ᠱᠢ ᠲᠠᠢ ᠹᠧᠩ ᠲᠦᠷᠪᠡᠳ ᠬᠤᠰᠢᠭᠤᠨ ᠳᠤ ᠬᠦᠨᠵᠡᠬᠡᠶᠢᠷᠡᠨ ᠶᠠᠳᠠᠭᠤ ᠶᠢ ᠲᠡᠳᠬᠦᠨ ᠪᠤᠭᠤᠮᠳᠠ ᠰᠢᠪᠳᠤᠯᠬᠤ ᠠᠵᠢᠯ ᠢ ᠪᠠᠶᠢᠴᠠᠭᠠᠨ ᠵᠢᠯᠤᠭᠤᠳᠤᠪᠠ
ᠨᠡᠶᠢᠲᠡᠯᠡᠭᠰᠡᠨ ᠴᠠᠭ᠄
2020/12/8
     12 ᠰᠠᠷ᠎ᠠ ᠶᠢᠨ 1 ᠤ ᠡᠳᠦᠷ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠱᠦᠵᠢ᠂ ᠠᠷᠠᠳ  ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠩ ᠲᠠᠭᠠᠭᠠᠴᠢᠯᠠᠨ ᠲᠡᠳᠬᠦᠵᠦ ᠪᠠᠶᠢᠭ᠎ᠠ ᠬᠤᠰᠢᠭᠤ ᠰᠢᠶᠠᠨ ᠲᠦᠷᠪᠡᠳ ᠬᠤᠰᠢᠭᠤᠨ ᠳᠤ ᠬᠦᠨᠵᠡᠬᠡᠶᠢᠷᠡᠨ᠂ ᠶᠠᠳᠠᠭᠤ ᠶᠢ ᠲᠡᠳᠬᠦᠨ ᠪᠤᠭᠤᠮᠳᠠ ᠰᠢᠪᠳᠤᠯᠬᠤ ᠠᠵᠢᠯ ᠢ ᠪᠠᠶᠢᠴᠠᠭᠠᠨ ᠵᠢᠯᠤᠭᠤᠳᠴᠦ᠂ ︽ᠪᠤᠭᠤᠮᠳᠠ ᠰᠢᠪᠳᠤᠯᠬᠤ ᠬᠠᠮᠤᠭ ᠡᠴᠦᠰ  ᠤᠨ ᠵᠠᠩᠭᠢᠯᠠᠭ᠎ᠠ ᠶᠢᠨ ᠬᠠᠷᠢᠭᠤᠴᠠᠯᠭ᠎ᠠ ᠪᠠᠨ ᠡᠷᠴᠢᠮᠵᠢᠬᠦᠯᠦᠨ ᠪᠤᠳᠠᠳᠠᠶᠢᠵᠢᠭᠤᠯᠵᠦ᠂ ᠴᠠᠭ ᠢ ᠵᠠᠪᠳᠤᠨ ᠦᠨᠡᠨ ᠪᠤᠳᠠᠳᠠᠢ ᠪᠠᠷ ᠠᠵᠢᠯᠯᠠᠨ᠂ ᠡᠯ᠎ᠡ ᠵᠤᠶᠢᠯ ᠤᠨ ᠠᠵᠢᠯ ᠢᠶᠠᠨ ᠬᠦᠨᠵᠡᠬᠡᠢ ᠰᠠᠶᠢᠳᠦᠷ ᠬᠢᠵᠦ᠂ ᠶᠠᠳᠠᠭᠤ ᠶᠢ ᠲᠡᠳᠬᠦᠨ ᠪᠤᠭᠤᠮᠳᠠ ᠰᠢᠪᠳᠤᠯᠬᠤ ᠰᠢᠪᠳᠤᠷᠭᠠᠨ ᠤ ᠲᠠᠶᠢᠯᠠᠯᠳᠤᠭᠠᠨ ᠢ ᠨᠢᠬᠡ ᠯᠡ ᠠᠮᠢᠰᠬᠤᠭ᠎ᠠ ᠪᠠᠷ ᠴᠤᠬᠢᠨ ᠢᠯᠠᠬᠤ︾ ᠶᠢ ᠴᠢᠩᠭᠠᠳᠬᠠᠪᠠ᠃
12 ᠰᠠᠷ᠎ᠠ   ᠶᠢᠨ 1 ᠤ ᠡᠳᠦᠷ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠩ ᠤᠯᠠᠭᠠᠨᠴᠠᠪ ᠬᠤᠳᠠ ᠶᠢᠨ ᠲᠦᠷᠪᠡᠳ ᠬᠤᠰᠢᠭᠤᠨ ᠤ ᠬᠦᠷᠢᠶᠠᠳᠦ ᠪᠠᠯᠭᠠᠰᠤᠨ ᠤ ᠬᠦᠷᠢᠶᠠᠳᠦ ᠵᠠᠰᠠᠭ ᠵᠠᠬᠢᠷᠭᠠᠨ ᠤ ᠲᠤᠰᠬᠤᠨ ᠬᠦᠷᠢᠶᠠᠳᠦ ᠪᠠᠶᠢᠭᠠᠯᠢᠭ ᠲᠤᠰᠬᠤᠨ ᠢᠶᠠᠷ ᠬᠦᠷᠴᠦ᠂ ᠶᠠᠳᠠᠭᠤ ᠠᠴᠠ ᠠᠩᠭᠢᠵᠢᠷᠠᠭᠰᠠᠨ ᠡᠷᠦᠬᠡ ᠤᠳ ᠢ ᠲᠤᠬᠤᠨᠢᠭᠤᠯᠪᠠ᠃  
12 ᠰᠠᠷ᠎ᠠ   ᠶᠢᠨ 1 ᠤ ᠡᠳᠦᠷ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠩ ᠤᠯᠠᠭᠠᠨᠴᠠᠪ ᠬᠤᠳᠠ ᠶᠢᠨ ᠲᠦᠷᠪᠡᠳ ᠬᠤᠰᠢᠭᠤᠨ ᠤ ᠬᠦᠷᠢᠶᠠᠳᠦ ᠪᠠᠯᠭᠠᠰᠤᠨ ᠤ ᠬᠦᠷᠢᠶᠠᠳᠦ ᠵᠠᠰᠠᠭ ᠵᠠᠬᠢᠷᠭᠠᠨ ᠤ ᠲᠤᠰᠬᠤᠨ ᠤ ᠯᠢᠦ ᠳ᠋ᠣᠣ ᠭᠧᠦ ᠲᠤᠰᠬᠤᠨ ᠢᠶᠠᠷ ᠬᠦᠷᠴᠦ᠂ ᠦᠢᠯᠡᠳᠪᠦᠷᠢᠯᠡᠯ ᠠᠮᠢᠳᠤᠷᠠᠯ ᠢ ᠨᠢ ᠨᠠᠷᠢᠨ ᠤᠶᠢᠯᠠᠭᠠᠪᠠ᠃           ᠱᠢ ᠲᠠᠢ ᠹᠧᠩ ᠡᠩ ᠲᠡᠷᠢᠬᠦᠨ ᠳᠤ ᠬᠦᠷᠢᠶᠠᠳᠦ ᠲᠤᠰᠬᠤᠨ ᠤ ᠶᠠᠳᠠᠭᠤ ᠠᠴᠠ ᠠᠩᠭᠢᠵᠢᠷᠠᠭᠰᠠᠨ ᠡᠷᠦᠬᠡ ᠯᠢᠶᠠᠨ ᠮᠢ ᠱᠤᠸᠠᠨ ᠤ ᠬᠡᠷ ᠲᠤ ᠨᠢ ᠬᠦᠷᠴᠦ᠂ ᠬᠤᠶᠠᠷ ᠨᠠᠰᠤᠳᠠᠨ ᠢ ᠲᠤᠬᠤᠨᠢᠭᠤᠯᠤᠨ᠂ ᠲᠡᠳᠡᠨ ᠤ ᠤᠤᠭᠤᠵᠦ ᠪᠠᠶᠢᠭ᠎ᠠ ᠤᠰᠦ᠂ ᠰᠠᠭᠤᠵᠦ ᠪᠠᠶᠢᠭ᠎ᠠ ᠪᠠᠶᠢᠰᠢᠩ ᠮᠡᠳᠦ ᠶᠢᠨ ᠦᠢᠯᠡᠳᠪᠦᠷᠢᠯᠡᠯ ᠠᠮᠢᠳᠤᠷᠠᠯ ᠤᠨ ᠬᠢᠨᠢ ᠪᠠᠶᠢᠳᠠᠯ ᠢ ᠯᠠᠪᠯᠠᠨ ᠤᠶᠢᠯᠠᠭᠠᠵᠦ᠂ ᠲᠡᠳᠡᠨᠦᠰ ᠲᠠᠢ ᠬᠠᠮᠳᠦ ᠤᠷᠤᠯᠭ᠎ᠠ ᠶᠢ ᠨᠢ ᠬᠠᠷᠭᠤᠭᠤᠯᠤᠨ᠂ ᠶᠠᠳᠠᠭᠤ ᠶᠢ ᠲᠡᠳᠬᠦᠬᠦ ᠠᠵᠢᠯ ᠳᠤ ᠬᠠᠨᠤᠮᠵᠢᠳᠠᠢ ᠪᠠᠶᠢᠭ᠎ᠠ ᠡᠰᠡᠬᠦ ᠶᠢ ᠨᠢ ᠠᠰᠠᠭᠤᠵᠦ᠂ ᠢᠳᠡᠬᠡᠯ ᠵᠤᠷᠢᠭ ᠢᠶᠠᠨ ᠬᠦᠪᠴᠢᠯᠡᠨ ᠠᠵᠢᠯᠴᠢ ᠬᠦᠳᠡᠯᠮᠦᠷᠢᠴᠢ  ᠪᠠᠷ ᠠᠮᠢᠳᠤᠷᠠᠯ ᠢᠶᠠᠨ ᠪᠤᠰᠬᠠᠬᠤ ᠶᠢ ᠨᠢ ᠤᠷᠮᠠᠰᠢᠭᠤᠯᠪᠠ᠃ ᠲᠡᠷᠠᠭ᠎ᠠ ᠨᠢ ᠯᠢᠦ ᠳ᠋ᠣᠣ ᠭᠧᠦ ᠲᠤᠰᠬᠤᠨ ᠤ ᠶᠠᠳᠠᠭᠤ  ᠠᠴᠠ ᠠᠩᠭᠢᠵᠢᠷᠠᠭᠰᠠᠨ ᠡᠷᠦᠬᠡ ᠮᠧᠩ ᠵᠦᠩ ᠵᠦᠩ ᠤᠨ ᠬᠢ ᠪᠠᠷ ᠬᠦᠷᠴᠦ᠂ ᠮᠧᠩ ᠵᠦᠩ ᠵᠦᠩ᠂ ᠸᠠᠩ ᠰᠥᠸᠧ ᠯᠢᠨ᠂ ᠬᠠᠨ ᠰᠢᠶᠠᠩ ᠯᠢᠨ᠂ ᠬᠠᠨ ᠶᠢᠨ ᠯᠥᠩ ᠵᠡᠷᠬᠡ ᠶᠠᠳᠠᠭᠤ ᠬᠦᠴᠢᠷᠳᠠᠯᠳᠠᠢ ᠤᠯᠠᠨ ᠲᠦᠮᠡᠨ ᠯᠦᠭᠡ ᠰᠠᠭᠤᠯᠴᠠᠨ ᠶᠠᠷᠢᠯᠴᠠᠵᠦ᠂ ︽ᠬᠤᠶᠠᠷ ᠲᠤ ᠵᠤᠪᠠᠭ᠋ᠤ ᠦᠭᠡᠢ᠂ ᠭᠤᠷᠪᠠ ᠶᠢ ᠪᠠᠳᠤᠯᠠᠬᠤ︾ ᠵᠢᠴᠢ ᠤᠰᠦ ᠤᠮᠳᠠ᠂ ᠠᠵᠦ ᠦᠢᠯᠡᠰ  ᠤᠨ ᠬᠦᠭᠵᠢᠯᠳᠠ ᠵᠡᠷᠬᠡ ᠪᠠᠶᠢᠳᠠᠯ ᠢ ᠨᠢ ᠨᠠᠷᠢᠨ ᠤᠶᠢᠯᠠᠭᠠᠵᠦ᠂ ᠡᠳᠡᠬᠡᠷ ᠬᠦᠮᠦᠰ ᠤᠨ ᠬᠡᠳᠦᠶᠢᠪᠠᠷ ᠡᠪᠡᠳᠴᠢᠨ᠂ ᠵᠡᠮᠳᠡᠭ ᠠᠴᠠ ᠪᠤᠯᠵᠦ ᠶᠠᠳᠠᠭᠤᠷᠠᠭᠰᠠᠨ ᠪᠤᠯᠪᠠᠴᠦ ᠦᠢᠯᠡᠳᠪᠦᠷᠢᠯᠡᠯ ᠠᠮᠢᠳᠤᠷᠠᠯ ᠤᠨ ᠲᠠᠯ᠎ᠠ ᠪᠠᠷ ᠪᠠᠳᠤᠯᠠᠭ᠎ᠠ ᠲᠠᠢ ᠮᠦᠷᠳᠡᠬᠡᠨ ᠪᠤᠰᠤᠳ ᠲᠤ ᠨᠠᠶᠢᠳᠠᠨ ᠲᠦᠰᠢᠭᠯᠡᠬᠦ ᠦᠭᠡᠢ ᠪᠠᠷ ᠦᠪᠡᠷ ᠢ ᠪᠠᠨ ᠬᠦᠭᠵᠢᠬᠦᠯᠬᠦ ᠤᠷᠮ᠎ᠡ ᠵᠤᠷᠢᠭ ᠬᠦᠢᠴᠡᠳ ᠪᠠᠶᠢᠭ᠎ᠠ ᠶᠢ ᠨᠢ ᠬᠠᠷᠠᠭᠠᠳ᠄ ︽ᠡᠨᠡ ᠵᠢᠯ ᠪᠤᠯ ᠶᠠᠳᠠᠭᠤ ᠠᠴᠠ ᠠᠩᠭᠢᠵᠢᠷᠠᠭᠤᠯᠤᠨ ᠪᠤᠭᠤᠮᠳᠠ ᠰᠢᠪᠳᠤᠯᠬᠤ ᠬᠠᠮᠤᠭ ᠡᠴᠦᠰ ᠤᠨ ᠵᠢᠯ ᠪᠤᠯᠤᠨ᠎ᠠ᠂ ᠮᠦᠨ ᠴᠦ ᠴᠢᠨᠡᠬᠡᠯᠢᠭ ᠨᠡᠶᠢᠬᠡᠮ ᠢ ᠪᠦᠬᠦ ᠲᠠᠯ᠎ᠠ ᠪᠠᠷ ᠪᠦᠳᠦᠬᠡᠨ ᠪᠠᠶᠢᠭᠤᠯᠬᠤ ᠰᠢᠪᠳᠤᠷᠭᠠᠨ ᠤ ᠵᠢᠯ ᠪᠤᠯᠬᠤ ᠶᠤᠮ᠃ ᠲᠡ ᠨᠠᠷ ᠤᠨ ᠶᠠᠳᠠᠭᠤ ᠠᠴᠠ ᠠᠩᠭᠢᠵᠢᠷᠠᠭᠰᠠᠨ ᠠᠴᠠ ᠪᠠᠷᠠᠬᠤ ᠦᠭᠡᠢ᠂ ᠬᠤᠶᠢᠰᠢᠳᠠ ᠶᠢᠨ ᠠᠮᠢᠳᠤᠷᠠᠯ ᠳᠠᠭᠠᠨ ᠢᠳᠡᠬᠡᠯ ᠲᠡᠬᠦᠯᠳᠡᠷ ᠪᠠᠶᠢᠭ᠎ᠠ ᠶᠢ ᠴᠢᠨᠢ ᠬᠠᠷᠠᠭᠠᠳ ᠰᠠᠨᠠᠭ᠎ᠠ ᠠᠮᠤᠷᠠᠯ᠎ᠠ ᠃ ᠵᠤᠯ ᠵᠢᠷᠭᠠᠯᠳᠦ ᠠᠮᠢᠳᠤᠷᠠᠯ ᠢ ᠪᠤᠯ ᠲᠡᠮᠡᠴᠡᠨ ᠤᠯᠳᠠᠭ ᠶᠤᠮ᠂ ᠲᠠ ᠨᠠᠷ ᠲᠦᠷᠦ ᠶᠢᠨ ᠪᠤᠳᠤᠯᠭ᠎ᠠ ᠶᠢᠨ ᠬᠠᠪᠰᠤᠷᠤᠯᠭ᠎ᠠ ᠲᠡᠮᠵᠢᠯᠬᠡ ᠲᠤᠤᠷ᠎ᠠ ᠦᠷᠬᠦᠯᠵᠢᠯᠡᠨ ᠲᠡᠮᠡᠴᠡᠨ ᠴᠢᠷᠮᠠᠶᠢᠵᠦ᠂ ᠶᠠᠳᠠᠭᠤ ᠠᠴᠠ ᠠᠩᠭᠢᠵᠢᠷᠠᠨ ᠴᠢᠨᠡᠬᠡᠯᠢᠭ ᠠᠮᠢᠳᠤᠷᠠᠯ ᠢ ᠡᠳ᠋ᠯᠡᠰᠦᠬᠡᠢ︾ ᠬᠡᠪᠡ᠃ ᠱᠢ ᠲᠠᠢ ᠹᠧᠩ ᠪᠠᠰᠠ ᠲᠤᠬᠠᠢ ᠶᠢᠨ ᠭᠠᠵᠠᠷ ᠤᠨ ᠺᠠᠳ᠋ᠷᠴᠤᠳ ᠲᠤ ᠭᠠᠵᠠᠷ ᠤᠷᠤᠨ ᠳᠠᠭᠠᠨ ᠲᠤᠬᠢᠷᠠᠭᠤᠯᠤᠨ᠂ ᠲᠦᠷᠦ ᠶᠢᠨ ᠪᠤᠳᠤᠯᠭ᠎ᠠ ᠶᠢ ᠨᠠᠷᠢᠯᠢᠭ ᠤᠨᠤᠪᠴᠢᠳᠠᠢ ᠪᠠᠷ ᠬᠡᠷᠡᠭᠵᠢᠬᠦᠯᠵᠦ᠂ ᠪᠦᠬᠦ ᠲᠠᠯ᠎ᠠ ᠪᠠᠷ ᠶᠠᠳᠠᠭᠤ ᠪᠠᠷ ᠠᠩᠭᠢᠵᠢᠷᠠᠭᠤᠯᠬᠤ ᠪᠠ ᠬᠦᠳᠡᠭᠡ ᠲᠤᠰᠬᠤᠨ ᠢ ᠬᠦᠴᠦᠷᠬᠡᠭᠵᠢᠬᠦᠯᠦᠨ ᠮᠠᠨᠳᠤᠭᠤᠯᠬᠤ ᠶᠢ ᠪᠦᠳᠦᠮᠵᠢᠳᠠᠢ ᠵᠤᠬᠢᠴᠠᠯᠳᠤᠭᠤᠯᠬᠤ ᠶᠢ ᠱᠠᠭᠠᠷᠳᠠᠪᠠ᠃
12 ᠰᠠᠷ᠎ᠠ   ᠶᠢᠨ 1 ᠤ ᠡᠳᠦᠷ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠩ ᠤᠯᠠᠭᠠᠨᠴᠠᠪ ᠬᠤᠳᠠ ᠶᠢᠨ ᠲᠦᠷᠪᠡᠳ ᠬᠤᠰᠢᠭᠤᠨ ᠳᠤ ︽ᠲᠦᠷᠪᠡᠳ ᠬᠤᠰᠢᠭᠤᠨ ᠤ ᠶᠠᠳᠠᠭᠤ ᠠᠴᠠ ᠠᠩᠭᠢᠵᠢᠷᠠᠭᠤᠯᠤᠨ ᠪᠤᠭᠤᠮᠳᠠ ᠰᠢᠪᠳᠤᠯᠬᠤ ᠠᠵᠢᠯ ᠤᠨ ᠰᠠᠭᠤᠳᠠᠯ ᠤᠨ ᠬᠤᠷᠠᠯ︾ ᠬᠤᠷᠠᠯᠳᠤᠭᠤᠯᠪᠠ᠃      ᠲᠤᠰ ᠬᠤᠭᠤᠴᠠᠭᠠᠨ ᠳᠤ᠂ ᠱᠢ ᠲᠠᠢ ᠹᠧᠩ ᠰᠠᠭᠤᠳᠠᠯ ᠤᠨ ᠬᠤᠷᠠᠯ ᠡᠷᠬᠢᠯᠡᠨ᠂ ᠲᠦᠷᠪᠡᠳ ᠬᠤᠰᠢᠭᠤᠨ ᠤ ᠨᠠᠮ ᠤᠨ ᠬᠤᠷᠢᠶ᠎ᠠ ᠪᠤᠯᠤᠨ ᠵᠠᠰᠠᠭ ᠤᠨ ᠤᠷᠳᠤᠨ ᠤ ︽ᠪᠦᠬᠦ ᠬᠤᠰᠢᠭᠤᠨ ᠤ ᠶᠠᠳᠠᠭᠤ ᠠᠴᠠ ᠠᠩᠭᠢᠵᠢᠷᠠᠭᠤᠯᠤᠨ ᠪᠤᠭᠤᠮᠳᠠ ᠰᠢᠪᠳᠤᠯᠬᠤ ᠠᠵᠢᠯ ᠢ ᠠᠬᠢᠭᠤᠯᠤᠭᠰᠠᠨ ᠪᠠᠶᠢᠳᠠᠯ ᠤᠨ ᠲᠤᠬᠠᠢ ᠮᠡᠳᠡᠬᠦᠯᠦᠯᠳᠠ︾ ᠶᠢ ᠰᠤᠨᠤᠰᠪᠠ᠃ ᠲᠡᠷᠡ ᠄ ᠶᠠᠳᠠᠭᠤ ᠠᠴᠠ ᠠᠩᠭᠢᠵᠢᠷᠠᠭᠤᠯᠤᠨ ᠪᠤᠭᠤᠮᠳᠠ ᠰᠢᠪᠳᠤᠯᠬᠤ ᠠᠵᠢᠯ ᠬᠠᠮᠤᠭ ᠡᠴᠦᠰ ᠤᠨ ᠬᠠᠮᠤᠭ ᠵᠠᠩᠭᠢᠯᠠᠭ᠎ᠠ ᠶᠢᠨ ᠱᠠᠳᠤᠨ ᠳᠤ ᠤᠷᠤᠭᠠᠳ ᠪᠠᠶᠢᠨ᠎ᠠ᠂ ᠤᠯᠠᠮ ᠡᠶᠢᠮᠦ ᠦᠶ᠎ᠠ ᠳᠤ ᠤᠯᠠᠮ ᠬᠦᠩᠭᠡᠪᠴᠢᠯᠡᠵᠦ ᠪᠤᠯᠬᠤ ᠦᠭᠡᠢ᠂ ᠬᠠᠷᠢᠨ ᠦᠷᠬᠦᠯᠵᠢᠯᠡᠨ ᠡᠷᠴᠢ ᠵᠤᠷᠢᠭ ᠢᠶᠠᠨ ᠬᠦᠪᠴᠢᠯᠡᠨ᠂ ᠡᠯ᠎ᠡ ᠲᠠᠯ᠎ᠠ ᠶᠢᠨ ᠰᠢᠪᠳᠤᠷᠭᠠᠨ ᠤ ᠠᠵᠢᠯ ᠢᠶᠠᠨ ᠦᠨᠳᠦᠷ ᠪᠦᠳᠦᠮᠵᠢᠳᠠᠢ ᠲᠠᠭᠤᠰᠬᠠᠵᠦ᠂ ᠶᠠᠳᠠᠭᠤ ᠠᠴᠠ ᠠᠩᠭᠢᠵᠢᠷᠠᠭᠤᠯᠤᠨ ᠪᠤᠭᠤᠮᠳᠠ ᠰᠢᠪᠳᠤᠯᠬᠤ ᠠᠵᠢᠯ ᠤᠨ ᠲᠡᠬᠦᠰ ᠠᠮᠵᠢᠯᠳᠠ ᠶᠢ ᠪᠠᠳᠤᠯᠠᠬᠤ ᠬᠡᠷᠡᠭᠳᠠᠢ᠃ ᠲᠦᠪ ᠤᠨ ᠱᠠᠭᠠᠷᠳᠠᠯᠭ᠎ᠠ ᠪᠠ ᠶᠠᠳᠠᠭᠤ ᠠᠴᠠ ᠠᠩᠭᠢᠵᠢᠷᠠᠬᠤ ᠪᠠᠷᠢᠮᠵᠢᠶ᠎ᠠ ᠶᠢ ᠬᠢᠨᠠᠮᠠᠭᠠᠢ ᠬᠠᠷᠭᠤᠭᠤᠯᠤᠨ᠂ ︽ᠭᠤᠷᠪᠠ ᠶᠢ ᠪᠠᠳᠤᠯᠠᠬᠤ︾ ᠪᠠ ᠤᠰᠦ ᠤᠮᠳᠠ ᠶᠢᠨ ᠲᠤᠬᠠᠢ ᠬᠡᠬᠡᠭᠳᠡᠵᠦ ᠤᠷᠬᠢᠭᠳᠠᠭᠰᠠᠨ ᠵᠤᠶᠢᠯᠡᠰ ᠢ ᠪᠠᠶᠢᠴᠠᠭᠠᠬᠤ ᠠᠵᠢᠯ ᠢ ᠪᠦᠬᠦ ᠲᠠᠯ᠎ᠠ ᠪᠠᠷ ᠦᠷᠨᠢᠬᠦᠯᠵᠦ᠂ ᠶᠠᠳᠠᠭᠤ ᠠᠴᠠ ᠠᠩᠭᠢᠵᠢᠷᠠᠭᠤᠯᠤᠨ ᠪᠤᠭᠤᠮᠳᠠ ᠰᠢᠪᠳᠤᠯᠬᠤ ᠡᠯ᠎ᠡ ᠵᠤᠶᠢᠯ ᠤᠨ ᠠᠰᠠᠭᠤᠳᠠᠯ ᠤᠳ ᠢ ᠲᠤᠶᠢᠯᠪᠤᠷᠢᠳᠠᠢ ᠵᠠᠰᠠᠨ ᠰᠢᠢᠳᠪᠦᠷᠢᠯᠡᠬᠦ ᠶᠢ ᠠᠬᠢᠭᠤᠯᠤᠨ᠂ ᠪᠤᠳᠠᠳᠦ ᠦᠷ᠎ᠡ ᠪᠦᠳᠦᠮᠵᠢ ᠪᠠᠷ ᠶᠡᠰᠦ ᠴᠢᠨᠠᠷ ᠢ ᠪᠠᠳᠤᠯᠠᠬᠤ ᠬᠡᠷᠡᠭᠳᠠᠢ᠃ ᠲᠠᠬᠢᠨ ᠶᠠᠳᠠᠭᠤᠷᠠᠬᠤ ᠶᠢ ᠰᠡᠷᠬᠡᠶᠢᠯᠡᠬᠦ ᠶᠢ ᠲᠤᠪᠤᠶᠢᠮ᠎ᠡ ᠪᠠᠶᠢᠷᠢᠨ ᠳᠤ ᠲᠠᠯᠪᠢᠵᠦ᠂ ᠬᠢᠨᠠᠨ ᠬᠠᠮᠢᠶᠠᠷᠤᠯᠳᠠ ᠪᠠᠨ ᠴᠢᠩᠭᠠᠳᠬᠠᠨ᠂ ᠶᠠᠳᠠᠭᠤ ᠠᠴᠠ ᠲᠤᠭᠳᠠᠪᠤᠷᠢᠳᠠᠢ ᠠᠩᠭᠢᠵᠢᠷᠠᠵᠦ ᠲᠠᠶᠢᠯᠤᠭᠡᠳᠦᠢ ᠪᠠ ᠲᠠᠬᠢᠨ ᠶᠠᠳᠠᠭᠤᠷᠠᠮᠠᠷ ᠪᠠᠶᠢᠭ᠎ᠠ ᠡᠷᠦᠬᠡ ᠤᠳ ᠢ ᠰᠠᠶᠢᠳᠦᠷ ᠠᠩᠬᠠᠷᠤᠨ᠂ ᠠᠵᠦ ᠦᠢᠯᠡᠰ ᠢᠶᠠᠷ ᠶᠠᠳᠠᠭᠤ ᠶᠢ ᠲᠠᠳᠬᠦᠬᠦ ᠬᠢᠬᠡᠳ ᠶᠠᠳᠠᠭᠤ ᠬᠦᠴᠢᠷᠳᠠᠯᠳᠠᠢ ᠬᠦᠮᠦᠰ ᠲᠤ ᠠᠵᠢᠯ ᠤᠯᠭᠤᠬᠤ ᠵᠡᠷᠬᠡ ᠠᠵᠢᠯ ᠢ ᠪᠤᠳᠠᠳᠠᠢ ᠰᠠᠶᠢᠳᠦᠷ ᠬᠢᠵᠦ᠂ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠳᠦᠮᠵᠢ ᠪᠠᠨ ᠤᠯᠠᠮ ᠴᠢᠨᠠᠭᠰᠢᠳᠠ ᠦᠷᠨᠢᠬᠦᠯᠦᠨ ᠪᠠᠬᠢᠵᠢᠬᠦᠯᠬᠦ ᠬᠡᠷᠡᠭᠳᠠᠢ᠃ ︽ᠠᠷᠪᠠᠨ ᠲᠦᠷᠪᠡᠳᠦᠬᠡᠷ ᠲᠠᠪᠤᠨ ᠵᠢᠯ ︾ ᠤᠨ ᠲᠦᠯᠦᠪᠵᠢᠬᠦᠯᠬᠡ ᠶᠢ ᠨᠠᠶᠢᠷᠠᠭᠤᠯᠤᠨ ᠲᠦᠯᠦᠪᠵᠢᠬᠦᠯᠬᠦ ᠠᠵᠢᠯ ᠲᠠᠢ ᠤᠶᠠᠯᠳᠤᠭᠤᠯᠤᠨ᠂ ᠪᠦᠬᠦ ᠲᠠᠯ᠎ᠠ ᠪᠠᠷ ᠶᠠᠳᠠᠭᠤ ᠠᠴᠠ ᠠᠩᠭᠢᠵᠢᠷᠠᠭᠤᠯᠬᠤ ᠪᠤᠯᠤᠨ ᠬᠦᠳᠡᠭᠡ ᠲᠤᠰᠬᠤᠨ ᠢ ᠬᠦᠴᠦᠷᠬᠡᠭᠵᠢᠬᠦᠯᠦᠨ ᠮᠠᠨᠳᠤᠭᠤᠯᠬᠤ ᠶᠢ ᠪᠦᠳᠦᠮᠵᠢᠳᠠᠢ ᠵᠤᠬᠢᠴᠠᠯᠳᠤᠭᠤᠯᠵᠦ᠂ ᠶᠠᠳᠠᠭᠤ ᠶᠢ ᠪᠠᠭᠠᠰᠬᠠᠬᠤ ᠪᠠᠶᠢᠯᠳᠤᠬᠤ ᠪᠤᠳᠤᠯᠭ᠎ᠠ ᠪᠠ ᠠᠵᠢᠯ ᠤᠨ ᠰᠢᠰᠲ᠋ᠧᠮ ᠢ ᠬᠦᠳᠡᠭᠡ ᠲᠤᠰᠬᠤᠨ ᠢ ᠬᠦᠴᠦᠷᠬᠡᠭᠵᠢᠬᠦᠯᠦᠨ ᠮᠠᠨᠳᠤᠭᠤᠯᠬᠤ ᠵᠦᠭ ᠯᠠᠪᠳᠠᠭᠤᠨ ᠢᠶᠠᠷ ᠰᠢᠯᠵᠢᠬᠦᠯᠬᠦ ᠶᠢ ᠠᠬᠢᠭᠤᠯᠬᠤ ᠬᠡᠷᠡᠭᠳᠠᠢ᠃ ᠡᠯ᠎ᠡ ᠵᠤᠶᠢᠯ ᠤᠨ ᠡᠯ᠎ᠡ ᠲᠠᠯ᠎ᠠ ᠶᠢᠨ ᠡᠬᠦᠷᠬᠡ ᠬᠠᠷᠢᠭᠤᠴᠠᠯᠭ᠎ᠠ ᠪᠠᠨ ᠴᠢᠩᠭ᠎ᠠ ᠪᠤᠳᠠᠳᠠᠶᠢᠵᠢᠭᠤᠯᠵᠦ᠂ ᠦᠷᠬᠡᠨ ᠤᠯᠠᠨ ᠺᠠᠳ᠋ᠷᠴᠤᠳ ᠢ ᠵᠢᠯᠤᠭᠤᠳᠤᠨ ᠬᠠᠮᠤᠭ ᠤᠨ ᠵᠠᠩᠭᠢᠯᠠᠭ᠎ᠠ ᠶᠢᠨ ᠲᠠᠪᠠᠭᠠᠨ ᠲᠡᠬᠡᠷ᠎ᠡ ᠤᠯᠠᠮ ᠴᠢᠩᠭ᠎ᠠ ᠤᠯᠠᠮ ᠪᠠᠳᠤᠳᠠᠢ ᠤᠯᠠᠮ ᠨᠠᠷᠢᠯᠢᠭ ᠠᠵᠢᠯᠯᠠᠭᠤᠯᠵᠦ᠂ ᠰᠢᠯᠢᠳᠡᠭ ᠬᠢᠷᠢ ᠪᠦᠳᠦᠮᠵᠢ ᠪᠠᠷ ᠬᠠᠨᠤᠮᠵᠢᠳᠠᠢ ᠰᠢᠯᠭᠠᠯᠳᠠ ᠲᠤᠰᠢᠶᠠᠬᠤ ᠶᠢ ᠬᠦᠰᠡᠶ᠎ᠠ︾ ᠬᠡᠪᠡ᠃      ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠨᠠᠷᠢᠨ ᠪᠢᠴᠢᠭ ᠤᠨ ᠲᠠᠷᠤᠭ᠎ᠠ᠂ ᠤᠷᠤᠨ ᠤ ᠪᠠᠶᠢᠩᠭᠤ ᠶᠢᠨ ᠶᠠᠪᠤᠳᠠᠯ ᠤᠨ ᠲᠡᠳ᠋ ᠲᠠᠷᠢᠬᠦᠯᠡᠭᠴᠢ ᠵᠠᠩ ᠱᠣᠣ ᠴᠦᠨ ᠵᠢᠴᠢ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠳ ᠨᠦᠬᠦᠳ ᠬᠦᠳᠡᠯᠬᠡᠬᠡᠨ ᠳᠤ ᠤᠷᠤᠯᠴᠠᠪᠠ᠃                                  ᠤᠷᠴᠢᠭᠤᠯᠤᠨ ᠲᠡᠪᠰᠢᠬᠦᠯᠦᠭᠰᠡᠨ ᠨᠢ᠄ ᠤᠶᠠᠬᠠᠨ
 
ᠢᠷᠡᠯᠲᠡ᠄ ᠲᠦᠷᠪᠡᠳ ᠬᠤᠰᠢᠭᠤᠨ ᠤ ᠵᠠᠰᠠᠭ ᠤᠨ ᠤᠷᠳᠤᠨ ᠤ ᠬᠢᠳᠠᠳ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2