ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠤᠨ ᠲᠤᠬᠠᠢ | —— ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠳᠤ ᠡᠷᠡᠰ | ᠢᠯᠠᠯᠳᠠ ᠤᠯᠵᠤ᠂ ᠲᠤᠭᠳᠠᠭᠰᠠᠨ ᠬᠤᠭᠤᠴᠠᠭ᠎ᠠ ᠶᠤᠰᠤᠭᠠᠷ ᠬᠠᠷᠠᠯᠳᠠ ᠡᠭᠦᠷᠭᠡ ᠪᠠᠨ ᠪᠦᠬᠦ ᠲᠠᠯ᠎ᠠ ᠪᠠᠷ ᠪᠡᠶᠡᠯᠡᠭᠦᠯᠬᠦ | ᠶᠢ ᠦᠨᠡᠨ ᠬᠦ ᠪᠠᠳᠤᠯᠠᠨ᠎ᠠ | ᠨᠢᠭᠡ᠂ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠤᠨ ᠬᠠᠷᠢᠭᠤᠴᠠᠯᠭ᠎ᠠ ᠶᠢᠨ | ᠨᠠᠶᠢᠳᠠᠪᠤᠷᠢᠵᠢᠭᠤᠯᠤᠯᠳᠠ ᠶᠢ ᠴᠢᠩᠭᠠᠳᠬᠠᠨ᠎ᠠ᠃ ᠦᠪᠡᠷᠳᠡᠭᠡᠨ ᠵᠠᠰᠠᠬᠤ ᠤᠷᠤᠨ ᠶᠡᠷᠦᠩᠭᠡᠢ ᠬᠠᠷᠢᠭᠤᠴᠠᠯᠭ᠎ᠠ | ᠡᠭᠦᠷᠭᠡᠯᠡᠵᠤ᠂ ᠠᠶᠢᠮᠠᠭ ᠬᠤᠳᠠ᠂ ᠬᠤᠰᠢᠭᠤ ᠰᠢᠶᠠᠨ ᠨᠠᠶᠢᠳᠠᠪᠤᠷᠢᠵᠢᠭᠤᠯᠤᠯᠳᠠ ᠶᠢ ᠠᠳᠬᠤᠬᠤ ᠠᠵᠢᠯ ᠤᠨ | ᠲᠤᠭᠳᠠᠴᠠ ᠶᠢ ᠨᠠᠶᠢᠳᠠᠪᠤᠷᠢᠵᠢᠭᠤᠯᠤᠨ᠂ ᠲᠠᠪᠤᠨ ᠱᠠᠳᠤᠨ ᠤ ᠱᠦᠵᠢ ᠬᠠᠮᠳᠤ ᠪᠠᠷ ᠠᠳᠬᠤᠬᠤ ᠶᠢ ᠪᠠᠷᠢᠮᠳᠠᠯᠠᠵᠤ᠂ | ᠬᠤᠰᠢᠭᠤ ᠰᠢᠶᠠᠨ ᠤ ᠭᠤᠤᠯ ᠴᠤᠭᠴᠠ ᠶᠢᠨ ᠬᠠᠷᠢᠭᠤᠴᠠᠯᠭ᠎ᠠ ᠪᠤᠯᠤᠨ ᠰᠤᠮᠤ ᠰᠢᠶᠠᠩ ᠪᠠᠯᠭᠠᠰᠤᠨ ᠤ ᠲᠤᠳᠤᠷᠬᠠᠢ | ᠬᠠᠷᠢᠭᠤᠴᠠᠯᠭ᠎ᠠ ᠶᠢ ᠪᠤᠳᠠᠳᠠᠶᠢᠵᠢᠭᠤᠯᠵᠤ᠂ ᠴᠢᠬᠤᠯᠠᠴᠢᠯᠠᠬᠤ ᠬᠡᠮᠵᠢᠶ᠎ᠡ ᠪᠠᠨ ᠪᠠᠭᠤᠷᠠᠭᠤᠯᠬᠤ ᠦᠭᠡᠢ᠂ ᠤᠷᠤᠭᠤᠯᠤᠯᠳᠠ | ᠶᠢᠨ ᠡᠷᠴᠢᠮ ᠢᠶᠠᠨ ᠪᠠᠭᠤᠷᠠᠭᠤᠯᠬᠤ ᠦᠭᠡᠢ᠂ ᠠᠵᠢᠯ ᠤᠨ ᠡᠷᠴᠢᠮ ᠢᠶᠠᠷ ᠪᠠᠭᠤᠷᠠᠭᠤᠯᠬᠤ ᠦᠭᠡᠢ᠂ ᠶᠠᠳᠠᠭᠤ ᠠᠴᠠ | ᠠᠩᠭᠢᠵᠢᠷᠠᠭᠤᠯᠬᠤ ᠶᠠᠰᠤ ᠴᠢᠨᠠᠷ ᠢ ᠪᠠᠭᠤᠷᠠᠭᠤᠯᠬᠤ ᠦᠭᠡᠢ ᠪᠠᠶᠢᠬᠤ ᠬᠡᠷᠡᠭᠳᠠᠢ᠃ ᠶᠠᠳᠠᠭᠤ ᠠᠴᠠ ᠠᠩᠬᠢᠵᠢᠷᠠᠭᠤᠯᠬᠤ | ᠭᠤᠤᠯᠳᠠᠯᠭ᠎ᠠ ᠲᠠᠢ ᠠᠵᠢᠯ ᠤᠨ ᠲᠤᠰᠬᠠᠢ ᠬᠢᠨᠠᠨ ᠵᠢᠯᠤᠭᠤᠳᠬᠤ ᠲᠤᠭᠤᠶᠢᠠᠯᠩ ᠪᠠᠶᠢᠭᠤᠯᠵᠤ᠂ ᠶᠠᠳᠠᠭᠤ ᠠᠴᠠ | ᠠᠩᠭᠢᠵᠢᠷᠠᠭᠤᠯᠬᠤ ᠪᠤᠭᠤᠮᠳᠠ ᠰᠢᠪᠳᠤᠯᠬᠤ ᠭᠤᠤᠯᠳᠠᠯᠭ᠎ᠠ ᠲᠠᠢ ᠪᠡᠷᠭᠡ ᠠᠵᠢᠯ ᠢ ᠨᠡᠷ᠎ᠡ ᠨᠡᠶᠢᠳᠡᠯᠡᠨ ᠱᠠᠭᠠᠷᠳᠠᠨ | ᠵᠢᠯᠤᠭᠤᠳᠤᠨ᠎ᠠ᠃ ᠨᠠᠮ ᠤᠨ ᠪᠠᠶᠢᠭᠤᠯᠤᠯᠳᠠ ᠶᠢ ᠠᠳᠬᠤᠵᠤ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ | ᠰᠢᠪᠳᠤᠯᠬᠤ ᠠᠵᠢᠯ ᠢ ᠬᠦᠨᠵᠡᠭᠡᠢ ᠠᠬᠢᠭᠤᠯᠤᠨ᠎ᠠ᠃ ᠲᠦᠪ ᠤᠨ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ | ᠰᠢᠪᠳᠤᠯᠬᠤ ᠠᠵᠢᠯ ᠤᠨ ᠲᠤᠰᠬᠠᠢ ᠲᠤᠭᠤᠷᠢᠨ ᠪᠠᠶᠢᠴᠠᠭᠠᠯᠳᠠ ᠶᠢᠨ ︽ᠡᠷᠬᠢᠨ ᠬᠠᠷᠠᠬᠤ︾ ᠪᠠ ᠶᠠᠳᠠᠭᠤ ᠶᠢ | ᠲᠡᠳᠬᠦᠵᠤ ᠨᠡᠭᠡᠭᠡᠨ ᠬᠦᠭᠵᠢᠭᠦᠯᠦᠭᠰᠡᠨ ᠦᠷ᠎ᠡ ᠪᠦᠳᠦᠮᠵᠢ ᠶᠢ ᠬᠢᠨᠠᠨ ᠰᠢᠯᠭᠠᠵᠤ ᠬᠠᠷᠢᠭᠤ ᠲᠤᠰᠬᠠᠭᠰᠠᠨ ᠰᠠᠨᠠᠯ ᠢ | ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠠᠵᠢᠯ ᠢ ᠰᠠᠶᠢᠳᠤᠷ ᠬᠢᠨ᠎ᠡ᠃ | ᠬᠤᠶᠠᠷ᠂ ᠶᠠᠳᠠᠭᠤ ᠠᠴᠠ ᠠᠩᠬᠢᠵᠢᠷᠠᠭᠤᠯᠬᠤ ᠡᠭᠦᠷᠭᠡ ᠶᠢ ᠪᠦᠬᠦ ᠲᠠᠯ᠎ᠠ ᠪᠠᠷ ᠪᠡᠶᠡᠯᠡᠭᠦᠯᠦᠨ᠎ᠡ᠃ ᠤᠨᠤᠪᠴᠢᠳᠠᠢ | ᠪᠠᠷ ᠶᠠᠳᠠᠭᠤ ᠶᠢ ᠲᠡᠳᠬᠦᠬᠦ ᠶᠢ ᠪᠠᠷᠢᠮᠳᠠᠯᠠᠵᠤ᠂ ᠦᠯᠡᠳᠡᠭᠰᠡ 1.6 ᠲᠦᠮᠡᠨ ᠶᠠᠳᠠᠭᠤ ᠬᠦᠴᠢᠷᠳᠡᠯᠳᠠᠢ ᠬᠦᠮᠦᠨ ᠠᠮᠠ | ᠪᠠ ᠰᠢᠨ᠎ᠡ ᠪᠠᠷ ᠶᠠᠳᠠᠭᠤᠷᠠᠭᠰᠠᠨ᠂ ᠲᠠᠬᠢᠨ ᠶᠠᠳᠠᠭᠤᠷᠠᠭᠰᠠᠨ ᠬᠦᠮᠦᠨ ᠠᠮᠠ ᠶᠢ ᠶᠠᠳᠠᠭᠤ ᠠᠴᠠ ᠠᠩᠭᠢᠵᠢᠷᠠᠭᠤᠯᠬᠤ | ᠡᠭᠦᠷᠭᠡ ᠶᠢ ᠪᠡᠶᠡᠯᠡᠭᠦᠯᠵᠤ᠂ ᠤᠯᠤᠰ ᠤᠨ ᠲᠡᠰ ᠤᠨ ᠶᠠᠳᠠᠭᠤ ᠬᠦᠴᠢᠷᠳᠡᠯᠳᠠᠢ ᠬᠤᠰᠢᠭᠤ ᠰᠢᠶᠠᠨ ᠢ ᠪᠦᠬᠦᠨ ᠢ | ᠶᠠᠳᠠᠭᠤ ᠠᠴᠠ ᠠᠩᠭᠢᠵᠢᠷᠠᠭᠤᠯᠬᠤ ᠶᠢ ᠪᠠᠳᠤᠯᠠᠵᠤ᠂ ︽ᠬᠤᠶᠠᠷ ᠲᠤ ᠵᠤᠪᠠᠭ᠋ᠤ ᠦᠭᠡᠢ ᠭᠤᠷᠪᠠ ᠶᠢ ᠪᠠᠳᠤᠯᠠᠬᠤ︾ ᠶᠢᠨ | ᠲᠤᠭᠳᠠᠭᠤᠨ ᠢᠶᠠᠷ ᠪᠡᠶᠡᠯᠡᠭᠦᠯᠦᠨ᠎ᠡ᠃ ᠤᠨᠴᠠᠭᠠᠢ ᠶᠠᠳᠠᠭᠤ ᠬᠦᠴᠢᠷᠳᠡᠯᠳᠠᠢ ᠬᠦᠮᠦᠰ ᠤᠨ ᠦᠨᠳᠦᠰᠦᠨ ᠡᠮᠴᠢᠯᠡᠭᠡᠨ ᠤ | ᠲᠠᠭᠠᠳᠬᠠᠯ᠂ ᠬᠦᠨᠳᠦ ᠡᠪᠡᠳᠴᠢᠨ ᠤ ᠲᠠᠭᠠᠳᠬᠠᠯ᠂ ᠡᠮᠴᠢᠯᠡᠭᠡᠨ ᠤ ᠠᠪᠤᠷᠠᠨ ᠲᠤᠰᠠᠯᠠᠯᠳᠠ᠂ ᠨᠡᠶᠢᠭᠡᠮ ᠤᠨ | ᠪᠠᠳᠤᠯᠠᠭ᠎ᠠ᠂ ᠶᠠᠳᠠᠭᠤᠷᠠᠬᠤ ᠠᠴᠠ ᠰᠡᠷᠭᠡᠶᠢᠯᠡᠬᠦ ᠲᠠᠭᠠᠳᠬᠠᠯ ᠵᠡᠷᠭᠡ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠤ | ᠂ ᠤᠯᠠᠨ ᠲᠡᠰ ᠲᠠᠪᠬᠤᠷᠭ᠎ᠠ᠂ ᠬᠠᠮ ᠬᠡᠯᠪᠡᠷᠢ ᠶᠢᠨ ᠶᠠᠳᠠᠭᠤᠷᠠᠬᠤ ᠠᠴᠠ ᠰᠡᠷᠭᠡᠶᠢᠯᠡᠬᠦ ᠪᠠᠳᠤᠯᠠᠭ᠎ᠠ ᠶᠢᠨ ᠲᠤᠭᠳᠠᠯᠴᠠᠭ᠎ᠠ | ᠶᠢ ᠪᠠᠶᠢᠭᠤᠯᠤᠨ᠎ᠠ᠃ ᠬᠤᠳᠠ ᠬᠦᠳᠡᠭᠡ ᠶᠢᠨ ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠤᠨ ᠨᠡᠮᠡᠭᠳᠡᠯ | ᠬᠠᠰᠤᠭᠳᠠᠯ ᠢ ᠬᠤᠯᠪᠤᠭᠳᠠᠭᠤᠯᠬᠤ᠂ ᠶᠠᠳᠠᠭᠤ ᠶᠢ ᠲᠡᠳᠬᠦᠬᠦ ᠪᠠᠭ᠎ᠠ ᠲᠤᠭᠠᠨ ᠤ ᠢᠳᠡᠭᠡᠮᠵᠢᠳᠦ ᠵᠢᠭᠡᠯᠡᠯᠭᠡ ᠵᠡᠷᠭᠡ | ᠲᠡᠮᠵᠢᠯᠭᠡ ᠶᠢᠨ ᠲᠦᠷᠦ ᠶᠢᠨ ᠪᠤᠳᠤᠯᠭ᠎ᠠ ᠶᠢ ᠰᠢᠯᠢᠳᠡᠭᠵᠢᠭᠦᠯᠦᠨ᠎ᠡ᠃ ᠰᠢᠯᠭᠠᠨ ᠬᠢᠨᠠᠵᠤ ᠪᠠᠶᠢᠴᠠᠭᠠᠨ ᠬᠤᠷᠢᠶᠠᠬᠤ | ᠠᠵᠢᠯ ᠢ ᠰᠠᠶᠢᠳᠤᠷ ᠬᠢᠵᠤ᠂ ᠶᠠᠳᠠᠭᠤ ᠠᠴᠠ ᠭᠠᠷᠬᠤ ᠪᠠᠷᠢᠮᠵᠢᠶ᠎ᠠ ᠪᠠ ᠵᠢᠷᠤᠮ ᠲᠠᠷᠠᠭᠠᠯᠠᠯ ᠢ ᠴᠢᠩᠭ᠎ᠠ ᠬᠡᠷᠡᠭᠵᠢᠭᠦᠯᠵᠤ᠂ | ᠲᠤᠭ᠎ᠠ ᠪᠠᠷ ᠶᠠᠳᠠᠭᠤ ᠠᠴᠠ ᠠᠩᠭᠢᠵᠢᠷᠠᠭᠤᠯᠬᠤ᠂ ᠬᠤᠳᠠᠯ ᠬᠠᠭᠤᠷᠮᠠᠭ ᠢᠶᠠᠷ ᠶᠠᠳᠠᠭᠤ ᠠᠴᠠ ᠠᠩᠭᠢᠵᠢᠷᠠᠭᠤᠯᠬᠤ ᠶᠢ | ᠡᠷᠡᠰ ᠬᠤᠷᠢᠭᠯᠠᠨ᠎ᠠ᠃ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠤᠬᠠᠭᠤᠯᠭ᠎ᠠ ᠶᠢᠨ ᠠᠵᠢᠯ ᠢ | ᠯᠠᠪᠳᠠᠭᠤᠨ ᠪᠠᠳᠤᠳᠠᠢ ᠰᠠᠶᠢᠳᠤᠷ ᠬᠢᠵᠤ᠂ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠤᠨ | ᠠᠮᠵᠢᠯᠳᠠ ᠪᠦᠳᠦᠮᠵᠢ ᠶᠢ ᠶᠡᠭᠡ ᠪᠠᠷ ᠤᠬᠠᠭᠤᠯᠵᠤ᠂ ᠲᠡᠷᠢᠭᠦᠨ ᠤ ᠨᠡᠶᠢᠳᠡᠯᠢᠭ ᠵᠢᠱᠢᠶ᠎ᠡ ᠶᠢ ᠲᠡᠯᠭᠡᠷᠡᠭᠦᠯᠵᠤ᠂ ᠰᠠᠶᠢᠨ | ᠰᠠᠶᠢᠬᠠᠨ ᠠᠭᠤᠷ ᠠᠮᠢᠰᠬᠤᠯ ᠢ ᠪᠤᠢ ᠪᠤᠯᠭᠠᠨ᠎ᠠ᠃ | ᠭᠤᠷᠪᠠ᠂ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠦᠷ᠎ᠡ ᠪᠦᠳᠦᠭᠡᠯ ᠢ ᠪᠠᠬᠢᠵᠢᠭᠦᠯᠦᠨ᠎ᠡ᠃ | ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠤᠨ ︽ᠡᠷᠬᠢᠨ ᠬᠠᠷᠠᠬᠤ︾ ᠠᠵᠢᠯᠯᠠᠭ᠎ᠠ ᠶᠢ | ᠯᠠᠪᠳᠠᠭᠤᠨ ᠪᠠᠳᠤᠳᠠᠢ ᠰᠠᠶᠢᠳᠤᠷ ᠬᠢᠵᠤ᠂ ︽ᠭᠤᠷᠪᠠ ᠶᠢ ᠨᠠᠶᠢᠳᠠᠪᠤᠷᠢᠵᠢᠭᠤᠯᠬᠤ︾ ︽ᠭᠤᠷᠪᠠ ᠶᠢ ᠤᠨᠤᠪᠴᠢᠳᠠᠢ | ᠪᠠᠶᠢᠯᠭᠠᠬᠤ︾ ︽ᠭᠤᠷᠪᠠ ᠶᠢ ᠪᠠᠳᠤᠯᠠᠬᠤ︾ ᠵᠡᠷᠭᠡ ᠲᠠᠯ᠎ᠠ ᠶᠢᠨ ᠲᠤᠳᠠᠭᠤᠳᠠᠯ ᠢ ᠨᠦᠬᠦᠪᠦᠷᠢᠯᠡᠨ᠎ᠡ᠃ ᠶᠠᠳᠠᠭᠤ ᠠᠴᠠ | ᠠᠩᠭᠢᠵᠢᠷᠠᠭᠤᠯᠬᠤ ᠪᠤᠭᠤᠮᠳᠠ ᠰᠢᠪᠳᠤᠯᠬᠤ ᠨᠡᠶᠢᠳᠡᠮ ᠤᠨ ᠪᠠᠶᠢᠴᠠᠭᠠᠯᠳᠠ ᠶᠢ ᠦᠷᠨᠢᠭᠦᠯᠵᠤ᠂ ᠲᠠᠩᠰᠠ ᠺᠠᠷᠲ ᠲᠠᠢ | ᠶᠠᠳᠠᠭᠤ ᠬᠦᠴᠢᠷᠳᠡᠯᠳᠠᠢ ᠡᠷᠦᠭᠡ ᠶᠢᠨ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠲᠠᠩᠰᠠ ᠡᠪᠬᠡᠮᠡᠯ ᠢ | ᠲᠡᠭᠦᠯᠳᠡᠷᠵᠢᠭᠦᠯᠦᠨ᠎ᠡ᠃ ᠲᠠᠬᠢᠨ ᠶᠠᠳᠠᠭᠤᠷᠠᠬᠤ ᠪᠠ ᠶᠠᠳᠠᠭᠤᠷᠠᠬᠤ ᠶᠢ ᠬᠢᠨᠠᠨ ᠬᠡᠮᠵᠢᠵᠤ ᠤᠷᠢᠳᠴᠢᠯᠠᠨ ᠰᠡᠷᠡᠮᠵᠢᠯᠡᠭᠦᠯᠬᠦ | ᠲᠤᠭᠳᠠᠴᠠ ᠶᠢ ᠪᠦᠷᠢᠨᠰᠢᠭᠦᠯᠵᠤ᠂ ᠶᠠᠳᠠᠭᠤ ᠠᠴᠠ ᠠᠩᠭᠢᠵᠢᠷᠠᠭᠰᠠᠨ ᠲᠤᠭᠳᠠᠪᠤᠷᠢᠳᠠᠢ ᠪᠤᠰᠤ ᠡᠷᠦᠭᠡ᠂ ᠵᠠᠬ᠎ᠠ ᠬᠢᠵᠠᠭᠠᠷ | ᠤᠨ ᠡᠷᠦᠭᠡ ᠶᠢ ᠬᠦᠳᠡᠯᠦᠩᠭᠦᠢ ᠪᠠᠷ ᠢᠯᠭᠠᠨ ᠲᠠᠨᠢᠬᠤ ᠪᠠᠨ ᠴᠢᠩᠭᠠᠳᠬᠠᠵᠤ᠂ ᠲᠠᠬᠢᠨ ᠶᠠᠳᠠᠭᠤᠷᠠᠭᠰᠠᠨ ᠬᠦᠮᠦᠨ ᠠᠮᠠ | ᠪᠤᠯᠤᠨ ᠰᠢᠨ᠎ᠡ ᠪᠠᠷ ᠪᠤᠢ ᠪᠤᠯᠤᠭᠰᠠᠨ ᠶᠠᠳᠠᠭᠤ ᠬᠦᠴᠢᠷᠳᠡᠯᠳᠠᠢ ᠬᠦᠮᠦᠨ ᠠᠮᠠ ᠶᠢ ᠴᠠᠭ ᠲᠤᠬᠠᠢ ᠳᠤᠨᠢ ᠬᠠᠪᠰᠤᠷᠤᠨ | ᠲᠡᠳᠬᠦᠬᠦ ᠬᠡᠪᠴᠢᠶᠡᠨ ᠳᠤ ᠤᠷᠤᠭᠤᠯᠤᠨ᠎ᠠ᠃ ᠠᠵᠤ ᠦᠢᠯᠡᠰ ᠢᠶᠠᠷ ᠶᠠᠳᠠᠭᠤ ᠶᠢ ᠲᠡᠳᠬᠦᠬᠦ᠂ ᠠᠵᠢᠯ ᠤᠯᠭᠤᠯᠳᠠ ᠪᠠᠷ | ᠶᠠᠳᠠᠭᠤ ᠶᠢ ᠲᠡᠳᠬᠦᠬᠦ ᠶᠢ ᠴᠢᠩᠭᠠᠳᠬᠠᠵᠤ᠂ ᠬᠡᠷᠡᠭᠯᠡᠭᠡ ᠪᠠᠷ ᠶᠠᠳᠠᠭᠤ ᠶᠢ ᠲᠡᠳᠬᠦᠬᠦ ᠶᠢ ᠶᠡᠭᠡ ᠪᠠᠷ ᠦᠷᠨᠢᠭᠦᠯᠵᠤ᠂ | ᠤᠨᠳᠤᠤ ᠭᠠᠵᠠᠷ ᠲᠤ ᠨᠡᠭᠦᠯᠭᠡᠨ ᠶᠠᠳᠠᠭᠤ ᠶᠢ ᠲᠡᠳᠬᠦᠭᠰᠡᠨ ᠤ ᠲᠠᠷᠠᠭᠠᠬᠢ ᠦᠷᠭᠦᠯᠵᠢᠯᠡᠨ ᠲᠡᠳᠬᠦᠬᠦ ᠡᠷᠴᠢᠮ ᠢ | ᠴᠢᠩᠭᠠᠷᠠᠭᠤᠯᠤᠨ᠎ᠠ᠃ ᠡᠷᠴᠢ ᠵᠤᠷᠢᠭ ᠤᠶᠤᠨ ᠤᠬᠠᠭᠠᠨ ᠢ ᠨᠢ ᠲᠡᠳᠬᠦᠬᠦ ᠶᠢ ᠬᠦᠨᠵᠡᠭᠡᠶᠢᠷᠡᠭᠦᠯᠵᠤ᠂ ᠶᠠᠳᠠᠭᠤ | ᠬᠦᠴᠢᠷᠳᠡᠯᠳᠠᠢ ᠬᠦᠮᠦᠨ ᠠᠮᠠ ᠶᠢᠨ ᠲᠤᠳᠤᠭᠠᠳᠤ ᠬᠦᠳᠡᠯᠭᠡᠬᠦ ᠬᠦᠴᠦᠨ ᠢ ᠨᠢ ᠤᠷᠠᠮᠰᠢᠭᠤᠯᠤᠨ ᠬᠦᠭᠵᠢᠭᠡᠨ᠎ᠡ᠃ | ᠪᠠᠶᠢᠩᠭᠤ ᠶᠢᠨ ᠴᠢᠨᠠᠷᠳᠠᠢ ᠬᠢᠨᠠᠨ ᠵᠢᠯᠤᠭᠤᠳᠬᠤ ᠪᠠᠨ ᠴᠢᠩᠭᠠᠳᠬᠠᠵᠤ᠂ ᠤᠯᠵᠤ ᠮᠡᠳᠡᠭᠰᠡᠨ ᠠᠰᠠᠭᠤᠳᠠᠯ ᠢ ᠴᠠᠭ | ᠲᠤᠬᠠᠢ ᠳᠤᠨᠢ ᠰᠢᠢᠳᠪᠦᠷᠢᠯᠡᠨ᠎ᠡ᠃ | ᠲᠦᠷᠪᠡ᠂ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠲᠦᠷᠦ ᠶᠢᠨ ᠪᠤᠳᠤᠯᠭ᠎ᠠ ᠶᠢᠨ | ᠶᠡᠦᠷᠩᠭᠡᠢ ᠳᠡᠭᠡᠨ ᠲᠤᠭᠳᠠᠪᠤᠷᠢᠳᠠᠢ ᠪᠠᠶᠢᠬᠤ ᠶᠢ ᠪᠠᠳᠤᠯᠠᠨ᠎ᠠ᠃ ᠶᠠᠳᠠᠭᠤ ᠬᠦᠴᠢᠷᠳᠡᠯᠳᠠᠢ ᠬᠤᠰᠢᠭᠤ ᠰᠢᠶᠠᠨ ᠤ | ᠶᠠᠳᠠᠭᠤ ᠠᠴᠠ ᠠᠩᠭᠢᠵᠢᠷᠠᠭᠰᠠᠨ ᠴᠦ ᠬᠠᠷᠢᠭᠤᠴᠠᠯᠭ᠎ᠠ ᠪᠠᠨ ᠬᠠᠶᠠᠬᠤ ᠦᠭᠡᠢ᠂ ᠲᠦᠷᠦ ᠶᠢᠨ ᠪᠤᠳᠤᠯᠭ᠎ᠠ ᠪᠠᠨ | ᠵᠤᠭᠰᠤᠭᠠᠬᠤ ᠦᠭᠡᠢ᠂ ᠬᠠᠪᠰᠤᠷᠤᠨ ᠲᠡᠳᠬᠦᠬᠦ ᠪᠠᠨ ᠵᠤᠭᠰᠤᠭᠠᠬᠤ ᠦᠭᠡᠢ᠂ ᠬᠢᠨᠠᠯᠳᠠ ᠬᠠᠮᠢᠶᠠᠷᠤᠯᠳᠠ ᠪᠠᠨ | ᠵᠤᠭᠰᠤᠭᠠᠬᠤ ᠦᠭᠡᠢ ᠪᠠᠶᠢᠬᠤ ᠶᠢ ᠪᠠᠷᠢᠮᠳᠠᠯᠠᠨ᠎ᠠ᠃ ᠪᠡᠭᠡᠵᠢᠩ ᠦᠪᠦᠷ ᠮᠤᠩᠭᠤᠯ ᠤᠨ ᠶᠠᠳᠠᠭᠤ ᠶᠢ ᠲᠡᠳᠬᠦᠬᠦ | ᠬᠠᠮᠵᠢᠯᠴᠠᠭ᠎ᠠ᠂ ᠴᠡᠭ ᠲᠤᠭᠳᠠᠭᠠᠨ ᠶᠠᠳᠠᠭᠤ ᠶᠢ ᠲᠡᠳᠬᠦᠬᠦ᠂ ︽ᠲᠦᠮᠡᠨ ᠠᠵᠤ ᠠᠬᠤᠶᠢᠯᠠᠯ ᠲᠦᠮᠡᠨ ᠭᠠᠴᠠᠭ᠎ᠠ | ᠲᠤᠰᠬᠤᠨ ᠢ ᠬᠠᠪᠰᠤᠷᠬᠤ︾ ᠠᠵᠢᠯᠯᠠᠭ᠎ᠠ ᠶᠢ ᠬᠦᠨᠵᠡᠭᠡᠶᠢᠷᠡᠭᠦᠯᠵᠤ᠂ ᠨᠡᠶᠢᠭᠡᠮ ᠤᠨ ᠡᠯ᠎ᠡ ᠲᠠᠯ᠎ᠠ ᠶᠢᠨ ᠬᠦᠴᠦᠨ ᠢ | ᠲᠠᠶᠢᠴᠢᠯᠠᠨ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠳᠤ ᠤᠷᠤᠯᠴᠠᠭᠤᠯᠤᠨ᠎ᠠ᠃ ᠶᠠᠳᠠᠭᠤ | ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠨᠢᠭᠡᠳᠦᠭᠡᠷ ᠹᠷᠤᠨᠲ ᠤᠨ ᠺᠠᠳ᠋ᠷᠴᠤᠳ ᠢ ᠬᠠᠶᠢᠷᠠᠯᠠᠨ ᠬᠠᠯᠠᠮᠵᠢᠯᠠᠵᠤ᠂ | ᠶᠠᠳᠠᠭᠤ ᠶᠢ ᠲᠡᠳᠬᠦᠬᠦ ᠠᠵᠢᠯ ᠤᠨ ᠡᠩᠨᠡᠭᠡ ᠶᠢᠨ ᠦᠨᠳᠦᠰᠦᠨ ᠳᠡᠭᠡᠨ ᠲᠤᠭᠳᠠᠪᠤᠷᠢᠳᠠᠢ ᠪᠠᠶᠢᠬᠤ ᠶᠢ ᠪᠠᠳᠤᠯᠠᠨ᠎ᠠ᠃ | ᠶᠠᠳᠠᠭᠤ ᠶᠢ ᠲᠡᠳᠬᠦᠬᠦ ᠲᠤᠰᠬᠠᠢ ᠪᠡᠯᠡ ᠮᠦᠩᠭᠦ ᠶᠢ ᠨᠢᠭᠡᠳᠦᠯᠳᠠᠢ ᠲᠦᠯᠦᠪᠯᠡᠨ ᠲᠤᠬᠢᠷᠠᠭᠤᠯᠵᠤ᠂ ᠶᠠᠳᠠᠭᠤ | ᠬᠦᠴᠢᠷᠳᠠᠯᠳᠠᠢ ᠪᠤᠰᠤ ᠬᠤᠰᠢᠭᠤ ᠰᠢᠶᠠᠨ᠂ ᠶᠠᠳᠠᠭᠤ ᠬᠦᠴᠢᠷᠳᠡᠯᠳᠠᠢ ᠪᠤᠰᠤ ᠭᠠᠴᠠᠭ᠎ᠠ ᠲᠤᠰᠬᠤᠨ ᠤ ᠶᠠᠳᠠᠭᠤ | ᠬᠦᠴᠢᠷᠳᠡᠯᠳᠠᠢ ᠬᠦᠮᠦᠨ ᠠᠮᠠ ᠶᠢᠨ ᠶᠠᠳᠠᠭᠤ ᠠᠴᠠ ᠠᠩᠭᠢᠵᠢᠷᠠᠬᠤ ᠶᠢ ᠲᠡᠮᠵᠢᠨ᠎ᠡ᠃ ᠶᠠᠳᠠᠭᠤ ᠶᠢ ᠲᠡᠳᠬᠦᠬᠦ ᠲᠤᠰᠬᠠᠢ | ᠪᠡᠯᠡ ᠮᠦᠩᠭᠦ ᠪᠠᠷ ᠡᠳ᠋ ᠬᠦᠷᠦᠩᠭᠡ ᠶᠢᠨ ᠬᠠᠮᠢᠶᠠᠷᠤᠯᠳᠠ ᠪᠤᠯᠤᠨ ᠠᠰᠢᠭ ᠤᠷᠤᠯᠭ᠎ᠠ ᠶᠢᠨ ᠬᠤᠪᠢᠶᠠᠷᠢᠯᠠᠯᠳᠠ ᠪᠤᠢ | ᠪᠤᠯᠭᠠᠬᠤ ᠲᠠᠯ᠎ᠠ ᠪᠠᠷ ᠴᠢᠩᠭᠠᠳᠬᠠᠵᠤ᠂ ᠶᠠᠳᠠᠭᠤ ᠶᠢ ᠲᠡᠳᠬᠦᠬᠦ ᠡᠳ᠋ ᠬᠦᠷᠦᠩᠭᠡ ᠠᠰᠢᠭ ᠤᠷᠤᠯᠭ᠎ᠠ ᠶᠢᠨ | ᠲᠠᠶᠢᠴᠢᠯᠠᠬᠤ ᠦᠢᠯᠡᠳᠦᠯ ᠢ ᠪᠠᠳᠠᠷᠠᠭᠤᠯᠤᠨ᠎ᠠ᠃ ᠶᠠᠳᠠᠭᠤ ᠶᠢ ᠲᠡᠳᠬᠦᠬᠦ ᠬᠦᠷᠢᠶᠡᠨ ᠳᠠᠬᠢ ᠢᠯᠵᠠᠷᠠᠯ ᠪᠠ ᠤᠪᠤᠷ | ᠰᠤᠷᠳᠠᠯ ᠤᠨ ᠠᠰᠠᠭᠤᠳᠠᠯ ᠤᠨ ᠲᠤᠰᠬᠠᠢ ᠵᠠᠰᠠᠯᠳᠠ ᠶᠢ ᠬᠦᠨᠵᠡᠭᠡᠢ ᠦᠷᠨᠢᠭᠦᠯᠦᠨ᠎ᠡ᠃ | ᠲᠠᠪᠤ᠂ ᠶᠠᠳᠠᠭᠤ ᠬᠦᠴᠢᠷᠳᠡᠯᠳᠠᠢ ᠬᠦᠮᠦᠨ ᠠᠮᠠ ᠶᠢ ᠦᠷᠬᠦᠯᠵᠢᠯᠡᠨ ᠴᠦᠬᠡᠳᠬᠡᠬᠦ ᠠᠵᠢᠯ ᠢ ᠰᠠᠶᠢᠳᠤᠷ ᠬᠢᠨ᠎ᠡ | ᠃ ︽ᠠᠷᠪᠠᠨ ᠲᠦᠷᠪᠡᠳᠦᠭᠡᠷ ᠲᠠᠪᠤᠨ ᠵᠢᠯ︾ ᠤᠨ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠳᠦᠭᠡᠯ ᠢ | ᠪᠠᠬᠢᠵᠢᠭᠦᠯᠬᠦ ᠲᠦᠯᠦᠪᠵᠢᠭᠦᠯᠭᠡ ᠶᠢ ᠨᠠᠶᠢᠷᠠᠭᠤᠯᠤᠨ ᠵᠤᠬᠢᠶᠠᠵᠤ᠂ ᠪᠦᠬᠦ ᠲᠠᠯ᠎ᠠ ᠪᠠᠷ ᠶᠠᠳᠠᠭᠤ ᠠᠴᠠ | ᠠᠩᠭᠢᠵᠢᠷᠠᠭᠤᠯᠤᠭᠰᠠᠨ ᠤ ᠲᠠᠷᠠᠭᠠᠬᠢ ᠬᠠᠷᠢᠴᠠᠩᠭᠤᠢ ᠶᠠᠳᠠᠭᠤ ᠬᠦᠴᠢᠷᠳᠡᠯ ᠢ ᠰᠢᠢᠳᠪᠦᠷᠢᠯᠡᠬᠦ ᠬᠷᠠᠯᠳᠠ ᠡᠭᠦᠷᠭᠡ᠂ | ᠶᠠᠳᠠᠭᠤ ᠶᠢᠨ ᠲᠡᠳᠬᠦᠬᠦ ᠪᠠᠷᠢᠮᠵᠢᠶ᠎ᠠ᠂ ᠲᠡᠳᠬᠦᠭᠳᠡᠬᠦ ᠡᠳᠡᠭᠡᠳ᠂ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ | ᠬᠦᠨᠵᠡᠭᠡᠢ ᠰᠤᠳᠤᠯᠵᠤ᠂ ᠬᠠᠷᠢᠴᠠᠩᠭᠤᠢ ᠶᠠᠳᠠᠭᠤ ᠬᠦᠴᠢᠷᠳᠡᠯ ᠢ ᠰᠢᠢᠳᠪᠦᠷᠢᠯᠡᠬᠦ ᠤᠷᠳᠤ ᠬᠤᠭᠤᠴᠠᠭᠠᠨ ᠤ | ᠪᠦᠳᠦᠮᠵᠢᠳᠠᠢ ᠲᠤᠭᠳᠠᠴᠠ ᠶᠢ ᠰᠦᠪᠡᠭᠴᠢᠯᠡᠨ ᠪᠠᠶᠢᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ | ᠰᠢᠪᠳᠤᠯᠬᠤ ᠠᠵᠢᠯ ᠢ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ | ᠬᠡᠷᠡᠭᠵᠢᠭᠦᠯᠬᠦ ᠲᠠᠢ ᠤᠷᠭᠠᠨᠢᠭ ᠢᠶᠠᠷ ᠵᠤᠯᠭᠠᠭᠤᠯᠬᠤ ᠶᠢ ᠠᠬᠢᠭᠤᠯᠤᠨ᠎ᠠ᠃ | ᠮᠠᠯᠵᠢᠬᠤ ᠲᠠᠷᠢᠶᠠᠯᠠᠬᠤ ᠤᠷᠤᠨ ᠤ ᠠᠵᠢᠯ ᠤᠨ ᠲᠤᠬᠠᠢ | —— ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠪᠠᠷ ᠪᠠᠷᠢᠮᠵᠢᠶᠠᠯᠠᠵᠤ᠂ ᠮᠠᠯᠵᠢᠬᠤ | ᠲᠠᠷᠢᠶᠠᠯᠠᠬᠤ ᠤᠷᠤᠨ ᠤ ᠰᠠᠭᠤᠷᠢ ᠲᠦᠬᠦᠭᠡᠷᠦᠮᠵᠢ ᠪᠠ ᠤᠯᠠᠨ ᠨᠡᠶᠢᠳᠡ ᠶᠢᠨ ᠦᠢᠯᠡᠴᠢᠯᠡᠭᠡᠨ ᠤ ᠲᠤᠳᠠᠭᠤᠳᠠᠯ ᠢ | ᠲᠦᠷᠭᠡᠭᠡᠨ ᠨᠦᠬᠦᠪᠦᠷᠢᠯᠡᠨ᠎ᠡ | ᠨᠢᠭᠡ᠂ ᠮᠠᠯᠵᠢᠬᠤ ᠲᠠᠷᠢᠶᠠᠯᠬᠤ ᠤᠷᠤᠨ ᠤ ᠤᠯᠠᠨ ᠨᠡᠶᠢᠳᠡ ᠶᠢᠨ ᠰᠠᠭᠤᠷᠢ ᠲᠦᠬᠦᠭᠡᠷᠦᠮᠵᠢ ᠶᠢᠨ ᠪᠦᠳᠦᠭᠡᠨ | ᠪᠠᠶᠢᠭᠤᠯᠤᠯᠳᠠ ᠶᠢ ᠴᠢᠩᠭᠠᠳᠬᠠᠨ᠎ᠠ᠃ ︽ᠬᠦᠳᠡᠭᠡ ᠲᠤᠰᠬᠤᠨ ᠤ ᠲᠦᠷᠪᠡᠨ ᠰᠠᠶᠢᠨᠳᠠᠢ ᠵᠠᠮ︾ ᠤᠨ ᠶᠠᠰᠤ ᠴᠢᠨᠠᠷ ᠢ | ᠲᠡᠭᠡᠭᠰᠢᠯᠡᠭᠦᠯᠦᠨ ᠬᠡᠪᠴᠢᠶ᠎ᠡ ᠶᠢ ᠦᠷᠭᠡᠳᠬᠡᠬᠦ ᠶᠢ ᠠᠬᠢᠭᠤᠯᠵᠤ᠂ ᠵᠠᠮ ᠬᠠᠷᠢᠯᠴᠠᠭᠠᠨ ᠤ ᠪᠦᠳᠦᠭᠡᠨ ᠪᠠᠶᠢᠭᠤᠯᠤᠯᠳᠠ | ᠶᠢᠨ ᠲᠦᠷᠦᠯ ᠵᠦᠢᠯ ᠢ ᠭᠠᠴᠠᠭ᠎ᠠ ᠲᠤᠰᠬᠤᠨ ᠠᠶᠢᠯ ᠡᠷᠦᠭᠡ ᠳᠤ ᠤᠷᠤᠭᠤᠯᠬᠤ ᠲᠡᠶᠢᠰᠢ ᠨᠡᠩ ᠢᠯᠡᠭᠦᠦ ᠬᠡᠯᠪᠡᠶᠢᠯᠭᠡᠬᠦ | ᠶᠢ ᠠᠬᠢᠭᠤᠯᠵᠤ᠂ ᠵᠠᠮ ᠤᠨ ᠲᠠᠷᠤᠭ᠎ᠠ ᠶᠢᠨ ᠲᠦᠷᠢᠮ ᠢ ᠬᠡᠷᠡᠭᠵᠢᠭᠦᠯᠬᠦ ᠡᠷᠴᠢᠮ ᠢ ᠴᠢᠩᠭᠠᠷᠠᠭᠤᠯᠤᠨ᠂ ᠭᠠᠴᠠᠭ᠎ᠠ | ᠲᠤᠰᠬᠤᠨ ᠤ ᠲᠤᠳᠤᠷᠠᠬᠢ ᠵᠠᠮ ᠤᠨ ᠬᠠᠮᠢᠶᠠᠷᠤᠯᠳᠠ ᠬᠠᠮᠠᠭᠠᠯᠠᠯᠳᠠ ᠶᠢᠨ ᠲᠤᠭᠳᠠᠴᠠ ᠶᠢ ᠪᠠᠶᠢᠭᠤᠯᠵᠤ᠂ ᠵᠠᠮ | ᠬᠠᠷᠢᠯᠴᠠᠭᠠᠨ ᠤ ᠠᠮᠤᠷ ᠲᠦᠪᠰᠢᠨ ᠤ ᠬᠠᠮᠢᠶᠠᠷᠤᠯᠳᠠ ᠶᠢ ᠴᠢᠩᠭᠠᠳᠬᠠᠨ᠂ ᠪᠠᠴᠢᠮ ᠪᠠᠶᠢᠳᠠᠯ ᠢ ᠠᠷᠭᠠᠴᠠᠭᠠᠬᠤ | ᠪᠠᠳᠤᠯᠠᠭ᠎ᠠ ᠶᠢᠨ ᠴᠢᠳᠠᠪᠤᠷᠢ ᠶᠢ ᠲᠡᠭᠡᠭᠰᠢᠯᠡᠭᠦᠯᠦᠨ᠎ᠡ᠃ ᠮᠢᠩᠭ᠎ᠠ ᠠᠴᠠ ᠲᠡᠭᠡᠭᠰᠢ ᠬᠦᠮᠦᠨ ᠳᠤ ᠲᠦᠪᠯᠡᠷᠡᠩᠭᠦᠢ ᠤᠰᠤ | ᠬᠠᠩᠭᠠᠬᠤ ᠤᠰᠤᠨ ᠰᠤᠷᠪᠤᠯᠵᠢ ᠶᠢᠨ ᠬᠠᠮᠠᠭᠠᠯᠠᠯᠳᠠ ᠶᠢᠨ ᠬᠡᠪᠴᠢᠶ᠎ᠡ ᠪᠡ ᠬᠠᠮᠠᠭᠠᠯᠠᠯᠳᠠ ᠶᠢᠨ ᠤᠷᠤᠨ ᠢ | ᠬᠤᠪᠢᠶᠠᠷᠢᠯᠠᠨ ᠲᠤᠭᠳᠠᠭᠠᠬᠤ ᠠᠵᠢᠯ ᠢ ᠠᠬᠢᠭᠤᠯᠵᠤ᠂ ᠮᠠᠯᠵᠢᠬᠤ ᠲᠠᠷᠢᠶᠠᠯᠠᠬᠤ ᠤᠷᠤᠨ ᠤ ᠤᠤᠭᠤᠬᠤ ᠤᠰᠤᠨ ᠤ | ᠠᠮᠤᠷ ᠲᠦᠪᠰᠢᠨ ᠢ ᠪᠠᠬᠢᠵᠢᠭᠦᠯᠦᠨ ᠲᠡᠭᠡᠭᠰᠢᠯᠡᠭᠦᠯᠬᠦ ᠢᠨᠵᠧᠨᠧᠷᠢᠩ ᠢ ᠪᠡᠶᠡᠯᠡᠭᠦᠯᠵᠤ᠂ ᠨᠦᠬᠦᠴᠡᠯ ᠲᠠᠢ ᠭᠠᠵᠠᠷ | ᠤᠷᠤᠨ ᠤ ᠬᠤᠳᠠ ᠶᠢᠨ ᠤᠰᠤ ᠬᠠᠩᠭᠠᠬᠤ ᠬᠤᠭᠤᠯᠠᠢ ᠶᠢᠨ ᠲᠤᠤᠷ ᠢ ᠮᠠᠯᠵᠢᠬᠤ ᠲᠠᠷᠢᠶᠠᠯᠠᠬᠤ ᠤᠷᠤᠨ ᠲᠡᠶᠢᠰᠢ | ᠤᠷᠳᠤᠳᠬᠠᠬᠤ ᠶᠢ ᠠᠬᠢᠭᠤᠯᠵᠤ᠂ ᠬᠤᠳᠠ ᠬᠦᠳᠡᠭᠡ ᠶᠢᠨ ᠤᠰᠤ ᠬᠠᠩᠭᠠᠬᠤ ᠶᠢ ᠨᠢᠭᠡ ᠴᠤᠭᠴᠠᠵᠢᠭᠤᠯᠬᠤ ᠪᠠ | ᠮᠠᠯᠵᠢᠬᠤ ᠲᠠᠷᠢᠶᠠᠯᠠᠬᠤ ᠤᠷᠤᠨ ᠤ ᠤᠤᠭᠤᠬᠤ ᠤᠰᠤᠨ ᠤ ᠠᠮᠤᠷ ᠲᠦᠪᠰᠢᠨ ᠤ ᠢᠨ᠋ᠧᠨᠧᠷᠢᠩ ᠤᠨ ᠬᠡᠪᠴᠢᠶᠡᠵᠢᠭᠰᠡᠨ | ᠪᠠᠷᠢᠮᠵᠢᠶᠠᠵᠢᠭᠤᠯᠤᠭᠰᠠᠨ ᠪᠦᠳᠦᠭᠡᠨ ᠪᠠᠶᠢᠭᠤᠯᠤᠯᠳᠠ ᠶᠢ ᠠᠬᠢᠭᠤᠯᠵᠤ᠂ ᠹᠯᠤᠷ ᠤᠨ ᠤᠤᠭᠤᠬᠤ ᠤᠰᠤᠨ ᠤ ᠬᠡᠯᠪᠡᠷᠢ | ᠶᠢᠨ ᠪᠠᠷᠢᠮᠵᠢᠶ᠎ᠠ ᠠᠴᠠ ᠬᠡᠳᠦᠷᠡᠭᠰᠡᠨ ᠠᠰᠠᠭᠤᠳᠠᠯ ᠢ ᠪᠦᠬᠦ ᠲᠠᠯ᠎ᠠ ᠪᠠᠷ ᠰᠢᠢᠳᠪᠦᠷᠢᠯᠡᠵᠤ᠂ ᠤᠤᠭᠤᠬᠤ ᠤᠰᠤᠨ ᠤ | ᠠᠮᠤᠷ ᠲᠦᠪᠰᠢᠨ ᠤ ᠪᠠᠳᠤᠯᠠᠭ᠎ᠠ ᠶᠢᠨ ᠲᠦᠪᠰᠢᠨ ᠢ ᠲᠡᠭᠡᠭᠰᠢᠯᠡᠭᠦᠯᠦᠨ᠎ᠡ᠃ ᠬᠢᠯᠢ ᠬᠢᠵᠠᠭᠠᠷ ᠤᠨ ᠪᠠᠶᠢᠭᠠᠯᠢᠯᠢᠭ | ᠭᠠᠴᠠᠭ᠎ᠠ ᠲᠤᠰᠬᠤᠨ ᠤ ᠴᠠᠬᠢᠯᠭᠠᠨ ᠲᠤᠤᠷ ᠢ ᠲᠡᠰ ᠲᠡᠪᠰᠢᠭᠦᠯᠦᠨ ᠦᠭᠡᠷᠡᠴᠢᠯᠡᠬᠦ ᠲᠦᠯᠦᠪᠯᠡᠭᠡ ᠶᠢ ᠪᠡᠶᠡᠯᠡᠭᠦᠯᠵᠤ᠂ | ᠴᠠᠬᠢᠯᠭᠠᠨ ᠲᠤᠤᠷ ᠤᠨ ᠴᠠᠬᠢᠯᠭᠠᠨ ᠬᠠᠩᠭᠠᠬᠤ ᠨᠠᠶᠢᠳᠠᠪᠤᠷᠢᠳᠤ ᠨᠤᠷᠮ᠎ᠠ ᠶᠢ ᠲᠡᠭᠡᠭᠰᠢᠯᠡᠭᠦᠯᠦᠨ᠎ᠡ᠃ ᠬᠦᠳᠡᠭᠡ | ᠲᠤᠰᠬᠤᠨ ᠤ ᠮᠡᠳᠡᠭᠡ ᠵᠠᠩᠭᠢ ᠴᠢᠮᠡᠭᠡ ᠬᠤᠯᠪᠤᠭᠠᠨ ᠤ ᠲᠤᠤᠷ ᠰᠦᠯᠵᠢᠶ᠎ᠡ ᠶᠢᠨ ᠪᠠᠶᠢᠭᠤᠯᠤᠯᠳᠠ ᠶᠢᠨ ᠲᠦᠪᠰᠢᠨ ᠢ | ᠲᠡᠭᠡᠭᠰᠢᠯᠡᠭᠦᠯᠦᠨ᠎ᠡ᠃ ᠵᠠᠰᠠᠭ ᠤᠨ ᠤᠷᠳᠤᠨ ᠢᠶᠠᠷ ᠭᠤᠤᠯᠯᠠᠭᠤᠯᠤᠭᠰᠠᠨ᠂ ᠤᠯᠠᠨ ᠲᠠᠯ᠎ᠠ ᠶᠢᠨ ᠬᠢᠨ ᠤᠷᠤᠯᠴᠠᠭᠰᠠᠨ᠂ | ᠵᠠᠬ᠎ᠠ ᠲᠡᠯᠭᠡᠭᠦᠷ ᠢᠶᠠᠷ ᠠᠵᠢᠯᠯᠠᠭᠤᠯᠤᠭᠰᠠᠨ ᠮᠠᠯᠵᠢᠬᠤ ᠲᠠᠷᠢᠶᠠᠯᠠᠬᠤ ᠤᠷᠤᠨ ᠤ ᠤᠯᠠᠨ ᠨᠡᠶᠢᠳᠡ ᠶᠢᠨ ᠰᠠᠭᠤᠷᠢ | ᠲᠦᠬᠦᠭᠡᠷᠦᠮᠵᠢ ᠶᠢ ᠬᠠᠮᠢᠶᠠᠷᠤᠨ ᠬᠠᠮᠠᠭᠠᠯᠠᠬᠤ ᠪᠠᠶᠢᠭᠤᠯᠤᠯ ᠲᠤᠭᠳᠠᠴᠠ ᠶᠢ ᠰᠦᠪᠡᠭᠴᠢᠯᠡᠨ ᠪᠠᠶᠢᠭᠤᠯᠤᠨ᠎ᠠ᠃ ᠤᠯᠠᠨ | ᠲᠦᠯᠦᠪᠵᠢᠭᠦᠯᠭᠡ ᠶᠢ ᠨᠢᠭᠡᠳᠬᠡᠭᠰᠡᠨ ᠬᠡᠷᠡᠭᠯᠡᠭᠡᠨ ᠤ ᠴᠢᠨᠠᠷᠳᠠᠢ ᠠᠶᠢᠯ ᠲᠤᠰᠬᠤᠨ ᠤ ᠲᠦᠯᠦᠭᠵᠢᠭᠦᠯᠭᠡ ᠶᠢ ᠲᠦᠷᠭᠡᠭᠡᠨ | ᠨᠠᠶᠢᠷᠠᠭᠤᠯᠤᠨ ᠵᠤᠬᠢᠶᠠᠵᠤ᠂ ᠰᠢᠶᠠᠨ ᠤ ᠬᠡᠪᠴᠢᠶᠡᠨ ᠤ ᠠᠶᠢᠯ ᠲᠤᠰᠬᠤᠨ ᠤ ᠪᠠᠶᠢᠷᠢᠰᠢᠭᠤᠯᠤᠯᠳᠠ ᠶᠢᠨ | ᠲᠦᠯᠦᠪᠵᠢᠭᠦᠯᠭᠡ ᠶᠢ ᠨᠠᠶᠢᠷᠠᠭᠤᠯᠤᠨ ᠵᠤᠬᠢᠶᠠᠬᠤ ᠠᠵᠢᠯ ᠢ ᠪᠡᠶᠡᠯᠡᠭᠦᠯᠦᠨ᠎ᠡ᠃ | ᠬᠤᠶᠠᠷ᠂ ᠮᠠᠯᠵᠢᠬᠤ ᠲᠠᠷᠢᠶᠠᠯᠠᠬᠤ ᠤᠷᠤᠨ ᠤ ᠰᠠᠭᠤᠷᠢᠰᠢᠯ ᠤᠨ ᠤᠷᠴᠢᠨ ᠢ ᠴᠡᠭᠴᠡᠯᠡᠨ ᠵᠠᠰᠠᠬᠤ ᠶᠢ | ᠰᠠᠶᠢᠳᠤᠷ ᠠᠳᠬᠤᠨ᠎ᠠ᠃ ᠮᠠᠯᠵᠢᠬᠤ ᠲᠠᠷᠢᠶᠠᠯᠠᠬᠤ ᠤᠷᠤᠨ ᠤ ᠰᠠᠭᠤᠷᠢᠰᠢᠯ ᠤᠨ ᠤᠷᠴᠢᠨ ᠢ ᠴᠡᠭᠴᠡᠯᠡᠨ ᠵᠠᠰᠠᠬᠤ ︽ | ᠠᠷᠪᠠᠨ ᠰᠢᠶᠠᠨ ᠵᠠᠭᠤᠨ ᠰᠢᠶᠠᠩ ᠮᠢᠩᠭᠠᠨ ᠲᠤᠰᠬᠤᠨ︾ ᠤ ᠵᠢᠱᠢᠶ᠎ᠡ ᠦᠵᠡᠭᠦᠯᠬᠦ ᠠᠵᠢᠯᠯᠠᠭ᠎ᠠ ᠶᠢ ᠬᠡᠷᠡᠭᠵᠢᠭᠦᠯᠦᠨ᠎ᠡ᠃ | ᠵᠤᠷᠯᠤᠩ ᠤᠨ ᠬᠤᠪᠢᠰᠠᠬᠠᠯ ᠢ ᠲᠦᠷᠦᠯ ᠬᠤᠪᠢᠶᠠᠨ ᠠᠬᠢᠭᠤᠯᠵᠤ᠂ ᠵᠤᠷᠯᠤᠩ ᠢ ᠦᠭᠡᠷᠡᠴᠢᠯᠡᠬᠦ ᠲᠤᠬᠢᠷᠠᠮᠵᠢᠳᠠᠢ | ᠮᠡᠷᠭᠡᠵᠢᠯ ᠪᠠ ᠵᠠᠭᠪᠤᠷ ᠢ ᠰᠤᠩᠭᠤᠵᠤ᠂ ᠨᠢᠭᠡᠳᠦᠭᠡᠷ ᠲᠦᠷᠦᠯ ᠤᠨ ᠬᠤᠰᠢᠭᠤᠨ ᠰᠢᠶᠠᠨ ᠪᠠ ᠰᠠᠭᠤᠷᠢ ᠲᠠᠢ ᠨᠦᠬᠦᠴᠡᠯ | ᠲᠠᠢ ᠬᠤᠶᠠᠳᠤᠭᠠᠷ ᠲᠦᠷᠦᠯ ᠤᠨ ᠬᠤᠰᠢᠭᠤ ᠰᠢᠶᠠᠨ ᠨᠢ ᠬᠡᠷ ᠲᠤ ᠬᠡᠷᠡᠭᠯᠡᠬᠦ ᠵᠤᠷᠯᠤᠩ ᠢ ᠠᠷᠢᠭᠤᠨ ᠴᠡᠪᠡᠷ ᠪᠤᠯᠭᠠᠬᠤ᠂ | ᠬᠤᠤᠷ ᠦᠭᠡᠶᠢᠳᠡᠭᠦᠯᠦᠨ ᠦᠭᠡᠷᠡᠴᠢᠯᠡᠬᠦ ᠶᠢ ᠦᠨᠳᠦᠰᠦᠨ ᠳᠡᠭᠡᠨ ᠪᠡᠶᠡᠯᠡᠭᠦᠯᠵᠤ᠂ ᠮᠠᠯᠴᠢᠨ ᠲᠠᠷᠢᠶᠠᠴᠢᠨ ᠳᠤ | ᠬᠡᠷᠡᠭᠴᠡᠭᠡ ᠲᠠᠢ ᠮᠦᠷᠳᠡᠭᠡᠨ ᠬᠡᠷᠡᠭᠯᠡᠬᠦ ᠨᠦᠬᠦᠴᠡᠯ ᠲᠠᠢ᠂ ᠠᠰᠢᠭ ᠲᠤᠰᠠᠳᠠᠢ ᠪᠠᠶᠢᠬᠤ ᠶᠢ ᠦᠨᠡᠨ ᠬᠦ ᠪᠠᠳᠤᠯᠠᠬᠤ | ᠬᠡᠷᠡᠭᠳᠠᠢ᠃ ᠠᠮᠢᠳᠤᠷᠠᠯ ᠤᠨ ᠬᠤᠭ ᠨᠤᠪᠰᠢ ᠶᠢ ᠪᠠᠭᠠᠰᠬᠠᠬᠤ᠂ ᠡᠬᠢ ᠪᠠᠶᠠᠯᠢᠭᠵᠢᠭᠤᠯᠬᠤ᠂ ᠬᠤᠤᠷ ᠦᠭᠡᠶᠢᠳᠡᠭᠦᠯᠬᠦ | ᠶᠢ ᠠᠬᠢᠭᠤᠯᠵᠤ᠂ ᠮᠠᠯᠵᠢᠬᠤ ᠲᠠᠷᠢᠶᠠᠯᠠᠬᠤ ᠤᠷᠤᠨ ᠤ ᠬᠤᠭ ᠨᠤᠪᠰᠢ ᠶᠢ ᠲᠦᠷᠦᠯ ᠬᠤᠪᠢᠶᠠᠬᠤ ᠪᠠ ᠡᠬᠢ | ᠪᠠᠶᠠᠯᠢᠭᠵᠢᠭᠤᠯᠤᠨ ᠠᠰᠢᠭᠯᠠᠬᠤ ᠲᠤᠷᠰᠢᠯᠳᠠ ᠶᠢᠨ ᠴᠡᠭ ᠢ ᠦᠷᠭᠡᠳᠬᠡᠨ᠂ ᠬᠤᠭ ᠨᠤᠪᠰᠢ ᠶᠢ ᠬᠤᠷᠢᠶᠠᠨ | ᠴᠤᠭᠯᠠᠭᠤᠯᠵᠤ ᠰᠢᠢᠳᠪᠦᠷᠢᠯᠡᠬᠦ ᠲᠦᠬᠦᠭᠡᠷᠦᠮᠵᠢ ᠶᠢᠨ ᠪᠦᠳᠦᠭᠡᠨ ᠪᠠᠶᠢᠭᠤᠯᠤᠯᠳᠠ ᠶᠢ ᠴᠢᠩᠭᠠᠳᠬᠠᠵᠤ᠂ ᠬᠤᠷᠢᠶᠠᠨ | ᠲᠡᠭᠡᠭᠡᠪᠦᠷᠢᠯᠡᠵᠤ ᠰᠢᠢᠳᠪᠦᠷᠢᠯᠡᠬᠦ ᠲᠤᠭᠳᠠᠯᠴᠠᠭ᠎ᠠ ᠶᠢ ᠪᠠᠶᠢᠭᠤᠯᠤᠨ᠂ 2020 ᠤᠨ ᠤ ᠵᠢᠯ ᠤᠨ ᠰᠡᠭᠦᠯᠴᠢ ᠠᠴᠠ | ᠡᠮᠤᠨ᠎ᠡ ᠬᠤᠭ ᠨᠤᠪᠰᠢ ᠤᠪᠤᠭᠠᠯᠠᠬᠤ ᠲᠤᠰᠬᠠᠢ ᠪᠤᠰᠤ ᠴᠡᠭ ᠢ ᠴᠡᠭᠴᠡᠯᠡᠨ ᠵᠠᠰᠠᠬᠤ ᠠᠵᠢᠯ ᠢ ᠦᠨᠳᠦᠰᠦᠨ ᠳᠡᠭᠡᠨ | ᠪᠡᠶᠡᠯᠡᠭᠦᠯᠦᠨ᠎ᠡ᠃ ᠮᠠᠯᠵᠢᠬᠤ ᠲᠠᠷᠢᠶᠠᠯᠠᠬᠤ ᠤᠷᠤᠨ ᠤ ᠠᠮᠢᠳᠤᠷᠠᠯ ᠤᠨ ᠪᠤᠬᠢᠷ ᠤᠰᠤ ᠶᠢ ᠵᠠᠰᠠᠬᠤ ᠠᠵᠢᠯ ᠢ ᠱᠠᠳᠤ | ᠱᠠᠳᠤ ᠪᠠᠷ ᠲᠠᠷᠠᠭᠠᠯᠠᠨ ᠠᠬᠢᠭᠤᠯᠵᠤ᠂ ᠬᠤᠰᠢᠭᠤ ᠰᠢᠶᠠᠨ ᠢᠶᠠᠷ ᠨᠢᠭᠡᠴᠢ ᠪᠤᠯᠭᠠᠨ ᠵᠠᠰᠠᠬᠤ ᠲᠦᠯᠦᠪᠵᠢᠭᠦᠯᠭᠡ ᠶᠢ | ᠨᠠᠶᠢᠷᠠᠭᠤᠯᠤᠨ ᠵᠤᠬᠢᠶᠠᠵᠤ᠂ ᠰᠤᠮᠤ ᠰᠢᠶᠠᠩ ᠪᠠᠯᠭᠠᠰᠤᠨ ᠤ ᠪᠠᠶᠢᠭ᠎ᠠ ᠭᠠᠵᠠᠷ ᠪᠤᠯᠤᠨ ᠭᠤᠤᠯ ᠲᠤᠰᠬᠤᠨ ᠤ ᠠᠮᠢᠳᠤᠷᠠᠯ | ᠤᠨ ᠪᠤᠬᠢᠷ ᠤᠰᠤᠨ ᠤ ᠠᠰᠠᠭᠤᠳᠠᠯ ᠢ ᠡᠩ ᠲᠡᠷᠢᠭᠦᠨ ᠳᠤ ᠰᠢᠢᠳᠪᠦᠷᠢᠯᠡᠵᠤ᠂ ᠪᠤᠬᠢᠷ ᠦᠮᠡᠭᠡᠢ ᠤᠰᠤᠨ ᠴᠤᠭᠴᠠ ᠶᠢ | ᠠᠯᠬᠤᠮ ᠠᠯᠬᠤᠮ ᠢᠶᠠᠷ ᠠᠷᠢᠯᠭᠠᠨ᠎ᠠ᠃ ︽ᠭᠤᠷᠪᠠ ᠶᠢ ᠴᠡᠪᠡᠷᠯᠡᠵᠤ ᠨᠢᠭᠡ ᠶᠢ ᠦᠭᠡᠷᠡᠴᠢᠯᠡᠬᠦ︾ ᠪᠠᠷ ᠭᠤᠤᠯᠳᠠᠯᠭ᠎ᠠ | ᠪᠤᠯᠭᠠᠭᠰᠠᠨ ᠠᠶᠢᠯ ᠲᠤᠰᠬᠤᠨ ᠢ ᠴᠡᠪᠡᠷᠯᠡᠬᠦ ᠠᠵᠢᠯᠯᠠᠭ᠎ᠠ ᠶᠢ ᠦᠷᠨᠢᠭᠦᠯᠵᠤ᠂ ᠬᠦᠳᠡᠭᠡ ᠲᠤᠰᠬᠤᠨ ᠤ | ᠨᠤᠭᠤᠭᠠᠷᠠᠭᠤᠯᠤᠯᠳᠠ ᠭᠤᠶᠤᠵᠢᠭᠤᠯᠤᠯᠳᠠ ᠶᠢ ᠵᠢᠱᠢᠶ᠎ᠡ ᠦᠵᠡᠭᠦᠯᠬᠦ 1000 ᠭᠠᠴᠠᠭ᠎ᠠ ᠲᠤᠰᠬᠤᠨ ᠢ ᠪᠦᠳᠦᠭᠡᠨ | ᠪᠠᠶᠢᠭᠤᠯᠵᠤ᠂ ︽ᠦᠵᠡᠰᠬᠦᠯᠡᠩᠳᠦ ᠰᠠᠶᠢᠬᠠᠨ ᠬᠡᠷ ᠤᠷᠤᠨ︾ ᠤ ᠪᠦᠳᠦᠭᠡᠨ ᠪᠠᠶᠢᠭᠤᠯᠤᠯᠳᠠ ᠶᠢ ᠠᠬᠢᠭᠤᠯᠤᠨ᠎ᠠ᠃ | ᠮᠠᠯᠵᠢᠬᠤ ᠲᠠᠷᠢᠶᠠᠯᠠᠬᠤ ᠤᠷᠤᠨ ᠤ ᠤᠯᠠᠨ ᠨᠡᠶᠢᠳᠡ ᠶᠢᠨ ᠠᠰᠠᠷᠠᠮᠵᠢ ᠶᠢᠨ ᠦᠢᠯᠡᠰ ᠤᠨ ᠭᠠᠴᠠᠭ᠎ᠠ ᠲᠤᠰᠬᠤᠨ ᠤ | ᠠᠷᠠᠳ ᠤᠨ ᠰᠦᠢᠳᠬᠡᠯ ᠲᠤᠰᠢᠶᠠᠬᠤ ᠦᠢᠯᠡᠴᠢᠯᠡᠭᠡᠨ ᠤ ᠲᠦᠷᠢᠮ ᠢ ᠰᠦᠪᠡᠭᠴᠢᠯᠡᠨ ᠪᠠᠶᠢᠭᠤᠯᠵᠤ᠂ ᠨᠦᠬᠦᠴᠡᠯ ᠲᠠᠢ | ᠭᠠᠵᠠᠷ ᠤᠷᠤᠨ ᠤ ᠮᠠᠯᠵᠢᠬᠤ ᠲᠠᠷᠢᠶᠠᠯᠠᠬᠤ ᠤᠷᠤᠨ ᠤ ᠰᠠᠭᠤᠷᠢᠰᠢᠯ ᠤᠨ ᠤᠷᠴᠢᠨ ᠤ ᠤᠯᠠᠨ ᠨᠡᠶᠢᠳᠡ ᠶᠢᠨ | ᠲᠦᠬᠦᠭᠡᠷᠦᠮᠵᠢ ᠶᠢ ᠰᠡᠯᠪᠢᠨ ᠵᠠᠰᠠᠬᠤ ᠠᠷᠠᠴᠢᠯᠠᠨ ᠬᠠᠮᠠᠭᠠᠯᠠᠬᠤ ᠳᠤ ᠵᠤᠬᠢᠬᠤ ᠲᠤᠰᠠᠯᠠᠮᠵᠢ ᠤᠯᠭᠤᠬᠤ ᠶᠢ | ᠵᠤᠷᠢᠭᠵᠢᠭᠤᠯᠤᠨ᠎ᠠ᠃ | ᠭᠤᠷᠪᠠ᠂ ᠮᠠᠯᠵᠢᠬᠤ ᠲᠠᠷᠢᠶᠠᠯᠠᠬᠤ ᠤᠷᠤᠨ ᠤ ᠰᠤᠷᠭᠠᠨ ᠬᠦᠮᠦᠵᠢᠯ ᠤᠨ ᠲᠦᠪᠰᠢᠨ ᠢ ᠲᠡᠭᠡᠭᠰᠢᠯᠡᠭᠦᠯᠦᠨ᠎ᠡ | ᠃ ᠮᠠᠯᠵᠢᠬᠤ ᠲᠠᠷᠢᠶᠠᠯᠠᠬᠤ ᠤᠷᠤᠨ ᠤ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠰᠤᠷᠭᠠᠭᠤᠯᠢ ᠶᠢᠨ | ᠪᠠᠶᠢᠷᠢᠰᠢᠭᠤᠯᠤᠯᠳᠠ ᠶᠢ ᠰᠢᠯᠢᠳᠡᠭᠵᠢᠭᠦᠯᠵᠤ᠂ ᠬᠤᠰᠢᠭᠤ ᠰᠢᠶᠠᠨ ᠳᠤ ᠠᠩᠭᠢ ᠪᠦᠷᠢ ᠶᠢᠨ ᠰᠤᠷᠤᠭᠴᠢ ᠶᠢᠨ ᠲᠤᠭ᠎ᠠ | ᠶᠢ ᠲᠤᠭᠳᠠᠭᠰᠠᠨ ᠲᠤᠭ᠎ᠠ ᠠᠴᠠ ᠬᠡᠳᠦᠷᠡᠭᠦᠯᠦᠨ ᠰᠤᠷᠭᠠᠭᠤᠯᠢ ᠡᠷᠬᠢᠯᠡᠬᠦ ᠪᠠᠶᠢᠳᠠᠯ ᠢ ᠦᠨᠳᠦᠰᠦᠨ ᠳᠡᠭᠡᠨ ᠠᠷᠢᠯᠭᠠᠵᠤ᠂ | ᠬᠦᠳᠡᠭᠡ ᠲᠤᠰᠬᠤᠨ ᠤ ᠪᠠᠭ᠎ᠠ ᠬᠡᠪᠴᠢᠶᠠᠨ ᠤ ᠰᠤᠷᠭᠠᠭᠤᠯᠢ ᠪᠤᠯᠤᠨ ᠰᠤᠮᠤ ᠰᠢᠶᠠᠩ ᠪᠠᠯᠭᠠᠰᠤᠨ ᠤ ᠪᠠᠶᠢᠷᠢ ᠶᠢᠨ | ᠲᠦᠷᠢᠮᠳᠦ ᠰᠤᠷᠭᠠᠭᠤᠯᠢ ᠶᠢ ᠪᠦᠬᠦᠨ ᠢ ᠦᠪᠡᠷᠳᠡᠭᠡᠨ ᠵᠠᠰᠠᠬᠤ ᠤᠷᠤᠨ ᠤ ᠰᠤᠷᠭᠠᠭᠤᠯᠢ ᠡᠷᠬᠢᠯᠡᠬᠦ ᠦᠨᠳᠦᠰᠦᠨ | ᠪᠠᠷᠢᠮᠵᠢᠶ᠎ᠠ ᠳᠤ ᠬᠦᠷᠭᠡᠨ᠎ᠡ᠃ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠱᠠᠳᠤᠨ ᠤ ᠪᠠᠭᠰᠢ ᠶᠢ ︽ᠬᠤᠰᠢᠭᠤ | ᠰᠢᠶᠠᠨ ᠠᠴᠠ ᠬᠠᠮᠢᠶᠠᠷᠴᠦ ᠰᠤᠷᠭᠠᠭᠤᠯᠢ ᠠᠴᠠ ᠤᠷᠢᠵᠤ ᠬᠡᠷᠡᠭᠯᠡᠬᠦ︾ ᠶᠢ ᠪᠦᠬᠦ ᠲᠠᠯ᠎ᠠ ᠪᠠᠷ ᠬᠡᠷᠡᠭᠵᠢᠭᠦᠯᠵᠤ᠂ | ᠲᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠲᠤᠮᠳᠠᠴᠢ ᠴᠠᠯᠢᠩ ᠢ ᠲᠤᠬᠠᠢ ᠶᠢᠨ ᠭᠠᠵᠠᠷ ᠤᠨ ᠠᠯᠪᠠᠳᠠᠨ ᠤ | ᠲᠤᠮᠳᠠᠴᠢ ᠴᠠᠯᠢᠩ ᠠᠴᠠ ᠲᠤᠤᠷ᠎ᠠ ᠦᠭᠡᠢ ᠪᠤᠶᠤ ᠦᠨᠳᠦᠷ ᠪᠠᠶᠢᠯᠭᠠᠬᠤ ᠲᠦᠷᠦ ᠶᠢᠨ ᠪᠤᠳᠤᠯᠭ᠎ᠠ ᠶᠢ | ᠨᠠᠶᠢᠳᠠᠪᠤᠷᠢᠵᠢᠭᠤᠯᠤᠨ᠂ ᠪᠠᠭᠰᠢ ᠶᠢᠨ ᠮᠡᠷᠭᠡᠵᠢᠯ ᠤᠨ ᠴᠤᠯᠠ ᠲᠤᠭᠳᠠᠭᠠᠵᠤ ᠤᠷᠢᠵᠤ ᠬᠡᠷᠡᠭᠯᠡᠬᠦ ᠶᠢ ᠬᠦᠳᠡᠭᠡ | ᠲᠤᠰᠬᠤᠨ ᠤ ᠰᠤᠷᠭᠠᠭᠤᠯᠢ ᠶᠢᠨ ᠪᠠᠭᠰᠢ ᠲᠡᠶᠢᠰᠢ ᠬᠡᠯᠪᠡᠶᠢᠯᠭᠡᠵᠤ᠂ ᠨᠦᠬᠦᠴᠡᠯ ᠳᠤ ᠨᠡᠶᠢᠴᠡᠭᠰᠡᠨ ᠬᠦᠳᠡᠭᠡ ᠲᠤᠰᠬᠤᠨ | ᠤ ᠰᠤᠷᠭᠠᠭᠤᠯᠢ ᠶᠢᠨ ᠪᠠᠭᠰᠢ ᠶᠢ ᠲᠤᠬᠠᠢ ᠶᠢᠨ ᠭᠠᠵᠠᠷ ᠤᠨ ᠵᠠᠰᠠᠭ ᠤᠨ ᠤᠷᠳᠤᠨ ᠤ ᠤᠷᠤᠨ ᠰᠠᠭᠤᠴᠠ ᠶᠢᠨ | ᠪᠠᠳᠤᠯᠠᠭ᠎ᠠ ᠶᠢᠨ ᠲᠤᠭᠳᠠᠯᠴᠠᠭ᠎ᠠ ᠳᠤ ᠤᠷᠤᠭᠤᠯᠤᠨ᠎ᠠ᠃ ᠮᠠᠯᠵᠢᠬᠤ ᠲᠠᠷᠢᠶᠠᠯᠠᠬᠤ ᠤᠷᠤᠨ ᠤ ᠨᠡᠶᠢᠳᠡᠮ ᠬᠠᠷᠠᠭᠠᠯᠵᠠᠯ | ᠤᠨ ᠴᠢᠨᠠᠷᠳᠠᠢ ᠰᠤᠷᠬᠤ ᠨᠠᠰᠤᠨ ᠠᠴᠠ ᠡᠮᠤᠨᠡᠬᠢ ᠰᠤᠷᠭᠠᠨ ᠬᠦᠮᠦᠵᠢᠯ ᠤᠨ ᠡᠬᠢ ᠪᠠᠶᠠᠯᠢᠭ ᠤᠨ ᠬᠠᠩᠭᠠᠯᠭ᠎ᠠ ᠶᠢ | ᠨᠡᠮᠡᠭᠳᠡᠭᠦᠯᠦᠨ᠎ᠡ᠃ ᠮᠠᠯᠵᠢᠬᠤ ᠲᠠᠷᠢᠶᠠᠯᠠᠬᠤ ᠤᠷᠤᠨ ᠤ ᠰᠤᠷᠤᠯᠭ᠎ᠠ ᠪᠠᠨ ᠲᠤᠷᠭᠤᠨ ᠵᠤᠭᠰᠤᠬᠤ ᠶᠢ ᠬᠢᠵᠠᠭᠠᠷᠯᠠᠵᠤ | ᠰᠤᠷᠤᠯᠭ᠎ᠠ ᠶᠢ ᠪᠠᠳᠤᠯᠠᠬᠤ ᠲᠤᠰᠬᠠᠢ ᠠᠵᠢᠯᠯᠠᠭ᠎ᠠ ᠶᠢ ᠠᠬᠢᠭᠤᠯᠵᠤ᠂ ᠬᠦᠳᠡᠯᠦᠩᠭᠦᠢ ᠪᠠᠷ ᠬᠢᠨᠠᠨ ᠬᠡᠮᠵᠢᠬᠦ ᠠᠵᠢᠯ ᠢ | ᠰᠠᠶᠢᠳᠤᠷ ᠬᠢᠵᠤ᠂ ᠠᠯᠪᠠᠨ ᠵᠢᠷᠤᠮ ᠤᠨ ᠰᠤᠷᠭᠠᠨ ᠬᠦᠮᠦᠵᠢᠯ ᠢ ᠲᠦᠬᠡᠮᠡᠯᠵᠢᠭᠦᠯᠬᠦ ᠦᠷ᠎ᠡ ᠪᠦᠳᠦᠭᠡᠯ ᠢ | ᠪᠠᠬᠢᠵᠢᠭᠦᠯᠦᠨ᠎ᠡ᠃ ᠭᠤᠤᠯ ᠬᠤᠳᠠ ᠶᠢᠨ ᠲᠤᠭᠤᠷᠢᠭ ᠤᠨ ᠰᠤᠷᠤᠯᠭ᠎ᠠ ᠶᠢᠨ ᠪᠠᠶᠢᠷᠢ ᠶᠢᠨ ᠬᠠᠩᠭᠠᠯᠭ᠎ᠠ ᠶᠢ | ᠨᠡᠮᠡᠭᠳᠡᠭᠦᠯᠵᠤ᠂ ᠮᠠᠯᠴᠢᠨ ᠲᠠᠷᠢᠶᠠᠴᠢᠨ ᠬᠦᠯᠦᠰᠦᠨ ᠠᠵᠢᠯᠴᠢᠳ ᠤᠨ ᠲᠠᠭᠠᠵᠤ ᠢᠷᠡᠭᠰᠡᠨ ᠦᠷ᠎ᠡ ᠬᠡᠤᠬᠡᠳ ᠵᠡᠷᠭᠡ | ᠶᠢᠨ ᠡᠷᠭᠡ ᠲᠡᠭᠰᠢ ᠪᠠᠷ ᠠᠯᠪᠠᠨ ᠵᠢᠷᠤᠮ ᠤᠨ ᠰᠤᠷᠭᠠᠨ ᠬᠦᠮᠦᠵᠢᠯ ᠬᠦᠷᠳᠡᠬᠦ ᠶᠢ ᠦᠨᠡᠨ ᠬᠦ ᠪᠠᠳᠤᠯᠠᠨ᠎ᠠ᠃ ᠠᠵᠢᠯ | ᠮᠡᠷᠭᠡᠵᠢᠯ ᠤᠨ ᠰᠤᠷᠭᠠᠨ ᠬᠦᠮᠦᠵᠢᠯ ᠤᠨ ᠰᠤᠷᠭᠠᠭᠤᠯᠢ ᠶᠢᠨ ᠮᠠᠯᠵᠢᠬᠤ ᠲᠠᠷᠢᠶᠠᠯᠠᠬᠤ ᠤᠷᠤᠨ ᠠᠴᠠ ᠰᠤᠷᠤᠭᠴᠢ | ᠡᠯᠰᠡᠬᠦ ᠬᠡᠪᠴᠢᠶ᠎ᠡ ᠶᠢ ᠦᠷᠭᠡᠳᠬᠡᠵᠤ᠂ ᠮᠠᠯᠴᠢᠨ ᠲᠠᠷᠢᠶᠠᠴᠢᠳ ᠤᠨ ᠠᠵᠢᠯ ᠮᠡᠷᠭᠡᠵᠢᠯ ᠤᠨ ᠰᠤᠷᠭᠠᠨ ᠬᠦᠮᠦᠵᠢᠯ | ᠬᠦᠷᠳᠡᠬᠦ ᠶᠢ ᠬᠦᠳᠦᠯᠦᠨ ᠵᠢᠯᠤᠭᠤᠳᠴᠦ ᠵᠤᠷᠢᠭᠵᠢᠭᠤᠯᠤᠨ᠎ᠠ᠃ | ᠲᠦᠷᠪᠡ᠂ ᠮᠠᠯᠵᠢᠬᠤ ᠲᠠᠷᠢᠶᠠᠯᠠᠬᠤ ᠤᠷᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡ ᠶᠢ | ᠴᠢᠩᠭᠠᠳᠬᠠᠨ᠎ᠠ᠃ ᠬᠤᠰᠢᠭᠤ ᠰᠢᠶᠠᠨ ᠤ ᠱᠠᠳᠤᠨ ᠤ ᠡᠮᠨᠡᠯᠭᠡ ᠶᠢᠨ ᠬᠤᠷᠢᠶ᠎ᠠ ᠶᠢ ᠰᠠᠶᠢᠳᠤᠷ ᠡᠷᠬᠢᠯᠡᠵᠤ᠂ ᠰᠤᠮᠤ | ᠰᠢᠶᠠᠩ ᠪᠠᠯᠭᠠᠰᠤᠨ ᠤ ᠪᠠᠷᠢᠮᠵᠢᠶᠠᠵᠢᠭᠰᠠᠨ ᠡᠷᠡᠭᠦᠯ ᠬᠠᠮᠠᠭᠠᠯᠠᠯ ᠤᠨ ᠬᠤᠷᠢᠶᠠᠨ ᠤ ᠪᠦᠳᠦᠭᠡᠨ ᠪᠠᠶᠢᠭᠤᠯᠤᠯᠳᠠ ᠶᠢ | ᠠᠬᠢᠭᠤᠯᠤᠨ᠎ᠠ᠃ ᠬᠤᠰᠢᠭᠤ ᠰᠢᠶᠠᠨ ᠤ ᠬᠡᠪᠴᠢᠶᠡᠨ ᠤ ᠨᠢᠭᠳᠠᠷᠠᠭᠰᠠᠨ ᠬᠡᠯᠪᠡᠷᠢ ᠶᠢᠨ ᠡᠮᠴᠢᠯᠡᠭᠡ ᠡᠷᠡᠭᠦᠯ ᠬᠠᠮᠠᠭᠠᠯᠠᠯ | ᠤᠨ ᠬᠠᠮᠳᠤ ᠶᠢᠨ ᠴᠤᠭᠴᠠ ᠶᠢᠨ ᠪᠠᠶᠢᠭᠤᠯᠤᠯᠳᠠ ᠶᠢ ᠠᠬᠢᠭᠤᠯᠵᠤ᠂ ᠬᠦᠮᠦᠨ ᠠᠮᠠ ᠨᠡᠯᠢᠶᠡᠳ ᠴᠦᠬᠡᠨ ᠬᠢᠯᠢ | ᠬᠢᠵᠠᠭᠠᠷ ᠤᠨ ᠮᠠᠯᠵᠢᠬᠤ ᠤᠷᠤᠨ ᠳᠤ ᠰᠤᠮᠤ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶᠠᠨ ᠤ ᠬᠦᠮᠦᠨ | ᠪᠠ ᠵᠤᠭᠤᠰ ᠮᠦᠩᠭᠦ ᠡᠳ᠋ ᠪᠤᠳᠠᠰ ᠢ ᠬᠤᠰᠢᠭᠤ ᠰᠢᠶᠠᠨ ᠤ ᠱᠠᠳᠤᠨ ᠤ ᠡᠮᠨᠡᠯᠭᠡ ᠶᠢ ᠬᠤᠷᠢᠶ᠎ᠠ ᠠᠴᠠ ᠬᠠᠮᠢᠶᠠᠷᠬᠤ | ᠲᠤᠷᠰᠢᠯᠳᠠ ᠶᠢᠨ ᠴᠡᠭ ᠤᠨ ᠠᠵᠢᠯ ᠢ ᠦᠷᠨᠢᠭᠦᠯᠵᠤ᠂ ᠬᠤᠰᠢᠭᠤ ᠰᠢᠶᠠᠨ ᠤ ᠬᠡᠪᠴᠢᠶᠡᠨ ᠤ ᠡᠮᠴᠢᠯᠡᠭᠡ ᠡᠷᠡᠭᠦᠯ | ᠬᠠᠮᠠᠭᠠᠯᠠᠯ ᠤᠨ ᠡᠬᠢ ᠪᠠᠶᠠᠯᠢᠭ ᠤᠨ ᠲᠤᠬᠢᠷᠠᠭᠤᠯᠤᠯᠳᠠ ᠪᠠ ᠬᠡᠷᠡᠭᠯᠡᠯᠳᠡ ᠶᠢᠨ ᠦᠷ᠎ᠡ ᠪᠦᠳᠦᠮᠵᠢ ᠶᠢ | ᠲᠡᠭᠡᠭᠰᠢᠯᠡᠭᠦᠯᠦᠨ᠎ᠡ᠃ ᠬᠦᠳᠡᠭᠡ ᠲᠤᠰᠬᠤᠨ ᠤ ᠡᠮᠴᠢ ᠶᠢᠨ ᠡᠩᠨᠡᠭᠡᠨ ᠤ ᠪᠠᠶᠢᠭᠤᠯᠤᠯᠳᠠ ᠶᠢ ᠴᠢᠩᠭᠠᠳᠬᠠᠵᠤ᠂ ᠰᠤᠮᠤ | ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ᠂ ᠭᠠᠴᠠᠭ᠎ᠠ ᠲᠤᠰᠬᠤᠨ ᠤ ᠡᠷᠡᠭᠦᠯ ᠬᠠᠮᠠᠭᠠᠯᠠᠯ ᠤᠨ ᠲᠠᠰᠤᠭ | ᠲᠤ ᠤᠷᠢᠭᠳᠠᠨ ᠠᠵᠢᠯᠯᠠᠭᠰᠠᠨ ᠲᠤᠰ ᠵᠢᠯ ᠲᠡᠭᠦᠰᠦᠭᠰᠡᠨ ᠶᠡᠭᠡ ᠲᠡᠭᠡᠳᠦ ᠰᠤᠷᠭᠠᠭᠤᠯᠢ ᠶᠢᠨ ᠠᠨᠠᠭᠠᠬᠤ ᠤᠬᠠᠭᠠᠨ ᠤ | ᠰᠤᠷᠤᠭᠴᠢᠳ ᠲᠤ ᠶᠡᠭᠡ ᠰᠤᠷᠭᠠᠭᠤᠯᠢ ᠶᠢᠨ ᠬᠤᠭᠤᠴᠠᠭᠠᠨ ᠳᠠᠬᠢ ᠰᠤᠷᠤᠯᠭ᠎ᠠ ᠶᠢᠨ ᠰᠦᠢᠳᠬᠡᠯ ᠤᠨ ᠨᠦᠬᠦᠪᠦᠷᠢ ᠪᠠ | ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠶᠢ ᠤᠷᠤᠯᠠᠨ ᠲᠦᠯᠦᠬᠦ ᠬᠠᠷᠠᠭᠠᠯᠵᠠᠯ ᠬᠦᠷᠳᠡᠭᠡᠨ᠎ᠡ᠃ | ᠦᠨᠳᠦᠰᠦᠨ ᠱᠠᠳᠤᠨ ᠤ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠤᠳᠤ ᠪᠠᠶᠢᠭ᠎ᠠ ᠤᠷᠤᠨ ᠲᠤᠭ᠎ᠠ ᠠᠴᠠ ᠪᠠᠨ | ᠵᠤᠬᠢᠬᠤ ᠬᠠᠷᠢᠴᠠᠯ ᠭᠠᠷᠭᠠᠵᠤ᠂ ᠨᠦᠬᠦᠴᠡᠯ ᠳᠤ ᠨᠡᠶᠢᠴᠡᠬᠦ ᠬᠦᠳᠡᠭᠡ ᠲᠤᠰᠬᠤᠨ ᠤ ᠡᠮᠴᠢ ᠶᠢ ᠰᠤᠮᠤ ᠰᠢᠶᠠᠩ | ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶᠠᠨ ᠳᠤ ᠵᠢᠷᠤᠮ ᠲᠠᠷᠠᠭᠠᠯᠠᠯ ᠶᠤᠰᠤᠭᠠᠷ ᠢᠯᠡ ᠪᠠᠷ ᠤᠷᠢᠨ | ᠠᠵᠢᠯᠯᠠᠭᠤᠯᠬᠤ ᠶᠢ ᠵᠦᠪᠰᠢᠶᠡᠷᠡᠨ᠎ᠡ᠃ ᠦᠨᠳᠦᠰᠦᠨ ᠱᠠᠳᠤᠨ ᠤ ᠡᠮᠴᠢᠯᠡᠭᠡᠨ ᠤ ᠠᠵᠢᠯᠳᠠᠨ ᠤ ᠮᠡᠷᠭᠡᠵᠢᠯ ᠤᠨ ᠴᠤᠯᠠ | ᠲᠤᠭᠳᠠᠭᠠᠬᠤ ᠪᠠ ᠴᠠᠯᠢᠩ ᠤᠯᠭᠤᠮᠵᠢ ᠶᠢ ᠦᠨᠳᠦᠰᠦᠨ ᠱᠠᠳᠤᠨ ᠤ ᠦᠢᠯᠡᠴᠢᠯᠡᠭᠡᠨ ᠤ ᠬᠤᠪᠢ ᠨᠡᠮᠡᠷᠢ ᠯᠦᠭᠡ | ᠬᠤᠯᠪᠤᠭᠳᠠᠭᠤᠯᠬᠤ ᠶᠢ ᠠᠬᠢᠭᠤᠯᠤᠨ᠎ᠠ᠃ ᠬᠦᠮᠦᠨ᠂ ᠴᠠᠭ᠂ ᠴᠡᠭ ᠢ ᠲᠤᠭᠳᠠᠭᠠᠨ᠂ ᠭᠠᠴᠠᠭ᠎ᠠ ᠲᠤᠰᠬᠤᠨ ᠳᠤ | ᠰᠠᠭᠤᠯᠭᠠᠬᠤ ᠬᠠᠷᠢᠭᠤᠴᠠᠭᠰᠠᠨ ᠡᠮᠴᠢ ᠶᠢᠨ ᠲᠦᠷᠢᠮ᠂ ᠬᠡᠷ ᠪᠦᠯᠢ ᠶᠢᠨ ᠡᠮᠴᠢ ᠶᠢᠨ ᠬᠡᠷ᠎ᠡ ᠲᠤᠭᠳᠠᠵᠤ ᠦᠢᠯᠡᠴᠢᠯᠡᠬᠦ | ᠲᠦᠷᠢᠮ᠂ ᠲᠤᠭᠤᠷᠢᠨ ᠡᠮᠴᠢᠯᠡᠬᠦ ᠲᠦᠷᠢᠮ ᠢ ᠰᠦᠪᠡᠭᠴᠢᠯᠡᠨ ᠪᠠᠶᠢᠭᠤᠯᠤᠨ᠎ᠠ᠃ ᠮᠠᠯᠵᠢᠬᠤ ᠲᠠᠷᠢᠶᠠᠯᠠᠬᠤ ᠤᠷᠤᠨ ᠤ | ᠦᠨᠳᠦᠰᠦᠨ ᠱᠠᠳᠤᠨ ᠤ ᠤᠯᠠᠨ ᠨᠡᠶᠢᠳᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠤᠭᠳᠠᠯᠴᠠᠭ᠎ᠠ ᠶᠢ | ᠪᠦᠷᠢᠨᠰᠢᠭᠦᠯᠵᠤ᠂ ᠨᠤᠳᠤᠭ ᠲᠠᠭᠠᠨ ᠪᠤᠴᠠᠭᠰᠠᠳ᠂ ᠰᠢᠯᠵᠢᠮᠡᠯ ᠬᠦᠮᠦᠨ ᠠᠮᠠ ᠶᠢᠨ ᠡᠷᠡᠭᠦᠯ ᠮᠡᠨᠳᠦ ᠶᠢᠨ | ᠬᠠᠮᠢᠶᠠᠷᠤᠯᠳᠠ ᠶᠢ ᠴᠢᠩᠭᠠᠳᠬᠠᠨ᠂ ᠰᠢᠨ᠎ᠡ ᠲᠢᠳᠢᠮᠯᠢᠭ ᠠᠭᠤᠰᠬᠢᠨ ᠦᠷᠪᠢᠰᠦᠯ᠂ ᠬᠤᠯᠤᠭᠠᠨ᠎ᠠ ᠶᠢᠨ ᠬᠢᠵᠢᠭ ᠵᠡᠷᠭᠡ | ᠬᠦᠨᠳᠦ ᠶᠡᠭᠡ ᠬᠢᠵᠢᠭ ᠢ ᠰᠡᠷᠬᠡᠶᠢᠯᠡᠨ ᠡᠵᠡᠮᠳᠡᠬᠦ ᠠᠵᠢᠯ ᠢ ᠰᠠᠶᠢᠳᠤᠷ ᠬᠢᠬᠦ ᠬᠡᠷᠡᠭᠳᠠᠢ᠃ | ᠲᠠᠪᠤ᠂ ᠮᠠᠯᠵᠢᠬᠤ ᠲᠠᠷᠢᠶᠠᠯᠠᠬᠤ ᠤᠷᠤᠨ ᠤ ᠨᠡᠶᠢᠭᠡᠮ ᠤᠨ ᠪᠠᠳᠤᠯᠠᠭ᠎ᠠ ᠶᠢ ᠴᠢᠩᠭᠠᠳᠬᠠᠨ᠎ᠠ᠃ ᠬᠤᠳᠠ | ᠬᠦᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡᠨ ᠤ ᠲᠠᠭᠠᠳᠬᠠᠯ ᠪᠠ ᠬᠦᠨᠳᠦ ᠡᠪᠡᠳᠴᠢᠨ ᠤ | ᠲᠠᠭᠠᠳᠬᠠᠯ ᠤᠨ ᠲᠦᠷᠢᠮ ᠢ ᠲᠡᠭᠦᠯᠳᠡᠷᠵᠢᠭᠦᠯᠵᠤ᠂ ᠪᠦᠬᠦ ᠤᠷᠤᠨ ᠤ ᠨᠢᠭᠡᠳᠦᠯᠳᠠᠢ ᠡᠮᠴᠢᠯᠡᠭᠡᠨ ᠤ ᠪᠠᠳᠤᠯᠠᠭ᠎ᠠ ᠶᠢᠨ | ᠮᠡᠳᠡᠭᠡ ᠵᠠᠩᠭᠢ ᠶᠢᠨ ᠰᠢᠰᠲ᠋ᠧᠮ ᠤᠨ ᠪᠠᠶᠢᠭᠤᠯᠤᠯᠳᠠ ᠶᠢ ᠲᠦᠷᠭᠡᠳᠬᠡᠨ᠂ ᠠᠶᠢᠮᠠᠭ ᠬᠤᠳᠠ ᠶᠢᠨ ᠬᠡᠪᠴᠢᠶᠡᠨ ᠳᠤ ︽ | ᠨᠢᠭᠡ ᠦᠷᠳᠡᠭᠡ ᠮᠠᠶ᠋ᠢᠭ ᠤᠨ ᠦᠢᠯᠡᠴᠢᠯᠡᠭᠡ᠂ ᠨᠢᠭᠡ ᠴᠤᠩᠬᠤᠪᠴᠢ ᠪᠠᠷ ᠭᠦᠢᠴᠡᠳᠬᠡᠬᠦ᠂ ᠨᠢᠭᠡ ᠬᠠᠭᠤᠳᠠᠰᠤ ᠪᠠᠷ | ᠳ᠋ᠦ᠋ᠩᠨᠡᠨ ᠪᠤᠳᠤᠬᠤ︾ ᠶᠢ ᠪᠡᠶᠡᠯᠡᠭᠦᠯᠦᠨ᠎ᠡ᠃ ᠮᠠᠯᠵᠢᠬᠤ ᠲᠠᠷᠢᠶᠠᠯᠠᠬᠤ ᠤᠷᠤᠨ ᠤ ᠠᠮᠢᠳᠤᠷᠠᠯ ᠤᠨ ᠨᠠᠭᠠᠳᠤ ᠵᠠᠬ᠎ᠠ ᠶᠢᠨ | ᠪᠠᠳᠤᠯᠠᠭ᠎ᠠ ᠬᠦᠷᠳᠡᠬᠦ ᠡᠳᠡᠭᠡᠳ ᠤᠨ ᠬᠦᠳᠡᠯᠦᠩᠭᠦᠢ ᠤᠨᠤᠪᠴᠢᠳᠠᠢ ᠬᠠᠮᠢᠶᠠᠷᠤᠯᠳᠠ ᠶᠢ ᠴᠢᠩᠭᠠᠳᠬᠠᠵᠤ᠂ ᠨᠦᠬᠦᠴᠡᠯ | ᠳᠤ ᠨᠡᠶᠢᠴᠡᠬᠦ ᠬᠦᠴᠢᠷᠳᠡᠯᠳᠠᠢ ᠤᠯᠠᠨ ᠲᠦᠮᠡᠨ ᠢ ᠴᠠᠭ ᠲᠤᠬᠠᠢ ᠳᠤᠨᠢ ᠪᠠᠳᠤᠯᠠᠭ᠎ᠠ ᠶᠢᠨ ᠬᠡᠪᠴᠢᠶᠡᠨ ᠳᠤ ᠤᠷᠤᠭᠤᠯᠵᠤ | ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠳᠤᠯᠠᠭ᠎ᠠ ᠵᠡᠷᠭᠡ ᠨᠡᠶᠢᠭᠡᠮ ᠤᠨ ᠠᠪᠤᠷᠠᠨ ᠲᠤᠰᠠᠯᠠᠬᠤ ᠲᠦᠪᠰᠢᠨ ᠢ ᠵᠦᠢ | ᠵᠤᠬᠢᠰᠳᠠᠢ ᠲᠡᠭᠡᠭᠰᠢᠯᠡᠭᠦᠯᠦᠨ᠎ᠡ᠃ ᠮᠠᠯᠵᠢᠬᠤ ᠲᠠᠷᠢᠶᠠᠯᠠᠬᠤ ᠤᠷᠤᠨ ᠤ ᠭᠡᠷ ᠲᠡᠭᠡᠨ ᠬᠤᠴᠤᠷᠤᠭᠰᠠᠨ ᠬᠡᠤᠬᠡᠳ ᠪᠤᠯᠤᠨ | ᠡᠮᠡᠭᠳᠠᠶᠢᠴᠤᠳ᠂ ᠨᠠᠰᠤᠳᠠᠶᠢᠴᠤᠳ ᠢ ᠬᠠᠶᠢᠷᠠᠯᠠᠨ ᠬᠠᠯᠠᠮᠵᠢᠯᠠᠬᠤ ᠦᠢᠯᠡᠴᠢᠯᠡᠭᠡᠨ ᠤ ᠲᠤᠭᠳᠠᠯᠴᠠᠭ᠎ᠠ ᠶᠢ | ᠲᠡᠭᠦᠯᠳᠡᠷᠵᠢᠭᠦᠯᠵᠤ᠂ ᠬᠠᠷᠢᠯᠴᠠᠨ ᠬᠠᠪᠰᠤᠷᠤᠯᠴᠠᠬᠤ ᠨᠠᠰᠤᠵᠢᠯ ᠤᠨ ᠠᠰᠠᠷᠠᠮᠵᠢ ᠶᠢᠨ ᠵᠤᠯ ᠵᠢᠷᠭᠠᠯ ᠤᠨ ᠬᠦᠷᠢᠶᠡᠯᠡᠩ | ᠪᠤᠯᠤᠨ ᠨᠠᠰᠤᠵᠢᠯ ᠤᠨ ᠠᠰᠠᠷᠠᠮᠵᠢ ᠶᠢᠨ ᠨᠡᠶᠢᠳᠡ ᠶᠢᠨ ᠪᠠᠶᠢᠷᠢ ᠶᠢᠨ ᠪᠦᠳᠦᠭᠡᠨ ᠪᠠᠶᠢᠭᠤᠯᠤᠯᠳᠠ ᠶᠢ ᠠᠬᠢᠭᠤᠯᠤᠨ᠂ | ᠤᠨᠴᠠ ᠬᠦᠴᠢᠷᠳᠡᠯᠳᠠᠢ ᠬᠦᠮᠦᠰ ᠢ ᠠᠰᠠᠷᠠᠨ ᠲᠡᠵᠢᠭᠡᠬᠦ ᠦᠢᠯᠡᠴᠢᠯᠡᠭᠡᠨ ᠤ ᠲᠦᠬᠦᠭᠡᠷᠦᠮᠵᠢ ᠶᠢ ᠦᠭᠡᠷᠡᠴᠢᠯᠡᠨ | ᠲᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠵᠤ᠂ ᠡᠳᠦᠷ ᠤᠨ ᠴᠠᠭ ᠲᠤ ᠠᠰᠠᠷᠠᠨ ᠬᠠᠷᠠᠭᠠᠯᠵᠠᠬᠤ ᠲᠦᠪ ᠢ ᠤᠯᠠᠨ | ᠬᠡᠯᠪᠡᠷᠢ ᠪᠠᠷ ᠪᠦᠳᠦᠭᠡᠨ ᠪᠠᠶᠢᠭᠤᠯᠵᠤ᠂ ᠨᠦᠬᠦᠴᠡᠯ ᠲᠠᠢ ᠠᠰᠠᠷᠠᠨ ᠲᠡᠵᠢᠭᠡᠬᠦ ᠦᠢᠯᠡᠴᠢᠯᠡᠭᠡᠨ ᠤ ᠪᠠᠶᠢᠭᠤᠯᠤᠮᠵᠢ ᠶᠢᠨ | ᠡᠳᠦᠷ ᠢᠶᠠᠷ ᠬᠠᠷᠠᠭᠠᠯᠵᠠᠬᠤ᠂ ᠭᠡᠷ ᠲᠤᠨᠢ ᠬᠦᠷᠴᠦ ᠦᠢᠯᠡᠴᠢᠯᠡᠬᠦ ᠵᠡᠷᠭᠡ ᠴᠢᠳᠠᠮᠵᠢ ᠶᠢ ᠨᠡᠮᠡᠭᠳᠡᠭᠦᠯᠬᠦ ᠶᠢ ᠲᠠᠮᠵᠢᠵᠤ᠂ | ᠴᠢᠳᠠᠪᠤᠷᠢ ᠪᠠᠨ ᠠᠯᠳᠠᠭᠰᠠᠨ ᠨᠠᠰᠤᠳᠠᠶᠢᠴᠤᠳ ᠪᠤᠯᠤᠨ ᠬᠦᠨᠳᠦ ᠵᠡᠮᠳᠡᠭᠴᠤᠳ ᠤᠨ ᠠᠰᠠᠷᠠᠨ ᠰᠤᠪᠢᠯᠠᠬᠤ | ᠦᠢᠯᠡᠴᠢᠯᠡᠭᠡ ᠶᠢ ᠰᠠᠶᠢᠵᠢᠷᠠᠭᠤᠯᠤᠨ᠎ᠠ᠃ | ᠵᠢᠷᠭᠤᠭ᠎ᠠ᠂ ᠮᠠᠯᠵᠢᠬᠤ ᠲᠠᠷᠢᠶᠠᠯᠠᠬᠤ ᠤᠷᠤᠨ ᠤ ᠤᠯᠠᠨ ᠨᠡᠶᠢᠳᠡ ᠶᠢᠨ ᠰᠤᠶᠤᠯ ᠤᠨ ᠦᠢᠯᠡᠴᠢᠯᠡᠭᠡ ᠶᠢ | ᠰᠠᠶᠢᠵᠢᠷᠠᠭᠤᠯᠤᠨ᠎ᠠ᠃ ᠰᠢᠨ᠎ᠡ ᠴᠠᠭ ᠦᠶ᠎ᠡ ᠶᠢᠨ ᠪᠤᠯᠪᠠᠰᠤᠨ ᠤ ᠦᠢᠯᠡᠳᠦᠯᠭᠡ ᠶᠢᠨ ᠭᠠᠵᠠᠷ ᠤᠨ ᠪᠦᠳᠦᠭᠡᠨ | ᠪᠠᠶᠢᠭᠤᠯᠤᠯᠳᠠ ᠶᠢ ᠴᠢᠩᠭᠠᠳᠬᠠᠵᠤ᠂ ᠵᠠᠰᠠᠭ ᠵᠠᠬᠢᠷᠭᠠᠨ ᠤ ᠭᠠᠴᠠᠭ᠎ᠠ ᠲᠤᠰᠬᠤᠨ ︵ᠨᠡᠶᠢᠭᠡᠮ ᠲᠤᠭᠤᠷᠢᠭ︶ ᠤ ᠨᠠᠮ | ᠤᠯᠠᠨ ᠲᠦᠮᠡᠨ ᠤ ᠦᠢᠯᠡᠴᠢᠯᠡᠭᠡᠨ ᠤ ᠲᠦᠪ᠂ ᠠᠷᠠᠳ ᠲᠤ ᠲᠦᠭᠦᠮ ᠦᠵᠡᠭᠦᠯᠬᠦ ᠶᠡᠷᠦᠩᠭᠡᠶᠢᠯᠡᠭᠰᠡᠨ ᠦᠢᠯᠡᠴᠢᠯᠡᠭᠡᠨ | ᠤ ᠲᠦᠪ ᠢᠶᠠᠷ ᠲᠦᠰᠢᠭ ᠪᠤᠯᠭᠠᠵᠤ᠂ ᠤᠯᠠᠨ ᠨᠡᠶᠢᠳᠡ ᠶᠢᠨ ᠰᠤᠶᠤᠯ ᠤᠨ ᠦᠨᠳᠦᠰᠦᠨ ᠦᠢᠯᠡᠴᠢᠯᠡᠭᠡ ᠶᠢ ᠬᠦᠳᠡᠭᠡ | ᠲᠤᠰᠬᠤᠨ ᠲᠡᠶᠢᠰᠢ ᠤᠷᠳᠤᠳᠬᠠᠬᠤ ᠶᠢ ᠠᠬᠢᠭᠤᠯᠤᠨ᠎ᠠ᠃ ᠤᠯᠠᠭᠠᠨᠮᠦ᠋ᠴᠢᠷ ᠤᠨ ᠵᠤᠷᠢᠭ ᠰᠠᠨᠠᠭ᠎ᠠ ᠶᠢ ᠪᠠᠳᠠᠷᠠᠭᠤᠯᠤᠨ᠂ | ᠰᠤᠶᠤᠯ ᠢ ᠬᠦᠳᠡᠭᠡ ᠪᠠᠭᠤᠯᠭᠠᠬᠤ ᠠᠵᠢᠯᠯᠠᠭ᠎ᠠ ᠶᠢ ᠦᠷᠭᠡᠨ ᠲᠡᠯᠭᠡᠷ ᠦᠷᠨᠢᠭᠦᠯᠵᠤ᠂ ᠦᠷᠭᠡᠨ ᠤᠯᠠᠨ ᠤᠳᠬ᠎ᠠ | ᠤᠷᠠᠯᠢᠭ ᠤᠨ ᠠᠵᠢᠯᠳᠠᠨ ᠤ ᠤᠯᠠᠨ ᠲᠦᠮᠡᠨ ᠲᠠᠢ ᠤᠶᠢᠷᠠᠳᠤᠭᠰᠠᠨ᠂ ᠦᠷᠭᠡᠨ ᠲᠡᠯᠭᠡᠷ ᠤᠯᠠᠮᠵᠢᠯᠠᠭᠳᠠᠭᠰᠠᠨ᠂ ᠦᠪ | ᠪᠤᠯᠤᠨ ᠬᠤᠴᠤᠷᠴᠦ ᠴᠢᠳᠠᠬᠤ ᠰᠢᠯᠢᠳᠡᠭ ᠪᠦᠳᠦᠭᠡᠯ ᠢ ᠵᠤᠬᠢᠶᠠᠨ ᠪᠦᠳᠦᠭᠡᠵᠤ ᠦᠢᠯᠡᠳᠪᠦᠷᠢᠯᠡᠬᠦ ᠶᠢ | ᠵᠤᠷᠢᠭᠵᠢᠭᠤᠯᠤᠨ᠎ᠠ᠃ ᠤᠯᠠᠮᠵᠢᠯᠠᠯᠳᠤ ᠭᠠᠷ ᠤᠷᠠᠯᠠᠯ ᠢ ᠬᠦᠭᠵᠢᠭᠦᠯᠦᠨ ᠮᠠᠨᠳᠤᠭᠤᠯᠬᠤ ᠲᠦᠯᠦᠪᠯᠡᠭᠡ᠂ ᠪᠤᠳᠠᠰ ᠤᠨ | ᠪᠤᠰᠤ ᠰᠤᠶᠤᠯ ᠤᠨ ᠦᠪ ᠤᠨ ᠤᠯᠠᠮᠵᠢᠯᠠᠭᠴᠢᠳ ᠢ ᠰᠤᠳᠤᠯᠤᠨ ᠬᠦᠮᠦᠵᠢᠭᠦᠯᠬᠦ ᠲᠦᠯᠦᠪᠯᠡᠭᠡ ᠶᠢ ᠬᠡᠷᠡᠭᠵᠢᠭᠦᠯᠵᠤ᠂ | ᠮᠠᠯᠵᠢᠬᠤ ᠲᠠᠷᠢᠶᠠᠯᠠᠬᠤ ᠤᠷᠤᠨ ᠤ ᠪᠤᠳᠠᠰ ᠤᠨ ᠪᠤᠰᠤ ᠰᠤᠶᠤᠯ ᠤᠨ ᠦᠪ ᠤᠨ ᠤᠯᠠᠮᠵᠢᠯᠠᠭᠴᠢᠳ᠂ ᠠᠷᠠᠳ ᠤᠨ | ᠤᠷᠠᠯᠢᠭᠴᠢᠳ ᠤᠨ ᠱᠠᠪᠢ ᠡᠯᠰᠡᠵᠤ ᠤᠷ᠎ᠠ ᠮᠡᠷᠭᠡᠵᠢᠯ ᠢᠶᠠᠨ ᠤᠯᠠᠮᠵᠢᠯᠠᠵᠤ᠂ ᠠᠷᠠᠳ ᠤᠨ ᠵᠠᠩ ᠦᠢᠯᠡ ᠢᠳᠡᠭᠡᠨ | ᠤᠮᠳᠠᠭᠠᠨ ᠵᠡᠷᠭᠡ ᠰᠢᠯᠢᠳᠡᠭ ᠰᠤᠶᠤᠯ ᠤᠨ ᠦᠪ ᠢ ᠤᠯᠠᠮᠵᠢᠯᠠᠬᠤ ᠶᠢ ᠲᠡᠳᠬᠦᠨ ᠲᠡᠮᠵᠢᠨ᠎ᠡ᠃ ᠨᠡᠷ᠎ᠡ ᠴᠤᠤᠳᠤ ᠰᠤᠮᠤ | ᠪᠠᠯᠭᠠᠰᠤ ᠭᠠᠴᠠᠭ᠎ᠠ ᠲᠤᠰᠬᠤᠨ᠂ ᠲᠡᠤᠬᠡ ᠶᠢᠨ ᠤᠯᠪᠠᠭ᠎ᠠ ᠲᠠᠢ ᠵᠡᠭᠡᠯᠢ ᠲᠤᠭᠤᠷᠢᠭ᠂ ᠡᠷᠳᠡᠨ ᠤ ᠲᠡᠤᠬᠡ ᠶᠢᠨ | ᠲᠤᠷᠠᠰᠬᠠᠯᠳᠤ ᠵᠦᠢᠯᠡᠰ᠂ ᠤᠯᠠᠮᠵᠢᠯᠠᠯᠳᠤ ᠠᠶᠢᠯ ᠲᠤᠰᠬᠤᠨ᠂ ᠡᠷᠳᠡᠨ ᠤ ᠮᠤᠳᠤ ᠵᠡᠷᠭᠡ ᠲᠡᠤᠬᠡ ᠶᠢᠨ ᠦᠯᠡᠳᠡᠭᠳᠡᠯ ᠢ | ᠬᠠᠮᠠᠭᠠᠯᠠᠨ ᠠᠰᠢᠭᠯᠠᠬᠤ ᠶᠢ ᠴᠢᠩᠭᠠᠳᠬᠠᠨ᠎ᠠ᠃ ᠲᠠᠷᠢᠶᠠᠴᠢᠳ ᠤᠨ ᠡᠯᠪᠡᠭ ᠬᠤᠷᠢᠶᠠᠯᠳᠠ ᠶᠢᠨ ᠪᠠᠶᠠᠷ ᠢ ᠰᠠᠶᠢᠳᠤᠷ | ᠡᠷᠬᠢᠯᠡᠨ᠎ᠡ᠃ | | ᠢᠷᠡᠯᠳᠡ᠄ ᠦᠢᠯᠡᠳᠦᠯᠭᠡ | ᠤᠷᠴᠢᠭᠤᠯᠤᠭᠴᠢ᠄ ᠭᠡᠭᠡᠨᠳᠠᠨᠠ | ᠲᠡᠪᠰᠢᠭᠦᠯᠦᠭᠰᠡᠨ ᠨᠢ᠄ ᠤᠶᠠᠩᠭ᠎ᠠ | |