠤᠯᠳᠤᠭᠠᠨ ᠦᠢᠷ᠎ᠠ ᠳᠤ ᠤᠳᠬ᠎ᠠ ᠳᠡᠬᠦᠯᠳᠡᠷ ᠶᠠᠪᠤᠭᠳᠠᠪᠠ᠃ ᠤᠷᠤᠯᠳᠤᠭᠠᠨ ᠨᠢ ᠨᠠᠬᠢᠶ᠎ᠠ | ᠴᠤᠮᠤᠷᠯᠢᠭ ᠤᠳ ᠲᠤ ᠡᠬᠡ ᠬᠡᠯᠡᠨ ᠤ ᠪᠠᠭ᠋ᠠᠷᠬᠠᠯ᠂ ᠡᠬᠡ ᠬᠡᠯᠡᠨ ᠤ ᠤᠷᠮᠠᠰᠢᠯ ᠢ ᠤᠯᠭᠤᠬᠤ ᠪᠠ ᠬᠡᠯᠡᠨ ᠤ | ᠮᠡᠳᠡᠷᠡᠮᠵᠢ ᠶᠢ ᠬᠦᠭᠵᠢᠬᠦᠯᠵᠤ᠂ ᠬᠡᠯᠡ ᠰᠤᠷᠴᠤ ᠡᠵᠡᠮᠰᠢᠵᠤ ᠪᠠᠶᠢᠭ᠎ᠠ ᠬᠡᠤᠬᠡᠳ ᠤᠳ ᠤᠨ ᠬᠡᠯᠡᠨ ᠤ ᠡᠬᠡᠳᠡᠷᠡᠭᠡ ᠶᠢ | ᠭᠠᠷᠭᠠᠵᠤ᠂ ᠪᠠᠭ᠎ᠠ ᠰᠤᠷᠭᠠᠭᠤᠯᠢ ᠳᠤ ᠰᠤᠷᠤᠯᠴᠠᠬᠤ ᠳᠤ ᠶᠠᠷᠢᠬᠤ᠂ ᠤᠩᠰᠢᠬᠤ᠂ ᠴᠡᠬᠡᠵᠢᠯᠡᠬᠦ ᠴᠢᠳᠠᠪᠤᠷᠢ ᠶᠢ | ᠬᠦᠮᠤᠵᠢᠬᠦᠯᠬᠦ ᠰᠠᠭᠤᠷᠢ ᠶᠢ ᠪᠠᠳᠤᠳᠬᠠᠬᠤ ᠶᠢ ᠵᠤᠷᠢᠭᠰᠠᠨ ᠪᠠᠶᠢᠨ᠎ᠠ᠃ ᠤᠷᠤᠯᠳᠤᠭᠠᠨ ᠨᠢ ᠬᠦᠬᠡᠷᠦᠬᠦᠨ ᠪᠦᠤᠪᠡᠢ | ᠨᠠᠷ ᠤᠨ ᠦᠯᠢᠬᠡᠷ ᠶᠠᠷᠢᠬᠤ᠂ ᠤᠨᠢᠰᠤᠭ᠎ᠠ ᠳᠠᠭᠠᠯᠴᠠᠬᠤ᠂ ᠰᠢᠯᠦᠭ ᠤᠶᠠᠩᠭᠠᠯᠠᠬᠤ ᠵᠡᠷᠬᠡ ᠪᠠᠶᠠᠯᠢᠭ ᠠᠭᠤᠯᠭ᠎ᠠ ᠲᠠᠢ | ᠶᠠᠪᠤᠭᠳᠠᠭᠤᠯᠵᠤ ᠪᠦᠤᠪᠡᠢ ᠨᠠᠷ ᠤᠨ ᠤᠷ᠎ᠠ ᠠᠪᠢᠶᠠᠰ ᠢᠶᠠᠨ ᠭᠠᠶᠢᠬᠠᠭᠤᠯᠬᠤ ᠳᠠᠪᠴᠠᠩ ᠬᠠᠩᠭᠠᠭᠰᠨᠨ ᠪᠠᠶᠢᠨ᠎ᠠ᠃ | ᠳᠤᠰ ᠴᠡᠴᠡᠷᠯᠢᠭ ᠦᠨᠳᠤᠰᠤᠳᠡᠨ ᠤ ᠤᠨᠴᠠᠯᠢᠭ ᠲᠠᠢ ᠬᠦᠳᠡᠯᠬᠡᠬᠡᠨ ᠢ ᠦᠷᠨᠢᠬᠦᠯᠵᠤ᠂ ᠪᠦᠤᠪᠡᠢ ᠨᠠᠷ ᠤᠨ | ᠬᠠᠷᠠᠬᠠᠨ ᠪᠠᠭ᠎ᠠ ᠠᠴᠠ ᠪᠠᠨ ᠦᠨᠳᠤᠰᠤᠳᠡᠨ ᠤ ᠦᠪ ᠰᠤᠶᠤᠯ ᠢᠶᠠᠨ ᠰᠤᠷᠴᠤ ᠡᠵᠡᠮᠰᠢᠨ᠂ ᠤᠨᠤᠯ ᠦᠢᠯᠡᠳᠤᠯᠬᠡ ᠶᠢ | ᠰᠠᠶᠢᠳᠤᠷ ᠡᠵᠡᠮᠰᠢᠬᠦ ᠶᠢ ᠴᠢᠩᠭᠠᠳᠬᠠᠭᠰᠠᠭᠠᠷ ᠢᠷᠡᠵᠡᠢ᠃ ᠤᠷᠤᠯᠳᠤᠭᠠᠨ ᠨᠢ ᠪᠠᠭ᠎ᠠ᠂ ᠳᠤᠮᠳᠠ ᠠᠩᠬᠢ ᠶᠢᠨ | ᠳᠤᠭᠤᠢᠢᠯᠠᠩ ᠪᠠ ᠶᠡᠭᠡ ᠠᠩᠬᠢ ᠶᠢᠨ ᠳᠤᠭᠤᠢᠢᠯᠠᠩ ᠬᠡᠬᠦ ᠬᠤᠶᠠᠷ ᠳᠤᠭᠤᠢᠢᠯᠠᠩ ᠬᠤᠪᠢᠶᠠᠨ ᠶᠠᠪᠤᠭᠳᠠᠭᠤᠯᠵᠤ᠂ | ᠠᠪᠢᠶᠠᠰᠤᠯᠢᠭ ᠪᠦᠤᠪᠡᠢ ᠨᠠᠷ ᠤᠨ ᠬᠢᠴᠢᠶᠡᠯ ᠤᠨ ᠭᠠᠳᠠᠨᠠᠬᠢ ᠰᠤᠶᠤᠯ ᠤᠨ ᠠᠮᠢᠳᠤᠷᠠᠯ ᠢ ᠪᠠᠶᠠᠯᠢᠭᠵᠢᠭᠤᠯᠵᠤ᠂ ᠡᠬᠡ | ᠬᠡᠯᠡᠨ ᠤ ᠤᠷᠠᠨ ᠰᠠᠶᠢᠬᠠᠨ ᠳᠤ ᠰᠤᠭᠳᠤᠭᠤᠷᠠᠨ᠂ ᠡᠷᠳᠡᠮ ᠰᠤᠶᠤᠯ ᠤᠨ ᠬᠠᠷᠭᠤᠢ ᠳᠤ ᠦᠩᠬᠡ ᠲᠠᠢ ᠦᠬᠡᠳᠡ ᠲᠠᠢ | ᠶᠠᠪᠤᠵᠤ᠂ ᠡᠬᠡ ᠬᠡᠯᠡᠨ ᠤ ᠪᠠᠨ ᠰᠦ ᠴᠠᠭᠠᠨ ᠰᠢᠮ᠎ᠠ ᠳᠤ ᠤᠮᠳᠠᠯᠠᠭᠳᠠᠨ ᠡᠷᠬᠡ ᠵᠢᠷᠭᠠᠯᠳᠠᠢ ᠦᠰᠤᠨ ᠪᠤᠶᠢᠵᠢᠬᠤ ᠶᠢ | ᠤᠷᠮᠠᠰᠢᠭᠤᠯᠤᠨ ᠱᠠᠩᠨᠠᠵᠤ ᠵᠤᠷᠢᠭᠵᠢᠭᠤᠯᠪᠠ᠃ |