5 ᠳ᠋ᠤᠭᠠᠷ ᠰᠠᠷ᠎ᠠ ᠪᠤᠯ ︽ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠮᠤᠩᠭᠤᠯ ᠦᠭᠡ ᠬᠡᠯᠡ | ᠦᠰᠦᠭ ᠪᠢᠴᠢᠭ ᠤᠨ ᠠᠵᠢᠯ ᠤᠨ ᠲᠦᠷᠢᠮ︾ ᠢ ᠰᠤᠷᠤᠯᠴᠠᠵᠤ ᠬᠡᠷᠡᠭᠯᠡᠬᠦ ᠤᠬᠠᠭᠤᠯᠭ᠎ᠠ ᠶᠢᠨ ᠰᠠᠷ᠎ᠠ ᠪᠤᠯᠬᠤ ᠶᠤᠮ᠃ | ᠲᠦᠷᠪᠡᠳ ᠬᠤᠰᠢᠭᠤ ︽ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠮᠤᠩᠭᠤᠯ ᠦᠭᠡ ᠬᠡᠯᠡ ᠦᠰᠦᠭ | ᠪᠢᠴᠢᠭ ᠤᠨ ᠠᠵᠢᠯ ᠤᠨ ᠲᠦᠷᠢᠮ︾ ᠨᠡᠶᠢᠳᠡᠯᠡᠭᠳᠡᠭᠰᠡᠨ 15 ᠵᠢᠯ ᠤᠨ ᠤᠢ ᠶᠢ ᠲᠤᠷᠠᠰᠬᠠᠬᠤ ︽ᠤᠬᠠᠭᠤᠯᠵᠤ | ᠴᠡᠭᠴᠡᠯᠡᠬᠦ ᠶᠢ ᠤᠶᠠᠯᠳᠤᠭᠤᠯᠤᠭᠰᠠᠨ︾ ᠰᠢᠷᠢᠰ ᠠᠵᠢᠯᠯᠠᠭ᠎ᠠ ᠦᠷᠨᠢᠭᠦᠯᠦᠨ᠂ ᠵᠤᠬᠢᠬᠤ ᠦᠷ᠎ᠡ ᠪᠦᠳᠦᠮᠵᠢ ᠤᠯᠵᠤ᠂ | ᠮᠤᠩᠭᠤᠯ ᠦᠭᠡ ᠬᠡᠯᠡ ᠦᠰᠦᠭ ᠪᠢᠴᠢᠭ ᠢ ᠰᠤᠷᠴᠦ ᠬᠡᠷᠡᠭᠯᠡᠬᠦ ᠰᠢᠨ᠎ᠡ ᠬᠡᠪ ᠪᠠᠶᠢᠳᠠᠯ ᠢ ᠡᠭᠦᠳᠦᠭᠰᠡᠨ ᠪᠠᠶᠢᠨ᠎ᠠ᠃ | 5 ᠰᠠᠷ᠎ᠠ ᠡᠬᠢᠯᠡᠮᠡᠭᠴᠡ ᠲᠦᠷᠪᠡᠳ ᠬᠤᠰᠢᠭᠤᠨ ᠤ ᠦᠨᠳᠦᠰᠦᠳᠡᠨ ᠤ ᠬᠡᠷᠡᠭ ᠡᠷᠬᠢᠯᠡᠬᠦ ᠵᠦᠪᠯᠡᠯ ᠵᠡᠷᠭᠡ | ᠮᠤᠩᠭᠤᠯ ᠦᠭᠡ ᠬᠡᠯᠡ ᠦᠰᠦᠭ ᠪᠢᠴᠢᠭ ᠤᠨ ᠬᠡᠷᠡᠭᠯᠡᠭᠡᠨ ᠤ ᠬᠠᠮᠢᠶ᠎ᠠ ᠪᠦᠬᠦᠢ ᠰᠠᠯᠠᠭ᠎ᠠ ᠮᠦᠴᠢᠷ ᠤᠳ ᠬᠤᠯᠪᠤᠭᠠᠯᠠᠵᠤ | ᠂ ᠨᠢᠭᠡ ᠲᠠᠯ᠎ᠠ ᠪᠠᠷ ᠬᠢᠵᠢᠭ ᠤᠨ ᠪᠠᠶᠢᠳᠠᠯ ᠢ ᠴᠢᠩᠭ᠎ᠠ ᠰᠡᠷᠭᠡᠶᠢᠯᠡᠨ ᠡᠵᠡᠮᠳᠡᠵᠤ᠂ ᠨᠦᠬᠦᠭᠡ ᠲᠠᠯ᠎ᠠ ᠪᠠᠷ ᠭᠤᠤᠯᠳᠠᠯᠭ᠎ᠠ | ᠲᠠᠢ ᠬᠦᠷᠢᠶ᠎ᠡ ᠬᠡᠪᠴᠢᠶᠡᠨ ᠳᠤ ᠪᠠᠭ᠎ᠠ ᠬᠡᠮᠵᠢᠶᠡᠨ ᠤ ᠲᠤᠷᠠᠰᠬᠠᠨ ᠲᠡᠮᠳᠡᠭᠯᠡᠬᠦ ᠠᠵᠢᠯᠯᠠᠭ᠎ᠠ ᠪᠠ ᠤᠬᠠᠭᠤᠯᠵᠤ ᠴᠡᠭᠴᠡᠯᠡᠬᠦ | ᠶᠢ ᠤᠶᠠᠯᠳᠤᠭᠤᠯᠭᠰᠠᠨ ᠲᠤᠰᠬᠠᠢ ᠤᠬᠠᠭᠤᠯᠭ᠎ᠠ ᠶᠢᠨ ᠰᠠᠷ᠎ᠠ ᠶᠢᠨ ᠰᠢᠷᠢᠰ ᠠᠵᠢᠯᠯᠠᠭ᠎ᠠ ᠦᠷᠨᠢᠭᠦᠯᠵᠤ᠂ ᠨᠡᠶᠢᠭᠡᠮ | ᠲᠤᠭᠤᠷᠢᠭ᠂ ᠵᠡᠭᠡᠯᠢ ᠭᠤᠳᠤᠮᠵᠢ᠂ ᠤᠯᠠᠨ ᠨᠡᠶᠢᠳᠡ ᠶᠢᠨ ᠬᠦᠳᠡᠯᠭᠡᠭᠡᠨ ᠤ ᠲᠠᠯᠠᠪᠤᠷ ᠢᠶᠠᠷ ᠮᠤᠩᠭᠤᠯ ᠦᠭᠡ ᠬᠡᠯᠡ | ᠦᠰᠦᠭ ᠪᠢᠴᠢᠭ ᠤᠨ ᠠᠵᠢᠯ ᠤᠨ ᠲᠦᠷᠢᠮ ᠢ ᠢᠯᠡ ᠪᠠᠷ ᠤᠬᠠᠭᠤᠯᠤᠨ ᠲᠠᠶᠢᠯᠪᠤᠷᠢᠯᠠᠬᠤ᠂ ᠡᠯ᠎ᠡ ᠱᠠᠳᠤᠨ ᠤ ᠵᠠᠰᠠᠭ | ᠵᠠᠬᠢᠷᠭ᠎ᠠ ᠪᠠ ᠠᠵᠢᠯ ᠦᠢᠯᠡᠰ ᠤᠨ ᠨᠢᠭᠡᠴᠡ ᠶᠢᠨ ᠭᠤᠤᠯ ᠲᠢᠩᠬᠢᠮ ᠳᠤ ᠮᠤᠩᠭᠤᠯ ᠬᠢᠳᠠᠳ ᠦᠰᠦᠭ ᠪᠢᠴᠢᠭ ᠢ | ᠵᠡᠷᠭᠡ ᠪᠠᠷ ᠬᠡᠷᠡᠭᠯᠡᠬᠦ ᠦᠵᠡᠭᠦᠯᠭᠡ ᠶᠢᠨ ᠰᠠᠮᠪᠠᠷ᠎ᠠ ᠭᠠᠷᠭᠠᠬᠤ᠂ ᠪᠠᠶᠢᠭᠤᠯᠤᠯᠭ᠎ᠠ ᠶᠢᠨ ᠺᠠᠳ᠋ᠷᠴᠤᠳ ᠲᠤ ᠮᠤᠩᠭᠤᠯ ᠬᠡᠯᠡ | ᠰᠤᠷᠭᠠᠬᠤ ᠪᠤᠯᠪᠠᠰᠤᠷᠠᠯ ᠤᠨ ᠠᠩᠭᠢ ᠡᠷᠬᠢᠯᠡᠬᠦ᠂ ᠰᠦᠯᠵᠢᠶ᠎ᠡ ᠬᠤᠯᠪᠤᠭ᠎ᠠ ᠵᠡᠷᠭᠡ ᠰᠢᠨ᠎ᠡ ᠵᠠᠭᠤᠯᠴᠢᠯᠠᠭᠤᠷ ᠢ ᠠᠰᠢᠭᠯᠠᠨ | ︽ᠲᠦᠷᠢᠮ︾ ᠨᠡᠶᠢᠳᠡᠯᠡᠭᠳᠡᠭᠰᠡᠨ 15 ᠵᠢᠯ ᠤᠨ ᠤᠢ ᠶᠢ ᠲᠤᠷᠠᠰᠬᠠᠬᠤ ᠲᠤᠰᠬᠠᠢ ᠰᠡᠳᠦᠪᠳᠦ ᠶᠠᠷᠢᠶ᠎ᠠ ᠬᠡᠯᠡᠯᠴᠡᠭᠡᠨ ᠤ | ᠫᠷᠤᠭ᠍ᠷᠠᠮ ᠡᠷᠬᠢᠯᠡᠬᠦ᠂ ᠦᠨᠳᠦᠰᠦᠳᠡᠨ ᠤ ᠦᠭᠡ ᠬᠡᠯᠡ ᠦᠰᠦᠭ ᠪᠢᠴᠢᠭ ᠤᠨ ᠲᠤᠬᠠᠢ ᠬᠠᠤᠯᠢ ᠲᠦᠷᠢᠮ ᠤᠨ | ᠤᠬᠠᠭᠤᠯᠭ᠎ᠠ ᠶᠢᠨ ᠰᠠᠷ᠎ᠠ ᠶᠢᠨ ᠱᠠᠩᠨᠠᠯᠳᠤ ᠠᠰᠠᠭᠤᠯᠳᠠ ᠬᠠᠷᠢᠭᠤᠯᠳᠠ ᠶᠢᠨ ᠠᠵᠢᠯᠯᠠᠭ᠎ᠠ ᠵᠡᠷᠭᠡ ᠶᠢ ᠦᠷᠨᠢᠭᠦᠯᠵᠤ᠂ ︽ | ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠮᠤᠩᠭᠤᠯ ᠦᠭᠡ ᠬᠡᠯᠡ ᠦᠰᠦᠭ ᠪᠢᠴᠢᠭ ᠤᠨ ᠠᠵᠢᠯ ᠤᠨ | ᠲᠦᠷᠢᠮ︾ ᠢ ᠰᠤᠷᠴᠦ ᠬᠡᠷᠡᠭᠯᠡᠬᠦ ᠤᠷᠤᠨ ᠵᠠᠢ ᠶᠢ ᠦᠷᠭᠡᠳᠬᠡᠵᠤ ᠵᠤᠬᠢᠬᠤ ᠠᠮᠵᠢᠯᠳᠠ ᠤᠯᠤᠭᠰᠠᠨ ᠪᠠᠶᠢᠨ᠎ᠠ᠃ | ᠲᠠᠭᠠᠤ ᠳᠤᠨᠢ᠂ ᠬᠤᠰᠢᠭᠤᠨ ᠤ ᠦᠢᠯᠡᠳᠪᠦᠷᠢ ᠬᠤᠳᠠᠯᠳᠤᠭᠠᠨ ᠤ ᠲᠤᠪᠴᠢᠶ᠎ᠡ ᠵᠡᠷᠭᠡ ᠵᠠᠬ᠎ᠠ ᠲᠡᠯᠭᠡᠭᠦᠷ ᠤᠨ ᠬᠠᠤᠯᠢ | ᠬᠡᠷᠡᠭᠵᠢᠭᠦᠯᠬᠦ ᠰᠠᠯᠠᠭ᠎ᠠ ᠮᠦᠴᠢᠷ ᠤᠨ ᠬᠢᠨ ᠲᠠᠢ ᠬᠠᠮᠳᠤᠷᠠᠨ᠂ ᠤᠯᠠᠭᠠᠨᠬᠤᠸᠠ ᠪᠠᠯᠭᠠᠰᠤ ᠪᠠ ᠲᠡᠭᠦᠨ ᠤ ᠤᠷᠴᠢᠨ | ᠲᠤᠭᠤᠷᠢᠨ ᠳᠠᠬᠢ ᠰᠤᠮᠤ ᠰᠢᠶᠠᠩ ᠪᠠᠯᠭᠠᠰᠤᠨ ᠤ ᠠᠯᠢᠪᠠ ᠫᠠᠶᠢᠰᠠ ᠢᠯᠡᠷᠭᠡᠶᠢᠯᠡᠯ ᠵᠡᠷᠭᠡ ︿ᠬᠤᠤᠰ ᠬᠡᠯᠡᠨ ᠤ | ᠬᠡᠷᠡᠭᠯᠡᠭᠡ﹀ ᠶᠢ ᠨᠡᠶᠢᠳᠡᠮ ᠤᠨ ᠴᠢᠨᠠᠷ ᠲᠠᠢ ᠰᠢᠯᠭᠠᠨ ᠪᠠᠶᠢᠴᠠᠭᠠᠬᠤ ᠶᠠᠪᠤᠴᠠ ᠳᠤ ᠦᠩᠭᠡᠷᠡᠭᠰᠡᠨ ᠤ ᠰᠢᠯᠭᠠᠨ | ᠪᠠᠶᠢᠴᠠᠭᠠᠬᠤ ᠳᠤ ᠬᠦᠮᠦᠨ ᠤ ᠬᠦᠴᠦᠨ ᠬᠦᠷᠦᠯᠴᠡᠳᠡᠭ ᠦᠭᠡᠢ ᠪᠠᠶᠢᠳᠠᠯ ᠠᠴᠠ ᠪᠠᠨ ᠡᠭᠦᠰᠴᠦ᠂ ᠡᠨᠡ ᠤᠳᠠᠭ᠎ᠠ | ᠨᠡᠶᠢᠭᠡᠮ ᠲᠡᠭᠡᠷ᠎ᠡ ᠠᠴᠠ ︿ᠬᠤᠤᠰ ᠬᠡᠯᠡᠨ﹀ ᠤ ᠡᠷᠳᠡᠮᠳᠡᠨ᠂ ᠰᠠᠶᠢᠨ ᠲᠤᠷᠠᠴᠤᠳ ᠪᠠ ᠠᠵᠢᠯ ᠤᠨ ᠴᠢᠯᠦᠭᠡᠨ ᠤ | ᠬᠢᠨᠠᠭᠴᠢᠳ ᠢ ᠤᠷᠢᠨ ᠬᠡᠷᠡᠭᠯᠡᠭᠡᠳ᠂ ᠦᠩᠭᠡᠷᠡᠭᠰᠡᠨ ᠳᠤ ᠵᠦᠪᠭᠡᠨ ᠵᠡᠭᠡᠯᠢ ᠭᠤᠳᠤᠮᠵᠢ᠂ ᠬᠤᠪᠢ ᠶᠢᠨ ᠡᠵᠡᠩᠨᠡᠯᠳᠡ | ᠶᠢᠨ ᠡᠷᠦᠭᠡ᠂ ᠠᠵᠤ ᠠᠬᠤᠶᠢᠯᠠᠯ᠂ ᠪᠠᠭᠤᠳᠠᠯ᠂ ᠦᠷᠳᠡᠭᠡᠨ ᠤ ᠫᠠᠶᠢᠰᠠ ᠢᠯᠡᠷᠭᠡᠶᠢᠯᠡᠯ ᠪᠠ ᠵᠠᠮ ᠤᠨ ᠲᠡᠮᠳᠡᠭ᠂ ᠵᠠᠷ | ᠮᠡᠳᠡᠭᠡᠨ ᠤ ᠨᠡᠶᠢᠳᠡᠯᠡᠯ ᠳᠠᠬᠢ ᠮᠤᠩᠭᠤᠯ ᠦᠰᠦᠭ ᠪᠢᠴᠢᠭ ᠤᠨ ᠬᠡᠷᠡᠭᠯᠡᠭᠡ ᠪᠠᠷ ᠭᠤᠤᠯ ᠪᠤᠯᠭᠠᠨ ᠪᠠᠶᠢᠴᠠᠭᠠᠳᠠᠭ | ᠬᠡᠪᠰᠢᠮᠡᠯ ᠠᠷᠭ᠎ᠠ ᠪᠠᠨ ᠦᠭᠡᠷᠡᠴᠢᠯᠡᠵᠤ᠂ ᠪᠤᠢ ᠪᠦᠬᠦᠢ ᠠᠵᠢᠯ ᠦᠢᠯᠡᠰ ᠤᠨ ᠨᠢᠭᠡᠴᠡ᠂ ᠨᠠᠮ ᠵᠠᠰᠠᠭ ᠤᠨ ᠠᠯᠪᠠᠨ | ᠪᠠᠶᠢᠭᠤᠯᠤᠯᠭ᠎ᠠ ᠶᠢᠨ ᠠᠯᠢᠪᠠ ᠦᠰᠦᠭ ᠪᠢᠴᠢᠭᠳᠦ ᠨᠡᠶᠢᠳᠡᠯᠡᠯ᠂ ᠪᠢᠴᠢᠭ ᠮᠠᠲ᠋ᠧᠷᠢᠶᠠᠯ ᠳᠤ ᠴᠦᠮ ᠮᠤᠩᠭᠤᠯ ᠬᠡᠯᠡ | ᠪᠢᠴᠢᠭ ᠤᠨ ᠪᠠᠷᠢᠮᠵᠢᠶᠠᠳᠤ ᠬᠡᠷᠡᠭᠯᠡᠭᠡᠨ ᠤ ᠪᠠᠶᠢᠴᠠᠭᠠᠯᠳᠠ ᠬᠢᠵᠤ᠂ ᠮᠤᠩᠭᠤᠯ ᠬᠢᠳᠠᠳ ᠦᠰᠦᠭ ᠪᠢᠴᠢᠭ ᠢ ᠵᠡᠷᠭᠡ ᠪᠠᠷ | ᠬᠡᠷᠡᠭᠯᠡᠬᠦ᠂ ᠵᠦᠪ ᠤᠨᠤᠪᠴᠢᠳᠠᠢ ᠤᠷᠴᠢᠭᠤᠯᠤᠨ ᠬᠡᠷᠡᠭᠯᠡᠬᠦ ᠠᠵᠢᠯ ᠤᠨ ᠲᠦᠷᠢᠮᠵᠢᠯᠳᠡ᠂ ᠪᠠᠷᠢᠮᠵᠢᠶᠠᠵᠢᠯᠳᠠ ᠶᠢ | ᠠᠬᠢᠭᠤᠯᠤᠭᠰᠠᠨ ᠪᠠᠶᠢᠨ᠎ᠠ᠃ | ᠤᠶᠢᠯᠠᠭᠠᠭᠰᠠᠨ ᠢᠶᠠᠷ ᠤᠳᠤᠬᠠᠨ ᠪᠤᠯᠳᠠᠯ᠎ᠠ᠂ ᠡᠯ᠎ᠡ ᠵᠦᠢᠯ ᠤᠨ ᠬᠢᠷᠢ ᠲᠡᠩᠴᠡᠬᠦ ᠦᠭᠡᠢ ᠫᠠᠶᠢᠰᠠ | ᠢᠯᠡᠷᠭᠡᠶᠢᠯᠡᠯ 300 ᠭᠠᠷᠤᠢ ᠬᠤᠪᠢ᠂ ᠪᠠᠷᠢᠮᠵᠢᠶ᠎ᠠ ᠱᠠᠭᠠᠷᠳᠠᠯᠭ᠎ᠠ ᠳᠤ ᠨᠡᠶᠢᠴᠡᠬᠦ ᠦᠭᠡᠢ ᠰᠠᠨᠠᠭᠠᠨ ᠲᠤᠷ᠎ᠠ ᠪᠠᠷ ᠢᠶᠠᠨ | ᠤᠶᠢᠯᠡᠳᠦᠭᠰᠡᠨ ᠦᠰᠦᠭ ᠵᠢᠷᠤᠭ᠂ ᠬᠦᠨᠳᠦ ᠨᠤᠴᠢᠳᠠᠢ ᠪᠤᠷᠤᠭᠤ ᠤᠷᠴᠢᠭᠤᠯᠭ᠎ᠠ ᠵᠡᠷᠭᠡ ᠠᠰᠠᠭᠤᠳᠠᠯ ᠲᠠᠢ ᠵᠦᠢᠯᠡᠰ ᠢ | 200 ᠭᠠᠷᠤᠢ ᠬᠤᠪᠢ ᠪᠠᠶᠢᠴᠠᠭᠠᠨ ᠢᠯᠡᠷᠡᠭᠦᠯᠵᠤ᠂ ᠲᠠᠩᠰᠠ ᠡᠪᠬᠡᠮᠡᠯ ᠪᠠᠶᠢᠭᠤᠯᠤᠨ᠂ ᠦᠩᠭᠡᠷᠡᠭᠰᠡᠨ ᠳᠤ ᠱᠠᠭᠠᠷᠳᠠᠨ | ᠴᠡᠭᠴᠡᠯᠡᠬᠦ ᠶᠠᠪᠤᠴᠠ ᠳᠤ ᠲᠤᠬᠢᠶᠠᠯᠳᠤᠭᠰᠠᠨ ᠤᠯᠠᠨᠳᠠ ᠵᠠᠬᠢᠭᠠᠳ ᠵᠠᠰᠠᠷᠠᠳᠠᠭ ᠦᠭᠡᠢ ᠵᠠᠷᠢᠮ ᠤᠨᠴᠠᠭᠠᠢ ᠮᠤᠵᠢᠭᠤᠳᠠ | ᠡᠵᠡᠩᠨᠡᠯᠳᠡ ᠶᠢᠨ ᠡᠷᠦᠭᠡ ᠳᠤ ᠬᠠᠮᠢᠶᠠᠳᠠᠢ ᠲᠦᠷᠢᠮ ᠲᠤᠭᠳᠠᠭᠠᠯ ᠶᠤᠰᠤᠭᠠᠷ ᠵᠠᠯᠬᠠᠭᠠᠯ ᠦᠵᠡᠭᠦᠯᠵᠤ᠂ ᠲᠤᠬᠠᠢ ᠶᠢᠨ | ᠲᠠᠯᠠᠪᠠᠢ ᠳᠤ ᠵᠠᠰᠠᠵᠤ ᠲᠡᠶᠢᠯᠬᠦ ᠦᠭᠡᠢ ᠵᠦᠢᠯᠡᠰ ᠲᠤ ᠡᠳᠦᠷ ᠬᠤᠭᠤᠴᠠᠭ᠎ᠠ ᠲᠠᠢ ᠱᠠᠭᠠᠷᠳᠠᠯᠭ᠎ᠠ ᠲᠠᠯᠪᠢᠵᠤ᠂ ᠤᠷᠤᠨ | ᠤ ᠲᠦᠪ ᠤᠨ ᠲᠠᠯ᠎ᠠ ᠨᠤᠳᠤᠭ ᠤᠨ ᠦᠵᠡᠮᠵᠢ ᠶᠢᠨ ᠤᠷᠤᠨ ᠤ ︽ᠬᠤᠤᠰ ᠬᠡᠯᠡ ᠪᠢᠴᠢᠭ︾ ᠤᠨ ᠬᠡᠷᠡᠭᠯᠡᠭᠡᠨ ᠤ | ᠪᠠᠷᠢᠮᠵᠢᠶᠠᠳᠤ ᠲᠦᠷᠢ ᠲᠦᠷᠬᠦ ᠶᠢᠨ ᠪᠠᠶᠢᠭᠤᠯᠤᠯᠳᠠ ᠳᠤ ᠴᠢᠬᠤᠯᠠ ᠠᠬᠢᠭᠤᠯᠬᠤ ᠦᠢᠯᠡᠳᠦᠯ ᠦᠵᠡᠭᠦᠯᠦᠭᠰᠡᠨ ᠪᠠᠶᠢᠨ᠎ᠠ | ᠃ | ᠢᠷᠡᠯᠳᠡ᠄ ᠤᠯᠠᠭᠠᠨᠴᠠᠪ ᠤᠨ ᠡᠳᠦᠷ ᠤᠨ ᠰᠤᠨᠢᠨ ︽ᠭᠠᠷᠠᠭ ᠤᠨ ᠬᠡᠪᠯᠡᠯ︾ | ᠰᠤᠷᠪᠤᠯᠵᠢᠯᠠᠭᠴᠢ᠄ ᠵᠢᠷᠤᠮᠳᠤ | ᠴᠢᠮᠡᠭᠯᠡᠭᠴᠢ᠄ ᠲᠡᠷᠭᠡᠯ | ᠲᠤᠰ ᠰᠦᠯᠵᠢᠶᠡᠨ ᠳᠤ ᠲᠡᠪᠰᠢᠭᠦᠯᠦᠭᠰᠡᠨ ᠨᠢ᠄ ᠤᠶᠠᠩᠭ᠎ᠠ |