ᠲᠦᠷᠪᠡᠳ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠦᠯᠦᠬᠡᠯᠡᠭᠴᠢᠳ ᠤᠨ ᠶᠡᠭᠡ | ᠬᠤᠷᠠᠯ ᠤᠨ | ᠲᠦᠷᠪᠡᠳᠦᠬᠡᠷ ᠤᠳᠠᠭᠠᠨ ᠤ ᠬᠤᠷᠠᠯ ᠳᠠᠬᠢ ᠪᠢᠴᠢᠭ ᠮᠡᠲ᠋ᠧᠷᠢᠶᠠᠯ ︵ᠠᠷᠪᠠᠨ ᠨᠢᠬᠡ︶ | | ᠵᠠᠰᠠᠭ ᠤᠨ ᠤᠷᠳᠤᠨ ᠤ ᠠᠵᠢᠯ ᠤᠨ ᠢᠯᠡᠳᠬᠡᠯ | —2020 ᠤᠨ ᠤ 5 ᠰᠠᠷ᠎ᠠ ᠶᠢᠨ 7 ᠤ ᠡᠳᠦᠷ ᠤᠨ ᠲᠦᠷᠪᠡᠳ ᠬᠤᠰᠢᠭᠤᠨ ᠤ ᠠᠷᠪᠠᠨ ᠲᠠᠪᠤᠳᠤᠭᠠᠷ | ᠬᠤᠭᠤᠴᠠᠭᠠᠨ ᠤ | ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠲᠦᠷᠪᠡᠳᠦᠬᠡᠷ ᠤᠳᠠᠭᠠᠨ ᠤ ᠬᠤᠷᠠᠯ ᠲᠡᠬᠡᠷ᠎ᠡ | ᠵᠤᠤ ᠯᠢ ᠭᠦᠸᠧ | ᠡᠯ᠎ᠡ ᠲᠦᠯᠦᠬᠡᠯᠡᠭᠴᠢᠳ ᠡ᠄ ᠡᠳᠦᠬᠡ ᠪᠢ ᠬᠤᠰᠢᠭᠤ ᠵᠠᠰᠠᠭ ᠤᠨ ᠤᠷᠳᠤᠨ ᠢ ᠲᠦᠯᠦᠬᠡᠯᠡᠨ ᠶᠡᠭᠡ ᠬᠤᠷᠠᠯ ᠳᠤ | ᠠᠵᠢᠯ ᠤᠨ ᠮᠡᠳᠡᠬᠦᠯᠦᠯᠳᠠ ᠬᠢᠶ᠎ᠠ᠂ ᠬᠢᠨᠠᠨ ᠵᠦᠪᠯᠡᠬᠦ ᠪᠤᠯᠪᠠᠤ᠂ ᠲᠡᠷᠡᠴᠢᠯᠡᠨ ᠬᠤᠰᠢᠭᠤᠨ ᠤ ᠤᠯᠤᠰ ᠲᠦᠷᠦ ᠶᠢᠨ | ᠵᠦᠪᠯᠡᠯᠬᠡᠨ ᠤ ᠬᠡᠰᠢᠬᠦᠳ ᠪᠤᠯᠤᠨ ᠬᠤᠷᠠᠯ ᠳᠤ ᠰᠤᠯᠠ ᠤᠷᠤᠯᠴᠠᠭᠰᠠᠨ ᠨᠦᠬᠦᠳ ᠤᠳ ᠰᠠᠨᠠᠯ ᠢᠶᠠᠨ ᠲᠤᠷᠠᠳᠬᠤ | ᠪᠤᠯᠪᠠᠤ᠃ | ᠨᠢᠬᠡ᠂ 2019 ᠤᠨ ᠤ ᠠᠵᠢᠯ ᠤᠨ ᠡᠷᠬᠢᠴᠡᠬᠦᠯᠦᠯ | 2019 ᠤᠨ ᠪᠣᠯ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠣᠶ ᠪᠤᠯᠤᠨ᠎ᠠ᠂ ᠮᠦᠨ ᠴᠤ | ᠮᠠᠨ ᠤ ᠬᠤᠰᠢᠭᠤᠨ ᠤ ᠬᠥᠭᠵᠢᠯᠲᠡ ᠶᠢᠨ ᠠᠬᠢᠴᠠ ᠲᠤᠮᠳᠠᠬᠢ ᠮᠠᠰᠢ ᠶᠡᠭᠡ ᠠᠴᠢ ᠬᠤᠯᠪᠣᠭᠳᠠᠯ ᠲᠠᠢ ᠨᠢᠭᠡ ᠵᠢᠯ | ᠪᠣᠯᠤᠨ᠎ᠠ᠃ ᠵᠢᠯ ᠲᠤᠷᠰᠢ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠬᠤᠰᠢᠭᠤ ᠨᠠᠮ ᠤᠨ | ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠦᠬᠦ ᠬᠤᠰᠢᠭᠤᠨ ᠤ ᠦᠨᠳᠦᠰᠦᠲᠡᠨ ᠨᠦᠭᠦᠳ ᠤᠨ ᠺᠠᠳ᠋ᠷ | ᠣᠯᠠᠨ ᠲᠦᠮᠡᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠬᠡᠮ | ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠠᠷᠪᠠ ᠶᠢᠰᠦᠳᠦᠭᠡᠷ ᠶᠡᠭᠡ | ᠬᠤᠷᠠᠯ᠂ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ | ᠪᠥᠬᠦᠳᠡ ᠬᠤᠷᠠᠯ ᠤᠨ ᠵᠣᠷᠢᠭ ᠰᠠᠨᠠᠭ᠎ᠠ ᠪᠠ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠠᠵᠢᠯ ᠤᠨ | ᠲᠤᠬᠠᠶ ᠴᠢᠬᠤᠯᠠ ᠶᠠᠷᠢᠶ᠎ᠠ᠂ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ | ᠨᠠᠶᠢᠳᠠᠪᠤᠷᠢᠵᠢᠭᠤᠯᠵᠦ᠂ ᠰᠢᠨ᠎ᠡ ᠬᠥᠭᠵᠢᠯᠲᠡ ᠶᠢᠨ ᠦᠢᠯᠡᠭᠠᠭᠳᠠᠬᠤᠨ ᠢ ᠨᠠᠷᠢᠨ ᠬᠢᠨᠠᠮᠠᠭᠠᠶ ᠲᠤᠤᠱᠯᠠᠭᠤᠯᠤᠨ᠂ | ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠵᠤ᠂ ᠠᠵᠤ | ᠠᠬᠤᠶ ᠶᠢᠨ ᠴᠢᠨᠠᠷ ᠰᠠᠶᠢᠳᠠᠢ ᠬᠦᠭᠵᠢᠯᠳᠠ ᠶᠢ ᠠᠬᠢᠭᠤᠯᠤᠨ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ | ᠵᠣᠷᠢᠭᠲᠠᠶ ᠪᠠᠷ ᠤᠷᠤᠭᠰᠢᠯᠠᠨ ᠳᠠᠪᠰᠢᠵᠤ᠂ ᠨᠡᠮᠡᠭᠳᠡᠯ ᠢ ᠲᠣᠭᠲᠠᠪᠤᠷᠢᠵᠢᠭᠤᠯᠬᠤ᠂ ᠥᠭᠡᠷᠡᠴᠢᠯᠡᠯᠲᠡ ᠶᠢ ᠠᠬᠢᠭᠤᠯᠬᠤ᠂ | ᠪᠦᠲᠦᠴᠡ ᠶᠢ ᠲᠣᠬᠢᠷᠠᠭᠤᠯᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠪᠠ ᠠᠶᠤᠯ ᠲᠦᠭᠰᠢᠭᠦᠷᠢ ᠶᠢ | ᠰᠡᠷᠬᠡᠶᠢᠯᠡᠬᠦ ᠵᠡᠷᠬᠡ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠶ ᠠᠬᠢᠭᠤᠯᠤᠨ᠂ ︽ᠭᠤᠷᠪᠠᠨ ᠶᠡᠭᠡ ᠪᠣᠭᠤᠮᠲᠠ | ᠰᠢᠪᠲᠤᠯᠬᠤ ᠳᠠᠶᠢᠯᠠᠯᠳᠤᠭᠠᠨ︾ ᠤ ᠢᠯᠠᠯᠲᠠ ᠶᠢ ᠣᠯᠵᠤ᠂ ᠪᠦᠬᠦ ᠬᠤᠰᠢᠭᠤᠨ ᠤ ᠠᠵᠤ ᠠᠬᠤᠶ ᠨᠡᠶᠢᠬᠡᠮ ᠤᠨ | ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠪᠠᠶᠠᠯᠡᠬᠦᠯᠪᠠ᠃ ᠪᠦᠬᠦ ᠵᠢᠯ ᠳᠤ ᠭᠠᠵᠠᠷ ᠣᠷᠣᠨ ᠤ ᠦᠢᠯᠡᠳᠪᠦᠷᠢᠯᠡᠯ ᠤᠨ | ᠶᠡᠷᠦᠩᠬᠡᠶ ᠥᠷᠲᠡᠭ 58.9 ᠳ᠋ᠦᠩᠰᠢᠭᠤᠷ ᠲᠥᠭᠦᠷᠢᠭ ᠲᠤ ᠬᠦᠷᠴᠦ᠂ 4.4% ᠪᠠᠷ ᠨᠡᠮᠡᠭᠳᠡᠪᠠ︔ ᠡᠩ ᠤᠨ ᠣᠯᠠᠨ | ᠨᠡᠶᠢᠲᠡ ᠶᠢᠨ ᠲᠥᠰᠦᠪ ᠤᠨ ᠣᠷᠣᠯᠭ᠎ᠠ 1.2 ᠳ᠋ᠦᠩᠰᠢᠭᠤᠷ ᠲᠥᠭᠦᠷᠢᠭ ᠲᠤ ᠬᠦᠷᠴᠦ᠂ 10.8% ᠪᠠᠷ ᠨᠡᠮᠡᠭᠳᠡᠪᠠ︔ | ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ 10.7 ᠳ᠋ᠦᠩᠰᠢᠭᠤᠷ ᠲᠥᠭᠦᠷᠢᠭ ᠲᠤ ᠬᠦᠷᠴᠦ᠂ | ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ 5.6% ᠪᠠᠷ ᠦᠰᠪᠡ︔ | ᠨᠡᠶᠢᠭᠡᠮ ᠤᠨ ᠬᠡᠷᠡᠭᠯᠡᠭᠡᠨ ᠤ ᠵᠤᠶᠢᠯ ᠢ ᠵᠢᠵᠢᠭᠯᠡᠨ ᠪᠤᠷᠤᠯᠠᠭᠤᠯᠬᠤ ᠶᠡᠷᠦᠩᠬᠡᠶ ᠬᠡᠮᠵᠢᠶ᠎ᠡ 5.6% ᠪᠠᠷ ᠨᠡᠮᠡᠭᠳᠡᠪᠡ︔ | ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠲᠤᠰ ᠲᠤᠰ | 30828᠂ 12093 ᠲᠥᠭᠦᠷᠢᠭ ᠬᠦᠷᠴᠦ᠂ ᠲᠤᠰ ᠲᠤᠰ 6.6%᠂ 11.2% ᠢᠶᠠᠷ ᠨᠡᠮᠡᠭᠳᠡᠪᠡ︔ ᠬᠤᠲᠠ | ᠪᠠᠯᠭᠠᠰᠤᠨ ᠤ ᠠᠵᠢᠯ ᠠᠯᠳᠠᠭᠰᠠᠨ ᠨᠣᠷᠮ᠎ᠠ ᠶᠢ 3.84% ᠶᠢᠨ ᠳᠣᠲᠣᠷ᠎ᠠ ᠬᠢᠵᠠᠭᠠᠷᠯᠠᠪᠠ᠃ ᠨᠢᠬᠡᠳᠦᠬᠡᠷ᠂ | ᠬᠤᠶᠠᠳᠤᠭᠠᠷ᠂ ᠭᠤᠷᠪᠠᠳᠤᠭᠠᠷ ᠠᠵᠦ ᠦᠢᠯᠡᠰ ᠤᠨ ᠪᠦᠲᠦᠴᠡ ᠶᠢᠨ ᠬᠠᠷᠢᠴᠠᠯ ᠢ 26.8᠄ 30.6᠄ 42.6 | ᠪᠠᠶᠢᠭᠰᠠᠨ ᠠᠴᠠ 26.4᠄ 32.2᠄ 41.4 ᠪᠣᠯᠭᠠᠨ ᠲᠣᠬᠢᠷᠠᠭᠤᠯᠵᠤ᠂ ᠠᠵᠤ ᠦᠢᠯᠡᠰ ᠤᠨ ᠪᠦᠲᠦᠴᠡ ᠶᠢ ᠤᠯᠠᠮ | ᠨᠢᠭᠡ ᠠᠯᠬᠤᠮ ᠰᠢᠯᠢᠳᠡᠭᠵᠢᠭᠦᠯᠪᠡ᠃ | ︵ᠨᠢᠬᠡ︶ ᠬᠦᠴᠦᠨ ᠴᠢᠳᠠᠯ ᠢᠶᠠᠨ ᠬᠠᠮᠳᠤᠳᠬᠠᠨ ᠵᠦᠪ ᠤᠨᠤᠪᠴᠢᠳᠠᠢ ᠪᠠᠷ ᠠᠷᠭ᠎ᠠ ᠪᠤᠳᠤᠯᠭ᠎ᠠ ᠬᠡᠷᠡᠭᠵᠢᠬᠦᠯᠵᠦ᠂ | ᠭᠤᠷᠪᠠᠨ ᠶᠡᠭᠡ ᠰᠢᠪᠳᠤᠯᠤᠯᠳᠠ ᠶᠢᠨ ᠲᠠᠶᠢᠯᠠᠯᠳᠤᠭᠠᠨ ᠤ ᠢᠯᠭᠤᠭᠰᠠᠨ ᠠᠮᠵᠢᠯᠳᠠ ᠶᠢ ᠤᠯᠪᠠ᠃ | ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠢᠯᠡᠷᠬᠡᠢ ᠠᠮᠵᠢᠯᠳᠠ ᠤᠯᠪᠠ᠃ ᠶᠠᠳᠠᠭᠤ ᠠᠴᠠ | ᠠᠩᠭᠢᠵᠢᠷᠠᠭᠤᠯᠬᠤ ᠪᠤᠭᠤᠮᠳᠠ ᠰᠢᠪᠳᠤᠯᠤᠯᠳᠠ ᠪᠠᠷ ᠠᠵᠦ ᠠᠬᠤᠢ ᠨᠡᠶᠢᠬᠡᠮ ᠤᠨ ᠬᠦᠭᠵᠢᠯᠳᠠ ᠶᠢᠨ ᠪᠦᠬᠦ ᠲᠠᠯ᠎ᠠ ᠶᠢ | ᠨᠢᠬᠡᠳᠬᠡᠨ ᠵᠤᠬᠢᠴᠠᠭᠤᠯᠵᠦ᠂ ᠪᠦᠬᠦ ᠵᠢᠯ ᠳᠤ 4.97 ᠳ᠋ᠦᠩᠰᠢᠭᠤᠷ ᠲᠦᠬᠦᠷᠢᠭ ᠤᠨ ᠶᠠᠳᠠᠭᠤ ᠶᠢ ᠲᠡᠳᠬᠦᠬᠦ ᠡᠯ᠎ᠡ | ᠵᠤᠶᠢᠯ ᠤᠨ ᠪᠠᠯᠠ ᠮᠦᠩᠭᠦ ᠤᠷᠤᠭᠤᠯᠵᠦ᠂ ︽ᠵᠢᠷᠭᠤᠭ᠎ᠠ ᠶᠢ ᠠᠷᠢᠯᠭᠠᠨ᠂ ᠲᠦᠷᠪᠡ ᠶᠢ ᠪᠠᠷᠢᠮᠵᠢᠶ᠎ᠠ ᠳᠤ ᠬᠦᠷᠬᠡᠬᠦ︾ | ᠪᠠᠷ ᠭᠠᠷᠳᠠᠴᠠ ᠪᠤᠯᠭᠠᠨ᠂ ︽ᠬᠤᠶᠠᠷ ᠲᠤ ᠵᠤᠪᠠᠭ᠋ᠤ ᠦᠭᠡᠢ᠂ ᠭᠤᠷᠪᠠ ᠶᠢ ᠪᠠᠳᠤᠯᠠᠬᠤ︾ ᠪᠠ ᠤᠤᠭᠤᠬᠤ ᠤᠰᠤᠨ ᠤ | ᠠᠮᠤᠷ ᠲᠦᠪᠰᠢᠨ ᠤ ᠲᠤᠭᠤᠷᠢᠨ ᠳᠤ᠂ ᠠᠵᠦ ᠦᠢᠯᠡᠰ᠂ ᠠᠵᠢᠯ ᠤᠯᠭᠤᠯᠳᠠ ᠪᠠ ᠨᠠᠶᠢᠬᠡᠮ ᠤᠨ ᠪᠠᠳᠤᠯᠠᠭ᠎ᠠ ᠪᠠᠷ | ᠶᠠᠳᠠᠭᠤ ᠶᠢ ᠲᠡᠳᠬᠦᠬᠦ ᠵᠡᠷᠬᠡ ᠡᠯ᠎ᠡ ᠵᠤᠶᠢᠯ ᠤᠨ ᠲᠦᠷᠦ ᠶᠢᠨ ᠪᠤᠳᠤᠯᠭ᠎ᠠ ᠶᠢ ᠦᠷᠬᠦᠯᠵᠢᠯᠡᠨ ᠨᠠᠶᠢᠳᠠᠪᠤᠷᠢᠵᠢᠭᠤᠯᠬᠤ | ᠪᠠᠷ ᠲᠡᠮᠵᠢᠨ᠂ ᠪᠦᠬᠦ ᠬᠤᠰᠢᠭᠤᠨ ᠤ 8103 ᠡᠷᠦᠬᠡ ᠶᠢᠨ 19191 ᠬᠦᠮᠦᠨ ᠢ ᠲᠤᠭᠳᠠᠪᠤᠷᠢᠳᠠᠢ ᠪᠠᠷ ᠶᠠᠳᠠᠭᠤ | ᠠᠴᠠ ᠠᠩᠭᠢᠵᠢᠷᠠᠭᠤᠯᠵᠦ᠂ 78 ᠶᠠᠳᠠᠭᠤ ᠬᠦᠴᠢᠷᠳᠠᠯᠳᠠᠢ ᠭᠠᠴᠠᠭ᠎ᠠ ᠲᠤᠰᠬᠤᠨ ᠪᠦᠬᠦᠨ ᠢᠶᠠᠷ ᠢᠶᠠᠨ ᠶᠠᠳᠠᠭᠤ ᠠᠴᠠ | ᠠᠩᠭᠢᠵᠢᠷᠠᠨ᠂ ᠶᠠᠳᠠᠭᠤᠷᠠᠬᠤ ᠨᠤᠷᠮ᠎ᠠ 11.7% ᠪᠠᠶᠢᠭᠰᠠᠨ ᠠᠴᠠ ᠪᠠᠨ 0.075 ᠪᠤᠯᠪᠠ᠃ ᠭᠠᠴᠠᠭ᠎ᠠ ᠲᠤᠰᠬᠤᠨ | ᠤ ᠬᠠᠮᠳᠦ ᠶᠢᠨ ᠠᠵᠦ ᠠᠬᠤᠢ ᠶᠢᠨ ᠤᠷᠤᠯᠭ᠎ᠠ ᠪᠦᠬᠦᠨ ᠢᠶᠠᠷ ᠢᠶᠠᠨ 5 ᠲᠦᠮᠡᠨ ᠲᠦᠬᠦᠷᠢᠭ ᠢ ᠲᠠᠪᠠᠵᠦ᠂ ᠡᠬᠦᠨ ᠳᠤ | 83 ᠭᠠᠴᠠᠭ᠎ᠠ ᠲᠤᠰᠬᠤᠨ ᠨᠢ 10 ᠲᠦᠮᠡᠨ ᠲᠦᠬᠦᠷᠢᠭ ᠲᠤ ᠬᠦᠷᠦᠭᠰᠡᠨ ᠪᠠᠶᠢᠨ᠎ᠠ᠃ ᠶᠠᠳᠠᠭᠤ ᠠᠴᠠ | ᠠᠩᠭᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠢᠯᠡᠳᠳᠠ ᠦᠷ᠎ᠡ ᠪᠦᠳᠦᠮᠵᠢ ᠤᠯᠵᠦ᠂ ᠰᠢᠯᠢᠳᠡᠭ ᠬᠢᠷᠢ | ᠪᠦᠳᠦᠮᠵᠢ ᠪᠠᠷ ᠭᠤᠷᠪᠠᠳᠠᠬᠢ ᠡᠳᠡᠬᠡᠳ ᠤᠨ ᠰᠢᠯᠭᠠᠨ ᠦᠨᠡᠯᠡᠯᠳᠠ ᠶᠢ ᠦᠩᠭᠡᠷᠡᠬᠡᠵᠦ᠂ ︽ᠭᠠᠴᠠᠭ᠎ᠠ ᠲᠤᠰᠬᠤᠨ ᠢ | ᠶᠠᠳᠠᠭᠤ ᠠᠴᠠ ᠠᠩᠭᠢᠵᠢᠷᠠᠭᠤᠯᠤᠨ᠂ ᠬᠤᠰᠢᠭᠤ ᠤᠷᠤᠨ ᠢᠶᠠᠨ ᠶᠠᠳᠠᠭᠤ ᠮᠠᠯᠠᠭᠠᠢ ᠠᠴᠠ ᠲᠠᠶᠠᠭᠳᠠᠭᠤᠯᠬᠤ︾ ᠬᠠᠷᠠᠯᠳᠠ | ᠶᠢ ᠪᠠᠶᠠᠯᠡᠬᠦᠯᠦᠨ᠂ ᠴᠢᠨᠡᠬᠡᠯᠢᠭ ᠨᠠᠶᠢᠬᠡᠮ ᠢ ᠲᠤᠭᠳᠠᠭᠰᠠᠨ ᠬᠤᠭᠤᠴᠠᠭᠠᠨ ᠳᠤ ᠪᠠᠶᠢᠭᠤᠯᠬᠤ ᠳᠤ ᠪᠠᠳᠦ ᠪᠠᠬᠢ ᠰᠠᠭᠤᠷᠢ | ᠬᠠᠩᠭᠠᠪᠠ᠃ | ᠠᠮᠢ ᠠᠬᠤᠢ ᠤᠷᠴᠢᠨ ᠲᠤᠭᠤᠷᠢᠨ ᠮᠡᠳᠡᠭᠳᠡᠮ᠎ᠡ ᠰᠠᠶᠢᠵᠢᠷᠠᠪᠠ᠃ ᠲᠦᠪ ᠤᠨ ᠤᠷᠴᠢᠨ ᠲᠤᠭᠤᠷᠢᠨ ᠤ ᠱᠠᠯᠠᠪᠳᠠᠭᠤᠯᠤᠨ | ᠪᠠᠶᠢᠴᠠᠭᠠᠯᠳᠠ ᠵᠢᠴᠢ ᠲᠠᠬᠢᠨ ᠪᠠᠶᠢᠴᠠᠭᠠᠯᠳᠠ ᠪᠠ ᠦᠪᠡᠷᠳᠡᠬᠡᠨ ᠵᠠᠰᠠᠬᠤ ᠤᠷᠤᠨ ᠤ ᠤᠷᠴᠢᠨ ᠲᠤᠭᠤᠷᠢᠨ ᠤ | ᠱᠠᠯᠠᠪᠳᠠᠭᠤᠯᠤᠨ ᠪᠠᠶᠢᠴᠠᠭᠠᠯᠳᠠ ᠶᠢᠨ ᠲᠤᠰᠬᠠᠭᠰᠠᠨ ᠠᠰᠠᠭᠤᠳᠠᠯ ᠢ ᠬᠠᠯᠠᠨ ᠵᠠᠰᠠᠬᠤ ᠡᠬᠦᠷᠬᠡ ᠶᠢ ᠲᠡᠬᠦᠰ ᠠᠮᠵᠢᠯᠳᠠ | ᠲᠠᠢ ᠪᠠᠶᠠᠯᠡᠬᠦᠯᠪᠠ᠃ ᠪᠤᠬᠢᠷᠳᠤᠯ ᠢ ᠰᠡᠷᠬᠡᠶᠢᠯᠡᠨ ᠵᠠᠰᠠᠬᠤ ᠭᠤᠷᠪᠠᠨ ᠵᠢᠯ ᠤᠨ ᠲᠦᠯᠦᠪᠵᠢᠬᠦᠯᠬᠡ ᠶᠢ ᠡᠬᠢᠯᠡᠬᠦᠯᠵᠦ᠂ ︽ | 2019 — 2025 ᠤᠨ ᠬᠦᠷᠳᠡᠯᠡᠬᠢ ᠲᠦᠷᠪᠡᠳ ᠬᠤᠰᠢᠭᠤᠨ ᠤ ᠠᠮᠢ ᠠᠬᠤᠢ ᠤᠷᠴᠢᠨ ᠲᠤᠭᠤᠷᠢᠨ ᠢ | ᠬᠠᠮᠠᠭᠠᠯᠠᠬᠤ ᠲᠦᠯᠦᠪᠵᠢᠬᠦᠯᠬᠡ︾ ᠪᠤᠯᠤᠨ ︽ᠲᠦᠷᠪᠡᠳ ᠬᠤᠰᠢᠭᠤᠨ ᠤ ᠲᠠᠭᠤᠨ ᠴᠢᠳᠠᠮᠵᠢᠳᠦ ᠤᠷᠤᠨ ᠤ | ᠲᠦᠯᠦᠪᠵᠢᠬᠦᠯᠬᠡ︾ ᠶᠢ ᠨᠠᠶᠢᠷᠠᠭᠤᠯᠤᠨ ᠲᠠᠭᠤᠰᠬᠠᠵᠦ᠂ ᠠᠭᠤᠷᠬᠠᠢ ᠶᠢᠨ ᠤᠷᠴᠢᠨ ᠲᠤᠭᠤᠷᠢᠨ ᠢ ᠵᠠᠰᠠᠬᠤ᠂ ᠨᠤᠳᠤᠭ | ᠪᠠᠯᠴᠢᠬᠡᠷ ᠤᠨ ᠤᠷᠭᠤᠮᠠᠯ ᠤᠨ ᠬᠤᠴᠢᠯᠭ᠎ᠠ ᠶᠢ ᠰᠡᠷᠬᠦᠬᠡᠬᠦ᠂ ᠠᠭᠠᠷ ᠮᠠᠨᠳᠠᠯ ᠤᠨ ᠪᠤᠬᠢᠷᠳᠤᠯ ᠢ ᠰᠡᠷᠬᠡᠶᠢᠯᠡᠬᠦ᠂ ᠭᠤᠤᠯ | ᠮᠦᠷᠡᠨ ᠤ ᠠᠮᠢ ᠠᠬᠤᠢ ᠶᠢ ᠬᠠᠮᠠᠭᠠᠯᠠᠬᠤ᠂ ᠠᠵᠦ ᠤᠶᠢᠯᠠᠳᠪᠦᠷᠢ ᠶᠢᠨ ᠬᠠᠶᠠᠭᠳᠠᠮᠠᠯ ᠪᠤᠳᠠᠰ ᠢ ᠬᠢᠵᠠᠭᠠᠷᠯᠠᠬᠤ ᠵᠡᠷᠬᠡ | ᠠᠵᠢᠯ ᠢᠯᠡᠷᠬᠡᠢ ᠠᠮᠵᠢᠯᠳᠠ ᠤᠯᠪᠠ᠃ ᠬᠤᠶᠠᠷᠳᠠᠬᠢ ᠤᠳᠠᠭᠠᠨ ᠤ ᠪᠦᠬᠦ ᠤᠯᠤᠰ ᠤᠨ ᠪᠤᠬᠢᠷᠳᠤᠯ ᠤᠨ ᠡᠬᠢ ᠶᠢ | ᠨᠠᠶᠢᠳᠠᠮ ᠪᠠᠶᠢᠴᠠᠭᠠᠬᠤ ᠠᠵᠢᠯ ᠢ ᠦᠨᠳᠦᠰᠦᠨ ᠳᠡᠭᠡᠨ ᠲᠠᠭᠤᠰᠬᠠᠵᠦ᠂ ᠠᠮᠢ ᠠᠬᠤᠢ ᠤᠷᠴᠢᠨ ᠲᠤᠭᠤᠷᠢᠨ ᠢ | ᠬᠠᠮᠠᠭᠠᠯᠠᠬᠤ ᠤᠷᠳᠦ ᠬᠤᠭᠤᠴᠠᠭᠠᠨ ᠤ ᠲᠤᠭᠳᠠᠴᠠ ᠶᠢ ᠪᠦᠷᠢᠯᠳᠦᠬᠦᠯᠪᠡ᠃ ᠪᠦᠬᠦ ᠵᠢᠯ ᠤᠨ ᠴᠡᠪᠠᠷ ᠲᠤᠩᠭᠠᠯᠠᠭ | ᠡᠳᠦᠷ ᠤᠨ ᠲᠤᠭ᠎ᠠ 329 ᠡᠳᠦᠷ ᠲᠤ ᠬᠦᠷᠴᠦ᠂ ᠰᠢᠯᠢᠳᠡᠭᠵᠢᠯ ᠤᠨ ᠬᠠᠷᠢᠴᠠᠯ ᠨᠢ 90% ᠠᠴᠠ ᠲᠡᠭᠡᠭᠰᠢ ᠪᠠᠶᠢᠵᠦ | ᠂ PM2.5 ᠶᠢᠨ ᠵᠢᠯ ᠤᠨ ᠦᠳᠬᠡᠴᠡ ᠶᠢᠨ ᠬᠡᠮᠵᠢᠶ᠎ᠠ ᠨᠢ 2018 ᠤᠨ ᠤ ᠬᠢ ᠠᠴᠠ 20% ᠪᠠᠷ ᠪᠠᠭᠤᠷᠠᠪᠠ᠃ | ︽ᠭᠤᠤᠯ ᠮᠦᠷᠡᠨ ᠤ ᠲᠠᠷᠤᠭ᠎ᠠ ᠶᠢᠨ ᠲᠦᠷᠢᠮ︾ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠪᠤᠬᠢᠷᠳᠤᠯ | ᠦᠭᠡᠢ ᠠᠭᠤᠷᠬᠠᠢ ᠶᠢᠨ ᠮᠡᠷᠬᠡᠵᠢᠯ ᠢ ᠰᠠᠶᠢᠵᠢᠷᠠᠭᠤᠯᠬᠤ ᠲᠦᠷᠦᠯ ᠵᠤᠶᠢᠯ ᠢ ᠠᠬᠢᠭᠤᠯᠪᠠ᠃ 1.6 ᠲᠦᠮᠡᠨ ᠮᠤ᠋ ᠠᠮᠢ | ᠠᠬᠤᠢ ᠶᠢᠨ ᠤᠶᠢᠵᠢᠭᠤᠯᠤᠯᠳᠠ ᠶᠢ ᠪᠠᠶᠠᠯᠡᠬᠦᠯᠵᠦ᠂ ᠬᠦᠬᠡ ᠴᠡᠯᠮᠡᠭ ᠠᠭᠠᠷ ᠲᠡᠭᠷᠢ ᠲᠠᠢ᠂ ᠬᠦᠬᠡᠮᠳᠦᠭ ᠨᠤᠭᠤᠭᠠᠨ | ᠠᠭᠤᠯᠠ ᠭᠤᠷᠤᠭ᠎ᠠ ᠲᠠᠢ ᠴᠠᠪᠠᠷ ᠲᠤᠩᠭᠠᠯᠠᠭ ᠤᠷᠴᠢᠨ ᠠᠬᠤᠢ ᠪᠠᠨ ᠪᠠᠳᠤᠯᠠᠪᠠ᠃ | ᠬᠦᠨᠳᠦ ᠶᠡᠭᠡ ᠲᠦᠭᠰᠢᠬᠦᠷᠢ ᠶᠢ ᠪᠦᠳᠦᠮᠵᠢᠳᠠᠢ ᠰᠡᠷᠬᠡᠶᠢᠯᠡᠨ ᠡᠵᠡᠮᠳᠠᠪᠠ᠃ ᠮᠦᠩᠭᠦᠨ ᠬᠦᠢᠯᠬᠡᠬᠡᠨ ᠤ ᠲᠦᠭᠰᠢᠬᠦᠷᠢ | ᠶᠢ ᠢᠳᠡᠪᠬᠢᠳᠠᠢ ᠪᠠᠷ ᠰᠡᠷᠬᠡᠶᠢᠯᠡᠨ ᠬᠤᠷᠢᠭᠯᠠᠵᠦ᠂ ᠵᠠᠰᠠᠭ ᠤᠨ ᠤᠷᠳᠤᠨ ᠤ ᠴᠢᠨᠠᠷᠳᠠᠢ ᠦᠷᠢ ᠦᠭᠴᠡᠭᠡ ᠶᠢᠨ | ᠲᠦᠭᠰᠢᠬᠦᠷᠢ ᠶᠢ ᠰᠡᠷᠡᠮᠵᠢᠯᠡᠨ ᠰᠢᠢᠳᠪᠦᠷᠢᠯᠡᠬᠦ ᠲᠤᠭᠳᠠᠴᠠ ᠶᠢ ᠪᠦᠷᠢᠨᠰᠢᠬᠦᠯᠦᠨ᠂ ᠠᠷᠭ᠎ᠠ ᠠᠪᠴᠢᠯ ᠢ ᠴᠢᠩᠭᠠᠳᠬᠠᠵᠦ | ᠂ ᠪᠦᠬᠦ ᠵᠢᠯ ᠳᠤ 5.79 ᠳ᠋ᠦᠩᠰᠢᠭᠤᠷ ᠲᠦᠬᠦᠷᠢᠭ ᠤᠨ ᠦᠷᠢ ᠦᠭᠴᠡᠭᠡ ᠶᠢ ᠠᠷᠢᠯᠭᠠᠨ᠂ ᠵᠢᠯ ᠤᠨ ᠡᠬᠦᠷᠬᠡ ᠶᠢᠨ | ᠢᠶᠠᠨ 121% ᠶᠢ ᠪᠠᠶᠠᠯᠡᠬᠦᠯᠪᠠ᠃ ᠠᠷᠠᠳ ᠠᠴᠠ ᠡᠵᠡᠩᠨᠡᠭᠰᠡᠨ ᠲᠤᠮᠳᠠ ᠪᠠᠭ᠎ᠠ ᠠᠵᠦ ᠠᠬᠤᠶᠢᠯᠠᠯ ᠳᠤ ᠦᠷᠢᠳᠦᠵᠦ | ᠪᠠᠶᠢᠭ᠎ᠠ 1.77 ᠳ᠋ᠦᠩᠰᠢᠭᠤᠷ ᠲᠦᠬᠦᠷᠢᠭ ᠢ ᠰᠢᠢᠳᠪᠦᠷᠢᠯᠡᠵᠦ᠂ ᠵᠢᠯ ᠤᠨ ᠬᠠᠷᠠᠯᠳᠠᠳᠦ ᠡᠬᠦᠷᠬᠡ ᠶᠢᠨ ᠢᠶᠠᠨ 125. | 53% ᠶᠢ ᠪᠠᠶᠠᠯᠡᠬᠦᠯᠦᠨ᠂ ᠦᠷᠢ ᠦᠭᠴᠡᠬᠡᠨ ᠤ ᠲᠦᠭᠰᠢᠬᠦᠷᠢ ᠮᠡᠳᠡᠭᠳᠡᠮ᠎ᠡ ᠪᠠᠭᠤᠷᠠᠪᠠ᠃ | ︵ᠬᠤᠶᠠᠷ︶ ᠰᠠᠭᠤᠷᠢ ᠲᠦᠬᠦᠬᠡᠷᠦᠮᠵᠢ ᠶᠢ ᠦᠷᠬᠦᠯᠵᠢᠯᠡᠨ ᠲᠡᠬᠦᠯᠳᠡᠷᠵᠢᠬᠦᠯᠵᠦ᠂ ᠬᠤᠳᠠ ᠪᠠᠯᠭᠠᠰᠤᠨ ᠤ ᠲᠦᠷᠢ | ᠲᠦᠷᠬᠦ ᠢᠯᠡᠳᠳᠠ ᠰᠠᠶᠢᠵᠢᠷᠠᠪᠠ᠃ | ᠬᠤᠳᠠ ᠪᠠᠯᠠᠭᠠᠰᠤᠨ ᠤ ᠪᠦᠳᠦᠬᠡᠨ ᠪᠠᠶᠢᠭᠤᠯᠤᠯᠳᠠ ᠶᠢᠨ ᠪᠠᠯᠠ ᠤᠷᠤᠭᠤᠯᠤᠯᠳᠠ ᠶᠢ ᠲᠠᠰᠤᠷᠠᠯᠳᠠ ᠦᠭᠡᠢ | ᠨᠡᠮᠡᠭᠳᠡᠬᠦᠯᠪᠠ᠃ ᠤᠷᠤᠨ ᠰᠠᠭᠤᠴᠠ ᠶᠢᠨ ᠢᠨᠵᠧᠨᠧᠷᠢᠩ ᠳᠤ 4.03 ᠳ᠋ᠦᠩᠰᠢᠭᠤᠷ ᠲᠦᠬᠦᠷᠢᠭ ᠤᠨ ᠪᠠᠯᠠ | ᠤᠷᠤᠭᠤᠯᠵᠦ᠂ 27.7 ᠲᠦᠮᠡᠨ ᠲᠡᠭᠰᠢ ᠲᠦᠷᠪᠡᠯᠵᠢᠨ ᠮᠧᠲᠷ ᠤᠨ ᠪᠠᠷᠢᠯᠭ᠎ᠠ ᠶᠢᠨ ᠲᠠᠯᠠᠪᠠᠢ ᠶᠢ ᠰᠢᠨ᠎ᠠ ᠪᠠᠷ ᠨᠡᠮᠡᠨ | ᠪᠠᠶᠢᠭᠤᠯᠵᠦ᠂ ᠲᠠᠶᠢᠪᠤᠩ ︵ ᠲᠠᠢ ᠾᠧ ᠬᠤᠸᠠ ᠶᠤᠸᠠᠨ︶ ᠬᠤᠷᠢᠶᠠᠯᠠᠯ᠂ ᠬᠡᠬᠡᠨᠴᠢᠷ ︵ᠱᠧᠩ ᠲᠠᠢ ᠰᠢᠨ ᠼᠦᠨ︶ | ᠬᠤᠷᠢᠶᠠᠯᠠᠯ᠂ ᠽᠠᠨᠳᠠᠨ ︵ᠵᠢᠶᠠ ᠾᠧ ᠭᠥᠸᠧ ᠵᠢᠢ︶ ᠬᠤᠷᠢᠶᠠᠯᠠᠯ ᠵᠡᠷᠬᠡ ᠦᠨᠳᠦᠷ ᠲᠠᠰ ᠤᠨ ᠬᠤᠷᠢᠶᠠᠯᠠᠯ ᠵᠠᠯᠭᠠᠭ᠎ᠠ | ᠵᠠᠯᠭᠠᠭ᠎ᠠ ᠪᠠᠷ ᠪᠠᠶᠢᠭᠤᠯᠤᠭᠳᠠᠵᠦ᠂ ᠬᠤᠳᠠ ᠪᠠᠯᠭᠠᠰᠤᠨ ᠤ ᠲᠠᠰ ᠲᠠᠪᠬᠤᠷᠭ᠎ᠠ ᠨᠡᠩ ᠦᠨᠳᠦᠷ ᠲᠦᠪᠰᠢᠨ ᠳᠤ ᠬᠦᠷᠪᠡ | ᠃ ᠬᠤᠲᠠ ᠪᠠᠯᠭᠠᠰᠤᠨ ᠤ ᠲᠤᠨᠤᠭ ᠲᠦᠬᠦᠬᠡᠷᠦᠮᠵᠢ ᠶᠢᠨ ᠪᠠᠶᠢᠭᠤᠯᠤᠯᠳᠠ ᠳᠤ 6259 ᠲᠦᠮᠡᠨ ᠲᠥᠭᠦᠷᠢᠭ ᠤᠨ | ᠪᠡᠯᠡ ᠣᠷᠣᠭᠤᠯᠵᠤ᠂ ᠬᠤᠲᠠ ᠪᠠᠯᠭᠠᠰᠤᠨ ᠤ ᠵᠠᠮ ᠱᠤᠭᠤᠮ ᠵᠢᠴᠢ ᠲᠤᠤᠷ ᠬᠤᠭᠤᠯᠠᠶ ᠶᠢᠨ ᠲᠦᠬᠦᠷ ᠢᠨᠵᠧᠨᠧᠷᠢᠩ ᠢ | 4.8 ᠺᠢᠯᠤᠮᠧᠲᠷ ᠪᠡᠶᠡᠯᠡᠭᠦᠯᠪᠡ᠃ ᠴᠡᠴᠡᠷᠯᠢᠭᠵᠢᠬᠦᠯᠦᠯᠳᠠ ᠨᠣᠭᠤᠭᠠᠷᠠᠭᠤᠯᠤᠯᠲᠠ ᠶᠢᠨ ᠬᠠᠮᠢᠶᠠᠷᠤᠯᠲᠠ ᠶᠢᠨ ᠬᠢᠷᠢ | ᠬᠡᠮᠵᠢᠶ᠎ᠡ ᠪᠠ ᠦᠢᠯᠡᠴᠢᠯᠡᠬᠡᠨ ᠤ ᠴᠢᠨᠠᠷ ᠴᠢᠨᠰᠠᠭ᠎ᠠ ᠢᠯᠡᠳᠲᠡ ᠳᠡᠭᠡᠭᠰᠢᠯᠡᠵᠦ᠂ ᠵᠦᠯᠭᠡ ᠭᠠᠵᠠᠷ ᠢ ᠠᠷᠠᠴᠢᠯᠠᠨ | ᠬᠠᠮᠠᠭᠠᠯᠠᠬᠤ ᠲᠠᠯᠠᠪᠠᠶ ᠶᠢ 3000 ᠮᠦ ᠳᠤ ᠬᠦᠷᠬᠡᠵᠦ᠂ ᠲᠣᠭᠤᠷᠢᠭ ᠤᠨ ᠨᠣᠭᠤᠭᠠᠷᠠᠭᠤᠯᠤᠯᠲᠠ ᠶᠢᠨ ᠨᠣᠷᠮ᠎ᠠ 31. | 8% ᠳᠤ ᠬᠦᠷᠴᠡᠶ᠃ ᠬᠤᠲᠠ ᠶᠢᠨ ᠳᠦᠷᠢ ᠲᠥᠷᠬᠦ ᠪᠠ ᠴᠡᠴᠡᠭᠯᠡᠯᠲᠡ ᠶᠢ ᠵᠡᠷᠭᠡ ᠪᠠᠷ ᠴᠢᠬᠤᠯᠠᠴᠢᠯᠠᠨ᠂ ᠴᠡᠭᠴᠡᠯᠡᠨ | ᠵᠠᠰᠠᠬᠤ ᠪᠠ ᠰᠢᠯᠤᠭᠤᠳᠬᠠᠨ ᠵᠢᠯᠣᠭᠤᠳᠬᠤ ᠶᠢ ᠵᠡᠷᠭᠡ ᠪᠠᠷ ᠪᠠᠷᠢᠮᠳᠠᠯᠠᠵᠦ᠂ ᠬᠤᠲᠠ ᠪᠠᠯᠭᠠᠰᠤᠨ ᠤ | ᠬᠠᠮᠢᠶᠠᠷᠤᠯᠲᠠ ᠶᠢᠨ ᠬᠢᠷᠢ ᠲᠦᠪᠰᠢᠨ ᠢ ᠲᠠᠰᠤᠷᠠᠯᠲᠠ ᠤᠢᠭᠡᠢ ᠳᠡᠭᠡᠭᠰᠢᠯᠡᠭᠦᠯᠪᠡ᠃ | ᠮᠠᠯᠵᠢᠬᠤ ᠲᠠᠷᠢᠶᠠᠯᠠᠬᠤ ᠣᠷᠣᠨ ᠤ ᠰᠠᠭᠤᠷᠢ ᠲᠦᠬᠦᠬᠡᠷᠦᠮᠵᠢ ᠶᠢᠨ ᠪᠠᠶᠢᠭᠤᠯᠤᠯᠳᠠ ᠢᠯᠡᠳᠲᠡ ᠲᠡᠬᠡᠭᠰᠢᠯᠡᠪᠡ᠃ | ᠤᠯᠠᠭᠠᠨᠬᠤᠸᠠ — ᠠᠶᠢᠷᠠᠭ ᠰᠦᠮ᠎ᠡ ᠬᠦᠷᠬᠦ ᠵᠢᠭᠤᠯᠴᠢᠯᠠᠯ ᠤᠨ ᠵᠠᠰᠠᠮᠠᠯ ᠵᠠᠮ ᠪᠤᠯᠤᠨ ᠤᠯᠤᠰ ᠤᠨ ᠵᠠᠮ ᠤᠨ | 335 ᠳ᠋ᠤᠭᠠᠷ ᠱᠤᠭᠤᠮ ᠤᠨ ᠬᠤᠸᠠᠩ ᠵᠢᠶᠠ ᠲᠠᠨ — ᠰᠡᠬᠦᠵᠢ ᠬᠦᠷᠳᠡᠯᠡᠬᠢ ᠬᠤᠶᠠᠳᠤᠭᠠᠷ ᠲᠠᠰ ᠤᠨ ᠵᠠᠰᠠᠮᠠᠯ | ᠵᠠᠮ ᠳᠤ ᠴᠦᠮ ᠲᠡᠷᠭᠡ ᠨᠠᠪᠳᠡᠷᠡᠬᠦ ᠪᠤᠯᠵᠦ᠂ ᠠᠶᠢᠷᠠᠭ ᠰᠦᠮ᠎ᠡ — ᠬᠤᠸᠠ ᠣᠪᠣᠭ᠎ᠠ ᠬᠦᠷᠳᠡᠯᠡᠬᠢ ᠬᠤᠶᠠᠳᠤᠭᠠᠷ | ᠲᠠᠰ ᠤᠨ ᠵᠠᠰᠠᠮᠠᠯ ᠵᠠᠮ ᠢ ᠪᠦᠬᠦ ᠲᠠᠯ᠎ᠠ ᠪᠠᠷ ᠵᠠᠰᠠᠵᠦ ᠡᠬᠢᠯᠡᠪᠡ᠃ ᠤᠯᠤᠰ ᠤᠨ ᠨᠢᠬᠡᠴᠠ ᠶᠢᠨ ᠲᠦᠷᠢᠮᠳᠦ ᠭᠠᠴᠠᠭ᠎ᠠ | ᠲᠣᠰᠬᠤᠨ ᠳᠤ ᠱᠤᠶᠢᠨᠢ ᠵᠠᠮ ᠪᠠ ᠠᠶᠠᠨᠴᠢᠳ ᠤᠨ ᠲᠡᠷᠭᠡ ᠨᠡᠪᠳᠡᠷᠡᠬᠦᠯᠬᠦ ᠬᠠᠷᠠᠯᠲᠠ ᠶᠢ ᠴᠦᠮ ᠪᠠᠶᠠᠯᠡᠬᠦᠯᠦᠨ | ᠲᠠᠭᠤᠰᠬᠠᠪᠠ᠃ ᠬᠤᠩᠭᠤᠷ ᠤᠰᠤᠨ ᠴᠥᠭᠦᠷᠥᠮ ᠤᠨ ᠶᠡᠭᠡ ᠬᠠᠰᠢᠯᠭ᠎ᠠ ᠶᠢ ᠪᠦᠬᠦᠯᠢ ᠴᠣᠭᠴᠠ ᠪᠠᠷ ᠨᠢ ᠨᠦᠬᠦᠨ | ᠪᠠᠷᠢᠬᠤ ᠪᠠᠷᠢᠯᠭ᠎ᠠ ᠶᠢ ᠪᠦᠬᠦ ᠲᠠᠯ᠎ᠠ ᠪᠠᠷ ᠳᠠᠭᠤᠰᠬᠠᠪᠠ᠃ ᠨᠡᠶᠢᠲᠡ 1.24 ᠳ᠋ᠦᠩᠰᠢᠭᠤᠷ ᠲᠥᠭᠦᠷᠢᠭ ᠤᠨ ᠪᠡᠯᠡ | ᠣᠷᠣᠭᠤᠯᠵᠤ᠂ ᠮᠠᠯᠵᠢᠬᠤ ᠣᠷᠣᠨ ᠳᠤ 2501 ᠤᠰᠤ ᠬᠠᠳᠠᠭᠠᠯᠠᠬᠤ ᠵᠣᠭᠤᠷᠢ ᠪᠠᠶᠢᠭᠤᠯᠵᠤ᠂ 6 ᠰᠤᠮᠤ | ᠪᠠᠯᠭᠠᠰᠤᠨ ᠤ 37 ᠭᠠᠴᠠᠭ᠎ᠠ ᠶᠢ ᠬᠠᠮᠤᠷᠴᠤ᠂ 7473 ᠮᠠᠯᠴᠢᠨ ᠳᠤ ᠠᠰᠢᠭ ᠬᠦᠷᠳᠡᠬᠡᠨ᠂ ᠮᠠᠯᠵᠢᠬᠤ ᠣᠷᠣᠨ ᠤ | ᠤᠰᠦ ᠤᠮᠳᠠ ᠶᠢᠨ ᠲᠡᠦᠬᠡᠲᠦ ᠴᠢᠨᠠᠷᠲᠠᠶ ᠬᠦᠴᠢᠷ ᠠᠰᠠᠭᠤᠳᠠᠯ ᠢ ᠲᠦᠢᠯᠪᠤᠷᠢᠲᠠᠶ ᠰᠢᠢᠳᠪᠦᠷᠢᠯᠡᠪᠡ᠃ 1.42 | ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ 110 ᠺᠢᠯᠣᠸᠠᠲ ᠤᠨ ᠴᠠᠬᠢᠯᠭᠠᠨ ᠬᠤᠪᠢᠰᠬᠠᠬᠤ ᠥᠷᠲᠡᠭᠡ 2 | ᠶᠢ ᠰᠢᠨ᠎ᠡ ᠪᠠᠷ ᠪᠠᠶᠢᠭᠤᠯᠵᠤ᠂ 110 ᠺᠢᠯᠣᠸᠠᠲ ᠠᠴᠠ ᠳᠣᠷᠣᠭᠰᠢᠬᠢ ᠴᠠᠬᠢᠯᠭᠠᠨ ᠲᠣᠣᠷ ᠢ 363.8 ᠺᠢᠯᠤᠮᠧᠲᠷ | ᠪᠠᠶᠢᠭᠤᠯᠵᠤ᠂ ᠮᠠᠯᠴᠢᠨ ᠲᠠᠷᠢᠶᠠᠴᠢᠨ ᠤ ᠦᠢᠯᠡᠳᠪᠦᠷᠢᠯᠡᠯ ᠠᠮᠢᠳᠤᠷᠠᠯ ᠤᠨ ᠴᠠᠬᠢᠯᠭᠠᠨ ᠬᠡᠷᠡᠭᠯᠡᠬᠦ ᠬᠡᠷᠡᠭᠴᠡᠭᠡ ᠶᠢ | ᠪᠠᠲᠤᠯᠠᠪᠠ᠃ ᠣᠨᠳᠣᠤ ᠭᠠᠵᠠᠷ ᠲᠤ ᠨᠡᠭᠦᠯᠭᠡᠵᠦ ᠬᠠᠭᠤᠴᠢᠨ ᠭᠠᠵᠠᠷ ᠢ ᠨᠢ ᠨᠤᠷᠠᠭᠠᠨ ᠳᠠᠬᠢᠨ ᠬᠠᠭᠠᠯᠪᠤᠷᠢᠯᠠᠬᠤ | ᠲᠥᠷᠥᠯ ᠵᠤᠶᠢᠯ ᠢ ᠬᠡᠷᠡᠭᠵᠢᠬᠦᠯᠦᠨ᠂ 5531.18 ᠮᠥ ᠭᠠᠵᠠᠷ ᠰᠢᠷᠣᠶ ᠶᠢ ᠳᠠᠬᠢᠨ ᠬᠠᠭᠠᠯᠪᠤᠷᠢᠯᠠᠪᠠ᠃ 1965 | ᠡᠷᠦᠬᠡ ᠶᠢᠨ ᠨᠤᠷᠠᠬᠤ ᠠᠶᠤᠯᠲᠠᠶ ᠭᠡᠷ ᠪᠠᠶᠢᠰᠢᠩ ᠢ ᠰᠠᠯᠪᠢᠨ ᠵᠠᠰᠠᠵᠤ᠂ 445 ᠡᠷᠦᠬᠡ ᠶᠢᠨ ᠵᠣᠷᠯᠣᠩ ᠢ ᠵᠠᠰᠠᠨ | ᠰᠠᠶᠢᠵᠢᠷᠠᠭᠤᠯᠵᠦ᠂ ᠲᠣᠰᠬᠤᠨ ᠤ ᠳᠦᠷᠰᠦ ᠪᠠᠶᠢᠳᠠᠯ ᠢᠯᠡᠳᠲᠡ ᠰᠠᠶᠢᠵᠢᠷᠠᠨ᠂ ᠠᠷᠠᠳ ᠲᠦᠮᠡᠨ ᠤ ᠬᠦᠷᠳᠡᠬᠡᠮᠵᠢ ᠶᠢᠨ | ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠲᠠᠰᠤᠷᠠᠯᠲᠠ ᠤᠢᠭᠡᠢ ᠲᠡᠭᠡᠭᠰᠢᠯᠡᠪᠠ᠃ | | ︵ᠭᠤᠷᠪᠠ︶ ᠠᠵᠤ ᠦᠢᠯᠡᠰ ᠤᠨ ᠪᠦᠲᠦᠴᠡ ᠶᠢ ᠬᠦᠴᠦᠯᠡᠨ ᠰᠢᠯᠢᠳᠡᠭᠵᠢᠭᠦᠯᠵᠦ᠂ ᠬᠡᠯᠪᠡᠷᠢ ᠪᠠᠨ ᠬᠤᠪᠢᠷᠠᠭᠤᠯᠤᠨ | ᠲᠡᠰ ᠲᠡᠪᠰᠢᠬᠦᠯᠬᠦ ᠶᠢ ᠲᠠᠰᠤᠷᠠᠯᠲᠠ ᠤᠢᠭᠡᠢ ᠲᠦᠷᠭᠡᠳᠬᠡᠪᠡ᠃ | ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰ ᠤᠨ ᠪᠦᠲᠦᠴᠡ ᠨᠡᠩ ᠵᠦᠢ ᠵᠣᠬᠢᠰᠲᠠᠶ ᠪᠣᠯᠪᠠ᠃ ︽ | ᠲᠠᠷᠢᠬᠤ ᠪᠠᠷ ᠲᠡᠵᠢᠭᠡᠬᠦ ᠶᠢ ᠠᠬᠢᠭᠤᠯᠬᠤ᠂ ᠲᠠᠷᠢᠵᠤ ᠲᠡᠵᠢᠭᠡᠬᠦ ᠶᠢ ᠤᠶᠠᠯᠳᠤᠭᠤᠯᠬᠤ᠂ ᠲᠡᠵᠢᠭᠡᠬᠦ ᠪᠠᠷ | ᠲᠤᠬᠢᠷᠠᠭᠤᠯᠤᠯᠳᠠ ᠶᠢ ᠠᠬᠢᠭᠤᠯᠬᠤ︾ ᠬᠥᠭᠵᠢᠯᠲᠡ ᠶᠢᠨ ᠰᠡᠳᠬᠢᠴᠡ ᠶᠢ ᠪᠠᠷᠢᠮᠲᠠᠯᠠᠨ᠂ ᠲᠠᠷᠢᠶᠠᠯᠠᠩ ᠮᠠᠯ ᠠᠵᠤ | ᠠᠬᠤᠶ ᠶᠢᠨ ᠣᠳᠣᠬᠢᠴᠢᠯᠠᠯᠲᠠ᠂ ᠣᠯᠠᠨ ᠡᠰᠢᠵᠢᠯᠲᠡ᠂ ᠪᠠᠷᠢᠮᠵᠢᠶᠠᠵᠢᠭᠤᠯᠤᠯᠳᠠ ᠶᠢ ᠠᠬᠢᠭᠤᠯᠪᠠ᠃ ᠲᠠᠷᠢᠶᠠᠯᠠᠩ ᠤᠨ | ᠲᠠᠯ᠎ᠠ ᠪᠠᠷ᠄ ᠲᠠᠷᠢᠮᠠᠯ ᠤᠨ ᠶᠡᠷᠦᠩᠬᠡᠶ ᠲᠠᠯᠠᠪᠠᠶ 181 ᠲᠦᠮᠡᠨ ᠮᠦ ᠳᠤ ᠬᠦᠷᠴᠦ᠂ ᠠᠮᠤ ᠪᠤᠳᠠᠭᠠᠨ ᠤ ᠤᠨᠠᠯᠲᠠ ᠨᠢ | 6 ᠳ᠋ᠦᠩᠰᠢᠭᠤᠷ ᠵᠢᠩ ᠳᠤ ᠬᠦᠷᠴᠡᠶ᠃ 59 ᠲᠦᠮᠡᠨ ᠮᠦ ᠲᠥᠮᠥᠰᠥ ᠲᠠᠷᠢᠵᠦ᠂ ᠡᠭᠦᠨ ᠳᠤ 46 ᠲᠦᠮᠡᠨ ᠮᠦ ᠶᠢ | ᠨᠢ ᠪᠠᠷᠢᠮᠵᠢᠶᠠᠵᠢᠭᠤᠯᠤᠨ ᠲᠠᠷᠢᠵᠦ᠂ 2086 ᠲᠦᠮᠡᠨ ᠲᠥᠭᠦᠷᠢᠭ ᠤᠨ ᠲᠦᠮᠦᠰᠦᠨ ᠤ ᠡᠬᠦᠯᠳᠡᠷ ᠦᠷ᠎ᠡ ᠶᠢᠨ | ᠨᠥᠬᠦᠪᠥᠷᠢ ᠲᠠᠷᠬᠠᠭᠠᠨ᠂ ᠡᠬᠦᠯᠳᠡᠷ ᠦᠷ᠎ᠡ ᠶᠢᠨ ᠪᠦᠷᠬᠦᠴᠡ ᠶᠢᠨ ᠨᠣᠷᠮ᠎ᠠ 91% ᠳᠤ ᠬᠦᠷᠴᠦ᠂ ᠤᠯᠤᠰ ᠤᠨ | ᠲᠠᠰ ᠤᠨ ᠲᠥᠮᠥᠰᠥ ᠶᠢᠨ ᠡᠭᠦᠯᠳᠡᠷ ᠦᠷ᠎ᠡ ᠶᠢ ᠦᠷᠡᠵᠢᠭᠦᠯᠦᠨ ᠪᠤᠶᠢᠵᠢᠭᠤᠯᠬᠤ ᠰᠠᠭᠤᠷᠢᠨ ᠭᠠᠵᠠᠷ ᠢᠶᠠᠷ | ᠵᠢᠭᠰᠠᠭᠠᠭᠳᠠᠪᠠ᠃ ᠮᠠᠯ ᠠᠵᠤ ᠠᠬᠤᠶ ᠶᠢᠨ ᠲᠠᠯ᠎ᠠ ᠪᠠᠷ᠄ ᠳ᠋ᠦ᠋ ᠮᠧᠩ ᠢᠳᠡᠰᠢᠨ ᠬᠤᠨᠢᠨ ᠤ ᠠᠵᠤ ᠦᠢᠯᠡᠰ ᠦᠳᠲᠡᠷ | ᠲᠦᠷᠭᠡᠨ ᠬᠥᠭᠵᠢᠵᠦ᠂ ᠵᠢᠯ ᠳᠤ 35 ᠲᠦᠮᠡ ᠶᠢ ᠡᠬᠦᠯᠳᠡᠷ ᠰᠠᠶᠢᠵᠢᠷᠠᠭᠤᠯᠤᠨ᠂ 2.5 ᠲᠦᠮᠡᠨ ᠡᠭᠦᠯᠳᠡᠷ ᠤᠨ | ᠬᠤᠨᠢ ᠶᠢ ᠪᠤᠶᠢᠵᠢᠭᠤᠯᠵᠤ᠂ ᠪᠦᠬᠦ ᠤᠯᠤᠰ ᠤᠨ ᠬᠠᠮᠤᠭ ᠤᠨ ᠲᠣᠮᠣ ᠰᠠᠶᠢᠨ ᠡᠭᠦᠯᠳᠡᠷ ᠤᠨ ᠢᠳᠡᠰᠢᠨ ᠮᠢᠬᠠᠨ ᠤ | ᠦᠢᠯᠡᠳᠪᠦᠷᠢᠯᠡᠯ ᠤᠨ ᠰᠠᠭᠤᠷᠢᠨ ᠭᠠᠵᠠᠷ ᠪᠣᠯᠪᠠ᠃ ︽ᠳ᠋ᠦ᠋ ᠮᠧᠩ ᠬᠤᠨᠢ︾ ᠶᠢᠨ ᠣᠷᠣᠨ ᠨᠤᠲᠤᠭ ᠤᠨ | ᠪᠠᠷᠢᠮᠵᠢᠶ᠎ᠠ ᠨᠢ ᠥᠪᠡᠷᠲᠡᠭᠡᠨ ᠵᠠᠰᠠᠬᠤ ᠣᠷᠣᠨ ᠤ ᠬᠢᠨᠠᠨ ᠲᠤᠭᠳᠠᠭᠠᠯᠳᠠ ᠶᠢ ᠦᠩᠭᠡᠷᠡᠬᠡᠪᠡ᠃ ᠨᠠᠶᠢᠳᠠ 9.55 | ᠳ᠋ᠦᠩᠰᠢᠭᠤᠷ ᠲᠥᠭᠦᠷᠢᠭ ᠤᠨ ᠪᠠᠯᠠ ᠤᠷᠤᠭᠤᠯᠤᠭᠰᠠᠨ ᠵᠠᠭᠠᠨ ᠪᠦᠯᠦᠭᠯᠡᠯ ᠤᠨ 50 ᠲᠦᠮᠡᠨ ᠭᠠᠭ᠋ᠠᠢ ᠲᠡᠵᠢᠬᠡᠬᠦ ᠠᠵᠤ | ᠦᠢᠯᠡᠰ ᠤᠨ ᠬᠡᠯᠬᠢᠶᠡᠨ ᠤ ᠲᠥᠷᠥᠯ ᠵᠦᠢᠯ ᠢ ᠡᠬᠢᠯᠡᠭᠦᠯᠦᠨ ᠪᠠᠶᠢᠭᠤᠯᠵᠤ᠂ ᠮᠠᠯ ᠠᠵᠤ ᠠᠬᠤᠶ ᠶᠢᠨ ᠣᠯᠠᠨ | ᠡᠰᠢᠵᠢᠭᠰᠡᠨ ᠬᠥᠭᠵᠢᠯᠲᠡ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠪᠡ᠃ ᠵᠥᠩ ᠵᠢᠶᠠ᠂ ᠰᠠᠶᠢᠨᠤ᠂ ᠶᠡᠭᠡ | ᠭᠤᠪᠢ᠂ ᠵᠥᠩ ᠹᠧᠩ᠂ ᠵᠢᠩ ᠰᠢᠨ ᠵᠡᠷᠭᠡ ᠳᠠᠭᠠᠭᠤᠯᠤᠭᠴᠢ ᠠᠵᠤ ᠠᠬᠤᠶᠢᠯᠠᠯ ᠲᠠᠰᠤᠷᠠᠯᠳᠠ ᠥᠬᠡᠶ ᠪᠤᠵᠠᠭᠠᠶᠢᠷᠠᠵᠤ᠂ | ᠲᠥᠮᠥᠰᠥ᠂ ᠢᠳᠡᠰᠢᠨ ᠬᠤᠨᠢ᠂ ᠦᠬᠡᠷ᠂ ᠨᠡᠷᠡᠨ ᠬᠤᠸᠠᠷ ᠤᠨ ᠦᠷ᠎ᠡ ᠵᠡᠷᠭᠡ ᠤᠨᠴᠠᠯᠢᠭᠳᠦ ᠲᠠᠷᠢᠶᠠᠯᠠᠩ ᠮᠠᠯ ᠤᠨ | ᠠᠰᠢᠭ ᠰᠢᠮ᠎ᠡ ᠶᠢᠨ ᠪᠦᠲᠦᠭᠡᠭᠳᠡᠬᠦᠨ ᠤ ᠵᠠᠬ᠎ᠠ ᠳᠡᠯᠭᠡᠭᠦᠷ ᠤᠨ ᠦᠷᠢᠰᠦᠯᠳᠦᠬᠦ ᠬᠦᠴᠦᠨ ᠢᠯᠡᠳᠲᠡ ᠴᠢᠩᠭᠠᠷᠠᠵᠤ᠂ | ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰ ᠤᠨ ᠴᠢᠨᠠᠷ ᠰᠠᠶᠢᠲᠠᠶ ᠬᠦᠭᠵᠢᠯᠳᠠ ᠶᠢᠨ ᠬᠠᠨᠳᠤᠰᠢ ᠡᠷᠴᠢᠮᠲᠡᠶ | ᠶᠠᠪᠤᠭᠳᠠᠵᠦ ᠪᠠᠶᠢᠨ᠎ᠠ᠃ | ᠠᠵᠤ ᠦᠢᠯᠡᠳᠪᠦᠷᠢ ᠶᠢᠨ ᠠᠵᠤ ᠠᠬᠤᠶ ᠶᠢᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠪᠡ᠃ ᠠᠵᠤ | ᠦᠢᠯᠡᠳᠪᠦᠷᠢ ᠶᠢᠨ ᠠᠵᠤ ᠠᠬᠤᠶ ᠨᠢ ᠴᠡᠪᠡᠷ ᠡᠨᠧᠷᠭᠢ ᠪᠠᠷ ᠭᠤᠤᠯ ᠪᠣᠯᠭᠠᠵᠤ᠂ ᠲᠠᠷᠢᠶᠠᠯᠠᠩ ᠤᠨ ᠪᠦᠲᠦᠭᠡᠭᠳᠡᠬᠦᠨ | ᠮᠠᠯ ᠤᠨ ᠠᠰᠢᠭ ᠰᠢᠮ᠎ᠡ᠂ ᠠᠭᠤᠷᠬᠠᠶ ᠶᠢᠨ ᠭᠠᠷᠤᠯᠲᠠ ᠶᠢᠨ ᠬᠦᠳᠡᠷ ᠰᠢᠯᠢᠬᠦ ᠵᠢᠴᠢ ᠨᠠᠷᠢᠯᠢᠭ ᠭᠦᠨ ᠡᠳ᠋ᠰᠢᠭᠦᠯᠬᠦ ᠵᠡᠷᠭᠡ | ᠠᠵᠤ ᠦᠢᠯᠡᠰ ᠢᠶᠠᠷ ᠬᠠᠪᠰᠤᠷᠤᠮᠵᠢ ᠪᠣᠯᠭᠠᠭᠰᠠᠨ ᠰᠢᠨ᠎ᠡ ᠬᠡᠯᠪᠡᠷᠢ ᠶᠢᠨ ᠠᠵᠤ ᠦᠢᠯᠡᠰ ᠤᠨ ᠪᠦᠳᠦᠴᠡ ᠲᠠᠰᠤᠷᠠᠯᠲᠠ | ᠤᠢᠭᠡᠢ ᠪᠤᠵᠠᠭᠠᠶᠢᠷᠠᠪᠠ᠃ 7600 ᠲᠦᠮᠡᠨ ᠲᠥᠭᠦᠷᠢᠭ ᠤᠨ ᠪᠡᠯᠡ ᠣᠷᠣᠭᠤᠯᠤᠭᠰᠠᠨ ᠭᠡᠷᠡᠯ ᠴᠡᠨᠡᠭ ᠢᠶᠠᠷ ᠶᠠᠳᠠᠭᠤ ᠶᠢ | ᠲᠡᠳᠬᠦᠬᠦ ᠲᠣᠰᠬᠤᠨ ᠤ ᠲᠠᠰ ᠤᠨ ᠴᠠᠬᠢᠯᠭᠠᠨ ᠥᠷᠲᠡᠭᠡ ᠶᠢᠨ ᠲᠥᠷᠥᠯ ᠵᠦᠢᠯ ᠢ ᠲᠣᠣᠷ ᠲᠤ ᠨᠡᠶᠢᠯᠡᠭᠦᠯᠦᠨ | ᠴᠠᠬᠢᠯᠭᠠᠨ ᠭᠠᠷᠭᠠᠵᠤ᠂ ᠪᠦᠬᠦ ᠬᠤᠰᠢᠭᠤᠨ ᠤ ᠰᠠᠯᠬᠢ ᠬᠡᠷᠡᠯ ᠢᠶᠠᠷ ᠴᠠᠬᠢᠯᠭᠠᠨ ᠭᠠᠷᠭᠠᠬᠤ ᠶᠡᠷᠦᠩᠬᠡᠶ ᠮᠠᠰᠢᠨ | ᠴᠣᠭᠴᠠᠯᠠᠪᠤᠷᠢ ᠶᠢᠨ ᠪᠠᠭᠲᠠᠭᠠᠮᠵᠢ ᠨᠢ 109 ᠲᠦᠮᠡᠨ ᠺᠢᠯᠣᠸᠠᠲ ᠲᠤ ᠬᠦᠷᠴᠡᠶ᠃ ᠡᠬᠡ ᠬᠠᠭᠤᠷᠠᠶ ᠳᠡᠭᠡᠷᠡᠬᠢ | ᠬᠡᠪᠴᠢᠶ᠎ᠡ ᠪᠠᠷ ᠬᠠᠮᠤᠭ ᠤᠨ ᠶᠡᠭᠡ ᠳᠠᠩ ᠪᠡᠶᠡᠲᠦ 600 ᠲᠦᠮᠡᠨ ᠺᠢᠯᠣᠸᠠᠲ ᠤᠨ ᠰᠠᠯᠬᠢᠨ ᠬᠦᠴᠦᠨ ᠤ ᠴᠠᠬᠢᠯᠭᠠᠨ ᠤ | ᠲᠥᠷᠥᠯ ᠵᠤᠶᠢᠯ ᠢ ᠡᠬᠢᠯᠡᠨ ᠪᠠᠶᠢᠭᠤᠯᠵᠤ᠂ ᠮᠢᠩᠭᠠᠨ ᠲᠦᠮᠡᠨ ᠺᠢᠯᠣᠸᠠᠲ ᠤᠨ ᠴᠡᠪᠡᠷ ᠡᠨᠧᠷᠭᠢ ᠭᠠᠷᠭᠠᠬᠤ ᠰᠠᠭᠤᠷᠢᠨ | ᠭᠠᠵᠠᠷ ᠢ ᠪᠠᠶᠢᠭᠤᠯᠬᠤ ᠬᠠᠷᠠᠯᠲᠠ ᠲᠡᠰᠢ ᠤᠯᠠᠮ ᠨᠢᠭᠡ ᠠᠯᠬᠤᠮ ᠲᠡᠪᠰᠢᠪᠠ᠃ ︽ᠬᠠᠰᠢᠶᠠᠲᠤ ᠶᠢᠨ ᠠᠵᠤ | ᠦᠢᠯᠡᠳᠪᠦᠷᠢ ᠶᠢᠨ ᠲᠣᠭᠤᠷᠢᠭ ᠤᠨ ᠶᠡᠷᠦᠩᠬᠡᠶ ᠲᠥᠯᠥᠪᠵᠢᠭᠦᠯᠪᠡ︾ ᠶᠢ ᠵᠠᠰᠠᠨ ᠨᠠᠶᠢᠷᠠᠭᠤᠯᠬᠤ ᠠᠵᠢᠯ ᠢ | ᠦᠨᠳᠦᠰᠦᠨ ᠳᠡᠭᠡᠨ ᠪᠡᠶᠡᠯᠡᠭᠦᠯᠵᠦ᠂ ᠲᠣᠭᠤᠷᠢᠭ ᠤᠨ ᠰᠠᠭᠤᠷᠢ ᠲᠥᠬᠦᠭᠡᠷᠦᠮᠵᠢ ᠲᠠᠰᠤᠷᠠᠯᠳᠠ ᠦᠭᠡᠢ ᠲᠡᠭᠦᠯᠳᠡᠷᠵᠢᠵᠦ᠂ | ᠪᠠᠶᠠᠴᠢᠯᠠᠨ ᠳᠠᠭᠠᠭᠠᠬᠤ ᠴᠢᠳᠠᠪᠤᠷᠢ ᠪᠠ ᠲᠥᠪᠯᠡᠷᠡᠭᠦᠯᠬᠦ ᠦᠢᠯᠡᠳᠦᠯ ᠤᠯᠠᠮ ᠢᠯᠡᠷᠬᠡᠶ ᠪᠣᠯᠪᠠ᠃ ᠶᠦᠩ ᠾᠧ | ᠹᠯᠣᠷᠲᠤ ᠬᠢᠮᠢ ᠶᠢᠨ ᠠᠵᠤ ᠦᠢᠯᠡᠳᠪᠦᠷᠢ ᠶᠢᠨ ᠬᠤᠶᠠᠳᠤᠭᠠᠷ ᠬᠤᠭᠤᠴᠠᠭᠠᠨ ᠤ ᠪᠦᠲᠦᠭᠡᠨ ᠪᠠᠶᠢᠭᠤᠯᠤᠯᠲᠠ ᠶᠢᠨ | ᠲᠥᠷᠥᠯ ᠵᠤᠶᠢᠯ ᠳᠤ 6.9 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠦ᠂ ᠳᠥᠷᠪᠡᠨ ᠹᠯᠣᠷᠲᠤ ᠡᠲ᠋ᠠᠨ᠂ | ᠳᠣᠯᠣᠭᠠᠨ ᠹᠯᠣᠷᠲᠤ ᠫᠦᠷᠢᠫᠠᠨ ᠵᠡᠷᠭᠡ 8 ᠹᠯᠣᠷᠲᠤ ᠬᠢᠮᠢ ᠶᠢᠨ ᠠᠵᠤ ᠦᠢᠯᠡᠳᠪᠦᠷᠢ ᠶᠢᠨ ᠦᠢᠯᠡᠳᠬᠦᠨ ᠪᠠ ᠢᠵᠢ | ᠪᠦᠷᠢᠳᠦᠭᠦᠯᠬᠦ ᠲᠥᠷᠥᠯ ᠵᠤᠶᠢᠯ ᠢ ᠪᠠᠶᠢᠭᠤᠯᠵᠤ᠂ 10.4 ᠲᠦᠮᠡᠨ ᠲᠣᠨ ᠦᠢᠯᠡᠳᠪᠦᠷᠢᠯᠡᠯ ᠤᠨ ᠬᠦᠴᠦᠨ ᠢ | ᠨᠡᠮᠡᠭᠳᠡᠬᠦᠯᠦᠨ᠂ ᠬᠠᠶᠢᠯᠤᠭᠤᠷ ᠴᠢᠯᠠᠭᠤᠨ ᠤ ᠡᠬᠢ ᠪᠠᠶᠠᠯᠢᠭ ᠢ ᠨᠡᠭᠡᠭᠡᠨ ᠪᠤᠯᠪᠠᠰᠤᠷᠠᠭᠤᠯᠬᠤ ᠠᠵᠢᠯ ᠠᠯᠬᠤᠮ | ᠠᠯᠬᠤᠮ ᠢᠶᠠᠷ ᠦᠨᠳᠦᠷ ᠲᠦᠪᠰᠢᠨ ᠳᠤ ᠬᠦᠷᠪᠡ᠃ ᠰᠧ ᠷᠦᠢ ᠰᠢᠨᠵᠢᠯᠡᠬᠦ ᠤᠬᠠᠭᠠᠨ ᠮᠡᠷᠭᠡᠵᠢᠯ ᠤᠨ ᠠᠷᠢᠭᠤᠳᠬᠠᠬᠤ | ᠰᠢᠩᠭᠡᠨ ᠪᠦᠬᠦ ᠤᠯᠤᠰ ᠤᠨ ᠡᠯ᠎ᠡ ᠭᠠᠵᠠᠷ ᠲᠤ ᠪᠤᠷᠤᠯᠠᠭᠤᠯᠤᠭᠳᠠᠨ᠂ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ | ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠳᠤ ᠬᠦᠴᠦᠨ ᠨᠡᠮᠡᠷᠢᠯᠡᠪᠡ᠃ ᠠᠭᠠᠷ ᠨᠡᠷᠡᠮᠵᠢᠳᠦ ᠬᠥᠷᠥᠰᠥ | ᠰᠢᠷᠣᠶ ᠶᠢ ᠵᠠᠰᠠᠨ ᠰᠡᠷᠭᠦᠭᠡᠬᠦ ᠰᠢᠩᠭᠡᠨ ᠤᠯᠤᠰ ᠤᠨ ᠬᠥᠳᠡᠭᠡ ᠠᠵᠤ ᠠᠬᠤᠶ ᠬᠥᠳᠡᠭᠡ ᠲᠣᠰᠬᠤᠨ ᠤ ᠶᠠᠮᠤᠨ ᠤ | ᠭᠡᠷᠡᠴᠢᠯᠡᠭᠡ ᠶᠢ ᠳᠠᠮᠵᠢᠨ᠂ ᠲᠤᠰ ᠭᠠᠵᠠᠷ ᠣᠷᠣᠨ ᠤ ᠳᠡᠭᠡᠳᠦ ᠰᠢᠨ᠎ᠡ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ | ᠡᠭᠦᠳᠬᠦ ᠠᠵᠤ ᠦᠢᠯᠡᠰ ᠦᠳᠲᠡᠷ ᠲᠦᠷᠭᠡᠨ ᠬᠥᠭᠵᠢᠪᠡ᠃ | ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢᠨ ᠬᠠᠨᠳᠤᠰᠢ ᠴᠢᠩᠭᠠᠷᠠᠪᠠ᠃ ᠪᠦᠬᠦ ᠣᠷᠣᠨ ᠪᠦᠰᠡ ᠶᠢᠨ | ᠵᠢᠭᠤᠯᠴᠢᠯᠠᠯ ᠤᠨ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠬᠤ ᠪᠠᠷ ᠬᠠᠷᠠᠯᠳᠠ ᠪᠣᠯᠭᠠᠬᠤ ᠶᠢ | ᠪᠠᠷᠢᠮᠲᠠᠯᠠᠵᠤ᠂ ᠪᠣᠬᠢᠷᠲᠤᠯ ᠦᠭᠡᠶ ᠠᠮᠢ ᠠᠬᠤᠶ ᠶᠢᠨ ᠵᠢᠭᠤᠯᠴᠢᠯᠠᠯ ᠤᠨ ᠡᠬᠢ ᠪᠠᠶᠠᠯᠢᠭ ᠢ ᠬᠦᠨᠵᠡᠬᠡᠢ ᠠᠭᠤᠳᠠᠯᠤᠨ᠂ | ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠵᠢᠭᠤᠯᠴᠢᠯᠠᠯ ᠤᠨ ᠦᠢᠯᠡᠰ ᠰᠢᠨ᠎ᠡ | ᠬᠥᠭᠵᠢᠯᠲᠡ ᠲᠠᠢ ᠪᠣᠯᠪᠠ᠃ ︽ᠪᠦᠬᠦ ᠣᠷᠣᠨ ᠪᠦᠰᠡ ᠶᠢᠨ ᠵᠢᠭᠤᠯᠴᠢᠯᠠᠯ ᠤᠨ ᠬᠥᠭᠵᠢᠯᠲᠡ ᠶᠢᠨ ᠶᠡᠷᠦᠩᠬᠡᠶ | ᠲᠥᠯᠥᠪᠵᠢᠭᠦᠯᠭᠡ︾ ᠬᠢᠨᠠᠨ ᠰᠢᠯᠭᠠᠯᠳᠠ ᠶᠢ ᠦᠩᠭᠡᠷᠡᠬᠡᠪᠡ᠃ ᠬᠡᠬᠡᠨᠳᠠᠯ᠎ᠠ ᠵᠢᠭᠤᠯᠴᠢᠯᠠᠯ ᠤᠨ ᠦᠵᠡᠮᠵᠢ ᠶᠢᠨ | ᠣᠷᠣᠨ ᠤ ᠶᠠᠳᠠᠭᠤ ᠶᠢ ᠲᠡᠳᠬᠦᠬᠦ 100 ᠮᠣᠩᠭᠤᠯ ᠭᠡᠷ ᠤᠨ ᠲᠥᠷᠥᠯ ᠵᠦᠢᠯ ᠢ ᠪᠠᠶᠢᠭᠤᠯᠤᠨ ᠠᠰᠢᠭᠯᠠᠯᠲᠠ ᠳᠤ | ᠣᠷᠣᠭᠤᠯᠪᠠ᠃ ᠱᠧᠨ ᠵᠧᠦ ᠮᠠᠯᠵᠢᠯ ᠤᠨ ᠲᠠᠭᠤᠨ ᠤ ᠶᠡᠷᠦᠩᠬᠡᠶ ᠴᠣᠭᠴᠠ ᠶᠢᠨ ᠲᠥᠷᠥᠯ ᠵᠦᠢᠯ ᠡᠮᠬᠢ ᠵᠢᠷᠤᠮ ᠲᠠᠢ | ᠶᠠᠪᠤᠭᠳᠠᠨ᠂ ᠰᠢᠮ᠎ᠡ ᠶᠢᠨ ᠭᠤᠣᠯ ᠵᠢᠭᠤᠯᠴᠢᠯᠠᠯ ᠰᠣᠶᠣᠯ ᠢ ᠪᠡᠶᠡᠴᠢᠯᠡᠨ ᠣᠶᠢᠯᠠᠭᠠᠬᠤ ᠬᠦᠷᠢᠶᠡᠯᠡᠩ ᠠᠩᠬ᠎ᠠ ᠠᠯᠬᠤᠮ | ᠬᠡᠪᠴᠢᠶᠠᠵᠢᠵᠦ᠂ ᠬᠤᠩᠭᠤᠷ ᠤᠨ ᠦᠪᠠᠷᠮᠢᠴᠠ ᠣᠨᠴᠠᠯᠢᠭᠲᠤ ᠵᠢᠵᠢᠭ ᠪᠠᠯᠭᠠᠰᠤ ᠵᠢᠴᠢ ᠰᠢᠷᠠᠮᠥ᠋ᠷᠡᠨ ᠰᠦᠮ᠎ᠡ ᠶᠢᠨ | ᠦᠵᠡᠮᠵᠢ ᠶᠢᠨ ᠣᠷᠣᠨ ᠢ ᠲᠡᠰ ᠲᠡᠪᠰᠢᠬᠦᠯᠦᠨ ᠥᠭᠡᠷᠡᠴᠢᠯᠡᠬᠦ ᠠᠵᠢᠯ ᠢ ᠪᠦᠬᠦᠨ ᠢ ᠪᠡᠶᠡᠯᠡᠭᠦᠯᠪᠡ᠃ ᠬᠤᠰᠢᠭᠤᠨ ᠤ | ᠣᠯᠠᠨ ᠴᠢᠳᠠᠮᠵᠢᠲᠤ ᠵᠢᠭᠤᠯᠴᠢᠯᠠᠭᠴᠢᠳ ᠤᠨ ᠲᠥᠪ ᠢ ᠠᠰᠢᠭᠯᠠᠯᠲᠠ ᠳᠤ ᠣᠷᠣᠭᠤᠯᠪᠠ᠃ ᠪᠦᠬᠦ ᠬᠤᠰᠢᠭᠤᠨ ᠤ | ᠤᠶᠤᠨᠲᠤ ᠵᠢᠭᠤᠯᠴᠢᠯᠠᠯ ᠤᠨ ᠲᠠᠪᠴᠠᠩ ᠤᠨ ᠪᠦᠲᠦᠭᠡᠨ ᠪᠠᠶᠢᠭᠤᠯᠤᠯᠲᠠ ᠶᠢ ᠡᠮᠬᠢ ᠵᠢᠷᠤᠮ ᠲᠠᠢ ᠠᠬᠢᠭᠤᠯᠤᠨ᠂ | ᠵᠢᠭᠤᠯᠴᠢᠯᠠᠯ ᠤᠨ ᠣᠯᠠᠨ ᠨᠡᠶᠢᠲᠡ ᠶᠢᠨ ᠦᠢᠯᠡᠴᠢᠯᠡᠬᠡᠨ ᠤ ᠬᠢᠷᠢ ᠲᠦᠪᠰᠢᠨ ᠢ ᠪᠦᠲᠦᠮᠵᠢᠲᠡᠶ ᠲᠡᠬᠡᠭᠰᠢᠯᠡᠬᠦᠯᠪᠠ᠃ | ᠥᠪᠡᠷᠲᠡᠭᠡᠨ ᠵᠠᠰᠠᠬᠤ ᠣᠷᠣᠨ ᠤ ᠬᠤᠷᠢ ᠶᠢᠰᠦᠳᠦᠭᠡᠷ ᠬᠤᠭᠤᠴᠠᠭᠠᠨ ᠤ ᠵᠢᠭᠤᠯᠴᠢᠯᠠᠯ ᠤᠨ ᠨᠠᠭᠠᠳᠤᠮ ᠤᠨ ᠶᠡᠭᠡ | ᠬᠤᠷᠠᠯ᠂ ᠠᠮᠲᠠᠲᠤ ᠢᠳᠡᠭᠡᠨ ᠤ ᠪᠠᠶᠠᠷ ᠵᠡᠷᠭᠡ ᠠᠵᠢᠯᠯᠠᠭ᠎ᠠ ᠶᠢ ᠠᠮᠵᠢᠯᠲᠠ ᠲᠠᠢ ᠡᠷᠬᠢᠯᠡᠪᠡ᠃ ᠵᠢᠯ ᠳᠤ 120 ᠲᠦᠮᠡᠨ | ᠵᠤᠭᠠᠴᠠᠭᠰᠠᠳ ᠢ ᠬᠦᠯᠢᠶᠡᠨ ᠠᠪᠴᠤ᠂ ᠵᠢᠭᠤᠯᠴᠢᠯᠠᠯ ᠤᠨ ᠶᠡᠷᠦᠩᠬᠡᠶᠢᠯᠡᠭᠰᠡᠨ ᠣᠷᠣᠯᠭ᠎ᠠ 7.6 ᠳ᠋ᠦᠩᠰᠢᠭᠤᠷ | ᠲᠥᠭᠦᠷᠢᠭ ᠲᠤ ᠬᠦᠷᠪᠡ᠃ | ᠠᠷᠠᠯᠵᠢᠶ᠎ᠠ ᠬᠤᠳᠠᠯᠳᠤᠭ᠎ᠠ ᠡᠳ᠋ ᠪᠠᠷᠠᠭᠠᠨ ᠤ ᠭᠦᠢᠯᠭᠡᠭᠡᠨ ᠤ ᠦᠢᠯᠡᠰ ᠲᠦᠷᠭᠡᠨ ᠬᠥᠭᠵᠢᠪᠡ᠃ ᠤᠯᠤᠰ ᠤᠨ | ᠲᠠᠰ ᠤᠨ ᠡᠯᠧᠺᠲᠷᠣᠨ ᠬᠤᠳᠠᠯᠳᠤᠭᠠᠨ ᠤ ᠶᠠᠪᠤᠳᠠᠯ ᠢ ᠬᠥᠳᠡᠭᠡ ᠲᠣᠰᠬᠤᠨ ᠳᠤ ᠣᠷᠣᠭᠤᠯᠬᠤ ᠵᠢᠱᠢᠶᠡᠴᠢ ᠲᠥᠷᠥᠯ | ᠵᠤᠶᠢᠯ ᠤᠨ ᠠᠬᠢᠴᠠ ᠤᠷᠤᠭᠰᠢᠲᠠᠶ ᠪᠠᠶᠢᠵᠤ᠂ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠣᠯᠠᠨ ᠨᠠᠶᠢᠳᠠ ᠶᠢᠨ | ᠦᠢᠯᠡᠴᠢᠯᠡᠬᠡᠨ ᠤ ᠲᠥᠪ᠂ ᠬᠥᠮᠥᠷᠭᠡᠯᠡᠨ ᠬᠠᠳᠠᠭᠠᠯᠠᠬᠤ ᠪᠠᠷᠠᠭᠠᠨ ᠤ ᠬᠦᠢᠯᠬᠡᠬᠡ ᠶᠢᠨ ᠬᠤᠪᠢᠶᠠᠷᠢ ᠲᠥᠪ | ᠠᠰᠢᠭᠯᠠᠯᠲᠠ ᠳᠤ ᠣᠷᠣᠵᠤ᠂ 36 ᠡᠯᠧᠺᠲᠷᠣᠨ ᠬᠤᠳᠠᠯᠳᠤᠭᠠᠨ ᠤ ᠦᠢᠯᠡᠴᠢᠯᠡᠬᠡᠨ ᠤ ᠥᠷᠲᠡᠭᠡ ᠪᠠᠶᠢᠭᠤᠯᠵᠤ᠂ | 1097 ᠰᠦᠯᠵᠢᠶᠡᠨ ᠳᠡᠯᠭᠡᠭᠦᠷ ᠨᠡᠭᠡᠭᠡᠪᠡ᠃ ︽ᠮᠦᠷᠦᠬᠡᠳᠦᠯ ᠤᠨ ᠨᠤᠲᠤᠭ︾ ᠬᠡᠮᠡᠬᠦ ᠡᠯᠧᠺᠲᠷᠣᠨ | ᠬᠤᠳᠠᠯᠳᠤᠭᠠᠨ ᠤ ᠶᠠᠪᠤᠳᠠᠯ ᠤᠨ ᠣᠯᠠᠨ ᠨᠡᠶᠢᠲᠡ ᠶᠢᠨ ᠨᠡᠷᠡᠲᠦ ᠲᠥᠷᠥᠯ ᠲᠡᠮᠳᠡᠭ ᠠᠮᠵᠢᠯᠲᠠ ᠲᠠᠢ ᠳᠠᠩᠰᠠᠯᠠᠭᠤᠯᠵᠤ᠂ | ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠳᠦᠬᠡᠭᠳᠡᠬᠦᠨ ᠢ ᠳᠡᠭᠡᠭᠰᠢ ᠠᠷᠠᠯᠵᠢᠶᠠᠯᠠᠭᠠᠳ 1600 ᠲᠦᠮᠡᠨ | ᠲᠥᠭᠦᠷᠢᠭ ᠨᠡᠮᠡᠭᠳᠡᠪᠡ᠃ ᠭᠦᠸᠧ ᠲᠦᠩ ᠪᠠᠷᠠᠭ᠎ᠠ ᠶᠢᠨ ᠬᠦᠢᠯᠬᠡᠬᠡᠨ ᠤ ᠲᠣᠭᠤᠷᠢᠭ ᠡᠯ᠎ᠡ ᠲᠠᠯ᠎ᠠ ᠶᠢᠨ ᠨᠦᠬᠦᠴᠡᠯ | ᠢᠶᠠᠨ ᠪᠦᠷᠢᠳᠦᠬᠦᠯᠪᠠ᠃ | ᠮᠥᠩᠭᠦᠨ ᠬᠦᠢᠯᠬᠡᠬᠡᠨ ᠤ ᠠᠵᠤ ᠦᠢᠯᠡᠰ ᠤᠨ ᠬᠠᠨᠳᠤᠰᠢ ᠰᠠᠶᠢᠨ ᠪᠠᠶᠢᠨ᠎ᠠ᠃ ᠵᠢᠵᠢᠭ ᠪᠢᠴᠢᠯ ᠠᠵᠤ | ᠠᠬᠤᠶᠢᠯᠠᠯ ᠤᠨ ᠬᠥᠭᠵᠢᠯᠲᠡ ᠶᠢ ᠢᠳᠡᠪᠬᠢᠲᠡᠶ ᠳᠡᠮᠵᠢᠵᠦ᠂ ᠠᠵᠤ ᠠᠬᠤᠶᠢᠯᠠᠯ ᠤᠨ ᠪᠡᠯᠡ ᠭᠠᠷᠭᠠᠬᠤ ᠠᠷᠭ᠎ᠠ ᠮᠠᠶ᠋ᠢᠭ ᠢ | ᠤᠯᠠᠮ ᠨᠢᠭᠡ ᠠᠯᠬᠤᠮ ᠠᠭᠤᠵᠢᠭᠤ ᠪᠣᠯᠭᠠᠵᠤ᠂ ᠰᠲ᠋ᠣᠺ ᠤᠨ ᠡᠷᠬᠡ ᠪᠠᠷ ᠳᠠᠨᠵᠢᠯᠠᠬᠤ᠂ ᠲᠤᠭᠳᠠᠮᠠᠯ ᠬᠥᠷᠥᠩᠭᠡ ᠪᠠᠷ | ᠪᠠᠷᠢᠴᠠᠭᠠᠯᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠨ᠂ ᠵᠢᠵᠢᠭ ᠪᠢᠴᠢᠯ ᠠᠵᠤ ᠠᠬᠤᠶᠢᠯᠠᠯ ᠳᠤ 885 ᠲᠦᠮᠡᠨ | ᠲᠥᠭᠦᠷᠢᠭ ᠤᠨ ᠪᠡᠯᠡ ᠬᠤᠷᠠᠮᠳᠤᠭᠤᠯᠪᠠ᠃ ᠠᠷᠠᠳ ᠤᠨ ᠵᠣᠭᠤᠰ ᠤᠨ ᠬᠠᠳᠠᠭᠠᠯᠠᠮᠵᠢ ᠪᠠ ᠵᠢᠭᠡᠯᠡᠯᠭᠡ ᠶᠢᠨ ᠦᠯᠡᠳᠡᠪᠦᠷᠢ | ᠲᠤᠰ ᠲᠤᠰ 59.1 ᠳ᠋ᠦᠩᠰᠢᠭᠤᠷ ᠲᠥᠭᠦᠷᠢᠭ᠂ 43.5 ᠳ᠋ᠦᠩᠰᠢᠭᠤᠷ ᠲᠥᠭᠦᠷᠢᠭ ᠬᠦᠷᠪᠡ᠃ | ︵ᠲᠦᠷᠪᠡ︶ ᠠᠷᠠᠳ ᠤᠨ ᠠᠮᠢᠳᠤᠷᠠᠯ ᠤᠨ ᠪᠠᠳᠤᠯᠠᠭ᠎ᠠ ᠶᠢ ᠴᠢᠩᠭᠠᠳᠬᠠᠵᠦ᠂ ᠦᠷᠬᠡᠨ ᠤᠯᠠᠨ ᠠᠷᠠᠳ ᠲᠦᠮᠡᠨ ᠤ | ᠬᠦᠷᠳᠡᠬᠡᠮᠵᠢ ᠶᠢᠨ ᠲᠦᠷᠦᠭᠳᠡᠯ᠂ ᠵᠤᠯ ᠵᠢᠷᠭᠠᠯᠳᠦ ᠲᠦᠷᠦᠭᠳᠡᠯ ᠪᠠ ᠠᠮᠤᠷ ᠲᠦᠪᠰᠢᠨ ᠤ ᠲᠦᠷᠦᠭᠳᠡᠯ ᠢ ᠲᠠᠰᠤᠷᠠᠯᠳᠠ | ᠦᠭᠡᠢ ᠲᠡᠭᠡᠭᠰᠢᠯᠡᠬᠦᠯᠪᠠ᠃ | ᠨᠠᠶᠢᠬᠡᠮ ᠤᠨ ᠪᠠᠳᠤᠯᠠᠭ᠎ᠠ ᠶᠢᠨ ᠰᠢᠰᠲ᠋ᠧᠮ ᠢ ᠲᠠᠰᠤᠷᠠᠯᠳᠠ ᠦᠭᠡᠢ ᠪᠦᠷᠢᠨᠰᠢᠬᠦᠯᠪᠠ᠃ ᠡᠳ᠋ ᠤᠨ ᠵᠠᠰᠠᠭ ᠠᠴᠠ | ᠠᠷᠠᠳ ᠤᠨ ᠠᠮᠢᠳᠤᠷᠠᠯ ᠢ ᠪᠠᠳᠤᠯᠠᠨ ᠰᠠᠶᠢᠵᠢᠷᠠᠭᠤᠯᠬᠤ ᠬᠦᠴᠦᠯᠡᠴᠡ ᠪᠠᠨ ᠦᠷᠬᠦᠯᠵᠢᠯᠡᠨ ᠨᠡᠮᠡᠭᠳᠡᠬᠦᠯᠦᠨ᠂ ᠪᠦᠬᠦ ᠵᠢᠯ | ᠳᠤ ᠠᠷᠠᠳ ᠤᠨ ᠠᠮᠢᠳᠤᠷᠠᠯ ᠤᠨ ᠬᠡᠪᠴᠢᠶᠠᠨ ᠳᠤ ᠬᠡᠷᠡᠭᠯᠡᠬᠦ ᠵᠠᠷᠤᠯᠭ᠎ᠠ 25.3 ᠳ᠋ᠦᠩᠰᠢᠭᠤᠷ ᠲᠦᠬᠦᠷᠢᠭ ᠲᠤ | ᠬᠦᠷᠴᠦ᠂ ᠡᠳ᠋ ᠤᠨ ᠵᠠᠰᠠᠭ ᠤᠨ ᠪᠦᠬᠦ ᠵᠠᠷᠤᠯᠭ᠎ᠠ ᠶᠢᠨ 82.6% ᠶᠢ ᠡᠵᠡᠯᠡᠭᠰᠡᠨ ᠪᠠᠶᠢᠨ᠎ᠠ᠃ ᠶᠠᠳᠠᠭᠤ | ᠬᠦᠴᠢᠷᠳᠠᠯᠳᠠᠢ ᠬᠦᠮᠦᠰ ᠤᠨ ᠪᠠᠳᠤᠯᠠᠭ᠎ᠠ ᠶᠢᠨ ᠲᠦᠪᠰᠢᠨ ᠢ ᠲᠠᠰᠤᠷᠠᠯᠳᠠ ᠦᠭᠡᠢ ᠲᠡᠭᠡᠭᠰᠢᠯᠡᠬᠦᠯᠦᠨ᠂ ᠪᠦᠬᠦ ᠵᠢᠯ ᠳᠤ | 1.7 ᠳ᠋ᠦᠩᠰᠢᠭᠤᠷ ᠲᠦᠬᠦᠷᠢᠭ ᠤᠨ ᠲᠤᠤᠷ᠎ᠠ ᠪᠠᠳᠤᠯᠠᠭᠠᠳᠦ᠂ ᠲᠠᠪᠤᠨ ᠪᠠᠳᠤᠯᠠᠭᠠᠳᠦ᠂ ᠶᠠᠳᠠᠭᠤ ᠬᠦᠴᠢᠷᠳᠠᠯᠳᠠᠢ | ᠬᠡᠤᠬᠡᠳ ᠪᠡᠭᠠᠴᠤᠳ᠂ ᠵᠠᠮᠳᠡᠭᠴᠤᠳ᠂ ᠦᠨᠳᠦᠷ ᠨᠠᠰᠤᠳᠠᠢ ᠬᠦᠮᠦᠰ᠂ ᠠᠰᠠᠷᠠᠨ ᠬᠠᠷᠠᠭᠠᠯᠵᠠᠬᠤ ᠴᠢᠬᠤᠯᠠᠳᠠᠢ | ᠡᠳᠡᠬᠡᠳ ᠵᠡᠷᠬᠡ ᠡᠯ᠎ᠡ ᠵᠤᠶᠢᠯ ᠤᠨ ᠨᠦᠬᠦᠪᠦᠷᠢ ᠮᠦᠩᠭᠦ ᠲᠠᠷᠬᠠᠭᠠᠵᠦ᠂ 4.5 ᠲᠦᠮᠡᠨ ᠬᠦᠮᠦᠨ ᠳᠤ ᠠᠰᠢᠭ | ᠬᠦᠷᠳᠡᠭᠡᠪᠡ᠃ ᠮᠠᠯᠵᠢᠬᠤ ᠲᠠᠷᠢᠶᠠᠯᠠᠬᠤ ᠤᠷᠤᠨ ᠤ ᠨᠠᠰᠤᠵᠢᠯ ᠤᠨ ᠦᠢᠯᠡᠴᠢᠯᠡᠬᠡᠨ ᠤ ᠰᠢᠰᠲ᠋ᠧᠮ ᠢ ᠲᠠᠰᠤᠷᠠᠯᠳᠠ | ᠦᠭᠡᠢ ᠲᠡᠬᠦᠯᠳᠡᠷᠵᠢᠬᠦᠯᠦᠨ᠂ ᠵᠤᠯ ᠵᠢᠷᠭᠠᠯᠳᠦ ᠬᠦᠷᠢᠶᠠᠯᠠᠩ ᠳᠤ ᠬᠠᠷᠢᠯᠴᠠᠨ ᠬᠠᠷᠠᠭᠠᠯᠵᠠᠨ ᠬᠠᠪᠰᠤᠷᠤᠯᠴᠠᠬᠤ | ᠨᠠᠰᠤᠵᠢᠯ ᠤᠨ ᠠᠰᠠᠷᠠᠮᠵᠢ ᠪᠠᠷ ᠭᠤᠤᠯ ᠴᠣᠭᠴᠠ ᠪᠣᠯᠭᠠᠨ᠂ ᠭᠡᠷ ᠲᠡᠭᠡᠨ ᠰᠠᠭᠤᠬᠤ ᠨᠠᠰᠤᠵᠢᠯ ᠤᠨ ᠠᠰᠠᠷᠠᠮᠵᠢ ᠪᠠᠷ | ᠲᠦᠰᠢᠭ ᠪᠣᠯᠭᠠᠵᠤ᠂ ᠨᠠᠰᠤᠲᠠᠨ ᠢ ᠠᠰᠠᠷᠠᠬᠤ ᠬᠦᠷᠢᠶᠡᠯᠡᠩ ᠳᠤ ᠲᠥᠪᠯᠡᠷᠡᠭᠦᠯᠦᠨ ᠠᠰᠠᠷᠠᠨ ᠲᠡᠵᠢᠭᠡᠬᠦ ᠪᠠᠷ ᠨᠥᠬᠦᠪᠥᠷᠢ | ᠪᠣᠯᠭᠠᠭᠰᠠᠨ ᠦᠢᠯᠡᠴᠢᠯᠡᠬᠡᠨ ᠤ ᠰᠢᠰᠲ᠋ᠧᠮᠵᠢ ᠶᠢ ᠠᠩᠬ᠎ᠠ ᠠᠯᠬᠤᠮ ᠪᠦᠷᠢᠯᠳᠦᠭᠦᠯᠪᠡ᠃ ᠬᠤᠲᠠ ᠬᠥᠳᠡᠭᠡ ᠶᠢᠨ ᠡᠮ | ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠨ ᠬᠥᠮᠦᠨ ᠤ ᠲᠤᠭ᠎ᠠ 18 ᠲᠦᠮᠡ ᠳᠤ ᠬᠦᠷᠴᠦ᠂ ᠪᠦᠬᠦ ᠵᠢᠯ ᠳᠤ 1.6 | ᠳ᠋ᠦᠩᠰᠢᠭᠤᠷ ᠲᠥᠭᠦᠷᠢᠭ ᠢ ᠡᠮ ᠡᠮᠨᠡᠯᠬᠡ ᠶᠢᠨ ᠲᠠᠩᠰᠠᠨ ᠠᠴᠠ ᠲᠠᠶᠢᠯᠪᠠ᠃ | ᠰᠤᠷᠭᠠᠨ ᠬᠦᠮᠦᠵᠢᠯ ᠵᠢᠭᠠᠨ ᠰᠤᠷᠭᠠᠯᠳᠠ ᠶᠢᠨ ᠨᠦᠬᠦᠴᠡᠯ ᠢᠯᠡᠳᠳᠠ ᠰᠠᠶᠢᠵᠢᠷᠠᠪᠠ᠃ ᠰᠤᠷᠭᠠᠨ ᠬᠦᠮᠦᠵᠢᠯ ᠳᠠᠬᠢ | ᠪᠠᠯᠠ ᠤᠷᠤᠭᠤᠯᠤᠯᠳᠠ ᠪᠠᠨ ᠲᠠᠰᠤᠷᠠᠯᠳᠠ ᠦᠭᠡᠢ ᠨᠡᠮᠡᠭᠳᠡᠬᠦᠯᠦᠨ᠂ ᠰᠤᠷᠭᠠᠨ ᠬᠦᠮᠦᠵᠢᠯ ᠤᠨ ᠦᠢᠯᠡᠰ ᠤᠨ ᠪᠦᠬᠦ | ᠲᠠᠯ᠎ᠠ ᠪᠠᠷ ᠲᠡᠩᠴᠡᠬᠦᠷᠢᠳᠠᠢ ᠬᠦᠭᠵᠢᠬᠦ ᠶᠢ ᠠᠬᠢᠭᠤᠯᠵᠦ᠂ ︽ᠵᠢᠱᠢᠶ᠎ᠠ ᠦᠵᠡᠬᠦᠯᠦᠨ ᠲᠠᠭᠠᠭᠤᠯᠬᠤ᠂ ᠪᠦᠳᠦᠴᠡ ᠶᠢ | ᠰᠢᠯᠢᠳᠡᠭᠵᠢᠬᠦᠯᠬᠦ᠂ ᠶᠠᠰᠦ ᠴᠢᠨᠠᠷ ᠢ ᠲᠡᠭᠡᠭᠰᠢᠬᠦᠯᠬᠦ᠂ ᠨᠠᠶᠢᠬᠡᠮ ᠲᠠᠶᠠᠭᠠᠷ ᠢ ᠰᠡᠳᠬᠢᠯ ᠬᠠᠨᠤᠮᠵᠢᠳᠠᠢ ᠪᠠᠶᠢᠯᠭᠠᠬᠤ︾ | ᠬᠦᠭᠵᠢᠯᠳᠠ ᠶᠢᠨ ᠲᠤᠭᠳᠠᠴᠠ ᠶᠢ ᠠᠩᠬ᠎ᠠ ᠠᠯᠬᠤᠮ ᠪᠦᠷᠢᠳᠦᠬᠦᠯᠪᠠ᠃ ᠪᠡᠬᠡᠵᠢᠩ ᠤᠨ ᠺᠤᠸᠠᠨ ᠭᠤᠤ ᠰᠤᠷᠭᠠᠨ | ᠬᠦᠮᠦᠵᠢᠯ ᠤᠨ ᠪᠦᠯᠦᠭᠯᠡᠯ ᠢ ᠤᠷᠤᠭᠰᠢᠳᠠᠢ ᠤᠷᠢᠨ ᠤᠷᠤᠭᠤᠯᠵᠦ᠂ ᠰᠢᠯᠢᠳᠡᠭ ᠵᠢᠭᠠᠨ ᠰᠤᠷᠭᠠᠯᠳᠠ ᠶᠢᠨ ᠡᠬᠢ | ᠪᠠᠶᠠᠯᠢᠭ ᠪᠠ ᠲᠡᠷᠢᠬᠦᠨ ᠤ ᠰᠤᠷᠭᠠᠨ ᠬᠦᠮᠦᠵᠢᠯ ᠤᠨ ᠦᠢᠯᠡᠭᠠᠭᠳᠠᠬᠤᠨ ᠢ ᠬᠠᠮᠳᠤᠪᠠᠷ ᠡᠳ᠋ᠯᠡᠬᠦ ᠶᠢ ᠪᠠᠶᠠᠯᠡᠬᠦᠯᠦᠨ᠂ | ᠰᠤᠷᠤᠯᠭ᠎ᠠ ᠶᠢᠨ ᠬᠢᠷᠢ ᠲᠦᠪᠰᠢᠨ ᠤ ᠦᠨᠡᠯᠡᠯᠳᠠ ᠨᠢ ᠪᠦᠬᠦ ᠬᠤᠳᠠ ᠶᠢᠨ ᠲᠤᠮᠳᠠᠴᠢ ᠬᠤᠪᠢ ᠪᠠᠷ ᠬᠤᠶᠠᠳᠤᠭᠠᠷ ᠲᠤ᠂ | ᠰᠢᠯᠢᠳᠡᠭ ᠨᠤᠷᠮ᠎ᠠ ᠪᠠᠷ ᠨᠢᠬᠡᠳᠦᠬᠡᠷ ᠲᠤ ᠵᠢᠭᠰᠠᠭᠠᠭᠳᠠᠭᠰᠠᠨ ᠰᠠᠶᠢᠨ ᠬᠢᠷᠢ ᠪᠦᠳᠦᠮᠵᠢ ᠶᠢ ᠤᠯᠵᠦ᠂ ᠰᠤᠷᠭᠠᠨ | ᠬᠦᠮᠦᠵᠢᠯ ᠵᠢᠭᠠᠨ ᠰᠤᠷᠭᠠᠯᠳᠠ ᠶᠢᠨ ᠲᠦᠪᠰᠢᠨ ᠪᠦᠬᠦ ᠲᠠᠯ᠎ᠠ ᠪᠠᠷ ᠲᠡᠭᠡᠭᠰᠢᠯᠡᠪᠠ᠃ ᠦᠨᠳᠦᠰᠦᠳᠡᠨ ᠤ ᠰᠤᠷᠭᠠᠨ | ᠬᠦᠮᠦᠵᠢᠯ ᠢ ᠲᠡᠷᠢᠬᠦᠨ ᠪᠠᠶᠢᠷᠢᠨ ᠳᠤ ᠲᠠᠯᠪᠢᠵᠦ᠂ ᠠᠳᠠᠯᠢ ᠪᠤᠰᠦ ᠲᠦᠷᠦᠯ ᠤᠨ ᠬᠢᠴᠢᠶᠠᠯ ᠬᠦᠮᠦᠵᠢᠯ ᠤᠨ | ᠦᠬᠡᠷᠡᠴᠢᠯᠡᠯᠳᠠ ᠶᠢ ᠢᠳᠠᠪᠬᠢᠳᠠᠢ ᠪᠠᠷ ᠬᠠᠶᠢᠨ ᠰᠦᠪᠡᠭᠴᠢᠯᠡᠨ᠂ ᠤᠳᠤᠬᠢ ᠱᠠᠳᠤᠨ ᠤ ᠰᠤᠷᠭᠠᠨ ᠬᠦᠮᠦᠵᠢᠯ ᠤᠨ | ᠲᠤᠳᠠᠭᠤᠳᠠᠯ ᠢ ᠪᠦᠬᠦ ᠲᠠᠯ᠎ᠠ ᠪᠠᠷ ᠰᠠᠶᠢᠵᠢᠷᠠᠭᠤᠯᠪᠠ᠃ ᠰᠤᠷᠤᠯᠭ᠎ᠠ ᠠᠴᠠ ᠪᠠᠨ ᠲᠤᠳᠠᠭᠤ ᠵᠤᠭᠰᠤᠬᠤ ᠪᠠᠶᠢᠳᠠᠯ ᠢ | ᠬᠢᠵᠠᠭᠠᠷᠯᠠᠬᠤ ᠬᠠᠮᠢᠶᠠᠷᠤᠯᠳᠠ ᠶᠢᠨ ᠲᠤᠭ᠎ᠠ ᠪᠠᠷᠢᠮᠳᠠ ᠶᠢᠨ ᠬᠦᠮᠦᠷᠬᠡ ᠶᠢ ᠲᠡᠬᠦᠯᠳᠡᠷᠵᠢᠬᠦᠯᠦᠨ ᠪᠠᠶᠢᠭᠤᠯᠵᠦ᠂ | ᠰᠤᠷᠤᠯᠭ᠎ᠠ ᠶᠢᠨ ᠨᠠᠮᠳᠠᠷ ᠤᠨ ᠬᠠᠮᠢᠶᠠᠷᠤᠯᠳᠠ ᠪᠠᠨ ᠴᠢᠩᠭᠠᠳᠬᠠᠨ᠂ ᠠᠯᠪᠠᠨ ᠵᠢᠷᠤᠮ ᠤᠨ ᠰᠤᠷᠭᠠᠨ ᠬᠦᠮᠦᠵᠢᠯ ᠤᠨ | ᠱᠠᠳᠤᠨ ᠳᠤ ᠰᠤᠷᠤᠯᠭ᠎ᠠ ᠠᠴᠠ ᠪᠠᠨ ᠲᠤᠳᠠᠭᠤ ᠲᠤᠷᠭᠤᠨ ᠵᠤᠭᠰᠤᠭᠰᠠᠨ ᠪᠠᠶᠢᠳᠠᠯ ᠢᠯᠡᠷᠡᠭᠰᠡᠨ ᠦᠭᠡᠢ᠃ ᠶᠠᠳᠠᠭᠤ | ᠬᠦᠴᠢᠷᠳᠠᠯᠳᠠᠢ ᠰᠤᠷᠤᠭᠴᠢᠳ ᠢ ᠪᠦᠬᠦ ᠲᠠᠯ᠎ᠠ ᠪᠠᠷ ᠬᠠᠪᠰᠤᠷᠤᠨ ᠲᠡᠮᠵᠢᠪᠠ᠃ | ᠤᠯᠠᠨ ᠨᠠᠶᠢᠳᠠ ᠶᠢᠨ ᠦᠢᠯᠡᠴᠢᠯᠡᠬᠡᠨ ᠤ ᠰᠢᠰᠲ᠋ᠧᠮ ᠢ ᠲᠠᠰᠤᠷᠠᠯᠳᠠ ᠦᠭᠡᠢ ᠰᠢᠯᠢᠳᠡᠭᠵᠢᠬᠦᠯᠪᠠ᠃ ᠶᠡᠷᠦᠩᠬᠡᠶ ᠱᠦᠵᠢ | ᠰᠢ ᠶᠢᠨ ᠫᠢᠩ ᠤᠨ ᠤᠯᠠᠭᠠᠨᠮᠥ᠋ᠴᠢᠷ ᠤᠨ ᠦᠢᠯᠡᠰ ᠢ ᠬᠦᠭᠵᠢᠬᠦᠯᠬᠦ ᠲᠤᠬᠠᠶ ᠴᠢᠬᠤᠯᠠ ᠵᠢᠭᠠᠪᠤᠷᠢ ᠶᠢᠨ ᠵᠣᠷᠢᠭ | ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠦ᠂ ᠤᠯᠠᠭᠠᠨᠮᠥ᠋ᠴᠢᠷ ᠤᠨ ᠰᠢᠯᠢᠳᠡᠭ ᠤᠯᠠᠮᠵᠢᠯᠠᠯ ᠢ | ᠶᠡᠬᠡᠪᠡᠷ ᠪᠠᠳᠠᠷᠠᠭᠤᠯᠤᠨ᠂ ᠤᠳᠬ᠎ᠠ ᠤᠷᠠᠯᠢᠭ ᠤᠨ ᠰᠢᠨ᠎ᠡ ᠡᠬᠦᠳᠦᠯᠳᠠ ᠶᠢ ᠪᠦᠬᠦ ᠬᠦᠴᠦᠨ ᠢᠶᠠᠷ ᠠᠬᠢᠭᠤᠯᠵᠦ᠂ | ᠬᠤᠰᠢᠭᠤᠨ ᠤ ᠤᠯᠠᠭᠠᠨᠮᠥ᠋ᠴᠢᠷ ᠪᠦᠬᠦ ᠣᠷᠣᠨ ᠤ ᠨᠠᠢᠮᠠᠳᠤᠭᠠᠷ ᠬᠤᠭᠤᠴᠠᠭᠠᠨ ᠤ ᠤᠯᠠᠭᠠᠨᠮᠥ᠋ᠴᠢᠷ ᠤᠨ ᠤᠷᠠᠯᠢᠭ ᠤᠨ | ᠪᠠᠶᠠᠷ ᠤᠨ ᠠᠯᠲᠠᠨ ᠱᠠᠩᠨᠠᠯ ᠢ ᠬᠦᠷᠲᠡᠪᠡ᠃ ᠤᠯᠠᠭᠠᠨᠮᠥ᠋ᠴᠢᠷ ᠤᠨ ᠵᠣᠬᠢᠶᠠᠨ ᠪᠦᠲᠦᠭᠡᠭᠰᠡᠨ ᠮᠠᠨᠵᠤ ᠦᠨᠳᠦᠰᠦᠲᠡᠨ ᠤ | ᠪᠣᠳᠠᠰ ᠤᠨ ᠪᠤᠰᠤ ᠰᠣᠶᠣᠯ ᠤᠨ ᠥᠪ ᠤᠨ ᠵᠦᠴᠦᠭᠡ — ︽ᠡᠯ ᠺᠦᠶ ᠶᠢᠨ ᠪᠠᠷᠢᠯᠳᠤᠭᠠᠨ︾ ᠨᠢ ᠬᠤᠸᠠᠢ ᠷᠸᠦ | ᠲᠣᠭᠤᠷᠢᠭ ᠲᠤ ᠠᠮᠵᠢᠯᠲᠠ ᠲᠠᠢ ᠶᠠᠪᠤᠭᠳᠠᠪᠠ᠃ ᠵᠤᠭᠠᠴᠠᠭᠰᠠᠳ ᠤᠨ ᠲᠥᠪ ᠪᠠ ᠤᠯᠠᠭᠠᠨᠮᠥ᠋ᠴᠢᠷ ᠤᠨ | ᠪᠣᠯᠪᠠᠰᠤᠷᠠᠯ ᠤᠨ ᠲᠢᠩᠬᠢᠮ ᠤᠨ ᠰᠢᠨ᠎ᠡ ᠪᠠᠷ ᠪᠠᠶᠢᠭᠤᠯᠬᠤ ᠲᠥᠷᠥᠯ ᠵᠤᠶᠢᠯ ᠢ ᠡᠮᠬᠢ ᠵᠢᠷᠤᠮ ᠲᠠᠢ ᠠᠬᠢᠭᠤᠯᠪᠠ᠃ ᠬᠠᠮ | ᠵᠠᠭᠤᠴᠢᠯᠠᠭᠤᠷ ᠤᠨ ᠲᠥᠪ ᠫᠠᠶᠢᠰᠠ ᠡᠯᠭᠦᠨ ᠪᠠᠶᠢᠭᠤᠯᠤᠭᠳᠠᠪᠠ᠃ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ | ᠢᠨᠵᠧᠨᠧᠷᠢᠩ ᠢ ᠬᠡᠷᠡᠭᠵᠢᠭᠦᠯᠵᠦ᠂ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠣᠶ ᠶᠢ ᠪᠡᠯᠭᠡᠯᠡᠬᠦ | ᠪᠠ ︽ᠳᠤᠮᠳᠠᠳᠤ ᠶᠢᠨ ᠬᠦᠰᠡᠯ — ᠰᠣᠶᠣᠯ ᠢ ᠤᠯᠠᠮᠵᠢᠯᠠᠨ ᠲᠠᠮᠵᠢᠭᠤᠯᠬᠤ︾ ᠵᠡᠷᠭᠡ ᠣᠯᠠᠨ ᠲᠦᠮᠡᠨᠴᠢ ᠴᠢᠨᠠᠷᠲᠠᠶ | ᠰᠣᠶᠣᠯ ᠤᠨ ᠠᠵᠢᠯᠯᠠᠭ᠎ᠠ ᠵᠢᠴᠢ ᠠᠷᠠᠳ ᠲᠤ ᠠᠰᠢᠭ ᠬᠦᠷᠳᠡᠬᠡᠬᠦ ᠲᠣᠭᠯᠠᠯᠲᠠ ᠶᠢ 180 ᠭᠠᠷᠤᠶ ᠤᠳᠠᠭ᠎ᠠ | ᠶᠠᠪᠤᠭᠳᠠᠭᠤᠯᠵᠦ᠂ ᠣᠯᠠᠨ ᠲᠦᠮᠡᠨ ᠤ ᠰᠣᠶᠣᠯ ᠤᠨ ᠠᠵᠢᠯᠯᠠᠭ᠎ᠠ ᠲᠠᠰᠤᠷᠠᠯᠳᠠ ᠦᠭᠡᠶ ᠪᠠᠶᠠᠯᠢᠭᠵᠢᠪᠠ᠃ ᠡᠮ | ᠡᠮᠨᠡᠯᠬᠡ ᠡᠷᠡᠬᠦᠯ ᠬᠠᠮᠠᠭᠠᠯᠠᠯ ᠤᠨ ᠰᠠᠭᠤᠷᠢ ᠲᠦᠬᠦᠬᠡᠷᠦᠮᠵᠢ ᠶᠢᠨ ᠪᠦᠳᠦᠬᠡᠨ ᠪᠠᠶᠢᠭᠤᠯᠤᠯᠳᠠ ᠶᠢ ᠲᠠᠰᠤᠷᠠᠯᠳᠠ ᠦᠭᠡᠢ | ᠴᠢᠩᠭᠠᠳᠬᠠᠵᠦ᠂ ᠬᠤᠰᠢᠭᠤᠨ ᠤ ᠮᠣᠩᠭᠤᠯ ᠬᠢᠲᠠᠳ ᠡᠮᠨᠡᠯᠭᠡ ᠶᠢᠨ ᠬᠤᠷᠢᠶ᠎ᠠ᠂ ᠡᠬᠡ ᠨᠢᠯᠬᠠᠰ ᠤᠨ ᠡᠷᠡᠭᠦᠯ ᠮᠡᠨᠳᠦ ᠶᠢ | ᠬᠠᠮᠠᠭᠠᠯᠠᠬᠤ ᠭᠠᠵᠠᠷ ᠵᠢᠴᠢ ᠵᠡᠮᠳᠡᠭᠴᠦᠳ ᠤᠨ ᠡᠷᠡᠬᠦᠯᠵᠢᠯ ᠤᠨ ᠲᠥᠪ ᠤᠨ ᠲᠥᠷᠥᠯ ᠵᠤᠶᠢᠯ ᠤᠨ ᠭᠤᠤᠯ | ᠴᠣᠭᠴᠠ ᠶᠢᠨ ᠪᠠᠷᠢᠯᠭ᠎ᠠ ᠶᠢ ᠲᠠᠭᠤᠰᠬᠠᠪᠠ᠃ ᠦᠨᠳᠦᠰᠦᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ | ᠦᠢᠯᠡᠴᠢᠯᠡᠭᠡ ᠶᠢ ᠴᠢᠩᠭᠠᠳᠬᠠᠵᠤ᠂ 2 ᠡᠷᠡᠭᠦᠯ ᠬᠠᠮᠠᠭᠠᠯᠠᠯ ᠤᠨ ᠬᠤᠷᠢᠶ᠎ᠠ᠂ 1 ᠡᠷᠡᠭᠦᠯ ᠬᠠᠮᠠᠭᠠᠯᠠᠯ ᠤᠨ ᠲᠠᠰᠤᠭ ᠢ | ᠰᠢᠨ᠎ᠡ ᠪᠠᠷ ᠥᠭᠡᠷᠡᠴᠢᠯᠡᠨ ᠪᠠᠶᠢᠭᠤᠯᠵᠤ᠂ ᠪᠦᠬᠦᠨ ᠢ ᠠᠰᠢᠭᠯᠠᠯᠲᠠ ᠳᠤ ᠣᠷᠣᠭᠤᠯᠪᠠ᠃ ᠬᠤᠲᠠ ᠬᠥᠳᠡᠭᠡ ᠶᠢᠨ | ᠰᠠᠭᠤᠭᠠᠯᠢ ᠠᠷᠠᠳ ᠤᠨ ᠡᠷᠡᠬᠦᠯᠵᠢᠯ ᠤᠨ ᠡᠯᠧᠺᠲᠷᠣᠨ ᠳᠠᠩᠰᠠ ᠡᠪᠬᠡᠮᠡᠯ ᠤᠨ ᠨᠣᠷᠮ᠎ᠠ ᠳᠤᠮᠳᠠᠴᠢ ᠪᠠᠷ 88% ᠳᠤ | ᠬᠦᠷᠪᠡ᠃ ᠬᠤᠶᠠᠷ ᠬᠡᠤᠬᠡᠳ ᠠᠪᠬᠤ ᠲᠥᠷᠥ ᠶᠢᠨ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ | ᠴᠢᠭᠢᠷᠠᠭ ᠲᠥᠷᠥᠭᠦᠯᠵᠦ ᠲᠣᠷᠨᠢᠭᠤᠨ ᠥᠰᠬᠡᠬᠦ ᠦᠢᠯᠡᠴᠢᠯᠡᠬᠡᠨ ᠤ ᠡᠷᠴᠢᠮ ᠢ ᠴᠢᠩᠭᠠᠷᠠᠭᠤᠯᠤᠨ᠂ ᠬᠥᠮᠦᠨ ᠠᠮᠠ ᠶᠢᠨ | ᠬᠡᠪ ᠪᠤᠯᠪᠠᠰᠤᠷᠠᠯ ᠢ ᠦᠨᠡᠨᠬᠦ ᠲᠡᠭᠡᠭᠰᠢᠯᠡᠬᠦᠯᠪᠠ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠭᠤᠤᠯᠳᠠᠯᠭᠠᠳᠦ ᠠᠵᠢᠯ ᠤᠨ ᠡᠭᠦᠷᠭᠡ ᠶᠢ ᠯᠠᠪᠳᠠᠭᠤᠨ ᠪᠠᠲᠤᠲᠠᠶ ᠲᠦᠯᠬᠢᠨ | ᠠᠬᠢᠭᠤᠯᠵᠤ᠂ ᠡᠮ ᠤᠨ ᠵᠤᠶᠢᠯ ᠤᠨ ᠦᠨ᠎ᠡ ᠵᠦᠷᠢᠶ᠎ᠠ ᠦᠯᠦ ᠤᠷᠤᠰᠢᠬᠤ ᠪᠠ ᠲᠡᠰ ᠬᠤᠪᠢᠶᠠᠨ ᠣᠨᠣᠰᠢᠯᠠᠨ | ᠡᠮᠨᠡᠬᠦ ᠶᠢ ᠪᠡᠶᠡᠯᠡᠭᠦᠯᠪᠡ᠃ 3957 ᠡᠮᠡᠭᠲᠡᠶᠢᠴᠦᠳ ᠲᠤ ︽ᠬᠤᠶᠠᠷ ᠥᠮᠡᠨ︾ ᠢ ᠰᠢᠭᠰᠢᠨ ᠪᠠᠶᠢᠴᠠᠭᠠᠬᠤ ᠠᠵᠢᠯ ᠢ | ᠪᠡᠶᠡᠯᠡᠭᠦᠯᠵᠦ᠂ ᠥᠷᠭᠡᠨ ᠣᠯᠠᠨ ᠡᠮᠡᠭᠲᠡᠶᠢᠴᠦᠳ ᠤᠨ ᠡᠷᠡᠭᠦᠯ ᠮᠡᠨᠳᠦ ᠶᠢᠨ ᠬᠢᠷᠢ ᠲᠦᠪᠰᠢᠨ ᠢ ᠪᠦᠲᠦᠮᠵᠢᠲᠡᠶ | ᠲᠡᠬᠡᠭᠰᠢᠯᠡᠬᠦᠯᠪᠠ᠃ ᠵᠠᠬ᠎ᠠ ᠳᠡᠯᠭᠡᠭᠦᠷ ᠤᠨ ᠬᠦᠢᠯᠬᠡᠬᠡᠨ ᠤ ᠬᠦᠷᠢᠶ᠎ᠡ ᠶᠢ ᠴᠡᠭᠴᠡᠯᠡᠨ ᠵᠠᠰᠠᠬᠤ ᠠᠵᠢᠯ ᠢ ᠯᠠᠪᠳᠠᠭᠤᠨ | ᠪᠠᠲᠤᠲᠠᠶ ᠦᠷᠨᠢᠬᠦᠯᠦᠨ᠂ ᠲᠥᠪ ᠭᠤᠤᠯᠴᠢ᠂ ᠡᠮᠬᠢ ᠵᠢᠷᠤᠮ ᠲᠠᠢ᠂ ᠡᠷᠡᠭᠦᠯ ᠰᠠᠷᠠᠭᠤᠯ ᠵᠠᠬ᠎ᠠ ᠳᠡᠯᠭᠡᠭᠦᠷ ᠤᠨ | ᠡᠵᠡᠩᠨᠡᠯᠲᠡ ᠶᠢᠨ ᠣᠷᠴᠢᠨ ᠨᠥᠬᠦᠴᠡᠯ ᠢ ᠴᠢᠷᠮᠠᠶᠢᠨ ᠪᠤᠶ ᠪᠤᠯᠭᠠᠪᠠ᠃ ᠪᠠᠴᠢᠮ ᠪᠠᠶᠢᠳᠠᠯ ᠢ ᠠᠷᠭᠠᠴᠠᠬᠤ | ᠬᠠᠮᠢᠶᠠᠷᠤᠯᠲᠠ ᠶᠢᠨ ᠠᠵᠢᠯ ᠢ ᠡᠷᠡᠰ ᠴᠢᠩᠭ᠎ᠠ ᠠᠳᠬᠤᠵᠤ᠂ 6 ᠰᠠᠷ᠎ᠠ ᠶᠢᠨ24 ᠤ ᠡᠳᠦᠷ ᠤᠨ ᠣᠨᠴᠠ ᠶᠡᠭᠡ ᠦᠶᠡᠷ | ᠢ ᠪᠠᠴᠢᠮ ᠠᠷᠭᠠᠴᠠᠨ ᠠᠪᠤᠷᠠᠨ ᠲᠤᠰᠠᠯᠠᠬᠤ ᠠᠵᠢᠯ ᠢ ᠲᠡᠭᠦᠰ ᠠᠮᠵᠢᠯᠲᠠ ᠲᠠᠢ ᠪᠡᠶᠡᠯᠡᠭᠦᠯᠪᠡ᠃ ᠠᠶᠤᠯᠭᠦᠶ | ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠪᠠ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ | ᠨᠠᠶᠢᠳᠠᠪᠤᠷᠢᠵᠢᠭᠤᠯᠤᠨ᠂ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠭᠠᠷᠬᠤ ᠲᠤᠭ᠎ᠠ᠂ ᠨᠠᠰᠦ ᠪᠠᠷᠠᠬᠤ | ᠬᠦᠮᠦᠨ ᠤ ᠲᠤᠭ᠎ᠠ ᠪᠠ ᠬᠦᠨᠳᠦ ᠶᠡᠭᠡ ᠠᠳᠡᠯ ᠭᠠᠷᠬᠤ ᠨᠤᠷᠮ᠎ᠠ ᠶᠢ ᠪᠠᠭᠤᠷᠠᠭᠤᠯᠵᠦ᠂ ᠪᠦᠬᠦ ᠬᠤᠰᠢᠭᠤᠨ ᠤ ᠠᠶᠤᠯᠭᠦᠶ | ᠦᠢᠯᠡᠳᠪᠦᠷᠢᠯᠡᠯ ᠤᠨ ᠪᠠᠶᠢᠳᠠᠯ ᠶᠡᠷᠦᠩᠬᠡᠶ ᠳᠡᠭᠡᠨ ᠲᠣᠭᠲᠠᠭᠤᠨ ᠪᠣᠯᠪᠠ᠃ | ︵ᠲᠠᠪᠤ︶ ᠬᠡᠪ ᠰᠤᠷᠲᠠᠯ ᠢ ᠬᠤᠪᠢᠷᠠᠭᠤᠯᠤᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢ ᠪᠠᠷᠢᠮᠲᠠᠯᠠᠵᠤ᠂ ᠵᠠᠰᠠᠭ ᠤᠨ | ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠪᠠ᠃ | ︽ᠤᠭ ᠵᠤᠷᠢᠯᠳᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠣᠯ ᠰᠡᠳᠦᠪᠲᠦ | ᠬᠦᠮᠦᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ ︽ᠳᠥᠷᠪᠡᠨ ᠤᠬᠠᠮᠰᠠᠷ︾ ᠢ ᠪᠠᠲᠤ ᠪᠠᠬᠢ ᠪᠣᠶ ᠪᠤᠯᠭᠠᠨ᠂ ︽ | ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠠᠵᠢᠯ ᠤᠨ ᠰᠤᠷᠲᠠᠯ ᠢᠶᠠᠨ ᠶᠡᠬᠡᠪᠡᠷ ᠰᠠᠶᠢᠵᠢᠷᠠᠭᠤᠯᠤᠨ᠂ ᠵᠠᠰᠠᠭ ᠤᠨ | ᠣᠷᠳᠣᠨ ᠤ ᠣᠯᠠᠨ ᠨᠡᠶᠢᠲᠡ ᠶᠢ ᠢᠲᠡᠭᠡᠭᠦᠯᠬᠦ ᠬᠦᠴᠦᠨ ᠪᠠ ᠬᠡᠷᠡᠭᠵᠢᠭᠦᠯᠬᠦ ᠬᠦᠴᠦᠨ ᠢ ᠦᠷᠭᠦᠯᠵᠢᠯᠡᠨ | ᠲᠡᠬᠡᠭᠰᠢᠯᠡᠬᠦᠯᠪᠡ᠃ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ | ᠵᠥᠪᠯᠡᠯᠭᠡᠨ ᠤ ᠠᠵᠢᠯ ᠤᠨ ᠬᠢᠨᠠᠯᠲᠠ ᠪᠠ ᠨᠡᠶᠢᠭᠡᠮ ᠤᠨ ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠤᠬᠠᠮᠰᠠᠷ ᠠᠴᠠ ᠪᠠᠨ | ᠬᠦᠯᠢᠶᠡᠵᠦ᠂ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ 70 ᠬᠤᠪᠢ ᠰᠠᠨᠠᠭᠤᠯᠭ᠎ᠠ | ᠪᠤᠯᠤᠨ ᠤᠯᠤᠰ ᠲᠥᠷᠥ ᠶᠢᠨ ᠵᠥᠪᠯᠡᠯᠭᠡᠨ ᠤ ᠬᠡᠰᠢᠬᠦᠳ ᠤᠨ 67 ᠬᠤᠪᠢ ᠳᠤᠷᠠᠳᠤᠯᠭ᠎ᠠ ᠶᠢ ᠰᠢᠢᠳᠪᠦᠷᠢᠯᠡᠨ᠂ | ᠰᠢᠢᠳᠪᠦᠷᠢᠯᠡᠭᠰᠡᠨ ᠨᠣᠷᠮ᠎ᠠ 100% ᠳᠤ ᠬᠦᠷᠪᠡ᠃ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ | ᠲᠡᠮᠡᠴᠡᠯ ᠢ ᠯᠠᠪᠳᠠᠭᠤᠨ ᠪᠠᠲᠤᠲᠠᠶ ᠥᠷᠨᠢᠭᠦᠯᠵᠦ᠂ ᠬᠠᠷ᠎ᠠ ᠪᠦᠯᠦᠭᠲᠡᠨ ᠬᠠᠷᠭᠢᠰ ᠬᠦᠴᠦᠨ ᠳᠤ ᠬᠤᠯᠪᠣᠭᠳᠠᠭᠰᠠᠨ ᠡᠯ᠎ᠡ | ᠲᠥᠷᠥᠯ ᠤᠨ ᠰᠦᠪᠡᠭᠴᠢ ᠶᠢ 265 ᠵᠤᠷᠪᠤᠰ ᠰᠢᠢᠳᠪᠦᠷᠢᠯᠡᠨ᠂ ᠬᠠᠷ᠎ᠠ ᠪᠦᠯᠦᠭᠲᠡᠨ ᠬᠠᠷᠭᠢᠰ ᠬᠦᠴᠦᠨ ᠤ 2 | ᠪᠦᠯᠬᠦᠮ ᠢ ᠠᠷᠢᠯᠭᠠᠵᠤ᠂ ︽ᠬᠠᠮᠠᠭᠠᠯᠠᠭᠴᠢ︾ ᠶᠢᠨ ᠠᠰᠠᠭᠤᠳᠠᠯ ᠢ ᠪᠠᠶᠢᠴᠠᠭᠠᠨ ᠰᠢᠢᠳᠪᠦᠷᠢᠯᠡᠵᠦ᠂ 25 ᠶᠠᠯ᠎ᠠ | ᠬᠢᠭᠰᠡᠨ ᠰᠡᠵᠢᠭᠳᠡᠨ ᠢ ᠪᠠᠷᠢᠪᠴᠢᠯᠠᠨ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ | ᠱᠠᠳᠤᠴᠢ ᠴᠢᠨᠠᠷᠲᠠᠶ ᠢᠯᠠᠯᠲᠠ ᠣᠯᠪᠠ᠃ ᠠᠳᠠᠯ ᠦᠢᠯᠡᠰ ᠴᠣᠭᠴᠠᠯᠠᠬᠤ ᠪᠠᠷᠢᠮᠵᠢᠶ᠎ᠠ ᠶᠢ ᠤᠯᠠᠮ ᠨᠢᠭᠡ ᠠᠯᠬᠤᠮ | ᠪᠠᠭᠤᠷᠠᠭᠤᠯᠵᠤ᠂ ᠬᠤᠳᠠᠯᠳᠤᠭ᠎ᠠ ᠡᠵᠡᠩᠨᠡᠬᠦ ᠤᠷᠴᠢᠨ ᠨᠥᠬᠦᠴᠡᠯ ᠢ ᠰᠢᠯᠢᠳᠡᠭᠵᠢᠬᠦᠯᠪᠠ᠃ ᠵᠠᠰᠠᠭ ᠵᠠᠬᠢᠷᠭᠠᠨ ᠤ ᠬᠢᠨᠠᠨ | ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶ ᠲᠦᠯᠬᠢᠨ ᠠᠬᠢᠭᠤᠯᠪᠠ᠃ ᠠᠵᠤ ᠠᠬᠤᠶᠢᠯᠠᠯ ᠳᠤ | ᠬᠤᠯᠪᠣᠭᠳᠠᠭᠰᠠᠨ ᠰᠦᠢᠳᠬᠡᠯ ᠬᠤᠷᠢᠶᠠᠬᠤ ᠵᠤᠶᠢᠯᠠᠰ ᠢ ᠢᠯᠭᠠᠷᠠᠭᠤᠯᠤᠨ ᠵᠢᠷᠤᠮᠵᠢᠭᠤᠯᠵᠤ᠂ ᠵᠠᠰᠠᠭ ᠵᠠᠬᠢᠷᠭ᠎ᠠ ᠠᠵᠢᠯ | ᠦᠢᠯᠡᠰ ᠤᠨ ᠴᠢᠨᠠᠷᠲᠠᠶ ᠰᠦᠢᠳᠬᠡᠯ ᠬᠤᠷᠢᠶᠠᠬᠤ ᠶᠢ ᠬᠦᠴᠦᠨ ᠦᠭᠡᠶ ᠪᠣᠯᠭᠠᠬᠤ ᠪᠤᠶᠤ ᠲᠠᠳᠠᠪᠤᠷᠢᠯᠠᠬᠤ ᠶᠢ | ᠵᠤᠭᠰᠤᠭᠠᠨ᠂ ᠵᠢᠵᠢᠭ ᠪᠢᠴᠢᠯ ᠠᠵᠤ ᠠᠬᠤᠶᠢᠯᠠᠯ ᠤᠨ ᠳᠠᠷᠤᠭᠠᠰᠤ ᠶᠢ ᠦᠨᠡᠨ ᠬᠦ ᠬᠦᠩᠭᠡᠷᠡᠬᠦᠯᠪᠠ᠃ ᠭᠠᠮᠨᠠᠵᠤ | ᠠᠷᠪᠢᠯᠠᠬᠤ ᠦᠵᠡᠯ ᠰᠠᠨᠠᠭ᠎ᠠ ᠶᠢ ᠪᠠᠲᠤ ᠪᠠᠬᠢ ᠪᠣᠶ ᠪᠣᠯᠭᠠᠵᠤ᠂ ᠪᠦᠬᠦ ᠵᠢᠯ ᠤᠨ ᠡᠳ᠋ ᠤᠨ ᠵᠠᠰᠠᠭ ᠤᠨ ᠡᠩ ᠤᠨ | ᠴᠢᠨᠠᠷᠲᠠᠶ ᠵᠠᠷᠤᠯᠭ᠎ᠠ ᠪᠠ ︽ᠭᠤᠷᠪᠠᠨ ᠵᠤᠶᠢᠯ ᠤᠨ ᠠᠯᠪᠠᠨ ᠤ ᠵᠠᠷᠤᠳᠠᠯ︾ ᠢ ᠴᠥᠮ ᠪᠠᠭᠤᠷᠠᠭᠤᠯᠪᠠ᠃ ᠠᠵᠢᠯ ᠤᠨ | ᠠᠷᠭ᠎ᠠ ᠪᠠᠨ ᠦᠷᠭᠦᠯᠵᠢᠯᠡᠨ ᠰᠠᠶᠢᠵᠢᠷᠠᠭᠤᠯᠵᠤ᠂ ᠪᠢᠴᠢᠭ ᠮᠠᠲ᠋ᠧᠷᠢᠶᠠᠯ ᠢ ᠴᠣᠮᠬᠠᠳᠬᠠᠵᠤ᠂ ᠬᠤᠷᠠᠯ ᠢ | ᠪᠠᠭᠠᠰᠬᠠᠭᠰᠠᠨ ᠨᠢ ᠴᠥᠮ 30% ᠶᠢ ᠳᠠᠪᠠᠪᠠ᠃ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠪᠠ | ᠬᠤᠳᠠᠯᠳᠤᠭᠠᠨ ᠤ ᠶᠠᠪᠤᠳᠠᠯ ᠤᠨ ᠳᠦᠷᠢᠮ ᠤᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠵᠠᠬ᠎ᠠ | ᠳᠡᠯᠭᠡᠭᠦᠷ ᠤᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ ᠭᠦᠢᠴᠡᠳ ᠬᠦᠭᠵᠢᠬᠡᠪᠡ᠃ ᠲᠠᠷᠢᠶᠠᠯᠠᠬᠤ ᠮᠠᠯᠵᠢᠬᠤ | ᠣᠷᠣᠨ ᠤ ᠥᠭᠡᠷᠡᠴᠢᠯᠡᠯᠲᠡ ᠶᠢ ᠯᠠᠪᠳᠠᠭᠤᠨ ᠢᠶᠠᠷ ᠬᠡᠷᠡᠭᠵᠢᠭᠦᠯᠵᠦ᠂ ᠭᠠᠵᠠᠷ ᠰᠢᠷᠣᠶ ᠶᠢᠨ ᠡᠷᠬᠡ ᠶᠢ ᠨᠤᠲᠠᠯᠠᠨ | ᠲᠣᠭᠲᠠᠭᠠᠬᠤ᠂ ︽ᠬᠤᠶᠠᠷ ᠣᠷᠣᠨ︾ ᠢ ᠬᠤᠪᠢᠶᠠᠷᠢᠯᠠᠨ ᠲᠣᠭᠲᠠᠭᠠᠬᠤ ᠪᠠ ᠬᠠᠩᠭᠠᠨ ᠪᠣᠷᠣᠯᠠᠭᠤᠯᠬᠤ ᠬᠤᠷᠰᠢᠶ᠎ᠠ ᠶᠢ | ᠶᠡᠷᠦᠩᠭᠡᠶᠢᠯᠡᠨ ᠦᠬᠡᠷᠡᠴᠢᠯᠡᠬᠦ ᠶᠢ ᠤᠷᠤᠭᠰᠢᠲᠠᠶ ᠲᠦᠯᠬᠢᠨ ᠠᠬᠢᠭᠤᠯᠵᠤ᠂ ᠲᠦᠷᠪᠡᠳᠦᠬᠡᠷ ᠤᠳᠠᠭᠠᠨ ᠤ ᠪᠦᠬᠦ ᠤᠯᠤᠰ | ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠲᠡᠭᠦᠰ ᠠᠮᠵᠢᠯᠲᠠ ᠲᠠᠢ ᠪᠠᠶᠠᠯᠡᠬᠦᠯᠪᠠ᠃ | ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠠᠵᠢᠯ ᠢᠯᠡᠳᠲᠡ ᠦᠷ᠎ᠡ ᠪᠦᠲᠦᠮᠵᠢ ᠣᠯᠵᠤ᠂ ᠬᠤᠶᠠᠷ ᠢ | ᠬᠦᠷᠢᠶᠠᠯᠡᠨ ᠡᠭᠦᠳᠦᠨ ᠪᠠᠶᠢᠭᠤᠯᠬᠤ ᠠᠵᠢᠯ ᠯᠠᠪᠳᠠᠭᠤᠨ ᠪᠠᠲᠤᠲᠠᠶ ᠥᠷᠨᠢᠪᠡ᠃ ᠦᠨᠳᠦᠰᠦᠲᠡᠨ ᠤ ᠪᠦᠯᠬᠦᠮᠳᠡᠯ ᠤᠨ | ᠤᠬᠠᠭᠤᠯᠭ᠎ᠠ ᠬᠥᠮᠦᠵᠢᠯ ᠪᠠ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ | ᠭᠦᠨᠵᠡᠭᠡᠶ ᠥᠷᠨᠢᠭᠦᠯᠵᠦ᠂ ᠦᠨᠳᠦᠰᠦᠲᠡᠨ ᠱᠠᠰᠢᠨ ᠰᠤᠷᠲᠠᠬᠤᠨ ᠤ ᠬᠦᠷᠢᠶᠡᠨ ᠳᠠᠬᠢ ᠡᠶ᠎ᠡ ᠵᠣᠬᠢᠴᠠᠯ ᠲᠠᠢ ᠪᠠᠶᠢᠳᠠᠯ | ᠦᠷᠭᠦᠯᠵᠢᠯᠡᠨ ᠪᠠᠬᠢᠵᠢᠪᠡ᠃ ᠮᠠᠨ ᠤ ᠬᠤᠰᠢᠭᠤᠨ ᠤ ᠲᠠᠯ᠎ᠠ ᠨᠤᠲᠤᠭ ᠤᠨ ᠡᠵᠢ — ᠲᠦᠬᠦ᠋ᠢᠮ᠎ᠡ ᠨᠥᠬᠦᠷ ︽ | ᠠᠷᠠᠳ ᠤᠨ ᠵᠢᠱᠢᠶᠡᠴᠢ︾ ᠤᠯᠤᠰ ᠤᠨ ᠢᠷᠠᠭᠤ ᠠᠯᠳᠠᠷ ᠤᠨ ᠴᠣᠯᠠ ᠶᠢ ᠭᠥᠷᠳᠡᠪᠡ᠃ ᠮᠠᠨ ᠤ ᠬᠤᠰᠢᠭᠤᠨ ᠳᠤ | ᠰᠡᠭᠦᠳᠡᠷᠯᠡᠭᠰᠡᠨ ᠲᠧᠯᠸᠢᠰ ᠵᠦᠴᠦᠭᠡ ︽ᠤᠯᠤᠰ ᠤᠨ ᠬᠡᠦᠬᠡᠳ︾ ᠢ ᠲᠥᠪ ᠲᠧᠯᠸᠢᠰ ᠢᠶᠠᠷ ᠨᠡᠪᠳᠡᠷᠡᠬᠦᠯᠪᠠ᠃ | ᠡᠭᠦᠨ ᠠᠴᠠ ᠭᠠᠳᠠᠨ᠎ᠠ᠂ ᠠᠵᠢᠯᠴᠢᠨ ᠤ ᠡᠪᠯᠡᠯ᠂ ᠡᠪ ᠬᠠᠮᠳᠤ ᠵᠠᠯᠠᠭᠤᠴᠤᠳ ᠤᠨ ᠡᠪᠯᠡᠯ᠂ ᠡᠮᠡᠭᠳᠠᠶᠢᠴᠤᠳ ᠤᠨ | ᠬᠤᠯᠪᠤᠭ᠎ᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ᠂ ᠦᠢᠯᠡᠳᠪᠦᠷᠢ ᠬᠤᠳᠠᠯᠳᠤᠭᠠᠨ ᠤ | ᠬᠤᠯᠪᠤᠭ᠎ᠠ᠂ ᠤᠳᠬ᠎ᠠ ᠤᠷᠠᠯᠢᠭ ᠤᠨ ᠬᠢᠨ ᠤ ᠬᠤᠯᠪᠤᠭ᠎ᠠ᠂ ᠵᠡᠮᠳᠡᠭᠴᠤᠳ ᠤᠨ ᠬᠤᠯᠪᠤᠭ᠎ᠠ ᠵᠡᠷᠭᠡ ᠵᠤᠬᠢᠶᠠᠨ | ᠪᠠᠶᠢᠭᠤᠯᠤᠯᠳᠠ ᠰᠢᠨ᠎ᠡ ᠠᠬᠢᠯᠳᠠ ᠲᠠᠢ ᠪᠤᠯᠵᠤ᠂ ᠪᠦᠷᠢᠳᠬᠡᠨ ᠪᠠᠶᠢᠴᠠᠭᠠᠯᠳᠠ᠂ ᠬᠠᠩᠭᠠᠨ ᠪᠤᠷᠤᠯᠠᠭᠤᠯᠤᠯᠳᠠ᠂ ᠴᠠᠭ | ᠠᠭᠤᠷ ᠤᠨ ᠰᠢᠨᠵᠢᠯᠡᠭᠡ᠂ ᠭᠠᠵᠠᠷ ᠬᠦᠳᠡᠯᠤᠯᠳᠡ᠂ ᠭᠠᠳᠠᠭᠠᠳᠤ ᠶᠠᠪᠤᠳᠠᠯ᠂ ᠲᠠᠩᠰᠠ ᠡᠪᠬᠡᠮᠡᠯ ᠵᠡᠷᠭᠡ ᠠᠵᠢᠯ ᠪᠤᠯᠤᠨ | ᠤᠯᠠᠭᠠᠨ ᠵᠠᠯᠭᠠᠮᠠᠶᠢᠳᠠᠨ ᠤ ᠨᠡᠶᠢᠭᠡᠮᠯᠢᠭ᠂ ᠬᠤᠶᠢᠴᠢ ᠦᠶ᠎ᠠ ᠶᠢᠨ ᠬᠢᠨ ᠢ ᠬᠠᠯᠠᠮᠵᠢᠯᠠᠬᠤ ᠪᠠ ᠨᠠᠰᠤᠳᠠᠶᠢᠴᠤᠳ ᠢᠶᠠᠨ | ᠬᠠᠯᠠᠮᠵᠢᠯᠠᠬᠤ ᠵᠡᠷᠭᠡ ᠠᠵᠢᠯ ᠦᠢᠯᠡᠰ ᠴᠦ ᠰᠢᠨ᠎ᠡ ᠠᠮᠵᠢᠯᠳᠠ ᠤᠯᠤᠭᠰᠠᠨ ᠪᠠᠶᠢᠨ᠎ᠠ᠃ | ᠡᠯ᠎ᠡ ᠲᠦᠯᠦᠭᠡᠯᠡᠭᠴᠢᠳ ᠡ᠂ ᠦᠩᠭᠡᠷᠡᠭᠰᠡᠨ ᠨᠢᠭᠡ ᠵᠢᠯ ᠳᠤ᠂ ᠪᠢᠳᠡ ᠤᠭ ᠵᠤᠷᠢᠯᠳᠠ ᠪᠠ ᠡᠭᠦᠷᠭᠡ ᠬᠠᠷᠢᠭᠤᠴᠠᠯᠭ᠎ᠠ | ᠪᠠᠷ ᠢᠶᠠᠨ ᠡᠯ᠎ᠡ ᠲᠦᠷᠦᠯ ᠤᠨ ᠠᠶᠤᠯ ᠲᠦᠭᠰᠢᠭᠦᠷᠢ᠂ ᠦᠷᠢᠰᠦᠯᠳᠦᠭᠡᠨ ᠢ ᠪᠦᠬᠦ ᠬᠦᠴᠦᠨ ᠢᠶᠠᠷ ᠢᠶᠠᠨ | ᠰᠢᠢᠳᠪᠦᠷᠢᠯᠡᠵᠤ᠂ ᠡᠭᠦᠷᠭᠡ ᠬᠠᠷᠢᠭᠤᠴᠠᠯᠭ᠎ᠠ ᠪᠠᠷ ᠢᠶᠠᠨ ᠠᠷᠠᠳ ᠲᠤ ᠠᠮᠠᠯᠠᠭᠰᠠᠨ ᠪᠦᠬᠦᠨ ᠢ ᠪᠡᠶᠡᠯᠡᠭᠦᠯᠦᠨ᠂ ᠠᠵᠤ | ᠠᠬᠤᠢ ᠶᠢᠨ ᠤᠷᠤᠭᠤᠳᠠᠬᠤ ᠲᠠᠷᠤᠯᠳᠠ ᠶᠢ ᠲᠠᠭᠠᠭᠠᠵᠤ᠂ ᠨᠢᠭᠡᠨᠳᠡ ᠲᠤᠭᠳᠠᠭᠠᠭᠰᠠᠨ ᠬᠦᠭᠵᠢᠯᠳᠡ ᠶᠢᠨ ᠵᠤᠷᠢᠯᠭ᠎ᠠ | ᠪᠠᠨ ᠠᠮᠵᠢᠯᠳᠠ ᠲᠠᠢ ᠪᠠᠷ ᠭᠦᠢᠴᠡᠳᠬᠡᠨ᠂ ᠶᠠᠳᠠᠭᠤ ᠠᠴᠠ ᠠᠩᠭᠢᠵᠢᠷᠠᠭᠤᠯᠤᠨ ᠪᠤᠭᠤᠮᠳᠠ ᠰᠢᠪᠳᠤᠯᠬᠤ | ᠰᠢᠢᠳᠪᠦᠷᠢᠯᠡᠭᠴᠢ ᠴᠢᠨᠠᠷᠳᠠᠢ ᠠᠮᠵᠢᠯᠳᠠ ᠶᠢ ᠤᠯᠤᠭᠰᠠᠨ ᠪᠠᠶᠢᠨ᠎ᠠ᠃ ᠠᠹᠷᠢᠺᠠ ᠶᠢᠨ ᠭᠠᠭ᠋ᠠᠢ ᠶᠢᠨ ᠬᠢᠵᠢᠭ᠂ | ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠳᠦᠷ ᠪᠡᠶᠡᠯᠡᠭᠦᠯᠵᠤ᠂ ᠤᠯᠠᠨ ᠵᠦᠢᠯ ᠤᠨ ᠨᠡᠶᠢᠭᠡᠮ | ᠤᠨ ᠵᠦᠷᠢᠴᠡᠯ ᠢ ᠰᠢᠢᠳᠪᠦᠷᠢᠯᠡᠪᠡ᠃ ᠬᠤᠯᠤᠭᠠᠨ᠎ᠠ ᠵᠢᠯ ᠤᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠲᠤᠯᠭᠠᠷᠠᠬᠤ | ᠳᠤ᠂ ᠪᠦᠬᠦ ᠬᠤᠰᠢᠭᠤᠨ ᠤ ᠦᠷᠭᠡᠨ ᠤᠯᠠᠨ ᠺᠠᠳ᠋ᠷ ᠤᠯᠠᠨ ᠲᠦᠮᠡᠨ ᠵᠤᠷᠢᠭ ᠨᠢᠭᠡᠳᠴᠦ᠂ ᠡᠷᠡᠬᠡᠯᠵᠡᠯ ᠦᠭᠡᠢ ᠪᠠᠷ ︽ | ᠬᠢᠵᠢᠭ︾ ᠢ ᠰᠡᠷᠭᠡᠶᠢᠯᠡᠨ ᠡᠵᠡᠮᠳᠡᠬᠦ ᠲᠠᠶᠢᠯᠠᠯᠳᠤᠭᠠᠨ ᠤ ᠬᠠᠮᠤᠭ ᠲᠡᠷᠢᠭᠦᠨ ᠳᠤ ᠤᠷᠤᠯᠴᠠᠵᠦ᠂ ᠡᠷᠦᠭᠡ ᠳᠤ | ᠬᠦᠨᠵᠡᠬᠡᠶᠢᠷᠡᠨ ᠪᠠᠶᠢᠴᠠᠭᠠᠬᠤ ᠲᠤᠮᠳᠠ ᠤᠭ ᠵᠤᠷᠢᠯᠳᠠ ᠪᠠᠨ ᠪᠠᠳᠤ ᠰᠠᠬᠢᠨ᠂ ᠬᠤᠯᠪᠤᠭᠠᠯᠠᠨ ᠰᠡᠷᠬᠡᠶᠢᠯᠡᠵᠦ ᠡᠵᠡᠮᠳᠡᠬᠦ | ᠳᠤ ᠡᠭᠦᠷᠭᠡ ᠬᠠᠷᠢᠭᠤᠴᠠᠯᠭ᠎ᠠ ᠪᠠᠨ ᠪᠡᠶᠡᠯᠡᠭᠦᠯᠵᠤ᠂ ᠵᠠᠮ ᠱᠤᠭᠤᠮ ᠤᠨ ᠠᠭᠤᠯᠵᠠᠷ ᠲᠤ ᠡᠭᠦᠷᠭᠡᠯᠡᠨ ᠵᠢᠵᠢᠭᠦᠷᠯᠡᠵᠤ᠂ | ᠲᠤᠰᠬᠤᠨ ᠪᠠ ᠬᠤᠷᠢᠶᠠᠯᠠᠯ ᠤᠨ ᠡᠭᠦᠳᠡᠨ ᠲᠡᠭᠡᠷ᠎ᠡ ᠠᠮᠤᠷ ᠲᠦᠪᠰᠢᠨ ᠢ ᠪᠠᠳᠤᠯᠠᠨ᠂ ᠡᠯ᠎ᠡ ᠲᠦᠷᠦᠯ ᠤᠨ ᠰᠡᠷᠭᠡᠶᠢᠯᠡᠨ | ᠡᠵᠡᠮᠳᠡᠬᠦ ᠠᠷᠭ᠎ᠠ ᠪᠠᠷᠢᠯ ᠢᠶᠠᠨ ᠤᠨᠤᠪᠴᠢᠳᠠᠢ ᠲᠤᠤᠱᠯᠠᠭᠤᠯᠵᠤ᠂ ᠰᠡᠳᠬᠢᠯ ᠢᠶᠠᠨ ᠨᠢᠭᠡᠳᠬᠡᠨ᠂ ᠨᠢᠭᠳᠠᠷᠠᠨ | ᠪᠦᠯᠭᠦᠮᠳᠡᠵᠤ᠂ ᠤᠷᠢᠳ ᠪᠠᠶᠢᠭ᠎ᠠ ᠦᠭᠡᠢ ᠠᠤᠭ᠎ᠠ ᠰᠦᠷᠯᠢᠭ ᠬᠦᠴᠦᠨ ᠴᠢᠳᠠᠯ ᠢᠶᠠᠷ ᠢᠶᠠᠨ ᠬᠢᠵᠢᠭ ᠢ ᠡᠵᠡᠮᠳᠡᠨ | ᠰᠡᠷᠭᠡᠶᠢᠯᠡᠬᠦ ᠠᠵᠢᠯ ᠳᠤ ᠢᠯᠡᠳᠳᠡ ᠠᠮᠵᠢᠯᠳᠠ ᠤᠯᠤᠭᠰᠠᠨ ᠪᠠᠶᠢᠨ᠎ᠠ᠃ ᠡᠳᠡᠭᠡᠷ ᠠᠮᠵᠢᠯᠳᠠ ᠶᠢ ᠤᠯᠤᠭᠰᠠᠨ ᠨᠢ᠂ | ᠲᠡᠭᠡᠳᠦ ᠱᠠᠳᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠪᠠ ᠬᠤᠰᠢᠭᠤ ᠨᠠᠮ ᠤᠨ ᠬᠤᠷᠢᠶᠠᠨ ᠤ ᠪᠠᠳᠤ | ᠴᠢᠩᠭ᠎ᠠ ᠤᠳᠤᠷᠢᠳᠤᠯᠭ᠎ᠠ᠂ ᠰᠢᠨᠵᠢᠯᠡᠬᠦ ᠤᠬᠠᠭᠠᠨᠴᠢ ᠰᠢᠢᠳᠪᠦᠷᠢᠳᠦ ᠪᠤᠳᠤᠯᠭ᠎ᠠ ᠠᠪᠤᠭᠰᠠᠨ ᠤ ᠦᠷ᠎ᠡ ᠳ᠋ᠦ᠋ᠩ᠂ | ᠬᠤᠰᠢᠭᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ ᠵᠦᠪᠯᠡᠯᠭᠡᠨ ᠤ ᠠᠰᠤᠷᠤ | ᠶᠡᠭᠡ ᠲᠡᠮᠵᠢᠯᠭᠡ ᠪᠠ ᠪᠦᠳᠦᠮᠵᠢᠳᠠᠢ ᠬᠢᠨᠠᠯᠳᠠ ᠶᠢᠨ ᠦᠷ᠎ᠡ ᠳ᠋ᠦᠩ᠂ ᠡᠯ᠎ᠡ ᠰᠤᠮᠤ ᠰᠢᠶᠠᠩ ᠪᠠᠯᠭᠠᠰᠤ᠂ ᠡᠯ᠎ᠡ ᠰᠠᠯᠠᠭ᠎ᠠ | ᠮᠦᠴᠢᠷ ᠤᠨ ᠦᠷᠭᠡᠨ ᠤᠯᠠᠨ ᠺᠠᠳ᠋ᠷ ᠤᠨ ᠬᠦᠴᠢᠷ ᠪᠡᠷᠭᠡᠰᠢᠶᠡᠯ ᠢ ᠲᠤᠭᠤᠯᠤᠨ᠂ ᠡᠭᠦᠷᠭᠡ ᠬᠠᠷᠢᠭᠤᠴᠠᠯᠭ᠎ᠠ ᠪᠠᠨ | ᠪᠡᠶᠡᠯᠡᠭᠦᠯᠦᠭᠰᠡᠨ ᠤ ᠦᠷ᠎ᠡ ᠳ᠋ᠦ᠋ᠩ᠂ ᠮᠦᠨ ᠴᠦ ᠪᠦᠬᠦ ᠬᠤᠰᠢᠭᠤᠨ ᠤ ᠡᠯ᠎ᠡ ᠦᠨᠳᠦᠰᠦᠳᠡᠨ ᠤ ᠠᠷᠠᠳ ᠲᠦᠮᠡᠨ | ᠰᠡᠳᠬᠢᠯ ᠬᠦᠴᠦᠨ ᠢᠶᠠᠨ ᠨᠢᠭᠡᠳᠬᠡᠨ᠂ ᠰᠢᠷᠭᠠᠭᠤ ᠠᠵᠢᠯᠯᠠᠨ ᠪᠤᠳᠠᠳᠠᠢ ᠴᠢᠷᠮᠠᠶᠢᠭᠰᠠᠨ ᠤ ᠦᠷ᠎ᠡ ᠳ᠋ᠦᠩ ᠪᠤᠯᠤᠨ᠎ᠠ᠃ | ᠠᠳᠡ᠂ ᠪᠢ ᠬᠤᠰᠢᠭᠤ ᠵᠠᠰᠠᠭ ᠤᠨ ᠤᠷᠳᠤᠨ ᠢ ᠲᠦᠯᠦᠭᠡᠯᠡᠨ᠂ ᠪᠦᠬᠦ ᠬᠤᠰᠢᠭᠤᠨ ᠤ ᠡᠯ᠎ᠡ ᠦᠨᠳᠦᠰᠦᠳᠡᠨ ᠤ | ᠠᠷᠠᠳ ᠲᠦᠮᠡᠨ᠂ ᠪᠦᠬᠦ ᠬᠤᠰᠢᠭᠤᠨ ᠤ ᠦᠷᠬᠡᠨ ᠤᠯᠠᠨ ᠺᠠᠳ᠋ᠷᠴᠤᠳ ᠵᠢᠴᠢ ᠲᠦᠷᠪᠡᠳ ᠬᠤᠰᠢᠭᠤᠨ ᠤ ᠬᠦᠭᠵᠢᠯᠳᠡ | ᠶᠢ ᠬᠠᠯᠠᠮᠵᠢᠯᠠᠨ ᠲᠡᠳᠭᠦᠭᠰᠡᠨ ᠪᠦᠬᠦᠶᠢᠯᠡ ᠬᠦᠮᠦᠰ ᠲᠤ᠂ ᠡᠷᠬᠢᠮ ᠲᠡᠭᠡᠳᠦ ᠬᠦᠨᠳᠦᠳᠬᠡᠯ ᠪᠠ ᠴᠢᠩ ᠰᠡᠳᠬᠢᠯ ᠤᠨ | ᠲᠠᠯᠠᠷᠬᠠᠯ ᠢᠶᠠᠨ ᠲᠡᠪᠰᠢᠭᠦᠯᠦᠶ᠎ᠡ︕ | ᠤᠯᠤᠭᠰᠠᠨ ᠠᠮᠵᠢᠯᠳᠠ ᠪᠠᠨ ᠳ᠋ᠦᠩᠨᠡᠬᠦ ᠶᠢᠨ ᠬᠠᠮᠳᠤ᠂ ᠪᠢᠳᠠ ᠪᠠᠰᠠ ᠬᠤᠰᠢᠭᠤ ᠵᠠᠰᠠᠭ ᠤᠨ ᠤᠷᠳᠤᠨ ᠤ ᠠᠵᠢᠯ ᠨᠢ | ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠱᠠᠭᠠᠷᠳᠠᠯᠭ᠎ᠠ ᠵᠢᠴᠢ ᠪᠦᠬᠦ ᠬᠤᠰᠢᠭᠤᠨ ᠤ ᠠᠷᠠᠳ | ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠡᠷᠡᠮᠡᠯᠵᠡᠯ ᠳᠤ ᠵᠦᠷᠢᠶ᠎ᠡ ᠲᠠᠢ ᠪᠠᠶᠢᠬᠤ ᠶᠢ ᠲᠤᠳᠤ ᠤᠯᠵᠤ ᠮᠡᠳᠡᠨ᠂ | ᠨᠡᠯᠢᠶᠡᠳ ᠤᠯᠠᠨ ᠬᠦᠴᠢᠷ ᠪᠡᠷᠭᠡᠰᠢᠶᠡᠯ ᠪᠤᠯᠤᠨ ᠦᠷᠢᠰᠦᠯᠳᠦᠭᠡᠨ ᠲᠤᠯᠭᠠᠷᠠᠵᠤ ᠪᠠᠶᠢᠬᠤ ᠶᠢ ᠰᠡᠷᠡᠵᠦ ᠮᠡᠳᠡᠬᠦ ᠬᠡᠷᠡᠭᠳᠠᠢ | ᠪᠤᠢ᠃ ᠭᠤᠤᠯᠳᠠᠭᠤ ᠪᠠᠶᠢᠭ᠎ᠠ ᠢᠯᠡᠷᠡᠯ ᠨᠢ᠄ ᠠᠵᠤ ᠠᠬᠤᠢ ᠶᠢᠨ ᠬᠦᠭᠵᠢᠯᠳᠡ ᠶᠢᠨ ᠶᠠᠰᠤ ᠴᠢᠨᠠᠷ ᠲᠤᠤᠷ᠎ᠠ᠂ ᠰᠢᠨ᠎ᠡ | ᠶᠢ ᠡᠭᠦᠳᠬᠦ ᠴᠢᠳᠠᠮᠵᠢ ᠪᠠᠭᠤᠷᠠᠢ᠂ ᠪᠤᠳᠠᠳᠤ ᠴᠤᠭᠴᠠᠳᠤ ᠠᠵᠤ ᠠᠬᠤᠢ ᠶᠢᠨ ᠬᠦᠭᠵᠢᠯᠳᠡ ᠴᠦ ᠪᠠᠭ᠎ᠠ ᠪᠤᠰᠤ ᠬᠦᠴᠢᠷ | ᠪᠡᠷᠭᠡᠰᠢᠶᠡᠯ ᠲᠤᠯᠭᠠᠷᠠᠵᠤ ᠪᠠᠶᠢᠨ᠎ᠠ︔ ᠠᠷᠠᠳ ᠤᠨ ᠠᠮᠢᠳᠤᠷᠠᠯ ᠤᠨ ᠬᠡᠪᠴᠢᠶᠡᠨ ᠳᠤ ᠦᠷᠢᠳᠦᠭᠰᠡᠨ ᠪᠠᠶᠢᠳᠠᠯ | ᠨᠡᠯᠢᠶᠡᠳ ᠤᠯᠠᠨ᠂ ᠠᠷᠠᠳ ᠤᠯᠠᠨ ᠤ ᠬᠦᠰᠡᠨ ᠡᠷᠡᠮᠡᠯᠵᠡᠵᠤ ᠪᠠᠶᠢᠭ᠎ᠠ ᠠᠰᠠᠭᠤᠳᠠᠯ ᠢ ᠰᠢᠢᠳᠪᠦᠷᠢᠯᠡᠬᠦ ᠬᠦᠴᠦᠯᠡᠴᠨ | ᠬᠦᠷᠦᠯᠴᠡᠬᠦ ᠦᠭᠡᠢ᠂ ᠤᠨᠴᠠᠭᠠᠶᠢᠯᠠᠨ ᠰᠤᠷᠭᠠᠨ ᠬᠦᠮᠦᠵᠢᠯ᠂ ᠡᠮ ᠡᠮᠴᠢᠯᠡᠭᠡ᠂ ᠨᠠᠰᠤᠳᠠᠳ ᠢ ᠠᠰᠠᠷᠠᠬᠤ ᠵᠡᠷᠭᠡ | ᠠᠷᠠᠳ ᠤᠨ ᠠᠮᠢᠳᠤᠷᠠᠯ ᠤᠨ ᠬᠡᠪᠴᠢᠶᠡᠨ ᠳᠤ ᠨᠡᠯᠢᠶᠡᠳ ᠤᠯᠠᠨ ᠲᠤᠳᠠᠭᠳᠠᠯ ᠲᠠᠢ ᠲᠠᠯ᠎ᠠ ᠤᠷᠤᠰᠢᠵᠦ ᠪᠠᠶᠢᠨ᠎ᠠ︔ | ᠡᠳ᠋ ᠤᠨ ᠵᠠᠰᠠᠭ ᠤᠨ ᠤᠷᠤᠯᠭ᠎ᠠ ᠶᠢᠨ ᠨᠡᠮᠡᠭᠳᠡᠯ ᠨᠢ ᠤᠳᠠᠭᠠᠨ᠂ ᠭᠠᠶᠢᠯᠢ ᠶᠢᠨ ᠤᠷᠤᠯᠭ᠎ᠠ ᠶᠢᠨ ᠬᠦᠳᠡᠯᠭᠡᠭᠴᠢ | ᠬᠦᠴᠦᠨ ᠨᠢ ᠬᠦᠷᠦᠯᠴᠡᠬᠦ ᠦᠭᠡᠢ᠂ ᠵᠠᠰᠠᠭ ᠤᠨ ᠤᠷᠳᠤᠨ ᠤ ᠦᠷ᠎ᠡ ᠦᠭᠴᠡᠭᠡ ᠶᠢ ᠰᠢᠢᠳᠪᠦᠷᠢᠯᠡᠬᠦ ᠲᠠᠷᠤᠭᠠᠰᠦ | ᠨᠡᠯᠢᠶᠡᠳ ᠶᠡᠭᠡ︔ ᠲᠠᠷᠢᠶᠠᠯᠠᠩ ᠮᠠᠯᠵᠢᠯ ᠤᠨ ᠦᠢᠯᠡᠰ ᠤᠨ ᠠᠵᠤ ᠦᠢᠯᠡᠳᠪᠦᠷᠢ ᠶᠢᠨ ᠬᠡᠯᠬᠢᠶ᠎ᠡ ᠪᠠ ᠲᠠᠷᠢᠶᠠᠯᠠᠩ ᠮᠠᠯ | ᠠᠵᠤ ᠠᠬᠤᠢ ᠶᠢᠨ ᠪᠦᠳᠦᠭᠡᠭᠳᠡᠭᠦᠨ ᠤ ᠪᠤᠷᠤᠯᠠᠭᠤᠯᠤᠨ ᠬᠤᠳᠠᠯᠳᠤᠬᠤ ᠵᠠᠮ ᠢ ᠦᠷᠬᠡᠵᠢᠬᠦᠯᠬᠦ ᠴᠢᠬᠤᠯᠠᠳᠠᠢ︔ | ᠲᠠᠷᠢᠶᠠᠯᠠᠩ ᠮᠠᠯ ᠠᠵᠤ ᠠᠬᠤᠢ ᠶᠢᠨ ᠪᠦᠳᠦᠭᠡᠭᠳᠡᠭᠦᠨ᠂ ᠵᠢᠭᠤᠯᠴᠢᠯᠠᠯ ᠤᠨ ᠨᠡᠷᠡᠳᠦ ᠲᠡᠮᠳᠡᠭᠳᠦ ᠶᠢᠨ ᠬᠦᠷᠢᠶᠡᠯᠡᠯ ᠤᠨ | ᠬᠡᠮᠵᠢᠶ᠎ᠡ ᠶᠢ ᠲᠡᠭᠡᠭᠰᠢᠯᠡᠭᠦᠯᠬᠦ ᠴᠢᠬᠤᠯᠠᠳᠠᠢ︔ ᠬᠤᠳᠠ ᠬᠦᠳᠡᠭᠡ ᠶᠢᠨ ᠬᠦᠭᠵᠢᠯᠳᠡ ᠶᠢᠨ ᠲᠦᠪᠰᠢᠨ ᠪᠠ ᠠᠷᠠᠳ | ᠤᠯᠠᠨ ᠤ ᠡᠷᠡᠮᠡᠯᠵᠡᠯ ᠳᠤ ᠬᠦᠷᠳᠡᠯ᠎ᠡ ᠪᠠᠰᠠ ᠨᠡᠯᠢᠶᠡᠳ ᠵᠦᠷᠢᠶ᠎ᠡ ᠲᠠᠢ ᠪᠠᠶᠢᠨ᠎ᠠ᠃ ᠡᠳᠡᠭᠡᠷ ᠤᠷᠤᠰᠢᠵᠤ ᠪᠠᠶᠢᠭ᠎ᠠ | ᠠᠰᠠᠭᠤᠳᠠᠯ ᠳᠤ᠂ ᠬᠤᠰᠢᠭᠤ ᠵᠠᠰᠠᠭ ᠤᠨ ᠤᠷᠳᠤᠨ ᠠᠴᠠ ᠬᠤᠶᠢᠰᠢᠳᠠ ᠶᠢᠨ ᠠᠵᠢᠯ ᠲᠤᠮᠳᠠ᠂ ᠨᠡᠩ ᠬᠢᠨᠠᠮᠠᠭᠠᠢ | ᠰᠢᠢᠳᠪᠦᠷᠢᠯᠡᠨ᠎ᠡ᠃ | ᠬᠤᠶᠠᠷ᠂ 2020 ᠤᠨ ᠤ ᠠᠵᠢᠯ ᠤᠨ ᠲᠤᠬᠢᠷᠠᠭᠤᠯᠤᠯᠳᠠ | 2020 ᠤᠨ ᠪᠤᠯ ︽ᠠᠩᠬᠠᠳᠤᠭᠠᠷ ᠵᠠᠭᠤᠨ ᠵᠢᠯ︾ ᠤᠨ ᠲᠡᠮᠡᠴᠡᠬᠦ ᠬᠠᠷᠠᠯᠳᠠ ᠪᠠ ᠴᠢᠨᠡᠭᠡᠯᠢᠭ ᠨᠡᠶᠢᠭᠡᠮ ᠢ ᠪᠦᠬᠦ | ᠲᠠᠯ᠎ᠠ ᠪᠠᠷ ᠪᠠᠶᠢᠭᠤᠯᠬᠤ ᠶᠢ ᠪᠠᠶᠠᠯᠡᠬᠦᠯᠦᠨ ᠲᠠᠭᠤᠰᠬᠠᠬᠤ ᠨᠢᠭᠡ ᠵᠢᠯ᠂ ᠮᠦᠨ ᠴᠦ ︽ᠠᠷᠪᠠᠨ ᠭᠤᠷᠪᠠᠳᠤᠭᠠᠷ ᠲᠠᠪᠤᠨ | ᠵᠢᠯ︾ ᠤᠨ ᠲᠦᠯᠦᠪᠯᠡᠭᠡ ᠶᠢᠨ ᠬᠠᠮᠤᠭ ᠰᠡᠭᠦᠯ ᠤᠨ ᠨᠢᠭᠡ ᠵᠢᠯ ᠪᠤᠯᠤᠨ᠎ᠠ᠃ ᠡᠨᠡ ᠵᠢᠯ ᠤᠨ ᠠᠵᠤ ᠠᠬᠤᠢ ᠨᠡᠶᠢᠭᠡᠮ | ᠤᠨ ᠬᠦᠭᠵᠢᠯᠳᠡ ᠶᠢᠨ ᠶᠡᠷᠦᠩᠭᠡᠢ ᠱᠠᠭᠠᠷᠳᠠᠯᠭ᠎ᠠ ᠪᠤᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠤ | ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠬᠤ ᠶᠢ ᠪᠠᠷᠢᠮᠳᠠᠯᠠᠨ | ᠂ ᠪᠦᠬᠦ ᠲᠠᠯ᠎ᠠ ᠪᠠᠷ ᠴᠢᠨᠡᠭᠡᠯᠢᠭ ᠨᠡᠶᠢᠭᠡᠮ ᠢ ᠪᠠᠶᠢᠭᠤᠯᠬᠤ ᠲᠡᠮᠡᠴᠡᠯ ᠤᠨ ᠬᠠᠷᠠᠯᠳᠠ ᠶᠢᠨ ᠲᠤᠭᠤᠷᠢᠨ ᠳᠤ᠂ | ᠲᠤᠭᠳᠠᠭᠤᠨ ᠢᠶᠠᠷ ᠭᠦᠭᠵᠢᠬᠦ ᠠᠵᠢᠯ ᠤᠨ ᠶᠡᠷᠦᠩᠭᠡᠢ ᠬᠦᠭ ᠠᠶᠠᠰ ᠢ ᠪᠠᠷᠢᠮᠳᠠᠯᠠᠵᠤ᠂ ᠰᠢᠨ᠎ᠡ ᠬᠦᠭᠵᠢᠯᠳᠡ ᠶᠢᠨ | ᠤᠬᠠᠭᠳᠠᠬᠤᠨ ᠢ ᠬᠡᠷᠡᠭᠵᠢᠭᠦᠯᠦᠨ᠂ ︽ᠠᠮᠢ ᠠᠬᠤᠢ ᠶᠢ ᠲᠡᠷᠢᠭᠦᠨ ᠳᠤ ᠲᠠᠯᠪᠢᠨ᠂ ᠪᠤᠬᠢᠷᠳᠤᠯ ᠦᠭᠡᠢ ᠪᠠᠷ | ᠬᠦᠭᠵᠢᠬᠦᠯᠬᠦ︾ ᠴᠢᠨᠠᠷ ᠰᠠᠶᠢᠳᠠᠢ ᠬᠦᠭᠵᠢᠯᠳᠡ ᠶᠢᠨ ᠵᠠᠮ ᠢᠶᠠᠷ ᠭᠤᠶᠢᠪᠢᠰᠢ ᠦᠭᠡᠢ ᠵᠠᠮᠨᠠᠵᠦ᠂ ᠠᠵᠤ ᠦᠢᠯᠡᠳᠪᠦᠷᠢ | ᠶᠢᠨ ᠪᠦᠳᠦᠴᠡ ᠶᠢᠨ ᠰᠢᠯᠢᠳᠡᠭᠵᠢᠨ ᠰᠢᠨᠡᠳᠬᠦ ᠶᠢ ᠠᠬᠢᠭᠤᠯᠤᠨ᠂ ︽ᠭᠤᠷᠪᠠᠨ ᠶᠡᠭᠡ ᠰᠢᠪᠳᠤᠯᠤᠯᠳᠠ ᠶᠢᠨ | ᠲᠠᠶᠢᠯᠠᠯᠳᠤᠭᠠᠨ︾ ᠢ ᠡᠷᠡᠰ ᠢᠯᠠᠵᠤ᠂ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ | ᠶᠢ ᠬᠦᠨᠵᠡᠭᠡᠶᠢᠷᠡᠨ ᠲᠤᠤᠱᠯᠠᠭᠤᠯᠵᠤ᠂ ᠡᠬᠡ ᠤᠯᠤᠰ ᠤᠨ ᠬᠢᠯᠢ ᠬᠢᠵᠠᠭᠠᠷ ᠤᠷᠤᠨ ᠤ ᠪᠤᠬᠢᠷᠳᠤᠯ ᠦᠭᠡᠢ ᠠᠮᠢ ᠠᠬᠤᠢ | ᠶᠢᠨ ᠬᠠᠯᠬᠠᠪᠴᠢ ᠪᠠ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠦᠨ᠂ ᠪᠦᠬᠦ ᠲᠠᠯ᠎ᠠ ᠪᠠᠷ ᠴᠢᠨᠡᠭᠡᠯᠢᠭ ᠨᠡᠶᠢᠭᠡᠮ | ᠢ ᠪᠠᠶᠢᠭᠤᠯᠬᠤ ᠶᠢ ᠪᠠᠳᠤᠯᠠᠵᠤ᠂ ︽ᠠᠩᠬᠠᠳᠤᠭᠠᠷ ᠵᠠᠭᠤᠨ ᠵᠢᠯ︾ ᠤᠨ ᠲᠡᠮᠡᠴᠡᠯ ᠤᠨ ᠵᠤᠷᠢᠯᠳᠠ ᠶᠢ ᠪᠠᠶᠠᠯᠡᠬᠦᠯᠬᠦ | ᠶᠠᠪᠤᠳᠠᠯ ᠪᠤᠯᠤᠨ᠎ᠠ᠃ | ᠭᠤᠤᠯᠳᠠᠭᠤ ᠬᠦᠭᠵᠢᠭᠦᠯᠬᠦ ᠲᠦᠯᠦᠪᠯᠡᠭᠰᠡᠨ ᠬᠠᠷᠠᠯᠳᠠ ᠪᠤᠯ᠄ ᠭᠠᠵᠠᠷ ᠤᠷᠤᠨ ᠤ ᠦᠢᠯᠡᠳᠪᠦᠷᠢᠯᠡᠯ ᠤᠨ ᠶᠡᠷᠦᠩᠭᠡᠢ | ᠦᠷᠳᠡᠭ ᠢ 6% ᠤᠷᠴᠢᠮ ᠨᠡᠮᠡᠭᠳᠡᠬᠦᠯᠵᠦ᠂ ᠲᠤᠭᠳᠠᠮᠠᠯ ᠬᠦᠷᠦᠩᠭᠡ ᠶᠢᠨ ᠪᠡᠯᠡ ᠤᠷᠤᠭᠤᠯᠤᠯᠳᠠ ᠶᠢ 16% | ᠤᠷᠴᠢᠮ ᠨᠡᠮᠡᠭᠳᠡᠬᠦᠯᠵᠦ᠂ ᠡᠩ ᠤᠨ ᠤᠯᠠᠨ ᠨᠡᠶᠢᠳᠡ ᠶᠢᠨ ᠲᠦᠰᠦᠪ ᠤᠨ ᠤᠷᠤᠯᠭ᠎ᠠ ᠶᠢ 5% ᠤᠷᠴᠢᠮ ᠦᠰᠬᠡᠨ᠂ | ᠲᠦᠯᠦᠪᠵᠢᠭᠦᠯᠭᠡ ᠳᠠᠬᠢ ᠠᠵᠤ ᠦᠢᠯᠡᠳᠪᠦᠷᠢ ᠶᠢᠨ ᠨᠡᠮᠡᠭᠳᠡᠯ ᠦᠷᠳᠡᠭ ᠢ 10% ᠤᠷᠴᠢᠮ ᠦᠰᠬᠡᠵᠦ᠂ ᠨᠡᠶᠢᠭᠡᠮ | ᠤᠨ ᠬᠡᠷᠡᠭᠯᠡᠭᠡᠨ ᠤ ᠵᠦᠢᠯᠡᠰ ᠢ ᠵᠢᠵᠢᠭᠯᠡᠨ ᠪᠤᠷᠤᠯᠠᠭᠤᠯᠬᠤ ᠨᠡᠶᠢᠳᠡ ᠲᠤᠭ᠎ᠠ ᠶᠢ 6% ᠤᠷᠴᠢᠮ ᠦᠰᠬᠡᠨ᠂ ᠬᠤᠳᠠ | ᠪᠠᠯᠭᠠᠰᠤ ᠶᠢᠨ ᠰᠠᠭᠤᠭᠠᠯᠢ ᠠᠷᠠᠳ ᠪᠠ ᠮᠠᠯᠴᠢᠳ ᠲᠠᠷᠢᠶᠠᠴᠢᠳ ᠤᠨ ᠬᠦᠮᠦᠨ ᠲᠤᠮᠳᠠᠴᠢ ᠶᠢᠨ ᠡᠵᠡᠮᠳᠡᠵᠤ ᠴᠢᠳᠠᠬᠤ | ᠤᠷᠤᠯᠭ᠎ᠠ ᠶᠢ ᠲᠤᠰᠪᠤᠷᠢ 6.5% ᠪᠠ 8.5% ᠤᠷᠴᠢᠮ ᠨᠡᠮᠡᠭᠳᠡᠭᠦᠯᠦᠨ᠎ᠡ᠃ ᠡᠨᠧᠷᠬᠢ ᠶᠢ ᠠᠷᠪᠢᠯᠠᠨ ᠪᠤᠬᠢᠷᠳᠤᠯ ᠢ | ᠪᠠᠭᠠᠰᠬᠠᠬᠤ ᠡᠭᠦᠷᠭᠡ ᠬᠠᠷᠢᠭᠤᠴᠠᠯᠭ᠎ᠠ ᠶᠢ ᠲᠤᠭᠳᠠᠭᠠᠭᠰᠠᠨ ᠬᠡᠪᠴᠢᠶᠡᠨ ᠳᠤ ᠡᠵᠡᠮᠳᠡᠨ᠎ᠡ᠃ | ᠲᠡᠭᠡᠷᠡᠬᠢ ᠬᠠᠷᠠᠯᠳᠠ ᠪᠠᠨ ᠪᠡᠶᠡᠯᠡᠭᠦᠯᠬᠦ ᠶᠢᠨ ᠲᠤᠭᠤᠷᠢᠨ ᠳᠤ᠂ ᠪᠢᠳᠡ ᠲᠤᠯᠤᠭᠠᠨ ᠲᠠᠯ᠎ᠠ ᠶᠢᠨ ᠠᠵᠢᠯ ᠢ | ᠴᠢᠬᠤᠯᠠᠴᠢᠯᠠᠨ ᠠᠳᠬᠤᠨ᠎ᠠ᠄ | ︵ᠨᠢᠭᠡ︶ ︽ᠭᠤᠷᠪᠠᠨ ᠶᠡᠭᠡ ᠰᠢᠪᠳᠤᠯᠤᠯᠳᠠ ᠶᠢᠨ ᠲᠠᠶᠢᠯᠠᠯᠳᠤᠭᠠᠨ︾ ᠢ ᠡᠷᠡᠰ ᠢᠯᠠᠵᠤ᠂ ᠬᠦᠭᠵᠢᠯᠳᠡ ᠶᠢᠨ | ᠰᠠᠭᠤᠷᠢ ᠪᠠᠨ ᠪᠠᠬᠢᠵᠢᠭᠦᠯᠦᠨ᠎ᠡ᠃ | ᠶᠠᠳᠠᠭᠤ ᠠᠴᠠ ᠠᠩᠭᠢᠵᠢᠷᠠᠭᠤᠯᠤᠨ ᠪᠤᠭᠤᠮᠳᠠ ᠰᠢᠪᠳᠤᠯᠬᠤ ᠲᠠᠶᠢᠯᠠᠯᠳᠤᠭᠠᠨ ᠢ ᠡᠷᠡᠰ ᠢᠯᠠᠨ᠎ᠠ᠃ ︽ᠲᠦᠷᠪᠡᠨ | ᠲᠠᠶᠠᠭᠳᠠᠬᠤ ᠦᠭᠡᠢ︾ ᠱᠠᠭᠠᠷᠳᠠᠯᠭ᠎ᠠ ᠶᠢ ᠴᠢᠩᠭ᠎ᠠ ᠲᠤᠤᠱᠯᠠᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠦᠳᠦᠮᠵᠢ | ᠪᠠᠨ ᠪᠤᠳᠠᠳᠠᠢ ᠲᠡᠭᠡᠭᠰᠢᠯᠡᠭᠦᠯᠦᠨ᠂ ᠦᠯᠡᠳᠡᠭᠰᠡᠨ 54 ᠡᠷᠦᠭᠡ ᠶᠢᠨ 124 ᠬᠦᠮᠦᠨ ᠢ ᠲᠤᠭᠳᠠᠭᠰᠠᠨ ᠬᠤᠭᠤᠴᠠᠭ᠎ᠠ | ᠳᠤ ᠶᠠᠳᠠᠭᠤ ᠠᠴᠠ ᠠᠩᠭᠢᠵᠢᠷᠠᠬᠤ ᠶᠢ ᠪᠠᠳᠤᠯᠠᠵᠤ᠂ ᠶᠠᠳᠠᠭᠤ ᠠᠴᠠ ᠠᠩᠭᠢᠵᠢᠷᠠᠭᠤᠯᠤᠨ ᠪᠤᠭᠤᠮᠳᠠ ᠰᠢᠪᠳᠤᠯᠬᠤ | ᠲᠠᠶᠢᠯᠠᠯᠳᠤᠭᠠᠨ ᠤ ᠪᠦᠬᠦ ᠲᠠᠯ᠎ᠠ ᠶᠢᠨ ᠢᠯᠠᠯᠳᠠ ᠶᠢ ᠤᠯᠤᠨ᠎ᠠ᠃ ᠠᠰᠠᠭᠤᠳᠠᠯ ᠤᠨ ᠴᠡᠭᠴᠡᠯᠡᠨ ᠵᠠᠰᠠᠯᠳᠠ ᠶᠢ ᠰᠠᠶᠢᠳᠦᠷ | ᠠᠳᠬᠤᠨ᠎ᠠ᠃ ᠬᠠᠷᠠᠯᠳᠠ ᠶᠢᠨ ᠠᠰᠠᠭᠤᠳᠠᠯ ᠤᠨ ᠦᠷ᠎ᠡ ᠳ᠋ᠦᠩ ᠢᠶᠠᠷ ᠬᠦᠳᠦᠯᠦᠮᠵᠢ ᠪᠤᠯᠭᠠᠬᠤ ᠶᠢ ᠪᠠᠷᠢᠮᠳᠠᠯᠠᠨ᠂ | ᠦᠪᠡᠷᠳᠡᠭᠡᠨ ᠵᠠᠰᠠᠬᠤ ᠤᠷᠤᠨ ᠤ ᠶᠠᠳᠠᠭᠤ ᠠᠴᠠ ᠠᠩᠭᠢᠵᠢᠷᠠᠭᠤᠯᠤᠨ ᠪᠤᠭᠤᠮᠳᠠ ᠰᠢᠪᠳᠤᠯᠤᠯᠳᠠ ᠶᠢᠨ ᠪᠠᠶᠢᠳᠠᠯ ᠢ | ᠤᠶᠢᠯᠠᠭᠠᠨ ᠵᠢᠭᠰᠠᠭᠠᠨ ᠪᠠᠶᠢᠴᠠᠭᠠᠬᠤ ᠲᠤᠷᠰᠢᠯᠳᠠ ᠶᠢᠨ ᠴᠡᠭ ᠤᠨ ᠠᠵᠢᠯ ᠢ ᠪᠦᠬᠦ ᠲᠠᠯ᠎ᠠ ᠪᠠᠷ ᠰᠠᠶᠢᠳᠤᠷ ᠬᠢᠨ᠎ᠡ᠃ | ᠶᠠᠳᠠᠭᠤ ᠠᠴᠠ ᠠᠩᠭᠢᠵᠢᠷᠠᠭᠤᠯᠤᠨ ᠪᠤᠭᠤᠮᠳᠠ ᠰᠢᠪᠳᠤᠯᠬᠤ ᠴᠢᠬᠤᠯᠠ ᠬᠦᠮᠦᠰ᠂ ᠴᠢᠬᠤᠯᠠ ᠬᠡᠪᠴᠢᠶ᠎ᠡ᠂ ᠴᠢᠬᠤᠯᠠ | ᠠᠵᠢᠯ᠂ ᠴᠢᠬᠤᠯᠠ ᠠᠰᠠᠭᠤᠳᠠᠯ ᠤᠨ ᠲᠠᠶᠢᠯᠠᠯᠳᠤᠭᠠᠨ ᠢ ᠬᠢᠨᠠᠬᠤ ᠲᠠᠩᠰᠠ ᠶᠢ ᠪᠠᠶᠢᠭᠤᠯᠵᠤ᠂ ︽ᠫᠠᠶᠢᠰᠠ ᠡᠯᠭᠦᠨ | ᠲᠠᠶᠢᠯᠠᠯᠳᠤᠭᠠᠨ ᠢ ᠬᠢᠨᠠᠬᠤ︾ ᠶᠢ ᠬᠡᠷᠡᠭᠵᠢᠭᠦᠯᠦᠨ᠂ ᠴᠢᠨᠠᠷ ᠰᠠᠶᠢᠳᠠᠢ ᠶᠠᠳᠠᠭᠤ ᠠᠴᠠ ᠠᠩᠭᠢᠵᠢᠷᠠᠭᠤᠯᠬᠤ ᠰᠠᠭᠤᠷᠢ ᠶᠢ | ᠪᠠᠬᠢᠵᠢᠭᠦᠯᠦᠨ᠎ᠡ᠃ ᠲᠦᠪ ᠤᠨ ᠶᠠᠳᠠᠭᠤ ᠠᠴᠠ ᠠᠩᠭᠢᠵᠢᠷᠠᠭᠤᠯᠤᠨ ᠪᠤᠭᠤᠮᠳᠠ ᠰᠢᠪᠳᠤᠯᠬᠤ ᠲᠠᠶᠢᠯᠠᠯᠳᠤᠭᠠᠨ ᠤ | ᠲᠤᠰᠬᠠᠢ ᠵᠦᠢᠯ ᠤᠨ ᠲᠤᠭᠤᠷᠢᠨ ᠪᠠᠶᠢᠴᠠᠭᠠᠯᠳᠠ᠂ ᠲᠦᠪ ᠤᠨ ᠰᠠᠬᠢᠯᠭ᠎ᠠ ᠪᠠᠳᠤ ᠶᠢᠨ ᠵᠦᠪᠯᠡᠯ ᠤᠨ ᠶᠢᠰᠦᠳᠦᠭᠡᠷ | ᠠᠯᠪᠠᠨ ᠭᠡᠷ ᠤᠨ ᠪᠤᠳᠠᠳᠤ ᠭᠠᠵᠠᠷ ᠤᠨ ᠪᠠᠶᠢᠴᠠᠭᠠᠨ ᠰᠤᠳᠤᠯᠤᠯᠳᠠ᠂ ᠤᠯᠤᠰ ᠤᠨ ᠬᠢᠨᠠᠨ ᠪᠤᠳᠤᠬᠤ ᠵᠠᠬᠢᠷᠭ᠎ᠠ ᠶᠢᠨ | ᠲᠠᠶᠢᠶᠦᠸᠠᠨ ᠤ ᠤᠨᠴᠠᠭᠠᠢ ᠲᠤᠮᠢᠯᠠᠭᠰᠠᠨ ᠤᠯᠤᠰ ᠤᠨ ᠴᠢᠬᠤᠯᠠ ᠶᠡᠭᠡ ᠤᠯᠤᠰ ᠲᠦᠷᠦ ᠠᠷᠭ᠎ᠠ ᠬᠡᠮᠵᠢᠶ᠎ᠡ ᠶᠢᠨ | ᠲᠤᠤᠱᠯᠠᠭᠤᠯᠤᠭᠰᠠᠨ ᠪᠠᠶᠢᠳᠠᠯ ᠤᠨ ᠮᠦᠷᠳᠡᠨ ᠬᠢᠨᠠᠨ ᠪᠤᠳᠤᠯᠳᠠ ᠵᠢᠴᠢ ᠱᠢ ᠲᠠᠢ ᠹᠧᠩ ᠱᠦᠵᠢ ᠶᠢᠨ ᠪᠠᠶᠢᠴᠠᠭᠠᠨ | ᠰᠤᠳᠤᠯᠤᠯᠳᠠ ᠵᠡᠷᠭᠡ ᠡᠯ᠎ᠡ ᠱᠠᠳᠤᠨ ᠤ ᠡᠯ᠎ᠡ ᠲᠦᠷᠦᠯ ᠤᠨ ᠲᠤᠰᠬᠠᠭᠰᠠᠨ ᠠᠰᠠᠭᠤᠳᠠᠯ ᠢ ᠦᠷᠭᠦᠯᠵᠢᠯᠡᠨ ᠴᠡᠭᠴᠡᠯᠡᠵᠤ | ᠂ ᠪᠠᠶᠢᠳᠠᠯ ᠢ ᠤᠶᠢᠯᠠᠭᠠᠨ ᠮᠦᠷᠳᠡᠨ ᠪᠠᠶᠢᠴᠠᠭᠠᠬᠤ ᠠᠵᠢᠯ ᠢ ᠪᠤᠳᠠᠳᠠᠢ ᠠᠳᠬᠤᠨ᠂ ︽ᠵᠠᠭᠤᠨ ᠡᠳᠦᠷ ᠤᠨ | ᠰᠢᠪᠳᠤᠯᠤᠯᠳᠠ︾ ᠶᠢᠨ ᠠᠵᠢᠯᠯᠠᠭ᠎ᠠ ᠶᠢ ᠪᠦᠬᠦ ᠬᠦᠴᠦᠨ ᠢᠶᠠᠷ ᠠᠬᠢᠭᠤᠯᠤᠨ᠎ᠠ᠃ ᠶᠠᠳᠠᠭᠤ ᠶᠢ ᠲᠡᠳᠬᠦᠬᠦ ᠠᠵᠢᠯ ᠤᠨ | ᠶᠠᠰᠦ ᠴᠢᠨᠠᠷ ᠢ ᠦᠨᠡᠨᠬᠦ ᠲᠡᠬᠡᠭᠰᠢᠯᠡᠬᠦᠯᠦᠨ᠎ᠠ᠃ ᠶᠠᠳᠠᠭᠤ ᠶᠢ ᠲᠡᠳᠬᠦᠬᠦ ᠪᠡᠯᠡ ᠮᠦᠩᠭᠦᠨ ᠤ ᠤᠷᠤᠭᠤᠯᠤᠯᠳᠠ ᠶᠢᠨ | ᠬᠦᠴᠦᠯᠡᠴᠡ ᠪᠠᠨ ᠦᠷᠭᠦᠯᠵᠢᠯᠡᠨ ᠨᠡᠮᠡᠭᠳᠡᠭᠦᠯᠵᠤ᠂ ᠡᠯ᠎ᠡ ᠲᠦᠷᠦᠯ ᠤᠨ 2.43 ᠳ᠋ᠦᠩᠰᠢᠭᠤᠷ ᠲᠦᠭᠦᠷᠢᠭ ᠤᠨ ᠪᠡᠯᠡ | ᠮᠦᠩᠭᠦ ᠶᠢ ᠴᠤᠭᠯᠠᠭᠤᠯᠤᠨ ᠲᠤᠬᠢᠷᠠᠭᠤᠯᠵᠤ᠂ ᠠᠵᠤ ᠦᠢᠯᠡᠳᠪᠦᠷᠢ ᠪᠠᠷ ᠶᠠᠳᠠᠭᠤ ᠶᠢ ᠲᠡᠳᠬᠦᠬᠦ᠂ ᠰᠠᠭᠤᠷᠢ ᠲᠤᠨᠤᠭ | ᠲᠦᠬᠦᠭᠡᠷᠦᠮᠵᠢ ᠪᠠ ᠪᠠᠭ᠎ᠠ ᠬᠡᠪᠴᠢᠶᠡᠨ ᠤ ᠤᠯᠠᠨ ᠨᠡᠶᠢᠳᠡ ᠶᠢᠨ ᠴᠢᠨᠠᠷᠳᠠᠢ ᠦᠢᠯᠡᠳᠪᠦᠷᠢᠯᠡᠯ ᠠᠮᠢᠳᠤᠷᠠᠯ ᠤᠨ ᠲᠤᠨᠤᠭ | ᠲᠦᠬᠦᠭᠡᠷᠦᠮᠵᠢ ᠶᠢᠨ ᠪᠠᠶᠢᠭᠤᠯᠤᠯᠳᠠ ᠵᠡᠷᠭᠡ ᠲᠠᠯ᠎ᠠ ᠪᠠᠷ ᠭᠤᠤᠯᠳᠠᠯᠭ᠎ᠠ ᠲᠠᠢ ᠬᠦᠭᠵᠢᠭᠦᠯᠦᠨ᠂ 108 ᠲᠦᠷᠦᠯ ᠵᠦᠢᠯ | ᠢ ᠬᠡᠷᠡᠭᠵᠢᠭᠦᠯᠵᠤ᠂ ᠶᠠᠳᠠᠭᠤ ᠬᠦᠴᠢᠷᠳᠡᠯᠳᠠᠢ ᠡᠷᠦᠭᠡ ᠶᠢᠨ ᠤᠷᠤᠯᠭ᠎ᠠ ᠦᠷᠭᠦᠯᠵᠢᠯᠡᠨ ᠲᠤᠭᠳᠠᠭᠤᠨ ᠪᠠᠶᠢᠬᠤ ᠶᠢ | ᠪᠠᠳᠤᠯᠠᠨ᠎ᠠ᠃ ᠬᠡᠷᠡᠯ ᠢᠶᠠᠷ ᠴᠠᠬᠢᠯᠭᠠᠨ ᠡᠭᠦᠰᠬᠡᠨ ᠶᠠᠳᠠᠭᠤ ᠶᠢ ᠲᠡᠳᠬᠦᠬᠦ ᠴᠠᠬᠢᠯᠭᠠᠨ ᠦᠷᠳᠡᠭᠡ᠂ ᠵᠢᠭᠤᠯᠴᠢᠯᠠᠯ ᠤᠨ | ᠮᠤᠩᠭᠤᠯ ᠭᠡᠷ ᠵᠡᠷᠭᠡ ᠭᠠᠴᠠᠭ᠎ᠠ ᠲᠤᠰᠬᠤᠨ ᠤ ᠨᠡᠶᠢᠳᠡ ᠶᠢᠨ ᠠᠵᠤ ᠠᠬᠤᠢ ᠶᠢᠨ ᠲᠦᠷᠦᠯ ᠵᠦᠢᠯ ᠤᠨ ᠡᠵᠡᠩᠨᠡᠨ | ᠬᠠᠮᠢᠶᠠᠷᠤᠯᠳᠠ ᠶᠢ ᠴᠢᠩᠭᠠᠳᠬᠠᠵᠤ᠂ ᠠᠰᠢᠭ ᠬᠤᠪᠢᠶᠠᠷᠢᠯᠠᠬᠤ ᠲᠦᠷᠢᠮ ᠢ ᠲᠡᠭᠦᠯᠳᠡᠷᠵᠢᠭᠦᠯᠦᠨ᠎ᠡ᠃ ᠪᠡᠭᠡᠵᠢᠩ ᠤᠨ | ᠬᠤᠸᠠᠢ ᠷᠧᠦ ᠲᠤᠭᠤᠷᠢᠭ ᠪᠠ ᠰᠢᠨ ᠰᠢᠩ ᠵᠢᠢ ᠬᠤᠸᠠ ᠪᠦᠯᠦᠭᠯᠡᠯ ᠤᠨ ᠬᠤᠯᠪᠤᠭᠠᠯᠠᠨ ᠬᠠᠷᠢᠴᠠᠬᠤ ᠪᠠᠨ | ᠦᠷᠭᠦᠯᠵᠢᠯᠡᠨ ᠭᠦᠨᠵᠡᠭᠡᠶᠢᠷᠡᠭᠦᠯᠵᠤ᠂ ᠶᠠᠳᠠᠭᠤ ᠶᠢ ᠲᠡᠳᠬᠦᠬᠦ ᠦᠷ᠎ᠡ ᠪᠦᠳᠦᠮᠵᠢ ᠪᠠᠨ ᠴᠢᠩᠭᠠᠳᠬᠠᠨ᠎ᠠ᠃ | ᠶᠠᠳᠠᠭᠤᠷᠠᠬᠤ ᠶᠢ ᠰᠡᠷᠭᠡᠶᠢᠯᠡᠬᠦ ᠲᠤᠭᠳᠠᠴᠠ ᠪᠠᠨ ᠪᠤᠳᠠᠳᠠᠢ ᠲᠡᠭᠦᠯᠳᠡᠷᠵᠢᠭᠦᠯᠦᠨ᠎ᠡ᠃ ᠤᠨᠳᠤᠤ ᠭᠠᠵᠠᠷ ᠲᠤ ᠨᠡᠭᠦᠯᠭᠡᠨ | ᠰᠢᠯᠵᠢᠭᠦᠯᠦᠭᠰᠡᠨ ᠤ ᠲᠠᠷᠠᠭᠠᠬᠢ ᠶᠠᠳᠠᠭᠤ ᠶᠢ ᠲᠡᠳᠬᠦᠬᠦ ᠪᠠᠨ ᠴᠢᠩᠭᠠᠳᠬᠠᠵᠤ᠂ ᠠᠵᠤ ᠦᠢᠯᠡᠳᠪᠦᠷᠢ᠂ ᠠᠵᠢᠯ | ᠤᠯᠭᠤᠯᠳᠠ᠂ ᠦᠨᠳᠦᠰᠦᠨ ᠤᠯᠠᠨ ᠨᠡᠶᠢᠳᠡ ᠶᠢᠨ ᠦᠢᠯᠡᠴᠢᠯᠡᠭᠡ ᠵᠡᠷᠭᠡ ᠠᠰᠠᠭᠤᠳᠠᠯ ᠢ ᠬᠦᠴᠦᠯᠡᠨ ᠰᠢᠢᠳᠪᠦᠷᠢᠯᠡᠨ᠎ᠡ᠃ | ᠶᠠᠳᠠᠭᠤ ᠪᠠᠷ ᠲᠡᠳᠬᠦᠭᠳᠡᠬᠦ ᠡᠳᠡᠭᠡᠳ ᠤᠨ ᠬᠦᠳᠡᠯᠦᠩᠭᠦᠢ ᠬᠠᠮᠢᠶᠠᠷᠤᠯᠳᠠ ᠶᠢ ᠴᠢᠩᠭᠠᠳᠬᠠᠨ᠂ ᠡᠮ ᠡᠮᠴᠢᠯᠡᠭᠡ ᠪᠠᠷ | ᠶᠠᠳᠠᠭᠤ ᠶᠢ ᠲᠡᠳᠬᠦᠬᠦ᠂ ᠮᠦᠩᠭᠦᠨ ᠭᠦᠢᠯᠭᠡᠭᠡ ᠪᠠᠷ ᠶᠠᠳᠠᠭᠤ ᠶᠢ ᠲᠡᠳᠬᠦᠬᠦ᠂ ᠠᠵᠢᠯ ᠤᠯᠭᠤᠯᠳᠠ ᠪᠠᠷ ᠶᠠᠳᠠᠭᠤ ᠶᠢ | ᠲᠡᠳᠬᠦᠬᠦ᠂ ᠠᠮᠢ ᠠᠬᠤᠢ ᠪᠠᠷ ᠶᠠᠳᠠᠭᠤ ᠶᠢ ᠲᠡᠳᠬᠦᠬᠦ᠂ ᠨᠡᠶᠢᠭᠡᠮ ᠤᠨ ᠪᠠᠳᠤᠯᠠᠭ᠎ᠠ ᠪᠠᠷ ᠶᠠᠳᠠᠭᠤ ᠶᠢ ᠲᠡᠳᠬᠦᠬᠦ ᠵᠡᠷᠭᠡ | ᠡᠯ᠎ᠡ ᠲᠦᠷᠦᠯ ᠤᠨ ᠤᠯᠤᠰ ᠲᠦᠷᠦ ᠶᠢᠨ ᠠᠷᠭ᠎ᠠ ᠠᠪᠴᠢᠯ ᠢ ᠦᠷᠭᠦᠯᠵᠢᠯᠡᠨ ᠠᠬᠢᠭᠤᠯᠵᠤ᠂ ᠶᠠᠳᠠᠭᠤ ᠠᠴᠠ | ᠠᠩᠭᠢᠵᠢᠷᠠᠭᠤᠯᠬᠤ ᠴᠢᠨᠠᠷ ᠴᠢᠨᠰᠠᠭ᠎ᠠ ᠶᠢ ᠲᠠᠰᠤᠷᠠᠯᠳᠠ ᠦᠭᠡᠢ ᠪᠠᠬᠢᠵᠢᠭᠦᠯᠦᠨ ᠲᠡᠭᠡᠭᠰᠢᠯᠡᠭᠦᠯᠦᠨ᠎ᠡ᠃ ᠶᠠᠳᠠᠭᠤ ᠶᠢ | ᠲᠡᠳᠬᠦᠬᠦ ᠪᠡᠯᠡ ᠤᠷᠤᠭᠤᠯᠤᠯᠳᠠ ᠶᠢᠨ ᠬᠠᠮᠢᠶᠠᠷᠤᠯᠳᠠ ᠶᠢᠨ ᠺᠤᠮᠫᠠᠨᠢ ᠶᠢ ᠲᠦᠷᠭᠡᠳᠬᠡᠨ ᠪᠠᠶᠢᠭᠤᠯᠵᠤ᠂ ᠶᠠᠳᠠᠭᠤ ᠶᠢ | ᠲᠡᠳᠬᠦᠬᠦ ᠪᠡᠯᠡ ᠮᠦᠩᠭᠦ ᠡᠳ᠋ ᠬᠦᠷᠦᠩᠭᠡ ᠶᠢᠨ ᠬᠠᠮᠢᠶᠠᠷᠤᠯᠳᠠ ᠶᠢᠨ ᠠᠵᠢᠯ ᠢ ᠪᠤᠳᠠᠳᠠᠢ ᠰᠠᠶᠢᠳᠤᠷ ᠬᠢᠨ᠎ᠡ᠃ | ᠪᠤᠬᠢᠷᠳᠤᠯ ᠢ ᠰᠡᠷᠭᠡᠶᠢᠯᠡᠨ ᠵᠠᠰᠠᠬᠤ ᠰᠢᠪᠳᠤᠯᠤᠯᠳᠠ ᠶᠢᠨ ᠲᠠᠶᠢᠯᠠᠯᠳᠤᠭᠠᠨ ᠢ ᠡᠷᠡᠰ ᠢᠯᠠᠨ᠎ᠠ᠃ ︽ᠠᠮᠢ ᠠᠬᠤᠢ | ᠲᠡᠷᠢᠭᠦᠨ ᠪᠠᠶᠢᠷᠢᠨ ᠳᠤ ᠲᠠᠯᠪᠢᠵᠦ᠂ ᠪᠤᠬᠢᠷᠳᠤᠯ ᠦᠭᠡᠢ ᠪᠠᠷ ᠬᠦᠭᠵᠢᠬᠦᠯᠬᠦ︾ ᠶᠢᠨ ᠤᠬᠠᠨᠳᠠᠬᠤᠨ ᠢ ᠪᠠᠬᠢᠵᠢᠭᠦᠯᠦᠨ | ᠪᠠᠶᠢᠭᠤᠯᠵᠤ᠂ ᠲᠦᠪ ᠤᠨ ᠤᠷᠴᠢᠨ ᠠᠬᠤᠢ ᠶᠢ ᠬᠠᠮᠠᠭᠠᠯᠠᠬᠤ ᠬᠢᠨᠠᠨ ᠪᠠᠶᠢᠴᠠᠭᠠᠯᠳᠠ ᠠᠴᠠ ︽ᠡᠷᠬᠢᠵᠤ ᠪᠠᠶᠢᠴᠠᠭᠠᠬᠤ︾ | ᠲᠤᠰᠬᠠᠯ ᠤᠨ ᠰᠠᠨᠠᠯ ᠤᠨ ᠦᠭᠡᠷᠡᠴᠢᠯᠡᠯᠳᠡ ᠶᠢᠨ ᠠᠵᠢᠯ ᠢ ᠪᠤᠳᠠᠳᠠᠢ ᠠᠬᠢᠭᠤᠯᠤᠨ᠂ ᠴᠠᠭ ᠬᠤᠭᠤᠴᠠᠭᠠᠨ ᠤ ᠴᠡᠭ | ᠶᠤᠰᠤᠭᠠᠷ᠂ ᠠᠯᠬᠤᠮ ᠲᠠᠷᠠᠭ᠎ᠠ ᠪᠠᠷ ᠡᠯ᠎ᠡ ᠲᠦᠷᠦᠯ ᠤᠨ ᠴᠡᠭᠴᠡᠯᠡᠬᠦ ᠡᠭᠦᠷᠭᠡ ᠪᠠᠨ ᠭᠦᠢᠴᠡᠳᠬᠡᠨ᠎ᠡ᠃ ᠰᠢᠨ᠎ᠡ ᠨᠢᠭᠡ | ᠡᠷᠡᠨ ᠤ ᠲᠦᠪ ᠤᠨ ᠤᠷᠴᠢᠨ ᠠᠬᠤᠢ ᠶᠢ ᠬᠠᠮᠠᠭᠠᠯᠠᠬᠤ ᠬᠢᠨᠠᠨ ᠪᠠᠶᠢᠴᠠᠭᠠᠯᠳᠠ ᠶᠢᠨ ᠰᠢᠯᠭᠠᠯᠳᠠ ᠬᠦᠯᠢᠶᠡᠬᠦ ᠪᠡᠯᠡᠳᠬᠡᠯ | ᠠᠵᠢᠯ ᠢ ᠰᠠᠶᠢᠳᠤᠷ ᠬᠢᠨ᠎ᠡ᠃ ︽ᠭᠤᠷᠪᠠᠨ ᠬᠠᠮᠠᠭᠠᠯᠠᠯᠳᠠ ᠶᠢᠨ ᠱᠤᠭᠤᠮ ᠨᠢᠬᠡ ᠲᠤᠳᠤᠷᠬᠠᠶᠢᠯᠠᠯᠳᠠ︾ ᠶᠢᠨ | ᠱᠠᠭᠠᠷᠳᠠᠯᠭ᠎ᠠ ᠶᠢ ᠴᠢᠩᠭ᠎ᠠ ᠰᠠᠬᠢᠵᠤ᠂ ᠠᠭᠠᠷ ᠮᠠᠨᠳᠠᠯ᠂ ᠤᠰᠤ᠂ ᠬᠦᠷᠦᠰᠦᠨ ᠤ ᠪᠤᠬᠢᠷᠳᠤᠯ ᠤᠨ ᠭᠤᠷᠪᠠᠨ ᠵᠢᠯ ᠤᠨ | ᠠᠵᠢᠯᠯᠠᠭᠠᠨ ᠤ ᠲᠦᠯᠦᠪᠯᠡᠭᠡ ᠶᠢᠨ ᠶᠤᠰᠤᠭᠠᠷ᠂ ᠪᠤᠬᠢᠷᠳᠤᠯ ᠢ ᠰᠡᠷᠭᠡᠶᠢᠯᠡᠨ ᠵᠠᠰᠠᠬᠤ ᠰᠢᠪᠳᠤᠯᠤᠯᠳᠠ ᠶᠢᠨ ᠦᠷ᠎ᠡ | ᠪᠦᠳᠦᠭᠡᠯ ᠢ ᠦᠷᠭᠦᠯᠵᠢᠯᠡᠨ ᠦᠷᠭᠡᠳᠬᠡᠵᠤ᠂ ᠪᠤᠬᠢᠷᠳᠤᠯ ᠦᠭᠡᠢ ᠬᠦᠭᠵᠢᠯᠳᠡ ᠶᠢᠨ ᠰᠠᠭᠤᠷᠢ ᠶᠢ ᠪᠠᠬᠢᠵᠢᠭᠦᠯᠦᠨ᠎ᠡ᠃ | ︽ᠬᠤᠳᠠ ᠪᠠᠯᠭᠠᠰᠤ ᠶᠢᠨ ᠲᠦᠪᠯᠡᠷᠡᠭᠦᠯᠦᠭᠰᠡᠨ ᠤᠤᠭᠤᠬᠤ ᠤᠰᠤᠨ ᠤ ᠡᠬᠢ ᠭᠠᠵᠠᠷ ᠢ ᠲᠤᠬᠢᠷᠠᠭᠤᠯᠬᠤ ᠲᠦᠰᠦᠪ︾ | ᠪᠤᠯᠤᠨ ︽ᠰᠢᠶᠠᠩ ᠪᠠᠯᠭᠠᠰᠤᠨ ᠤ ᠲᠦᠪᠯᠡᠷᠡᠭᠦᠯᠦᠭᠰᠡᠨ ᠤᠤᠭᠤᠬᠤ ᠤᠰᠤᠨ ᠤ ᠡᠬᠢ ᠶᠢᠨ ᠬᠠᠮᠠᠭᠠᠯᠠᠯᠳᠠ ᠶᠢᠨ | ᠲᠦᠰᠦᠪ︾ ᠢ ᠲᠦᠷᠭᠡᠨ ᠨᠠᠶᠢᠷᠠᠭᠤᠯᠤᠨ᠎ᠠ᠃ ᠠᠮᠢ ᠠᠬᠤᠢ ᠶᠢᠨ ᠬᠠᠤᠯᠢ ᠬᠡᠷᠡᠭᠵᠢᠭᠦᠯᠵᠤ ᠬᠢᠨᠠᠨ ᠬᠠᠮᠢᠶᠠᠷᠬᠤ | ᠬᠦᠴᠦᠯᠡᠴᠡ ᠪᠠᠨ ᠶᠡᠬᠡᠰᠬᠡᠨ᠂ ᠪᠡᠯᠴᠢᠭᠡᠷᠯᠡᠭᠦᠯᠬᠦ ᠶᠢ ᠴᠠᠭᠠᠵᠠᠯᠠᠬᠤ ᠪᠠ ᠮᠠᠯ ᠪᠡᠯᠴᠢᠭᠡᠷ ᠢ ᠲᠡᠩᠴᠡᠬᠦᠷᠢᠰᠢᠬᠦᠯᠬᠦ | ᠲᠦᠷᠢᠮ ᠢ ᠴᠢᠩᠭ᠎ᠠ ᠬᠡᠷᠡᠭᠵᠢᠭᠦᠯᠦᠨ᠎ᠡ᠃ ᠤᠢ ᠰᠢᠭᠤᠢ ᠲᠠᠯ᠎ᠠ ᠨᠤᠳᠤᠭ ᠤᠨ ᠠᠮᠢ ᠠᠬᠤᠢ ᠶᠢᠨ ᠤᠷᠴᠢᠨ ᠢ | ᠡᠪᠳᠡᠭᠰᠡᠨ ᠪᠠᠶᠢᠳᠠᠯ ᠢ ᠴᠢᠬᠤᠯᠠᠴᠢᠯᠠᠨ ᠬᠠᠤᠯᠢ ᠬᠡᠷᠡᠭᠵᠢᠭᠦᠯᠦᠯᠳᠡ ᠶᠢᠨ ᠠᠵᠢᠯᠯᠠᠭ᠎ᠠ ᠪᠠᠨ ᠪᠤᠳᠠᠳᠠᠢ ᠶᠠᠪᠤᠭᠳᠠᠭᠤᠯᠤᠨ᠎ᠠ | ᠃ ᠪᠡᠭᠡᠵᠢᠩ ᠲᠢᠶᠠᠨᠵᠢᠨ ᠤ ᠰᠠᠯᠬᠢ ᠡᠯᠡᠰᠦᠨ ᠤ ᠡᠬᠢ ᠶᠢ ᠵᠠᠰᠠᠬᠤ ᠢᠨᠵᠧᠨᠧᠷᠢᠩ ᠢ ᠦᠷᠭᠦᠯᠵᠢᠯᠡᠨ ᠲᠤᠤᠰᠯᠠᠭᠤᠯᠤᠨᠠ | ᠃ ᠪᠠᠶᠢᠭᠠᠯᠢᠯᠢᠭ ᠬᠠᠮᠠᠭᠠᠯᠠᠯᠳᠠ ᠶᠢᠨ ᠭᠠᠵᠠᠷ ᠢ ᠨᠢᠭᠡᠳᠬᠡᠨ ᠰᠢᠯᠢᠳᠡᠭᠵᠢᠭᠦᠯᠬᠦ ᠲᠦᠰᠦᠪ ᠢ ᠲᠦᠷᠬᠡᠨ ᠲᠤᠭᠳᠠᠭᠠᠵᠤ᠂ | ᠨᠠᠮᠤᠭ ᠭᠠᠵᠠᠷ ᠪᠠ ᠬᠡᠭᠡᠷ᠎ᠡ ᠶᠢᠨ ᠠᠮᠢᠳᠠᠨ ᠢ ᠬᠠᠮᠠᠭᠠᠯᠠᠬᠤ ᠬᠦᠴᠦᠯᠡᠴᠡ ᠪᠠᠨ ᠶᠡᠬᠡᠰᠬᠡᠨ᠎ᠡ᠃ ᠠᠭᠤᠷᠬᠠᠢ ᠶᠢᠨ | ᠠᠭᠤᠯᠠ ᠶᠢ ᠵᠠᠰᠠᠬᠤ ᠪᠠᠨ ᠪᠦᠬᠦ ᠬᠦᠴᠦᠨ ᠢᠶᠠᠷ ᠠᠬᠢᠭᠤᠯᠵᠤ᠂ ᠪᠤᠬᠢᠷᠳᠤᠯ ᠦᠭᠡᠢ ᠠᠭᠤᠷᠬᠠᠢ ᠶᠢᠨ ᠠᠭᠤᠯᠠ ᠶᠢ ᠪᠤᠢ | ᠪᠤᠯᠭᠠᠨ᠎ᠠ᠃ ᠠᠭᠠᠷ ᠲᠤ ᠬᠤᠯᠪᠤᠭᠳᠠᠬᠤ᠂ ᠤᠰᠤᠨ ᠳᠤ ᠬᠤᠯᠪᠤᠭᠳᠠᠬᠤ᠂ ᠠᠵᠤ ᠠᠬᠤᠶᠢᠯᠠᠯ ᠳᠤ ᠬᠤᠯᠪᠤᠭᠳᠠᠬᠤ | ᠬᠢᠨᠠᠨ ᠬᠠᠮᠢᠶᠠᠷᠤᠯᠳᠠ ᠪᠠᠨ ᠴᠢᠩᠭᠠᠳᠬᠠᠨ᠂ 10 ᠲᠤᠨ ᠤ ᠨᠡᠭᠦᠷᠡᠰᠦ ᠰᠢᠳᠠᠭᠠᠨ ᠢᠯᠴᠢ ᠬᠠᠩᠭᠠᠬᠤ ᠵᠤᠤᠬ᠎ᠠ ᠶᠢ | ᠬᠠᠶᠠᠬᠤ ᠬᠦᠴᠦᠯᠡᠴᠨ ᠪᠠᠨ ᠶᠡᠬᠡᠰᠬᠡᠵᠤ᠂ ᠰᠤᠯᠠ ᠨᠡᠭᠦᠷᠡᠰᠦ ᠶᠢ ᠰᠢᠳᠠᠭᠠᠬᠤ ᠵᠠᠰᠠᠯᠳᠠ ᠶᠢᠨ ᠠᠵᠢᠯ ᠢ ᠠᠬᠢᠭᠤᠯᠤᠨ᠎ᠠ᠃ | ᠲᠠᠷᠢᠶᠠᠯᠠᠩ ᠤᠨ ᠲᠤᠭᠳᠠᠮᠠᠯ ᠭᠠᠳᠠᠭᠰᠢᠯ ᠦᠭᠡᠢ ᠪᠤᠬᠢᠷᠳᠤᠯ ᠤᠨ ᠵᠠᠰᠠᠯᠳᠠ ᠶᠢ ᠢᠳᠡᠪᠬᠢᠳᠠᠢ ᠶᠠᠪᠤᠭᠳᠠᠭᠤᠯᠵᠤ᠂ | ᠪᠦᠬᠦ ᠬᠤᠰᠢᠭᠤᠨ ᠤ ᠮᠠᠯ ᠵᠢᠭᠦᠷᠳᠡᠨ ᠢ ᠲᠡᠵᠢᠭᠡᠨ ᠦᠷᠡᠵᠢᠭᠦᠯᠬᠦ ᠲᠦᠯᠦᠪᠯᠡᠭᠡ ᠶᠢᠨ ᠦᠨᠡᠯᠡᠨ ᠨᠠᠶᠢᠷᠠᠭᠤᠯᠬᠤ ᠠᠵᠢᠯ ᠢ | ᠲᠦᠷᠭᠡᠳᠬᠡᠨ᠂ ᠮᠠᠯ ᠵᠢᠭᠦᠷᠳᠡᠨ ᠢ ᠲᠡᠵᠢᠭᠡᠨ ᠦᠷᠡᠵᠢᠭᠦᠯᠬᠦ ᠦᠢᠯᠡᠰ ᠪᠤᠯᠤᠨ ᠡᠬᠢ ᠪᠠᠶᠠᠯᠢᠭ ᠤᠨ ᠤᠷᠴᠢᠨ | ᠲᠤᠭᠤᠷᠢᠨ ᠤ ᠵᠤᠬᠢᠴᠠᠩᠭᠤᠢ ᠬᠦᠭᠵᠢᠯᠳᠡ ᠶᠢ ᠠᠬᠢᠭᠤᠯᠵᠤ᠂ ᠬᠦᠬᠡ ᠤᠭᠳᠠᠷᠭᠤᠢ᠂ ᠲᠤᠩᠭᠠᠯᠠᠭ ᠤᠰᠤ᠂ ᠨᠤᠮᠢᠨ | ᠪᠡᠯᠴᠢᠭᠡᠷ᠂ ᠴᠠᠪᠠᠷ ᠠᠭᠠᠷ ᠵᠡᠷᠬᠡ ᠲᠠᠭᠠᠯᠠᠮᠵᠢᠳᠠᠢ ᠤᠷᠴᠢᠠ ᠲᠤᠭᠤᠷᠢᠨ ᠢ ᠪᠤᠢ ᠪᠤᠯᠭᠠᠨ᠎ᠠ᠃ | ᠴᠢᠬᠤᠯᠠ ᠶᠡᠭᠡ ᠲᠦᠭᠰᠢᠭᠦᠷᠢᠳᠦ ᠰᠢᠪᠳᠤᠯᠤᠯᠳᠠ ᠶᠢᠨ ᠲᠠᠶᠢᠯᠠᠯᠳᠤᠭᠠᠨ ᠢ ᠡᠷᠡᠰ ᠢᠯᠠᠵᠤ᠂ ᠰᠡᠷᠭᠡᠶᠢᠯᠡᠨ | ᠰᠢᠢᠳᠪᠦᠷᠢᠯᠡᠨ᠎ᠡ᠃ ᠮᠦᠩᠭᠦᠨ ᠭᠦᠢᠯᠭᠡᠭᠡᠨ ᠤ ᠠᠮᠢ ᠠᠬᠤᠢ ᠶᠢᠨ ᠪᠠᠶᠢᠭᠤᠯᠤᠯᠳᠠ ᠶᠢ ᠴᠢᠩᠭᠠᠳᠬᠠᠨ᠂ ᠬᠠᠤᠯᠢ | ᠲᠦᠷᠢᠮ ᠠᠴᠠ ᠵᠦᠷᠢᠴᠡᠭᠰᠡᠨ ᠮᠦᠩᠭᠦᠨ ᠭᠦᠢᠯᠭᠡᠭᠡᠨ ᠤ ᠠᠵᠢᠯᠯᠠᠭ᠎ᠠ ᠳᠤ ᠡᠷᠡᠰ ᠴᠤᠬᠢᠯᠳᠠ ᠦᠭᠴᠦ᠂ ᠡᠷᠡᠭᠦᠯ ᠪᠤᠰᠤ | ᠵᠢᠭᠡᠯᠡᠯᠭᠡ ᠶᠢ ᠠᠷᠢᠯᠭᠠᠨ ᠰᠢᠢᠳᠪᠦᠷᠢᠯᠡᠬᠦ ᠬᠦᠴᠦᠯᠡᠴᠡ ᠪᠠᠨ ᠴᠢᠩᠭᠠᠳᠬᠠᠨ᠎ᠠ᠃ ︽ᠠᠯᠪᠠᠨ ᠬᠡᠷᠡᠭᠯᠡᠭᠡᠨ ᠤ ᠭᠤᠷᠪᠠᠨ | ᠵᠠᠷᠤᠳᠠᠯ︾ ᠢ ᠪᠠᠭᠠᠰᠬᠠᠬᠤ ᠪᠠᠷ ᠲᠡᠮᠵᠢᠨ᠂ ᠡᠬᠢ ᠪᠠᠶᠠᠯᠢᠭ ᠡᠳ᠋ ᠬᠦᠷᠦᠩᠭᠡ ᠶᠢ ᠡᠷᠬᠢᠯᠳᠡ ᠳᠤ ᠤᠷᠤᠭᠤᠯᠵᠤ᠂ | ᠭᠠᠵᠠᠷ ᠤᠷᠤᠨ ᠤ ᠵᠠᠰᠠᠭ ᠤᠨ ᠤᠷᠳᠤᠨ ᠤ 6.7 ᠳ᠋ᠦ᠋ᠩᠰᠢᠭᠤᠷ ᠤᠨ ᠦᠷᠢ ᠦᠭᠴᠡᠭᠡ ᠶᠢ ᠰᠢᠢᠳᠪᠦᠷᠢᠯᠡᠨ᠎ᠡ᠃ | ᠲᠡᠪᠴᠡᠩ ᠤᠨ ᠺᠤᠮᠫᠠᠨᠢ ᠶᠢᠨ ᠵᠠᠬ᠎ᠠ ᠲᠡᠯᠭᠡᠭᠦᠷᠴᠢᠯᠡᠯᠳᠡ ᠶᠢ ᠲᠦᠷᠭᠡᠳᠬᠡᠨ᠂ ᠨᠡᠩ ᠤᠯᠠᠨ ᠰᠢᠯᠢᠳᠡᠭ ᠡᠬᠢ ᠪᠠᠶᠠᠯᠢᠭ | ᠡᠳ᠋ ᠬᠦᠷᠦᠩᠭᠡ ᠶᠢ ᠲᠡᠪᠴᠡᠩ ᠤᠨ ᠺᠤᠮᠫᠠᠨᠢ ᠳᠤ ᠤᠷᠤᠭᠤᠯᠵᠤ᠂ ᠦᠪᠡᠷ ᠢᠶᠠᠨ ᠬᠦᠭᠵᠢᠬᠦ ᠴᠢᠳᠠᠮᠵᠢ ᠶᠢ ᠨᠢ | ᠲᠡᠭᠡᠭᠰᠢᠯᠡᠭᠦᠯᠦᠨ᠎ᠡ᠃ | ︵ᠬᠤᠶᠠᠷ︶ ᠠᠵᠤ ᠦᠢᠯᠡᠰ ᠤᠨ ᠪᠦᠳᠦᠴᠡ ᠶᠢ ᠦᠷᠭᠦᠯᠵᠢᠯᠡᠨ ᠰᠢᠯᠢᠳᠡᠭᠵᠢᠭᠦᠯᠵᠤ᠂ ᠠᠵᠤ ᠠᠬᠤᠢ ᠶᠢᠨ ᠴᠢᠨᠠᠷ | ᠰᠠᠶᠢᠳᠠᠢ ᠬᠦᠭᠵᠢᠯᠳᠡ ᠶᠢ ᠠᠬᠢᠭᠤᠯᠤᠨ᠎ᠠ᠃ | ᠰᠢᠨ᠎ᠡ ᠠᠵᠤ ᠦᠢᠯᠡᠳᠪᠦᠷᠢ ᠶᠢ ᠬᠦᠭᠵᠢᠭᠦᠯᠦᠨ ᠪᠤᠵᠠᠭᠠᠶᠢᠷᠠᠭᠤᠯᠤᠨ᠎ᠠ᠃ ᠤᠯᠤᠰ ᠤᠨ ᠪᠤᠳᠠᠳᠤ ᠠᠵᠤ ᠠᠬᠤᠢ ᠶᠢᠨ | ᠬᠦᠭᠵᠢᠯᠳᠡ ᠶᠢ ᠲᠡᠳᠬᠦᠬᠦ ᠲᠦᠷᠦ ᠶᠢᠨ ᠪᠤᠳᠤᠯᠭ᠎ᠠ ᠶᠢ ᠰᠠᠶᠢᠳᠤᠷ ᠠᠳᠬᠤᠵᠤ᠂ ︽ᠠᠷᠪᠠᠨ ᠲᠦᠷᠪᠡᠳᠦᠬᠡᠷ ᠲᠠᠪᠤᠨ | ᠵᠢᠯ︾ ᠤᠨ ᠲᠦᠯᠦᠪᠵᠢᠭᠦᠯᠭᠡ ᠢ ᠨᠠᠷᠢᠯᠢᠭ ᠨᠠᠶᠢᠷᠠᠭᠤᠯᠤᠨ᠂ ᠰᠢᠯᠢᠳᠡᠭ ᠡᠬᠢ ᠪᠠᠶᠠᠯᠢᠭ ᠢᠶᠠᠨ ᠬᠤᠪᠢᠷᠠᠭᠤᠯᠬᠤ | ᠬᠦᠴᠦᠯᠡᠴᠡ ᠪᠠᠨ ᠲᠦᠷᠬᠡᠳᠬᠡᠵᠤ᠂ ᠠᠵᠤ ᠠᠬᠤᠢ ᠶᠢᠨ ᠴᠢᠨᠠᠷ ᠰᠠᠶᠢᠳᠠᠢ ᠬᠦᠭᠵᠢᠯᠳᠡ ᠶᠢ ᠠᠬᠢᠭᠤᠯᠤᠨ᠎ᠠ᠃ ᠴᠡᠪᠡᠷ | ᠡᠨᠧᠷᠬᠢ ᠤᠨ ᠰᠤᠷᠪᠤᠯᠵᠢ ᠶᠢᠨ ᠮᠢᠩᠭᠠᠨ ᠲᠦᠮᠡᠨ ᠺᠢᠯᠤᠸᠠᠲ ᠤᠨ ᠵᠡᠷᠭᠡ ᠲᠡᠰ ᠤᠨ ᠰᠠᠯᠬᠢᠨ ᠤ ᠬᠦᠴᠦ ᠪᠠᠷ | ᠴᠠᠬᠢᠯᠭᠠᠨ ᠭᠠᠷᠭᠠᠬᠤ ᠰᠠᠭᠤᠷᠢᠨ ᠭᠠᠵᠠᠷ ᠤᠨ ᠪᠠᠶᠢᠭᠤᠯᠤᠯᠳᠠ ᠶᠢ ᠴᠢᠬᠤᠯᠠᠴᠢᠯᠠᠨ ᠠᠬᠢᠭᠤᠯᠵᠤ᠂ 600 ᠲᠦᠮᠡᠨ | ᠺᠢᠯᠤᠸᠠᠲ ᠤᠨ ᠰᠠᠯᠬᠢᠨ ᠤ ᠬᠦᠴᠦ ᠪᠠᠷ ᠴᠠᠬᠢᠯᠭᠠᠨ ᠭᠠᠷᠭᠠᠬᠤ ᠰᠠᠭᠤᠷᠢᠨ ᠭᠠᠵᠠᠷ ᠤᠨ ᠨᠢᠭᠡᠳᠦᠭᠡᠷ ᠬᠤᠭᠤᠴᠠᠭᠠᠨ ᠤ | 240 ᠲᠦᠮᠡᠨ ᠺᠢᠯᠤᠸᠠᠲ ᠤᠨ ᠰᠠᠯᠬᠢᠨ ᠤ ᠬᠦᠴᠦ ᠪᠠᠷ ᠴᠠᠬᠢᠯᠭᠠᠨ ᠭᠠᠷᠭᠠᠬᠤ ᠲᠦᠷᠦᠯ ᠵᠦᠢᠯ ᠤᠨ ᠪᠠᠶᠢᠭᠤᠯᠤᠯᠳᠠ | ᠶᠢᠨ ᠠᠬᠢᠴᠠ ᠶᠢ ᠲᠦᠷᠭᠡᠳᠬᠡᠨ᠂ ᠵᠢᠯ ᠤᠨ ᠲᠤᠳᠤᠷ᠎ᠠ 151.6 ᠳ᠋ᠦᠩᠰᠢᠭᠤᠷ ᠲᠦᠭᠦᠷᠢᠭ ᠤᠨ ᠪᠡᠯᠡ | ᠤᠷᠤᠭᠤᠯᠤᠯᠳᠠ ᠶᠢ ᠭᠦᠢᠴᠡᠳᠬᠡᠨ᠎ᠡ᠃ ᠰᠠᠯᠬᠢᠨ ᠴᠠᠬᠢᠯᠭᠠᠨ ᠬᠦᠴᠦᠨ ᠤ ᠲᠦᠷᠦᠯ ᠵᠦᠢᠯ ᠤᠨ ᠲᠤᠭᠤᠷᠢᠨ ᠳᠤ᠂ | ᠦᠯᠢᠶᠡᠭᠦᠷ ᠮᠠᠰᠢᠨ᠂ ᠰᠡᠩᠰᠡ᠂ ᠰᠤᠪᠤᠷᠭᠠᠨ ᠭᠤᠤᠯ ᠵᠢᠴᠢ ᠵᠦᠬᠡᠬᠡᠪᠦᠷᠢᠯᠡᠬᠦ ᠲᠦᠷᠦᠯ ᠵᠦᠢᠯ ᠤᠨ ᠡᠬᠢᠯᠡᠬᠦ ᠶᠢ | ᠢᠳᠡᠪᠬᠢᠳᠠᠢ ᠠᠬᠢᠭᠤᠯᠵᠤ᠂ ᠪᠦᠬᠦ ᠤᠯᠤᠰ ᠤᠨ ᠭᠤᠤᠯᠳᠠᠯᠭᠠᠳᠤ ᠴᠡᠪᠡᠷ ᠡᠨᠧᠷᠬᠢ ᠶᠢᠨ ᠰᠤᠷᠪᠤᠯᠵᠢ ᠶᠢ ᠭᠠᠷᠭᠠᠬᠤ | ᠰᠠᠭᠤᠷᠢᠨ ᠭᠠᠵᠠᠷ ᠪᠠᠶᠢᠭᠤᠯᠬᠤ ᠪᠠᠷ ᠴᠢᠷᠮᠠᠶᠢᠨ᠎ᠠ᠃ ᠶᠦᠩ ᠾᠧ ᠬᠢᠮᠢ ᠶᠢᠨ ᠠᠵᠤ ᠦᠢᠯᠡᠳᠪᠦᠷᠢ ᠶᠢᠨ | ᠭᠤᠷᠪᠠᠳᠤᠭᠠᠷ ᠬᠤᠭᠤᠴᠠᠭᠠᠨ ᠤ ᠲᠦᠷᠦᠯ ᠵᠦᠢᠯ ᠤᠨ ᠠᠬᠢᠴᠠ ᠶᠢ ᠪᠦᠬᠦ ᠬᠦᠴᠦᠨ ᠢᠶᠠᠷ ᠠᠬᠢᠭᠤᠯᠤᠨ᠂ ᠲᠦᠷᠪᠡᠨ | ᠹᠯᠤᠷᠲᠦ ᠠᠯᠺᠠᠨ ᠂ ᠨᠢᠭᠡ ᠾᠯᠤᠷᠲᠤ ᠮᠧᠲ᠋ᠠᠨ ᠵᠡᠷᠭᠡ 6 ᠪᠦᠳᠦᠭᠡᠭᠳᠡᠭᠦᠨ ᠢ ᠠᠰᠢᠭᠯᠠᠯᠳᠠ ᠶᠢ ᠤᠷᠤᠭᠤᠯᠬᠤ ᠶᠢ | ᠪᠠᠳᠤᠯᠠᠵᠤ᠂ ᠬᠠᠶᠠᠭᠳᠠᠮᠠᠯ ᠬᠡᠢ᠂ ᠬᠠᠶᠠᠭᠳᠠᠮᠠᠯ ᠰᠢᠩᠭᠡᠨ ᠵᠡᠷᠭᠡ ᠶᠢ ᠰᠢᠢᠳᠪᠦᠷᠢᠯᠡᠬᠦ ᠤᠷᠴᠢᠨ ᠠᠬᠤᠢ ᠶᠢ ᠬᠠᠮᠠᠭᠠᠯᠠᠬᠤ | ᠲᠤᠨᠤᠭ ᠲᠦᠬᠦᠭᠡᠷᠦᠮᠵᠢ ᠶᠢ ᠬᠠᠮᠳᠤ ᠳᠤ ᠨᠢ ᠲᠡᠭᠦᠯᠳᠡᠷᠵᠢᠭᠦᠯᠦᠨ᠂ ᠬᠠᠶᠢᠯᠤᠭᠤᠷ ᠵᠤᠩᠰᠢ ᠶᠢᠨ ᠡᠬᠢ ᠪᠠᠶᠠᠯᠢᠭ ᠢ | ᠨᠡᠭᠡᠭᠡᠨ ᠪᠤᠯᠪᠠᠰᠤᠷᠠᠭᠤᠯᠬᠤ ᠶᠢ ᠠᠭᠠᠵᠢᠮ ᠢᠶᠠᠷ ᠰᠢᠨᠵᠢᠯᠡᠬᠦ ᠤᠬᠠᠭᠠᠨ ᠲᠧᠭᠨᠢᠭ ᠪᠠ ᠪᠤᠬᠢᠷᠳᠤᠯ ᠦᠭᠡᠢ ᠴᠢᠨᠠᠷᠳᠠᠢ | ᠪᠤᠯᠭᠠᠨ ᠦᠬᠡᠷᠡᠴᠢᠯᠡᠨ᠎ᠡ᠃ ︽ᠨᠢᠭᠡ ᠬᠦᠷᠢᠶᠡᠯᠡᠩ ᠤᠯᠠᠨ ᠲᠤᠭᠤᠷᠢᠭ︾ ᠤᠨ ᠬᠦᠭᠵᠢᠯᠳᠡ ᠶᠢᠨ ᠪᠠᠶᠢᠷᠢᠯᠠᠭᠤᠯᠤᠯᠳᠠ | ᠶᠢ ᠪᠦᠬᠦ ᠬᠦᠴᠦᠨ ᠢᠶᠠᠷ ᠪᠠᠶᠢᠭᠤᠯᠵᠤ᠂ ᠠᠵᠤ ᠦᠢᠯᠡᠳᠪᠦᠷᠢ ᠶᠢᠨ ᠬᠦᠷᠢᠶᠡᠯᠡᠩ ᠤᠨ ᠰᠠᠭᠤᠷᠢ ᠲᠤᠨᠤᠭ | ᠲᠦᠬᠦᠭᠡᠷᠦᠮᠵᠢ ᠶᠢᠨ ᠪᠠᠶᠢᠭᠤᠯᠤᠯᠳᠠ ᠶᠢᠨ ᠬᠦᠴᠦᠯᠡᠴᠡ ᠪᠠᠨ ᠲᠠᠰᠤᠷᠠᠯᠳᠠ ᠦᠭᠡᠢ ᠴᠢᠩᠭᠠᠳᠬᠠᠵᠤ᠂ ᠢᠵᠢ | ᠪᠦᠷᠢᠳᠦᠬᠦᠯᠦᠭᠰᠡᠨ ᠪᠤᠬᠢᠷ ᠤᠰᠤ ᠶᠢ ᠰᠢᠢᠳᠪᠦᠷᠢᠯᠡᠬᠦ ᠦᠢᠯᠡᠳᠪᠦᠷᠢ ᠶᠢ ᠪᠠᠶᠢᠭᠤᠯᠤᠨ᠎ᠠ᠃ 1.1 ᠳ᠋ᠦᠩᠰᠢᠭᠤᠷ | ᠲᠦᠭᠦᠷᠢᠭ ᠤᠨ ᠪᠡᠯᠡ ᠤᠷᠤᠭᠤᠯᠵᠤ᠂ ᠵᠢᠯ ᠤᠨ ᠲᠤᠳᠤᠷ᠎ᠠ 4 ᠲᠦᠮᠡᠨ ᠲᠤᠨ ᠤ ᠰᠢᠯᠢᠳᠡᠭ ᠴᠢᠯᠠᠭᠤᠯᠢᠭ ᠬᠠᠨ᠎ᠠ ᠶᠢᠨ | ᠪᠦᠳᠦᠭᠡᠭᠳᠡᠭᠦᠨ ᠤ ᠲᠦᠷᠦᠯ ᠵᠦᠢᠯ᠂ 2 ᠳ᠋ᠦᠩᠰᠢᠭᠤᠷ ᠲᠦᠭᠦᠷᠢᠭ ᠤᠨ 10 ᠲᠦᠮᠡᠨ ᠲᠤᠨ ᠤ ᠡᠬᠢ ᠪᠠᠶᠠᠯᠢᠭ ᠢ | ᠲᠠᠬᠢᠨ ᠠᠰᠢᠭᠯᠠᠬᠤ ᠲᠦᠷᠦᠯ ᠵᠦᠢᠯ ᠢ ᠵᠢᠯ ᠤᠨ ᠲᠤᠳᠤᠷ᠎ᠠ ᠡᠬᠢᠯᠡᠨ ᠪᠠᠶᠢᠭᠤᠯᠬᠤ ᠪᠠᠷ ᠴᠢᠷᠮᠠᠶᠢᠨ᠎ᠠ᠃ ᠡᠬᠢ ᠪᠠᠶᠠᠯᠢᠭ | ᠢ ᠨᠢᠭᠡᠳᠬᠡᠬᠦ᠂ ᠬᠤᠯᠪᠤᠭᠠᠯᠠᠨ ᠲᠠᠬᠢᠨ ᠪᠠᠶᠢᠭᠤᠯᠬᠤ ᠵᠡᠷᠭᠡ ᠤᠯᠠᠨ ᠵᠦᠢᠯ ᠤᠨ ᠠᠷᠭ᠎ᠠ ᠬᠡᠯᠪᠡᠷᠢ ᠶᠢ ᠲᠠᠮᠵᠢᠨ᠂ ᠪᠤᠶᠢᠨ | ᠰᠦᠮ᠎ᠡ ᠶᠢᠨ ᠵᠡᠰ ᠤᠨ ᠠᠭᠤᠷᠬᠠᠢ᠂ ᠵᠢᠶᠠ ᠬᠦᠢ ᠴᠠᠬᠢᠭᠤᠷ ᠤᠨ ᠦᠢᠯᠡᠰ ᠵᠡᠷᠭᠡ ᠦᠢᠯᠡᠳᠪᠦᠷᠢᠯᠡᠯ ᠢᠶᠠᠨ | ᠵᠤᠭᠰᠤᠭᠠᠭᠰᠠᠨ ᠠᠵᠤ ᠠᠬᠤᠶᠢᠯᠠᠯ ᠢ ᠲᠠᠬᠢᠨ ᠪᠠᠶᠢᠭᠤᠯᠤᠨ ᠲᠠᠬᠢᠨ ᠴᠡᠭᠴᠡᠯᠡᠬᠦ ᠠᠵᠢᠯ ᠢ ᠰᠠᠶᠢᠳᠤᠷ ᠬᠢᠨ᠎ᠠ᠃ | ᠵᠢᠭᠤᠯᠴᠢᠯᠠᠯ ᠤᠨ ᠦᠢᠯᠡᠰ ᠢ ᠪᠦᠬᠦ ᠬᠦᠴᠦᠨ ᠢᠶᠠᠷ ᠬᠦᠭᠵᠢᠭᠦᠯᠦᠨ᠎ᠡ᠃ ︽ᠦᠯᠵᠡᠶᠢᠳᠦ ᠲᠠᠯ᠎ᠠ ᠨᠤᠳᠤᠭ᠂ | ᠬᠤᠪᠢᠯᠭᠠᠨ ᠵᠠᠪᠢᠳᠤ ᠨᠤᠳᠤᠭ︾ ᠤᠨ ᠵᠢᠭᠤᠯᠴᠢᠯᠠᠯ ᠤᠨ ᠲᠡᠮᠳᠡᠭᠳᠦ ᠶᠢᠨ ᠲᠤᠭᠤᠷᠢᠨ ᠳᠤ᠂ ︽ᠵᠢᠭᠤᠯᠴᠢᠯᠠᠯ +︾ | ᠤᠯᠠᠨ ᠠᠵᠤ ᠦᠢᠯᠡᠰ ᠢ ᠤᠶᠠᠯᠳᠤᠭᠤᠯᠭᠰᠠᠨ ᠪᠠᠶᠢᠳᠠᠯ ᠢ ᠠᠬᠢᠭᠤᠯᠵᠤ᠂ ᠪᠦᠬᠦ ᠤᠷᠤᠨ ᠤ ᠵᠢᠭᠤᠯᠴᠢᠯᠠᠯ ᠤᠨ | ᠲᠦᠯᠦᠪᠯᠡᠭᠡ ᠶᠢ ᠪᠦᠬᠦ ᠲᠠᠯ᠎ᠠ ᠪᠠᠷ ᠬᠡᠷᠡᠭᠵᠢᠭᠦᠯᠦᠨ᠂ ᠪᠦᠬᠦ ᠤᠷᠤᠨ ᠤ ᠵᠢᠭᠤᠯᠴᠢᠯᠠᠯ᠂ ᠲᠦᠷᠪᠡᠨ ᠤᠯᠠᠷᠢᠯ ᠤᠨ | ᠵᠢᠭᠤᠯᠴᠢᠯᠠᠯ ᠢ ᠶᠡᠭᠡ ᠬᠦᠴᠦᠨ ᠢᠶᠠᠷ ᠬᠦᠭᠵᠢᠭᠦᠯᠦᠨ᠂ ᠬᠡᠷᠡᠭᠯᠡᠭᠡᠨ ᠤ ᠲᠡᠭᠡᠭᠰᠢᠯᠡᠯᠳᠡ ᠶᠢ ᠲᠠᠭᠠᠭᠤᠯᠵᠤ᠂ ᠪᠡᠯᠡ | ᠤᠷᠤᠭᠤᠯᠤᠯᠳᠠ ᠶᠢᠨ ᠨᠡᠮᠡᠭᠳᠡᠯ ᠢ ᠢᠳᠡᠪᠬᠢᠵᠢᠭᠦᠯᠦᠨ᠎ᠡ᠃ ᠬᠦᠳᠡᠭᠡ ᠲᠤᠰᠬᠤᠨ ᠤ ᠵᠢᠭᠤᠯᠴᠢᠯᠠᠯ ᠢᠶᠠᠷ ᠬᠠᠪᠰᠤᠷᠤᠨ | ᠲᠡᠳᠬᠦᠬᠦ ᠲᠤᠰᠬᠠᠢ ᠵᠦᠢᠯ ᠤᠨ ᠲᠦᠯᠦᠪᠯᠡᠭᠡ ᠶᠢ ᠨᠠᠶᠢᠷᠠᠭᠤᠯᠬᠤ ᠠᠵᠢᠯ ᠢ ᠭᠦᠢᠴᠡᠳᠬᠡᠨ᠂ ᠲᠠᠯ᠎ᠠ ᠨᠤᠳᠤᠭ ᠤᠨ | ᠦᠵᠡᠮᠵᠢ᠂ ᠤᠷᠤᠨ ᠨᠤᠳᠤᠭ ᠤᠨ ᠰᠤᠶᠤᠯ ᠳᠤ ᠲᠦᠰᠢᠭᠯᠡᠨ ᠵᠢᠭᠤᠯᠴᠢᠯᠠᠯ ᠤᠨ ᠡᠬᠢ ᠪᠠᠶᠠᠯᠢᠭ ᠢ ᠠᠯᠬᠤᠮ ᠢᠶᠠᠷ | ᠨᠡᠭᠡᠭᠡᠨ ᠬᠦᠭᠵᠢᠭᠦᠯᠵᠤ᠂ ᠰᠡᠯᠡᠭᠦᠴᠡᠯ ᠮᠠᠶ᠋ᠢᠭ᠂ ᠪᠠᠶᠠᠴᠢᠯᠡᠨ ᠤᠶᠢᠯᠠᠭᠠᠬᠤ ᠮᠠᠶ᠋ᠢᠭ᠂ ᠰᠤᠪᠢᠯᠠᠯᠳᠠ ᠶᠢᠨ ᠮᠠᠶ᠋ᠢᠭ ᠤᠨ | ᠬᠦᠳᠡᠭᠡ ᠲᠤᠰᠬᠤᠨ ᠤ ᠵᠢᠭᠤᠯᠴᠢᠯᠠᠯ ᠢ ᠬᠦᠭᠵᠢᠭᠦᠯᠦᠨ᠂ 1—2 ᠵᠢᠱᠢᠶ᠎ᠡ ᠦᠵᠡᠭᠦᠯᠬᠦ ᠲᠤᠰᠬᠤᠨ ᠢ | ᠪᠠᠶᠢᠭᠤᠯᠤᠨ᠎ᠠ᠃ ᠵᠢᠯ ᠤᠨ ᠲᠤᠳᠤᠷ᠎ᠠ 2.5 ᠳ᠋ᠦᠩᠰᠢᠭᠤᠷ ᠲᠦᠭᠦᠷᠢᠭ ᠤᠨ ᠭᠤᠤᠯᠳᠠᠴᠢ ᠬᠤᠶᠠᠳᠤᠭᠠᠷ ᠬᠤᠭᠤᠴᠠᠭᠠᠨ | ᠤ ᠢᠵᠢ ᠪᠦᠷᠢᠳᠦᠭᠦᠯᠦᠭᠰᠡᠨ ᠲᠦᠷᠦᠯ ᠵᠦᠢᠯ ᠢ ᠨᠡᠭᠡᠭᠡᠨ ᠪᠠᠶᠢᠭᠤᠯᠬᠤ ᠪᠠᠷ ᠴᠢᠷᠮᠠᠶᠢᠵᠤ᠂ ᠪᠦᠬᠦ ᠤᠯᠤᠰ ᠤᠨ ᠰᠠᠨᠰᠠᠷ | ᠤᠨ ᠠᠶᠠᠯᠠᠯ ᠤᠨ ᠰᠢᠨᠵᠢᠯᠡᠬᠦ ᠤᠬᠠᠭᠠᠨ ᠤ ᠲᠦᠬᠡᠮᠡᠯᠵᠢᠭᠦᠯᠦᠯᠳᠡ ᠪᠠ ᠵᠠᠯᠠᠭᠤᠴᠤᠳ ᠪᠠᠭᠠᠴᠤᠳ ᠤᠨ ᠤᠯᠤᠰ ᠢᠶᠠᠨ | ᠬᠠᠶᠢᠷᠠᠯᠠᠬᠤ ᠦᠵᠡᠯ ᠰᠠᠨᠠᠭᠠᠨ ᠤ ᠤᠯᠤᠰ ᠤᠨ ᠪᠠᠳᠤᠯᠠᠨ ᠬᠠᠮᠠᠭᠠᠯᠠᠯᠳᠠ ᠶᠢᠨ ᠰᠤᠷᠭᠠᠨ ᠬᠦᠮᠦᠵᠢᠭᠦᠯᠬᠦ ᠰᠠᠭᠤᠷᠢᠨ | ᠭᠠᠵᠠᠷ ᠢ ᠴᠢᠷᠮᠠᠶᠢᠨ ᠪᠠᠶᠢᠭᠤᠯᠤᠨ᠎ᠠ᠃ ᠭᠠᠵᠠᠷ ᠰᠢᠨᠵᠢᠯᠡᠭᠡᠨ ᠤ ᠴᠡᠴᠡᠷᠯᠢᠭ ᠢ ᠢᠳᠡᠪᠬᠢᠳᠠᠢ ᠠᠬᠢᠭᠤᠯᠬᠤ ᠪᠠ | ᠪᠠᠶᠢᠭᠠᠯᠢᠯᠢᠭ ᠬᠠᠮᠠᠭᠠᠯᠠᠯᠳᠠ ᠶᠢᠨ ᠤᠷᠤᠨ ᠢ ᠰᠢᠯᠢᠳᠡᠭᠵᠢᠭᠦᠯᠦᠨ ᠨᠢᠭᠡᠳᠬᠡᠵᠤ᠂ ᠵᠢᠯ ᠤᠨ ᠲᠤᠳᠤᠷ᠎ᠠ 1.9 | ᠳ᠋ᠦᠩᠰᠢᠭᠤᠷ ᠲᠦᠭᠦᠷᠢᠭ ᠤᠨ ᠮᠦᠽᠸᠢ ᠶᠢᠨ ᠦᠵᠡᠭᠦᠯᠦᠯᠭᠡ ᠵᠢᠴᠢ ᠭᠠᠵᠠᠷ ᠰᠢᠨᠵᠢᠯᠡᠭᠡᠨ ᠤ ᠵᠢᠭᠤᠯᠴᠢᠯᠠᠯ ᠢᠶᠠᠷ | ᠬᠠᠪᠰᠤᠷᠤᠨ ᠲᠡᠳᠬᠦᠬᠦ ᠶᠢ ᠨᠡᠭᠡᠭᠡᠨ ᠭᠦᠭᠵᠢᠭᠦᠯᠬᠦ ᠲᠦᠷᠦᠯ ᠵᠦᠢᠯ ᠢ ᠬᠡᠷᠡᠭᠵᠢᠭᠦᠯᠦᠨ᠎ᠡ᠃ ᠪᠦᠬᠦ ᠬᠤᠰᠢᠭᠤᠨ ᠤ | ᠤᠶᠤᠨᠳᠤ ᠵᠢᠭᠤᠯᠴᠢᠯᠠᠯ ᠤᠨ ᠲᠡᠪᠴᠡᠩ ᠳᠤ ᠲᠦᠰᠢᠭᠯᠡᠨ᠂ ᠵᠢᠭᠤᠯᠴᠢᠯᠠᠯ ᠤᠨ ᠦᠢᠯᠡᠰ ᠤᠨ ᠦᠭᠡᠷᠡᠴᠢᠯᠡᠨ | ᠬᠦᠭᠵᠢᠭᠦᠯᠬᠦ ᠶᠢ ᠠᠬᠢᠭᠤᠯᠤᠨ᠎ᠠ᠃ ᠦᠪᠡᠷᠳᠡᠭᠡᠨ ᠵᠠᠰᠠᠬᠤ ᠤᠷᠤᠨ ᠤ ᠵᠢᠭᠤᠯᠴᠢᠯᠠᠯ ᠤᠨ ᠨᠠᠭᠠᠳᠤᠮ᠂ ᠲᠠᠯ᠎ᠠ ᠨᠤᠳᠤᠭ | ᠤᠨ ᠲᠠᠭᠤᠤ ᠬᠦᠭᠵᠢᠮ ᠤᠨ ᠨᠠᠶᠢᠷ᠂ ᠠᠮᠳᠠᠳᠤ ᠢᠳᠡᠭᠡᠨ ᠤ ᠨᠠᠶᠢᠷ ᠵᠡᠷᠭᠡ ᠪᠠᠶᠠᠷ ᠲᠤᠷᠠᠰᠬᠠᠯ ᠤᠨ ᠬᠦᠳᠡᠯᠭᠡᠭᠡᠨ ᠢ | ᠦᠷᠬᠦᠯᠵᠢᠯᠡᠨ ᠰᠠᠶᠢᠳᠤᠷ ᠬᠢᠵᠤ᠂ ᠬᠤᠩᠭᠤᠷ ᠤᠰᠤᠨ ᠴᠦᠬᠦᠷᠦᠮ ᠤᠨ ᠤᠰᠤᠨ ᠲᠡᠭᠡᠷᠡᠬᠢ ᠪᠠ ᠴᠠᠰᠤᠨ ᠳᠤ | ᠭᠤᠯᠭᠤᠬᠤ ᠲᠦᠷᠦᠯ ᠵᠦᠢᠯ ᠢ ᠲᠦᠯᠦᠪᠵᠢᠭᠦᠯᠦᠨ ᠨᠡᠭᠡᠭᠡᠵᠤ᠂ ᠬᠡᠭᠡᠷᠡᠯᠡᠭᠴᠢ ᠮᠠᠰᠢᠨ ᠤ ᠪᠠᠭᠤᠳᠠᠯᠯᠠᠬᠤ ᠭᠠᠵᠠᠷ ᠤᠨ | ᠪᠠᠶᠢᠭᠤᠯᠤᠯᠳᠠ ᠶᠢ ᠭᠦᠢᠴᠡᠳᠬᠡᠨ᠂ ᠪᠦᠬᠦ ᠤᠯᠤᠰ ᠤᠨ ᠭᠠᠷ ᠡᠵᠡᠮᠳᠡᠭᠦᠷ ᠨᠢᠰᠬᠡᠯ ᠤᠨ ᠦᠷᠢᠰᠦᠯᠳᠦᠬᠦ ᠤᠷᠤᠯᠳᠤᠭᠠᠨ | ᠂ ᠲᠡᠷᠭᠡ ᠮᠤᠲ᠋ᠤᠷ ᠤᠨ ᠪᠠᠭᠤᠳᠠᠯᠯᠠᠬᠤ ᠵᠡᠷᠭᠡ ᠪᠡᠶ᠎ᠡ ᠲᠠᠮᠢᠷ ᠤᠨ ᠤᠷᠤᠯᠳᠤᠭᠠᠨ ᠢ ᠢᠳᠡᠪᠬᠢᠳᠠᠢ ᠠᠬᠢᠭᠤᠯᠤᠨ | ᠪᠡᠶᠡᠯᠡᠭᠦᠯᠦᠨ᠎ᠡ᠃ ᠲᠠᠯ᠎ᠠ ᠨᠤᠳᠤᠭ ᠤᠨ ᠲᠠᠭᠤᠤ ᠬᠦᠭᠵᠢᠮ ᠤᠨ ᠨᠠᠶᠢᠷ ᠤᠨ ᠲᠠᠯᠠᠪᠤᠷ ᠢ ᠭᠦᠢᠴᠡᠳ ᠠᠰᠢᠭᠯᠠᠨ᠂ ᠡᠯ᠎ᠡ | ᠲᠦᠷᠦᠯ ᠤᠨ ᠤᠷᠤᠯᠳᠤᠭᠠᠨ ᠬᠦᠳᠡᠯᠭᠡᠭᠡᠨ ᠵᠡᠷᠭᠡ ᠶᠢ ᠲᠠᠭᠠᠭᠠᠴᠢᠯᠠᠨ ᠬᠢᠵᠤ᠂ ᠪᠡᠶ᠎ᠡ ᠲᠠᠮᠢᠷ ᠤᠨ ᠤᠷᠤᠯᠳᠤᠭᠠᠨ ᠪᠠ | ᠵᠢᠭᠤᠯᠴᠢᠯᠠᠯ ᠢ ᠬᠦᠨᠵᠡᠭᠡᠢ ᠤᠶᠠᠯᠳᠤᠭᠤᠯᠬᠤ ᠶᠢ ᠠᠬᠢᠭᠤᠯᠵᠤ᠂ ᠲᠦᠷᠪᠡᠨ ᠤᠯᠠᠷᠢᠯ ᠤᠨ ᠵᠢᠭᠤᠯᠴᠢᠯᠠᠯ ᠢ | ᠪᠡᠶᠡᠯᠡᠭᠦᠯᠦᠨ᠎ᠡ᠃ ᠰᠤᠶᠤᠯ ᠵᠢᠭᠤᠯᠴᠢᠯᠠᠯ ᠤᠨ ᠵᠠᠬ᠎ᠠ ᠲᠡᠯᠭᠡᠭᠦᠷ ᠤᠨ ᠶᠡᠷᠦᠩᠭᠡᠶᠢᠯᠡᠭᠰᠡᠨ ᠬᠠᠤᠯᠢ ᠬᠡᠷᠡᠭᠵᠢᠬᠦᠯᠦᠯᠳᠠ | ᠶᠢᠨ ᠦᠭᠡᠷᠡᠴᠢᠯᠡᠯᠳᠡ ᠶᠢ ᠲᠡᠭᠦᠯᠳᠡᠷᠵᠢᠭᠦᠯᠦᠨ᠂ ᠵᠠᠬ᠎ᠠ ᠲᠡᠯᠭᠡᠭᠦᠷ ᠤᠨ ᠬᠢᠨᠠᠨ ᠬᠠᠮᠢᠶᠠᠷᠤᠯᠳᠠ ᠶᠢᠨ ᠲᠦᠪᠰᠢᠨ ᠢᠶᠠᠨ | ᠲᠠᠰᠤᠷᠠᠯᠳᠠ ᠦᠭᠡᠢ ᠲᠡᠭᠡᠭᠰᠢᠯᠡᠭᠦᠯᠦᠨ᠎ᠡ᠃ | ᠤᠳᠤᠬᠢᠴᠢᠯᠠᠭᠰᠠᠨ ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ ᠤ ᠦᠢᠯᠡᠰ ᠢ ᠲᠦᠷᠭᠡᠳᠬᠡᠨ ᠠᠬᠢᠭᠤᠯᠤᠨ᠎ᠠ᠃ | ᠠᠷᠠᠯᠵᠢᠶ᠎ᠠ ᠬᠤᠳᠠᠯᠳᠤᠭᠠᠨ ᠤ ᠤᠷᠴᠢᠨ ᠨᠦᠬᠦᠴᠡᠯ ᠢ ᠰᠢᠯᠢᠳᠡᠭᠵᠢᠭᠦᠯᠦᠨ᠂ ᠡᠯᠧᠺᠲᠷᠤᠨ ᠬᠤᠳᠠᠯᠳᠤᠭᠠᠨ ᠤ ᠠᠵᠤ | ᠠᠬᠤᠶᠢᠯᠠᠯ᠂ ᠭᠦᠢᠯᠭᠡᠭᠡᠨ ᠤ ᠠᠵᠤ ᠠᠬᠤᠶᠢᠯᠠᠯ ᠪᠠ ᠲᠤᠬᠠᠢ ᠶᠢᠨ ᠭᠠᠵᠠᠷ ᠤᠨ ᠠᠵᠤ ᠦᠢᠯᠡᠰ ᠤᠨ ᠠᠭᠤᠰᠤᠯᠴᠠᠨ | ᠬᠦᠭᠵᠢᠬᠦ ᠶᠢ ᠲᠠᠶᠢᠴᠢᠯᠠᠨ᠂ ᠭᠦᠢᠯᠭᠡᠭᠡᠨ ᠤ ᠠᠵᠤ ᠦᠢᠯᠡᠰ ᠪᠠ ᠠᠷᠠᠯᠵᠢᠶ᠎ᠠ ᠬᠤᠳᠠᠯᠳᠤᠭᠠᠨ ᠤ ᠦᠢᠯᠡᠰ ᠤᠨ | ᠬᠤᠯᠪᠤᠭᠠᠯᠠᠨ ᠬᠦᠳᠦᠯᠬᠦ ᠶᠢ ᠠᠬᠢᠭᠤᠯᠵᠤ᠂ ᠤᠳᠤᠬᠢᠴᠢᠯᠠᠭᠰᠠᠨ ᠠᠷᠠᠯᠵᠢᠶ᠎ᠠ ᠬᠤᠳᠠᠯᠳᠤᠭᠠᠨ ᠤ ᠬᠦᠢᠯᠬᠡᠬᠡᠨ ᠤ | ᠦᠢᠯᠡᠴᠢᠯᠡᠭᠡᠨ ᠤ ᠰᠢᠰᠲ᠋ᠧᠮ ᠢ ᠪᠠᠶᠢᠭᠤᠯᠤᠨ᠎ᠠ᠃ ᠭᠥᠸᠧ ᠲᠤᠩ ᠭᠦᠢᠯᠭᠡᠭᠡᠨ ᠤ ᠬᠦᠷᠢᠶᠡᠯᠡᠩ ᠤᠨ ᠬᠤᠳᠠᠯᠳᠤᠭᠠᠴᠢᠨ | ᠤᠷᠢᠬᠤ ᠠᠬᠢᠴᠠ ᠶᠢ ᠲᠦᠷᠭᠡᠳᠬᠡᠨ᠎ᠡ᠃ 1.06 ᠳ᠋ᠦᠩᠰᠢᠭᠤᠷ ᠲᠦᠭᠦᠷᠢᠭ ᠤᠨ ᠪᠡᠯᠡ ᠤᠷᠤᠭᠤᠯᠤᠭᠰᠠᠨ ᠭᠠᠩ | ᠶᠤᠸᠠᠨ ᠸᠧᠢ ᠳ᠋ᠥᠸᠧ ᠯᠢ ᠬᠤᠳᠠᠯᠳᠤᠭᠠᠨ ᠤ ᠲᠦᠪ ᠤᠨ ᠲᠦᠷᠦᠯ ᠵᠦᠢᠯ ᠤᠨ ᠪᠠᠶᠢᠭᠤᠯᠤᠯᠳᠠ ᠶᠢᠨ ᠠᠬᠢᠴᠠ ᠶᠢ | ᠢᠳᠡᠪᠬᠢᠳᠠᠢ ᠠᠬᠢᠭᠤᠯᠤᠨ᠎ᠠ᠃ 1 ᠠᠷᠠᠳ ᠲᠤ ᠠᠰᠢᠭ ᠬᠦᠷᠳᠡᠭᠡᠬᠦ ᠬᠦᠷᠢᠶᠡᠯᠡᠩ ᠪᠠ 1 ᠠᠮᠢᠳᠤ ᠮᠠᠯ ᠤᠨ | ᠠᠷᠠᠯᠵᠢᠶᠠᠨ ᠤ ᠲᠠᠯᠠᠪᠤᠷ ᠢ ᠲᠦᠯᠦᠪᠯᠡᠨ ᠪᠠᠶᠢᠭᠤᠯᠵᠤ᠂ ᠤᠷᠤᠨ ᠤ ᠶᠡᠷᠦᠩᠭᠡᠶᠢᠯᠡᠭᠰᠡᠨ ᠴᠢᠨᠠᠷ ᠲᠠᠢ ᠮᠠᠯ ᠲᠠᠷᠢᠶᠠᠯᠠᠩ | ᠤᠨ ᠪᠦᠳᠦᠭᠡᠭᠳᠡᠭᠦᠨ ᠤ ᠵᠠᠬ᠎ᠠ ᠲᠡᠯᠭᠡᠭᠦᠷ ᠢ ᠴᠢᠷᠮᠠᠶᠢᠨ ᠪᠠᠶᠢᠭᠤᠯᠤᠨ᠎ᠠ᠃ ᠡᠯᠧᠺᠲᠷᠤᠨ ᠬᠤᠳᠠᠯᠳᠤᠭ᠎ᠠ ᠶᠢ ᠲᠤᠰᠬᠤᠨ | ᠳᠤ ᠤᠷᠤᠭᠤᠯᠬᠤ ᠵᠢᠱᠢᠶ᠎ᠡ ᠦᠵᠡᠭᠦᠯᠬᠦ ᠲᠦᠷᠦᠯ ᠵᠦᠢᠯ ᠤᠨ ᠲᠤᠮᠳᠠ ᠬᠤᠭᠤᠴᠠᠭᠠᠨ ᠤ ᠦᠨᠡᠯᠡᠯᠳᠡ ᠶᠢᠨ ᠠᠵᠢᠯ ᠢ | ᠰᠠᠶᠢᠳᠤᠷ ᠬᠢᠵᠤ᠂ ᠡᠯᠧᠺᠲᠷᠤᠨ ᠬᠤᠳᠠᠯᠳᠤᠭᠠᠨ ᠤ ᠨᠡᠶᠢᠳᠡ ᠶᠢᠨ ᠦᠢᠯᠡᠴᠢᠯᠡᠭᠡᠨ ᠤ ᠲᠤᠯᠭᠠᠭᠤᠷᠢᠯᠠᠬᠤ ᠰᠢᠰᠲ᠋ᠧᠮ ᠢ | ᠲᠡᠭᠦᠯᠳᠡᠷᠵᠢᠭᠦᠯᠦᠨ᠂ ᠤᠯᠠᠮᠵᠢᠯᠠᠯᠳᠤ ᠠᠵᠤ ᠦᠢᠯᠡᠰ ᠢ ᠦᠭᠡᠷᠡᠴᠢᠯᠡᠨ ᠬᠦᠭᠵᠢᠬᠦ ᠶᠢ ᠲᠡᠳᠬᠦᠵᠤ᠂ ᠡᠯᠧᠺᠲᠷᠤᠨ | ᠬᠤᠳᠠᠯᠳᠤᠭ᠎ᠠ ᠶᠢ ᠮᠠᠯᠴᠢᠨ ᠲᠠᠷᠢᠶᠠᠴᠢᠳ ᠤᠨ ᠤᠷᠤᠯᠭ᠎ᠠ ᠶᠢ ᠨᠡᠮᠡᠭᠳᠡᠭᠦᠯᠬᠦ ᠰᠢᠨ᠎ᠡ ᠠᠷᠭ᠎ᠠ ᠵᠠᠮ ᠪᠤᠯᠭᠠᠨ᠎ᠠ᠃ ᠡᠭᠦᠨ | ᠤ ᠬᠠᠮᠳᠤ᠂ ︽ᠨᠢᠭᠡ ᠪᠦᠰᠡ ᠨᠢᠭᠡ ᠵᠠᠮ︾ ᠤᠨ ᠬᠦᠭᠵᠢᠯᠳᠡ ᠶᠢᠨ ᠲᠤᠬᠢᠶᠠᠯ ᠢ ᠠᠳᠬᠤᠨ᠂ ᠮᠤᠩᠭᠤᠯ ᠤᠯᠤᠰ ᠤᠨ | ᠨᠦᠬᠦᠷᠰᠡᠭ ᠬᠤᠳᠠ ᠶᠢᠨ ᠬᠠᠷᠢᠴᠠᠭ᠎ᠠ ᠬᠤᠷᠰᠢᠶᠠᠵᠢᠯ ᠢᠶᠠᠨ ᠴᠢᠩᠭᠠᠳᠬᠠᠵᠤ᠂ ᠬᠦᠬᠡᠬᠤᠳᠠ᠂ ᠪᠤᠭᠤᠳᠤ᠂ ᠤᠷᠳᠤᠰ | ᠪᠠ ᠤᠯᠠᠭᠠᠨᠴᠠᠪ᠂ ᠳ᠋ᠠᠲ᠋ᠦ᠋ᠩ᠂ ᠴᠢᠭᠤᠯᠭᠠᠳᠤ ᠬᠠᠭᠠᠯᠭᠠᠨ ᠤ ᠠᠵᠤ ᠠᠬᠤᠢ ᠶᠢᠨ ᠲᠤᠭᠤᠷᠢᠭ ᠲᠤ ᠢᠳᠡᠪᠬᠢᠳᠠᠢ | ᠠᠭᠤᠰᠤᠯᠴᠠᠨ ᠤᠷᠤᠵᠤ᠂ ᠭᠠᠳᠠᠭᠠᠳᠤ ᠳᠤ ᠭᠠᠷᠭᠠᠬᠤ ᠠᠵᠤ ᠠᠬᠤᠶᠢᠯᠠᠯ ᠢ ᠶᠡᠭᠡ ᠬᠦᠴᠦᠨ ᠢᠶᠠᠷ ᠬᠦᠭᠵᠢᠭᠦᠯᠵᠤ᠂ | ᠭᠠᠳᠠᠭᠠᠳᠤ ᠠᠷᠠᠯᠵᠢᠶ᠎ᠠ ᠶᠢ ᠲᠡᠮᠵᠢᠨ ᠲᠡᠳᠬᠦᠬᠦ ᠪᠡᠯᠡ ᠮᠦᠩᠭᠦ ᠶᠢ ᠴᠢᠷᠮᠠᠶᠢᠨ ᠤᠯᠵᠤ᠂ ᠨᠡᠩ ᠤᠯᠠᠨ ᠦᠢᠯᠡᠳᠪᠦᠷᠢᠯᠡᠯ | ᠤᠨ ᠠᠵᠤ ᠠᠬᠤᠶᠢᠯᠠᠯ ᠳᠤ ᠭᠠᠳᠠᠭᠠᠳᠤ ᠠᠷᠠᠯᠵᠢᠶ᠎ᠠ ᠶᠠᠪᠤᠭᠳᠠᠭᠤᠯᠬᠤ ᠶᠢ ᠲᠠᠭᠠᠭᠤᠯᠤᠨ᠎ᠠ᠃ ᠨᠡᠶᠢᠳᠡᠮ ᠬᠡᠷᠡᠭᠯᠡᠭᠳᠡᠬᠦ | ᠨᠢᠰᠬᠡᠯ ᠤᠨ ᠪᠠᠭᠤᠳᠠᠯ ᠤᠨ ᠡᠮᠦᠨᠡᠬᠢ ᠬᠤᠭᠤᠴᠠᠭᠠᠨ ᠤ ᠠᠵᠢᠯ ᠢ ᠲᠦᠷᠭᠡᠳᠬᠡᠨ᠂ ᠵᠢᠯ ᠤᠨ ᠲᠤᠳᠤᠷ᠎ᠠ ᠠᠵᠢᠯ | ᠡᠬᠢᠯᠡᠬᠦᠯᠬᠦ ᠶᠢ ᠪᠠᠳᠤᠯᠠᠨ᠎ᠠ᠃ ᠠᠵᠤ ᠦᠢᠯᠡᠰ ᠤᠨ ᠡᠬᠢ ᠪᠠᠶᠠᠯᠢᠭ ᠤᠨ ᠤᠨᠴᠠᠯᠢᠭᠳᠤ ᠲᠠᠪᠠᠭᠤᠯᠢᠭ ᠲᠠᠯ᠎ᠠ ᠳᠤ | ᠲᠦᠰᠢᠭᠯᠡᠨ᠂ ᠬᠤᠳᠠᠯᠳᠤᠭ᠎ᠠ ᠪᠠᠷ ᠬᠤᠳᠠᠯᠳᠤᠭᠠᠴᠢᠨ ᠤᠷᠢᠬᠤ᠂ ᠠᠵᠦ ᠦᠢᠯᠡᠳᠪᠦᠷᠢ ᠶᠢᠨ ᠬᠡᠯᠬᠢᠶ᠎ᠡ ᠪᠠᠷ | ᠬᠤᠳᠠᠯᠳᠤᠭᠠᠴᠢᠨ ᠤᠷᠢᠬᠤ ᠶᠢ ᠴᠢᠩᠭᠠᠳᠬᠠᠨ᠂ ᠭᠤᠯᠳᠦ ᠴᠤᠭᠴᠠᠯᠠᠨ ᠢᠵᠢ ᠪᠦᠷᠢᠳᠦᠭᠦᠯᠦᠭᠰᠡᠨ ᠠᠵᠤ ᠠᠬᠤᠶᠢᠯᠠᠯ ᠢ | ᠶᠡᠭᠡ ᠬᠦᠴᠦᠨ ᠢᠶᠠᠷ ᠤᠷᠤᠭᠤᠯᠵᠤ᠂ ᠪᠦᠬᠦ ᠠᠵᠤ ᠦᠢᠯᠡᠰ ᠤᠨ ᠬᠦᠭᠵᠢᠯᠳᠡ ᠶᠢᠨ ᠰᠢᠰᠲ᠋ᠧᠮ ᠢ ᠪᠠᠶᠢᠭᠤᠯᠤᠨ᠂ | ᠪᠦᠳᠦᠭᠡᠭᠳᠡᠭᠦᠨ ᠤ ᠲᠠᠭᠠᠯᠳᠠ ᠦᠷᠳᠡᠭ ᠪᠤᠯᠤᠨ ᠦᠷᠢᠰᠦᠯᠳᠦᠭᠡᠨ ᠢ ᠲᠡᠭᠡᠭᠰᠢᠯᠡᠭᠦᠯᠦᠨ᠎ᠡ᠃ | ᠠᠷᠠᠯᠵᠢᠶ᠎ᠠ ᠬᠤᠳᠠᠯᠳᠤᠭᠠᠨ ᠤ ᠤᠷᠴᠢᠨ ᠠᠬᠤᠢ ᠶᠢ ᠲᠠᠰᠤᠷᠠᠯᠳᠠ ᠦᠭᠡᠢ ᠰᠢᠯᠢᠳᠡᠭᠵᠢᠭᠦᠯᠦᠨ᠎ᠡ᠃ ᠲᠦᠪ ᠪᠠ | ᠦᠪᠡᠷᠳᠡᠭᠡᠨ ᠵᠠᠰᠠᠬᠤ ᠤᠷᠤᠨ ᠤ ᠠᠷᠠᠳ ᠠᠴᠠ ᠡᠵᠡᠩᠨᠡᠭᠰᠡᠨ ᠠᠵᠤ ᠠᠬᠤᠢ ᠪᠤᠯᠤᠨ ᠪᠠᠭ᠎ᠠ ᠬᠡᠯᠪᠡᠷᠢ ᠶᠢᠨ ᠠᠵᠤ | ᠠᠬᠤᠶᠢᠯᠠᠯ ᠤᠨ ᠬᠦᠭᠵᠢᠯᠳᠡ ᠶᠢ ᠲᠡᠳᠬᠦᠬᠦ ᠤᠯᠤᠰ ᠲᠦᠷᠦ ᠶᠢᠨ ᠠᠷᠭ᠎ᠠ ᠪᠤᠳᠤᠯᠭ᠎ᠠ ᠶᠢ ᠴᠢᠩᠭ᠎ᠠ ᠬᠡᠷᠡᠭᠵᠢᠭᠦᠯᠦᠨ᠂ | ᠬᠤᠰᠢᠭᠤ ᠱᠠᠳᠤᠨ ᠤ ᠤᠳᠤᠷᠢᠳᠤᠯᠭ᠎ᠠ ᠶᠢᠨ ᠲᠠᠭᠠᠭᠠᠴᠢᠯᠠᠨ ᠬᠤᠯᠪᠤᠭᠠᠯᠠᠭᠰᠠᠨ ᠭᠤᠤᠯᠳᠠᠯᠭᠠᠳᠤ ᠲᠦᠷᠦᠯ ᠵᠦᠢᠯ᠂ | ᠭᠤᠤᠯᠳᠠᠯᠭᠠᠳᠤ ᠠᠵᠤ ᠠᠬᠤᠶᠢᠯᠠᠯ ᠤᠨ ᠲᠦᠷᠢᠮ ᠲᠤᠭᠳᠠᠭᠠᠯ ᠢ ᠭᠦᠨᠵᠡᠭᠡᠶᠢᠷᠡᠭᠦᠯᠵᠤ᠂ ᠬᠡᠷ᠎ᠡ ᠲᠤᠭᠳᠠᠬᠤ ᠲᠦᠷᠦᠯ | ᠵᠦᠢᠯ ᠢ ᠡᠷᠳᠡ ᠶᠠᠪᠤᠭᠳᠠᠭᠤᠯᠤᠨ᠂ ᠶᠠᠪᠤᠭᠳᠠᠭᠤᠯᠬᠤ ᠬᠡᠵᠤ ᠪᠠᠶᠢᠭ᠎ᠠ ᠲᠦᠷᠦᠯ ᠵᠦᠢᠯ ᠤᠨ ᠠᠵᠢᠯ ᠢᠶᠠᠨ ᠡᠷᠳᠡ | ᠡᠬᠢᠯᠡᠭᠦᠯᠵᠤ᠂ ᠠᠵᠢᠯ ᠡᠬᠢᠯᠡᠭᠦᠯᠦᠭᠰᠡᠨ ᠲᠦᠷᠦᠯ ᠵᠦᠢᠯ ᠢᠶᠠᠨ ᠡᠷᠳᠡ ᠠᠰᠢᠭᠯᠠᠯᠳᠠ ᠳᠤ ᠤᠷᠤᠭᠤᠯᠬᠤ ᠶᠢ ᠪᠠᠳᠤᠯᠠᠨ᠎ᠠ | ᠃ ᠤᠯᠠᠨ ᠠᠷᠭ᠎ᠠ ᠪᠠᠷ ᠬᠠᠮᠳᠤ ᠳᠤᠨᠢ ᠶᠠᠪᠤᠭᠳᠠᠭᠤᠯᠵᠤ᠂ ᠲᠤᠮᠳᠠ ᠪᠠᠭ᠎ᠠ ᠬᠡᠯᠪᠡᠷᠢ ᠶᠢᠨ ᠠᠵᠤ ᠠᠬᠤᠶᠢᠯᠠᠯ ᠤᠨ | ᠶᠡᠷᠦᠩᠭᠡᠶᠢᠯᠡᠭᠰᠡᠨ ᠬᠦᠷᠦᠩᠭᠡ ᠬᠤᠷᠠᠮᠳᠤᠭᠤᠯᠬᠤ ᠦᠷᠳᠡᠭ ᠢ ᠲᠤᠷᠤᠭᠰᠢᠯᠠᠭᠤᠯᠤᠨ᠂ ᠨᠡᠶᠢᠳᠡ ᠶᠢᠨ ᠪᠤᠰᠤ ᠠᠵᠤ | ᠠᠬᠤᠶᠢᠯᠠᠯ ᠤᠨ ᠨᠠᠮ ᠤᠨ ᠵᠤᠬᠢᠶᠠᠨ ᠪᠠᠶᠢᠭᠤᠯᠤᠯᠳᠠ ᠶᠢ ᠲᠠᠶᠢᠴᠢᠯᠠᠨ ᠬᠦᠳᠦᠯᠦᠭᠴᠢ ᠦᠢᠯᠡᠳᠦᠯ ᠢ ᠨᠢ ᠪᠠᠳᠠᠷᠠᠭᠤᠯᠵᠤ | ᠂ ᠠᠵᠤ ᠦᠢᠯᠡᠳᠪᠦᠷᠢ ᠶᠢᠨ ᠬᠦᠷᠢᠶᠡᠯᠡᠩ᠂ ᠲᠤᠮᠳᠠ ᠪᠠᠭ᠎ᠠ ᠬᠡᠯᠪᠡᠷᠢ ᠶᠢᠨ ᠠᠵᠤ ᠠᠬᠤᠶᠢᠯᠠᠯ ᠤᠨ ᠬᠦᠭᠵᠢᠯᠳᠡ ᠶᠢᠨ | ᠬᠡᠷᠡᠭᠵᠢᠭᠦᠯᠦᠯᠳᠡ ᠶᠢᠨ ᠲᠦᠰᠦᠪ ᠢ ᠨᠠᠶᠢᠷᠠᠭᠤᠯᠤᠨ ᠭᠠᠷᠭᠠᠵᠤ᠂ ᠤᠯᠤᠰ ᠲᠦᠷᠦ ᠶᠢᠨ ᠲᠡᠮᠵᠢᠯᠭᠡ᠂ ᠭᠠᠶᠢᠯᠢ ᠵᠠᠷᠤᠳᠠᠯ | ᠢ ᠬᠦᠩᠭᠡᠷᠡᠭᠦᠯᠦᠨ ᠬᠡᠯᠳᠦᠷᠢᠭᠦᠯᠬᠦ᠂ ᠦᠢᠯᠡᠴᠢᠯᠡᠭᠡᠨ ᠤ ᠲᠡᠭᠡᠭᠰᠢᠯᠡᠭᠦᠯᠦᠯᠳᠡ ᠵᠡᠷᠭᠡ ᠲᠠᠯ᠎ᠠ ᠪᠠᠷ ᠠᠷᠠᠳ ᠤᠨ | ᠡᠵᠡᠩᠨᠡᠭᠰᠡᠨ ᠠᠵᠤ ᠠᠬᠤᠶᠢᠯᠠᠯ ᠤᠨ ᠬᠦᠭᠵᠢᠯᠳᠡ ᠳᠤ ᠤᠬᠢ ᠰᠠᠶᠢᠨ ᠤᠷᠴᠢᠨ ᠲᠤᠭᠤᠷᠢᠨ ᠢ ᠪᠤᠢ ᠪᠤᠯᠭᠠᠵᠤ᠂ ︽ | ᠨᠠᠶᠢᠷ ᠲᠠᠯ᠎ᠠ︾᠂ ︽ᠴᠡᠪᠡᠷ ᠴᠢᠬᠡᠴᠢ︾ ᠤᠯᠠᠨ ᠲᠦᠷᠦᠯ ᠤᠨ ᠬᠤᠳᠠᠯᠳᠤᠭᠠᠨ ᠤ ᠬᠠᠷᠢᠴᠠᠭ᠎ᠠ ᠶᠢ ᠪᠠᠶᠢᠭᠤᠯᠤᠨ᠂ | ᠠᠷᠠᠳ ᠤᠨ ᠡᠵᠡᠩᠨᠡᠭᠰᠡᠨ ᠠᠵᠤ ᠠᠬᠤᠢ ᠶᠢᠨ ᠴᠢᠨᠠᠷ ᠰᠠᠶᠢᠳᠠᠢ ᠬᠦᠭᠵᠢᠯᠳᠡ ᠶᠢ ᠪᠤᠳᠠᠳᠠᠢ ᠪᠠᠷ ᠠᠬᠢᠭᠤᠯᠤᠨ᠎ᠠ᠃ | ︵ᠭᠤᠷᠪᠠ︶ ᠮᠠᠯᠵᠢᠬᠤ ᠲᠠᠷᠢᠶᠠᠯᠠᠬᠤ ᠤᠷᠤᠨ ᠤ ᠤᠳᠤᠬᠢᠴᠢᠯᠠᠯᠳᠠ ᠳᠤ ᠲᠦᠪᠯᠡᠷᠡᠭᠦᠯᠦᠨ᠂ ᠬᠦᠳᠡᠭᠡ ᠲᠤᠰᠬᠤᠨ ᠢ | ᠬᠦᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠶᠡᠭᠡ ᠬᠦᠴᠦᠨ ᠢᠶᠠᠷ ᠬᠡᠷᠡᠭᠵᠢᠭᠦᠯᠦᠨ᠎ᠡ᠃ | ᠮᠠᠯᠵᠢᠬᠤ ᠲᠠᠷᠢᠶᠠᠯᠠᠬᠤ ᠤᠷᠤᠨ ᠤ ᠤᠨᠴᠠᠯᠢᠭᠳᠤ ᠠᠵᠤ ᠦᠢᠯᠡᠰ ᠢ ᠲᠤᠪᠤᠶᠢᠮ᠎ᠠ ᠬᠦᠭᠵᠢᠭᠦᠯᠦᠨ᠎ᠡ᠃ ︽ᠲᠠᠷᠢᠬᠤ | ᠪᠠᠷ ᠲᠡᠵᠢᠭᠡᠬᠦ ᠶᠢ ᠠᠬᠢᠭᠤᠯᠤᠨ᠂ ᠲᠠᠷᠢᠵᠤ ᠲᠡᠵᠢᠬᠡᠬᠦ ᠶᠢ ᠤᠶᠠᠯᠳᠤᠭᠤᠯᠤᠨ᠂ ᠲᠡᠵᠢᠭᠡᠬᠦ ᠪᠠᠷ ᠲᠤᠬᠢᠷᠠᠭᠤᠯᠬᠤ ᠶᠢ | ᠠᠬᠢᠭᠤᠯᠬᠤ︾ ᠮᠠᠯᠵᠢᠯ ᠲᠠᠷᠢᠶᠠᠯᠠᠩ ᠤᠨ ᠠᠵᠤ ᠦᠢᠯᠡᠰ ᠤᠨ ᠪᠦᠳᠦᠴᠡ ᠶᠢᠨ ᠲᠤᠬᠢᠷᠠᠭᠤᠯᠤᠯᠳᠠ ᠶᠢᠨ ᠰᠡᠳᠬᠢᠮᠵᠢ | ᠶᠢ ᠪᠠᠷᠢᠮᠳᠠᠯᠠᠵᠤ᠂ ᠶᠠᠳᠠᠭᠤ ᠠᠴᠠ ᠠᠩᠭᠢᠵᠢᠷᠠᠭᠤᠯᠤᠨ ᠪᠤᠭᠤᠮᠳᠠ ᠰᠢᠪᠳᠤᠯᠬᠤ ᠪᠠ ᠬᠦᠳᠡᠭᠡ ᠲᠤᠰᠬᠤᠨ ᠢ | ᠬᠦᠭᠵᠢᠭᠦᠯᠦᠨ ᠮᠠᠨᠳᠤᠭᠤᠯᠬᠤ ᠶᠢ ᠬᠢᠨᠠᠮᠠᠭᠠᠢ ᠤᠶᠠᠯᠳᠤᠭᠤᠯᠤᠨ ᠵᠠᠯᠭᠠᠯᠳᠤᠭᠤᠯᠵᠤ᠂ ᠲᠦᠮᠦᠰᠦ᠂ ᠢᠳᠡᠰᠢᠨ ᠬᠤᠨᠢ᠂ | ᠢᠳᠡᠰᠢᠨ ᠦᠭᠡᠷ᠂ ᠭᠠᠭ᠋ᠠᠢ ᠶᠢᠨ ᠠᠵᠤ ᠦᠢᠯᠡᠰ ᠢ ᠶᠡᠭᠡ ᠬᠦᠴᠦᠨ ᠢᠶᠠᠷ ᠬᠦᠭᠵᠢᠭᠦᠯᠦᠨ᠂ ᠬᠦᠳᠦᠴᠢ ᠠᠵᠤ | ᠠᠬᠤᠶᠢᠯᠠᠯ ᠢ ᠲᠡᠳᠬᠦᠨ ᠬᠦᠴᠦᠷᠭᠡᠭᠵᠢᠭᠦᠯᠵᠤ᠂ ᠠᠵᠤ ᠦᠢᠯᠡᠰ ᠤᠨ ᠬᠡᠯᠬᠢᠶ᠎ᠡ ᠶᠢ ᠲᠡᠭᠦᠯᠳᠡᠷᠵᠢᠭᠦᠯᠦᠨ᠂ ᠮᠠᠯᠵᠢᠯ | ᠲᠠᠷᠢᠶᠠᠯᠠᠩ ᠤᠨ ᠠᠵᠤ ᠦᠢᠯᠡᠰ ᠤᠨ ᠴᠢᠨᠠᠷ ᠰᠠᠶᠢᠳᠠᠢ ᠬᠦᠭᠵᠢᠯᠳᠡ ᠶᠢ ᠠᠬᠢᠭᠤᠯᠤᠨ᠎ᠠ᠃ ᠲᠠᠷᠢᠶᠠᠯᠠᠩ ᠦᠢᠯᠡᠰ ᠤᠨ | ᠲᠠᠯ᠎ᠠ ᠪᠠᠷ᠂ ᠯᠢ ᠺᠧ ᠴᠢᠶᠠᠩ ᠶᠡᠷᠦᠩᠭᠡᠢ ᠰᠠᠶᠢᠳ ᠤᠨ ᠪᠠᠶᠢᠴᠠᠭᠠᠨ ᠰᠤᠳᠤᠯᠤᠯᠳᠠ ᠶᠢᠨ ᠵᠢᠭᠠᠪᠤᠷᠢ ᠶᠢᠨ ᠵᠤᠷᠢᠭ | ᠰᠠᠨᠠᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠵᠤ᠂ ᠰᠢᠯᠢᠳᠡᠭ ᠡᠭᠦᠯᠳᠡᠷ ᠪᠤᠯᠤᠨ ᠨᠠᠷᠢᠯᠢᠭ ᠪᠤᠯᠪᠠᠰᠤᠷᠠᠭᠤᠯᠤᠯᠳᠠ ᠬᠡᠬᠦ | ᠬᠤᠶᠠᠷ ᠭᠤᠤᠯᠯᠠᠭᠴᠢ ᠶᠢᠨ ᠲᠤᠭᠤᠷᠢᠨ ᠳᠤ᠂ ᠲᠦᠮᠦᠰᠦᠨ ᠤ ᠠᠵᠤ ᠦᠢᠯᠡᠰ ᠢ ᠦᠷᠭᠦᠯᠵᠢᠯᠡᠨ | ᠬᠦᠴᠦᠷᠭᠡᠭᠵᠢᠭᠦᠯᠦᠨ᠎ᠡ᠃ ᠤᠷᠤᠨ ᠤ ᠴᠢᠨᠠᠷᠳᠠᠢ ᠲᠦᠮᠦᠰᠦᠨ ᠤ ᠰᠢᠯᠢᠳᠡᠭ ᠡᠭᠦᠯᠳᠡᠷ ᠢ ᠪᠤᠶᠢᠵᠢᠭᠤᠯᠬᠤ ᠰᠠᠭᠤᠷᠢᠨ | ᠭᠠᠵᠠᠷ ᠤᠨ ᠲᠦᠷᠦᠯ ᠵᠦᠢᠯ ᠢ ᠬᠡᠷᠡᠭᠵᠢᠭᠦᠯᠵᠤ᠂ ᠵᠢᠯ ᠤᠨ ᠲᠤᠳᠤᠷ᠎ᠠ 150 ᠮᠦ ᠶᠢᠨ ᠬᠦᠯᠡᠮᠵᠢ ︵ᠲᠤᠤᠷ︶᠂ 40 | ᠮᠦ ᠶᠢᠨ ᠠᠭᠠᠷ ᠢ ᠲᠤᠬᠢᠷᠠᠭᠤᠯᠬᠤ ᠬᠦᠯᠡᠮᠵᠢ ᠶᠢ ᠰᠢᠨ᠎ᠡ ᠪᠠᠷ ᠪᠠᠶᠢᠭᠤᠯᠵᠤ᠂ 3 ᠲᠦᠮᠡᠨ ᠮᠦ ᠶᠢᠨ ᠡᠭᠦᠯᠳᠡᠷ ᠢ | ᠪᠤᠶᠢᠵᠢᠭᠤᠯᠬᠤ ᠰᠠᠭᠤᠷᠢᠨ ᠭᠠᠵᠠᠷ ᠢ ᠦᠬᠡᠷᠡᠴᠢᠯᠡᠨ ᠲᠡᠭᠡᠭᠰᠢᠯᠡᠭᠦᠯᠵᠤ᠂ 0.4 ᠲᠦᠮᠡᠨ ᠮᠦ ᠶᠢᠨ ᠤᠶᠤᠨᠴᠢ ᠪᠠᠷ | ᠤᠰᠤ ᠪᠤᠷᠳᠤᠭ᠎ᠠ ᠶᠢ ᠨᠢᠭᠡ ᠴᠤᠭᠴᠠᠵᠢᠭᠤᠯᠤᠭᠰᠠᠨ ᠰᠢᠰᠲ᠋ᠧᠮ ᠢ ᠪᠠᠶᠢᠭᠤᠯᠤᠨ᠂ 2—3 ᠰᠢᠨ᠎ᠡ ᠲᠦᠷᠦᠯ ᠢ | ᠲᠠᠩᠰᠠᠯᠠᠵᠤ᠂ ᠲᠦᠮᠦᠰᠦᠨ ᠤ ᠠᠵᠤ ᠦᠢᠯᠡᠰ ᠢ ᠰᠢᠨ᠎ᠡ ᠲᠡᠭᠳᠡᠷ ᠲᠤ ᠭᠠᠷᠭᠠᠬᠤ ᠶᠢ ᠠᠬᠢᠭᠤᠯᠤᠨ᠎ᠠ᠃ ᠢ ᠮᠢᠩ | ᠲᠠᠷᠢᠶᠠᠯᠠᠩ ᠤᠨ ᠦᠢᠯᠡᠰ ᠤᠨ ᠲᠦᠮᠦᠰᠦᠨ ᠤ ᠨᠠᠷᠢᠯᠢᠭ ᠴᠠᠷᠳᠠᠭᠤᠯ ᠢ ᠪᠤᠯᠪᠠᠰᠤᠷᠠᠭᠤᠯᠬᠤ ᠪᠠ ᠴᠡᠪᠡᠷ ᠨᠤᠭᠤᠭ᠎ᠠ᠂ | ᠠᠮᠤ ᠪᠤᠳᠠᠭ᠎ᠠ ᠶᠢ ᠪᠤᠯᠪᠠᠰᠤᠷᠠᠭᠤᠯᠬᠤ ᠲᠦᠷᠦᠯ ᠵᠦᠢᠯ ᠢ ᠲᠦᠷᠭᠡᠳᠬᠡᠨ ᠬᠡᠷᠡᠭᠵᠢᠭᠦᠯᠵᠤ᠂ ᠵᠢᠯ ᠤᠨ ᠲᠤᠳᠤᠷ᠎ᠠ | ᠠᠰᠢᠭᠯᠠᠯᠳᠠ ᠳᠤ ᠤᠷᠤᠭᠤᠯᠬᠤ ᠪᠠᠷ ᠴᠢᠷᠮᠠᠶᠢᠨ᠎ᠠ᠃ 1996.9 ᠲᠦᠮᠡᠨ ᠲᠦᠭᠦᠷᠢᠭ ᠤᠨ ᠲᠦᠷᠦᠯ ᠵᠦᠢᠯ ᠤᠨ | ᠪᠡᠯᠡ ᠮᠦᠩᠭᠦ ᠪᠠᠷ 1.6 ᠲᠦᠮᠡᠨ ᠮᠦ ᠶᠢᠨ ᠦᠨᠳᠦᠷ ᠪᠠᠷᠢᠮᠵᠢᠶᠠᠳᠤ ᠲᠠᠷᠢᠶᠠᠯᠠᠩ ᠤᠨ ᠪᠠᠶᠢᠭᠤᠯᠤᠯᠳᠠ ᠶᠢ | ᠬᠡᠷᠡᠭᠵᠢᠭᠦᠯᠬᠦ ᠪᠠᠷ ᠴᠢᠷᠮᠠᠶᠢᠨ᠎ᠠ᠃ ᠳ᠋ᠦᠩ ᠪᠠ ᠬᠤᠣ ᠰᠢᠶᠠᠩ ᠤᠨ ᠲᠦᠮᠦᠰᠦᠨ ᠤ ᠬᠦᠴᠦᠷᠭᠡᠭ ᠪᠠᠯᠭᠠᠰᠤ ᠢ | ᠪᠠᠶᠢᠭᠤᠯᠵᠤ᠂ ᠦᠨᠳᠦᠷ ᠪᠠᠷᠢᠮᠵᠢᠶᠠᠳᠤ ᠲᠦᠮᠦᠰᠦ ᠶᠢ ᠲᠠᠷᠢᠨ ᠪᠤᠶᠢᠵᠢᠭᠤᠯᠬᠤ ᠰᠠᠭᠤᠷᠢᠨ ᠭᠠᠵᠠᠷ᠂ ᠦᠨᠳᠦᠷ | ᠪᠠᠷᠢᠮᠵᠢᠶᠠᠳᠤ ᠲᠠᠷᠢᠶᠠᠯᠠᠩ᠂ 4300 ᠮᠦ ᠶᠢᠨ ᠤᠰᠤ ᠠᠷᠪᠢᠯᠠᠬᠤ ᠦᠭᠡᠷᠡᠴᠢᠯᠡᠯᠳᠡ ᠶᠢ ᠭᠦᠢᠴᠡᠳᠬᠡᠨ᠎ᠡ᠃ ︽ᠠᠵᠤ | ᠠᠬᠤᠶᠢᠯᠠᠯ + ᠰᠠᠭᠤᠷᠢᠨ ᠭᠠᠵᠠᠷ + ᠲᠠᠷᠢᠶᠠᠴᠢᠨ ᠡᠷᠦᠭᠡ︾ ᠶᠢᠨ ᠬᠡᠯᠪᠡᠷᠢ ᠶᠢ ᠠᠪᠴᠦ᠂ ᠵᠢᠩ ᠰᠢᠨ ᠺᠤᠮᠫᠠᠨᠢ ᠶᠢᠨ | ᠦᠢᠯᠡᠳᠪᠦᠷᠢᠯᠡᠯ ᠤᠨ ᠬᠡᠪᠴᠢᠶ᠎ᠡ ᠶᠢ ᠦᠷᠭᠡᠵᠢᠭᠦᠯᠦᠨ᠂ ᠨᠠᠷᠠᠨ ᠬᠤᠸᠠᠷ ᠤᠨ ᠪᠦᠬᠦ ᠠᠵᠤ ᠦᠢᠯᠡᠳᠪᠦᠷᠢ ᠶᠢᠨ | ᠬᠡᠯᠬᠢᠶ᠎ᠡ ᠶᠢ ᠪᠦᠷᠢᠯᠳᠦᠬᠦᠯᠦᠨ᠎ᠠ᠃ ᠮᠠᠯᠵᠢᠯ ᠠᠵᠤ ᠦᠢᠯᠡᠰ ᠤᠨ ᠲᠠᠯ᠎ᠠ ᠪᠠᠷ᠄ ᠵᠢᠱᠢᠶ᠎ᠡ ᠦᠵᠡᠭᠦᠯᠬᠦ ᠬᠦᠳᠦᠴᠢ | ᠦᠢᠯᠡᠳᠦᠯ ᠢ ᠦᠷᠭᠦᠯᠵᠢᠯᠡᠨ ᠶᠡᠬᠡᠰᠬᠡᠵᠤ᠂ ᠡᠭᠦᠯᠳᠡᠷ ᠢ ᠤᠶᠢᠵᠢᠭᠤᠯᠬᠤ᠂ ᠦᠭᠡᠷᠡᠴᠢᠯᠡᠨ ᠰᠢᠯᠢᠳᠡᠭᠵᠢᠭᠦᠯᠬᠦ᠂ | ᠪᠤᠷᠳᠤᠭᠠᠯᠠᠬᠤ ᠠᠴᠠ ᠪᠤᠯᠪᠠᠰᠤᠷᠠᠭᠤᠯᠬᠤ ᠶᠢ ᠨᠢᠭᠡ ᠴᠤᠭᠴᠠᠵᠢᠭᠤᠯᠤᠭᠰᠠᠨ ᠪᠦᠬᠦ ᠠᠵᠤ ᠦᠢᠯᠡᠰ ᠤᠨ ᠬᠡᠯᠬᠢᠶ᠎ᠡ ᠶᠢ | ᠲᠡᠭᠦᠯᠳᠡᠷᠵᠢᠭᠦᠯᠦᠨ᠎ᠡ᠃ ᠳ᠋ᠦ᠋ ᠮᠧᠩ ᠡᠯ ᠶᠤᠸᠠᠨ᠂ ᠳ᠋ᠦ᠋ ᠮᠧᠩ ᠰᠠᠨ ᠶᠤᠸᠠᠨ ᠢᠳᠡᠰᠢᠨ ᠬᠤᠨᠢᠨ ᠤ ᠠᠵᠤ ᠦᠢᠯᠡᠰ ᠢ | ᠶᠡᠭᠡ ᠬᠦᠴᠦᠨ ᠢᠶᠠᠷ ᠲᠡᠯᠭᠡᠷᠡᠭᠦᠯᠦᠨ᠂ ᠵᠢᠯ ᠤᠨ ᠲᠤᠳᠤᠷ᠎ᠠ 30 ᠲᠦᠮᠡᠨ ᠬᠤᠨᠢ ᠶᠢ ᠡᠬᠦᠯᠳᠡᠷ ᠰᠠᠶᠢᠵᠢᠷᠠᠭᠤᠯᠤᠨ᠂ | ᠭᠤᠤᠯᠳᠠᠭᠤ ᠤᠨᠳᠤᠤ ᠭᠠᠵᠠᠷ ᠲᠤ ᠨᠡᠭᠦᠯᠭᠡᠨ ᠰᠢᠯᠵᠢᠭᠦᠯᠦᠭᠰᠡᠨ ᠰᠢᠨ᠎ᠡ ᠲᠤᠰᠬᠤᠨ ᠤ ᠪᠦᠬᠦᠨ ᠳᠤᠨᠢ ᠢᠳᠡᠰᠢᠨ | ᠬᠤᠨᠢᠨ ᠤ ᠠᠵᠤ ᠦᠢᠯᠡᠰ ᠢ ᠠᠬᠢᠭᠤᠯᠵᠤ᠂ ᠬᠡᠪᠴᠢᠶᠡᠵᠢᠭᠰᠡᠨ᠂ ᠪᠠᠷᠢᠮᠵᠢᠶᠠᠵᠢᠭᠰᠠᠨ ᠲᠡᠵᠢᠭᠡᠨ ᠦᠷᠡᠵᠢᠭᠦᠯᠬᠦ | ᠰᠢᠰᠲ᠋ᠧᠮ ᠢ ᠪᠠᠶᠢᠭᠤᠯᠤᠨ᠎ᠠ᠃ ᠪᠠᠶᠢᠭᠤᠯᠤᠯᠳᠠ ᠶᠢᠨ ᠡᠬᠢᠨ ᠤ ᠵᠢᠯ ᠳᠤ᠂ 1 ᠪᠤᠷᠳᠤᠭᠠᠨ ᠲᠠᠯᠠᠪᠤᠷ ᠠᠴᠠ 5 ᠲᠦᠮᠡᠨ | ᠢᠳᠡᠰᠢᠨ ᠬᠤᠨᠢ ᠭᠠᠷᠭᠠᠵᠤ᠂ ᠢᠳᠡᠰᠢᠨ ᠬᠤᠨᠢ ᠶᠢ ᠪᠤᠷᠳᠤᠭᠤᠯᠬᠤ ᠠᠵᠤ ᠦᠢᠯᠡᠰ ᠤᠨ ᠲᠤᠳᠠᠭᠳᠠᠯ ᠢ ᠨᠦᠬᠦᠨ᠎ᠡ᠃ | ᠶᠡᠭᠡ ᠭᠤᠪᠢ᠂ ᠵᠦᠩ ᠹᠧᠩ ᠺᠤᠮᠫᠠᠨᠢ ᠶᠢᠨ ᠢᠳᠡᠰᠢᠨ ᠦᠬᠡᠷ ᠢ ᠲᠡᠵᠢᠭᠡᠨ ᠦᠷᠡᠵᠢᠭᠦᠯᠬᠦ ᠬᠡᠪᠴᠢᠶ᠎ᠡ ᠶᠢ | ᠦᠷᠭᠦᠯᠵᠢᠯᠡᠨ ᠦᠷᠭᠡᠳᠬᠡᠵᠤ᠂ ᠵᠢᠯ ᠤᠨ ᠲᠤᠳᠤᠷ᠎ᠠ 2 ᠲᠦᠮᠡᠨ ᠦᠬᠡᠷ ᠢ ᠭᠠᠷᠭᠠᠨ᠎ᠠ᠃ ᠡᠬᠢᠨ ᠤ ᠵᠢᠯ ᠳᠤ 100 | ᠲᠦᠮᠡᠨ ᠲᠤᠯᠤᠭᠠᠢ ᠨᠢᠳᠤᠯᠤᠨ ᠪᠤᠯᠪᠠᠰᠤᠷᠠᠭᠤᠯᠬᠤ ᠢᠳᠡᠰᠢᠨ ᠬᠤᠨᠢ᠂ 2 ᠲᠦᠮᠡᠨ ᠲᠤᠯᠤᠭᠠᠢ ᠢᠳᠡᠰᠢᠨ ᠦᠭᠡᠷ ᠢ | ᠨᠢᠳᠤᠯᠦᠨ ᠪᠤᠯᠪᠠᠰᠤᠷᠠᠭᠤᠯᠬᠤ ᠦᠢᠯᠡᠳᠪᠦᠷᠢ 1 ᠶᠢ ᠪᠠᠶᠢᠭᠤᠯᠤᠨ᠎ᠠ᠃ ᠱᠠᠨ ᠰᠢ ᠳ᠋ᠠ ᠰᠢᠶᠠᠩ ᠪᠦᠯᠦᠭᠯᠡᠯ ᠤᠨ 7 | ᠲᠦᠮᠡᠨ ᠲᠤᠯᠤᠭᠠᠢ 9 ᠲᠦᠷᠦᠯ ᠤᠨ ᠡᠭᠦᠯᠳᠡᠷ ᠤᠨ ᠭᠠᠭ᠋ᠠᠢ ᠶᠢ ᠲᠡᠵᠢᠭᠡᠬᠦ ᠰᠠᠭᠤᠷᠢᠨ ᠭᠠᠵᠠᠷ ᠤᠨ ᠪᠠᠶᠢᠭᠤᠯᠤᠯᠳᠠ | ᠶᠢᠨ ᠠᠬᠢᠴᠠ ᠶᠢ ᠲᠦᠷᠭᠡᠳᠬᠡᠨ᠂ ᠵᠢᠯ ᠤᠨ ᠭᠠᠷᠤᠯᠳᠠ ᠨᠢ 25 ᠲᠦᠮᠡᠨ ᠲᠤᠨ ᠤ ᠬᠤᠯᠢᠮᠠᠭ ᠪᠤᠷᠳᠤᠭ᠎ᠠ | ᠦᠢᠯᠡᠳᠪᠦᠷᠢᠯᠡᠬᠦ ᠦᠢᠯᠡᠳᠪᠦᠷᠢ᠂ ᠵᠢᠯ ᠤᠨ 50 ᠲᠦᠮᠡᠨ ᠭᠠᠭ᠋ᠠᠢ ᠶᠢ ᠨᠢᠳᠤᠯᠬᠤ ᠦᠢᠯᠡᠳᠪᠦᠷᠢ ᠪᠤᠯᠤᠨ ᠡᠪᠡᠳᠴᠢᠨ | ᠢᠶᠠᠷ ᠦᠬᠦᠭᠰᠡᠨ ᠮᠠᠯ ᠵᠢᠭᠦᠷᠳᠡᠨ ᠢ ᠪᠤᠬᠢᠷᠳᠤᠯ ᠦᠭᠡᠢ ᠪᠠᠷ ᠰᠢᠢᠳᠪᠦᠷᠢᠯᠡᠬᠦ ᠲᠦᠷᠦᠯ ᠵᠦᠢᠯ ᠢ ᠠᠵᠢᠯ ᠡᠬᠢᠯᠡᠭᠦᠯᠦᠨ | ᠪᠠᠶᠢᠭᠤᠯᠵᠤ᠂ ᠭᠠᠭ᠋ᠠᠢ ᠶᠢ ᠲᠡᠵᠢᠭᠡᠨ ᠦᠷᠡᠵᠢᠭᠦᠯᠬᠦ ᠪᠦᠬᠦ ᠠᠵᠤ ᠦᠢᠯᠡᠰ ᠤᠨ ᠬᠡᠯᠬᠢᠶ᠎ᠡ ᠶᠢ ᠪᠡᠶᠡᠯᠡᠭᠦᠯᠦᠨ᠎ᠡ᠃ | ᠳᠠᠪᠠᠭᠤᠯᠢᠭ ᠠᠵᠤ ᠤᠶᠢᠯᠡᠰ ᠤᠨ ᠲᠣᠭᠤᠷᠢᠨ ᠳᠤ ᠰᠢᠨᠵᠢᠯᠡᠬᠦ ᠤᠬᠠᠭᠠᠨᠴᠢ ᠮᠡᠷᠭᠡᠵᠢᠯ ᠤᠨ ᠬᠥᠲᠥᠯᠥᠨ | ᠳᠠᠭᠠᠭᠤᠯᠬᠤ ᠤᠶᠢᠯᠡᠳᠦᠯ ᠢ ᠴᠢᠩᠭᠠᠳᠬᠠᠨ᠎ᠠ᠃ ᠲᠤᠯᠤᠭᠠᠶᠢᠯᠠᠭᠴᠢ ᠠᠵᠤ ᠠᠬᠤᠶᠢᠯᠠᠯ᠂ ᠲᠤᠰᠬᠠᠶ ᠬᠤᠷᠰᠢᠶ᠎ᠠ᠂ ᠭᠡᠷ | ᠪᠦᠯᠢ ᠶᠢᠨ ᠲᠠᠷᠢᠶᠠᠯᠠᠩ ᠮᠠᠯᠵᠢᠯ ᠤᠨ ᠲᠡᠯᠡᠪᠡᠢ ᠵᠡᠷᠭᠡ ᠰᠢᠨ᠎ᠡ ᠮᠠᠶ᠋ᠢᠭ ᠤᠨ ᠡᠵᠡᠩᠨᠡᠯᠲᠡ ᠶᠢᠨ ᠭᠤᠤᠯ ᠴᠣᠭᠴᠠ ᠶᠢ | ᠢᠳᠡᠪᠬᠢᠲᠡᠶ ᠪᠠᠷ ᠲᠡᠳᠬᠦᠨ᠂ ᠣᠯᠠᠨ ᠵᠤᠶᠢᠯ ᠤᠨ ᠲᠠᠷᠢᠶᠠᠯᠠᠩ ᠠᠵᠤ ᠠᠬᠤᠶᠢᠯᠠᠯ ᠤᠨ ᠠᠰᠢᠭ ᠲᠤᠰᠠ ᠶᠢ ᠬᠤᠯᠪᠣᠬᠤ | ᠲᠣᠭᠲᠠᠴᠠ ᠶᠢ ᠰᠦᠪᠡᠭᠴᠢᠯᠡᠨ᠂ ᠲᠠᠷᠢᠶᠠᠯᠠᠩ ᠮᠠᠯ ᠠᠵᠤ ᠠᠬᠤᠶ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ | ᠠᠰᠢᠭ ᠢ ᠨᠡᠮᠡᠭᠳᠡᠭᠦᠯᠬᠦ ᠶᠢ ᠠᠬᠢᠭᠤᠯᠵᠤ᠂ ᠲᠠᠷᠢᠶᠠᠴᠢᠨ ᠮᠠᠯᠴᠢᠳ ᠤᠨ ᠣᠷᠣᠯᠭ᠎ᠠ ᠶᠢ ᠲᠣᠭᠲᠠᠭᠤᠨ ᠢᠶᠠᠷ | ᠨᠡᠮᠡᠭᠳᠡᠭᠦᠯᠦᠨ᠎ᠡ᠃ ᠦᠨᠳᠦᠰᠦᠨ ᠱᠠᠲᠤᠨ ᠤ ᠲᠠᠷᠢᠶᠠᠯᠠᠩ ᠤᠨ ᠮᠡᠷᠭᠡᠵᠢᠯ ᠢ ᠬᠦᠭᠵᠢᠭᠦᠯᠬᠦ ᠲᠣᠭᠲᠠᠴᠠ ᠶᠢ | ᠪᠠᠶᠢᠭᠤᠯᠤᠨ ᠲᠡᠭᠦᠯᠳᠡᠷᠵᠢᠭᠦᠯᠵᠦ᠂ ᠰᠢᠨᠵᠢᠯᠡᠬᠦ ᠤᠬᠠᠭᠠᠨᠴᠢ ᠮᠡᠷᠭᠡᠵᠢᠯ ᠤᠨ ᠣᠨᠴᠠ ᠲᠣᠮᠢᠯᠠᠭᠴᠢ ᠶᠢᠨ ᠤᠶᠢᠯᠡᠳᠦᠯ ᠢ | ᠬᠦᠢᠴᠡᠳ ᠪᠠᠳᠠᠷᠠᠭᠤᠯᠤᠨ᠂ ᠰᠢᠨᠵᠢᠯᠡᠬᠦ ᠤᠬᠠᠭᠠᠨᠴᠢ ᠪᠠᠷ ᠲᠠᠷᠢᠵᠤ ᠲᠡᠵᠢᠭᠡᠬᠦ ᠤᠶᠢᠯᠡᠤᠨᠪᠦᠷᠢᠯᠡᠯ ᠡᠵᠡᠩᠨᠡᠯᠲᠡ ᠶᠢᠨ | ᠬᠢᠷᠢ ᠬᠡᠮᠵᠢᠶ᠎ᠠ ᠶᠢ ᠳᠡᠭᠡᠭᠰᠢᠯᠡᠭᠦᠯᠦᠨ᠎ᠡ᠃ ᠠᠭᠠᠷ ᠨᠡᠷᠡᠮᠵᠢᠳᠦ ᠬᠥᠷᠥᠰᠥ ᠰᠢᠷᠣᠶ ᠶᠢ ᠵᠠᠰᠠᠨ ᠰᠡᠷᠭᠦᠭᠡᠬᠦ ᠮᠡᠷᠭᠡᠵᠢᠯ ᠢ | ᠢᠳᠡᠪᠬᠢᠲᠡᠶ ᠳᠡᠯᠭᠡᠷᠡᠭᠦᠯᠵᠦ᠂ ᠲᠠᠷᠢᠮᠠᠯ ᠤᠨ ᠵᠤᠶᠢᠯ ᠤᠨ ᠪᠣᠬᠢᠷᠲᠤᠯ ᠦᠭᠡᠶ ᠣᠷᠭᠠᠨᠢᠭ ᠪᠠ ᠶᠠᠰᠤ ᠴᠢᠨᠠᠷ ᠢ | ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠪᠡᠶᠡᠯᠡᠭᠦᠯᠦᠨ᠎ᠡ᠃ ᠳ᠋ᠦ᠋ ᠮᠧᠩ ᠤᠨ ᠡᠷᠯᠢᠰᠵᠢᠭᠦᠯᠦᠭᠰᠡᠨ | ᠢᠳᠡᠰᠢᠨ ᠬᠤᠨᠢᠨ ᠤ ᠠᠵᠤ ᠤᠶᠢᠯᠡᠰ ᠢ ᠶᠡᠬᠡᠪᠡᠷ ᠳᠡᠯᠭᠡᠷᠡᠭᠦᠯᠵᠦ᠂ ᠰᠢᠨᠵᠢᠯᠡᠬᠦ ᠤᠬᠠᠭᠠᠨᠴᠢ ᠮᠡᠷᠭᠡᠵᠢᠯ ᠤᠨ | ᠤᠶᠢᠯᠡᠴᠢᠯᠡᠭᠡᠨ ᠤ ᠥᠷᠲᠡᠭᠡ ᠶᠢᠨ ᠪᠠᠶᠢᠭᠤᠯᠤᠯᠲᠠ ᠶᠢᠨ ᠡᠷᠴᠢᠮ ᠢ ᠴᠢᠩᠭᠠᠳᠬᠠᠨ᠎ᠠ᠃ ᠣᠨᠴᠠᠯᠢᠭᠲᠤ ᠲᠠᠷᠢᠶᠠᠯᠠᠩ | ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠲᠠᠨᠢᠯᠴᠠᠭᠤᠯᠬᠤ ᠶᠢ ᠢᠳᠡᠪᠬᠢᠲᠡᠶ ᠪᠠᠷ ᠬᠥᠲᠥᠯᠥᠨ ᠵᠢᠯᠣᠭᠤᠳᠴᠤ᠂ | ᠲᠠᠸᠠᠷ ᠤᠨ ᠲᠡᠮᠳᠡᠭ᠂ ᠨᠡᠷᠡᠲᠦ ᠲᠥᠷᠥᠯ ᠤᠨ ᠲᠡᠮᠳᠡᠭᠲᠦ ᠶᠢᠨ ᠪᠠᠶᠢᠭᠤᠯᠤᠯᠲᠠ ᠪᠠ ᠮᠡᠳᠡᠯᠭᠡ ᠶᠢᠨ ᠪᠦᠲᠦᠭᠡᠭᠳᠡᠬᠦᠨ ᠤ | ᠥᠮᠴᠢᠯᠡᠬᠦ ᠡᠷᠬᠡ ᠶᠢ ᠬᠠᠮᠠᠭᠠᠯᠠᠬᠤ ᠠᠵᠢᠯ ᠢ ᠴᠢᠩᠭᠠᠤᠨᠬᠠᠨ᠂ ᠨᠡᠷᠡᠲᠦ ᠲᠥᠷᠥᠯ ᠤᠨ ᠲᠡᠮᠳᠡᠭᠲᠦ ᠶᠢᠨ ᠤᠶᠢᠯᠡᠳᠦᠯ ᠢ | ᠲᠠᠰᠤᠷᠠᠯᠲᠠ ᠤᠢᠭᠡᠢ ᠦᠷᠬᠡᠳᠬᠡᠨ᠎ᠡ᠃ | ︵ᠲᠦᠷᠪᠡ︶ ᠬᠤᠳᠠ ᠬᠦᠳᠡᠭᠡ ᠶᠢᠨ ᠪᠦᠳᠦᠬᠡᠨ ᠪᠠᠶᠢᠭᠤᠯᠤᠯᠳᠠ ᠶᠢ ᠨᠢᠬᠡᠳᠦᠯᠳᠠᠢ ᠵᠤᠬᠢᠴᠠᠭᠤᠯᠵᠦ᠂ ᠴᠢᠨᠠᠷ ᠰᠠᠶᠢᠳᠠᠢ | ᠬᠦᠭᠵᠢᠯᠳᠠ ᠶᠢᠨ ᠲᠤᠳᠠᠭᠤᠳᠠᠯ ᠢ ᠨᠦᠬᠦᠪᠦᠷᠢᠯᠡᠨ᠎ᠡ᠃ | ᠬᠤᠲᠠ ᠪᠠᠯᠭᠠᠰᠤᠨ ᠤ ᠶᠡᠷᠦᠩᠬᠡᠶᠢᠯᠡᠭᠰᠡᠨ ᠳᠠᠭᠠᠭᠠᠴᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠤᠯᠤᠰ ᠤᠨ | ᠨᠤᠲᠤᠭ ᠳᠡᠪᠢᠰᠬᠡᠷ ᠤᠨ ᠣᠷᠣᠨ ᠵᠠᠶ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠵᠤ᠂ ᠲᠦᠯᠦᠪᠵᠢᠭᠦᠯᠬᠡ ᠶᠢᠨ | ᠬᠥᠲᠥᠯᠥᠨ ᠳᠠᠭᠠᠭᠤᠯᠬᠤ ᠪᠠ ᠬᠢᠵᠠᠭᠠᠷᠯᠠᠬᠤ ᠤᠶᠢᠯᠡᠳᠦᠯ ᠢ ᠴᠢᠩᠭᠠᠷᠠᠭᠤᠯᠵᠤ᠂ ᠬᠤᠲᠠ ᠶᠢᠨ ᠬᠥᠭᠵᠢᠯᠲᠡ ᠶᠢᠨ | ᠵᠠᠭᠪᠤᠷ ᠪᠠ ᠵᠠᠰᠠᠬᠤ ᠠᠷᠭ᠎ᠠ ᠮᠠᠶ᠋ᠢᠭ ᠤᠨ ᠬᠡᠯᠪᠡᠷᠢ ᠪᠠᠨ ᠬᠤᠪᠢᠷᠠᠭᠤᠯᠬᠤ ᠶᠢ ᠲᠦᠯᠬᠢᠨ ᠠᠬᠢᠭᠤᠯᠵᠤ᠂ ᠡᠶ᠎ᠡ | ᠵᠤᠬᠢᠴᠠᠩᠭᠤᠢ ᠣᠷᠣᠰᠢᠨ ᠰᠠᠭᠤᠬᠤ ᠳᠤ ᠲᠣᠬᠢᠷᠠᠮᠵᠢᠲᠠᠶ᠂ ᠪᠣᠬᠢᠷᠲᠤᠯ ᠦᠭᠡᠶ ᠠᠮᠢ ᠠᠬᠤᠶ ᠶᠢᠨ ᠣᠳᠣᠬᠢᠴᠢᠯᠠᠭᠰᠠᠨ | ᠬᠤᠲᠠ ᠪᠠᠯᠭᠠᠰᠤ ᠶᠢ ᠴᠢᠷᠮᠠᠶᠢᠨ ᠪᠠᠶᠢᠭᠤᠯᠵᠤ᠂ ᠠᠷᠠᠳ ᠣᠯᠠᠨ ᠤ ᠠᠮᠢᠳᠤᠷᠠᠯ ᠢ ᠨᠡᠩ ᠰᠠᠶᠢᠨ ᠰᠠᠶᠢᠬᠠᠨ ᠪᠣᠯᠭᠠᠨ᠎ᠠ᠃ | ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢ ᠠᠬᠢᠭᠤᠯᠤᠨ᠎ᠠ᠃ ᠭᠡᠷ ᠪᠠᠶᠢᠰᠢᠩ ᠭᠠᠵᠠᠷ ᠰᠢᠷᠣᠶ ᠶᠢᠨ | ᠬᠥᠷᠥᠩᠭᠡ ᠶᠢᠨ ᠬᠡᠪᠴᠢᠶᠡᠨ ᠳᠠᠬᠢ ᠲᠡᠤᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠬᠢᠨᠠᠮᠠᠭᠠᠶ | ᠰᠢᠢᠤᠨᠪᠦᠷᠢᠯᠡᠵᠦ᠂ ᠬᠤᠲᠠ ᠪᠠᠯᠭᠠᠰᠤᠨ ᠤ ᠬᠦᠴᠢᠷᠳᠡᠯᠲᠡᠶ ᠣᠯᠠᠨ ᠲᠦᠮᠡᠨ ᠤ ᠣᠷᠣᠨ ᠰᠠᠭᠤᠴᠠ ᠶᠢᠨ | ᠪᠠᠲᠤᠯᠠᠭ᠎ᠠ ᠶᠢᠨ ᠠᠵᠢᠯ ᠢ ᠰᠠᠶᠢᠲᠤᠷ ᠬᠢᠵᠦ᠂ ᠭᠡᠷ ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢᠨ ᠵᠠᠬ᠎ᠠ | ᠳᠡᠯᠭᠡᠭᠦᠷ ᠤᠨ ᠡᠷᠡᠭᠦᠯ ᠪᠥᠭᠡᠳ ᠡᠮᠬᠢ ᠵᠢᠷᠤᠮ ᠲᠠᠢ ᠬᠥᠭᠵᠢᠬᠦ ᠶᠢ ᠠᠬᠢᠭᠤᠯᠤᠨ᠎ᠠ᠃ 3.08 ᠳ᠋ᠦᠩᠰᠢᠭᠤᠷ | ᠲᠥᠭᠦᠷᠢᠭ ᠤᠨ ᠪᠡᠯᠡ ᠣᠷᠣᠭᠤᠯᠵᠤ᠂ ᠲᠠᠢ ᠾᠧ ᠴᠡᠴᠡᠷᠯᠢᠭ ᠵᠡᠷᠭᠡ 5 ᠬᠤᠳᠠᠯᠳᠤᠭᠠᠨ ᠤ ᠰᠠᠭᠤᠭᠠᠯᠢ ᠲᠣᠭᠤᠷᠢᠭ ᠢ | ᠪᠡᠶᠡᠯᠡᠭᠦᠯᠵᠦ᠂ ᠰᠢᠨ᠎ᠡ ᠪᠠᠷ ᠨᠡᠮᠡᠭᠳᠡᠭᠰᠡᠨ ᠪᠠᠷᠢᠯᠭ᠎ᠠ ᠶᠢᠨ ᠲᠠᠯᠠᠪᠠᠶ ᠶᠢ 20.6 ᠲᠦᠮᠡᠨ ᠲᠡᠭᠰᠢ ᠲᠦᠷᠪᠡᠯᠵᠢᠨ ᠮᠧᠲᠷ | ᠲᠤ ᠬᠦᠷᠬᠡᠨ᠎ᠡ᠃ ᠬᠤᠲᠠ ᠪᠠᠯᠭᠠᠰᠤᠨ ᠤ ᠰᠠᠭᠤᠷᠢ ᠲᠦᠬᠦᠬᠡᠷᠦᠮᠵᠢ ᠶᠢᠨ ᠢᠨᠵᠧᠨᠧᠷᠢᠩ ᠢ ᠲᠦᠷᠬᠡᠳᠬᠡᠨ | ᠪᠠᠶᠢᠭᠤᠯᠤᠨ᠎ᠠ᠃ ᠤᠯᠠᠭᠠᠡᠬᠤᠸᠠ ᠪᠠᠯᠭᠠᠰᠤᠨ ᠤ ᠤᠰᠤᠨ ᠤ ᠡᠬᠢ ᠪᠠᠶᠠᠯᠢᠭ ᠤᠨ ᠠᠰᠢᠭᠯᠠᠯᠲᠠ ᠶᠢ ᠳᠡᠭᠡᠭᠰᠢᠯᠡᠭᠦᠯᠬᠦ | ᠢᠨᠵᠧᠨᠧᠷᠢᠩ᠂ ᠳ᠋ᠦᠩ ᠱᠠᠨ ᠴᠡᠴᠡᠷᠯᠢᠭ ᠲᠠᠬᠢ ᠤᠰᠤ ᠳᠠᠮᠵᠢᠭᠤᠯᠬᠤ ᠢᠨᠵᠧᠨᠧᠷᠢᠩ ᠵᠢᠴᠢ ᠪᠠᠯᠭᠠᠰᠤᠨ ᠤ | ᠳᠣᠲᠣᠷᠠᠬᠢ ᠦᠶᠡᠷ ᠵᠠᠯᠠᠬᠤ ᠢᠨᠵᠧᠨᠧᠷᠢᠩ ᠢ ᠪᠡᠶᠡᠯᠡᠭᠦᠯᠵᠦ᠂ 4 ᠵᠤᠷᠪᠤᠰ ᠬᠤᠲᠠ ᠶᠢᠨ ᠶᠠᠪᠤᠳᠠᠯ ᠤᠨ ᠵᠠᠮ ᠢ | ᠰᠢᠨ᠎ᠡ ᠪᠠᠷ ᠥᠭᠡᠷᠡᠴᠢᠯᠡᠨ ᠪᠠᠶᠢᠭᠤᠯᠵᠤ᠂ ᠬᠤᠲᠠ ᠪᠠᠯᠭᠠᠰᠤᠨ ᠤ ᠵᠠᠮ ᠤᠨ ᠪᠠᠶᠢᠷᠢᠰᠢᠯ ᠢ ᠤᠯᠠᠮ ᠨᠢᠭᠡ ᠠᠯᠬᠤᠮ | ᠲᠡᠭᠦᠯᠳᠡᠷᠵᠢᠭᠦᠯᠦᠨ᠎ᠡ᠃ ᠳᠤᠮᠳᠠᠳᠤ ᠤᠯᠤᠰ ᠤᠨ ᠲᠡᠮᠦᠷ ᠵᠠᠮ ᠤᠨ ᠬᠤᠷᠢᠳᠤᠭᠠᠷ ᠲᠣᠪᠴᠢᠶ᠎ᠠ ᠶᠢᠨ 1.4 | ᠳ᠋ᠦᠩᠰᠢᠭᠤᠷ ᠲᠥᠭᠦᠷᠢᠭ ᠤᠨ ᠬᠤᠭ ᠨᠣᠪᠰᠢ ᠶᠢ ᠵᠠᠳᠠᠷᠠᠭᠤᠯᠤᠨ ᠰᠢᠢᠤᠨᠪᠦᠷᠢᠯᠡᠬᠦ ᠲᠥᠷᠥᠯ ᠲᠦᠷᠦᠯ ᠤᠨ ᠨᠢᠭᠡᠳᠦᠭᠡᠷ | ᠬᠤᠭᠤᠴᠠᠭᠠᠨ ᠤ ᠢᠨᠵᠧᠨᠧᠷᠢᠩ ᠢ ᠡᠨᠡ ᠵᠢᠯ ᠳᠠᠭᠤᠰᠬᠠᠬᠤ ᠪᠠᠷ ᠴᠢᠷᠮᠠᠶᠢᠵᠤ᠂ ᠳᠤᠮᠳᠠᠳᠤ ᠤᠯᠤᠰ ᠤᠨ ᠰᠢᠲᠠᠮᠠᠬᠠᠶ | ᠬᠡᠢ ᠶᠢᠨ ᠺᠣᠮᠫᠠᠨᠢ ᠶᠢᠨ 1.1 ᠳ᠋ᠦᠡᠭᠰᠢᠭᠤᠷ ᠲᠥᠭᠦᠷᠢᠭ ᠤᠨ ᠰᠢᠲᠠᠮᠠᠬᠠᠶ ᠬᠡᠢ ᠶᠢ ᠡᠷᠦᠬᠡ ᠳᠤ ᠣᠷᠣᠭᠤᠯᠬᠤ ᠲᠥᠷᠥᠯ | ᠵᠤᠶᠢᠯ ᠤᠨ ᠠᠵᠢᠯ ᠢ ᠡᠬᠢᠯᠡᠭᠦᠯᠦᠨ᠎ᠡ᠃ ᠳᠥᠭᠦᠮ ᠪᠦᠳᠦᠴᠡ ᠶᠢᠨ ᠣᠷᠣᠨ ᠰᠠᠭᠤᠴᠠᠲᠤ ᠲᠣᠭᠤᠷᠢᠭ ᠢ ᠦᠷᠭᠦᠯᠵᠢᠯᠡᠨ | ᠪᠠᠶᠢᠭᠤᠯᠬᠤ ᠲᠥᠷᠥᠯ ᠵᠤᠶᠢᠯ ᠢ ᠥᠭᠡᠷᠡᠴᠢᠯᠡᠨ ᠪᠠᠶᠢᠭᠤᠯᠬᠤ ᠠᠬᠢᠴᠠ ᠶᠢ ᠲᠦᠷᠭᠡᠳᠬᠡᠨ᠂ ᠬᠠᠭᠤᠴᠢᠨ ᠰᠠᠭᠤᠭᠠᠯᠢ | ᠲᠣᠭᠤᠷᠢᠭ ᠢ ᠥᠭᠡᠷᠡᠴᠢᠯᠡᠨ ᠪᠠᠶᠢᠭᠤᠯᠬᠤ ᠢᠨᠵᠧᠨᠧᠷᠢᠩ ᠢ ᠴᠠᠭ ᠲᠤᠬᠠᠢ ᠳᠤᠨᠢ ᠲᠣᠬᠢᠷᠠᠭᠤᠯᠤᠨ ᠡᠬᠢᠯᠡᠭᠦᠯᠦᠨ᠎ᠡ᠃ | ᠬᠤᠲᠠ ᠪᠠᠯᠭᠠᠰᠤᠨ ᠤ ᠬᠠᠮᠢᠶᠠᠷᠤᠯᠳᠠ ᠶᠢᠨ ᠬᠦᠴᠦᠯᠡᠴᠡ ᠪᠠᠨ ᠶᠡᠬᠡᠰᠬᠡᠨ᠎ᠡ᠃ ᠬᠤᠲᠠ ᠶᠢᠨ ᠬᠠᠮᠢᠶᠠᠷᠤᠯᠲᠠ ᠶᠢᠨ | ᠬᠠᠤᠯᠢ ᠬᠡᠷᠡᠭᠵᠢᠭᠦᠯᠬᠦ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶ ᠠᠬᠢᠭᠤᠯᠵᠤ᠂ ᠲᠣᠭᠠᠴᠢᠯᠠᠭᠰᠠᠨ ᠬᠤᠲᠠ ᠶᠢᠨ | ᠬᠠᠮᠢᠶᠠᠷᠤᠯᠲᠠ ᠶᠢᠨ ᠲᠠᠪᠴᠠᠩ ᠤᠨ ᠪᠠᠶᠢᠭᠤᠯᠤᠯᠲᠠ ᠶᠢ ᠢᠳᠡᠪᠬᠢᠲᠠᠢ ᠠᠬᠢᠭᠤᠯᠤᠨ᠂ ᠲᠣᠭᠠᠴᠢᠯᠠᠭᠰᠠᠨ᠂ | ᠨᠠᠷᠢᠯᠢᠭᠵᠢᠭᠤᠯᠤᠭᠰᠠᠨ᠂ ᠤᠶᠤᠨᠴᠢᠯᠠᠭᠰᠠᠨ ᠬᠤᠲᠠ ᠪᠠᠯᠭᠠᠰᠤᠨ ᠤ ᠬᠠᠮᠢᠶᠠᠷᠤᠯᠲᠠ ᠶᠢ ᠪᠡᠶᠡᠯᠡᠭᠦᠯᠦᠨ᠎ᠡ᠃ ᠵᠠᠮ | ᠲᠦᠭᠵᠢᠷᠡᠬᠦ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠤᠯᠢ ᠶᠢ ᠵᠦᠷᠢᠴᠡᠭᠰᠡᠨ ᠪᠠᠷᠢᠯᠭ᠎ᠠ᠂ | ᠳᠤᠷ᠎ᠠ ᠪᠠᠷ ᠢᠶᠠᠨ ᠵᠣᠭᠰᠣᠭᠠᠵᠤ ᠳᠤᠷ᠎ᠠ ᠪᠠᠷ ᠢᠶᠠᠨ ᠲᠠᠯᠪᠢᠬᠤ᠂ ᠵᠠᠮ ᠡᠵᠡᠯᠡᠨ ᠡᠵᠡᠩᠨᠡᠬᠦ ᠵᠡᠷᠭᠡ ᠲᠤᠰᠬᠠᠶ ᠴᠡᠭᠴᠡᠯᠡᠨ | ᠵᠠᠰᠠᠯᠲᠠ ᠶᠢ ᠦᠷᠭᠦᠯᠵᠢᠯᠡᠨ ᠰᠠᠶᠢᠲᠤᠷ ᠠᠳᠬᠤᠵᠤ᠂ ᠲᠠᠷᠢᠶᠠᠯᠠᠩ ᠠᠷᠠᠯᠵᠢᠶᠠᠨ ᠤ ᠵᠠᠬ᠎ᠠ ᠳᠡᠯᠭᠡᠭᠦᠷ᠂ | ᠰᠤᠷᠭᠠᠭᠤᠯᠢ ᠶᠢᠨ ᠬᠦᠷᠢᠶᠡᠨ ᠤ ᠡᠷᠭᠢᠨ ᠲᠣᠭᠤᠷᠢᠨ ᠵᠡᠷᠭᠡ ᠪᠠᠭᠤᠷᠠᠶ ᠣᠷᠣᠨ ᠪᠦᠰᠡ ᠶᠢ ᠶᠡᠷᠦᠩᠬᠡᠶᠢᠯᠡᠨ ᠵᠠᠰᠠᠬᠤ | ᠠᠵᠢᠯ ᠢ ᠪᠦᠬᠦ ᠲᠠᠯ᠎ᠠ ᠪᠠᠷ ᠥᠷᠨᠢᠭᠦᠯᠵᠦ᠂ ᠣᠷᠣᠰᠢᠨ ᠰᠠᠭᠤᠬᠤ ᠣᠷᠴᠢᠨ ᠲᠣᠭᠤᠷᠢᠨ ᠢ ᠲᠠᠰᠤᠷᠠᠯᠲᠠ ᠥᠬᠡᠶ | ᠰᠠᠶᠢᠵᠢᠷᠠᠭᠤᠯᠤᠨ᠎ᠠ᠃ ᠠᠳᠠᠯ ᠠᠬᠤᠶ ᠶᠢᠨ ᠬᠠᠮᠢᠶᠠᠷᠤᠯᠲᠠ ᠶᠢᠨ ᠡᠮᠬᠢ ᠳᠢᠭᠯᠢᠮ ᠢ ᠵᠢᠷᠤᠮᠵᠢᠭᠤᠯᠵᠤ᠂ ᠬᠤᠲᠠ ᠶᠢᠨ | ᠲᠣᠭᠤᠷᠢᠭ ᠤᠨ 181 ᠲᠤᠭᠤᠷᠢᠭ ᠵᠢᠴᠢ ᠳᠠᠩ ᠪᠡᠶᠡᠲᠦ ᠠᠰᠠᠷ ᠲᠤ ᠠᠵᠤ ᠠᠬᠤᠶᠢᠯᠠᠯ ᠤᠨ ᠬᠠᠮᠢᠶᠠᠷᠤᠯᠲᠠ ᠬᠢᠭᠡᠳ | ᠥᠮᠴᠢᠲᠡᠨ ᠤ ᠥᠪᠡᠷᠲᠡᠭᠡᠨ ᠵᠠᠰᠠᠬᠤ ᠶᠢ ᠬᠠᠷᠢᠯᠴᠠᠨ ᠤᠶᠠᠯᠳᠤᠭᠤᠯᠤᠭᠰᠠᠨ ᠵᠠᠭᠪᠤᠷ ᠢ ᠪᠠᠶᠢᠭᠤᠯᠤᠨ ᠪᠦᠷᠢᠨᠰᠢᠭᠦᠯᠵᠦ᠂ | ᠠᠳᠠᠯ ᠠᠬᠤᠶ ᠶᠢᠨ ᠤᠶᠢᠯᠡᠴᠢᠯᠡᠭᠡ ᠶᠢ ᠪᠦᠷᠢᠨ ᠪᠥᠷᠬᠦᠭᠦᠯᠬᠦ ᠶᠢ ᠪᠡᠶᠡᠯᠡᠭᠦᠯᠦᠨ᠎ᠡ᠃ ︽ᠳᠥᠷᠪᠡᠳ ᠬᠤᠰᠢᠭᠤᠨ ᠤ | ᠤᠯᠠᠭᠠᠨᠬᠤᠸᠠ ᠪᠠᠯᠭᠠᠰᠤᠨ ᠤ ᠬᠤᠲᠠ ᠶᠢᠨ ᠨᠤᠭᠤᠭᠠᠷᠠᠭᠤᠯᠤᠯᠳᠠ ᠶᠢᠨ ᠰᠢᠰᠲ᠋ᠧᠮ ᠤᠨ ᠲᠦᠯᠦᠪᠵᠢᠭᠦᠯᠭᠡ︾ ᠶᠢ | ᠨᠠᠶᠢᠷᠠᠭᠤᠯᠤᠨ ᠵᠣᠬᠢᠶᠠᠬᠤ ᠠᠵᠢᠯ ᠢ ᠪᠦᠬᠦ ᠲᠠᠯ᠎ᠠ ᠪᠠᠷ ᠡᠬᠢᠯᠡᠭᠦᠯᠵᠦ᠂ ᠨᠣᠭᠤᠭᠠᠨ ᠬᠥᠷᠥᠰᠥ ᠶᠢ ᠬᠠᠮᠠᠭᠠᠯᠠᠬᠤ | ᠡᠷᠴᠢᠮ ᠢᠶᠠᠨ ᠦᠨᠡᠨᠬᠦ ᠴᠢᠩᠭᠠᠤᠨᠬᠠᠨ᠎ᠠ᠃ ᠵᠠᠮ ᠤᠨ ᠨᠣᠭᠤᠭᠠᠷᠠᠭᠤᠯᠤᠯᠲᠠ ᠶᠢᠨ ᠲᠦᠭᠡᠮᠡᠯᠵᠢᠭᠦᠯᠦᠯᠲᠡ ᠶᠢᠨ | ᠨᠣᠷᠮ᠎ᠠ ᠶᠢ 85% ᠠᠴᠠ ᠳᠡᠭᠡᠭᠰᠢ ᠳᠤ ᠬᠦᠷᠬᠡᠵᠦ᠂ ᠵᠢᠵᠢᠭ ᠲᠣᠭᠤᠷᠢᠭ ᠢ ᠥᠭᠡᠷᠡᠴᠢᠯᠡᠨ ᠪᠠᠶᠢᠭᠤᠯᠬᠤ | ᠨᠤᠭᠤᠭᠠᠷᠠᠭᠤᠯᠤᠯᠳᠠ ᠶᠢᠨ ᠨᠣᠷᠮ᠎ᠠ ᠶᠢ 30% ᠲᠤ ᠬᠦᠷᠬᠡᠨ᠂ ᠰᠢᠨ᠎ᠡ ᠪᠠᠷ ᠪᠠᠶᠢᠭᠤᠯᠤᠭᠰᠠᠨ ᠵᠢᠵᠢᠭ ᠲᠣᠭᠤᠷᠢᠭ ᠤᠨ | ᠨᠣᠭᠤᠭᠠᠨ ᠬᠥᠷᠥᠰᠥ ᠶᠢᠨ ᠨᠣᠷᠮ᠎ᠠ ᠶᠢ 35 % ᠳᠤ ᠬᠦᠷᠬᠡᠨ᠎ᠡ᠃ | ᠮᠠᠯᠵᠢᠬᠤ ᠲᠠᠷᠢᠶᠠᠯᠠᠬᠤ ᠣᠷᠣᠨ ᠤ ᠰᠠᠭᠤᠷᠢ ᠲᠦᠬᠦᠬᠡᠷᠦᠮᠵᠢ ᠶᠢ ᠲᠡᠭᠦᠯᠳᠡᠷᠵᠢᠭᠦᠯᠦᠨ᠎ᠡ᠃ ᠮᠠᠯᠵᠢᠬᠤ ᠲᠠᠷᠢᠶᠠᠯᠠᠬᠤ | ᠣᠷᠣᠨ ᠤ ᠣᠷᠣᠰᠢᠨ ᠠᠮᠢᠳᠤᠷᠠᠬᠤ ᠣᠷᠴᠢᠨ ᠲᠣᠭᠤᠷᠢᠨ ᠢ ᠵᠠᠰᠠᠬᠤ ︽ᠭᠤᠷᠪᠠᠨ ᠵᠢᠯ ᠤᠨ ᠠᠵᠢᠯᠯᠠᠭᠠᠨ ᠤ | ᠲᠥᠯᠥᠪᠯᠡᠭᠡ︾ ᠶᠢ ᠯᠠᠪᠳᠠᠭᠤᠨ ᠪᠠᠲᠤᠲᠠᠶ ᠠᠬᠢᠭᠤᠯᠵᠤ᠂ ᠬᠤᠭ ᠨᠣᠪᠰᠢ ᠶᠢ ᠴᠡᠪᠡᠷᠯᠡᠬᠦ᠂ ᠪᠣᠬᠢᠷ ᠤᠰᠤ | ᠰᠢᠢᠤᠨᠪᠦᠷᠢᠯᠡᠬᠦ᠂ ︽ᠵᠣᠷᠯᠣᠩ ᠤᠨ ᠬᠤᠪᠢᠰᠬᠠᠯ︾ ᠪᠠ ᠲᠣᠰᠬᠤᠨ ᠤ ᠳᠦᠷᠰᠦ ᠪᠠᠶᠢᠳᠠᠯ ᠢ ᠬᠤᠪᠢᠷᠠᠭᠤᠯᠬᠤ | ᠢᠨᠵᠧᠨᠧᠷᠢᠭ ᠢ ᠬᠡᠷᠡᠭᠵᠢᠭᠦᠯᠦᠨ᠎ᠡ᠃ 5277.4 ᠮᠦ ᠣᠨᠳᠣᠤ ᠭᠠᠵᠠᠷ ᠨᠡᠭᠦᠯᠭᠡᠵᠦ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠨᠡᠮᠡᠭᠳᠡᠯ ᠬᠠᠰᠤᠭᠳᠠᠯ ᠢ ᠬᠤᠯᠪᠣᠭᠳᠠᠭᠤᠯᠬᠤ ᠮᠤᠵᠢ ᠶᠢᠨ ᠳᠣᠲᠣᠭᠠᠳᠤ ᠶᠢᠨ | ᠠᠷᠠᠯᠵᠢᠶᠠᠨ ᠤ ᠲᠤᠷᠰᠢᠯᠲᠠ ᠶᠢᠨ ᠴᠢᠭ ᠤᠨ ᠲᠥᠷᠥᠯ ᠵᠤᠶᠢᠯ ᠢ ᠦᠷᠭᠦᠯᠵᠢᠯᠡᠨ ᠠᠬᠢᠭᠤᠯᠵᠤ᠂ 6 ᠳ᠋ᠤᠭᠠᠷ ᠰᠠᠷ᠎ᠠ ᠶᠢᠨ | ᠰᠡᠭᠦᠯᠴᠢ ᠠᠴᠠ ᠡᠮᠦᠨ᠎ᠡ ᠬᠠᠭᠤᠴᠢᠨ ᠢ ᠨᠤᠷᠠᠭᠠᠵᠤ ᠳᠠᠬᠢᠨ ᠬᠠᠭᠠᠯᠪᠤᠷᠢᠯᠠᠬᠤ ᠠᠵᠢᠯ ᠢ ᠪᠡᠶᠡᠯᠡᠭᠦᠯᠦᠨ᠎ᠡ᠃ 5245 | ᠲᠦᠮᠡᠨ ᠲᠥᠭᠦᠷᠢᠭ ᠤᠨ ᠪᠡᠯᠡ ᠣᠷᠣᠭᠤᠯᠵᠤ᠂ 251 ᠡᠷᠦᠬᠡ ᠶᠢᠨ ᠨᠤᠷᠠᠬᠤ ᠠᠶᠤᠯᠲᠠᠶ ᠭᠡᠷ ᠪᠠᠶᠢᠰᠢᠩ ᠢ ᠵᠠᠰᠠᠨ | ᠰᠠᠶᠢᠵᠢᠷᠠᠭᠤᠯᠵᠤ᠂ ᠮᠠᠯᠵᠢᠬᠤ ᠲᠠᠷᠢᠶᠠᠯᠠᠬᠤ ᠣᠷᠣᠨ ᠤ 5536 ᠡᠷᠦᠬᠡ ᠶᠢᠨ ᠵᠣᠷᠯᠣᠩ ᠢ ᠥᠭᠡᠷᠡᠴᠢᠯᠡᠬᠦ ᠪᠠᠷ | ᠲᠦᠯᠦᠪᠯᠡᠪᠡ᠃ ᠵᠠᠮ ᠬᠠᠷᠢᠯᠴᠠᠭᠠᠨ ᠤ ᠲᠣᠤᠷ ᠢ ᠦᠷᠭᠦᠯᠵᠢᠯᠡᠨ ᠰᠢᠯᠢᠳᠡᠭᠵᠢᠭᠦᠯᠦᠨ᠎ᠡ᠃ 331 ᠨᠣᠮᠧᠷᠲᠤ ᠤᠯᠤᠰ | ᠤᠨ ᠲᠠᠰ ᠤᠨ ᠵᠠᠰᠠᠮᠠᠯ ᠵᠠᠮ ᠤᠨ ︵ᠠᠶᠢᠷᠠᠭ ᠰᠦᠮ᠎ᠡ ᠠᠴᠠ ᠬᠤᠸᠠ ᠣᠪᠣᠭ᠎ᠠ ᠬᠦᠷᠬᠦ ᠬᠡᠰᠡᠭ︶ 112.5 | ᠺᠢᠯᠦᠮᠧᠲᠷ ᠤᠨ ᠬᠤᠶᠠᠳᠤᠭᠠᠷ ᠲᠠᠰ ᠤᠨ ᠵᠠᠰᠠᠮᠠᠯ ᠵᠠᠮ ᠤᠨ ᠪᠠᠷᠢᠯᠭ᠎ᠠ ᠶᠢ ᠳᠠᠭᠤᠰᠬᠠᠬᠤ ᠪᠠᠷ ᠴᠢᠷᠮᠠᠶᠢᠨ᠎ᠠ᠃ 335 | ᠤᠯᠤᠰ ᠤᠨ ᠲᠠᠰ ᠤᠨ ᠵᠠᠰᠠᠮᠠᠯ ᠵᠠᠮ ᠤᠨ 335 ᠱᠤᠭᠤᠮ ︵ᠬᠥᠬᠡᠪᠦᠷ — ᠤᠯᠠᠭᠠᠨᠬᠤᠸᠠ ᠬᠡᠰᠡᠭ︶ ᠤᠨ 36 | ᠺᠢᠯᠦᠮᠧᠲᠷ ᠤᠨ ᠨᠢᠭᠡᠳᠦᠭᠡᠷ ᠲᠠᠰ ᠤᠨ ᠵᠠᠰᠠᠮᠠᠯ ᠵᠠᠮ ᠤᠨ ᠪᠠᠷᠢᠯᠭ᠎ᠠ ᠶᠢ ᠵᠢᠯ ᠤᠨ ᠳᠣᠲᠣᠷ᠎ᠠ ᠪᠠᠷᠢᠯᠭ᠎ᠠ ᠡᠬᠢᠯᠡᠭᠦᠯᠬᠦ ᠪᠠᠷ | ᠴᠢᠷᠮᠠᠶᠢᠵᠤ᠂ ᠭᠡᠭᠡᠨᠲᠠᠯ᠎ᠠ — ᠬᠤᠩᠭᠤᠷ ᠬᠡᠰᠡᠭ ᠤᠨ 32.6 ᠺᠢᠯᠦᠮᠧᠲᠷ ᠤᠨ ᠭᠤᠷᠪᠠᠳᠤᠭᠠᠷ ᠲᠠᠰ ᠤᠨ ᠵᠠᠰᠠᠮᠠᠯ | ᠵᠠᠮ ᠢ ᠥᠭᠡᠷᠡᠴᠢᠯᠡᠬᠦ ᠢᠨᠵᠧᠨᠧᠷᠢᠩ ᠢ ᠪᠡᠶᠡᠯᠡᠭᠦᠯᠬᠦ ᠶᠢ ᠦᠨᠡᠨᠬᠦ ᠪᠠᠲᠤᠯᠠᠨ᠎ᠠ᠃ ︽ᠳᠥᠷᠪᠡᠨ ᠰᠠᠶᠢᠨᠲᠠᠶ ᠬᠥᠳᠡᠭᠡ | ᠲᠣᠰᠬᠤᠨ ᠤ ᠵᠠᠮ︾ ᠤᠨ ᠥᠪᠡᠷᠲᠡᠭᠡᠨ ᠵᠠᠰᠠᠬᠤ ᠣᠷᠣᠨ ᠤ ᠲᠠᠰ ᠤᠨ ᠵᠢᠱᠢᠶ᠎ᠡ ᠦᠵᠡᠭᠦᠯᠬᠦ ᠬᠤᠰᠢᠭᠤ ᠶᠢ ᠴᠢᠷᠮᠠᠶᠢᠨ | ᠪᠠᠶᠢᠭᠤᠯᠵᠤ᠂ ᠬᠥᠳᠡᠭᠡ ᠲᠣᠰᠬᠤᠨ ᠤ ᠵᠠᠰᠠᠮᠠᠯ ᠵᠠᠮ ᠠᠷᠠᠴᠢᠯᠠᠨ ᠬᠠᠮᠠᠭᠠᠯᠠᠬᠤ ᠬᠠᠮᠢᠶᠠᠷᠤᠯᠲᠠ ᠶᠢᠨ ᠠᠵᠢᠯ ᠪᠠ ᠵᠠᠮ | ᠬᠠᠷᠢᠯᠴᠠᠭ᠎ᠠ ᠲᠡᠭᠡᠭᠡᠪᠦᠷᠢ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠡᠷᠴᠢᠮ ᠢᠶᠠᠨ ᠨᠡᠮᠡᠭᠳᠡᠭᠦᠯᠵᠦ᠂ ᠬᠡᠮᠵᠢᠶ᠎ᠡ | ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠬᠤ ᠶᠢ ᠶᠡᠷᠦᠩᠬᠡᠢᠯᠡᠨ ᠵᠠᠰᠠᠬᠤ ᠣᠶᠤᠨᠴᠢᠯᠠᠭᠰᠠᠨ ᠬᠠᠮᠢᠶᠠᠷᠤᠯᠲᠠ ᠶᠢ | ᠠᠬᠢᠭᠤᠯᠤᠨ᠎ᠠ᠃ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ︽ᠭᠤᠤᠯ | ᠮᠥᠷᠡᠨ ᠨᠠᠭᠤᠷ ᠴᠥᠭᠦᠷᠥᠮ ᠤᠨ ᠳᠠᠷᠤᠭ᠎ᠠ︾ ᠶᠢᠨ ᠳᠦᠷᠢᠮ ᠢ ᠴᠢᠩᠭ᠎ᠠ ᠬᠡᠷᠡᠭᠵᠢᠭᠦᠯᠵᠦ᠂ ᠤᠰᠤᠨ ᠤ ᠡᠬᠢ | ᠪᠠᠶᠠᠯᠢᠭ ᠤᠨ ᠬᠠᠮᠢᠶᠠᠷᠤᠯᠲᠠ ᠶᠢᠨ ᠬᠠᠮᠤᠭ ᠤᠨ ᠴᠢᠩᠭ᠎ᠠ ᠳᠦᠷᠢᠮ ᠢ ᠨᠠᠶᠢᠳᠠᠪᠤᠷᠢᠵᠢᠭᠤᠯᠤᠨ᠎ᠠ᠃ ᠬᠤᠩᠭᠤᠷ ᠤᠰᠤᠨ | ᠴᠥᠭᠦᠷᠥᠮ ᠤᠨ ᠪᠠᠶᠢᠭᠤᠯᠤᠯᠲᠠ ᠶᠢᠨ ᠢᠨᠵᠧᠨᠧᠷᠢᠩ ᠢ ᠪᠡᠶᠡᠯᠡᠭᠦᠯᠵᠦ᠂ ᠬᠤᠩᠭᠤᠷ ᠤᠰᠤᠨ ᠴᠥᠭᠦᠷᠥᠮ — | ᠤᠯᠠᠭᠠᠨᠬᠤᠸᠠ ᠪᠠᠯᠭᠠᠰᠤᠨ ᠤ ᠤᠰᠤ ᠲᠠᠲᠠᠬᠤ ᠢᠨᠵᠧᠨᠧᠷᠢᠩ ᠤᠨ ᠡᠮᠦᠨᠡᠬᠢ ᠬᠤᠭᠤᠴᠠᠭᠠᠨ ᠤ ᠠᠵᠢᠯ ᠢ ᠦᠷᠨᠢᠭᠦᠯᠵᠦ᠂ | 1.02 ᠳ᠋ᠦᠩᠰᠢᠭᠤᠷ ᠲᠥᠭᠦᠷᠢᠭ ᠤᠨ ᠲᠠᠪᠤᠨ ᠬᠠᠨ ᠭᠤᠣᠯ ᠤᠨ ᠦᠶᠡᠷ ᠢ ᠰᠡᠷᠭᠡᠶᠢᠯᠡᠨ ᠵᠠᠰᠠᠬᠤ ᠢᠨᠵᠧᠨᠧᠷᠢᠩ ᠢ | ᠬᠡᠷᠡᠭᠵᠢᠭᠦᠯᠬᠦ ᠪᠠᠷ ᠴᠢᠷᠮᠠᠶᠢᠨ᠎ᠠ᠃ ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ | ᠪᠦᠬᠦ ᠲᠠᠯ᠎ᠠ ᠪᠠᠷ ᠬᠦᠨᠵᠡᠭᠡᠶᠢᠷᠡᠭᠦᠯᠦᠨ᠎ᠡ᠃ ᠠᠶᠤᠯ ᠦᠭᠡᠶ ᠤᠤᠭᠤᠬᠤ ᠤᠰᠤᠨ ᠤ ᠲᠦᠬᠦᠬᠡᠷᠦᠮᠵᠢ ᠶᠢᠨ | ᠬᠠᠮᠢᠶᠠᠷᠤᠯᠲᠠ ᠶᠢᠨ ᠲᠣᠭᠲᠠᠴᠠ ᠶᠢ ᠦᠨᠡᠨᠬᠦ ᠲᠡᠭᠦᠯᠳᠡᠷᠵᠢᠭᠦᠯᠵᠦ᠂ ᠤᠤᠭᠤᠬᠤ ᠤᠰᠤᠨ ᠤ ᠠᠶᠤᠯ ᠦᠭᠡᠶ ᠶᠢᠨ | ᠢᠨᠵᠧᠨᠧᠷᠢᠩ ᠤᠨ ᠰᠠᠶᠢᠨ ᠠᠵᠢᠯᠯᠠᠭᠠᠨ ᠪᠣᠯᠤᠨ ᠦᠷᠬᠦᠯᠵᠢᠯᠡᠨ ᠦᠷ᠎ᠡ ᠠᠰᠢᠭ ᠢᠶᠠᠨ ᠪᠠᠳᠠᠷᠠᠭᠤᠯᠬᠤ ᠶᠢ ᠦᠨᠡᠨᠬᠦ | ᠪᠠᠲᠤᠯᠠᠬᠤ ᠬᠡᠷᠡᠭᠲᠡᠶ᠃ ᠴᠠᠬᠢᠯᠭᠠᠨ ᠬᠦᠴᠦᠨ ᠤ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ 1.76 | ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ 110 ᠺᠢᠯᠣᠸᠠᠲ ᠤᠨ ᠢᠨᠵᠧᠨᠧᠷᠢᠩ ᠪᠠ 35 ᠺᠢᠯᠣᠸᠠᠲ ᠤᠨ | ᠢᠨᠵᠧᠨᠧᠷᠢᠩ ᠢ ᠪᠠᠶᠢᠭᠤᠯᠵᠤ᠂ 10 ᠺᠢᠯᠣᠸᠠᠲ ᠠᠴᠠ ᠳᠣᠷᠣᠭᠰᠢᠬᠢ ᠬᠥᠳᠡᠭᠡ ᠲᠣᠰᠬᠤᠨ ᠤ ᠴᠠᠬᠢᠯᠭᠠᠨ ᠲᠣᠣᠷ ᠢ | ᠥᠭᠡᠷᠡᠴᠢᠯᠡᠨ ᠳᠡᠰ ᠳᠡᠪᠰᠢᠭᠦᠯᠬᠦ ᠢᠨᠵᠧᠨᠧᠷᠢᠩ ᠢ 177 ᠺᠢᠯᠦᠮᠧᠲᠷ ᠪᠦᠲᠦᠭᠡᠨ ᠪᠠᠶᠢᠭᠤᠯᠵᠤ᠂ ᠮᠠᠯᠵᠢᠬᠤ | ᠣᠷᠣᠨ ᠳᠤ 660 ᠡᠷᠦᠬᠡ ᠳᠤ ᠴᠠᠬᠢᠯᠭᠠᠨ ᠨᠡᠪᠲᠡᠷᠡᠭᠦᠯᠦᠨ᠎ᠡ᠃ | ︵ᠲᠠᠪᠤ︶ ᠠᠷᠠᠳ ᠤᠨ ᠠᠮᠢᠳᠤᠷᠠᠯ ᠤᠨ ᠠᠵᠠ ᠵᠢᠷᠭᠠᠯ ᠤᠨ ᠬᠢᠷᠢ ᠲᠦᠪᠰᠢᠨ ᠨᠡᠮᠡᠭᠳᠡᠭᠦᠯᠵᠦ᠂ ᠠᠷᠠᠳ ᠣᠯᠠᠨ ᠤ | ᠰᠠᠶᠢᠨ ᠰᠠᠶᠢᠬᠠᠨ ᠠᠮᠢᠳᠤᠷᠠᠯ ᠢ ᠴᠣᠭᠴᠠᠯᠠᠨ᠎ᠠ᠃ | ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠰᠤᠷᠭᠠᠨ ᠬᠥᠮᠦᠵᠢᠯ ᠢ ᠡᠩ | ᠲᠡᠷᠢᠭᠦᠨ ᠳᠤ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢ ᠪᠠᠷᠢᠮᠲᠠᠯᠠᠵᠤ᠂ ᠶᠣᠰᠣ ᠰᠤᠷᠲᠠᠬᠤᠨ ᠢ ᠪᠣᠶ ᠪᠣᠯᠭᠠᠵᠤ | ᠬᠥᠮᠦᠨ ᠢ ᠬᠥᠮᠦᠵᠢᠭᠦᠯᠬᠦ ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠤᠨ᠂ ᠡᠯ᠎ᠡ ᠲᠦᠷᠦᠯ ᠤᠨ ᠰᠤᠷᠭᠠᠨ | ᠬᠥᠮᠦᠵᠢᠯ ᠤᠨ ᠡᠬᠢ ᠪᠠᠶᠠᠯᠢᠭ ᠤᠨ ᠲᠣᠬᠢᠷᠠᠭᠤᠯᠤᠯᠲᠠ ᠶᠢ ᠨᠢᠭᠡᠳᠦᠯᠲᠡᠶ ᠲᠥᠯᠥᠪᠯᠡᠨ ᠰᠢᠯᠢᠳᠡᠭᠵᠢᠭᠦᠯᠵᠦ᠂ ᠠᠷᠠᠳ | ᠲᠦᠮᠡᠨ ᠤ ᠰᠡᠳᠬᠢᠯ ᠬᠠᠨᠤᠮᠵᠢᠲᠠᠶ ᠰᠤᠷᠭᠠᠨ ᠬᠥᠮᠦᠵᠢᠯ ᠢ ᠴᠢᠷᠮᠠᠶᠢᠨ ᠰᠠᠶᠢᠲᠤᠷ ᠡᠷᠭᠢᠯᠡᠨ᠎ᠡ᠃ ᠦᠨᠳᠦᠰᠦᠲᠡᠨ ᠤ | ᠰᠤᠷᠭᠠᠨ ᠬᠥᠮᠦᠵᠢᠯ ᠢ ᠡᠩ ᠲᠡᠷᠢᠭᠦᠨ ᠳᠤ ᠬᠥᠭᠵᠢᠭᠦᠯᠵᠦ᠂ ᠰᠤᠷᠬᠤ ᠨᠠᠰᠤᠨ ᠠᠴᠠ ᠡᠮᠦᠨᠡᠬᠢ ᠰᠤᠷᠭᠠᠨ | ᠬᠥᠮᠦᠵᠢᠯ ᠤᠨ ᠬᠡᠪᠴᠢᠶ᠎ᠡ ᠶᠢ ᠥᠷᠭᠡᠳᠬᠡᠨ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ︽ᠰᠤᠷᠤᠯᠭ᠎ᠠ ᠪᠠᠨ | ᠳᠣᠷᠭᠤᠨ ᠵᠣᠭᠰᠣᠬᠤ ᠶᠢ ᠬᠢᠵᠠᠭᠠᠷᠯᠠᠵᠤ ᠰᠤᠷᠤᠯᠭ᠎ᠠ ᠶᠢ ᠪᠠᠲᠤᠯᠠᠬᠤ︾ ᠡᠷᠴᠢᠮ ᠢ ᠦᠷᠭᠦᠯᠵᠢᠯᠡᠨ ᠴᠢᠩᠭᠠᠷᠠᠭᠤᠯᠵᠤ᠂ | ᠦᠨᠳᠦᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠤ ᠰᠤᠷᠭᠠᠨ ᠬᠥᠮᠦᠵᠢᠯ ᠤᠨ ᠬᠦᠴᠢᠷ ᠪᠠᠶᠢᠳᠠᠯ ᠢ | ᠰᠢᠢᠤᠨᠪᠦᠷᠢᠯᠡᠬᠦ ᠲᠥᠯᠥᠪᠯᠡᠭᠡ ᠶᠢ ᠬᠡᠷᠡᠭᠵᠢᠭᠦᠯᠵᠦ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠰᠤᠷᠭᠠᠭᠤᠯᠢ | ᠡᠷᠬᠢᠯᠡᠬᠦ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ︽ᠰᠢᠶᠠᠨ ᠠᠴᠠ ᠬᠠᠮᠢᠶᠠᠷᠴᠤ ᠰᠤᠷᠭᠠᠭᠤᠯᠢ ᠠᠴᠠ ᠤᠷᠢᠬᠤ︾ | ᠶᠡᠷᠦᠩᠬᠡᠶᠢᠯᠡᠭᠰᠡᠨ ᠢᠵᠢ ᠪᠦᠷᠢᠳᠦᠭᠦᠯᠬᠦ ᠥᠭᠡᠷᠡᠴᠢᠯᠡᠯᠲᠡ ᠶᠢ ᠢᠳᠡᠪᠬᠢᠲᠡᠶ ᠯᠠᠪᠳᠠᠭᠤᠨ ᠢᠶᠠᠷ ᠠᠬᠢᠭᠤᠯᠵᠤ᠂ | ᠭᠠᠳᠠᠭᠠᠳᠤ ᠠᠴᠠ ᠣᠷᠣᠭᠤᠯᠵᠤ ᠳᠣᠲᠣᠭᠠᠳᠤ ᠳᠠᠭᠠᠨ ᠬᠤᠯᠪᠤᠭᠠᠯᠠᠬᠤ᠂ ᠬᠠᠮᠲᠤᠷᠠᠨ ᠰᠤᠷᠭᠠᠭᠤᠯᠢ ᠡᠷᠬᠢᠯᠡᠬᠦ ᠵᠠᠮ ᠢᠶᠠᠷ | ᠡᠷᠡᠰ ᠭᠤᠶᠢᠪᠢᠰᠢ ᠦᠭᠡᠶ ᠵᠡᠮᠨᠡᠨᠡ᠃ ᠰᠤᠷᠭᠠᠭᠤᠯᠢ ᠶᠢᠨ ᠵᠠᠬᠢᠷᠤᠯ ᠤᠨ ᠲᠤᠰᠢᠶᠠᠯ ᠤᠨ ᠲᠠᠰ ᠤᠨ ᠥᠭᠡᠷᠡᠴᠢᠯᠡᠯᠲᠡ | ᠪᠣᠯᠤᠨ ᠪᠠᠭᠰᠢ ᠶᠢᠨ ᠠᠵᠢᠯ ᠤᠨ ᠠᠮᠵᠢᠯᠲᠠ ᠪᠦᠲᠦᠮᠵᠢ ᠶᠢᠨ ᠳᠦᠷᠢᠮ ᠤᠨ ᠥᠭᠡᠷᠡᠴᠢᠯᠡᠯᠲᠡ ᠶᠢ ᠲᠡᠭᠦᠯᠳᠡᠷᠵᠢᠭᠦᠯᠵᠦ᠂ | ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠪᠦᠬᠦ ᠨᠡᠶᠢᠭᠡᠮ ᠢᠶᠠᠷ ᠢᠶᠠᠨ ᠪᠠᠭᠰᠢ ᠶᠢ ᠬᠦᠨᠳᠦᠳᠬᠡᠨ | ᠰᠤᠷᠭᠠᠨ ᠬᠥᠮᠦᠵᠢᠯ ᠢ ᠴᠢᠬᠤᠯᠠᠴᠢᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠶ᠃ ᠪᠦᠬᠦ | ᠬᠤᠲᠠ ᠶᠢᠨ ᠴᠢᠨᠠᠷ ᠰᠠᠶᠢᠲᠠᠶ ᠲᠡᠩᠴᠡᠭᠦᠷᠢᠲᠡᠶ ᠪᠠᠷᠢᠮᠵᠢᠶ᠎ᠠ ᠳᠤ ᠬᠦᠷᠭᠡᠬᠦ ᠲᠤᠷᠰᠢᠯᠲᠠ ᠶᠢᠨ ᠠᠵᠢᠯ ᠢ ᠡᠬᠢᠯᠡᠭᠦᠯᠵᠦ᠂ | ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠭᠠᠯ ᠤᠨᠲᠠᠷᠠᠭᠠᠬᠤ ᠲᠥᠬᠦᠭᠡᠷᠦᠮᠵᠢ ᠶᠢᠨ ᠨᠠᠵᠠᠭᠠᠢ ᠲᠠᠯ᠎ᠠ ᠶᠢ | ᠡᠮᠬᠢ ᠵᠢᠷᠤᠮ ᠲᠠᠢ ᠰᠢᠢᠤᠨᠪᠦᠷᠢᠯᠡᠵᠦ᠂ ᠠᠮᠤᠷ ᠲᠦᠪᠰᠢᠨ ᠤ ᠠᠳᠡᠯ ᠭᠠᠷᠬᠤ ᠶᠢ ᠬᠤᠷᠢᠭᠯᠠᠨ᠎ᠠ᠃ ᠨᠢᠭᠡᠳᠦᠭᠡᠷ | ᠳᠤᠮᠳᠠᠳᠤ ᠰᠤᠷᠭᠠᠭᠤᠯᠢ ᠶᠢᠨ ᠲᠤᠷᠰᠢᠯᠲᠠ ᠶᠢᠨ ᠳᠠᠳᠤᠯᠭ᠎ᠠ ᠪᠣᠯᠪᠠᠰᠤᠷᠠᠯ ᠤᠨ ᠠᠰᠠᠷ᠂ ᠲᠤᠷᠰᠢᠯᠲᠠ ᠶᠢᠨ ᠳᠤᠮᠳᠠᠳᠤ | ᠰᠤᠷᠭᠠᠭᠤᠯᠢ ᠶᠢᠨ ᠪᠠᠶᠢᠷᠢ ᠶᠢᠨ ᠠᠰᠠᠷ᠂ ᠬᠤᠩᠭᠤᠷ ᠮᠣᠩᠭᠤᠯ ᠰᠤᠷᠭᠠᠭᠤᠯᠢ ᠶᠢᠨ ᠪᠠᠶᠢᠷᠢ ᠶᠢᠨ ᠠᠰᠠᠷ ᠪᠠ | ᠦᠨᠳᠦᠰᠦᠲᠡᠨ ᠤ 1 ᠬᠡᠤᠬᠡᠳ ᠤᠨ ᠴᠡᠴᠡᠷᠯᠢᠭ ᠢ ᠰᠢᠨ᠎ᠡ ᠪᠠᠷ ᠪᠠᠶᠢᠭᠤᠯᠵᠤ᠂ ᠯᠢᠦ ᠵᠢᠤᠢ ᠨᠢᠤ᠂ ᠨᠠᠨ ᠬᠤᠤ᠂ ᠬᠥ᠋ | ᠶᠢᠩ ᠽᠢ ᠵᠡᠷᠭᠡ 3 ᠬᠡᠤᠬᠡᠳ ᠤᠨ ᠴᠡᠴᠡᠷᠯᠢᠭ ᠢ ᠠᠰᠢᠭᠯᠠᠯᠲᠠ ᠳᠤ ᠣᠷᠣᠭᠤᠯᠬᠤ ᠶᠢ ᠦᠨᠡᠨᠬᠦ ᠪᠠᠲᠤᠯᠠᠨ᠎ᠠ᠃ | ᠰᠤᠷᠭᠠᠭᠤᠯᠢ ᠶᠢᠨ ᠬᠦᠷᠢᠶᠡᠨ ᠤ ᠪᠡᠶ᠎ᠡ ᠶᠢᠨ ᠲᠠᠮᠢᠷ ᠤᠨ ᠬᠦᠳᠡᠯᠬᠡᠬᠡᠨ ᠢ ᠳᠡᠭᠡᠭᠰᠢᠯᠡᠭᠦᠯᠬᠦ ᠵᠢᠴᠢ ᠪᠦᠬᠦ ᠠᠷᠠᠳ ᠤᠨ | ᠪᠡᠶ᠎ᠡ ᠮᠠᠬᠠᠪᠤᠤᠨ ᠢᠶᠠᠨ ᠴᠢᠭᠢᠷᠠᠭᠵᠢᠭᠤᠯᠬᠤ ᠠᠵᠢᠯ ᠢ ᠰᠠᠶᠢᠲᠤᠷ ᠬᠢᠵᠦ᠂ ︽ᠬᠤᠰᠢᠭᠤᠨ ᠳᠠᠷᠤᠭ᠎ᠠ ᠬᠤᠨᠳᠠᠭᠠᠲᠤ︾᠂ | ︽ᠰᠤᠷᠭᠠᠭᠤᠯᠢ ᠶᠢᠨ ᠵᠠᠬᠢᠷᠤᠯ ᠬᠤᠨᠳᠠᠭᠠᠲᠤ︾ ᠵᠡᠷᠭᠡ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ | ᠠᠵᠢᠯᠯᠠᠭ᠎ᠠ ᠶᠢ ᠥᠪᠡᠷᠮᠢᠴᠡ ᠣᠨᠴᠠᠯᠢᠭ ᠲᠠᠢ᠂ ᠥᠨᠳᠥᠷ ᠲᠦᠪᠰᠢᠨ ᠲᠠᠢ ᠡᠷᠭᠢᠯᠡᠬᠦ ᠶᠢ ᠦᠨᠡᠨᠬᠦ ᠪᠠᠲᠤᠯᠠᠨ᠎ᠠ᠃ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠦᠨᠳᠦᠰᠦᠨ | ᠱᠠᠲᠤᠨ ᠤ ᠡᠷᠡᠭᠦᠯ ᠬᠠᠮᠠᠭᠠᠯᠠᠯ ᠤᠨ ᠤᠶᠢᠯᠡᠴᠢᠯᠡᠭᠡᠨ ᠤ ᠰᠢᠰᠲ᠋ᠧᠮᠵᠢ ᠪᠣᠯᠤᠨ ᠴᠢᠳᠠᠪᠤᠷᠢ ᠶᠢᠨ ᠪᠠᠶᠢᠭᠤᠯᠤᠯᠲᠠ ᠶᠢ | ᠬᠦᠴᠦᠯᠡᠨ ᠴᠢᠩᠭᠠᠳᠬᠠᠵᠤ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠰᠢᠰᠲ᠋ᠧᠮᠵᠢ ᠪᠣᠯᠤᠨ ᠡᠮ ᠡᠮᠨᠡᠯᠭᠡ ᠶᠢᠨ | ᠠᠪᠤᠷᠠᠨ ᠵᠠᠰᠠᠬᠤ ᠰᠢᠰᠲ᠋ᠧᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠣᠯᠠᠨ ᠲᠦᠮᠡᠨ ᠳᠤ ᠨᠡᠩ ᠴᠢᠨᠠᠷ | ᠰᠠᠶᠢᠲᠠᠶ᠂ ᠥᠨᠳᠥᠷ ᠦᠷ᠎ᠡ ᠪᠦᠲᠦᠮᠵᠢᠲᠡᠶ ᠡᠮᠨᠡᠯᠭᠡ ᠡᠷᠡᠭᠦᠯ ᠬᠠᠮᠠᠭᠠᠯᠠᠯ ᠤᠨ ᠤᠶᠢᠯᠡᠴᠢᠯᠡᠭᠡ ᠬᠠᠩᠭᠠᠬᠤ ᠬᠡᠷᠡᠭᠲᠡᠶ᠃ | ᠤᠯᠤᠰ ᠤᠨ ᠡᠮ ᠯᠦᠭᠡ ᠬᠤᠪᠢ ᠡᠵᠡᠮᠳᠡᠬᠦ ᠬᠠᠮᠲᠤᠷᠠᠯᠴᠠᠭ᠎ᠠ ᠶᠢ ᠴᠢᠩᠭᠠᠤᠨᠬᠠᠨ᠂ ᠮᠣᠩᠭᠤᠯ ᠬᠢᠲᠠᠳ ᠡᠮᠨᠡᠯᠭᠡ ᠶᠢᠨ | ᠬᠤᠷᠢᠶ᠎ᠠ᠂ ᠡᠬᠡ ᠨᠢᠯᠬᠠᠰ ᠤᠨ ᠡᠷᠡᠭᠦᠯ ᠮᠡᠨᠳᠦ ᠶᠢ ᠬᠠᠮᠠᠭᠠᠯᠠᠬᠤ ᠭᠠᠵᠠᠷ ᠪᠠ ᠵᠡᠮᠳᠡᠭᠴᠦᠳ ᠤᠨ ᠡᠷᠡᠭᠦᠯᠵᠢᠯ ᠤᠨ | ᠲᠥᠪ ᠢ ᠵᠢᠯ ᠤᠨ ᠳᠣᠲᠣᠷ᠎ᠠ ᠠᠰᠢᠭᠯᠠᠯᠲᠠ ᠳᠤ ᠣᠷᠣᠭᠤᠯᠬᠤ ᠶᠢ ᠦᠨᠡᠨᠬᠦ ᠪᠠᠲᠤᠯᠠᠨ᠎ᠠ᠃ ᠬᠤᠰᠢᠭᠤᠨ ᠤ ᠡᠮᠨᠡᠯᠭᠡ ᠶᠢᠨ | ᠬᠤᠷᠢᠶᠠᠨ ᠤ ᠬᠠᠯᠠᠭᠤᠷᠠᠬᠤ ᠡᠪᠡᠳᠴᠢᠲᠡᠨ ᠤ ᠥᠷᠥᠭᠡ᠂ ᠬᠤᠩᠭᠤᠷ ᠰᠤᠮᠤ ᠶᠢᠨ ᠤᠯᠤᠰ ᠤᠨ ᠲᠠᠰ ᠤᠨ | ᠬᠤᠯᠤᠭᠠᠨ᠎ᠠ ᠶᠢᠨ ᠬᠢᠵᠢᠭ ᠢ ᠬᠢᠨᠠᠨ ᠬᠡᠮᠵᠢᠬᠦ ᠴᠢᠭ ᠢ ᠥᠷᠭᠡᠳᠬᠡᠨ ᠪᠠᠶᠢᠭᠤᠯᠬᠤ ᠲᠥᠷᠥᠯ ᠵᠦᠢᠯ ᠤᠨ ᠠᠬᠢᠴᠠ ᠶᠢ | ᠲᠦᠷᠭᠡᠳᠬᠡᠵᠦ᠂ ᠬᠤᠰᠢᠭᠤᠨ ᠤ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠤᠨ ᠪᠥᠭᠡᠮ ᠬᠦᠴᠢᠯ ᠢ | ᠪᠠᠶᠢᠴᠠᠭᠠᠨ ᠬᠡᠮᠵᠢᠬᠦ ᠲᠤᠷᠰᠢᠯᠲᠠ ᠶᠢᠨ ᠲᠠᠰᠤᠭ ᠢ ᠲᠦᠷᠭᠡᠨ ᠠᠰᠢᠭᠯᠠᠯᠲᠠ ᠳᠤ ᠣᠷᠣᠭᠤᠯᠬᠤ ᠶᠢ ᠦᠨᠡᠨᠬᠦ ᠪᠠᠲᠤᠯᠠᠨ᠎ᠠ᠃ | ᠰᠢᠨ᠎ᠡ ᠬᠡᠯᠪᠡᠷᠢ ᠶᠢᠨ ᠳᠢᠳᠢᠮᠯᠢᠭ ᠠᠭᠤᠰᠬᠢᠨ ᠦᠷᠪᠢᠰᠦᠯ᠂ ᠬᠤᠯᠤᠭᠠᠨ᠎ᠠ ᠬᠢᠵᠢᠭ ᠵᠡᠷᠭᠡ ᠡᠯ᠎ᠡ ᠲᠥᠷᠥᠯ ᠤᠨ | ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠠᠵᠢᠯ ᠢ ᠴᠢᠩᠭᠠᠳᠬᠠᠵᠤ᠂ ᠣᠯᠠᠨ ᠨᠡᠶᠢᠲᠡ ᠶᠢᠨ ᠡᠷᠡᠭᠦᠯ | ᠬᠠᠮᠠᠭᠠᠯᠠᠯ ᠤᠨ ᠬᠡᠷᠡᠭ ᠤᠨ ᠪᠠᠴᠢᠮ ᠪᠠᠶᠢᠳᠠᠯ ᠢ ᠠᠷᠭᠠᠴᠠᠨ ᠰᠢᠢᠤᠨᠪᠦᠷᠢᠯᠡᠬᠦ ᠴᠢᠳᠠᠪᠤᠷᠢ ᠶᠢ ᠬᠦᠴᠦᠯᠡᠨ | ᠳᠡᠭᠡᠭᠰᠢᠯᠡᠭᠦᠯᠦᠨ᠎ᠡ᠃ ᠣᠯᠠᠨ ᠲᠦᠮᠡᠨ ᠰᠡᠳᠬᠢᠯ ᠬᠠᠨᠤᠮᠵᠢᠲᠠᠶ ᠪᠠᠶᠢᠭ᠎ᠠ ︽ᠰᠢᠶᠠᠩ ᠪᠠᠯᠭᠠᠰᠤ ᠶᠢᠨ ᠡᠷᠡᠭᠦᠯ | ᠬᠠᠮᠠᠭᠠᠯᠠᠯ ᠤᠨ ᠬᠤᠷᠢᠶ᠎ᠠ︾᠂ ︽ᠭᠠᠴᠠᠭ᠎ᠠ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ︾ ᠢ ᠡᠭᠦᠳᠦᠨ | ᠪᠠᠶᠢᠭᠤᠯᠬᠤ ᠠᠵᠢᠯᠯᠠᠭ᠎ᠠ ᠶᠢ ᠭᠦᠨᠵᠡᠭᠡᠢ ᠥᠷᠨᠢᠭᠦᠯᠬᠦ ᠬᠡᠷᠡᠭᠲᠡᠶ᠃ 32 ᠳ᠋ᠤᠭᠠᠷ ᠡᠬᠡ ᠣᠷᠣᠨᠴᠢ ᠡᠷᠡᠭᠦᠯ | ᠬᠠᠮᠠᠭᠠᠯᠠᠯ ᠤᠨ ᠰᠠᠷ᠎ᠠ ᠶᠢᠨ ᠠᠵᠢᠯᠯᠠᠭ᠎ᠠ ᠶᠢ ᠯᠠᠪᠳᠠᠭᠤᠨ ᠪᠠᠲᠤᠲᠠᠶ ᠦᠷᠨᠢᠭᠦᠯᠬᠦ ᠪᠠᠷ ᠠᠵᠠ ᠲᠣᠬᠢᠶᠠᠯ ᠪᠣᠯᠭᠠᠨ᠂ | ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠤᠨ ᠬᠤᠲᠠ ᠪᠠᠯᠭᠠᠰᠤ ᠶᠢ ᠡᠭᠦᠳᠦᠨ ᠪᠠᠶᠢᠭᠤᠯᠬᠤ ᠠᠵᠢᠯ ᠢ | ᠪᠦᠬᠦ ᠬᠦᠴᠦᠨ ᠢᠶᠠᠷ ᠢᠶᠠᠨ ᠪᠡᠶᠡᠯᠡᠭᠦᠯᠦᠨ᠎ᠡ᠃ | ᠰᠣᠶᠣᠯ ᠤᠷᠠᠯᠢᠭ ᠢ ᠴᠡᠴᠡᠭᠯᠡᠭᠦᠯᠦᠨ ᠬᠥᠭᠵᠢᠭᠦᠯᠦᠨ᠎ᠡ᠃ ᠰᠣᠶᠣᠯ ᠤᠨ ᠪᠠᠶᠢᠭᠤᠯᠤᠯ ᠤᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ᠬᠤᠰᠢᠭᠤ ᠰᠢᠶᠠᠩ ᠲᠣᠰᠬᠤᠨ ᠤ ᠭᠤᠷᠪᠠᠨ ᠱᠠᠲᠤᠨ ᠤ ᠣᠯᠠᠨ ᠨᠡᠶᠢᠲᠡ ᠶᠢᠨ ᠰᠣᠶᠣᠯ ᠤᠨ | ᠤᠶᠢᠯᠡᠴᠢᠯᠡᠭᠡᠨ ᠤ ᠰᠢᠰᠲ᠋ᠧᠮᠵᠢ ᠶᠢ ᠲᠡᠭᠦᠯᠳᠡᠷᠵᠢᠭᠦᠯᠦᠨ᠂ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ | ᠢᠨᠵᠧᠨᠧᠷᠢᠩ᠂ ︽ᠰᠣᠶᠣᠯ ᠢ ᠬᠥᠳᠡᠭᠡ ᠪᠠᠭᠤᠯᠭᠠᠬᠤ︾ ᠪᠠ ᠪᠦᠬᠦ ᠠᠷᠠᠳ ᠤᠨ ᠪᠡᠶ᠎ᠡ ᠮᠠᠬᠠᠪᠤᠤᠨ ᠢ | ᠴᠢᠭᠢᠷᠠᠭᠵᠢᠭᠤᠯᠬᠤ ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠵᠦ᠂ ᠣᠯᠠᠨ ᠲᠦᠮᠡᠨ ᠤ ᠰᠣᠶᠣᠯ ᠤᠨ | ᠤᠶᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠬᠤᠰᠢᠭᠤᠨ ᠤ ᠵᠢᠭᠤᠯᠴᠢᠯᠠᠭᠴᠢᠳ ᠤᠨ ᠲᠥᠪ ᠵᠢᠴᠢ | ᠤᠯᠠᠭᠠᠨᠮᠥ᠋ᠴᠢᠷ ᠤᠨ ᠪᠣᠯᠪᠠᠰᠤᠷᠠᠯ ᠤᠨ ᠲᠢᠩᠬᠢᠮ ᠤᠨ ᠪᠠᠶᠢᠭᠤᠯᠤᠯᠲᠠ ᠶᠢᠨ ᠲᠥᠷᠥᠯ ᠵᠦᠢᠯ ᠢ ᠵᠢᠯ ᠤᠨ ᠳᠣᠲᠣᠷ᠎ᠠ | ᠳᠠᠭᠤᠰᠬᠠᠬᠤ ᠪᠠᠷ ᠴᠢᠷᠮᠠᠶᠢᠵᠤ᠂ ᠳᠠᠩᠰᠠ ᠡᠪᠬᠡᠮᠡᠯ ᠤᠨ ᠤᠷᠤᠨ ᠲᠤᠭᠠᠨ ᠤ ᠶᠡᠷᠦᠩᠬᠡᠶᠢᠯᠡᠭᠰᠡᠨ ᠠᠰᠠᠷ ᠢ ᠵᠢᠯ ᠤᠨ | ᠳᠣᠲᠣᠷ᠎ᠠ ᠠᠰᠢᠭᠯᠠᠯᠲᠠ ᠳᠤ ᠣᠷᠣᠭᠤᠯᠬᠤ ᠪᠠᠷ ᠴᠢᠷᠮᠠᠶᠢᠨ᠎ᠠ᠃ ᠸᠠᠩ ᠤᠨ ᠣᠷᠳᠣᠨ ᠢ ᠰᠡᠯᠪᠢᠨ ᠵᠠᠰᠠᠬᠤ ᠵᠢᠴᠢ ᠭᠠᠯ | ᠤᠨᠲᠠᠷᠠᠭᠠᠬᠤ ᠥᠭᠡᠷᠡᠴᠢᠯᠡᠯᠲᠡ ᠶᠢᠨ ᠲᠥᠷᠥᠯ ᠵᠦᠢᠯ ᠢ ᠪᠠᠶᠡᠯᠡᠭᠦᠯᠵᠦ᠂ ᠰᠢᠷᠠᠮᠥ᠋ᠷᠡᠨ ᠰᠦᠮ᠎ᠡ ᠶᠢ ᠰᠡᠯᠪᠢᠨ ᠵᠠᠰᠠᠬᠤ | ᠲᠥᠷᠥᠯ ᠵᠦᠢᠯ ᠢ ᠣᠯᠬᠤ ᠪᠠᠷ ᠢᠳᠡᠪᠬᠢᠲᠡᠶ ᠴᠢᠷᠮᠠᠶᠢᠵᠤ᠂ ᠪᠠᠬᠢᠵᠢᠭᠦᠯᠬᠦ ᠢᠨᠵᠧᠨᠧᠷᠢᠩ ᠢ ᠴᠢᠷᠮᠠᠶᠢᠨ ᠪᠡᠶᠡᠯᠡᠭᠦᠯᠦᠨ᠎ᠡ᠃ | ᠪᠣᠳᠠᠰ ᠤᠨ ᠪᠤᠰᠤ ᠰᠣᠶᠣᠯ ᠤᠨ ᠥᠪ ᠢ ᠠᠭᠤᠳᠠᠯᠬᠤ᠂ ᠬᠠᠮᠠᠭᠠᠯᠠᠬᠤ᠂ ᠤᠯᠠᠮᠵᠢᠯᠠᠬᠤ ᠪᠠ ᠤᠬᠠᠭᠤᠯᠤᠨ | ᠳᠡᠯᠭᠡᠷᠡᠭᠦᠯᠬᠦ ᠶᠢ ᠰᠠᠶᠢᠲᠤᠷ ᠠᠳᠬᠤᠵᠤ᠂ ᠰᠣᠶᠣᠯ ᠤᠨ ᠵᠥᠭᠡᠯᠡᠨ ᠪᠣᠳᠠᠲᠤ ᠬᠦᠴᠦᠨ ᠢ ᠲᠠᠰᠤᠷᠠᠯᠲᠠ ᠤᠢᠭᠡᠢ | ᠳᠡᠭᠡᠭᠰᠢᠯᠡᠭᠦᠯᠦᠨ᠎ᠡ᠃ ᠤᠯᠠᠭᠠᠨᠮᠥ᠋ᠴᠢᠷ ᠤᠨ ᠦᠨᠳᠦᠰᠦᠨ ᠱᠠᠲᠤᠨ ᠳᠤ ᠦᠨᠳᠦᠰᠦ ᠬᠠᠳᠬᠤᠬᠤ᠂ ᠣᠯᠠᠨ ᠲᠦᠮᠡᠨ ᠳᠤ | ᠤᠶᠢᠯᠡᠴᠢᠯᠡᠬᠦ ᠰᠢᠯᠢᠳᠡᠭ ᠤᠯᠠᠮᠵᠢᠯᠠᠯ ᠤᠨ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠰᠢᠨ᠎ᠡ ᠴᠠᠭ ᠦᠶ᠎ᠡ ᠶᠢᠨ | ᠪᠣᠳᠠᠲᠠᠶ ᠰᠡᠳᠦᠪ ᠢᠶᠠᠷ ᠭᠤᠤᠯᠳᠠᠯᠭ᠎ᠠ ᠪᠣᠯᠭᠠᠵᠤ᠂ ᠰᠦᠯᠵᠢᠶᠡᠨ ᠳᠡᠭᠡᠷᠡᠬᠢ ᠤᠯᠠᠭᠠᠨᠮᠥ᠋ᠴᠢᠷ ᠢ ᠪᠦᠲᠦᠭᠡᠨ ᠪᠠᠶᠢᠭᠤᠯᠵᠤ | ᠂ ᠤᠯᠠᠭᠠᠨᠮᠥ᠋ᠴᠢᠷ ᠤᠨ ︽ᠲᠤᠯᠤᠭᠠᠨ ᠨᠢᠭᠡ︾ ᠶᠢᠨ ᠪᠦᠲᠦᠭᠡᠨ ᠪᠠᠶᠢᠭᠤᠯᠤᠯᠲᠠ ᠶᠢ ᠥᠷᠭᠡᠨ ᠢᠶᠠᠷ ᠥᠷᠨᠢᠭᠦᠯᠵᠦ᠂ | ᠤᠯᠠᠭᠠᠨᠮᠥ᠋ᠴᠢᠷ ᠢ ︽ᠥᠨᠢ ᠡᠭᠦᠷᠢᠳᠡ ᠲᠠᠯ᠎ᠠ ᠨᠤᠲᠤᠭ ᠤᠨ ᠬᠤᠪᠢᠰᠬᠠᠯᠲᠤ ᠤᠳᠬ᠎ᠠ ᠤᠷᠠᠯᠢᠭ ᠤᠨ ᠬᠥᠩᠭᠡᠨ | ᠮᠣᠷᠢᠲᠤ ᠴᠡᠷᠢᠭ︾ ᠪᠣᠯᠭᠠᠨ᠎ᠠ᠃ ᠪᠣᠳᠠᠰ ᠤᠨ ᠪᠤᠰᠤ ᠰᠣᠶᠣᠯ ᠤᠨ ᠥᠪ ᠢ ᠤᠯᠠᠮᠵᠢᠯᠠᠨ ᠰᠠᠶᠢᠲᠤᠷ ᠬᠠᠮᠠᠭᠠᠯᠠᠵᠤ᠂ | ᠰᠢᠯᠢᠳᠡᠭ ᠤᠯᠠᠮᠵᠢᠯᠠᠯᠲᠤ ᠰᠣᠶᠣᠯ ᠢ ᠪᠠᠳᠠᠷᠠᠭᠤᠯᠤᠨ᠎ᠠ᠃ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠠᠬᠢᠭᠤᠯᠵᠤ᠂ ᠢᠲᠡᠭᠡᠮᠵᠢ ᠶᠢᠨ | ᠬᠢᠨᠠᠯᠲᠠ ᠬᠠᠮᠢᠶᠠᠷᠤᠯᠲᠠ ᠪᠠᠷ ᠭᠤᠤᠯ ᠪᠣᠯᠭᠠᠭᠰᠠᠨ ᠰᠢᠨ᠎ᠡ ᠬᠡᠯᠪᠡᠷᠢ ᠶᠢᠨ ᠬᠢᠨᠠᠯᠲᠠ ᠬᠠᠮᠢᠶᠠᠷᠤᠯᠲᠠ ᠶᠢᠨ | ᠰᠢᠰᠲ᠋ᠧᠮᠵᠢ ᠶᠢ ᠢᠳᠡᠪᠬᠢᠲᠡᠶ ᠪᠠᠷ ᠪᠠᠶᠢᠭᠤᠯᠵᠤ᠂ ᠢᠲᠡᠭᠡᠮᠵᠢ ᠶᠢᠨ ᠵᠢᠷᠤᠮᠵᠢᠯ ᠢᠶᠠᠷ ᠦᠢᠯᠡ ᠠᠵᠢᠯᠯᠠᠭ᠎ᠠ ᠶᠢ | ᠵᠢᠷᠤᠮᠵᠢᠭᠤᠯᠤᠨ᠂ ᠨᠡᠶᠢᠭᠡᠮ ᠤᠨ ᠬᠠᠮᠵᠢᠯᠴᠠᠨ ᠬᠠᠮᠲᠤᠪᠠᠷ ᠵᠠᠰᠠᠬᠤ ᠶᠢ ᠴᠢᠩᠭᠠᠳᠬᠠᠵᠤ᠂ ᠵᠠᠬ᠎ᠠ ᠳᠡᠯᠭᠡᠭᠦᠷ ᠤᠨ ᠭᠤᠤᠯ | ᠴᠣᠭᠴᠠ ᠶᠢᠨ ᠦᠨᠡᠨᠴᠢ ᠢᠲᠡᠭᠡᠮᠵᠢᠲᠡᠶ ᠪᠠᠷ ᠬᠠᠤᠯᠢ ᠶᠢ ᠰᠠᠬᠢᠵᠤ ᠡᠵᠡᠩᠨᠡᠬᠦ ᠶᠢ ᠠᠬᠢᠭᠤᠯᠤᠨ᠎ᠠ᠃ ᠭᠤᠤᠯᠳᠠᠯᠭ᠎ᠠ ᠲᠠᠢ | ᠬᠡᠪᠴᠢᠶᠡᠨ ᠳᠠᠬᠢ ᠬᠢᠨᠠᠯᠲᠠ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠦᠯᠲᠡ ᠶᠢ ᠴᠢᠩᠭᠠᠤᠨᠬᠠᠵᠤ᠂ ᠲᠥᠪ ᠭᠤᠤᠯᠴᠢ | ᠡᠮᠬᠢ ᠵᠢᠷᠤᠮ ᠲᠠᠢ ᠵᠠᠬ᠎ᠠ ᠳᠡᠯᠭᠡᠭᠦᠷ ᠤᠨ ᠣᠷᠴᠢᠨ ᠨᠥᠬᠦᠴᠡᠯ ᠢ ᠬᠦᠴᠦᠯᠡᠨ ᠪᠤᠶ ᠪᠣᠯᠭᠠᠨ᠎ᠠ᠃ ᠠᠮᠤ ᠪᠤᠳᠠᠭᠠᠨ ᠤ | ᠠᠮᠤᠷ ᠲᠦᠪᠰᠢᠨ ᠤ ᠦᠢᠯᠡᠳᠪᠦᠷᠢᠯᠡᠯ ᠤᠨ ᠡᠯ᠎ᠡ ᠲᠥᠷᠥᠯ ᠤᠨ ᠠᠵᠢᠯ ᠢ ᠯᠠᠪᠳᠠᠭᠤᠨ ᠪᠠᠲᠤᠲᠠᠶ ᠲᠤᠬᠢᠷᠠᠭᠤᠯᠵᠤ᠂ | ᠬᠤᠰᠢᠭᠤᠨ ᠤ ᠠᠮᠤ ᠪᠤᠳᠠᠭ᠎ᠠ ᠲᠣᠰᠣ ᠢᠳᠡᠭᠡᠨ ᠤ ᠠᠮᠤᠷ ᠲᠦᠪᠰᠢᠨ ᠢ ᠦᠨᠡᠨᠬᠦ ᠪᠠᠲᠤᠯᠠᠨ᠎ᠠ᠃ ︽ᠣᠷᠣᠨ | ᠨᠤᠲᠤᠭ ᠤᠨ ᠨᠠᠮ ᠵᠠᠰᠠᠭ ᠤᠨ ᠤᠳᠤᠷᠢᠳᠬᠤ ᠺᠠᠳ᠋ᠷ ᠤᠨ ᠢᠳᠡᠭᠡᠨ ᠤ ᠠᠮᠤᠷ ᠲᠦᠪᠰᠢᠨ ᠤ ᠬᠠᠷᠢᠭᠤᠴᠠᠯᠭ᠎ᠠ ᠶᠢᠨ | ᠳᠦᠷᠢᠮ ᠤᠨ ᠲᠣᠭᠲᠠᠭᠠᠯ︾ ᠢ ᠴᠢᠩᠭ᠎ᠠ ᠨᠠᠢᠳᠠᠪᠤᠷᠢᠵᠢᠭᠤᠯᠬᠤ᠂ ᠢᠳᠡᠭᠡᠨ᠂ ᠡᠮ ᠤᠨ ᠵᠤᠶᠢᠯ᠂ ᠣᠨᠴᠠ ᠲᠥᠷᠥᠯ ᠤᠨ | ᠲᠦᠬᠦᠭᠡᠷᠦᠮᠵᠢ᠂ ᠭᠤᠤᠯᠳᠠᠯᠭ᠎ᠠ ᠲᠠᠢ ᠠᠵᠤ ᠦᠢᠯᠡᠳᠪᠦᠷᠢ ᠶᠢᠨ ᠤᠶᠢᠯᠡᠤᠨᠬᠦᠨ ᠤ ᠠᠮᠤᠷ ᠲᠦᠪᠰᠢᠨ ᠤ ᠬᠢᠨᠠᠯᠲᠠ | ᠬᠠᠮᠢᠶᠠᠷᠤᠯᠲᠠ ᠶᠢ ᠴᠢᠩᠭᠠᠳᠬᠠᠵᠤ᠂ ᠣᠷᠣᠨ ᠪᠦᠰᠡ ᠶᠢᠨ ᠴᠢᠨᠠᠷᠲᠠᠶ ᠰᠢᠰᠲ᠋ᠧᠮ ᠤᠨ ᠠᠮᠤᠷ ᠲᠦᠪᠰᠢᠨ ᠤ ᠬᠤᠷᠢᠭ᠎ᠠ | ᠱᠤᠭᠤᠮ ᠢ ᠡᠷᠡᠰ ᠰᠠᠬᠢᠬᠤ ᠬᠡᠷᠡᠭᠲᠡᠶ᠃ ︽ᠶᠠᠰᠤ ᠴᠢᠨᠠᠷ ᠢᠶᠠᠷ ᠬᠤᠰᠢᠭᠤ ᠪᠠᠨ ᠬᠦᠴᠦᠷᠬᠡᠭᠵᠢᠭᠦᠯᠬᠦ︾ ᠠᠵᠢᠯ ᠢ | ᠯᠠᠪᠳᠠᠭᠤᠨ ᠪᠠᠲᠤᠲᠠᠶ ᠥᠷᠨᠢᠭᠦᠯᠵᠦ᠂ ᠵᠠᠬ᠎ᠠ ᠳᠡᠯᠭᠡᠭᠦᠷ ᠤᠨ ᠬᠠᠮᠢᠶᠠᠷᠤᠯᠲᠠ ᠶᠢᠨ ᠬᠢᠷᠢ ᠲᠦᠪᠰᠢᠨ ᠢ ᠲᠠᠰᠤᠷᠠᠯᠲᠠ | ᠤᠢᠭᠡᠢ ᠳᠡᠭᠡᠭᠰᠢᠯᠡᠭᠦᠯᠦᠨ᠎ᠡ᠃ ᠬᠡᠷᠡᠭᠯᠡᠭᠡᠨ ᠤ ᠡᠷᠬᠡ ᠪᠠᠨ ᠬᠠᠮᠠᠭᠠᠯᠠᠬᠤ ᠡᠷᠴᠢᠮ ᠢ ᠦᠨᠡᠨᠬᠦ ᠴᠢᠩᠭᠠᠤᠨᠬᠠᠨ᠂ ᠶᠠᠰᠤ | ᠴᠢᠨᠠᠷ ᠤᠨ ᠬᠡᠷᠡᠭᠯᠡᠭᠡᠨ ᠤ ᠣᠷᠴᠢᠨ ᠲᠣᠭᠤᠷᠢᠨ ᠢ ᠬᠦᠴᠦᠯᠡᠨ ᠪᠣᠶ ᠪᠣᠯᠭᠠᠵᠤ᠂ ᠬᠡᠷᠡᠭᠯᠡᠭᠴᠢᠳ ᠤᠨ ᠬᠦᠷᠲᠡᠮᠵᠢ ᠶᠢᠨ | ᠲᠥᠷᠥᠭᠳᠡᠯ᠂ ᠵᠣᠯ ᠵᠢᠷᠭᠠᠯ ᠤᠨ ᠲᠥᠷᠥᠭᠳᠡᠯ ᠪᠠ ᠠᠮᠤᠷ ᠲᠦᠪᠰᠢᠨ ᠤ ᠲᠥᠷᠥᠭᠳᠡᠯ ᠢ ᠳᠡᠭᠡᠭᠰᠢᠯᠡᠭᠦᠯᠦᠨ᠎ᠡ᠃ | ᠨᠡᠶᠢᠭᠡᠮ ᠤᠨ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ | ᠵᠠᠬ᠎ᠠ ᠶᠢᠨ ᠪᠠᠲᠤᠯᠠᠭ᠎ᠠ ᠪᠠ ᠡᠯ᠎ᠡ ᠵᠤᠶᠢᠯ ᠤᠨ ᠠᠰᠠᠷᠠᠨ ᠬᠠᠷᠠᠭᠠᠯᠵᠠᠬᠤ ᠲᠥᠷᠥ ᠶᠢᠨ ᠪᠣᠳᠣᠯᠭ᠎ᠠ ᠶᠢ ᠬᠢᠨᠠᠮᠠᠭᠠᠶ | ᠨᠠᠢᠳᠠᠪᠤᠷᠢᠵᠢᠭᠤᠯᠬᠤ᠂ ᠣᠨᠴᠠ ᠬᠦᠴᠢᠷᠳᠡᠯᠲᠡᠶ ᠬᠥᠮᠦᠰ᠂ ᠬᠠᠷᠠᠭᠠᠯᠵᠠᠬᠤ ᠡᠲᠡᠭᠡᠳ᠂ ᠭᠠᠮᠰᠢᠭᠳᠠᠭᠰᠠᠨ ᠣᠯᠠᠨ | ᠲᠦᠮᠡᠨ ᠤ ᠦᠨᠳᠦᠰᠦᠨ ᠠᠮᠢᠳᠤᠷᠠᠯ ᠤᠨ ᠪᠠᠲᠤᠯᠠᠭ᠎ᠠ ᠶᠢ ᠴᠢᠩᠭᠠᠳᠬᠠᠵᠤ᠂ ᠤᠨᠴᠠᠭᠠᠢ ᠬᠦᠴᠢᠷᠳᠡᠯᠲᠡᠶ ᠬᠥᠮᠦᠰ ᠢ | ᠠᠪᠤᠷᠠᠨ ᠲᠤᠰᠠᠯᠠᠬᠤ ᠠᠵᠢᠯ ᠢ ᠰᠠᠶᠢᠲᠤᠷ ᠬᠢᠬᠦ ᠬᠡᠷᠡᠭᠲᠡᠶ᠃ ᠴᠡᠷᠢᠭ ᠤᠨ ᠠᠯᠪᠠᠨ ᠠᠴᠠ ᠪᠠᠭᠤᠭᠰᠠᠳ ᠤᠨ | ᠦᠢᠯᠡᠴᠢᠯᠡᠭᠡ ᠪᠠᠲᠤᠯᠠᠭ᠎ᠠ ᠶᠢᠨ ᠰᠢᠰᠲ᠋ᠧᠮ ᠤᠨ ᠪᠠᠶᠢᠭᠤᠯᠤᠯᠲᠠ ᠶᠢ ᠲᠦᠷᠭᠡᠤᠨᠬᠡᠵᠦ᠂ ᠥᠪᠡᠷᠲᠡᠭᠡᠨ ᠵᠠᠰᠠᠬᠤ ᠣᠷᠣᠨ ᠤ | ︽ᠬᠤᠶᠠᠷ ᠢ ᠬᠦᠷᠢᠶᠡᠯᠡᠬᠦ ᠵᠢᠱᠢᠶᠡᠴᠢ ᠬᠤᠰᠢᠭᠤ︾ ᠶᠢ ᠡᠭᠦᠳᠦᠨ ᠪᠠᠶᠢᠭᠤᠯᠬᠤ ᠠᠵᠢᠯ ᠢ ᠪᠦᠬᠦ | ᠬᠦᠴᠦᠨ ᠢᠶᠠᠷ ᠪᠡᠶᠡᠯᠡᠭᠦᠯᠦᠨ᠎ᠡ᠃ ᠣᠷᠣᠰᠢᠭᠤᠯᠭ᠎ᠠ ᠶᠢᠨ ᠥᠭᠡᠷᠡᠴᠢᠯᠡᠯᠲᠡ ᠶᠢᠨ ᠠᠵᠢᠯ ᠢ ᠪᠦᠬᠦ ᠲᠠᠯ᠎ᠠ ᠪᠠᠷ ᠲᠦᠯᠬᠢᠨ | ᠠᠬᠢᠭᠤᠯᠵᠤ᠂ ᠣᠷᠣᠰᠢᠭᠤᠯᠭ᠎ᠠ ᠶᠢᠨ ᠣᠷᠳᠣᠨ᠂ ᠨᠡᠶᠢᠲᠡ ᠶᠢᠨ ᠪᠤᠩᠬᠤᠨ ᠤ ᠲᠥᠷᠥᠯ ᠵᠦᠢᠯ ᠤᠨ ᠠᠵᠢᠯ | ᠡᠬᠢᠯᠡᠭᠦᠯᠦᠨ ᠪᠠᠶᠢᠭᠤᠯᠬᠤ ᠶᠢ ᠦᠨᠡᠨ ᠬᠦ ᠪᠠᠲᠤᠯᠠᠵᠤ᠂ ᠪᠣᠯᠪᠠᠰᠤᠨ ᠣᠷᠣᠰᠢᠭᠤᠯᠭ᠎ᠠ᠂ ᠪᠣᠯᠪᠠᠰᠤᠨ ᠳᠠᠬᠢᠯᠭ᠎ᠠ ᠶᠢ | ᠬᠡᠷᠡᠭᠵᠢᠭᠦᠯᠦᠨ᠎ᠡ᠃ ᠳ᠋ᠦᠩ ᠪᠠ ᠬᠤᠤ ᠰᠢᠶᠠᠩ ᠤᠨ ᠨᠠᠰᠤᠲᠠᠨ ᠢ ᠠᠰᠠᠷᠠᠬᠤ ᠬᠦᠷᠢᠶᠡᠯᠡᠩ ᠢ ᠥᠭᠡᠷᠡᠴᠢᠯᠡᠬᠦ | ᠢᠨᠵᠧᠨᠧᠷᠢᠩ ᠢ ᠪᠡᠶᠡᠯᠡᠭᠦᠯᠦᠨ᠎ᠡ᠃ ᠲᠠᠷᠢᠶᠠᠴᠢᠨ ᠮᠠᠯᠴᠢᠤᠨ ᠤᠨ ᠬᠦᠯᠦᠰᠦᠨ ᠴᠠᠯᠢᠩ ᠢ ᠥᠭᠬᠦ ᠪᠠᠲᠤᠯᠠᠭ᠎ᠠ ᠶᠢᠨ | ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠨᠡᠩ ᠡᠶ᠎ᠡ ᠵᠣᠬᠢᠴᠠᠯ ᠲᠠᠢ ᠬᠥᠳᠡᠯᠮᠦᠷᠢ ᠤᠶᠢᠯᠡᠴᠢᠯᠡᠭᠡᠨ ᠤ | ᠬᠠᠷᠢᠴᠠᠭ᠎ᠠ ᠶᠢ ᠪᠠᠶᠢᠭᠤᠯᠤᠨ᠎ᠠ᠃ | ᠨᠡᠶᠢᠭᠡᠮ ᠤᠨ ᠶᠡᠷᠦᠩᠬᠡᠶᠢᠯᠡᠭᠰᠡᠨ ᠵᠠᠰᠠᠯᠲᠠ ᠶᠢ ᠴᠢᠩᠭᠠᠳᠬᠠᠨ᠎ᠠ᠃ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ | ᠰᠢᠰᠲ᠋ᠧᠮᠵᠢ ᠪᠠ ᠴᠢᠳᠠᠪᠤᠷᠢ ᠶᠢᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠠᠬᠢᠭᠤᠯᠵᠤ᠂ ︽ᠨᠢᠭᠡ ᠭᠠᠵᠠᠷ | ᠣᠷᠣᠨ ᠤ ᠬᠥᠭᠵᠢᠯᠲᠡ ᠶᠢ ᠠᠬᠢᠭᠤᠯᠵᠤ᠂ ᠨᠢᠭᠡ ᠭᠠᠵᠠᠷ ᠣᠷᠣᠨ ᠤ ᠠᠮᠤᠷ ᠲᠦᠪᠰᠢᠨ ᠢ ᠪᠠᠲᠤᠯᠠᠬᠤ︾ ᠤᠯᠤᠰ | ᠲᠥᠷᠥ ᠶᠢᠨ ᠬᠠᠷᠢᠭᠤᠴᠠᠯᠭ᠎ᠠ ᠶᠢ ᠦᠨᠡᠨᠬᠦ ᠡᠭᠦᠷᠭᠡᠯᠡᠬᠦ ᠬᠡᠷᠡᠭᠲᠡᠶ᠃ ᠪᠠᠴᠢᠮ ᠪᠠᠶᠢᠳᠠᠯ ᠢ ᠠᠷᠭᠠᠴᠠᠬᠤ ᠡᠳ᠋ ᠪᠠᠷᠠᠭᠠᠨ ᠤ | ᠨᠥᠭᠡᠴᠡᠯᠡᠬᠦ ᠬᠥᠮᠥᠷᠭᠡ ᠵᠢᠴᠢ ᠢᠵᠢ ᠪᠦᠷᠢᠳᠦᠭᠦᠯᠬᠦ ᠪᠠᠷᠢᠯᠭ᠎ᠠ ᠶᠢᠨ ᠠᠵᠢᠯ ᠡᠬᠢᠯᠡᠭᠦᠯᠦᠨ ᠪᠦᠲᠦᠭᠡᠨ ᠪᠠᠶᠢᠭᠤᠯᠬᠤ ᠪᠠᠷ | ᠴᠢᠷᠮᠠᠶᠢᠵᠤ᠂ ᠪᠠᠴᠢᠮ ᠪᠠᠶᠢᠳᠠᠯ ᠢ ᠠᠷᠭᠠᠴᠠᠬᠤ ᠡᠳ᠋ ᠪᠠᠷᠠᠭ᠎ᠠ ᠶᠢᠨ ᠨᠥᠭᠡᠴᠡᠯᠡᠯ ᠢ ᠪᠠᠲᠤᠯᠠᠵᠤ᠂ ᠪᠠᠴᠢᠮ ᠪᠠᠶᠢᠳᠠᠯ ᠢ | ᠠᠷᠭᠠᠴᠠᠬᠤ ᠭᠡᠨᠡᠳᠲᠡ ᠶᠢᠨ ᠬᠡᠷᠡᠭ ᠢ ᠰᠢᠢᠤᠨᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠴᠠᠭ ᠠᠭᠤᠷ ᠤᠨ | ᠪᠠᠲᠤᠯᠠᠭ᠎ᠠ ᠶᠢᠨ ᠤᠶᠢᠯᠡᠴᠢᠯᠡᠭᠡ ᠶᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠭᠠᠮᠰᠢᠭ ᠢ ᠰᠡᠷᠭᠡᠶᠢᠯᠡᠨ ᠭᠠᠮᠰᠢᠭ ᠢ | ᠪᠠᠭᠠᠰᠬᠠᠬᠤ ᠪᠠ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠠᠶᠤᠯ | ᠦᠭᠡᠶ ᠤᠶᠢᠯᠡᠤᠨᠪᠦᠷᠢᠯᠡᠯ ᠤᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠭᠤᠤᠯᠳᠠᠯᠭ᠎ᠠ ᠲᠠᠢ ᠠᠵᠢᠯ | ᠲᠥᠷᠥᠯ ᠤᠨ ᠬᠦᠷᠢᠶᠡᠨ ᠳᠠᠬᠢ ᠠᠶᠤᠯ ᠦᠭᠡᠶ ᠶᠢᠨ ᠲᠤᠰᠬᠠᠶ ᠵᠤᠶᠢᠯ ᠢᠶᠠᠷ ᠴᠡᠭᠴᠡᠯᠡᠨ ᠵᠠᠰᠠᠬᠤ ᠪᠠ ᠬᠠᠤᠯᠢ | ᠬᠡᠷᠡᠭᠵᠢᠭᠦᠯᠬᠦ ᠠᠵᠢᠯᠯᠠᠭ᠎ᠠ ᠶᠢ ᠥᠷᠨᠢᠭᠦᠯᠵᠦ᠂ ᠠᠶᠤᠯ ᠦᠭᠡᠶ ᠤᠶᠢᠯᠡᠤᠨᠪᠦᠷᠢᠯᠡᠯ ᠤᠨ ᠪᠠᠶᠢᠳᠠᠯ ᠤᠨ ᠲᠣᠭᠲᠠᠭᠤᠨ | ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃ ᠳᠣᠯᠣᠳᠤᠭᠠᠷ ᠤᠳᠠᠭᠠᠨ ᠤ ᠪᠦᠬᠦ ᠤᠯᠤᠰ ᠤᠨ ᠬᠥᠮᠦᠨ ᠠᠮᠠ ᠶᠢᠨ | ᠨᠡᠶᠢᠳᠡᠮ ᠪᠠᠶᠢᠴᠠᠭᠠᠯᠲᠠ ᠶᠢᠨ ᠠᠵᠢᠯ ᠢ ᠯᠠᠪᠳᠠᠭᠤᠨ ᠪᠠᠲᠤᠲᠠᠶ ᠥᠷᠨᠢᠭᠦᠯᠦᠨ᠎ᠡ᠃ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢ ᠡᠭᠦᠳᠦᠨ ᠪᠠᠶᠢᠭᠤᠯᠬᠤ ᠪᠠ ᠦᠨᠳᠦᠰᠦᠲᠡᠨ ᠱᠠᠰᠢᠨ ᠰᠤᠷᠲᠠᠬᠤᠨ ᠤ ᠡᠶ᠎ᠡ ᠵᠣᠬᠢᠴᠠᠯ ᠲᠠᠢ ᠲᠣᠭᠲᠠᠭᠤᠨ | ᠪᠠᠶᠢᠬᠤ ᠠᠵᠢᠯ ᠢ ᠬᠦᠴᠦᠯᠡᠨ ᠰᠠᠶᠢᠲᠤᠷ ᠠᠳᠬᠤᠵᠤ᠂ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠲᠠ ᠶᠢᠨ ᠰᠢᠯᠭᠠᠨ ᠠᠪᠬᠤ ᠶᠢ ᠪᠠᠲᠤᠯᠠᠨ᠎ᠠ᠃ ᠶᠠᠳᠠᠭᠤ ᠶᠢ ᠲᠡᠳᠬᠦᠬᠦ | ᠬᠡᠪᠴᠢᠶᠠᠨ ᠳᠠᠬᠢ ᠢᠯᠵᠠᠷᠠᠯ ᠤᠨ ᠰᠤᠷᠲᠠᠯ ᠤᠨ ᠠᠰᠠᠭᠤᠳᠠᠯ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ | ᠰᠢᠰᠲ᠋ᠧᠮ ᠤᠨ ᠢᠯᠵᠠᠷᠠᠯ ᠤᠨ ᠠᠰᠠᠭᠤᠳᠠᠯ ᠤᠨ ᠲᠤᠰᠬᠠᠶ ᠵᠠᠰᠠᠯᠲᠠ ᠶᠢ ᠪᠦᠬᠦ ᠬᠦᠴᠦᠨ ᠢᠶᠠᠷ ᠦᠷᠨᠢᠭᠦᠯᠵᠦ᠂ | ᠨᠡᠶᠢᠭᠡᠮ ᠤᠨ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠪᠠ ᠣᠯᠠᠨ ᠲᠦᠮᠡᠨ ᠤ ᠬᠦᠰᠡᠯ ᠡᠷᠡᠮᠡᠯᠵᠡᠯ ᠳᠤ | ᠢᠳᠡᠪᠬᠢᠲᠠᠢ ᠪᠠᠷ ᠬᠠᠷᠢᠭᠤᠯᠲᠠ ᠥᠭᠪᠡ᠃ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠢ | ᠪᠦᠬᠦ ᠲᠠᠯ᠎ᠠ ᠪᠠᠷ ᠠᠬᠢᠭᠤᠯᠤᠨ᠎ᠠ᠃ ᠲᠥᠪ ᠤᠨ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠱᠠᠯᠠᠪᠳᠠᠭᠤᠯᠤᠨ | ᠵᠢᠯᠣᠭᠤᠳᠴᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠠᠵᠢᠯ ᠢ | ᠡᠷᠡᠰ ᠰᠠᠶᠢᠲᠤᠷ ᠠᠳᠬᠤᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠤᠨ ᠡᠯ᠎ᠡ | ᠵᠤᠶᠢᠯ ᠤᠨ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ᠂ ᠬᠠᠷ᠎ᠠ ᠪᠦᠯᠦᠭᠲᠡᠨ ᠬᠠᠷᠭᠢᠰ ᠬᠦᠴᠦᠨ ᠳᠤ | ᠬᠤᠯᠪᠣᠭᠳᠠᠭᠰᠠᠨ ᠰᠦᠪᠡᠭᠴᠢ ᠶᠢ ᠠᠮᠠᠷᠬᠠᠨ ᠪᠣᠶ ᠪᠤᠯᠬᠤ ᠵᠣᠭᠤᠰ ᠨᠠᠭᠠᠳᠬᠤ᠂ ᠬᠤᠤᠷ ᠲᠠᠲᠠᠬᠤ ᠫᠠᠨᠽᠠᠯᠠᠬᠤ᠂ | ᠠᠷᠠᠳ ᠤᠨ ᠬᠤᠭᠤᠷᠣᠨᠳᠣᠬᠢ ᠵᠢᠭᠡᠯᠡᠯᠭᠡ ᠵᠡᠷᠭᠡ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ | ᠲᠥᠪᠯᠡᠷᠡᠭᠦᠯᠦᠨ ᠴᠣᠬᠢᠯᠲᠠ ᠥᠭᠬᠦ ᠶᠢ ᠴᠢᠩᠭᠠᠳᠬᠠᠵᠤ᠂ ᠨᠡᠶᠢᠭᠡᠮ ᠤᠨ ᠡᠮᠬᠢ ᠳᠢᠭᠯᠢᠮ ᠢ ᠦᠨᠡᠨ ᠬᠦ ᠰᠠᠶᠢᠲᠤᠷ | ᠬᠠᠮᠠᠭᠠᠯᠠᠨ᠂ ᠣᠯᠠᠨ ᠲᠦᠮᠡᠨ ᠤ ᠠᠮᠤᠷ ᠲᠦᠪᠰᠢᠨ ᠤ ᠲᠥᠷᠥᠭᠳᠡᠯ ᠪᠠ ᠬᠠᠨᠤᠮᠵᠢ ᠶᠢᠨ ᠬᠡᠮᠵᠢᠶ᠎ᠡ ᠶᠢ | ᠳᠡᠭᠡᠭᠰᠢᠯᠡᠭᠦᠯᠦᠨ᠎ᠡ᠃ ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠵᠦ ᠠᠷᠢᠯᠭᠠᠬᠤ ᠠᠵᠢᠯ ᠢ | ᠪᠠᠶᠢᠩᠭᠤᠵᠢᠭᠤᠯᠤᠨ ᠥᠷᠨᠢᠭᠦᠯᠦᠨ᠎ᠡ᠃ ᠠᠮᠤᠷ ᠠᠮᠤᠭᠤᠯᠠᠩ ᠰᠦᠯᠵᠢᠶᠡᠨ ᠤ ᠠᠵᠢᠯᠲᠠᠨ ᠤ ᠡᠩᠨᠡᠭᠡ ᠶᠢᠨ | ᠪᠠᠶᠢᠭᠤᠯᠤᠯᠲᠠ ᠶᠢ ᠴᠢᠩᠭᠠᠳᠬᠠᠵᠤ᠂ ᠵᠥᠷᠢᠴᠡᠯ ᠵᠢᠭᠤᠷᠠᠯᠳᠤᠭᠠᠨ ᠤ ᠤᠷᠢᠳᠴᠢᠯᠠᠨ ᠮᠡᠳᠡᠬᠦ ᠴᠢᠨᠠᠷ ᠢ ᠳᠡᠭᠡᠭᠰᠢᠯᠡᠭᠦᠯᠦᠨ | ᠂ ᠵᠥᠷᠢᠴᠡᠯ ᠵᠢᠭᠤᠷᠠᠯᠳᠤᠭᠠᠨ ᠢ ᠦᠨᠳᠦᠰᠦᠨ ᠱᠠᠲᠤᠨ ᠳᠤ ᠨᠠᠮᠳᠠᠭᠤᠯᠬᠤ ᠪᠠᠷ ᠴᠢᠷᠮᠠᠶᠢᠵᠤ᠂ ᠴᠤᠬᠤᠶᠢᠵᠤ ᠪᠠᠶᠢᠭ᠎ᠠ | ᠠᠰᠠᠭᠤᠳᠠᠯ ᠢ ᠰᠢᠢᠳᠪᠦᠷᠢᠯᠡᠬᠦ ᠬᠡᠷᠡᠭᠲᠡᠶ᠃ ᠢᠨᠲ᠋ᠧᠷ ᠰᠦᠯᠵᠢᠶ᠎ᠡ + ᠵᠠᠬᠢᠳᠠᠯ ᠰᠤᠷᠪᠤᠯᠵᠢᠯᠠᠯ ᠤᠨ ᠰᠢᠨ᠎ᠡ ᠵᠠᠭᠪᠤᠷ ᠢ | ᠪᠦᠬᠦ ᠬᠦᠴᠦᠨ ᠢᠶᠠᠷ ᠢᠶᠠᠨ ᠬᠡᠷᠡᠭᠵᠢᠭᠦᠯᠵᠦ᠂ ᠵᠠᠬᠢᠳᠠᠯ ᠰᠤᠷᠪᠤᠯᠵᠢᠯᠠᠯ ᠤᠨ ᠠᠵᠢᠯ ᠤᠨ ᠦᠷ᠎ᠡ ᠪᠦᠲᠦᠮᠵᠢ ᠶᠢ | ᠳᠡᠭᠡᠭᠰᠢᠯᠡᠭᠦᠯᠦᠨ᠎ᠡ᠃ ᠡᠭᠦᠨ ᠠᠴᠠ ᠭᠠᠳᠠᠨ᠎ᠠ᠂ ᠴᠡᠷᠢᠭ ᠵᠠᠰᠠᠭ ᠴᠡᠷᠢᠭ ᠠᠷᠠᠳ ᠤᠨ ᠪᠦᠯᠬᠦᠮᠳᠡᠯ ᠤᠨ ᠰᠢᠯᠢᠳᠡᠭ | ᠤᠯᠠᠮᠵᠢᠯᠠᠯ ᠢ ᠶᠡᠬᠡᠪᠡᠷ ᠪᠠᠳᠠᠷᠠᠭᠤᠯᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠲᠠᠶᠢᠴᠢᠯᠠᠯᠳᠠ ᠪᠠ ᠪᠡᠯᠡᠳᠬᠡᠯ | ᠬᠦᠴᠦᠨ ᠤ ᠪᠠᠶᠢᠭᠤᠯᠤᠯᠲᠠ ᠶᠢ ᠴᠢᠩᠭᠠᠳᠬᠠᠨ᠎ᠠ᠃ | ︵ᠵᠢᠷᠭᠤᠭ᠎ᠠ︶ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠠᠵᠢᠯ ᠢ ᠪᠦᠬᠦ ᠲᠠᠯ᠎ᠠ ᠪᠠᠷ ᠠᠬᠢᠭᠤᠯᠵᠤ᠂ ᠠᠵᠤ ᠠᠬᠤᠶ ᠶᠢᠨ | ᠬᠥᠭᠵᠢᠯᠲᠡ ᠶᠢᠨ ᠰᠢᠨ᠎ᠡ ᠠᠮᠢᠵᠢᠷᠠᠯ ᠤᠨ ᠬᠦᠴᠦᠨ ᠢ ᠬᠥᠭᠵᠢᠭᠡᠨ᠎ᠡ᠃ | ᠬᠤᠳᠠᠯᠳᠤᠭᠠᠨ ᠤ ᠶᠠᠪᠤᠳᠠᠯ ᠤᠨ ᠳᠦᠷᠢᠮ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠨᠠᠢᠳᠠᠪᠤᠷᠢᠵᠢᠭᠤᠯᠵᠤ᠂ | ᠬᠤᠳᠠᠯᠳᠤᠭ᠎ᠠ ᠡᠵᠡᠩᠨᠡᠬᠦ ᠰᠠᠶᠢᠨ ᠰᠠᠶᠢᠬᠠᠨ ᠣᠷᠴᠢᠨ ᠲᠣᠭᠤᠷᠢᠨ ᠢ ᠬᠦᠴᠦᠯᠡᠨ ᠪᠤᠶ ᠪᠣᠯᠭᠠᠨ᠎ᠠ᠃ ᠵᠠᠰᠠᠭ ᠤᠨ | ᠶᠠᠪᠤᠳᠠᠯ ᠤᠨ ᠤᠶᠢᠯᠡᠴᠢᠯᠡᠭᠡ ᠶᠢ ᠵᠢᠷᠤᠮᠵᠢᠭᠤᠯᠬᠤ᠂ ᠳᠥᠭᠦᠮᠴᠢᠯᠡᠬᠦ ᠬᠢᠷᠢ ᠬᠡᠮᠵᠢᠶ᠎ᠡ ᠶᠢ ᠦᠨᠡᠨ ᠬᠦ ᠳᠡᠭᠡᠭᠰᠢᠯᠡᠭᠦᠯᠵᠦ᠂ | ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠢ ᠤᠯᠠᠮ ᠨᠢᠭᠡ ᠠᠯᠬᠤᠮ ᠠᠭᠤᠵᠢᠭᠤ ᠪᠣᠯᠭᠠᠨ᠎ᠠ᠃ ︽ᠭᠡᠷᠡᠴᠢ | ᠦᠨᠡᠮᠯᠡᠯ ᠢ ᠰᠠᠯᠭᠠᠬᠤ︾ ᠥᠭᠡᠷᠡᠴᠢᠯᠡᠯᠲᠡ ᠶᠢ ᠢᠳᠡᠪᠬᠢᠲᠡᠶ ᠠᠬᠢᠭᠤᠯᠵᠤ᠂ ︽ᠣᠯᠠᠨ ᠦᠨᠡᠮᠯᠡᠯ ᠢ ᠨᠢᠭᠡᠤᠨᠬᠡᠬᠦ︾᠂ | ᠪᠦᠬᠦ ᠶᠠᠪᠤᠴᠠ ᠶᠢ ᠡᠯᠧᠺᠲᠷᠤᠨᠴᠢᠯᠠᠨ ᠳᠠᠩᠰᠠᠯᠠᠬᠤ ᠵᠡᠷᠭᠡ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ | ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠲᠤᠬᠢᠷᠠᠮᠵᠢᠳᠠᠢ ᠲᠦᠷᠭᠡᠨ ᠨᠡᠮᠡᠭᠳᠡᠬᠦ ᠶᠢ | ᠠᠬᠢᠭᠤᠯᠤᠨ᠎ᠠ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢᠨ ᠠᠵᠢᠯ ᠢ ᠭᠦᠨᠵᠡᠭᠡᠶ | ᠲᠦᠯᠬᠢᠨ ᠠᠬᠢᠭᠤᠯᠤᠨ᠎ᠠ᠃ ᠭᠠᠶᠢᠯᠢ ᠲᠠᠲᠠᠪᠤᠷᠢ ᠶᠢᠨ ︽ᠪᠠᠭᠤᠯᠭᠠᠬᠤ ᠬᠠᠮᠢᠶᠠᠷᠬᠤ ᠤᠶᠢᠯᠡᠴᠢᠯᠡᠬᠦ︾ | ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠵᠤ᠂ ᠭᠠᠶᠢᠯᠢ ᠬᠥᠩᠭᠡᠯᠡᠵᠦ ᠰᠤᠶᠢᠤᠨᠬᠡᠯ ᠪᠠᠭᠤᠷᠠᠭᠤᠯᠬᠤ ᠡᠯ᠎ᠡ | ᠵᠤᠶᠢᠯ ᠤᠨ ᠲᠥᠷᠥ ᠶᠢᠨ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃ ᠬᠤᠰᠢᠭᠤ ᠰᠢᠶᠠᠩ | ᠲᠣᠰᠬᠤᠨ ᠤ ᠭᠤᠷᠪᠠᠨ ᠱᠠᠲᠤᠨ ᠤ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠤᠶᠢᠯᠡᠴᠢᠯᠡᠭᠡ︾ ᠶᠢᠨ | ᠰᠢᠰᠲ᠋ᠧᠮᠵᠢ ᠶᠢᠨ ᠪᠠᠶᠢᠭᠤᠯᠤᠯᠲᠠ ᠶᠢ ᠲᠦᠷᠭᠡᠳᠬᠡᠨ ᠲᠡᠭᠦᠯᠳᠡᠷᠵᠢᠭᠦᠯᠵᠦ᠂ ᠨᠢᠭᠡ ᠴᠣᠭᠴᠠᠵᠢᠭᠤᠯᠤᠭᠰᠠᠨ ᠲᠠᠪᠴᠠᠩ ᠢ | ᠭᠦᠢᠴᠡᠤᠨ ᠠᠰᠢᠭᠯᠠᠨ᠂ ᠰᠦᠯᠵᠢᠶᠡᠨ ᠳᠡᠭᠡᠷ᠎ᠡ ᠲᠤᠬᠠᠶᠢᠯᠠᠭᠰᠠᠨ ᠠᠵᠢᠯ ᠢᠶᠠᠨ ᠭᠦᠢᠴᠡᠤᠨᠬᠡᠵᠦ᠂ ︽ᠲᠤᠭ᠎ᠠ | ᠪᠠᠷᠢᠮᠲᠠ ᠶᠢ ᠢᠯᠡᠭᠦᠤ ᠭᠦᠶᠦᠯᠭᠡᠬᠦ᠂ ᠣᠯᠠᠨ ᠲᠦᠮᠡᠨ ᠢ ᠳᠤᠲᠠᠭᠤ ᠭᠦᠶᠦᠯᠭᠡᠬᠦ︾ ᠶᠢ ᠪᠡᠶᠡᠯᠡᠭᠦᠯᠦᠨ᠎ᠡ᠃ | ︵ᠳᠣᠯᠤᠭ᠎ᠠ︶ ᠤᠭ ᠵᠤᠷᠢᠯᠳᠠ ᠪᠠᠨ ᠨᠢᠭᠡᠳᠬᠡᠨ ᠬᠠᠷᠢᠭᠤᠴᠠᠯᠭ᠎ᠠ ᠡᠭᠦᠷᠭᠡᠯᠡᠵᠦ᠂ ᠵᠠᠰᠠᠭ ᠤᠨ ᠤᠷᠳᠤᠨ ᠤ | ᠦᠢᠯᠡᠴᠢᠯᠡᠬᠦ ᠴᠢᠳᠠᠪᠤᠷᠢ ᠪᠠᠨ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ | ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠷᠠᠳ ᠲᠦᠮᠡᠨ ᠳᠤ ᠤᠶᠢᠯᠡᠴᠢᠯᠡᠬᠦ ᠦᠨᠳᠦᠰᠦᠨ ᠵᠣᠷᠢᠯᠲᠠ ᠶᠢ ᠴᠠᠭ | ᠢᠮᠠᠭᠲᠠ ᠪᠠᠲᠤ ᠴᠡᠭᠡᠵᠢᠯᠡᠵᠦ᠂ ᠠᠷᠠᠳ ᠣᠯᠠᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠢᠶᠠᠷ | ᠲᠡᠮᠡᠴᠡᠯ ᠤᠨ ᠬᠠᠷᠠᠯᠲᠠ ᠪᠠᠨ ᠪᠣᠯᠭᠠᠵᠤ᠂ ᠨᠡᠩ ᠢᠯᠡᠭᠦᠤ ᠪᠣᠳᠠᠲᠠᠶ ᠶᠢ ᠡᠷᠬᠢᠮᠯᠡᠨ ᠬᠠᠷᠢᠭᠤᠴᠠᠯᠭ᠎ᠠ ᠡᠭᠦᠷᠭᠡᠯᠡᠵᠦ᠂ | ᠠᠷᠠᠳ ᠣᠯᠠᠨ ᠤ ᠰᠡᠳᠬᠢᠯ ᠬᠠᠨᠤᠮᠵᠢᠲᠠᠶ ᠵᠠᠰᠠᠭ ᠤᠨ ᠣᠷᠳᠣᠨ ᠢ ᠴᠢᠷᠮᠠᠶᠢᠨ ᠪᠠᠶᠢᠭᠤᠯᠤᠨ᠎ᠠ᠃ | ᠰᠢᠷᠭᠠᠭᠤ ᠰᠤᠷᠤᠯᠴᠠᠵᠤ ᠴᠢᠳᠠᠮᠠᠭᠠᠶ ᠰᠡᠳᠬᠢᠬᠦ ᠶᠢ ᠪᠠᠷᠢᠮᠲᠠᠯᠠᠵᠤ᠂ ᠰᠤᠷᠤᠯᠴᠠᠬᠤ ᠬᠡᠯᠪᠡᠷᠢ ᠶᠢᠨ ᠵᠠᠰᠠᠭ ᠤᠨ | ᠤᠷᠳᠦᠨ ᠢ ᠪᠠᠶᠢᠭᠤᠯᠤᠨ᠎ᠠ᠃ ᠵᠥᠪ ᠤᠯᠤᠰ ᠲᠥᠷᠥ ᠶᠢᠨ ᠴᠢᠭᠯᠡᠯ ᠢ ᠪᠠᠷᠢᠮᠲᠠᠯᠠᠵᠤ᠂ ︽ᠳᠥᠷᠪᠡᠨ ᠤᠬᠠᠮᠰᠠᠷ︾ ᠢᠶᠠᠨ | ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ | ᠤᠶᠢᠯᠡᠳᠦᠯᠭᠡᠵᠢᠭᠦᠯᠵᠦ᠂ ᠦᠵᠡᠯ ᠰᠠᠨᠠᠭ᠎ᠠ ᠦᠢᠯᠡ ᠠᠵᠢᠯᠯᠠᠭ᠎ᠠ ᠶᠢᠨ ᠲᠠᠯ᠎ᠠ ᠪᠠᠷ ᠰᠢ ᠶᠢᠨ ᠫᠢᠩ ᠨᠥᠬᠦᠷ ᠢᠶᠠᠷ ᠭᠤᠤᠯ | ᠪᠣᠯᠭᠠᠭᠰᠠᠨ ᠨᠠᠮ ᠤᠨ ᠲᠥᠪ ᠬᠤᠷᠢᠶ᠎ᠠ ᠲᠠᠢ ᠢᠮᠠᠭᠲᠠ ᠳᠡᠭᠡᠳᠦ ᠬᠡᠮᠵᠢᠶ᠎ᠡ ᠪᠠᠷ ᠨᠢᠭᠡᠳᠦᠯᠲᠡᠶ ᠪᠠᠶᠢᠵᠤ᠂ ᠨᠠᠮ ᠤᠨ ᠪᠦᠬᠦ | ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠬᠤ ᠪᠠ ᠴᠢᠩᠭᠠᠳᠬᠠᠬᠤ ᠶᠢ ᠤᠬᠠᠮᠰᠠᠷ ᠠᠴᠠ ᠪᠠᠨ ᠵᠠᠰᠠᠭ ᠤᠨ ᠣᠷᠳᠣᠨ ᠤ | ᠠᠵᠢᠯ ᠤᠨ ᠪᠦᠬᠦ ᠶᠠᠪᠤᠴᠠ ᠳᠤ ᠲᠤᠤᠱᠯᠠᠭᠤᠯᠤᠨ᠎ᠠ᠃ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ | ᠬᠤᠷᠢᠶᠠᠨ ᠤ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ ᠠ ᠶᠢ ᠭᠦᠨᠵᠡᠭᠡᠶ ᠲᠤᠤᠱᠯᠠᠭᠤᠯᠵᠤ᠂ | ᠵᠠᠰᠠᠯᠲᠠ ᠶᠢᠨ ᠰᠢᠰᠲ᠋ᠧᠮ ᠢ ᠯᠠᠪᠳᠠᠭᠤᠨ ᠪᠠᠲᠤᠲᠠᠶ ᠠᠬᠢᠭᠤᠯᠤᠨ᠎ᠠ᠃ ︽ᠤᠭ ᠰᠠᠨᠠᠭ᠎ᠠ ᠪᠠᠨ ᠥᠯᠥ ᠮᠠᠷᠲᠠᠨ᠂ | ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠶᠢ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ | ᠪᠠᠶᠢᠭᠤᠯᠤᠯᠲᠠ ᠶᠢ ᠴᠢᠩᠭᠠᠳᠬᠠᠬᠤ ᠮᠥᠩᠬᠡ ᠶᠢᠨ ᠰᠡᠳᠦᠪ ᠪᠣᠯᠭᠠᠵᠤ᠂ ᠣᠷᠳᠣ ᠬᠤᠭᠤᠴᠠᠭᠠᠨ ᠤ ᠪᠦᠲᠦᠮᠵᠢᠲᠡᠶ | ᠲᠣᠭᠲᠠᠴᠠ ᠶᠢ ᠪᠦᠷᠢᠯᠳᠦᠭᠦᠯᠦᠨ᠎ᠡ᠃ ᠵᠠᠰᠠᠭ ᠤᠨ ᠣᠷᠳᠣᠨ ᠤ ᠰᠢᠰᠲ᠋ᠧᠮ ᠤᠨ ᠠᠵᠢᠯᠲᠠᠨ ᠤ ᠬᠠᠤᠯᠢ ᠪᠠᠷ ᠵᠠᠰᠠᠬᠤ | ᠬᠥᠮᠦᠵᠢᠯ ᠢ ᠴᠢᠩᠭᠠᠳᠬᠠᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠤ ᠠᠵᠢᠯ ᠤᠨ ᠪᠠᠶᠢᠷᠢ ᠶᠢᠨ | ᠪᠣᠯᠪᠠᠰᠤᠷᠠᠭᠤᠯᠤᠯ ᠤᠨ ᠳᠦᠷᠢᠮ ᠢ ᠲᠡᠭᠦᠯᠳᠡᠷᠵᠢᠭᠦᠯᠵᠦ᠂ ᠲᠤᠰ ᠪᠡᠶ᠎ᠡ ᠶᠢᠨ ᠬᠠᠤᠯᠢ ᠪᠠᠷ ᠵᠠᠰᠠᠬᠤ ᠬᠡᠪ ᠪᠣᠯᠪᠠᠰᠤᠷᠠᠯ | ᠪᠣᠯᠤᠨ ᠬᠠᠤᠯᠢ ᠶᠣᠰᠣᠭᠠᠷ ᠵᠠᠰᠠᠭ ᠶᠠᠪᠤᠭᠤᠯᠬᠤ ᠴᠢᠳᠠᠪᠤᠷᠢ ᠪᠠᠨ ᠲᠠᠰᠤᠷᠠᠯᠲᠠ ᠤᠢᠭᠡᠢ ᠳᠡᠭᠡᠭᠰᠢᠯᠡᠭᠦᠯᠬᠦ ᠬᠡᠷᠡᠭᠲᠡᠶ᠃ | ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠤᠨᠬᠡᠬᠦ ᠶᠢ ᠪᠠᠷᠢᠮᠲᠠᠯᠠᠵᠤ᠂ ᠬᠠᠤᠯᠢ ᠪᠠᠷ ᠵᠠᠰᠠᠬᠤ ᠬᠡᠯᠪᠡᠷᠢ | ᠶᠢᠨ ᠵᠠᠰᠠᠭ ᠤᠨ ᠣᠷᠳᠣᠨ ᠢ ᠪᠠᠶᠢᠭᠤᠯᠤᠨ᠎ᠠ᠃ ᠬᠠᠤᠯᠢ ᠪᠠᠷ ᠬᠤᠰᠢᠭᠤ ᠪᠠᠨ ᠵᠠᠰᠠᠬᠤ ᠶᠢ ᠪᠦᠬᠦ ᠲᠠᠯ᠎ᠠ ᠪᠠᠷ | ᠭᠦᠨᠵᠡᠭᠡᠶᠢᠷᠡᠭᠦᠯᠵᠦ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠴᠢᠩᠭᠠᠤᠨᠬᠠᠨ᠂ | ᠠᠷᠠᠳᠴᠢᠯᠠᠯ ᠲᠥᠪᠯᠡᠷᠡᠯ ᠤᠨ ᠶᠣᠰᠣ ᠶᠢ ᠪᠠᠷᠢᠮᠲᠠᠯᠠᠵᠤ᠂ ᠴᠢᠬᠤᠯᠠ ᠶᠡᠭᠡ ᠵᠠᠰᠠᠭ ᠵᠠᠬᠢᠷᠭᠠᠨ ᠤ ᠰᠢᠢᠤᠨᠪᠦᠷᠢᠲᠦ | ᠪᠣᠳᠣᠯᠭ᠎ᠠ ᠲᠣᠭᠲᠠᠭᠠᠬᠤ ᠳᠡᠰ ᠳᠠᠷᠠᠭᠠᠯᠠᠯ ᠤᠨ ᠲᠣᠭᠲᠠᠭᠠᠯ ᠢ ᠴᠢᠩᠭ᠎ᠠ ᠬᠡᠷᠡᠭᠵᠢᠭᠦᠯᠦᠨ᠂ ᠬᠠᠤᠯᠢ ᠶᠣᠰᠣᠭᠠᠷ | ᠰᠢᠨᠵᠢᠯᠡᠬᠦ ᠤᠬᠠᠭᠠᠨᠴᠢ ᠪᠠᠷ ᠠᠷᠠᠳᠴᠢᠯᠠᠯ ᠢᠶᠠᠷ ᠰᠢᠢᠤᠨᠪᠦᠷᠢᠲᠦ ᠪᠣᠳᠣᠯᠭ᠎ᠠ ᠲᠣᠭᠲᠠᠭᠠᠬᠤ ᠬᠢᠷᠢ ᠲᠦᠪᠰᠢᠨ ᠢ ᠤᠯᠠᠮ | ᠨᠢᠭᠡ ᠠᠯᠬᠤᠮ ᠳᠡᠭᠡᠭᠰᠢᠯᠡᠭᠦᠯᠦᠨ᠎ᠡ᠃ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠤᠯ | ᠲᠣᠭᠲᠠᠴᠠ ᠶᠢ ᠪᠦᠷᠢᠨ ᠪᠣᠯᠭᠠᠨ ᠲᠡᠭᠦᠯᠳᠡᠷᠵᠢᠭᠦᠯᠵᠦ᠂ ᠬᠠᠤᠯᠢ ᠬᠡᠷᠡᠭᠵᠢᠭᠦᠯᠬᠦ ᠭᠤᠤᠯᠳᠠᠯᠭ᠎ᠠ ᠶᠢ ᠳᠣᠷᠣᠭᠰᠢ | ᠰᠢᠯᠵᠢᠭᠦᠯᠬᠦ ᠶᠢ ᠠᠬᠢᠭᠤᠯᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠴᠢᠳᠠᠪᠤᠷᠢ ᠶᠢᠨ ᠬᠢᠷᠢ ᠬᠡᠮᠵᠢᠶ᠎ᠡ ᠶᠢ | ᠳᠡᠭᠡᠭᠰᠢᠯᠡᠭᠦᠯᠦᠨ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠠᠷᠢᠭᠤᠴᠠᠯᠭ᠎ᠠ ᠶᠢᠨ ᠳᠦᠷᠢᠮ ᠪᠣᠯᠤᠨ | ᠬᠠᠷᠢᠭᠤᠴᠠᠯᠭ᠎ᠠ ᠨᠡᠬᠡᠮᠵᠢᠯᠡᠬᠦ ᠳᠦᠷᠢᠮ ᠢ ᠨᠠᠶᠢᠳᠠᠪᠤᠷᠢᠵᠢᠭᠤᠯᠬᠤ ᠬᠡᠷᠡᠭᠲᠡᠶ᠃ ᠬᠤᠰᠢᠭᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠵᠢᠴᠢ ᠪᠠᠶᠢᠡᠭᠭᠤ ᠶᠢᠨ ᠬᠤᠷᠢᠶ᠎ᠠ ᠶᠢᠨ ᠰᠢᠢᠤᠨᠪᠦᠷᠢ ᠲᠣᠭᠲᠠᠭᠠᠯ ᠢ ᠨᠠᠷᠢᠨ | ᠬᠢᠨᠠᠮᠠᠭᠠᠶ ᠬᠡᠷᠡᠭᠵᠢᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ | ᠲᠠᠯᠪᠢᠬᠤ ᠠᠵᠢᠯ ᠤᠨ ᠬᠢᠨᠠᠯᠲᠠ᠂ ᠤᠯᠤᠰ ᠲᠥᠷᠥ ᠶᠢᠨ ᠵᠥᠪᠯᠡᠯᠭᠡᠨ ᠤ ᠠᠷᠠᠳᠴᠢᠯᠠᠯ ᠤᠨ ᠬᠢᠨᠠᠯᠲᠠ ᠪᠠ | ᠨᠡᠶᠢᠭᠡᠮ ᠤᠨ ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠰᠠᠨᠠᠯ ᠳᠤᠷᠠᠳᠤᠯᠭ᠎ᠠ ᠶᠢ | ᠴᠢᠨᠠᠷ ᠰᠠᠶᠢᠳᠠᠢ ᠰᠢᠢᠤᠨᠪᠦᠷᠢᠯᠡᠨ᠎ᠡ᠃ | ᠦᠨᠡᠨ ᠢ ᠪᠠᠷᠢᠮᠲᠠᠯᠠᠨ ᠪᠣᠳᠠᠲᠠᠶ ᠶᠢ ᠡᠷᠬᠢᠮᠯᠡᠬᠦ ᠶᠢ ᠪᠠᠷᠢᠮᠲᠠᠯᠠᠵᠤ᠂ ᠪᠣᠳᠠᠲᠠᠶ ᠠᠵᠢᠯᠯᠠᠬᠤ ᠬᠡᠯᠪᠡᠷᠢ ᠶᠢᠨ ᠵᠠᠰᠠᠭ ᠤᠨ | ᠣᠷᠳᠣᠨ ᠢ ᠪᠠᠶᠢᠭᠤᠯᠤᠨ᠎ᠠ᠃ ᠬᠥᠭᠵᠢᠯᠲᠡ ᠶᠢ ᠢᠮᠠᠭᠲᠠ ᠡᠬᠦᠷᠬᠡᠯᠡᠵᠦ᠂ ᠥᠭᠡᠷᠡᠴᠢᠯᠡᠯᠲᠡ᠂ ᠬᠦᠭᠵᠢᠯᠲᠡ᠂ | ᠲᠣᠭᠲᠠᠭᠤᠨ ᠤ ᠬᠠᠷᠢᠴᠠᠭ᠎ᠠ ᠶᠢ ᠵᠥᠪ ᠰᠠᠶᠢᠲᠤᠷ ᠰᠢᠢᠤᠨᠪᠦᠷᠢᠯᠡᠨ᠂ ᠵᠠᠰᠠᠭ ᠤᠨ ᠠᠵᠢᠯ ᠳᠤ ᠬᠤᠶᠢᠷᠭᠤᠰᠢᠬᠤ᠂ | ᠬᠠᠷᠢᠯᠴᠠᠨ ᠲᠦᠯᠬᠢᠯᠴᠡᠬᠦ᠂ ᠨᠠᠶᠢᠳᠠᠪᠤᠷᠢᠵᠢᠭᠤᠯᠬᠤ ᠳᠤ ᠬᠦᠴᠦᠨ ᠦᠭᠡᠶ ᠵᠡᠷᠭᠡ ᠦᠢᠯᠡ ᠠᠵᠢᠯᠯᠠᠭ᠎ᠠ ᠶᠢ ᠡᠷᠡᠰ | ᠵᠠᠯᠠᠷᠠᠭᠤᠯᠬᠤ ᠪᠠ ᠵᠠᠯᠬᠠᠭᠠᠨ ᠰᠢᠢᠤᠨᠬᠡᠵᠦ᠂ ᠪᠠᠶᠢᠴᠠᠭᠠᠨ ᠰᠤᠳᠤᠯᠤᠯᠲᠠ ᠬᠢᠬᠦ ᠰᠤᠷᠲᠠᠯ ᠢ ᠶᠡᠬᠡᠪᠡᠷ ᠪᠠᠳᠠᠷᠠᠭᠤᠯᠤᠨ᠂ | ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠪᠦᠬᠦ ᠬᠤᠰᠢᠭᠤᠨ ᠤ ᠠᠵᠤ ᠠᠬᠤᠶ ᠨᠡᠶᠢᠭᠡᠮ ᠤᠨ | ᠬᠥᠭᠵᠢᠯᠲᠡ ᠶᠢ ᠠᠬᠢᠭᠤᠯᠬᠤ ᠬᠠᠷᠢᠭᠤᠴᠠᠯᠭ᠎ᠠ ᠪᠠ ᠡᠭᠦᠷᠭᠡᠯᠡᠯ ᠢ ᠤᠬᠠᠮᠰᠠᠷ ᠠᠴᠠ ᠪᠠᠨ ᠡᠭᠦᠷᠭᠡᠯᠡᠬᠦ ᠬᠡᠷᠡᠭᠲᠡᠶ᠃ | ᠪᠣᠳᠠᠲᠤ ᠦᠷ᠎ᠡ ᠪᠦᠲᠦᠮᠵᠢ ᠶᠢ ᠴᠢᠬᠤᠯᠠᠴᠢᠯᠠᠬᠤ ᠢᠯᠡ ᠲᠣᠳᠣ ᠤᠳᠤᠷᠢᠳᠤᠮᠵᠢ ᠶᠢ ᠪᠠᠲᠤ ᠪᠠᠬᠢ ᠪᠣᠶ ᠪᠣᠯᠭᠠᠵᠤ᠂ | ᠬᠤᠷᠠᠯ ᠤᠨ ᠪᠢᠴᠢᠭ ᠮᠠᠲ᠋ᠧᠷᠢᠶᠠᠯ ᠢ ᠴᠣᠮᠬᠠᠳᠬᠠᠵᠤ᠂ ᠰᠢᠪᠠᠳᠠᠨ ᠪᠠᠶᠢᠴᠠᠭᠠᠬᠤ ᠪᠠᠶᠢᠴᠠᠭᠠᠯᠲᠠ ᠶᠢ ᠵᠢᠷᠤᠮᠵᠢᠭᠤᠯᠤᠨ᠂ | ᠦᠨᠳᠦᠰᠦᠨ ᠱᠠᠲᠤᠨ ᠳᠤ ᠨᠡᠩ ᠣᠯᠠᠨ ᠴᠠᠭ ᠭᠠᠷᠭᠠᠵᠤ ᠠᠵᠢᠯ ᠬᠢᠵᠦ᠂ ᠨᠠᠶᠢᠳᠠᠪᠤᠷᠢᠵᠢᠭᠤᠯᠤᠯᠲᠠ ᠶᠢ ᠠᠳᠬᠤᠬᠤ | ᠬᠡᠷᠡᠭᠲᠠᠢ᠃ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠢᠮᠠᠭᠲᠠ | ᠤᠶᠢᠯᠡᠳᠦᠯᠭᠡᠵᠢᠭᠦᠯᠵᠦ᠂ ᠵᠣᠷᠢᠯᠲᠠ ᠶᠢᠨ ᠤᠬᠠᠮᠰᠠᠷ ᠢ ᠪᠠᠬᠢᠵᠢᠬᠦᠯᠵᠦ᠂ ᠤᠶᠢᠯᠡᠴᠢᠯᠡᠭᠡᠨ ᠤ ᠴᠢᠳᠠᠪᠤᠷᠢ ᠪᠠᠨ | ᠳᠡᠭᠡᠭᠰᠢᠯᠡᠭᠦᠯᠦᠨ᠂ ᠬᠠᠶᠢᠷ᠎ᠠ ᠰᠡᠳᠬᠢᠯᠭᠡ ᠲᠠᠢ᠂ ᠬᠠᠷᠢᠭᠤᠴᠠᠯᠭ᠎ᠠ ᠲᠠᠢ ᠪᠠᠶᠢᠵᠤ᠂ ᠦᠨᠳᠦᠰᠦᠨ ᠱᠠᠲᠤ ᠪᠠ ᠣᠯᠠᠨ | ᠲᠦᠮᠡᠨ ᠤ ᠳᠤᠮᠳᠠ ᠭᠦᠨᠵᠡᠭᠡᠶᠢᠷᠡᠨ᠂ ᠦᠨᠡᠨ ᠰᠡᠳᠬᠢᠯ ᠠᠴᠠ ᠪᠠᠨ ᠣᠯᠠᠨ ᠲᠦᠮᠡᠨ ᠳᠤ ᠪᠤᠳᠠᠳᠠᠢ ᠠᠵᠢᠯ ᠬᠢᠵᠦ᠂ | ᠬᠦᠴᠢᠷ ᠠᠰᠠᠭᠤᠳᠠᠯ ᠢ ᠰᠢᠢᠤᠨᠪᠦᠷᠢᠯᠡᠨ᠂ ᠬᠥᠭᠵᠢᠯᠲᠡ ᠶᠢᠨ ᠦᠷ᠎ᠡ ᠪᠦᠲᠦᠭᠡᠯ ᠢ ᠠᠷᠠᠳ ᠲᠦᠮᠡᠨ ᠳᠤ ᠨᠡᠩ ᠣᠯᠠᠨ | ᠨᠡᠩ ᠰᠠᠶᠢᠨ ᠬᠦᠷᠲᠡᠭᠡᠨ᠎ᠡ᠃ | ᠬᠠᠷᠢᠭᠤᠴᠠᠯᠭ᠎ᠠ ᠡᠭᠦᠷᠭᠡᠯᠡᠯ ᠢ ᠪᠠᠷᠢᠮᠲᠠᠯᠠᠵᠤ᠂ ᠠᠷᠢᠭᠤᠨ ᠴᠢᠬᠡᠴᠢ ᠬᠡᠯᠪᠡᠷᠢ ᠶᠢᠨ ᠵᠠᠰᠠᠭ ᠤᠨ ᠣᠷᠳᠣᠨ ᠢ | ᠪᠠᠶᠢᠭᠤᠯᠤᠨ᠎ᠠ᠃ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠶᠢ ᠪᠠᠷᠢᠮᠲᠠᠯᠠᠵᠤ᠂ ᠨᠠᠮ ᠤᠨ ᠰᠤᠷᠲᠠᠯ ᠠᠷᠢᠭᠤᠨ | ᠴᠢᠬᠡᠴᠢ ᠪᠠᠷ ᠵᠠᠰᠠᠭ ᠪᠠᠷᠢᠬᠤ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ︽ᠨᠢᠭᠡ | ᠠᠵᠢᠯ ᠤᠨ ᠪᠠᠶᠢᠷᠢ ᠬᠤᠶᠠᠷ ᠬᠠᠷᠢᠭᠤᠴᠠᠯᠭ᠎ᠠ︾ ᠶᠢ ᠬᠢᠨᠠᠮᠠᠭᠠᠶ ᠭᠦᠢᠴᠡᠤᠨᠬᠡᠨ᠂ ᠦᠵᠡᠯ ᠤᠬᠠᠮᠰᠠᠷ ᠤᠨ ᠬᠡᠯᠪᠡᠷᠢ ᠶᠢᠨ | ᠠᠵᠢᠯ ᠢ ᠲᠤᠭ ᠲᠡᠮᠳᠡᠭ ᠲᠣᠳᠣᠷᠬᠠᠶ ᠪᠠᠷ ᠰᠠᠶᠢᠲᠤᠷ ᠠᠳᠬᠤᠵᠤ᠂ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ | ᠰᠤᠷᠲᠠᠯ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠤᠨ ᠢᠯᠵᠠᠷᠠᠯ ᠢ ᠡᠰᠡᠷᠭᠦᠴᠡᠬᠦ ᠲᠡᠮᠡᠴᠡᠯ ᠢ | ᠭᠦᠨᠵᠡᠭᠡᠶ ᠠᠬᠢᠭᠤᠯᠤᠨ᠎ᠠ᠃ ᠲᠥᠪ ᠬᠤᠷᠢᠶᠠᠨ ᠤ ᠨᠠᠢᠮᠠᠨ ᠵᠤᠷᠪᠤᠰ ᠲᠣᠭᠲᠠᠭᠠᠯ ᠢ ᠴᠢᠩᠭ᠎ᠠ ᠨᠠᠶᠢᠳᠠᠪᠤᠷᠢᠵᠢᠭᠤᠯᠵᠤ᠂ | ︽ᠲᠦᠷᠪᠡᠨ ᠰᠤᠷᠲᠠᠯ︾ ᠶᠢ ᠴᠢᠩᠭ᠎ᠠ ᠰᠡᠷᠭᠡᠶᠢᠯᠡᠨ᠂ ᠢᠯᠵᠠᠷᠠᠯ ᠢ ᠡᠰᠡᠷᠭᠦᠴᠡᠨ ᠠᠷᠢᠭᠤᠨ ᠴᠢᠬᠡᠴᠢ ᠶᠢ ᠡᠷᠬᠢᠮᠯᠡᠬᠦ ᠶᠢ | ᠡᠷᠡᠰ ᠭᠤᠶᠢᠪᠢᠰᠢ ᠦᠭᠡᠶ ᠪᠠᠷ ᠭᠦᠨᠵᠡᠭᠡᠶᠢᠷᠡᠭᠦᠯᠬᠦ ᠬᠡᠷᠡᠭᠲᠡᠶ᠃ ᠠᠷᠢᠭᠤᠨ ᠴᠢᠬᠡᠴᠢ ᠪᠠᠷ ᠵᠠᠰᠠᠭ ᠪᠠᠷᠢᠬᠤ ᠠᠶᠤᠯ | ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ ᠴᠢᠩᠭᠠᠤᠨᠬᠠᠵᠤ᠂ ᠵᠠᠰᠠᠭ ᠤᠨ ᠣᠷᠳᠣᠨ ᠤ ᠪᠡᠯᠡ ᠮᠥᠩᠭᠦ ᠪᠠ ᠲᠥᠷᠥᠯ | ᠵᠤᠶᠢᠯ ᠤᠨ ᠬᠠᠮᠢᠶᠠᠷᠤᠯᠲᠠ ᠶᠢ ᠲᠦᠷᠢᠮᠵᠢᠬᠦᠯᠦᠨ᠂ ᠬᠢᠨᠠᠨ ᠪᠤᠳᠤᠵᠤ ᠬᠢᠨᠠᠯᠲᠠ ᠲᠠᠯᠪᠢᠬᠤ᠂ ᠡᠳ᠋ ᠤᠨ ᠵᠠᠰᠠᠭ ᠤᠨ | ᠬᠢᠨᠠᠯᠲᠠ ᠬᠠᠮᠢᠶᠠᠷᠤᠯᠲᠠ ᠪᠠ ᠪᠡᠯᠡ ᠣᠷᠣᠭᠤᠯᠤᠯᠲᠠ ᠶᠢᠨ ᠲᠥᠷᠥᠯ ᠵᠤᠶᠢᠯ ᠤᠨ ᠠᠶᠤᠯ ᠲᠦᠭᠰᠢᠭᠦᠷᠢ ᠶᠢ ᠦᠨᠡᠯᠡᠨ | ᠵᠢᠱᠢᠬᠦ ᠶᠢ ᠴᠢᠩᠭᠠᠤᠨᠬᠠᠨ᠎ᠠ᠃ ︽ᠠᠷᠪᠢᠯᠠᠨ ᠭᠠᠮᠨᠠᠬᠤ︾ ᠦᠵᠡᠯ ᠰᠠᠨᠠᠭ᠎ᠠ ᠶᠢ ᠪᠠᠲᠤ ᠪᠠᠬᠢ ᠪᠣᠶ ᠪᠣᠯᠭᠠᠵᠤ᠂ | ᠠᠵᠢᠯᠴᠢ ᠠᠷᠪᠢᠴᠢ ᠪᠠᠷ ᠠᠷᠪᠢᠯᠠᠨ ᠭᠠᠮᠨᠠᠬᠤ ᠶᠢ ᠴᠢᠩᠭ᠎ᠠ ᠬᠡᠷᠡᠭᠵᠢᠭᠦᠯᠦᠨ᠂ ︽ᠭᠤᠷᠪᠠᠨ ᠵᠤᠶᠢᠯ ᠤᠨ ᠠᠯᠪᠠᠨ ᠤ | ᠵᠠᠷᠤᠳᠠᠯ︾ ᠤᠨ ᠵᠠᠷᠤᠯᠭ᠎ᠠ ᠶᠢ ᠴᠢᠩᠭ᠎ᠠ ᠬᠢᠵᠠᠭᠠᠷᠯᠠᠨ᠎ᠠ᠃ ᠰᠤᠷᠲᠠᠯ ᠢ ᠲᠥᠪ ᠪᠣᠯᠭᠠᠨ ᠰᠠᠬᠢᠯᠭ᠎ᠠ ᠪᠠᠲᠤ ᠶᠢ | ᠴᠢᠩᠳᠠᠯᠠᠵᠤ᠂ ᠣᠯᠠᠨ ᠲᠦᠮᠡᠨ ᠤ ᠠᠰᠢᠭ ᠲᠤᠰᠠ ᠶᠢ ᠬᠤᠬᠢᠷᠠᠭᠤᠯᠬᠤ ᠲᠥᠪ ᠪᠤᠰᠤ ᠰᠤᠷᠲᠠᠯ ᠢ ᠡᠷᠡᠰ ᠵᠠᠯᠠᠷᠠᠭᠤᠯᠤᠨ | ᠂ ᠪᠣᠳᠠᠲᠠᠶ ᠠᠵᠢᠯᠯᠠᠬᠤ ᠪᠠᠷ ᠲᠥᠪ ᠰᠤᠷᠲᠠᠯ ᠢ ᠳᠠᠭᠠᠭᠤᠯᠵᠤ᠂ ᠠᠷᠢᠭᠤᠨ ᠴᠢᠬᠡᠴᠢ ᠳᠦᠷᠢ ᠲᠥᠷᠬᠦ ᠶᠢ ᠪᠣᠶ ᠪᠣᠯᠭᠠᠬᠤ | ᠬᠡᠷᠡᠭᠲᠡᠶ᠃ | ᠲᠥᠯᠥᠭᠡᠯᠡᠭᠴᠢᠳ ᠡ᠂ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ | ᠲᠣᠭᠤᠷᠢᠨ ᠳᠤ ᠨᠢᠭᠲᠠᠷᠠᠨ ᠪᠦᠯᠬᠦᠮᠳᠡᠵᠦ᠂ ᠬᠤᠰᠢᠭᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ | ᠳᠣᠣᠷ᠎ᠠ᠂ ᠬᠤᠰᠢᠭᠤᠨ ᠤ ᠠᠷᠠᠳ ᠤᠨ ᠲᠦᠯᠦᠭᠡᠯᠡᠭᠴᠢᠤᠨ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠤ | ᠬᠢᠨᠠᠯᠲᠠ ᠳᠡᠮᠵᠢᠯᠭᠡ ᠳᠣᠣᠷ᠎ᠠ᠂ ᠰᠡᠳᠬᠢᠯ ᠢᠶᠠᠨ ᠨᠢᠭᠲᠠᠷᠠᠭᠤᠯᠤᠨ ᠬᠦᠴᠦᠨ ᠢᠶᠠᠨ ᠬᠠᠮᠲᠤᠳᠬᠠᠵᠤ᠂ ᠦᠨᠡᠨ ᠬᠦ | ᠪᠣᠳᠠᠲᠠᠶ ᠠᠵᠢᠯᠯᠠᠨ᠂ ᠡᠷᠡᠮᠡᠬᠡᠶᠢᠯᠡᠨ ᠤᠷᠤᠭᠰᠢᠯᠠᠵᠤ᠂ ᠪᠦᠬᠦ ᠬᠤᠰᠢᠭᠤᠨ ᠤ ᠴᠢᠨᠠᠷ ᠰᠠᠶᠢᠲᠠᠶ ᠬᠥᠭᠵᠢᠯᠲᠡ ᠶᠢ | ᠠᠬᠢᠭᠤᠯᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠠᠭᠤᠤ ᠶᠡᠭᠡ ᠢᠯᠠᠯᠲᠠ ᠶᠢ ᠲᠡᠮᠡᠴᠡᠨ | ᠣᠯᠬᠤ ᠶᠢᠨ ᠲᠥᠯᠥᠭᠡ ᠴᠢᠷᠮᠠᠶᠢᠨ ᠲᠡᠮᠡᠴᠡᠵᠡᠭᠡᠶ᠎ᠡ︕ | | | ᠬᠤᠰᠢᠭᠤᠨ ᠤ ᠵᠠᠰᠠᠭ ᠤᠨ ᠤᠷᠳᠤᠨ ᠤ ᠠᠯᠪᠠᠨ ᠬᠡᠷ ᠤᠨ ᠤᠷᠴᠢᠭᠤᠯᠭ᠎ᠠ ᠶᠢᠨ ᠰᠠᠯᠠᠭ᠎ᠠ ᠠᠴᠠ | ᠤᠷᠴᠢᠭᠤᠯᠤᠨ ᠲᠡᠪᠰᠢᠬᠦᠯᠪᠠ |