ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ | ᠵᠣᠷᠢᠭ ᠰᠠᠨᠠᠭ ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ | ᠰᠠᠨᠠᠭ᠎ᠠ ᠶᠢ ᠰᠤᠷᠤᠯᠴᠠᠨ ᠤᠬᠠᠭᠤᠯᠵᠤ᠂ ᠦᠨᠳᠦᠰᠦᠨ ᠬᠠᠤᠯᠢ ᠶᠢᠨ ᠵᠣᠷᠢᠭ ᠰᠠᠨᠠᠭ᠎ᠠ ᠶᠢ ᠪᠠᠳᠠᠷᠠᠭᠤᠯᠤᠨ᠂ | ᠦᠨᠳᠦᠰᠦᠨ ᠬᠠᠤᠯᠢ ᠶᠢᠨ ᠡᠷᠬᠡ ᠰᠦᠷ ᠢ ᠬᠠᠮᠠᠭᠠᠯᠠᠵᠤ᠂ ᠦᠨᠳᠦᠰᠦᠨ ᠬᠠᠤᠯᠢ ᠶᠢ ᠪᠦᠬᠦ ᠲᠠᠯ᠎ᠠ ᠪᠠᠷ | ᠬᠡᠷᠡᠭᠵᠢᠭᠦᠯᠬᠦ ᠶᠢ ᠲᠦᠯᠬᠢᠨ ᠠᠬᠢᠭᠤᠯᠬᠤ ᠵᠢᠨᠲ᠋ᠦ᠋ᠯᠦᠭᠡ᠂ 12 ᠰᠠᠷ᠎ᠠ ᠶᠢᠨ 4 ᠤ ᠡᠳᠦᠷ᠂ ᠳᠥᠷᠪᠡᠳ ᠬᠤᠰᠢᠭᠤ | ᠵᠠᠰᠠᠭ ᠤᠨ ᠣᠷᠳᠣᠨ ᠤ ᠠᠭᠤᠳᠠᠮ ᠲᠠᠯᠠᠪᠠᠶ ᠳᠤ ︽12 · 4︾ ᠤᠯᠤᠰ ᠤᠨ ᠦᠨᠳᠦᠰᠦᠨ ᠬᠠᠤᠯᠢ ᠶᠢᠨ ᠡᠳᠦᠷ | ᠵᠢᠴᠢ ︽ᠦᠨᠳᠦᠰᠦᠨ ᠬᠠᠤᠯᠢ ᠶᠢᠨ ᠤᠬᠠᠭᠤᠯᠭ᠎ᠠ ᠶᠢᠨ ᠭᠠᠷᠠᠭ︾ ᠤᠨ ᠲᠥᠪᠯᠡᠷᠡᠭᠦᠯᠦᠨ ᠤᠬᠠᠭᠤᠯᠬᠤ ᠠᠵᠢᠯᠯᠠᠭ᠎ᠠ ᠶᠢ | ᠡᠬᠢᠯᠡᠭᠦᠯᠪᠡ᠃ | ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ ᠵᠤᠤ | ᠯᠢ ᠭᠦᠸᠧ ᠠᠵᠢᠯᠯᠠᠭ᠎ᠠ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠤ᠂ ᠸᠠᠩ ᠭᠤᠤ ᠺᠦᠢ᠂ ᠰᠦ ᠶᠣᠣ ᠪᠢᠨ᠂ | ᠭᠦᠸᠧ ᠱᠢ ᠫᠢᠨ᠂ ᠴᠧᠩ ᠭᠤᠸᠠᠩ ᠾᠦᠢ᠂ ᠵᠠᠩ ᠰᠢᠤᠸᠠᠢ ᠴᠦᠨ᠂ ᠪᠠᠳᠮᠰᠸᠠ᠂ ᠵᠤᠤ ᠲᠢᠶᠠᠨ ᠺᠤᠸᠠᠨ᠂ ᠠᠯᠳᠠ | ᠵᠡᠷᠭᠡ ᠬᠤᠰᠢᠭᠤᠨ ᠤ ᠤᠳᠤᠷᠢᠳᠤᠯᠭ᠎ᠠ ᠨᠠᠷ ᠲᠤᠰ ᠤᠳᠠᠭᠠᠨ ᠤ ᠠᠵᠢᠯᠯᠠᠭ᠎ᠠ ᠳᠤ ᠣᠷᠣᠯᠴᠠᠪᠠ᠃ ᠵᠠᠰᠠᠭ ᠤᠨ | ᠣᠷᠳᠣᠨ ᠤ ᠳᠡᠳ᠋ ᠬᠤᠰᠢᠭᠤ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠰᠢᠶᠧ ᠶᠢᠨ ᠪᠢᠨ | ᠠᠴᠠ ᠬᠦᠳᠦᠯᠪᠡ᠃ ᠡᠯ᠎ᠡ ᠰᠤᠮᠤ ᠰᠢᠶᠠᠩ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠲᠤᠪᠴᠢᠶ᠎ᠠ ᠪᠣᠯᠤᠨ ᠬᠤᠰᠢᠭᠤᠨ ᠤ ᠰᠢᠭᠤᠳ ᠬᠠᠷᠢᠶ᠎ᠠ ᠬᠡᠰᠡᠭ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠨᠢᠭᠡᠴᠡ ᠶᠢᠨ ᠬᠠᠷᠢᠭᠤᠴᠠᠯᠭᠠᠲᠠᠨ ᠺᠠᠳ᠋ᠷᠴᠤᠳ ᠤᠷᠤᠯᠴᠠᠪᠠ᠃ | | ᠰᠦᠷ ᠵᠢᠪᠬᠤᠯᠠᠩᠲᠤ ᠤᠯᠤᠰ ᠤᠨ ᠰᠦᠯᠳᠡ ᠳᠠᠭᠤᠤ ᠶᠢᠨ ᠠᠶᠠᠰ ᠳᠤᠮᠳᠠ ᠠᠵᠢᠯᠯᠠᠭ᠎ᠠ ᠪᠠᠨ ᠡᠬᠢᠯᠡᠭᠦᠯᠵᠤ᠂ | ᠪᠦᠬᠦ ᠤᠷᠤᠯᠴᠠᠭᠰᠠᠳ ᠦᠨᠳᠦᠰᠦᠨ ᠬᠠᠤᠯᠢ ᠳᠤ ᠲᠥᠪ ᠴᠢᠩᠭ᠎ᠠ ᠲᠠᠩᠭᠠᠷᠢᠭᠯᠠᠪᠠ᠃ ᠬᠠᠤᠯᠢ ᠴᠠᠭᠠᠵᠠ ᠶᠢᠨ | ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠡᠯ᠎ᠡ ᠪᠦᠷᠢᠯᠳᠦᠬᠦᠨ ᠨᠢᠭᠡᠴᠡ ᠥᠪᠡᠷ ᠤᠨ ᠠᠵᠢᠯ ᠤᠨ ᠡᠭᠦᠷᠭᠡ | ᠴᠢᠳᠠᠪᠤᠷᠢ ᠪᠠᠨ ᠦᠨᠳᠦᠰᠦᠯᠡᠨ ᠠᠬᠤᠢ ᠲᠠᠯᠠᠪᠠᠢ ᠳᠤ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ | ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠤᠬᠠᠭᠤᠯᠭ᠎ᠠ ᠶᠢᠨ ᠰᠠᠮᠪᠠᠷ᠎ᠠ᠂ ᠤᠬᠠᠭᠤᠯᠭ᠎ᠠ ᠶᠢᠨ | ᠲᠡᠷᠭᠡ᠂ ᠦᠨᠳᠦᠰᠦᠨ ᠬᠠᠤᠯᠢ ᠶᠢᠨ ᠤᠬᠠᠭᠤᠯᠭ᠎ᠠ ᠶᠢᠨ ᠮᠠᠲ᠋ᠧᠷᠢᠶᠠᠯ ᠤᠨ ᠭᠠᠷ ᠳᠡᠪᠲᠡᠷ ᠲᠠᠷᠬᠠᠭᠠᠬᠤ ᠵᠢᠴᠢ | ᠮᠠᠳᠠᠭ ᠲᠠᠢ ᠠᠰᠠᠭᠤᠳᠠᠯ ᠢ ᠨᠢ ᠲᠠᠶᠢᠯᠪᠤᠷᠢᠯᠠᠨ ᠬᠠᠷᠢᠭᠤᠯᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠣᠯᠠᠨ | ᠲᠦᠮᠡᠨ ᠳᠤ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ᠂ ᠢᠯᠠᠩᠭᠤᠶ᠎ᠠ ᠦᠨᠳᠦᠰᠦᠨ ᠬᠠᠤᠯᠢ ᠶᠢᠨ | ᠲᠤᠬᠠᠶ ᠴᠢᠬᠤᠯᠠ ᠥᠭᠦᠯᠡᠯᠲᠡ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ | ᠪᠥᠬᠦᠳᠡ ᠬᠤᠷᠠᠯ ᠤᠨ ᠵᠣᠷᠢᠭ ᠰᠠᠨᠠᠭ᠎ᠠ᠂ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠨ | ᠬᠠᠤᠯᠢ᠂ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠷᠭᠡᠨ ᠤ ᠬᠠᠤᠯᠢ ᠶᠢᠨ ᠪᠢᠴᠢᠭ ᠵᠡᠷᠭᠡ ᠬᠠᠮᠢᠶ᠎ᠠ | ᠪᠦᠬᠦᠢ ᠮᠡᠳᠡᠯᠭᠡ ᠶᠢ ᠤᠬᠠᠭᠤᠯᠪᠠ᠃ | | ᠡᠨᠡ ᠵᠢᠯ ᠤᠨ 12 ᠰᠠᠷ᠎ᠠ ᠶᠢᠨ 4 ᠤ ᠡᠳᠦᠷ ᠪᠣᠯ ᠤᠯᠤᠰ ᠤᠨ ᠳᠣᠯᠣᠳᠤᠭᠠᠷ ᠦᠨᠳᠦᠰᠦᠨ ᠬᠠᠤᠯᠢ ᠶᠢᠨ | ᠡᠳᠦᠷ ᠪᠣᠯᠬᠤ ᠪᠦᠭᠡᠳ ᠮᠥᠨ ᠴᠦ ᠦᠨᠳᠦᠰᠦᠨ ᠬᠠᠤᠯᠢ ᠶᠢᠨ ᠭᠤᠷᠪᠠᠳᠤᠭᠠᠷ ᠤᠬᠠᠭᠤᠯᠭ᠎ᠠ ᠶᠢᠨ ᠭᠠᠷᠠᠭ ᠪᠣᠯᠤᠨ᠎ᠠ᠃ | ᠡᠨᠡ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠪᠠᠷ ᠳᠠᠮᠵᠢᠭᠤᠯᠤᠨ᠂ ᠪᠦᠬᠦ ᠬᠤᠰᠢᠭᠤᠨ ᠤ ᠦᠨᠳᠦᠰᠦᠨ ᠬᠠᠤᠯᠢ | ᠶᠢᠨ ᠣᠶᠢᠯᠠᠭᠠᠭᠳᠠᠬᠤᠨ ᠪᠠ ᠬᠠᠤᠯᠢ ᠳᠦᠷᠢᠮ ᠤᠨ ᠦᠵᠡᠯ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠵᠤ᠂ | ᠬᠠᠤᠯᠢ ᠪᠠᠷ ᠵᠠᠰᠠᠬᠤ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠤᠨ᠂ ᠦᠨᠳᠦᠰᠦᠨ ᠬᠠᠤᠯᠢ ᠶᠣᠰᠣᠭᠠᠷ ᠤᠯᠤᠰ ᠢᠶᠠᠨ | ᠵᠠᠰᠠᠬᠤ᠂ ᠦᠨᠳᠦᠰᠦᠨ ᠬᠠᠤᠯᠢ ᠶᠣᠰᠣᠭᠠᠷ ᠲᠥᠷᠥ ᠪᠠᠷᠢᠬᠤ ᠤᠶᠢᠯᠠᠭᠠᠭᠳᠠᠬᠤᠨ ᠢ ᠲᠠᠰᠤᠷᠠᠯᠲᠠ ᠤᠢᠭᠡᠢ | ᠴᠢᠩᠭᠠᠳᠬᠠᠵᠤ᠂ ᠦᠨᠳᠦᠰᠦᠨ ᠬᠠᠤᠯᠢ ᠪᠣᠯᠤᠨ ᠬᠠᠤᠯᠢ ᠴᠠᠭᠠᠵᠠ ᠪᠠᠷ ᠨᠡᠶᠢᠭᠡᠮ ᠤᠨ ᠵᠥᠷᠢᠴᠡᠯ ᠢ ᠠᠷᠢᠯᠭᠠᠨ᠂ | ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠵᠤ᠂ ᠤᠬᠠᠮᠰᠠᠷ ᠠᠴᠠ ᠪᠠᠨ ᠬᠠᠤᠯᠢ ᠶᠢ ᠰᠤᠷᠤᠯᠴᠠᠬᠤ᠂ ᠬᠠᠤᠯᠢ ᠶᠢ | ᠰᠠᠬᠢᠬᠤ᠂ ᠬᠠᠤᠯᠢ ᠶᠢ ᠬᠡᠷᠡᠭᠯᠡᠬᠦ ᠰᠠᠶᠢᠨ ᠰᠠᠶᠢᠬᠠᠨ ᠠᠭᠤᠷ ᠠᠮᠢᠰᠬᠤᠯ ᠢ ᠪᠤᠶ ᠪᠣᠯᠭᠠᠨ᠎ᠠ᠃ ᠰᠢᠨᠵᠢᠯᠡᠬᠦ | ᠤᠬᠠᠭᠠᠨᠴᠢ ᠪᠠᠷ ᠬᠠᠤᠯᠢ ᠲᠣᠭᠲᠠᠭᠠᠬᠤ᠂ ᠬᠠᠤᠯᠢ ᠶᠢ ᠴᠢᠩᠭ᠎ᠠ ᠬᠡᠷᠡᠭᠵᠢᠭᠦᠯᠬᠦ᠂ ᠲᠥᠪ ᠭᠤᠤᠯᠴᠢ ᠪᠠᠷ ᠬᠠᠤᠯᠢ | ᠪᠠᠷᠢᠬᠤ᠂ ᠠᠷᠠᠳ ᠢᠷᠭᠡᠳ ᠬᠠᠤᠯᠢ ᠰᠠᠬᠢᠬᠤ ᠶᠢ ᠤᠯᠠᠮ ᠨᠢᠭᠡ ᠠᠯᠬᠤᠮ ᠠᠬᠢᠭᠤᠯᠵᠤ᠂ ᠪᠦᠬᠦ ᠨᠡᠶᠢᠭᠡᠮ ᠢᠶᠠᠷ ᠢᠶᠠᠨ | ᠦᠨᠳᠦᠰᠦᠨ ᠬᠠᠤᠯᠢ ᠶᠢ ᠬᠦᠨᠳᠦᠳᠬᠡᠨ ᠳᠡᠭᠡᠳᠦᠯᠡᠬᠦ᠂ ᠦᠨᠳᠦᠰᠦᠨ ᠬᠠᠤᠯᠢ ᠶᠢ ᠰᠤᠷᠤᠯᠴᠠᠬᠤ᠂ ᠦᠨᠳᠦᠰᠦᠨ | ᠬᠠᠤᠯᠢ ᠶᠢ ᠵᠢᠷᠤᠮᠯᠠᠬᠤ᠂ ᠦᠨᠳᠦᠰᠦᠨ ᠬᠠᠤᠯᠢ ᠶᠢ ᠬᠠᠮᠠᠭᠠᠯᠠᠬᠤ᠂ ᠦᠨᠳᠦᠰᠦᠨ ᠬᠠᠤᠯᠢ ᠶᠢ ᠬᠡᠷᠡᠭᠯᠡᠬᠦ ᠶᠢ ᠨᠡᠩ | ᠬᠦᠴᠦᠲᠡᠶ ᠠᠬᠢᠭᠤᠯᠵᠤ᠂ ᠪᠦᠬᠦ ᠬᠤᠰᠢᠭᠤᠨ ᠤ ᠠᠷᠠᠳᠴᠢᠯᠠᠯ ᠬᠠᠤᠯᠢᠵᠢᠯ ᠤᠨ ᠪᠠᠶᠢᠭᠤᠯᠤᠯᠲᠠ ᠶᠢ ᠠᠬᠢᠭᠤᠯᠬᠤ ᠳᠤ | ᠬᠦᠴᠦᠨ ᠴᠢᠳᠠᠯ ᠢᠶᠠᠨ ᠡᠷᠭᠦᠵᠦ᠂ ᠳᠥᠷᠪᠡᠳ ᠬᠤᠰᠢᠭᠤᠨ ᠤ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠰᠢᠨ᠎ᠡ | ᠪᠠᠶᠢᠳᠠᠯ ᠢ ᠪᠤᠢ ᠪᠤᠯᠭᠠᠨ᠎ᠠ᠃ | ᠢᠷᠡᠯᠳᠡ᠄ ᠲᠦᠷᠪᠡᠳ ᠬᠤᠰᠢᠭᠤᠨ ᠤ ᠵᠠᠰᠠᠭ ᠤᠨ ᠣᠷᠳᠣᠨ ᠤ ᠬᠢᠳᠠᠳ ᠰᠦᠯᠵᠢᠶ᠎ᠡ | ᠰᠤᠷᠪᠤᠯᠵᠢᠯᠠᠭᠴᠢ᠄ ᠴᠧᠨ ᠯᠢᠨ ᠲᠡᠷᠭᠡᠯ ᠵᠠᠩ ᠱᠦ ᠶᠠᠨ | ᠲᠡᠪᠰᠢᠭᠦᠯᠦᠭᠰᠡᠨ ᠨᠢ᠄ ᠤᠶᠠᠩᠭ᠎ᠠ | | |