ᠤᠯᠠᠭᠠᠨᠴᠠᠪ ᠬᠤᠳᠠ ᠶᠢᠨ ᠰᠢᠨ᠎ᠠ ᠲᠢᠳᠡᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠠᠬᠦ ᠠᠵᠢᠯ ᠤᠨ ᠵᠢᠯᠤᠭᠤᠳᠬᠤ ᠭᠠᠵᠠᠷ ᠤᠨ ᠠᠯᠪᠠᠨ ᠮᠡᠳᠡᠭᠳᠡᠯ
ᠨᠡᠶᠢᠲᠡᠯᠡᠭᠰᠡᠨ ᠴᠠᠭ᠄
2020-06-15
 ᠦᠷᠬᠡᠨ ᠤᠯᠠᠨ ᠬᠤᠳᠠ ᠶᠢᠨ ᠠᠷᠠᠳ ᠲᠦᠮᠡᠨ ᠳᠤ᠄      ᠲᠠ ᠪᠦᠬᠦᠳᠠ ᠶᠢᠨ ᠡᠷᠡᠬᠦᠯ ᠴᠢᠬᠢᠷᠠᠭ ᠠᠮᠤᠷ ᠲᠦᠪᠰᠢᠨ ᠢ ᠪᠠᠳᠤᠯᠠᠬᠤ ᠶᠢᠨ ᠲᠤᠯᠠᠳᠠ᠂ 2020 ᠤᠨ ᠤ 5 ᠰᠠᠷ᠎ᠠ ᠶᠢᠨ 30 ᠤ ᠡᠳᠦᠷ ᠠᠴᠠ ᠬᠤᠶᠢᠰᠢ ᠪᠡᠭᠡᠵᠢᠩ ᠤᠨ ᠰᠢᠨ ᠹᠠ ᠳ᠋ᠢ ᠵᠠᠬ᠎ᠠ ᠲᠡᠯᠬᠡᠬᠦᠷ᠂ ᠲᠠᠯᠠᠢ ᠶᠢᠨ ᠢᠳᠡᠬᠡᠨ ᠤ ᠵᠠᠬ᠎ᠠ ᠲᠡᠯᠬᠡᠬᠦᠷ ᠵᠢᠴᠢ ᠡᠳᠡᠬᠡᠷ ᠭᠠᠵᠠᠷ ᠤᠨ ᠬᠦᠮᠦᠰ ᠲᠠᠢ ᠦᠢᠷᠠᠳᠤᠵᠦ ᠦᠩᠭᠡᠷᠡᠭᠰᠡᠨ ᠬᠦᠮᠦᠰ ᠪᠠᠶᠢᠳᠠᠭ ᠯᠡ ᠶᠤᠮ ᠪᠤᠯ ᠲᠠᠷᠤᠶᠢᠬᠠᠨ ᠲᠤᠬᠠᠢ ᠶᠢᠨ ᠭᠠᠵᠠᠷ ᠤᠨ ᠬᠢᠵᠢᠭ ᠢ ᠰᠡᠷᠬᠡᠶᠢᠯᠡᠨ ᠡᠵᠡᠮᠳᠡᠬᠦ ᠵᠢᠯᠤᠭᠤᠳᠤᠯᠭ᠎ᠠ  ᠶᠢᠨ ᠭᠠᠵᠠᠷ᠂ ᠰᠠᠭᠤᠵᠦ ᠪᠠᠶᠢᠭ᠎ᠠ ᠭᠠᠵᠠᠷ ᠤᠨ ᠢᠶᠠᠨ ᠨᠡᠶᠢᠬᠡᠮ ᠲᠤᠭᠤᠷᠢᠭ ︵ᠵᠦᠪᠯᠡᠯ︶᠂ ᠪᠠᠶᠢᠭᠤᠯᠭ᠎ᠠ ᠨᠢᠬᠡᠴᠡ ᠪᠤᠶᠤ ᠰᠠᠭᠤᠵᠦ ᠪᠠᠶᠢᠭ᠎ᠠ ᠪᠠᠭᠤᠳᠠᠯ ᠳᠠᠭᠠᠨ ᠪᠠᠶᠢᠳᠠᠯ ᠢᠶᠠᠨ ᠦᠨᠡᠨ ᠮᠦᠨ ᠢᠶᠠᠷ ᠨᠢ ᠮᠡᠳᠡᠬᠦᠯᠵᠦ᠂ ᠬᠢᠵᠢᠭ ᠢ ᠰᠡᠷᠬᠡᠶᠢᠯᠡᠨ ᠡᠵᠡᠮᠳᠡᠬᠦ ᠰᠠᠯᠠᠭ᠎ᠠ ᠮᠦᠴᠢᠷ ᠤᠨ ᠬᠢᠨ ᠲᠠᠢ ᠬᠠᠷᠢᠯᠴᠠᠵᠦ ᠱᠠᠭᠠᠷᠳᠠᠯᠭ᠎ᠠ ᠶᠤᠰᠤᠭᠠᠷ ᠨᠢ ᠪᠠᠶ᠎ᠠ ᠶᠢᠨ ᠪᠠᠶᠢᠴᠠᠭᠠᠯᠳᠠ ᠬᠢᠬᠦ ᠶᠢᠨ ᠲᠠᠭᠠᠤ ᠠᠨᠠᠭᠠᠬᠤ ᠤᠬᠠᠭᠠᠨ ᠢᠶᠠᠷ ᠲᠤᠰᠠᠭᠠᠷᠯᠠᠬᠤ ᠵᠡᠷᠬᠡ ᠠᠷᠭ᠎ᠠ ᠠᠪᠴᠢᠯ ᠢ ᠠᠪᠬᠤ ᠬᠡᠷᠡᠭᠳᠠᠢ᠃ ᠬᠡᠷᠪᠡ ᠨᠢᠭᠤᠵᠦ ᠮᠡᠳᠡᠬᠦᠯᠬᠦ ᠦᠭᠡᠢ ᠠᠴᠠ ᠮᠠᠭᠤ ᠨᠦᠯᠦᠬᠡ ᠭᠠᠷᠭᠠᠪᠠᠯ ᠬᠠᠮᠢᠶ᠎ᠠ ᠪᠦᠬᠦᠢ ᠬᠠᠤᠯᠢ ᠶᠢᠨ ᠬᠠᠷᠢᠭᠤᠴᠠᠯᠭ᠎ᠠ ᠨᠡᠬᠡᠮᠵᠢᠯᠡᠨ᠎ᠡ᠃      6 ᠰᠠᠷ᠎ᠠ ᠶᠢᠨ 13 ᠤ ᠡᠳᠦᠷ ᠤᠨ ᠲᠢᠭ ᠴᠠᠭ ᠠᠴᠠ ᠬᠤᠶᠢᠰᠢ᠂ ᠪᠡᠬᠡᠵᠢᠩ ᠤᠨ ᠪᠠᠷᠠᠭᠤᠨ ᠬᠤᠳᠠ ᠶᠢᠨ ᠲᠤᠭᠤᠷᠢᠭ᠂ ᠹᠧᠩ ᠲᠠᠢ ᠲᠤᠭᠤᠷᠢᠭ᠂ ᠹᠠᠩ ᠱᠠᠨ ᠲᠤᠭᠤᠷᠢᠭ ᠵᠡᠷᠬᠡ ᠲᠤᠮᠳᠠ ᠵᠡᠷᠬᠡ ᠶᠢᠨ ᠲᠦᠭᠰᠢᠬᠦᠷᠢᠳᠦ ᠤᠷᠤᠨ  ᠠᠴᠠ ᠮᠠᠨ ᠤ ᠬᠤᠳᠠ ᠳᠤ ᠤᠷᠤᠵᠦ ᠢᠷᠡᠭᠰᠡᠨ ᠬᠦᠮᠦᠰ ᠪᠠᠶᠢᠪᠠᠯ᠂ ᠡᠷᠬᠡᠪᠰᠢ ᠲᠤᠬᠠᠢ ᠶᠢᠨ ᠭᠠᠵᠠᠷ ᠤᠨ ᠬᠢᠵᠢᠭ ᠢ ᠰᠡᠷᠬᠡᠶᠢᠯᠡᠨ ᠡᠵᠡᠮᠳᠡᠬᠦ ᠵᠢᠯᠤᠭᠤᠳᠤᠯᠭ᠎ᠠ ᠶᠢᠨ ᠭᠠᠵᠠᠷ᠂ ᠪᠠᠶᠢᠭ᠎ᠠ ᠭᠠᠵᠠᠷ ᠤᠨ ᠢᠶᠠᠨ ᠨᠡᠶᠢᠬᠡᠮ ᠲᠤᠭᠤᠷᠢᠭ ︵ᠵᠦᠪᠯᠡᠯ︶᠂ ᠪᠠᠶᠢᠭᠤᠯᠭ᠎ᠠ ᠨᠢᠬᠡᠴᠡ ᠪᠤᠶᠤ ᠰᠠᠭᠤᠵᠦ ᠪᠠᠶᠢᠭ᠎ᠠ ᠪᠠᠭᠤᠳᠠᠯ ᠳᠤ ᠪᠠᠨ ᠬᠤᠪᠢ ᠬᠦᠮᠦᠨ ᠤ ᠪᠠᠶ᠎ᠠ ᠶᠢᠨ ᠪᠠᠶᠢᠳᠠᠯ  ᠢᠶᠠᠨ ᠮᠡᠳᠡᠬᠦᠯᠵᠦ᠂ ᠡᠬᠦᠨ ᠤ ᠬᠠᠮᠳᠦ ᠡᠷᠬᠡᠪᠰᠢ 14 ᠡᠳᠦᠷ ᠤᠨ ᠠᠨᠠᠭᠠᠬᠤ ᠤᠬᠠᠭᠠᠨ ᠤ ᠲᠤᠰᠠᠭᠠᠷᠯᠠᠯ᠂ 2 ᠤᠳᠠᠭᠠᠨ ᠤ ᠪᠦᠬᠡᠮ ᠬᠦᠴᠢᠯ ᠤᠨ ᠪᠠᠶᠢᠴᠠᠭᠠᠯᠳᠠ ᠪᠤᠯᠤᠨ 1 ᠤᠳᠠᠭᠠᠨ ᠤ ᠴᠢᠰᠤᠨ ᠤ ᠪᠠᠶᠢᠴᠠᠭᠠᠯᠳᠠ ᠬᠢᠬᠦ ᠬᠡᠷᠡᠭᠳᠠᠢ      ᠲᠠᠨ ᠤ ᠬᠡᠷᠪᠡ ᠲᠡᠷᠬᠡᠳᠠ ᠲᠡᠬᠡᠷ᠎ᠡ ᠶᠠᠷᠢᠭᠰᠠᠨ ᠲᠦᠷᠦᠯ ᠤᠨ ᠬᠦᠮᠦᠰ ᠪᠠᠶᠢᠳᠠᠯ᠂ ᠮᠦᠨ ᠴᠦ ᠲᠡᠷᠡ ᠲᠠᠷᠤᠢ  ᠳᠤᠨᠢ ᠲᠤᠬᠠᠢ ᠶᠢᠨ ᠭᠠᠵᠠᠷ ᠤᠨ ᠬᠢᠵᠢᠭ ᠢ ᠰᠡᠷᠬᠡᠶᠢᠯᠡᠨ ᠡᠵᠡᠮᠳᠠᠬᠦ ᠵᠢᠯᠤᠭᠤᠳᠤᠯᠭ᠎ᠠ ᠶᠢᠨ ᠭᠠᠵᠠᠷ ᠪᠤᠶᠤ ᠰᠠᠭᠤᠭ᠎ᠠ ᠭᠠᠵᠠᠷ ᠤᠨ ᠢᠶᠠᠨ ᠨᠡᠶᠢᠬᠡᠮ ᠲᠤᠭᠤᠷᠢᠭ ︵ᠵᠦᠪᠯᠡᠯ︶ ᠳᠤ ᠮᠡᠳᠡᠬᠦᠯᠬᠦ ᠬᠡᠷᠡᠭᠳᠠᠢ᠃ ᠡᠬᠦᠨ ᠤ ᠲᠠᠭᠠᠤ ᠬᠢᠵᠢᠭ ᠢ ᠰᠡᠷᠬᠡᠶᠢᠯᠡᠨ ᠡᠵᠡᠮᠳᠠᠬᠦ ᠦᠵᠡᠯ ᠤᠬᠠᠮᠰᠠᠷ ᠢᠶᠠᠨ ᠦᠷᠬᠦᠯᠵᠢᠯᠡᠨ ᠴᠢᠩᠭᠠᠳᠬᠠᠵᠦ᠂ ᠬᠤᠪᠢ ᠪᠠᠶ᠎ᠠ ᠶᠢᠨ ᠬᠠᠮᠠᠭᠠᠯᠠᠯᠳᠠ  ᠢᠶᠠᠨ ᠰᠠᠶᠢᠳᠦᠷ ᠬᠢᠵᠦ᠂ ᠢᠳᠡᠬᠡᠨ ᠢᠶᠠᠨ ᠰᠠᠶᠢᠳᠦᠷ ᠪᠤᠯᠭᠤᠵᠦ ᠢᠳᠡᠬᠦ ᠬᠡᠷᠡᠭᠳᠠᠢ᠃ ᠬᠡᠷᠪᠡ ᠤᠨᠴᠠᠭᠠᠢ ᠤᠴᠢᠷ ᠦᠭᠡᠢ ᠪᠤᠯ ᠪᠡᠬᠡᠵᠢᠩ ᠬᠤᠳᠠ᠂ ᠤᠨᠴᠠᠭᠠᠶᠢᠯᠠᠨ ᠪᠠᠷᠠᠭᠤᠨ ᠬᠤᠳᠠ ᠶᠢᠨ ᠲᠤᠭᠤᠷᠢᠭ᠂ ᠹᠧᠩ ᠲᠠᠢ ᠲᠤᠭᠤᠷᠢᠭ᠂ ᠹᠠᠩ ᠱᠠᠨ ᠲᠤᠭᠤᠷᠢᠭ ᠵᠡᠷᠬᠡ ᠲᠤᠮᠳᠠ ᠵᠡᠷᠬᠡ ᠶᠢᠨ ᠲᠦᠭᠰᠢᠬᠦᠷᠢᠳᠦ ᠤᠷᠤᠨ ᠳᠤ ᠤᠴᠢᠬᠤ ᠦᠭᠡᠢ ᠪᠠᠶᠢᠵᠦ᠂ ᠵᠠᠪᠠᠯ ᠤᠴᠢᠬᠤ ᠴᠢᠬᠤᠯᠠᠳᠠᠢ ᠪᠤᠯ ᠡᠷᠬᠡᠪᠰᠢ ᠰᠡᠷᠬᠡᠶᠢᠯᠡᠨ ᠬᠠᠮᠠᠭᠠᠯᠠᠯᠳᠠ ᠪᠠ ᠮᠡᠳᠡᠬᠦᠯᠦᠯᠳᠠ ᠶᠢᠨ ᠠᠵᠢᠯ ᠢᠶᠠᠨ ᠰᠠᠶᠢᠳᠦᠷ ᠬᠢᠭᠰᠡᠨ ᠪᠠᠶᠢᠬᠤ ᠬᠡᠷᠡᠭᠳᠠᠢ᠃                              ᠤᠯᠠᠭᠠᠨᠴᠠᠪ ᠬᠤᠳᠠ ᠶᠢᠨ ᠰᠢᠨ᠎ᠠ ᠲᠢᠳᠡᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠠᠬᠦ ᠠᠵᠢᠯ ᠤᠨ ᠵᠢᠯᠤᠭᠤᠳᠬᠤ ᠭᠠᠵᠠᠷ                2020 ᠤᠨ ᠤ 6 ᠰᠠᠷ᠎ᠠ ᠶᠢᠨ 14 ᠤ ᠡᠳᠦᠷ                  ᠲᠡᠪᠰᠢᠬᠦᠯᠦᠭᠰᠡᠨ ᠨᠢ᠄ ᠤᠶᠠᠬᠠᠨ
 
ᠢᠷᠡᠯᠲᠡ᠄ ᠲᠦᠷᠪᠡᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2