ᠳᠦᠷᠪᠡᠳ ᠬᠤᠰᠢᠭᠤᠨ ᠠᠴᠠ ᠮᠤᠩᠭᠤᠯ ᠦᠰᠦᠭ ᠲᠠᠢ ᠬᠠᠳᠠᠨ ᠪᠢᠴᠢᠭᠡᠰᠦ ᠶᠢ ᠢᠯᠡᠷᠡᠭᠦᠯᠪᠡ
ᠨᠡᠶᠢᠲᠡᠯᠡᠭᠰᠡᠨ ᠴᠠᠭ᠄
2020/12/3
   11 ᠰᠠᠷ᠎ᠠ ᠶᠢᠨ 2 ᠤᠨ ᠡᠳᠦᠷ᠂ ᠦᠪᠦᠷ ᠮᠤᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠡᠷᠲᠡᠨ ᠤ ᠰᠤᠷᠪᠤᠯᠵᠢ ᠪᠢᠴᠢᠭ ᠰᠤᠳᠤᠯᠬᠤ ᠳᠠᠰᠤᠭ ᠤᠨ ᠬᠠᠷᠢᠭᠤᠴᠠᠯᠭᠠᠲᠠᠨ᠂ ᠮᠤᠩᠭᠤᠯ ᠰᠤᠳᠤᠯᠤᠯ ᠤᠨ ᠳᠡᠭᠡᠳᠦ ᠰᠤᠷᠭᠠᠭᠤᠯᠢ ᠶᠢᠨ ᠤᠶᠤᠨ ᠫᠷᠤᠹᠧᠰᠰᠤᠷ ᠨᠠᠷ ᠨᠤᠲᠤᠭ ᠤᠨ ᠬᠦᠮᠦᠰ ᠠᠴᠠ ᠰᠦᠪᠡᠭᠴᠢ ᠤᠯᠵᠤ᠂ ᠤᠯᠠᠭᠠᠨᠴᠠᠪ ᠬᠤᠲᠠ ᠶᠢᠨ ᠳᠦᠷᠪᠡᠳ ᠬᠤᠰᠢᠭᠤᠨ ᠤ ᠬᠢᠵᠠᠭᠠᠷ ᠠᠴᠠ ᠤᠢᠢᠭᠤᠷᠵᠢᠨ ᠮᠤᠩᠭᠤᠯ ᠦᠰᠦᠭ ᠢᠶᠠᠷ ᠪᠢᠴᠢᠭᠳᠡᠭᠰᠡᠨ 40 ᠭᠠᠷᠤᠢ ᠬᠠᠳᠠᠨ ᠪᠢᠴᠢᠭᠡᠰᠦ ᠶᠢ ᠰᠢᠨ᠎ᠡ ᠪᠠᠷ ᠢᠯᠡᠷᠡᠭᠦᠯᠦᠭᠰᠡᠨ ᠪᠠᠶᠢᠨ᠎ᠠ᠃    ᠤᠶᠤᠨ ᠫᠷᠤᠹᠧᠰᠰᠤᠷ ᠤᠨ ᠲᠠᠨᠢᠯᠴᠠᠭᠤᠯᠤᠭᠰᠠᠨ ᠢᠶᠠᠷ᠂ ᠡᠳᠡᠭᠡᠷ ᠬᠠᠳᠠᠨ ᠪᠢᠴᠢᠭᠡᠰᠦ ᠨᠢ ᠳᠦᠷᠪᠡᠳ ᠬᠤᠰᠢᠭᠤᠨ ᠤ ᠲᠦᠪ ᠤᠯᠠᠭᠠᠨᠬᠤᠸᠠ ᠪᠠᠯᠭᠠᠰᠤᠨ ᠠᠴᠠ ᠵᠡᠭᠦᠨᠰᠢ 100 ᠭᠠᠷᠤᠢ ᠺᠢᠯᠤᠮᠧᠲᠷ ᠤᠨ ᠵᠠᠶᠢᠲᠠᠢ ᠪᠠᠶᠠᠨᠴᠤᠭᠲᠤ ᠪᠠᠯᠭᠠᠰᠤᠨ ᠤ ᠤᠯᠠᠭᠠᠨᠬᠠᠳᠠ ᠭᠠᠴᠠᠭᠠᠨ ᠤ ᠪᠢᠴᠢᠭᠲᠦ ᠶᠢᠨ ᠬᠠᠳᠠ ᠭᠡᠬᠦ ᠭᠠᠵᠠᠷ ᠲᠤ ᠪᠠᠶᠢᠵᠤ᠂ ᠳᠤᠪᠤᠷᠬᠠᠭ ᠭᠠᠵᠠᠷ ᠤᠨ ᠬᠠᠪᠴᠢᠯ ᠳᠠᠬᠢ ᠭᠠᠵᠠᠷ ᠤᠨ ᠳᠦᠪᠰᠢᠨ ᠠᠴᠠ ᠳᠤᠷᠤᠭᠰᠢ ᠬᠤᠷᠢᠭᠠᠳ ᠮᠧᠲᠷ ᠤᠨ ᠭᠤᠤ ᠶᠢᠨ ᠳᠤᠲᠤᠷᠠᠬᠢ ᠬᠤᠶᠢᠳᠤ ᠡᠩᠭᠡᠷ ᠢᠶᠠᠷ ᠳᠠᠷᠬᠠᠵᠤ ᠪᠤᠢ᠃ ᠳᠤᠬᠠᠢ ᠶᠢᠨ ᠭᠠᠵᠠᠷ ᠲᠤ ᠬᠦᠷᠴᠦ ᠪᠠᠶᠢᠴᠠᠭᠠᠯᠲᠠ ᠬᠢᠬᠦ ᠪᠠᠷ ᠳᠠᠮᠵᠢᠨ᠂ ᠡᠨᠡ ᠬᠦ ᠦᠷᠭᠡᠨ ᠢᠶᠠᠷ ᠢᠶᠠᠨ 50 ᠭᠠᠷᠤᠢ ᠮᠧᠲᠷ᠂ ᠤᠷᠲᠤ ᠪᠠᠷ ᠢᠶᠠᠨ 200 ᠭᠠᠷᠤᠢ ᠮᠧᠲᠷ ᠦᠷᠭᠦᠯᠵᠢᠯᠡᠭᠰᠡᠨ ᠬᠠᠪᠴᠢᠯ ᠤᠨ ᠳᠡᠭᠡᠷ᠎ᠡ ᠡᠬᠢ ᠶᠢᠨ ᠬᠠᠳᠠᠨ ᠳᠡᠭᠡᠷ᠎ᠡ 13 ᠭᠡᠰᠡᠭ ᠪᠢᠴᠢᠭᠡᠰᠦ᠂ ᠬᠠᠪᠴᠢᠯ ᠤᠨ ᠳᠤᠤᠷ᠎ᠠ ᠠᠮᠠ ᠶᠢᠨ ᠬᠤᠶᠢᠳᠤ ᠲᠠᠯ᠎ᠠ ᠶᠢᠨ ᠬᠠᠳᠠᠨ ᠳᠡᠭᠡᠷ᠎ᠡ 29 ᠭᠡᠰᠡᠭ ᠪᠢᠴᠢᠭᠡᠰᠦ ᠪᠠᠶᠢᠬᠤ ᠶᠢ ᠢᠯᠡᠷᠡᠭᠦᠯᠪᠡ᠃ ︽ᠡᠳᠡᠭᠡᠷ ᠪᠢᠴᠢᠭᠡᠰᠦ ᠶᠢᠨ ᠠᠭᠤᠯᠭ᠎ᠠ ᠨᠢ ᠪᠤᠷᠬᠠᠨ ᠱᠠᠰᠢᠨ ᠳᠤ ᠬᠤᠯᠪᠤᠭᠳᠠᠭᠰᠠᠨ ᠮᠠᠨᠢ ᠶᠢᠨ ᠵᠢᠷᠭᠤᠭᠠᠨ ᠦᠰᠦᠭ ᠤᠨ ᠪᠢᠴᠢᠭᠡᠰᠦ ᠪᠠᠷ ᠭᠤᠤᠯᠳᠠᠬᠤ ᠠᠴᠠ ᠭᠠᠳᠠᠨ᠎ᠠ ᠪᠠᠰᠠ ᠱᠠᠰᠢᠨ ᠤ ᠰᠤᠷᠭᠠᠯ ᠰᠢᠯᠦᠭ᠂ ᠨᠡᠶᠢᠬᠡᠮ ᠤᠨ ᠳᠡᠭᠡᠳᠦ ᠳᠠᠪᠬᠤᠷᠭᠠᠲᠠᠨ ᠳᠤ ᠬᠤᠯᠪᠤᠭᠳᠠᠬᠤ ᠵᠦᠢᠯᠡᠰ ᠴᠤ ᠬᠠᠷᠠᠭᠳᠠᠵᠤ ᠪᠤᠢ᠃ ᠵᠠᠷᠢᠮ ᠪᠢᠴᠢᠭᠡᠰᠦᠨ ᠳᠠᠬᠢ ᠮᠤᠩᠭᠤᠯ ᠦᠰᠦᠭ ᠤᠨ ᠪᠢᠴᠢᠯᠭᠡ ᠵᠢᠷᠤᠯᠭ᠎ᠠ ᠨᠢ ᠤᠢᠢᠭᠤᠷᠵᠢᠨ ᠲᠢᠭ ᠤᠨ ᠮᠠᠨᠢ ᠶᠢᠨ ᠵᠢᠷᠭᠤᠭᠠᠨ ᠦᠰᠦᠭ ᠪᠠᠶᠢᠵᠤ᠂ ᠤᠷᠦ᠋ᠢᠪᠲᠤᠷ ᠦᠶ᠎ᠡ ᠶᠢᠨ ᠠᠯᠢ ᠭᠠᠯᠢ ᠦᠰᠦᠭ ᠤᠨ ᠪᠢᠴᠢᠯᠭᠡ ᠲᠠᠢ ᠢᠯᠡᠳᠲᠡ ᠢᠯᠭᠠᠭ᠎ᠠ ᠵᠦᠷᠢᠶ᠎ᠡ ᠲᠠᠢ ᠪᠠᠶᠢᠵᠤ᠂ ᠵᠠᠷᠢᠮ ᠪᠢᠴᠢᠭᠡᠰᠦ ᠨᠢ ᠨᠡᠩ ᠡᠷᠲᠡ ᠦᠶ᠎ᠡ ᠶᠢᠨ ᠶᠤᠸᠠᠨ ᠤᠯᠤᠰ ᠤᠨ ᠦᠶ᠎ᠡ ᠪᠤᠶᠤ ᠲᠡᠭᠦᠨ ᠠᠴᠠ ᠤᠷᠦ᠋ᠢᠪᠲᠤᠷ ᠦᠶ᠎ᠡ ᠶᠢᠨ ᠬᠢ ᠪᠠᠶᠢᠵᠤ ᠮᠡᠳᠡᠨ᠎ᠡ᠃ ᠪᠢᠴᠢᠭᠡᠰᠦ ᠶᠢᠨ ᠠᠭᠤᠯᠭ᠎ᠠ ᠬᠢᠭᠡᠳ ᠮᠤᠩᠭᠤᠯ ᠦᠰᠦᠭ ᠤᠨ ᠪᠢᠴᠢᠯᠭᠡ ᠶᠢᠨ ᠲᠢᠭ ᠬᠡᠯᠪᠡᠷᠢ ᠠᠴᠠ ᠦᠵᠡᠪᠡᠯ᠂ ᠮᠤᠩᠭᠤᠯ ᠤᠷᠤᠨ ᠳᠤ ᠪᠤᠷᠬᠠᠨ ᠱᠠᠰᠢᠨ ᠦᠷᠭᠡᠨ ᠢᠶᠠᠷ ᠳᠡᠯᠭᠡᠷᠡᠭᠰᠡᠨ 16 — 17 ᠳ᠋ᠤᠭᠠᠷ ᠵᠠᠭᠤᠨ ᠤ ᠦᠶ᠎ᠡ ᠳᠤ ᠬᠤᠯᠪᠤᠭᠳᠠᠵᠤ ᠪᠤᠢ ᠭᠡᠵᠦ ᠪᠢᠳᠡ ᠠᠩᠬ᠎ᠠ ᠠᠯᠬᠤᠮ ᠮᠠᠭᠠᠳᠯᠠᠵᠤ ᠪᠠᠶᠢᠨ᠎ᠠ︾ ᠭᠡᠵᠦ ᠤᠶᠤᠨ ᠫᠷᠤᠹᠧᠰᠰᠤᠷ ᠬᠡᠯᠡᠵᠦ ᠪᠠᠶᠢᠯ᠎ᠠ᠃    ᠲᠤᠰ ᠤᠳᠠᠭᠠᠨ ᠤ ᠪᠠᠶᠢᠴᠠᠭᠠᠯᠲᠠ ᠳᠤ ᠲᠤᠰ ᠰᠤᠷᠭᠠᠭᠤᠯᠢ ᠶᠢᠨ ᠮᠤᠩᠭᠤᠯ ᠰᠤᠳᠤᠯᠤᠯ ᠤᠨ ᠳᠡᠭᠡᠳᠦ ᠰᠤᠷᠭᠠᠭᠤᠯᠢ ᠶᠢᠨ ᠳᠡᠳ᠋ ᠰᠤᠳᠤᠯᠤᠭᠠᠴᠢ᠂ ᠦᠪᠡᠷᠳᠡᠭᠡᠨ ᠵᠠᠰᠠᠬᠤ ᠤᠷᠤᠨ ᠤ ︽ᠦᠪᠦᠷ ᠮᠤᠩᠭᠤᠯ ᠤᠨ ᠭᠠᠵᠠᠷ ᠤᠨ ᠨᠡᠷ᠎ᠡ ᠶᠢᠨ ᠰᠤᠶᠤᠯ ᠰᠤᠳᠤᠯᠤᠯ︾ ᠳᠦᠰᠦᠯ ᠤᠨ ᠤᠯᠠᠭᠠᠨᠴᠠᠪ ᠬᠤᠲᠠ ᠶᠢᠨ ᠳᠤᠭᠤᠢᠢᠯᠠᠩ ᠤᠨ ᠭᠡᠰᠢᠭᠦᠨ ᠳᠤᠷᠠᠰᠬᠠᠯᠲᠤ ᠪᠠᠭᠰᠢ ᠤᠷᠤᠯᠴᠠᠵᠤ᠂ ᠲᠡᠳᠡ ᠳᠡᠭᠡᠷ᠎ᠡ ᠳᠤᠷᠠᠳᠤᠭᠰᠠᠨ ᠤᠢᠢᠭᠤᠷᠵᠢᠨ ᠮᠤᠩᠭᠤᠯ ᠦᠰᠦᠭ ᠤᠨ ᠬᠠᠳᠠᠨ ᠪᠢᠴᠢᠭᠡᠰᠦ ᠠᠴᠠ ᠭᠠᠳᠠᠨ᠎ᠠ ᠪᠠᠰᠠ ᠲᠦᠪᠡᠳ ᠦᠰᠦᠭ ᠤᠨ ᠬᠠᠳᠠᠨ ᠪᠢᠴᠢᠭᠡᠰᠦ ᠪᠠ ᠬᠠᠳᠠᠨ ᠵᠢᠷᠤᠭ᠂ ᠪᠤᠷᠬᠠᠨ ᠱᠠᠰᠢᠨ ᠤ ᠲᠡᠮᠲᠡᠭ ᠤᠳ ᠢ ᠤᠯᠠᠨ ᠢᠯᠡᠷᠡᠭᠦᠯᠦᠭᠰᠡᠨ ᠪᠠᠶᠢᠨ᠎ᠠ᠃ ᠡᠳᠡᠭᠡᠷ ᠮᠤᠩᠭᠤᠯ᠂ ᠲᠦᠪᠡᠳ ᠦᠰᠦᠭ ᠤᠨ ᠬᠠᠳᠠᠨ ᠪᠢᠴᠢᠭᠡᠰᠦ ᠬᠢᠭᠡᠳ ᠬᠠᠳᠠᠨ ᠵᠢᠷᠤᠭ ᠤᠳ ᠤᠨ ᠢᠯᠡᠷᠡᠭᠦᠯᠦᠯᠲᠡ ᠨᠢ ᠤᠢᠢᠷ᠎ᠠ ᠶᠢᠨ ᠵᠢᠯ ᠳᠤ ᠮᠠᠨ ᠤ ᠤᠷᠤᠨ ᠠᠴᠠ ᠰᠢᠨ᠎ᠡ ᠪᠠᠷ ᠤᠯᠳᠠᠭᠰᠠᠨ ᠬᠠᠳᠠᠨ ᠪᠢᠴᠢᠭᠡᠰᠦ ᠨᠦᠭᠦᠳ ᠤᠨ ᠳᠤᠲᠤᠷᠠᠬᠢ ᠪᠠᠰᠠ ᠨᠢᠭᠡᠨ ᠰᠢᠨ᠎ᠡ ᠢᠯᠡᠷᠡᠭᠦᠯᠦᠯᠲᠡ ᠪᠤᠯᠬᠤ ᠪᠦᠭᠡᠳ ᠵᠠᠷᠢᠮ ᠦᠪᠠᠷᠮᠢᠴᠡ ᠤᠨᠴᠠᠯᠢᠭ ᠢᠶᠠᠷ ᠢᠶᠠᠨ ᠡᠷᠲᠡᠨ ᠤ ᠮᠤᠩᠭᠤᠯ ᠦᠰᠦᠭ ᠪᠢᠴᠢᠭ ᠬᠢᠭᠡᠳ ᠮᠤᠩᠭᠤᠯ ᠰᠤᠷᠪᠤᠯᠵᠢ ᠪᠢᠴᠢᠭ ᠤᠨ ᠰᠤᠳᠤᠯᠭᠠᠨ᠂ ᠮᠤᠩᠭᠤᠯ ᠲᠦᠪᠡᠳ ᠤᠨ ᠰᠤᠶᠤᠯ ᠲᠡᠦᠬᠡ ᠶᠢᠨ ᠰᠤᠳᠤᠯᠭᠠᠨ ᠵᠡᠷᠭᠡ ᠬᠠᠮᠢᠶ᠎ᠠ ᠪᠦᠬᠦᠢ ᠰᠤᠳᠤᠯᠭᠠᠨ ᠤ ᠬᠦᠷᠢᠶᠡᠨ ᠳᠤ ᠴᠣ᠋ ᠰᠢᠨ᠎ᠡ ᠮᠠᠲ᠋ᠧᠷᠢᠶᠠᠯ ᠬᠠᠩᠭᠠᠵᠤ᠂ ᠲᠡᠳᠡ ᠤᠳᠤ ᠨᠡᠩ ᠬᠦᠨᠵᠡᠭᠡᠢ ᠡᠷᠳᠡᠮ ᠰᠢᠨᠵᠢᠯᠡᠭᠡᠨ ᠤ ᠰᠤᠳᠤᠯᠭᠠᠨ ᠢᠶᠠᠨ ᠶᠠᠭ ᠭᠠᠷᠳᠠᠨ ᠱᠠᠯᠠᠪᠳᠠᠭᠤᠯᠵᠤ ᠪᠤᠢ᠃ ᠵᠤᠬᠢᠶᠠᠭᠴᠢ᠄ ᠨᠠᠷᠠᠨᠴᠢᠮᠡᠭ
 
ᠢᠷᠡᠯᠲᠡ᠄ ᠲᠤᠮᠳᠠᠳᠦ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠬᠡᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2