ᠣᠯᠠᠨ ᠲᠦᠮᠡᠨ ᠢ ᠳᠠᠭᠠᠭᠤᠯᠤᠨ ᠰᠠᠶᠢᠨ ᠰᠠᠶᠢᠬᠠᠨ ᠭᠡᠷ ᠣᠷᠣᠨ ᠢᠶᠠᠨ ᠬᠠᠮᠲᠤ ᠪᠠᠷ ᠪᠦᠲᠦᠭᠡᠨ ᠪᠠᠶᠢᠭᠤᠯᠤᠶ᠎ᠠ — ᠪᠦᠬᠦ ᠤᠯᠤᠰ ᠤᠨ ᠬᠥᠳᠡᠯᠮᠦᠷᠢ ᠶᠢᠨ ᠵᠢᠱᠢᠶᠡᠴᠢ  ᠮᠧᠩ ᠰᠠᠨ ᠬᠣ᠋ ᠶᠢ ᠲᠡᠮᠳᠡᠭᠯᠡᠪᠡ
ᠨᠡᠶᠢᠲᠡᠯᠡᠭᠰᠡᠨ ᠴᠠᠭ᠄
2020/12/8
         
    11 ᠰᠠᠷ᠎ᠠ ᠶᠢᠨ 24 ᠤ ᠡᠳᠦᠷ ᠤᠨ ᠦᠳᠡ ᠶᠢᠨ ᠡᠮᠦᠨ᠎ᠡ᠂ ᠪᠦᠬᠦ ᠤᠯᠤᠰ ᠤᠨ ᠬᠥᠳᠡᠯᠮᠦᠷᠢ ᠶᠢᠨ ᠵᠢᠱᠢᠶᠡᠴᠢ ᠪᠠ ᠲᠡᠷᠢᠭᠦᠨ ᠤ ᠠᠵᠢᠯᠲᠠᠨ ᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠨᠢ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠦᠪᠡᠳᠡᠭᠰᠢ ᠶᠡᠭᠡ ᠪᠠᠷ ᠬᠤᠷᠠᠯᠳᠤᠪᠠ᠃ ᠮᠠᠨ ᠤ ᠬᠤᠲᠠ ᠶᠢᠨ ᠳᠥᠷᠪᠡᠳ ᠬᠤᠰᠢᠭᠤᠨ ᠤ ᠪᠠᠶᠠᠨᠴᠣᠭᠲᠤ ᠪᠠᠯᠭᠠᠰᠤᠨ ᠤ  ᠱᠠᠩᠳᠠ ᠭᠠᠴᠠᠭᠠᠨ ᠤ ᠨᠠᠮ ᠤᠨ ᠡᠭᠦᠷ ᠤᠨ ᠱᠦᠵᠢ ᠮᠧᠩ ᠰᠠᠨ ᠬᠤ᠋ ᠨᠦᠬᠦᠷ ᠪᠦᠬᠦ ᠤᠯᠤᠰ ᠤᠨ ᠪᠤᠰᠤᠳ ᠬᠥᠳᠡᠯᠮᠦᠷᠢ ᠶᠢᠨ ᠵᠢᠱᠢᠶᠡᠴᠢ᠂ ᠲᠡᠷᠢᠭᠦᠨ ᠤ ᠠᠵᠢᠯᠲᠠᠳ ᠲᠠᠢ ᠬᠠᠮᠳᠤ ᠪᠠᠷ ᠬᠥᠬᠢᠭᠦᠯᠦᠯ ᠬᠦᠷᠲᠡᠵᠡᠢ᠃ ︽ᠮᠠᠨ ᠤ ᠥᠪᠥᠷ ᠮᠣᠩᠭᠤᠯ ᠤᠨ ᠪᠦᠯᠬᠦᠮ 22 ᠤᠨ ᠡᠳᠦᠷ ᠪᠡᠭᠡᠵᠢᠩ ᠳᠤ ᠬᠦᠷᠴᠦ ᠢᠷᠡᠪᠡ᠃ ᠣᠳᠣ ᠪᠣᠯᠲᠠᠯ᠎ᠠ ᠪᠢ ᠪᠠᠰᠠ ᠲᠤᠩ ᠳᠣᠭᠳᠣᠯᠵᠤ ᠪᠠᠢᠨ᠎ᠠ᠃ ᠡᠨᠡ ᠬᠦ ᠡᠷᠬᠢᠮ ᠳᠡᠭᠡᠳᠦ ᠢᠷᠠᠭᠤ ᠠᠯᠳᠠᠷ ᠪᠣᠯ ᠮᠢᠨᠦᠬᠢ ᠪᠣᠯᠬᠤ ᠪᠠᠷ ᠪᠠᠷᠠᠬᠤ ᠦᠭᠡᠶ ᠪᠠᠰᠠ ᠴᠤ ᠠᠷᠠᠳ ᠣᠯᠠᠨ ᠤ ᠬᠢ ᠶᠤᠮ᠃ ᠮᠧᠩ ᠰᠠᠨ ᠬᠤ᠋ ᠶᠢᠨ ᠴᠢᠷᠠᠶ ᠳᠤ ᠢᠨᠢᠶᠡᠮᠰᠦᠭᠯᠡᠯ ᠪᠢᠯᠬᠠᠵᠤ᠂ ᠪᠠᠶᠠᠷᠯᠠᠭᠰᠠᠨ ᠰᠡᠳᠬᠢᠯᠭᠡ ᠪᠠᠨ ᠢᠯᠡᠳᠬᠡᠨ᠎ᠡ᠃ ᠪᠠᠶᠠᠨᠴᠣᠭᠲᠤ ᠪᠠᠯᠭᠠᠰᠤᠨ ᠤ ᠱᠠᠩᠳᠠ ᠭᠠᠴᠠᠭ᠎ᠠ ᠳᠤ ᠮᠧᠩ ᠰᠠᠨ ᠬᠤ᠋ ᠭᠡᠳᠡᠭ ᠨᠡᠷ᠎ᠡ ᠶᠢ ᠳᠤᠷᠠᠳᠬᠤ ᠳᠤ ᠮᠡᠳᠡᠬᠦ ᠦᠭᠡᠢ ᠬᠦᠮᠦᠨ ᠪᠠᠶᠢᠬᠤ ᠦᠭᠡᠢ᠃ ᠤᠴᠢᠷ ᠨᠢ ᠣᠯᠠᠨ ᠤ ᠨᠢᠳᠦᠨ ᠳᠤ᠄ ᠡᠨᠡ ᠵᠢᠯ 51 ᠨᠠᠰᠤᠲᠠᠶ ᠮᠧᠩ ᠰᠠᠨ ᠬᠣ᠋ ᠪᠣᠯ ᠪᠠᠶᠠᠨᠴᠣᠭᠲᠤ ᠪᠠᠯᠭᠠᠰᠤᠨ ᠤ  ᠱᠠᠩᠳᠠ ᠭᠠᠴᠠᠭᠠᠨ ᠤ ᠨᠠᠮ ᠤᠨ ᠡᠭᠦᠷ ᠤᠨ ᠱᠦᠵᠢ ᠪᠣᠯᠬᠤ ᠪᠥᠭᠡᠳ ᠪᠠᠰᠠ ᠴᠤ ᠣᠯᠠᠨ ᠲᠦᠮᠡᠨ ᠢ ᠳᠠᠭᠠᠭᠤᠯᠤᠨ ᠶᠠᠳᠠᠭᠤ ᠠᠴᠠ ᠠᠩᠭᠢᠵᠢᠷᠠᠭᠤᠯᠤᠨ ᠴᠢᠨᠡᠭᠡᠯᠡᠭᠵᠢᠭᠦᠯᠬᠦ ︽ᠳᠠᠭᠠᠭᠤᠯᠤᠭᠴᠢ︾ ᠪᠣᠯᠤᠨ᠎ᠠ᠃ 1990 ᠣᠨ ᠳᠤ᠂ ᠮᠧᠩ ᠰᠠᠨ ᠬᠤ᠋ ᠭᠤᠷᠪᠠᠨ ᠵᠢᠯ ᠤᠨ ᠴᠡᠷᠢᠭ ᠤᠨ ᠠᠯᠪᠠ ᠠᠴᠠ ᠬᠠᠯᠠᠭᠳᠠᠭᠰᠠᠨ ᠳᠤ ᠳᠥᠷᠪᠡᠳ ᠬᠤᠰᠢᠭᠤᠨ ᠳᠤ ᠢᠷᠡᠵᠤ ᠮᠠᠯ ᠠᠵᠤ ᠠᠬᠤᠶ ᠶᠢᠨ ᠦᠢᠯᠡᠳᠪᠦᠷᠢᠯᠡᠯ ᠤᠨ ᠠᠵᠢᠯ ᠬᠢᠪᠡ᠃ ᠭᠡᠲᠡᠯ᠎ᠡ᠂ ᠳᠠᠭᠠᠭᠠᠴᠠ ᠠᠴᠠ ᠬᠡᠲᠦᠷᠡᠭᠦᠯᠦᠨ ᠮᠠᠯ ᠬᠠᠷᠢᠭᠤᠯᠬᠤ ᠪᠠ ᠪᠠᠶᠢᠭᠠᠯᠢ ᠶᠢᠨ ᠭᠠᠮᠰᠢᠭ ᠣᠯᠠᠨ ᠡᠭᠦᠰᠳᠡᠭ ᠵᠡᠷᠭᠡ ᠰᠢᠯᠲᠠᠭᠠᠨ ᠠᠴᠠ ᠪᠣᠯᠵᠤ᠂ ᠦᠩᠭᠡᠷᠡᠭᠰᠡᠨ ᠤ ᠪᠠᠶᠠᠨ ᠲᠠᠩᠰᠤᠭ ᠲᠠᠯ᠎ᠠ ᠨᠤᠲᠤᠭ ᠠᠲᠠᠷᠰᠢᠵᠤ᠂ ᠮᠠᠯᠴᠢᠳ ᠤᠨ ᠮᠠᠯ ᠠᠵᠤ ᠠᠬᠤᠶ ᠶᠢᠨ ᠣᠷᠣᠯᠭ᠎ᠠ ᠶᠢᠨ ᠨᠡᠮᠡᠭᠳᠡᠯ ᠵᠢᠯ ᠳᠠᠷᠠᠭᠠᠯᠠᠨ ᠪᠠᠭᠠᠰᠪᠠ᠃ ︽ᠲᠡᠷᠡ ᠦᠶ᠎ᠡ ᠳᠤ᠂ ᠪᠠᠰᠠ ᠬᠥᠮᠦᠨ ᠤ ᠵᠣᠷᠢᠭᠤᠳᠠ ᠡᠪᠳᠡᠭᠳᠡᠯ ᠠᠴᠠ ᠲᠠᠯ᠎ᠠ ᠨᠤᠲᠤᠭ ᠤᠨ ᠠᠮᠢ ᠠᠬᠤᠶ ᠶᠢᠨ ᠣᠷᠴᠢᠨ ᠨᠥᠬᠦᠴᠡᠯ ᠲᠦᠢᠯ ᠤᠨ ᠬᠡᠪᠡᠷᠡᠭ ᠪᠤᠯᠵᠤ᠂ ᠬᠠᠯᠴᠠᠭᠠᠶ ᠴᠢᠯᠠᠭᠤ ᠭᠠᠵᠠᠷ ᠰᠠᠶ ᠦᠭᠡᠶ ᠬᠠᠷᠠᠭᠳᠠᠨ᠎ᠠ᠂ ᠡᠯᠡᠰᠦᠨ ᠰᠢᠭᠤᠷᠭ᠎ᠠ ᠨᠡᠩ ᠴᠤ ᠲᠩᠷᠢ ᠭᠠᠵᠠᠷ ᠢ ᠪᠦᠷᠬᠦᠬᠦᠯᠦᠨ᠎ᠡ ᠁︾ ᠭᠡᠵᠦ ᠶᠡᠷᠡᠭᠡᠳ ᠣᠨ ᠳᠤ ᠲᠠᠯ᠎ᠠ ᠨᠤᠲᠤᠭ ᠡᠯᠡᠰᠦᠷᠬᠡᠭᠵᠢᠵᠦ ᠮᠠᠭᠤᠳᠠᠭᠰᠠᠨ ᠪᠠᠶᠢᠳᠠᠯ ᠢ ᠶᠠᠷᠢᠪᠠ᠃ 1997 ᠣᠨ ᠳᠤ ᠮᠧᠩ ᠰᠠᠨ ᠬᠤ᠋ ᠬᠤᠨᠢ ᠲᠡᠵᠢᠭᠡᠭᠰᠡᠨ ᠲᠤᠷᠰᠢᠯᠭ᠎ᠠ ᠲᠠᠢ᠂  ᠵᠠᠯᠠᠭᠤ ᠨᠠᠰᠤ ᠪᠠ ᠭᠠᠪᠰᠢᠭᠠᠶᠢᠯᠠᠬᠤ ᠬᠦᠴᠦᠨ ᠲᠠᠢ ᠪᠠᠶᠢᠭᠰᠠᠨ ᠠᠴᠠ᠂ ᠨᠠᠮ ᠤᠨ ᠭᠡᠰᠢᠭᠦᠨ ᠤ ᠲᠠᠭᠠᠭᠤᠯᠤᠭᠴᠢ ᠦᠢᠯᠡᠳᠦᠯ ᠨᠢ ᠨᠡᠯᠢᠶᠡᠳ ᠢᠯᠡᠷᠬᠡᠶ ᠪᠣᠯᠵᠣ᠂ ᠲᠡᠭᠦᠨ ᠢ ᠭᠠᠴᠠᠭᠠᠨ ᠤ ᠮᠠᠯᠴᠢᠳ ᠬᠠᠮᠲᠤ ᠪᠠᠷ ᠱᠠᠩᠳᠠ ᠭᠠᠴᠠᠭᠠᠨ ᠤ ᠨᠠᠮ ᠤᠨ ᠡᠭᠦᠷ ᠤᠨ ᠳᠡᠳ᠋ ᠱᠦᠵᠢ ᠪᠠᠷ ᠰᠤᠩᠭᠤᠵᠤ᠂ ᠰᠡᠭᠦᠯᠡᠷ ᠨᠢ ᠪᠠᠰᠠ ᠱᠠᠩᠳᠠ ᠭᠠᠴᠠᠭᠠᠨ ᠤ ᠵᠥᠪᠯᠡᠯ ᠤᠨ ᠡᠷᠬᠢᠯᠡᠭᠴᠢ ᠪᠠ ᠨᠠᠮ ᠤᠨ ᠡᠭᠦᠷ ᠤᠨ ᠱᠦᠵᠢ ᠶᠢᠨ ᠲᠤᠰᠢᠶᠠᠯ ᠢ ᠡᠭᠦᠷᠭᠡᠯᠡᠪᠡ᠃ ᠨᠠᠮ ᠤᠨ ᠡᠭᠦᠷ ᠤᠨ ᠱᠦᠵᠢ ᠪᠣᠯᠤᠭᠰᠠᠨ ᠠᠴᠠ ᠨᠠᠰᠢ᠂ ᠲᠡᠷᠡ ᠨᠠᠷᠢᠨ ᠨᠢᠮᠪᠠᠶ᠂ ᠯᠠᠪᠳᠠᠭᠤᠨ ᠪᠠᠲᠤᠲᠠᠶ ᠠᠵᠢᠯᠯᠠᠵᠤ᠂ ᠪᠣᠳᠠᠲᠤ ᠠᠵᠢᠯᠯᠠᠭ᠎ᠠ ᠪᠠᠷ ᠢᠶᠠᠨ ᠡᠷᠭᠢᠨ ᠲᠣᠭᠤᠷᠢᠨ ᠤ ᠬᠥᠮᠦᠰ ᠢ ᠳᠣᠭᠳᠣᠯᠤᠭᠤᠯᠤᠨ ᠨᠥᠯᠥᠭᠡᠯᠡᠵᠦ᠂ ᠣᠷᠭᠢᠯᠤᠮ᠎ᠠ ᠬᠠᠯᠠᠭᠤᠨ ᠰᠡᠳᠬᠢᠯᠭᠡ ᠪᠠᠷ ᠤᠭ ᠰᠠᠨᠠᠭ᠎ᠠ ᠪᠠ ᠡᠭᠦᠷᠭᠡ ᠬᠠᠷᠢᠭᠤᠴᠠᠯᠭ᠎ᠠ ᠪᠠᠨ ᠦᠢᠯᠡᠳᠦᠯᠭᠡᠵᠢᠭᠦᠯᠵᠦ ᠪᠠᠶᠢᠪᠠ᠃ ᠲᠡᠷᠡ᠄ ︽ᠴᠡᠷᠢᠭ ᠪᠣᠯᠤᠭᠰᠠᠨ ᠠᠩᠬᠠᠨ ᠤ ᠡᠳᠦᠷ ᠲᠡᠭᠡᠨ ᠪᠢᠳᠡ ᠠᠷᠠᠳ ᠲᠦᠮᠡᠨ ᠳᠤ  ᠦᠢᠯᠡᠴᠢᠯᠡᠬᠦ ᠬᠡᠷᠡᠭᠳᠠᠢ ᠭᠡᠳᠡᠭ ᠢ ᠮᠡᠳᠡᠵᠤ᠂ ᠣᠳᠣ ᠣᠷᠣᠨ ᠨᠤᠲᠤᠭ ᠲᠤ ᠪᠤᠴᠠᠵᠤ ᠢᠷᠡᠭᠰᠡᠨ ᠪᠣᠯᠬᠤᠷ ᠴᠡᠷᠢᠭ ᠠᠩᠭᠢ ᠶᠢᠨ ᠰᠢᠯᠢᠳᠡᠭ ᠰᠤᠷᠲᠠᠯ ᠢᠶᠠᠨ ᠨᠡᠩ ᠪᠠᠳᠠᠷᠠᠭᠤᠯᠬᠤ ᠬᠡᠷᠡᠭᠲᠡᠶ᠃ ᠣᠯᠠᠨ ᠲᠦᠮᠡᠨ ᠢ ᠳᠠᠭᠠᠭᠤᠯᠤᠨ ᠬᠠᠮᠲᠤ ᠪᠠᠷ ᠪᠠᠶᠠᠵᠢᠨ᠂ ᠠᠮᠢ ᠠᠬᠤᠶ ᠶᠢᠨ ᠣᠷᠴᠢᠨ ᠲᠣᠭᠤᠷᠢᠨ ᠤ ᠤᠯᠠᠮ ᠨᠢᠭᠡ ᠠᠯᠬᠤᠮ ᠮᠠᠭᠤᠳᠠᠬᠤ ᠶᠢ ᠬᠤᠷᠢᠭᠯᠠᠵᠤ᠂ ᠮᠠᠯ ᠠᠵᠤ ᠠᠬᠤᠶ ᠶᠢᠨ ᠦᠷᠭᠦᠯᠵᠢᠯᠡᠨ ᠬᠥᠭᠵᠢᠬᠦ ᠶᠢ ᠪᠠᠲᠤᠯᠠᠬᠤ ᠶᠢᠨ ᠲᠥᠯᠥᠭᠡ᠂ ᠲᠡᠷᠡ ᠭᠠᠴᠠᠭ᠎ᠠ ᠶᠢᠨ ᠳᠠᠷᠤᠭ᠎ᠠ ᠪᠠᠶᠢᠭᠰᠠᠨ ᠬᠤᠭᠤᠴᠠᠭᠠᠨ ᠳᠠᠭᠠᠨ ᠦᠷᠭᠦᠯᠵᠢ ᠰᠤᠮᠤ ᠶᠢᠨ ᠵᠠᠰᠠᠭ ᠤᠨ ᠣᠷᠳᠣᠨ ᠲᠠᠢ ᠢᠳᠡᠪᠬᠢᠲᠡᠶ ᠬᠠᠮᠵᠢᠯᠴᠠᠨ᠎ᠠ᠃ ᠪᠦᠬᠦ ᠭᠠᠴᠠᠭᠠᠨ ᠤ ᠬᠡᠪᠴᠢᠶᠡᠨ ᠳᠤ ᠨᠤᠲᠤᠭ ᠪᠡᠯᠴᠢᠭᠡᠷ ᠢ ᠰᠠᠶᠢᠵᠢᠷᠠᠭᠤᠯᠬᠤ ᠪᠠ ᠡᠯᠡᠰᠦᠷᠬᠡᠭᠵᠢᠯ ᠢ ᠵᠠᠰᠠᠬᠤ ᠠᠵᠢᠯ ᠢ ᠥᠷᠨᠢᠭᠦᠯᠦᠨ᠎ᠡ᠃ ︽ᠬᠡᠳᠦ᠋ᠢᠪᠡᠷ ᠵᠠᠰᠠᠯᠲᠠ ᠶᠢᠨ ᠠᠵᠢᠯ ᠵᠢᠭᠠᠬᠠᠨ ᠦᠷ᠎ᠡ ᠪᠦᠲᠦᠮᠵᠢ ᠣᠯᠤᠭᠰᠠᠨ ᠪᠣᠯᠪᠠᠴᠤ᠂ ᠭᠡᠪᠡᠴᠦ ᠮᠠᠯ ᠤᠨ ᠲᠤᠭ᠎ᠠ ᠲᠣᠯᠣᠭᠠᠶ ᠨᠢ ᠬᠢᠵᠠᠭᠠᠷ ᠦᠭᠡᠶ ᠨᠡᠮᠡᠭᠳᠡᠭᠰᠡᠨ ᠠᠴᠠ ᠪᠡᠯᠴᠢᠭᠡᠷ ᠨᠢ ᠠᠮᠷᠬᠠᠨ ᠰᠡᠷᠭᠦᠵᠦ ᠴᠢᠳᠠᠬᠤ ᠦᠭᠡᠶ ᠪᠠᠶᠢᠪᠠ᠃ ᠦᠷ᠎ᠡ ᠳ᠋ᠦᠩ ᠨᠢ ᠵᠢᠯ ᠵᠢᠯ ᠵᠠᠰᠠᠯᠲᠠ ᠬᠢᠵᠦ᠂ ᠵᠢᠯ ᠵᠢᠯ ᠦᠷ᠎ᠡ ᠠᠰᠢᠭ ᠣᠯᠵᠤ ᠴᠢᠳᠠᠬᠤ ᠦᠭᠡᠶ ᠪᠣᠯᠪᠠ᠃︾ ᠭᠡᠵᠦ ᠮᠧᠩ ᠰᠠᠨ ᠬᠤ᠋ ᠠᠷᠭ᠎ᠠ ᠪᠤᠰᠤ ᠬᠡᠯᠡᠪᠡ᠃ 2003 ᠣᠨ ᠳᠤ ᠬᠦᠨᠳᠦ ᠨᠣᠴᠢᠲᠠᠶ ᠭᠠᠩ ᠬᠠᠭᠰᠠᠷᠠᠭᠠᠨ ᠠᠴᠠ ᠪᠣᠯᠵᠤ ᠭᠠᠴᠠᠭᠠᠨ ᠤ ᠭᠤᠷᠪᠠᠨ ᠤ ᠨᠢᠭᠡ ᠬᠤᠪᠢ ᠶᠢᠨ ᠮᠠᠯᠴᠢᠳ ᠴᠥᠮ ᠣᠷᠣᠰᠢᠨ ᠠᠮᠢᠳᠤᠷᠠᠵᠤ ᠪᠠᠶᠢᠭ᠎ᠠ ᠮᠠᠯᠵᠢᠬᠤ ᠣᠷᠣᠨ ᠠᠴᠠ ᠰᠠᠯᠵᠤ ᠬᠤᠲᠠ ᠣᠷᠣᠵᠤ ᠬᠥᠯᠥᠰᠥᠨ ᠠᠵᠢᠯ ᠬᠢᠬᠦ ᠰᠣᠩᠭᠤᠯᠲᠠ ᠬᠢᠪᠡ᠃ ᠬᠠᠲᠠᠭᠤ ᠰᠢᠷᠦᠭᠦᠨ ᠪᠣᠳᠠᠲᠤ ᠪᠠᠶᠢᠳᠠᠯ ᠳᠤ᠂ ︽ᠠᠮᠢ ᠠᠬᠤᠶ ᠶᠢᠨ ᠣᠷᠴᠢᠨ ᠲᠣᠭᠤᠷᠢᠨ ᠢ ᠰᠠᠶᠢᠵᠢᠷᠠᠭᠤᠯᠬᠤ ᠦᠭᠡᠶ ᠪᠣᠯ ᠥᠨᠢ ᠡᠭᠦᠷᠢᠳᠡ ︿ᠲᠤᠭ᠎ᠠ ᠬᠡᠮᠵᠢᠶ᠎ᠡ ᠤᠯᠠᠨ ᠦᠷ᠎ᠡ ᠠᠰᠢᠭ ᠠᠨᠠᠶ﹀ ᠭᠡᠬᠦ ᠬᠠᠴᠢᠨ ᠵᠢᠭᠲᠡᠶ ᠴᠠᠭᠠᠷᠢᠭ ᠠᠴᠠ ᠭᠠᠷᠴᠤ ᠴᠢᠳᠠᠬᠤ ᠦᠭᠡᠶ ᠶᠤᠮ᠃ ᠡᠶᠢᠮᠦ ᠠᠴᠠ᠂ ᠪᠢ ᠲᠡᠵᠢᠭᠡᠨ ᠦᠷᠡᠵᠢᠭᠦᠯᠬᠦ ᠰᠢᠨ᠎ᠡ ᠵᠠᠮ ᠢ ᠰᠦᠪᠡᠭᠴᠢᠯᠡᠬᠦ ᠪᠠᠷ ᠲᠣᠭᠲᠠᠪᠠ︕︾  ᠃ 2005 ᠣᠨ ᠳᠤ᠂ ᠮᠧᠩ ᠰᠠᠨ ᠬᠤ᠋ ᠵᠢᠩᠬᠢᠨᠢ ᠪᠠᠷ ︽ᠥᠭᠡᠷᠡᠴᠢᠯᠡᠯᠲᠡ︾ ᠶᠢᠨ ᠳᠠᠷᠤᠭᠤᠯ ᠢ ᠳᠠᠷᠤᠵᠤ᠂ ᠳ᠋ᠦ᠋ ᠮᠧᠩ ᠤᠨ ᠡᠷᠯᠢᠰᠵᠢᠭᠦᠯᠦᠭᠰᠡᠨ ᠢᠳᠡᠰᠢᠨ ᠬᠤᠨᠢ ᠲᠡᠵᠢᠭᠡᠨ ᠦᠷᠡᠵᠢᠭᠦᠯᠬᠦ ᠵᠠᠭᠪᠤᠷ ᠢ ᠵᠣᠷᠢᠭᠲᠠᠶ ᠪᠠᠷ ᠰᠦᠪᠡᠭᠴᠢᠯᠡᠨ ᠬᠥᠭᠵᠢᠭᠦᠯᠪᠡ᠃ ᠡᠭᠦᠨ ᠠᠴᠠ ᠲᠦᠷᠦᠭᠦᠯᠡᠨ ᠲᠤᠬᠠᠶ ᠶᠢᠨ ᠭᠠᠵᠠᠷ ᠤᠨ ᠬᠤᠨᠢ ᠶᠢ ᠪᠠᠭᠠᠰᠬᠠᠵᠤ᠂ ᠪᠡᠯᠴᠢᠭᠡᠷ ᠰᠡᠯᠭᠦᠨ ᠮᠠᠯᠵᠢᠬᠤ ᠶᠢ ᠬᠡᠷᠡᠭᠵᠢᠭᠦᠯᠦᠨ᠂ ᠴᠢᠨᠠᠷ ᠰᠠᠶᠢᠲᠠᠶ ᠳ᠋ᠦ᠋ ᠪᠥᠸᠧ ᠬᠤᠴᠠ ᠣᠷᠣᠭᠤᠯᠵᠤ᠂ ᠳ᠋ᠦ᠋ ᠮᠧᠩ ᠤᠨ ᠡᠷᠯᠢᠰᠵᠢᠭᠦᠯᠦᠭᠰᠡᠨ ᠢᠳᠡᠰᠢᠨ ᠬᠤᠨᠢ ᠶᠢ ᠬᠦᠭᠵᠢᠭᠦᠯᠪᠡ᠃ ︽ᠮᠠᠨ ᠤ  ᠡᠷᠯᠢᠰᠵᠢᠭᠦᠯᠦᠭᠰᠡᠨ ᠢᠳᠡᠰᠢᠨ ᠬᠤᠨᠢ ᠶᠢ ᠤᠯᠠᠮᠵᠢᠯᠠᠯᠲᠤ ᠬᠤᠨᠢ ᠲᠠᠢ ᠬᠠᠷᠢᠴᠠᠭᠤᠯᠪᠠᠯ᠂ ᠥᠰᠥᠯᠲᠡ ᠶᠢᠨ ᠬᠤᠷᠳᠤᠴᠠ ᠨᠢ ᠲᠦᠷᠭᠡᠨ᠂ ᠠᠷᠠᠴᠢᠯᠠᠨ ᠲᠡᠵᠢᠭᠡᠬᠦ ᠦᠶᠡᠯᠡᠯ ᠤᠨ ᠬᠤᠭᠤᠴᠠᠭ᠎ᠠ ᠨᠢ ᠣᠬᠤᠷ᠂ ᠭᠠᠳᠠᠭᠰᠢ ᠭᠠᠷᠭᠠᠬᠤ ᠡᠷᠭᠢᠯᠲᠡ ᠶᠢᠨ ᠬᠤᠷᠳᠤᠴᠠ ᠨᠢ ᠲᠦᠷᠭᠡᠨ ᠪᠠᠶᠢᠳᠠᠭ᠃ ᠡᠶᠢᠮᠦᠷᠬᠦᠦ ᠬᠤᠨᠢ ᠲᠡᠵᠢᠭᠡᠪᠡᠯ ᠪᠡᠯᠴᠢᠭᠡᠷ ᠤᠨ ᠳᠠᠷᠤᠭᠠᠰᠤ ᠶᠢ ᠬᠥᠩᠭᠡᠷᠡᠭᠦᠯᠵᠦ ᠴᠢᠳᠠᠬᠤ ᠪᠠᠷ ᠪᠠᠷᠠᠬᠤ ᠦᠭᠡᠶ᠂ ᠮᠠᠯᠴᠢᠳ ᠤᠨ  ᠤᠷᠤᠯᠭ᠎ᠠ ᠶᠢ ᠴᠦ ᠨᠡᠮᠡᠭᠳᠡᠭᠦᠯᠵᠦ ᠴᠢᠳᠠᠨ᠎ᠠ ᠭᠡᠵᠤ ᠮᠧᠩ ᠰᠠᠨ ᠬᠤ᠋ ᠬᠡᠯᠡᠪᠡ᠃ ᠰᠢᠨ᠎ᠡ ᠲᠡᠵᠢᠭᠡᠨ ᠦᠷᠡᠵᠢᠭᠦᠯᠬᠦ  ᠠᠷᠭ᠎ᠠ ᠶᠢ ᠬᠡᠷᠡᠭᠯᠡᠭᠰᠡᠨ ᠤ ᠳᠠᠷᠠᠭ᠎ᠠ᠂ ᠳᠠᠷᠠᠭ᠎ᠠ ᠵᠢᠯ ᠳᠤᠨᠢ 300 ᠡᠷᠯᠢᠰᠵᠢᠭᠦᠯᠦᠭᠰᠡᠨ ᠢᠳᠡᠰᠢᠨ ᠬᠤᠨᠢᠨ ᠤ ᠣᠷᠣᠯᠭ᠎ᠠ ᠨᠢ ᠥᠩᠭᠡᠷᠡᠭᠰᠡᠨ ᠤ 600 ᠬᠤᠨᠢ ᠲᠡᠵᠢᠭᠡᠭᠰᠡᠨ ᠣᠷᠣᠯᠭ᠎ᠠ ᠠᠴᠠ ᠪᠠᠰᠠ ᠨᠢᠭᠡ ᠳᠠᠬᠢᠨ ᠥᠨᠳᠥᠷ ᠪᠤᠯᠪᠠ᠃ ᠲᠡᠷᠡ ᠮᠥᠷᠲᠡᠭᠡᠨ ᠬᠠᠮᠤᠭ ᠤᠨ ᠢᠯᠡᠷᠬᠡᠶ ᠬᠤᠪᠢᠷᠠᠯᠲᠠ ᠭᠡᠪᠡᠯ᠂ ᠪᠡᠯᠴᠢᠭᠡᠷ ᠤᠨ ᠡᠪᠡᠰᠦ ᠨᠢ ᠥᠨᠳᠥᠷ ᠨᠢᠭᠲᠠ ᠪᠤᠯᠵᠤ᠂ ᠡᠯᠡᠰᠦᠷᠬᠡᠭᠵᠢᠬᠦ ᠦᠵᠡᠭᠳᠡᠯ ᠴᠦ ᠰᠠᠶᠢᠵᠢᠷᠠᠪᠠ᠃ 2013 ᠣᠨ ᠳᠤ᠂ ᠭᠠᠴᠠᠭᠠᠨ ᠤ ᠮᠠᠯᠴᠢᠳ ᠤᠨ ᠶᠠᠳᠠᠭᠤ ᠠᠴᠠ ᠠᠩᠭᠢᠵᠢᠷᠠᠨ ᠪᠠᠶᠠᠵᠢᠬᠤ ᠬᠦᠰᠡᠯ ᠡᠷᠡᠮᠡᠯᠵᠡᠯ ᠶᠠᠪᠤᠬᠤ ᠲᠤᠲᠤᠮ ᠴᠢᠩᠭᠠᠷᠠᠵᠤ᠂ ᠮᠧᠩ ᠰᠠᠨ ᠬᠤ᠋ ᠴᠠᠭ ᠦᠶ᠎ᠡ ᠶᠢᠨ ᠪᠠᠶᠢᠳᠠᠯ ᠤᠨ ᠬᠥᠭᠵᠢᠯᠲᠡ ᠶᠢ ᠳᠠᠭᠠᠵᠤ᠂ ᠳᠥᠷᠪᠡᠳ ᠬᠤᠰᠢᠭᠤᠨ ᠤ ᠱᠠᠩᠳᠠ ᠭᠠᠴᠠᠭᠠᠨ ᠤ ᠳ᠋ᠦ᠋ ᠪᠥᠸᠧ ᠬᠤᠨᠢ ᠲᠡᠵᠢᠭᠡᠬᠦ ᠲᠤᠰᠬᠠᠶ ᠬᠤᠷᠰᠢᠶ᠎ᠠ ᠶᠢ ᠪᠠᠶᠢᠭᠤᠯᠤᠨ᠂ ᠪᠦᠬᠦ ᠭᠠᠴᠠᠭᠠᠨ ᠤ 80 ᠭᠠᠷᠤᠶ ᠮᠠᠯᠴᠢᠨ ᠡᠷᠦᠬᠡ ᠶᠢᠨ ᠳᠣᠲᠣᠷᠠᠬᠢ 85% ᠨᠢ ᠳ᠋ᠦ᠋ ᠮᠧᠩ ᠢᠳᠡᠰᠢᠨ ᠬᠤᠨᠢ ᠶᠢ ᠲᠡᠵᠢᠭᠡᠵᠦ ᠡᠬᠢᠯᠡᠪᠡ᠃ ᠠᠭᠠᠵᠢᠮ ᠢᠶᠠᠷ ᠭᠠᠴᠠᠭᠠᠨ ᠤ 90% ᠶᠢᠨ ᠨᠤᠲᠤᠭ ᠪᠡᠯᠴᠢᠭᠡᠷ ᠤᠨ ᠳᠠᠷᠤᠯᠲᠠ ᠴᠦ ᠢᠯᠡᠳᠲᠡ ᠪᠠᠭᠠᠰᠴᠤ᠂ ᠨᠤᠲᠤᠭ ᠪᠡᠯᠴᠢᠭᠡᠷ ᠤᠨ ᠡᠯᠡᠰᠦᠷᠬᠡᠭᠵᠢᠬᠦ ᠦᠵᠡᠭᠳᠡᠯ ᠢ ᠠᠩᠬ᠎ᠠ ᠠᠯᠬᠤᠮ ᠬᠤᠷᠢᠭᠯᠠᠨ᠂ ᠥᠷᠭᠡᠨ ᠣᠯᠠᠨ ᠮᠠᠯᠴᠢᠳ ᠤᠨ ᠠᠮᠢᠳᠤᠷᠠᠯ ᠤᠨ ᠬᠢᠷᠢ ᠬᠡᠮᠵᠢᠶ᠎ᠡ ᠢᠯᠡᠳᠲᠡ ᠳᠡᠭᠡᠭᠰᠢᠯᠡᠪᠡ᠃ ︽ᠭᠠᠴᠠᠭᠠᠨ ᠤ ᠶᠠᠳᠠᠭᠤ ᠬᠦᠴᠢᠷᠳᠡᠯᠲᠡᠶ ᠡᠷᠦᠬᠡ ᠪᠠᠶᠠᠨᠪᠠᠭᠠᠲᠤᠷ ᠤᠨ ᠭᠡᠷ ᠲᠤ᠂ ᠡᠷ᠎ᠡ ᠡᠮ᠎ᠡ ᠬᠤᠶᠠᠭᠤᠯᠠ ᠪᠡᠶ᠎ᠡ ᠮᠠᠭᠤᠲᠠᠶ ᠬᠥᠳᠡᠯᠮᠦᠷᠢ ᠬᠦᠴᠦ ᠬᠦᠷᠦᠯᠴᠡᠬᠦ ᠦᠭᠡᠶ᠂ ᠬᠤᠶᠠᠷ ᠬᠦᠦ ᠨᠢ ᠪᠦᠷ ᠵᠡᠮᠳᠡᠭ᠂ ᠣᠷᠣᠨ ᠰᠠᠭᠤᠴᠠ ᠨᠢ ᠨᠤᠷᠠᠵᠤ ᠶᠡᠭᠦᠷᠡᠬᠦ ᠠᠶᠤᠯ ᠲᠠᠢ᠂ ᠵᠥᠪᠬᠡᠨ ᠬᠡᠳᠦᠨ ᠠᠷᠪᠠᠨ ᠬᠤᠨᠢ ᠲᠡᠵᠢᠭᠡᠭᠰᠡᠨ ᠴᠦ ᠪᠦᠬᠦ ᠭᠡᠷ ᠤᠨ ᠬᠥᠮᠦᠰ ᠤᠨ ᠠᠮᠢᠳᠤᠷᠠᠯ ᠢ ᠠᠷᠭᠠᠴᠠᠭᠠᠬᠤ ᠳᠤ ᠬᠦᠷᠦᠯᠴᠡᠬᠦ ᠦᠭᠡᠶ ᠁︾ ᠭᠡᠵᠦ ᠮᠠᠯᠴᠢᠨ ᠤ ᠠᠮᠠᠨ ᠠᠴᠠ ᠪᠠᠶᠢᠳᠠᠯ ᠢ ᠮᠡᠳᠡᠭᠰᠡᠨ ᠤ ᠲᠠᠷᠠᠭ᠎ᠠ᠂ ᠮᠧᠩ ᠰᠠᠨ ᠬᠤ᠋ ᠴᠠᠭ ᠲᠤᠬᠠᠶ ᠳᠤᠨᠢ ᠲᠡᠭᠡᠳᠦ ᠱᠠᠲᠤᠨ ᠤ ᠰᠠᠯᠠᠭ᠎ᠠ ᠮᠥᠴᠢᠷ ᠲᠤ ᠪᠠᠶᠢᠳᠠᠯ ᠢ ᠨᠢ ᠲᠤᠰᠬᠠᠵᠤ᠂ ᠪᠠᠶᠠᠨᠪᠠᠭᠠᠲᠤᠷ ᠲᠤ 40 ᠲᠡᠭᠰᠢ ᠳᠥᠷᠪᠡᠯᠵᠢᠨ ᠮᠧᠲᠷ ᠤᠨ ᠣᠷᠣᠨ ᠰᠠᠭᠤᠴᠠ ᠶᠢ ᠰᠢᠨ᠎ᠡ ᠪᠠᠷ ᠪᠠᠶᠢᠭᠤᠯᠤᠨ᠂ ᠵᠡᠮᠳᠡᠭ ᠬᠦᠮᠦᠨ ᠤ ᠦᠨᠡᠮᠯᠡᠯ ᠢ ᠭᠤᠶᠤᠴᠢᠯᠠᠵᠤ ᠦᠭᠬᠦᠭᠰᠡᠨ ᠢᠶᠠᠷ ᠪᠠᠷᠠᠬᠤ ᠦᠭᠡᠶ᠂ ᠪᠠᠰᠠ ᠲᠡᠮᠡᠴᠡᠨ ᠣᠯᠤᠭᠰᠠᠨ ᠶᠠᠳᠠᠭᠤ ᠶᠢ ᠲᠡᠳᠬᠦᠬᠦ ᠲᠤᠰᠬᠠᠶ ᠪᠡᠯᠡ ᠮᠥᠩᠭᠦ ᠪᠠᠷ  ᠨᠢ ᠲᠡᠭᠦᠨ ᠳᠤ ᠬᠠᠰᠢᠶ᠎ᠠ ᠰᠠᠷᠠᠪᠴᠢ ᠪᠠ ᠡᠪᠡᠰᠦ ᠬᠠᠳᠠᠭᠠᠯᠠᠬᠤ ᠰᠠᠷᠠᠪᠴᠢ ᠪᠠᠶᠢᠭᠤᠯᠵᠤ ᠦᠭᠬᠦᠪᠡ᠃ ᠬᠠᠪᠰᠤᠷᠤᠨ ᠲᠡᠳᠬᠦᠬᠦ ᠪᠠᠷ ᠳᠠᠮᠵᠢᠨ᠂ ᠪᠠᠶᠠᠨᠪᠠᠭᠠᠲᠤᠷ ᠤᠨ ᠨᠢᠭᠡ ᠭᠡᠷ ᠤᠨ ᠬᠥᠮᠦᠰ ᠤᠨ ᠢᠳᠡᠵᠦ ᠡᠮᠦᠰᠬᠦ ᠬᠤᠨᠣᠵᠤ ᠬᠡᠪᠲᠡᠬᠦ ᠵᠡᠷᠭᠡ ᠲᠠᠯ᠎ᠠ ᠪᠠᠷ ᠴᠥᠮ ᠮᠠᠰᠢ ᠶᠡᠭᠡ ᠰᠠᠶᠢᠵᠢᠷᠠᠪᠠ᠃ ᠮᠠᠨ ᠤ ᠮᠧᠩ ᠱᠦᠵᠢ ᠤᠴᠢᠷ ᠶᠠᠪᠤᠳᠠᠯ ᠪᠦᠲᠦᠭᠡᠬᠦ ᠳᠡᠭᠡᠨ᠄ ︽ᠱᠦᠵᠢ ᠪᠣᠯᠤᠭᠰᠠᠨ ᠠᠴᠠ ᠨᠠᠰᠢ᠂ ᠭᠠᠴᠠᠭᠠᠨ ᠤ ᠶᠡᠭᠡ ᠪᠠᠭ᠎ᠠ ᠶᠠᠪᠤᠳᠠᠯ ᠢ ᠬᠤᠶᠢᠨ᠎ᠠ ᠬᠤᠶᠢᠨ᠎ᠠ ᠠᠴᠠ ᠨᠢ ᠰᠢᠢᠳᠪᠦᠷᠢᠯᠡᠵᠤ᠂ ᠡᠨᠡ ᠪᠣᠯ ᠪᠣᠳᠠᠲᠤ ᠶᠠᠪᠤᠳᠠᠯ ᠪᠦᠲᠦᠭᠡᠳᠡᠭ ᠰᠠᠶᠢᠨ ᠱᠦᠵᠢ ᠮᠥᠨ᠃ ᠮᠧᠩ ᠱᠦᠵᠢ ᠪᠠᠶᠢᠪᠠᠯ ᠪᠢᠳᠡ ᠰᠡᠳᠬᠢᠯ ᠰᠠᠨᠠᠭ᠎ᠠ ᠠᠮᠤᠷ ᠪᠣᠯᠤᠨ᠎ᠠ  ᠃  ᠡᠶᠢᠮᠦ ᠰᠠᠶᠢᠨ ᠤᠳᠤᠷᠢᠳᠤᠯᠭ᠎ᠠ ᠪᠠᠶᠢᠬᠤ ᠳᠤ ᠪᠢᠳᠡ ᠶᠠᠭᠠᠬᠢᠵᠤ ᠰᠠᠶᠢᠨ ᠰᠠᠶᠢᠬᠠᠨ ᠠᠮᠢᠳᠤᠷᠠᠵᠤ ᠴᠢᠳᠠᠬᠤ ᠦᠭᠡᠢ ᠪᠤᠶ︕︾ ᠬᠡᠵᠡᠭᠡᠪᠡ᠃ ᠭᠠᠴᠠᠭᠠᠨ ᠤ ᠮᠠᠯᠴᠢᠨ ᠲᠦᠮᠡᠨ ᠤ ᠮᠠᠭᠲᠠᠭᠠᠯ ᠰᠠᠶᠢᠰᠢᠶᠠᠯ ᠤᠨ ᠡᠮᠦᠨ᠎ᠡ ᠮᠧᠩ ᠰᠠᠨ ᠬᠤ᠋ ᠬᠠᠷᠢᠨ ᠪᠣᠷᠣᠭᠵᠢᠭᠤᠨ ᠪᠦᠭᠡᠳ ᠦᠨᠡᠨᠴᠢ ᠴᠠᠭᠠᠪᠤᠷ ᠢᠶᠠᠷ᠄ ︽ᠨᠠᠮ ᠪᠠ ᠠᠷᠠᠳ ᠲᠦᠮᠡᠨ ᠨᠠᠮᠠᠶᠢ ᠢᠳᠡᠭᠡᠭᠰᠡᠨ ᠠᠴᠠ ᠰᠠᠶ᠋ᠢ ᠨᠠᠳᠠ ᠳᠤ ᠡᠨᠡ ᠬᠦ ᠢᠷᠠᠭᠤ ᠠᠯᠳᠠᠷ ᠲᠠᠢ ᠮᠥᠷᠲᠡᠭᠡᠨ ᠬᠠᠲᠠᠭᠤ ᠪᠡᠷᠬᠡ ᠡᠭᠦᠷᠭᠡ ᠶᠢ ᠲᠤᠰᠢᠶᠠᠵᠤ ᠦᠭᠬᠦᠪᠡ᠃ ᠪᠢ ᠪᠣᠯ ᠨᠢᠭᠡᠨ ᠠᠬᠠᠮᠠᠳ ᠴᠡᠷᠢᠭ᠂ ᠪᠠᠰᠠ ᠴᠤ ᠶᠠᠳᠠᠭᠤ ᠠᠴᠠ ᠠᠩᠭᠢᠵᠢᠷᠠᠭᠤᠯᠬᠤ ᠠᠵᠢᠯ ᠤᠨ ᠳᠤᠮᠳᠠᠬᠢ ᠨᠢᠭᠡᠨ ᠰᠢᠨ᠎ᠡ ᠴᠡᠷᠢᠭ ᠮᠥᠨ᠃ ᠮᠢᠨᠦ ᠬᠢᠵᠦ ᠳᠡᠶᠢᠯᠬᠦ ᠠᠵᠢᠯ ᠪᠣᠯ ᠳᠠᠷᠤᠶ ᠥᠪᠡᠷ ᠤᠨ ᠬᠠᠮᠤᠭ ᠶᠡᠭᠡ ᠴᠢᠷᠮᠠᠶᠢᠯᠭ᠎ᠠ ᠪᠠᠷ ᠢᠶᠠᠨ ᠨᠤᠲᠤᠭ ᠤᠨ ᠠᠬ᠎ᠠ ᠳᠡᠭᠦᠦ ᠨᠡᠷ ᠢᠶᠠᠨ ᠳᠠᠭᠠᠭᠤᠯᠤᠨ ᠶᠠᠳᠠᠭᠤ ᠠᠴᠠ ᠠᠩᠭᠢᠵᠢᠷᠠᠭᠤᠯᠤᠨ ᠴᠢᠨᠡᠭᠡᠯᠢᠭᠵᠢᠭᠦᠯᠵᠦ᠂ ᠮᠠᠨ ᠤ ᠰᠠᠶᠢᠨ ᠰᠠᠶᠢᠬᠠᠨ ᠭᠡᠷ ᠣᠷᠣᠨ ᠢᠶᠠᠨ ᠬᠠᠮᠲᠤ ᠪᠠᠷ ᠴᠣᠭᠴᠠᠯᠠᠨ ᠪᠠᠶᠢᠭᠤᠯᠬᠤ ᠶᠠᠪᠤᠳᠠᠯ ᠪᠣᠯᠤᠨ᠎ᠠ᠃ 2016 ᠣᠨ ᠳᠤ᠂ ᠲᠡᠭᠦᠨ ᠤ ᠵᠤᠬᠢᠶᠠᠨ ᠪᠠᠶᠢᠭᠤᠯᠤᠭᠰᠠᠨ ᠱᠠᠩᠳᠠ ᠭᠠᠴᠠᠭᠠᠨ ᠤ ᠳ᠋ᠦ᠋ ᠪᠥᠸᠧ ᠬᠤᠨᠢ ᠲᠡᠵᠢᠭᠡᠨ ᠦᠷᠡᠵᠢᠭᠦᠯᠬᠦ ᠲᠤᠰᠬᠠᠶ ᠬᠤᠷᠰᠢᠶᠠᠵᠢᠯ ᠨᠢ ᠤᠯᠤᠰ ᠤᠨ ᠲᠠᠰ ᠤᠨ ᠵᠢᠱᠢᠶ᠎ᠡ ᠪᠠᠷ ᠦᠨᠡᠯᠡᠭᠳᠡᠵᠦ᠂ ᠮᠧᠩ ᠰᠠᠨ ᠬᠤ᠋ ᠲᠤᠰ ᠬᠥᠮᠦᠨ ᠨᠢ 2013 ᠣᠨ ᠳᠤ ᠪᠦᠬᠦ ᠤᠯᠤᠰ ᠤᠨ ᠪᠡᠭᠡᠵᠢᠩ ᠲᠢᠶᠠᠨᠵᠢᠨ ᠤ ᠡᠯᠡᠰᠦᠨ ᠤ ᠡᠬᠢ ᠶᠢ ᠵᠠᠰᠠᠬᠤ ᠲᠡᠷᠢᠭᠦᠨ ᠤ ᠬᠤᠪᠢ ᠬᠥᠮᠦᠨ ᠢᠶᠠᠷ ᠦᠨᠡᠯᠡᠭᠳᠡᠪᠡ ᠃ 2017 ᠣᠨ ᠳᠤ ᠥᠪᠡᠷᠲᠡᠭᠡᠨ ᠵᠠᠰᠠᠬᠤ ᠣᠷᠣᠨ ᠪᠠ ᠪᠦᠬᠦ ᠬᠤᠲᠠ ᠶᠢᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠲᠡᠷᠢᠭᠦᠨ ᠤ ᠬᠤᠪᠢ ᠬᠥᠮᠦᠨ᠂ ᠤᠯᠠᠭᠠᠨᠴᠠᠪ ᠬᠤᠲᠠ ᠶᠢᠨ ᠬᠥᠳᠡᠯᠮᠦᠷᠢ ᠶᠢᠨ ᠵᠢᠱᠢᠶᠡᠴᠢ ᠪᠠᠷ ᠰᠣᠩᠭᠤᠭᠳᠠᠵᠤ᠂ 2020 ᠣᠨ ᠳᠤ ᠪᠦᠬᠦ ᠤᠯᠤᠰ ᠤᠨ ᠬᠥᠳᠡᠯᠮᠦᠷᠢ ᠶᠢᠨ ᠵᠢᠱᠢᠶᠡᠴᠢ ᠪᠠᠷ ᠦᠨᠡᠯᠡᠭᠳᠡᠪᠡ᠃ ︽ᠪᠦᠬᠦ ᠤᠯᠤᠰ ᠤᠨ ᠬᠥᠳᠡᠯᠮᠦᠷᠢ ᠶᠢᠨ ᠵᠢᠱᠢᠶᠡᠴᠢ ᠪᠣᠯᠤᠭᠰᠠᠨ ᠳᠠᠭᠠᠨ ᠮᠠᠰᠢ ᠠᠵᠢᠳᠠᠢ ᠪᠥᠭᠡᠳ ᠪᠡᠭᠡᠵᠢᠩ ᠳᠤ ᠬᠦᠷᠴᠦ ᠬᠥᠬᠢᠭᠦᠯᠦᠯ ᠬᠦᠷᠲᠡᠭᠰᠡᠨ ᠳᠡᠭᠡᠨ ᠮᠠᠰᠢ  ᠪᠠᠶᠠᠷᠳᠠᠢ ᠪᠠᠶᠢᠨ᠎ᠠ᠃ ᠡᠨᠡ ᠬᠦ ᠢᠷᠠᠭᠤ ᠠᠯᠳᠠᠷ ᠢᠶᠠᠨ ᠡᠷᠭᠦᠵᠦ᠂ ᠪᠢ ᠲᠠᠯᠠᠷᠬᠠᠯ᠂ ᠪᠠᠶᠠᠷ ᠪᠠᠭ᠋ᠠᠳᠤᠯ ᠠᠴᠠ ᠭᠠᠳᠠᠨ᠎ᠠ᠂ ᠨᠡᠩ ᠣᠯᠠᠨ ᠨᠢ ᠡᠭᠦᠷᠭᠡ ᠬᠠᠷᠢᠭᠤᠴᠠᠯᠭ᠎ᠠ ᠪᠠᠨ ᠳᠠᠷᠤᠯᠲᠠ ᠪᠠ ᠬᠥᠳᠡᠯᠭᠡᠬᠦ ᠬᠦᠴᠦᠨ ᠪᠤᠯᠭᠠᠨ᠎ᠠ᠃ ᠮᠧᠩ ᠰᠠᠨ ᠬᠤ᠋ ᠬᠡᠯᠡᠬᠦ ᠳᠡᠭᠡᠨ᠂ ᠠᠮᠵᠢᠯᠲᠠ ᠪᠦᠲᠦᠮᠵᠢ ᠨᠢ ᠣᠯᠠᠨ ᠤ ᠬᠢ᠂ ᠢᠷᠠᠭᠤ ᠠᠯᠳᠠᠷ ᠨᠢ ᠣᠯᠠᠨ ᠲᠦᠮᠡᠨ ᠤ ᠬᠢ ᠶᠤᠮ᠃ ᠬᠤᠶᠢᠰᠢᠳᠠ ᠪᠠᠰᠠ ᠢᠷᠠᠭᠤ ᠠᠯᠳᠠᠷ ᠢᠶᠠᠨ ᠨᠠᠨᠳᠢᠩᠨᠠᠵᠤ᠂ ᠨᠤᠲᠤᠭ ᠤᠨ ᠣᠯᠠᠨ ᠲᠦᠮᠡᠨ ᠤ ᠳᠣᠲᠣᠨᠣ ᠬᠥᠮᠦᠰ ᠢ ᠦᠷᠭᠦᠯᠵᠢᠯᠡᠨ ᠰᠠᠶᠢᠲᠤᠷ ᠬᠢᠵᠦ ᠮᠠᠯ ᠪᠡᠯᠴᠢᠭᠡᠷ ᠢ ᠲᠡᠩᠴᠡᠭᠦᠷᠢᠳᠠᠢ ᠪᠠᠶᠢᠯᠭᠠᠬᠤ ᠬᠥᠭᠵᠢᠯᠲᠡ ᠶᠢᠨ ᠬᠠᠷᠠᠯᠲᠠ ᠶᠢ ᠪᠠᠷᠢᠮᠲᠠᠯᠠᠵᠠᠶ᠃ ᠭᠠᠴᠠᠭᠠᠨ ᠤ ᠮᠠᠯ ᠠᠵᠤ ᠠᠬᠤᠶ ᠶᠢᠨ ᠠᠵᠤ ᠦᠢᠯᠡᠰ ᠤᠨ ᠬᠥᠭᠵᠢᠯᠲᠡ ᠶᠢ ᠦᠨᠡᠨᠬᠦ ᠠᠬᠢᠭᠤᠯᠵᠤ᠂ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠢ ᠡᠪᠦᠷᠯᠡᠨ᠂ ᠨᠤᠲᠤᠭ ᠤᠰᠤ ᠪᠠᠨ ᠳᠠᠭᠠᠭᠤᠯᠤᠨ ᠨᠡᠶᠢᠭᠡᠮ ᠵᠢᠷᠤᠮ ᠤᠨ ᠰᠢᠨ᠎ᠡ ᠮᠠᠯᠵᠢᠬᠤ ᠣᠷᠣᠨ ᠢ ᠪᠦᠲᠦᠭᠡᠨ ᠪᠠᠶᠢᠭᠤᠯᠬᠤ ᠰᠠᠷᠠᠭᠤᠯ ᠳᠠᠷᠳᠠᠩ ᠵᠠᠮ ᠢᠶᠠᠷ ᠵᠠᠮᠨᠠᠪᠠ᠃     ᠢᠷᠡᠯᠳᠡ  ᠄  ᠲᠦᠷᠪᠡᠳ ᠬᠤᠰᠢᠭᠤᠨ ᠤ ᠵᠠᠰᠠᠭ ᠤᠨ ᠤᠷᠳᠤᠨ ᠤ ᠬᠢᠳᠠᠳ ᠰᠦᠯᠵᠢᠶ᠎ᠡ     ᠤᠷᠴᠢᠭᠤᠯᠤᠭᠰᠠᠨ  ᠄ ᠤᠶᠠᠩᠭ᠎ᠠ     ᠲᠡᠪᠰᠢᠭᠦᠯᠦᠭᠴᠢ  ᠄ ᠬᠠᠶᠢᠷ᠎ᠠ
 
ᠢᠷᠡᠯᠲᠡ᠄ ᠲᠦᠷᠪᠡᠳ ᠬᠤᠰᠢᠭᠤᠨ ᠤ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2