ᠲᠦᠷᠪᠡᠳ ᠬᠤᠰᠢᠭᠤᠨ ᠤ ᠰᠢᠨ᠎ᠡ ᠬᠡᠯᠪᠡᠷᠢ ᠶᠢᠨ ᠲᠢᠳᠢᠮᠯᠢᠭ ᠸᠢᠷᠦ᠋ᠰ ᠠᠴᠠ ᠬᠠᠯᠳᠠᠪᠤᠷᠢᠯᠠᠭᠰᠠ ᠠᠭᠤᠰᠬᠢᠨ ᠤ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠤᠯᠭ᠎ᠠ ᠶᠢᠨ ᠲᠦᠪ ᠤᠨ ᠪᠦᠬᠦ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠤᠯᠠᠮ ᠴᠢᠨᠠᠭᠰᠢᠳᠠ ᠴᠢᠩᠭᠠᠳᠬᠠᠬᠤ ᠲᠤᠬᠠᠢ ᠠᠯᠪᠠᠨ ᠵᠠᠷ
ᠨᠡᠶᠢᠲᠡᠯᠡᠭᠰᠡᠨ ᠴᠠᠭ᠄
2021/1/13
        ᠲᠦᠷᠪᠡᠳ ᠬᠤᠰᠢᠭᠤᠨ ᠤ ᠰᠢᠨ᠎ᠡ ᠬᠡᠯᠪᠡᠷᠢ ᠶᠢᠨ ᠲᠢᠳᠢᠮᠯᠢᠭ ᠸᠢᠷᠦ᠋ᠰ ᠠᠴᠠ ᠬᠠᠯᠳᠠᠪᠤᠷᠢᠯᠠᠭᠰᠠ ᠠᠭᠤᠰᠬᠢᠨ ᠤ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠤᠯᠭ᠎ᠠ ᠶᠢᠨ ᠲᠦᠪ ᠤᠨ ᠪᠦᠬᠦ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠤᠯᠠᠮ ᠴᠢᠨᠠᠭᠰᠢᠳᠠ ᠴᠢᠩᠭᠠᠳᠬᠠᠬᠤ ᠲᠤᠬᠠᠢ ᠠᠯᠪᠠᠨ ᠵᠠᠷ                   ︵2 ᠳ᠋ᠤᠭᠠᠷ ᠲᠣᠭᠠᠳᠦ︶       ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ᠂ ᠤᠯᠠᠭᠠᠨᠴᠠᠪ ᠬᠤᠳᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠬᠤᠯᠪᠤᠭᠳᠠᠯ ᠪᠦᠬᠦᠢ ᠱᠠᠭᠠᠷᠳᠠᠯᠭ᠎ᠠ ᠶᠤᠰᠤᠭᠠᠷ᠂ ᠬᠢᠵᠢᠭ ᠤᠨ ᠲᠦᠭᠰᠢᠭᠦᠷᠢ ᠶᠢᠨ ᠳᠠᠯᠳᠠ ᠭᠡᠮ ᠢ ᠡᠬᠢ ᠡᠭᠦᠰᠦᠯ ᠠᠴᠠ ᠨᠢ ᠠᠷᠢᠯᠭᠠᠵᠤ᠂ ᠰᠢᠨᠵᠢᠯᠡᠬᠦ ᠤᠬᠠᠭᠠᠨᠴᠢ ᠨᠠᠷᠢᠯᠢᠭ ᠣᠨᠣᠪᠴᠢᠳᠠᠢ ᠪᠠᠷ ᠮᠠᠨ ᠤ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠳᠤᠷ ᠬᠢᠬᠦ ᠶᠢᠨ ᠲᠤᠯᠠᠳᠠ᠂ ᠬᠤᠯᠪᠤᠭᠳᠠᠯ ᠪᠦᠬᠦᠢ ᠤᠴᠢᠷ ᠢ ᠲᠤᠤᠷ᠎ᠠ ᠮᠡᠳᠡᠭᠳᠡᠶ᠎ᠡ᠄     ᠨᠢᠭᠡ᠂ ᠲᠦᠭᠰᠢᠬᠦᠷᠢ ᠲᠠᠢ ᠭᠠᠵᠠᠷ ᠤᠷᠤᠨ ᠠᠴᠠ ᠮᠠᠨ ᠤ ᠬᠤᠰᠢᠭᠤᠨ ᠳᠤ ᠪᠤᠴᠠᠵᠦ ᠢᠷᠡᠬᠦ ᠠᠵᠢᠯᠳᠠᠨ ᠤ ᠬᠠᠮᠢᠶᠠᠷᠤᠯᠳᠠ ᠶᠢᠨ ᠠᠵᠢᠯ ᠢ ᠴᠢᠩᠭ᠎ᠠ  ᠨᠠᠶᠢᠳᠠᠪᠤᠷᠢᠵᠢᠭᠤᠯᠬᠤ ᠬᠡᠷᠡᠭᠳᠠᠢ᠃     ᠬᠢᠯᠢ ᠶᠢᠨ ᠭᠠᠳᠠᠨ᠎ᠠ ᠠᠴᠠ ᠮᠠᠨ ᠤ ᠬᠤᠰᠢᠭᠤᠨ ᠳᠤ ᠪᠤᠴᠠᠵᠤ ᠢᠷᠡᠭᠰᠡᠳ ᠲᠤ ︽14 +14 +2 +1 +7︾ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ  ᠬᠡᠷᠡᠭᠵᠢᠬᠦᠯᠬᠦ ᠬᠡᠷᠡᠭᠳᠡᠢ᠂ ᠲᠠᠷᠤᠢ 14 ᠡᠳᠦᠷ ᠤᠨ ᠲᠦᠪᠯᠡᠷᠡᠭᠦᠯᠦᠨ ᠲᠤᠰᠠᠭᠠᠷᠯᠠᠬᠤ ᠠᠨᠠᠭᠠᠬᠤ ᠣᠬᠠᠭᠠᠨ ᠤ ᠠᠵᠢᠭᠯᠡᠯᠳᠠ᠂ 14 ᠡᠳᠦᠷ ᠤᠨ ᠭᠡᠷ ᠲᠤ ᠪᠠᠨ ᠲᠤᠰᠠᠭᠠᠷᠯᠠᠬᠤ ᠠᠨᠠᠭᠠᠬᠤ ᠤᠬᠠᠭᠠᠨ ᠤ ᠠᠵᠢᠭᠯᠠᠯᠳᠠ ᠪᠠ 2 ᠤᠳᠠᠭᠠᠨ ᠤ ᠪᠥᠭᠡᠮ ᠬᠦᠴᠢᠯ ᠤᠨ ᠪᠠᠶᠢᠴᠠᠭᠠᠯᠳᠠ᠂ 1 ᠤᠳᠠᠭᠠᠨ ᠤ ᠴᠢᠰᠤᠨ ᠴᠠᠶᠢᠪᠠᠩ ᠡᠪᠡᠳᠴᠢᠨ ᠤ ᠪᠠᠶᠢᠴᠠᠭᠠᠯᠳᠠ ᠪᠠ 7 ᠡᠳᠦᠷ ᠤᠨ ᠡᠷᠡᠭᠦᠯ ᠴᠢᠬᠢᠷᠠᠭ ᠢ ᠮᠦᠷᠳᠡᠨ ᠪᠠᠶᠢᠴᠠᠭᠠᠬᠤ ᠬᠢᠨᠠᠨ ᠬᠡᠮᠵᠢᠯᠳᠠ ᠪᠤᠯᠤᠨ᠎ᠠ᠃ ᠠᠩᠬ᠎ᠠ ᠤᠷᠤᠵᠤ ᠢᠷᠡᠭᠰᠡᠨ ᠭᠠᠵᠠᠷ ᠤᠷᠤᠨ ᠤ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠦᠭᠰᠡᠨ ᠰᠠᠭᠤᠷᠢᠨ ᠲᠡᠭᠡᠷ᠎ᠡ ︵14 ᠡᠳᠦᠷ ᠤᠨ ᠲᠦᠪᠯᠡᠷᠡᠭᠦᠯᠦᠨ ᠲᠤᠰᠠᠭᠠᠷᠯᠠᠭᠰᠠᠨ ᠠᠨᠠᠭᠠᠬᠤ ᠤᠬᠠᠭᠠᠨ ᠤ ᠠᠵᠢᠭᠯᠠᠯᠳᠠ︶᠂ ᠪᠠᠭᠤᠵᠤ ᠰᠢᠯᠵᠢᠬᠦ ᠡᠷᠬᠢᠯᠳᠡ ᠶᠢᠨ ᠶᠠᠪᠤᠴᠠ ᠶᠢᠨ ᠬᠠᠮᠢᠶᠠᠷᠤᠯᠳᠠ ᠶᠢ ᠴᠢᠩᠭ᠎ᠠ ᠨᠠᠶᠢᠳᠠᠪᠤᠷᠢᠵᠢᠭᠤᠯᠵᠦ᠂ ᠬᠤᠶᠠᠳᠤᠭᠠᠷ ᠤᠳᠠᠭᠠᠨ ᠤ 14 ᠡᠳᠦᠷ ᠤᠨ ᠭᠡᠷ ᠲᠤ ᠪᠠᠨ ᠲᠤᠰᠠᠭᠠᠷᠯᠠᠬᠤ ᠠᠨᠠᠭᠠᠬᠤ ᠤᠬᠠᠭᠠᠨ ᠤ ᠠᠵᠢᠭᠯᠠᠯᠳᠠ ᠪᠠ 2 ᠤᠳᠠᠭᠠᠨ ᠤ ᠪᠦᠭᠡᠮ ᠬᠦᠴᠢᠯ ᠤᠨ ᠪᠠᠶᠢᠴᠠᠭᠠᠯᠳᠠ᠂ 1 ᠤᠳᠠᠭᠠᠨ ᠤ ᠴᠢᠰᠤᠨ ᠴᠠᠶᠢᠪᠠᠩ ᠡᠪᠡᠳᠴᠢᠨ ᠤ ᠪᠠᠶᠢᠴᠠᠭᠠᠯᠳᠠ ᠪᠠ 7 ᠡᠳᠦᠷ ᠤᠨ ᠡᠷᠡᠭᠦᠯ ᠴᠢᠬᠢᠷᠠᠭ ᠢ ᠮᠦᠷᠳᠡᠨ ᠪᠠᠶᠢᠴᠠᠭᠠᠬᠤ ᠬᠢᠨᠠᠨ ᠬᠡᠮᠵᠢᠯᠳᠠ ᠶᠢᠨ ᠠᠷᠭ᠎ᠠ ᠬᠡᠮᠵᠢᠶ᠎ᠠ ᠶᠢ ᠬᠡᠷᠡᠭᠵᠢᠬᠦᠯᠵᠦ᠂ ᠭᠡᠷ ᠲᠡᠭᠡᠨ ᠲᠤᠰᠠᠭᠠᠷᠯᠠᠬᠤ ᠠᠨᠠᠭᠠᠬᠤ ᠤᠬᠠᠭᠠᠨ ᠤ ᠠᠵᠢᠭᠯᠠᠨ ᠪᠠᠶᠢᠴᠠᠭᠠᠬᠤ ᠨᠦᠬᠦᠴᠡᠯ ᠢ ᠦᠯᠦ ᠪᠦᠷᠢᠯᠳᠦᠬᠦᠯᠦᠭᠰᠡᠳ ᠲᠤ ᠴᠦᠮ ᠠᠨᠠᠭᠠᠬᠤ ᠤᠬᠠᠭᠠᠨ ᠤ ᠲᠦᠪᠯᠡᠷᠡᠭᠦᠯᠦᠨ ᠪᠠᠶᠢᠴᠠᠭᠠᠯᠳᠠ ᠶᠢ ᠬᠡᠷᠡᠭᠵᠢᠬᠦᠯᠦᠨ᠎ᠠ᠃ ᠲᠤᠰᠠᠭᠠᠷᠯᠠᠬᠤ ᠬᠤᠭᠤᠴᠠᠭᠠᠨ ᠳᠤ ᠬᠡᠪ ᠤᠨ ᠪᠤᠰᠤ ᠡᠪᠡᠳᠴᠢᠨ ᠤ ᠢᠯᠡᠷᠡᠯ ᠭᠠᠷᠤᠭᠰᠠᠨ ᠪᠤᠶᠤ ᠪᠦᠭᠡᠮ ᠬᠦᠴᠢᠯ ᠤᠨ ᠪᠠᠶᠢᠴᠠᠭᠠᠯᠳᠠ ᠨᠢ ᠡᠶᠡᠷᠬᠦ ᠴᠢᠨᠠᠷᠳᠠᠢ ᠬᠦᠮᠦᠰ ᠲᠠᠷᠤᠶᠢᠬᠠᠨ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶᠠᠨ ᠳᠤ ᠬᠦᠷᠴᠤ ᠪᠠᠶᠢᠴᠠᠭᠠᠨ ᠲᠤᠳᠤᠯᠠᠵᠤ ᠡᠮᠴᠢᠯᠡᠭᠦᠯᠬᠦ ᠬᠡᠷᠡᠭᠳᠡᠢ᠃ ᠲᠤᠰᠠᠭᠠᠷᠯᠠᠬᠤ ᠪᠠ ᠰᠢᠯᠵᠢᠬᠦᠯᠦᠨ ᠬᠦᠷᠬᠡᠬᠦ ᠬᠤᠭᠤᠴᠠᠭᠠᠨ ᠳᠤ᠂ ᠪᠠᠭᠤᠵᠤ ᠰᠢᠯᠵᠢᠬᠦ ᠬᠠᠮᠢᠶᠠᠷᠣᠯᠳᠠ ᠶᠢ ᠬᠡᠷᠡᠭᠵᠢᠭᠦᠯᠵᠦ᠂ ᠠᠪᠴᠠᠯᠳᠤᠭᠤᠯᠤᠨ ᠵᠤᠯᠭᠠᠯᠳᠤᠭᠤᠯᠬᠤ ᠶᠢ ᠪᠠᠳᠤᠯᠠᠬᠤ ᠬᠡᠷᠡᠭᠳᠠᠢ᠃     2020 ᠤᠨ ᠤ 12 ᠰᠠᠷ᠎ᠠ ᠶᠢᠨ 15 ᠤ ᠡᠳᠦᠷ ︵ᠪᠠᠭᠳᠠᠭᠠᠨ᠎ᠠ︶ ᠠᠴᠠ 12 ᠰᠠᠷ᠎ᠠ ᠶᠢᠨ 29 ᠤ ᠡᠳᠦᠷ ︵ᠪᠠᠭᠳᠠᠭᠠᠨ᠎ᠠ︶ ᠪᠤᠯᠳᠠᠯ᠎ᠠ ᠡᠾᠧᠪᠸᠢ ᠮᠤᠵᠢ ᠶᠢᠨ ᠰᠢᠩ ᠲᠠᠢ ᠬᠤᠳᠠ᠂ ᠱᠢ ᠵᠢᠶ᠋ᠨ ᠵᠤᠸᠠᠩ ᠬᠤᠳᠠ ᠳᠤ ᠵᠢᠭᠤᠯᠴᠢᠯᠠᠵᠦ ᠦᠩᠭᠡᠷᠡᠭᠰᠡᠨ ᠲᠡᠦᠬᠡ ᠲᠠᠢ ᠬᠦᠮᠦᠰ ᠰᠦᠭᠡᠷᠬᠦ ᠴᠢᠨᠠᠷ ᠲᠠᠢ ᠪᠦᠭᠡᠮ ᠬᠦᠴᠢᠯ ᠤᠨ ᠪᠠᠶᠢᠴᠠᠭᠠᠯᠳᠠ ᠶᠢᠨ ᠭᠡᠷᠡᠴᠢ ᠲᠠᠢ ᠪᠤᠯ ᠭᠡᠷ ᠲᠡᠭᠡᠨ 7 ᠡᠳᠦᠷ ᠲᠤᠰᠠᠭᠠᠷᠯᠠᠬᠤ ᠶᠢᠨ ᠬᠠᠮᠳᠤ ᠨᠡᠶᠢᠭᠡᠮ ᠲᠤᠭᠤᠷᠢᠭ ᠤᠨ ᠡᠷᠡᠭᠦᠯ ᠮᠠᠨᠳᠦ ᠶᠢᠨ ᠬᠠᠮᠢᠶᠠᠷᠤᠯᠳᠠ ᠳᠤ ᠤᠷᠤᠭᠤᠯᠤᠨ᠎ᠠ᠃ ᠰᠦᠭᠡᠷᠬᠦ ᠴᠢᠨᠠᠷ ᠲᠠᠢ ᠪᠦᠭᠡᠮ ᠬᠦᠴᠢᠯ ᠤᠨ ᠪᠠᠶᠢᠴᠠᠭᠠᠯᠳᠠ ᠶᠢᠨ ᠭᠡᠷᠡᠴᠢᠯᠡᠯ ᠦᠭᠡᠢ ᠪᠤᠯ ᠭᠠᠳᠠᠭᠰᠢ ᠭᠠᠷᠴᠤ ᠪᠤᠯᠬᠤ ᠦᠭᠡᠢ ᠮᠦᠷᠳᠡᠭᠡᠨ ᠲᠤᠷ᠎ᠠ ᠪᠠᠷ ᠢᠶᠠᠨ ᠡᠮᠨᠡᠯᠭᠡ ᠳᠤ ᠤᠴᠢᠵᠤ ᠪᠦᠭᠡᠮ ᠬᠦᠴᠢᠯ ᠤᠨ ᠪᠠᠶᠢᠴᠠᠭᠠᠯᠳᠠ ᠬᠢᠵᠤ ᠪᠤᠯᠬᠤ ᠦᠭᠡᠢ᠂ ᠲᠡᠬᠦᠨᠴᠢᠯᠡᠨ ᠰᠠᠭᠤᠭ᠎ᠠ ᠭᠠᠴᠠᠭ᠎ᠠ ᠲᠤᠰᠬᠠᠤᠨ ︵ᠨᠡᠶᠢᠭᠡᠮ ᠲᠤᠭᠤᠷᠢᠭ︶ ᠳᠤ ᠪᠠᠨ ᠲᠠᠷᠤᠶᠢᠬᠠᠨ ᠮᠡᠳᠡᠬᠦᠯᠵᠦ᠂ ᠲᠤᠰᠬᠠᠢ ᠬᠦᠮᠦᠨ ᠲᠤᠰᠬᠠᠢ ᠲᠡᠷᠭᠡ ᠪᠠᠷ ᠲᠤᠰᠠᠭᠠᠷᠯᠠᠬᠤ ᠭᠠᠵᠠᠷ ᠬᠦᠷᠬᠡᠵᠤ᠂ ᠪᠦᠭᠡᠮ ᠬᠦᠴᠢᠯ ᠤᠨ ᠪᠠᠶᠢᠴᠠᠭᠠᠯᠳᠠ ᠬᠢᠯᠭᠡᠭᠰᠡᠨ ᠤ ᠦᠷ᠎ᠡ ᠳ᠋ᠦᠩ ᠨᠢ ᠰᠦᠭᠡᠷᠬᠦ ᠴᠢᠨᠠᠷ ᠲᠠᠢ ᠪᠤᠯ᠂ ᠭᠡᠷ ᠲᠤ ᠪᠠᠨ 7 ᠡᠳᠦᠷ ᠲᠤᠰᠠᠭᠠᠷᠯᠠᠬᠤ ᠪᠠ ᠨᠡᠶᠢᠭᠡᠮ ᠲᠤᠭᠤᠷᠢᠭ ᠤᠨ ᠡᠷᠡᠭᠦᠯ ᠴᠢᠬᠢᠷᠠᠭ ᠤᠨ ᠬᠠᠮᠢᠶᠠᠷᠤᠯᠳᠠ ᠳᠤ ᠤᠷᠤᠭᠤᠯᠤᠨ᠎ᠠ᠃ 2020 ᠤᠨ ᠤ 12 ᠰᠠᠷ᠎ᠠ ᠶᠢᠨ 15 ᠤ ᠡᠳᠦᠷ ︵ᠪᠠᠭᠳᠠᠭᠠᠨ᠎ᠠ︶ ᠠᠴᠠ 12 ᠰᠠᠷ᠎ᠠ ᠶᠢᠨ 29 ᠤ ᠡᠳᠦᠷ ︵ᠪᠠᠭᠳᠠᠭᠠᠨ᠎ᠠ︶ ᠪᠤᠯᠳᠠᠯ᠎ᠠ ᠡᠾᠧᠪᠸᠢ ᠮᠤᠵᠢ ᠶᠢᠨ ᠰᠢᠩ ᠲᠠᠢ ᠬᠤᠳᠠ᠂ ᠱᠢ ᠵᠢᠶ᠋ᠨ ᠵᠤᠸᠠᠩ ᠬᠤᠳᠠ  ᠳᠤ ᠵᠢᠭᠤᠯᠴᠢᠯᠠᠵᠦ ᠦᠩᠭᠡᠷᠡᠭᠰᠡᠨ ᠲᠡᠦᠬᠡ ᠲᠠᠢ ᠪᠠᠭᠤᠳᠠᠯ ᠳᠤ ᠲᠤᠰᠠᠭᠠᠷᠯᠠᠭᠳᠠᠭᠰᠠᠨ ᠬᠦᠮᠦᠰ ᠲᠤ ᠲᠠᠷᠤᠶᠢᠬᠠᠨ ᠪᠦᠭᠡᠮ ᠬᠦᠴᠢᠯ ᠤᠨ ᠪᠠᠶᠢᠴᠠᠭᠠᠯᠳᠠ ᠬᠢᠵᠦ᠂ ᠦᠷ᠎ᠡ ᠳ᠋ᠦᠩ ᠨᠢ ᠰᠦᠬᠡᠷᠬᠦ ᠴᠢᠨᠠᠷᠳᠠᠢ ᠪᠤᠯ ᠲᠤᠰᠬᠠᠢ ᠬᠦᠮᠦᠨ ᠲᠤᠰᠬᠠᠢ ᠲᠡᠷᠭᠡ ᠪᠠᠷ ᠭᠡᠷ ᠲᠤ ᠨᠢ ᠬᠦᠷᠬᠡᠵᠦ᠂ 7 ᠡᠳᠦᠷ ᠲᠤᠰᠠᠭᠠᠷᠯᠠᠬᠤ ᠪᠠ ᠨᠡᠶᠢᠭᠡᠮ ᠲᠤᠭᠤᠷᠢᠭ ᠤᠨ ᠡᠷᠡᠭᠦᠯ ᠴᠢᠬᠢᠷᠠᠭ ᠤᠨ ᠬᠠᠮᠢᠶᠠᠷᠤᠯᠳᠠ ᠳᠤ ᠤᠷᠤᠭᠤᠯᠤᠨ᠎ᠠ᠃ ᠭᠠᠴᠠᠭ᠎ᠠ ᠲᠤᠰᠬᠤᠨ ︵ᠨᠡᠶᠢᠭᠡᠮ ᠲᠤᠭᠤᠷᠢᠭ︶ ᠨᠢ ᠲᠡᠭᠡᠷ᠎ᠡ ᠲᠤᠷᠠᠳᠤᠭᠰᠠᠨ ᠬᠦᠮᠦᠰ ᠢ ᠪᠠᠶᠢᠴᠠᠭᠠᠬᠤ ᠪᠠᠨ ᠴᠢᠩᠭᠠᠳᠬᠠᠵᠦ᠂ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠪᠠᠨ ᠪᠦᠬᠦ ᠲᠠᠯ᠎ᠠ ᠪᠠᠷ ᠨᠡᠶᠢᠳᠡᠪᠦᠷᠢᠵᠢᠭᠤᠯᠬᠤ ᠶᠢ ᠦᠨᠡᠨᠬᠦ ᠪᠠᠳᠤᠯᠠᠬᠤ ᠬᠡᠷᠡᠭᠳᠡᠢ᠃       2020 ᠤᠨ ᠤ 12 ᠰᠠᠷ᠎ᠠ ᠶᠢᠨ 30 ᠤ ᠡᠳᠦᠷ ᠠᠴᠠ ᠰᠡᠬᠦᠯᠠᠷ᠂ ᠦᠨᠳᠦᠷ ᠵᠡᠷᠬᠡ ᠶᠢᠨ ᠲᠦᠭᠰᠢᠬᠦᠷᠢ ᠲᠠᠢ ᠭᠠᠵᠠᠷ ᠤᠷᠤᠨ ᠵᠢᠴᠢ ᠡᠾᠧᠪᠸᠢ ᠮᠤᠵᠢ ᠶᠢᠨ ᠱᠢ ᠵᠢᠶᠠ ᠵᠤᠸᠠᠩ ᠬᠤᠳᠠ ᠪᠠ ᠰᠢᠩ ᠲᠠᠢ ᠬᠤᠳᠠ ᠠᠴᠠ ᠮᠠᠨ ᠤ ᠬᠤᠰᠢᠭᠤᠨ ᠳᠤ ᠢᠷᠡᠭᠰᠡᠳ ᠪᠦᠬᠦᠨ ᠳᠤ ︽14 + 3︾ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠠ ᠶᠢ ᠬᠡᠷᠡᠭᠵᠢᠬᠦᠯᠦᠨ᠎ᠡ ︵ᠲᠠᠷᠤᠢ 14 ᠬᠤᠨᠤᠭ ᠤᠨ ᠲᠦᠪᠯᠡᠷᠡᠬᠦᠯᠦᠨ ᠲᠤᠰᠠᠭᠠᠷᠯᠠᠬᠤ ᠠᠨᠠᠭᠠᠬᠤ ᠤᠬᠠᠭᠠᠨ ᠤ ᠠᠵᠢᠭᠯᠠᠯᠳᠠ + 3 ᠤᠳᠠᠭᠠᠨ ᠤ ᠪᠦᠬᠡᠮ ᠬᠦᠴᠢᠯ ᠤᠨ ᠪᠠᠶᠢᠴᠠᠭᠠᠯᠳᠠ ᠬᠢᠬᠦ ᠶᠢ ᠵᠢᠭᠠᠵᠦ ᠪᠤᠢ︶᠃ ᠡᠾᠧᠪᠸᠢ ᠮᠤᠵᠢ ᠶᠢᠨ ᠪᠤᠰᠤᠳ ᠭᠠᠵᠠᠷ ᠤᠷᠤᠨ ᠠᠴᠠ ᠮᠠᠨ ᠤ ᠬᠤᠰᠢᠭᠤᠨ ᠳᠤ ᠢᠷᠡᠭᠰᠡᠳ ᠲᠤ ᠡᠷᠬᠡᠪᠰᠢ 7 ᠡᠳᠦᠷ ᠤᠨ ᠲᠤᠳᠤᠷᠠᠬᠢ ᠪᠦᠬᠡᠮ ᠬᠦᠴᠢᠯ ᠤᠨ ᠪᠠᠶᠢᠴᠠᠭᠠᠯᠳᠠ ᠶᠢᠨ ᠰᠦᠬᠡᠷᠬᠦ ᠴᠢᠨᠠᠷᠳᠠᠢ ᠬᠡᠷᠡᠴᠢ ᠪᠠ ᠰᠠᠭᠠᠳ ᠦᠭᠡᠢ ᠨᠡᠪᠳᠡᠷᠡᠬᠦ ᠡᠷᠡᠬᠦᠯ ᠮᠡᠨᠳᠦ ᠶᠢᠨ ᠺᠤᠳ᠋ ᠪᠠᠶᠢᠬᠤ ᠬᠡᠷᠡᠭᠳᠠᠢ᠂ ᠡᠬᠦᠨ ᠤ ᠬᠠᠮᠳᠦ ᠬᠡᠷ ᠲᠡᠭᠡᠨ 7 ᠡᠳᠦᠷ ᠲᠤᠰᠠᠭᠠᠷᠯᠠᠭᠰᠠᠨ ᠤ ᠲᠠᠷᠠᠭ᠎ᠠ ᠡᠷᠡᠬᠦᠯ ᠮᠡᠨᠳᠦ ᠶᠢᠨ ᠬᠢᠨᠠᠨ ᠬᠡᠮᠵᠢᠯᠳᠠ ᠨᠢ ᠬᠡᠪ ᠤᠨ ᠪᠠᠶᠢᠳᠠᠯ ᠲᠤᠤᠷ᠎ᠠ ᠰᠠᠶ᠋ᠢ ᠴᠢᠯᠦᠬᠡᠳᠠᠢ ᠤᠷᠤᠵᠤ ᠭᠠᠷᠴᠦ ᠪᠤᠯᠤᠨ᠎ᠠ︔ ᠪᠦᠬᠡᠮ ᠬᠦᠴᠢᠯ ᠤᠨ ᠪᠠᠶᠢᠴᠠᠭᠠᠯᠳᠠ ᠶᠢᠨ ᠰᠦᠬᠡᠷᠬᠦ ᠴᠢᠨᠠᠷᠳᠠᠢ ᠬᠡᠷᠡᠴᠢ ᠬᠠᠩᠭᠠᠵᠦ ᠲᠠᠶᠢᠯᠬᠦ ᠦᠭᠡᠢ ᠪᠤᠯ ᠬᠠᠮᠤᠭ ᠲᠡᠷᠢᠬᠦᠨ ᠳᠤ ᠲᠦᠪᠯᠡᠷᠡᠬᠦᠯᠦᠨ ᠲᠤᠰᠠᠭᠠᠷᠯᠠᠬᠤ ᠶᠢᠨ ᠬᠠᠮᠳᠦ ᠪᠦᠬᠡᠮ ᠬᠦᠴᠢᠯ ᠤᠨ ᠪᠠᠶᠢᠴᠠᠭᠠᠯᠳᠠ ᠬᠢᠵᠦ᠂ ᠦᠷ᠎ᠡ ᠳ᠋ᠦᠩ ᠨᠢ ᠰᠦᠬᠡᠷᠬᠦ ᠴᠢᠨᠠᠷᠳᠠᠢ ᠪᠤᠯ ᠦᠷᠬᠦᠯᠵᠢᠯᠡᠨ ᠬᠡᠷ ᠲᠡᠭᠡᠨ 7 ᠡᠳᠦᠷ ᠲᠤᠰᠠᠭᠠᠷᠯᠠᠵᠦ᠂ ᠡᠬᠦᠨ ᠤ ᠲᠠᠭᠠᠤ ᠡᠷᠡᠬᠦᠯ ᠮᠡᠨᠳᠦ ᠶᠢᠨ ᠬᠢᠨᠠᠨ ᠬᠡᠮᠵᠢᠯᠳᠠ ᠨᠢ ᠬᠡᠪ ᠤᠨ ᠪᠠᠶᠢᠳᠠᠯ ᠲᠤᠤᠷ᠎ᠠ ᠰᠠᠶ᠋ᠢ ᠴᠢᠯᠦᠬᠡᠳᠠᠢ ᠤᠷᠤᠵᠤ ᠭᠠᠷᠴᠦ ᠪᠤᠯᠤᠨ᠎ᠠ︔ ᠬᠡᠷ ᠲᠡᠭᠡᠨ ᠲᠤᠰᠠᠭᠠᠷᠯᠠᠬᠤ ᠨᠦᠬᠦᠴᠡᠯ ᠦᠭᠡᠢ ᠪᠤᠯ ᠲᠦᠪᠯᠡᠷᠡᠬᠦᠯᠦᠨ ᠲᠤᠰᠠᠭᠠᠷᠯᠠᠬᠤ ᠠᠨᠠᠭᠠᠬᠤ ᠤᠬᠠᠭᠠᠨ ᠤ ᠠᠵᠢᠭᠯᠠᠯᠳᠠ ᠬᠢᠵᠦ᠂ ᠬᠡᠷᠪᠡ ᠡᠶᠡᠷᠬᠦ ᠴᠢᠨᠠᠷ ᠢ ᠢᠯᠡᠷᠡᠬᠦᠯᠪᠠᠯ᠂ ᠲᠡᠷᠡ ᠲᠠᠷᠤᠢ ᠳᠤᠨᠢ ᠱᠠᠭᠠᠷᠳᠠᠯᠭ᠎ᠠ ᠶᠤᠰᠤᠭᠠᠷ ᠬᠤᠰᠢᠭᠤᠨ ᠤ ᠠᠷᠠᠳ ᠤᠨ ᠡᠮᠨᠡᠯᠬᠡ ᠶᠢᠨ ᠬᠤᠷᠢᠶᠠᠨ ᠳᠤ ᠰᠢᠯᠵᠢᠬᠦᠯᠦᠨ ᠲᠤᠰᠠᠭᠠᠷᠯᠠᠨ ᠡᠮᠨᠡᠬᠦᠯᠦᠨ᠎ᠡ᠃ ᠲᠤᠮᠳᠠ ᠵᠡᠷᠬᠡ ᠶᠢᠨ ᠲᠦᠭᠰᠢᠬᠦᠷᠢ ᠲᠠᠢ ᠭᠠᠵᠠᠷ ᠤᠷᠤᠨ ᠵᠢᠴᠢ ᠪᠡᠬᠡᠵᠢᠩ ᠬᠤᠳᠠ᠂ ᠬᠠᠷᠠᠮᠦ᠋ᠷᠡᠨ ᠮᠤᠵᠢ ᠶᠢᠨ ᠡᠾᠢᠾ ᠬᠤᠳᠠ᠂ ᠯᠢᠶᠤᠤᠨᠢᠩ ᠮᠤᠵᠢ ᠶᠢᠨ ᠮᠦᠭᠳᠠ ᠬᠤᠳᠠ᠂ ᠳ᠋ᠠᠯᠢᠶᠠᠨ ᠬᠤᠳᠠ ᠠᠴᠠ ᠮᠠᠨ ᠤ ᠬᠤᠰᠢᠭᠤᠨ ᠳᠤ ᠢᠷᠡᠭᠰᠡᠳ ᠲᠤ ᠡᠷᠬᠡᠪᠰᠢ 7 ᠡᠳᠦᠷ ᠤᠨ ᠲᠤᠳᠤᠷᠠᠬᠢ ᠪᠦᠬᠡᠮ ᠬᠦᠴᠢᠯ ᠤᠨ ᠪᠠᠶᠢᠴᠠᠭᠠᠯᠳᠠ ᠶᠢᠨ ᠰᠦᠬᠡᠷᠬᠦ ᠴᠢᠨᠠᠷᠳᠠᠢ ᠬᠡᠷᠡᠴᠢ ᠪᠠ ᠰᠠᠭᠠᠳ ᠦᠭᠡᠢ ᠨᠡᠪᠳᠡᠷᠡᠬᠦ ᠡᠷᠡᠬᠦᠯ ᠮᠡᠨᠳᠦ ᠶᠢᠨ ᠺᠤᠳ᠋ ᠪᠠᠶᠢᠬᠤ ᠬᠡᠷᠡᠭᠳᠠᠢ᠂ ᠪᠠᠶ᠎ᠠ ᠶᠢᠨ ᠲᠤᠯᠠᠭᠠᠨ ᠨᠢ ᠬᠡᠪ ᠤᠨ ᠮᠦᠷᠳᠡᠬᠡᠨ ᠬᠤᠪᠢ ᠬᠦᠮᠦᠨ ᠤ ᠬᠠᠮᠠᠭᠠᠯᠠᠯᠳᠠ ᠪᠠᠨ ᠰᠠᠶᠢᠳᠦᠷ ᠬᠢᠭᠰᠡᠨ ᠪᠠᠶᠢᠳᠠᠯ ᠲᠤᠤᠷ᠎ᠠ ᠰᠠᠶ᠋ᠢ ᠴᠢᠯᠦᠬᠡᠳᠠᠢ ᠤᠷᠤᠵᠦ ᠭᠠᠷᠴᠦ ᠪᠤᠯᠤᠨ᠎ᠠ︔ ᠪᠦᠬᠡᠮ ᠬᠦᠴᠢᠯ ᠤᠨ ᠪᠠᠶᠢᠴᠠᠭᠠᠯᠳᠠ ᠶᠢᠨ ᠰᠦᠬᠡᠷᠬᠦ ᠴᠢᠨᠠᠷᠳᠠᠢ ᠬᠡᠷᠡᠴᠢ ᠬᠠᠩᠭᠠᠵᠦ ᠲᠠᠶᠢᠯᠬᠦ ᠦᠭᠡᠢ ᠪᠤᠯ ᠬᠠᠮᠤᠭ ᠲᠡᠷᠢᠬᠦᠨ ᠳᠤ ᠲᠦᠪᠯᠡᠷᠡᠬᠦᠯᠦᠨ ᠲᠤᠰᠠᠭᠠᠷᠯᠠᠬᠤ ᠶᠢᠨ ᠬᠠᠮᠳᠦ ᠪᠠᠶᠢᠴᠠᠭᠠᠯᠳᠠ ᠬᠢᠬᠡᠳ ᠦᠷ᠎ᠡ ᠳ᠋ᠦᠩ ᠨᠢ ᠰᠦᠬᠡᠷᠬᠦ ᠴᠢᠨᠠᠷᠳᠠᠢ ᠪᠤᠯ ᠰᠠᠶ᠋ᠢ ᠴᠢᠯᠦᠬᠡᠳᠠᠢ ᠤᠷᠤᠵᠦ ᠭᠠᠷᠴᠦ ᠪᠤᠯᠤᠨ᠎ᠠ᠂ ᠬᠡᠷᠪᠡ ᠡᠶᠡᠷᠬᠦ ᠴᠢᠨᠠᠷ ᠢ ᠢᠯᠡᠷᠡᠬᠦᠯᠪᠡᠯ᠂ ᠲᠠᠷᠤᠶᠢᠬᠠᠨ ᠱᠠᠭᠠᠷᠳᠠᠯᠭ᠎ᠠ ᠲᠦᠷᠢᠮ ᠶᠤᠰᠤᠭᠠᠷ ᠬᠤᠰᠢᠭᠤᠨ ᠤ ᠠᠷᠠᠳ ᠤᠨ ᠡᠮᠨᠡᠯᠬᠡ ᠶᠢᠨ ᠬᠤᠷᠢᠶᠠᠨ ᠳᠤ ᠰᠢᠯᠵᠢᠬᠦᠯᠦᠨ ᠲᠤᠰᠠᠭᠠᠷᠯᠠᠨ ᠡᠮᠴᠢᠯᠡᠬᠦᠯᠦᠨ᠎ᠡ᠃      ᠬᠤᠶᠠᠷ᠂ ᠮᠠᠨ ᠤ ᠬᠤᠰᠢᠭᠤᠨ ᠳᠤ ᠪᠤᠴᠠᠵᠦ ᠢᠷᠡᠭᠰᠡᠳ ᠲᠤ  ᠮᠡᠳᠡᠭᠦᠯᠦᠨ ᠲᠠᠩᠰᠠᠯᠠᠬᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠳᠠᠢ᠃      2021 ᠤᠨ ᠤ 1 ᠰᠠᠷ᠎ᠠ ᠶᠢᠨ 1 ᠤ ᠡᠳᠦᠷ ᠠᠴᠠ ᠡᠬᠢᠯᠡᠨ᠂ ᠮᠠᠨ ᠤ ᠬᠤᠰᠢᠭᠤᠨ ᠳᠤ ᠪᠤᠴᠠᠵᠦ ᠢᠷᠡᠭᠰᠡᠨ ᠠᠯᠢᠪᠠ ᠬᠦᠮᠦᠰ ᠰᠠᠭᠤᠭ᠎ᠠ ᠭᠠᠵᠠᠷ ᠤᠨ ᠢᠶᠠᠨ ᠭᠠᠴᠠᠭ᠎ᠠ ᠲᠤᠰᠬᠤᠨ ︵ᠨᠡᠶᠢᠬᠡᠮ ᠲᠤᠭᠤᠷᠢᠭ︶ ᠳᠤ ᠤᠬᠠᠮᠰᠠᠷ ᠠᠴᠠ ᠪᠠᠨ ᠮᠡᠳᠡᠬᠦᠯᠬᠦ ᠬᠡᠷᠡᠭᠳᠠᠢ᠃ ᠵᠠᠰᠠᠭ ᠵᠠᠬᠢᠷᠭᠠᠨ ᠤ ᠠᠯᠪᠠᠨ ᠪᠠᠶᠢᠭᠤᠯᠭ᠎ᠠ᠂ ᠠᠵᠦ ᠠᠬᠤᠶᠢᠯᠠᠯ ᠠᠵᠢᠯ ᠦᠢᠯᠡᠰ ᠤᠨ ᠨᠢᠬᠡᠴᠢ ᠶᠢᠨ ᠠᠵᠢᠯᠳᠠᠳ ᠲᠤ ︽ᠬᠤᠶᠠᠷ ᠲᠠᠯ᠎ᠠ ᠪᠠᠷ ᠮᠡᠳᠡᠬᠦᠯᠬᠦ︾ ᠲᠦᠷᠢᠮ ᠢ ᠬᠡᠷᠡᠭᠵᠢᠬᠦᠯᠦᠨ᠎ᠠ ︵ᠲᠠᠷᠤᠢ ᠠᠵᠢᠯᠯᠠᠵᠦ ᠪᠠᠶᠢᠭ᠎ᠠ ᠪᠠᠶᠢᠭᠤᠯᠭ᠎ᠠ ᠳᠠᠭᠠᠨ ᠮᠡᠳᠡᠬᠦᠯᠬᠦ ᠪᠠᠷ ᠪᠠᠷᠠᠬᠤ ᠦᠭᠡᠢ ᠪᠠᠰᠠ ᠰᠠᠭᠤᠭ᠎ᠠ ᠭᠠᠵᠠᠷ ᠤᠨ  ᠢᠶᠠᠨ ᠭᠠᠴᠠᠭ᠎ᠠ ᠲᠤᠰᠬᠤᠨ ︵ᠨᠠᠶᠢᠬᠡᠮ ᠲᠤᠭᠤᠷᠢᠭ︶ ᠳᠤ ᠮᠡᠳᠡᠬᠦᠯᠦᠨ᠎ᠡ︶᠃ ᠵᠤᠷᠢᠭᠤᠳᠠ ᠪᠠᠷ ᠨᠢᠭᠤᠵᠦ ᠲᠠᠯᠳᠠᠯᠠᠬᠤ᠂ ᠲᠤᠳᠠᠭᠤ ᠮᠡᠳᠡᠬᠦᠯᠬᠦ᠂ ᠶᠠᠪᠤᠵᠦ ᠰᠠᠭᠤᠭᠰᠠᠨ ᠪᠠ ᠶᠠᠪᠤᠯᠴᠠᠵᠦ ᠤᠶᠢᠷᠠᠳᠤᠯᠴᠠᠭᠰᠠᠨ ᠵᠡᠷᠬᠡ ᠦᠩᠭᠡᠷᠡᠯᠳᠠ ᠪᠠᠨ ᠬᠤᠳᠠᠯ ᠢᠶᠠᠷ ᠮᠡᠳᠡᠬᠦᠯᠦᠭᠰᠡᠨ ᠠᠴᠠ ᠬᠦᠨᠳᠦ ᠨᠤᠴᠢᠳᠠᠢ ᠦᠷ᠎ᠡ ᠳ᠋ᠦᠩ ᠠᠪᠴᠢᠷᠠᠪᠠᠯ ᠬᠠᠤᠯᠢ ᠶᠤᠰᠤᠭᠠᠷ ᠬᠠᠮᠢᠶ᠎ᠠ ᠪᠦᠬᠦᠢ ᠬᠠᠷᠢᠭᠤᠴᠠᠯᠭ᠎ᠠ ᠶᠢ ᠨᠡᠬᠡᠮᠵᠢᠯᠡᠨ᠎ᠡ᠃ ᠭᠤᠷᠪᠠ᠂ ᠨᠡᠶᠢᠬᠡᠮ ᠨᠠᠶᠢᠳᠠ᠂ ᠠᠵᠦ ᠠᠬᠤᠶᠢᠯᠠᠯ ᠠᠵᠢᠯ ᠦᠢᠯᠡᠰ ᠤᠨ ᠨᠢᠬᠡᠴᠢ ᠳᠤ ︽ᠲᠠᠪᠤ ᠪᠠᠶᠢᠬᠤ᠂ ᠭᠤᠷᠪᠡ  ᠶᠢ ᠴᠢᠩᠭᠠᠳᠬᠠᠬᠤ᠂ ᠨᠢᠬᠡ ᠲᠤᠤᠷᠴᠢᠯᠠᠭᠰᠠᠨ︾ ᠠᠷᠭ᠎ᠠ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠳᠠᠢ᠃      ᠡᠯ᠎ᠡ ᠪᠠᠶᠢᠭᠤᠯᠭ᠎ᠠ ᠨᠢᠬᠡᠴᠢ᠂ ᠠᠵᠦ ᠠᠬᠤᠶᠢᠯᠠᠯ ᠤᠨᠴᠠᠭᠠᠶᠢᠯᠠᠨ ᠰᠤᠮᠦ ᠰᠢᠶᠠᠩ ᠪᠠᠯᠭᠠᠰᠦ᠂ ᠭᠠᠴᠠᠭ᠎ᠠ ᠲᠤᠰᠬᠤᠨ ︵ᠨᠡᠶᠢᠬᠡᠮ ᠲᠤᠭᠤᠷᠢᠭ︶ ᠡᠷᠬᠡᠪᠰᠢ ︽ᠲᠠᠪᠤ ᠪᠠᠶᠢᠬᠤ᠂ ᠭᠤᠷᠪᠡ ᠶᠢ ᠴᠢᠩᠭᠠᠳᠬᠠᠬᠤ᠂ ᠨᠢᠬᠡ ᠲᠤᠤᠷᠴᠢᠯᠠᠭᠰᠠᠨ︾ ᠠᠷᠭ᠎ᠠ ᠶᠢ ᠬᠡᠷᠡᠭᠵᠢᠬᠦᠯᠬᠦ ᠬᠡᠷᠡᠭᠳᠠᠢ᠂ ᠲᠠᠷᠤᠢ᠄ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠠᠬᠦ ᠵᠢᠯᠤᠭᠤᠳᠤᠮᠵᠢ᠂ ᠰᠡᠷᠬᠡᠶᠢᠯᠡᠨ ᠡᠵᠡᠮᠳᠡᠬᠦ ᠬᠠᠮᠢᠶᠠᠷᠤᠯᠳᠠ ᠲᠦᠷᠢᠮ ᠪᠠ ᠬᠠᠷᠢᠭᠤᠴᠠᠯᠭᠠᠳᠦ ᠬᠦᠮᠦᠨ᠂ ᠵᠤᠬᠢᠬᠤ ᠬᠡᠮᠵᠢᠶᠠᠨ ᠤ ᠡᠳ᠋ ᠪᠤᠳᠠᠰ ᠤᠨ ᠨᠦᠬᠡᠴᠡ᠂ ᠬᠠᠷᠢᠶᠠᠳᠦ ᠤᠷᠤᠨ ᠤ ᠡᠮ ᠡᠮᠨᠡᠯᠬᠡ ᠶᠢᠨ ᠵᠢᠯᠤᠭᠤᠳᠤᠯᠭ᠎ᠠ ᠲᠡᠮᠵᠢᠯᠬᠡ᠂ ᠲᠤᠰᠠᠭᠠᠷᠯᠠᠬᠤ ᠭᠠᠵᠠᠷ ᠪᠠ ᠰᠢᠯᠵᠢᠬᠦᠯᠦᠨ ᠲᠤᠬᠢᠷᠠᠭᠤᠯᠬᠤ ᠪᠡᠯᠡᠳᠬᠡᠯ ᠵᠡᠷᠬᠡ ᠠᠷᠭ᠎ᠠ ᠬᠡᠮᠵᠢᠶ᠎ᠠ ᠪᠠ ᠡᠷᠡᠬᠦᠯ ᠮᠠᠨᠳᠦ  ᠶᠢᠨ ᠠᠬᠢᠭᠤᠯᠤᠯᠳᠠ ᠪᠤᠯᠤᠨ  ᠬᠦᠮᠦᠵᠢᠯ ᠢ ᠴᠢᠩᠭᠠᠳᠬᠠᠬᠤ᠂ ᠠᠵᠢᠯᠳᠠᠳ ᠤᠨ ᠡᠷᠡᠬᠦᠯ ᠮᠡᠨᠳᠦ ᠶᠢᠨ ᠬᠠᠮᠢᠶᠠᠷᠤᠯᠳᠠ  ᠶᠢ ᠴᠢᠩᠭᠠᠳᠬᠠᠬᠤ᠂ ᠠᠵᠢᠯᠳᠠᠳ ᠤᠨ ᠤᠷᠤᠵᠦ ᠭᠠᠷᠬᠤ ᠬᠠᠮᠢᠶᠠᠷᠤᠯᠳᠠ ᠶᠢ ᠴᠢᠩᠭᠠᠳᠬᠠᠬᠤ ᠵᠡᠷᠬᠡ ᠪᠤᠯᠤᠨ᠎ᠠ᠃ ᠡᠯ᠎ᠡ ᠰᠤᠮᠤ ᠰᠢᠶᠠᠩ ᠪᠠᠯᠭᠠᠰᠦ ᠵᠢᠴᠢ ᠡᠯ᠎ᠡ ᠭᠠᠴᠠᠭ᠎ᠠ ᠲᠤᠰᠬᠤᠨ ᠡᠷᠬᠡᠪᠰᠢ ᠬᠦᠳᠡᠭᠡ ᠲᠤᠰᠬᠤᠨ ᠤ ᠬᠢᠵᠢᠭ ᠤᠨ ᠪᠠᠶᠢᠳᠠᠯ  ᠢ ᠰᠡᠷᠬᠡᠶᠢᠯᠡᠨ ᠡᠵᠡᠮᠳᠠᠬᠦ ᠭᠤᠤᠯ ᠡᠬᠦᠷᠬᠡ ᠬᠠᠷᠢᠭᠤᠴᠠᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠤᠨ᠂ ᠰᠡᠷᠬᠡᠶᠢᠯᠡᠨ ᠡᠵᠡᠮᠳᠡᠬᠦ ᠠᠷᠭ᠎ᠠ ᠬᠡᠮᠵᠢᠶ᠎ᠠ ᠶᠢ ᠴᠢᠩᠭ᠎ᠠ ᠲᠦᠷᠢᠮᠵᠢᠬᠦᠯᠵᠦ᠂ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠬᠤᠷᠢᠭ᠎ᠠ ᠱᠤᠭᠤᠮ ᠢ ᠦᠨᠡᠨᠬᠦ ᠪᠠᠬᠢᠵᠢᠬᠦᠯᠦᠨ ᠪᠠᠳᠤᠳᠬᠠᠬᠤ ᠬᠡᠷᠡᠭᠳᠠᠢ᠃ ᠡᠬᠦᠨ ᠤ ᠬᠠᠮᠳᠦ ᠰᠢᠨ᠎ᠡ ᠵᠠᠭᠤᠴᠢᠯᠠᠭᠤᠷ᠂ ᠷᠠᠳᠢᠤ᠋ ᠨᠡᠪᠳᠡᠷᠡᠬᠦᠯᠬᠡ ᠵᠡᠷᠬᠡ ᠠᠷᠭ᠎ᠠ ᠪᠠᠷ ᠤᠬᠠᠭᠤᠯᠭ᠎ᠠ ᠶᠢᠨ ᠬᠦᠴᠦᠯᠡᠴᠠ ᠪᠠᠨ ᠨᠡᠮᠡᠭᠳᠡᠬᠦᠯᠦᠨ᠂ ᠰᠠᠭᠤᠭᠠᠯᠢ ᠠᠷᠠᠳ  ᠢ ᠵᠢᠯᠤᠭᠤᠳᠤᠨ ᠲᠠᠭᠠᠭᠤᠯᠵᠦ᠂ ᠤᠶᠢᠷ᠎ᠠ ᠶᠢᠨ ᠬᠤᠭᠤᠴᠠᠭᠠᠨ ᠳᠤ ᠮᠠᠨ ᠤ ᠬᠤᠰᠢᠭᠤᠨ ᠳᠤ ᠢᠷᠡᠭᠰᠡᠨ ᠬᠦᠮᠦᠰ ᠤᠨ ᠰᠤᠷᠠᠭ ᠵᠠᠩᠭᠢ ᠶᠢ ᠮᠡᠳᠡᠬᠦᠯᠦᠨ ᠲᠠᠩᠰᠠᠯᠠᠵᠦ᠂ ᠨᠢᠬᠡ ᠡᠷᠦᠬᠡ ᠨᠢᠬᠡ ᠬᠦᠮᠦᠨ ᠢ ᠴᠦ ᠤᠷᠬᠢᠳᠠᠭᠤᠯᠬᠤ ᠦᠭᠡᠢ ᠪᠠᠶᠢᠬᠤ ᠶᠢ ᠪᠠᠳᠤᠯᠠᠬᠤ ᠬᠡᠷᠡᠭᠳᠠᠢ᠃ ᠡᠯ᠎ᠡ ᠰᠤᠮᠤ ᠰᠢᠶᠠᠩ ᠪᠠᠯᠭᠠᠰᠦ ᠵᠢᠴᠢ ᠭᠠᠴᠠᠭ᠎ᠠ ᠲᠤᠰᠬᠤᠨ ︵ᠨᠡᠶᠢᠬᠡᠮ ᠲᠤᠭᠤᠷᠢᠭ︶ ᠡᠷᠬᠡᠪᠰᠢ ᠮᠦᠷᠳᠡᠨ ᠪᠠᠶᠢᠴᠠᠭᠠᠬᠤ ᠬᠦᠴᠦᠯᠡᠴᠡ ᠪᠠᠨ ᠶᠡᠬᠡᠰᠬᠡᠨ᠂ ᠬᠠᠷᠢᠶᠠᠳᠦ ᠤᠷᠤᠨ ᠤ ᠪᠠᠨ 2020 ᠤᠨ ᠤ 12 ᠰᠠᠷ᠎ᠠ ᠶᠢᠨ 15 ᠤ ᠡᠳᠦᠷ ᠠᠴᠠ ᠨᠠᠭᠠᠰᠢ᠂ ᠡᠾᠧᠪᠸᠢ ᠮᠤᠵᠢ ᠶᠢᠨ ᠱᠢ ᠵᠢᠶᠠ ᠵᠤᠸᠠᠩ ᠬᠤᠳᠠ ᠪᠠ ᠰᠢᠩ ᠲᠠᠢ ᠬᠤᠳᠠ ᠳᠤ ᠵᠤᠭᠠᠴᠠᠵᠦ ᠰᠠᠭᠤᠵᠦ ᠦᠩᠭᠡᠷᠡᠭᠰᠡᠨ ᠬᠦᠮᠦᠰ ᠢ ᠭᠤᠤᠯᠳᠠᠯᠭ᠎ᠠ ᠲᠠᠢ ᠪᠠᠶᠢᠴᠠᠭᠠᠨ᠎ᠠ᠃ ᠡᠬᠦᠨ ᠤ ᠬᠠᠮᠳᠦ᠂ ᠪᠡᠬᠡᠵᠢᠩ᠂ ᠬᠠᠷᠠᠮᠦ᠋ᠷᠡᠨ᠂ ᠯᠢᠶᠤᠤᠨᠢᠩ ᠵᠡᠷᠬᠡ ᠪᠤᠰᠤᠳ ᠲᠤᠮᠳᠠ ᠦᠨᠳᠦᠷ ᠵᠡᠷᠬᠡ ᠶᠢᠨ ᠲᠦᠭᠰᠢᠬᠦᠷᠢ ᠲᠠᠢ ᠭᠠᠵᠠᠷ ᠤᠷᠤᠨ ᠠᠴᠠ ᠮᠠᠨ ᠤ ᠬᠤᠰᠢᠭᠤᠨ ᠳᠤ ᠢᠷᠡᠭᠰᠡᠳ ᠲᠤ ᠮᠦᠷᠳᠡᠨ ᠪᠠᠶᠢᠴᠠᠭᠠᠬᠤ ᠬᠦᠴᠦᠯᠡᠴᠡ ᠪᠠᠨ ᠨᠡᠮᠡᠭᠳᠡᠬᠦᠯᠦᠨ᠂ ᠡᠬᠦᠨ ᠤ ᠲᠠᠭᠠᠤ ᠬᠠᠮᠢᠶ᠎ᠠ ᠪᠦᠬᠦᠢ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠠ ᠶᠢ ᠰᠠᠶᠢᠳᠦᠷ ᠨᠠᠶᠢᠳᠠᠪᠤᠷᠢᠵᠢᠭᠤᠯᠬᠤ ᠬᠡᠷᠡᠭᠳᠠᠢ᠃ ᠡᠯ᠎ᠡ ᠪᠠᠶᠢᠭᠤᠯᠭ᠎ᠠ ᠨᠢᠬᠡᠴᠢ ᠪᠠ ᠰᠤᠮᠤ ᠰᠢᠶᠠᠩ ᠪᠠᠯᠭᠠᠰᠦ  ᠨᠢ ᠨᠢᠬᠡ ᠮᠡᠳᠡᠬᠡᠯᠡᠭᠴᠢ ᠲᠤᠭᠳᠠᠭᠠᠵᠦ᠂ ᠡᠳᠦᠷ ᠪᠦᠷᠢ ᠶᠢᠨ 15᠄ 00 ᠴᠠᠭ ᠠᠴᠠ ᠡᠮᠦᠨ᠎ᠡ ᠲᠤᠰ ᠬᠠᠷᠢᠶᠠᠳᠦ ᠭᠠᠵᠠᠷ ᠪᠤᠯᠤᠨ ᠲᠤᠰ ᠪᠠᠶᠢᠭᠤᠯᠭ᠎ᠠ ᠶᠢᠨ ᠢᠶᠠᠨ ᠮᠦᠷᠳᠡᠨ ᠪᠠᠶᠢᠴᠠᠭᠠᠭᠰᠠᠨ ᠬᠦᠮᠦᠰ ᠤᠨ ᠰᠤᠷᠠᠭ ᠵᠠᠩᠭᠢ ᠵᠢᠴᠢ ᠲᠤᠭ᠎ᠠ ᠪᠠᠷᠢᠮᠳᠠ ᠶᠢ ᠬᠤᠰᠢᠭᠤᠨ ᠤ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠵᠢᠯᠤᠭᠤᠳᠤᠯᠭ᠎ᠠ ᠶᠢᠨ ᠲᠦᠪ  ᠤᠨ ᠠᠯᠪᠠᠨ ᠬᠡᠷ ᠤᠨ ᠨᠡᠶᠢᠬᠡᠮ ᠤᠨ ᠬᠠᠮᠢᠶᠠᠷᠤᠨ ᠡᠵᠡᠮᠳᠡᠬᠦ ᠲᠤᠭᠤᠶᠢᠯᠠᠩ ᠳᠤ ᠮᠡᠳᠡᠬᠦᠯᠬᠦ ᠬᠡᠷᠡᠭᠳᠠᠢ᠃ ︵ᠬᠠᠷᠢᠯᠴᠠᠬᠤ ᠤᠳᠠᠰᠦ᠄ 15849180292᠂ ᠢᠮᠧᠯ᠄ szwqyqfk@163.com      ᠲᠦᠷᠪᠡ᠂ ᠬᠦᠢᠳᠠᠨ ᠬᠡᠯᠬᠢᠶᠠᠳᠦ᠂ ᠲᠦᠷᠬᠡᠨ ᠭᠤᠪᠢᠭᠤᠯᠭ᠎ᠠ᠂ ᠡᠳ᠋ ᠪᠠᠷᠠᠭᠠᠨ ᠤ ᠬᠦᠢᠯᠬᠡᠬᠡ ᠪᠠ ᠵᠠᠮ ᠬᠠᠷᠢᠯᠴᠠᠭ᠎ᠠ ᠲᠡᠬᠡᠬᠡᠪᠦᠷᠢ ᠳᠠᠬᠢ ᠤᠷᠢᠳᠴᠢᠯᠡᠨ ᠰᠡᠷᠬᠡᠶᠢᠯᠡᠬᠦ ᠴᠢᠨᠠᠷᠳᠠᠢ ᠠᠷᠢᠭᠤᠳᠬᠠᠯ ᠢ ᠴᠢᠩᠭᠠᠳᠬᠠᠬᠤ ᠬᠡᠷᠡᠭᠳᠠᠢ᠃      ᠪᠦᠬᠦ ᠬᠤᠰᠢᠭᠤᠨ ᠤ ᠰᠢᠤᠳᠠᠨ ᠬᠤᠯᠪᠤᠭ᠎ᠠ᠂ ᠲᠦᠷᠬᠡᠨ ᠭᠤᠪᠢᠭᠤᠯᠭ᠎ᠠ᠂ ᠡᠳ᠋ ᠪᠠᠷᠠᠭᠠᠨ ᠤ ᠬᠦᠢᠯᠬᠡᠬᠡ ᠶᠢᠨ ᠠᠵᠢᠯ ᠲᠦᠷᠦᠯ ᠤᠨ ᠨᠢᠬᠡᠴᠢ ᠠᠴᠠ ᠠᠷᠢᠭᠤᠳᠬᠠᠬᠤ ᠠᠵᠢᠯ ᠵᠢᠴᠢ ᠠᠵᠢᠯᠳᠠᠳ ᠤᠨ ᠡᠷᠡᠬᠦᠯ ᠴᠢᠬᠢᠷᠠᠭ ᠤᠨ ᠪᠠᠶᠢᠳᠠᠯ  ᠢ ᠪᠠᠶᠢᠴᠠᠭᠠᠨ ᠦᠵᠡᠬᠦ᠂ ᠪᠦᠬᠡᠮ ᠬᠦᠴᠢᠯ ᠤᠨ ᠪᠠᠶᠢᠴᠠᠭᠠᠯᠳᠠ ᠬᠢᠬᠦ ᠵᠡᠷᠬᠡ ᠠᠵᠢᠯ ᠢ ᠰᠠᠶᠢᠳᠦᠷ ᠬᠢᠬᠦ ᠬᠡᠷᠡᠭᠳᠠᠢ᠃ ᠬᠢᠯᠢ ᠶᠢᠨ ᠭᠠᠳᠠᠨᠠᠬᠢ ᠡᠳ᠋ ᠪᠠᠷᠠᠭᠠᠨ ᠤ ᠬᠠᠮᠢᠶᠠᠷᠤᠯᠳᠠ ᠪᠠᠨ ᠴᠢᠩᠭᠠᠳᠬᠠᠵᠦ᠂ ᠭᠠᠳᠠᠭᠠᠳᠦ ᠠᠴᠠ ᠤᠷᠤᠭᠤᠯᠬᠤ ᠡᠳ᠋ ᠪᠤᠳᠠᠰ ᠤᠨᠴᠠᠭᠠᠶᠢᠯᠠᠨ ᠬᠦᠢᠳᠡᠨ ᠢᠳᠡᠬᠡᠨ ᠤ ᠪᠤᠭᠤᠳᠠᠯ᠂ ᠲᠡᠬᠡᠬᠡᠪᠦᠷᠢᠯᠡᠬᠦ  ᠵᠡᠷᠬᠡ ᠪᠠᠭᠠᠵᠢ ᠳᠤ ᠪᠦᠬᠡᠮ ᠬᠦᠴᠢᠯ ᠤᠨ ᠪᠠᠶᠢᠴᠠᠭᠠᠯᠳᠠ ᠬᠢᠬᠦ ᠪᠤᠯᠤᠨ ᠤᠷᠢᠳᠴᠢᠯᠠᠨ ᠰᠡᠷᠬᠡᠶᠢᠯᠡᠬᠦ ᠴᠢᠨᠠᠷᠳᠠᠢ ᠠᠷᠢᠭᠤᠳᠬᠠᠯ ᠬᠢᠬᠦ ᠬᠦᠴᠦᠯᠡᠴᠡ ᠪᠠᠨ ᠨᠡᠮᠡᠭᠳᠡᠬᠦᠯᠦᠨ᠂ ᠬᠤᠪᠢ ᠬᠦᠮᠦᠨ ᠤ ᠬᠠᠮᠠᠭᠠᠯᠠᠯᠳᠠ ᠪᠠ ᠡᠷᠡᠬᠦᠯ ᠮᠡᠨᠳᠦ ᠶᠢᠨ ᠬᠢᠨᠠᠨ ᠪᠠᠶᠢᠴᠠᠭᠠᠯᠳᠠ ᠶᠢ ᠴᠢᠩᠭᠠᠳᠬᠠᠬᠤ ᠬᠡᠷᠡᠭᠳᠠᠢ᠃ ᠲᠦᠷᠢᠶᠠᠰᠦᠨ ᠮᠡᠰᠢᠨ ᠲᠡᠷᠬᠡ᠂ ᠨᠠᠶᠢᠳᠠ ᠶᠢᠨ ᠮᠠᠰᠢᠨ ᠲᠡᠷᠬᠡ ᠵᠡᠷᠬᠡ ᠤᠯᠠᠨ ᠨᠠᠶᠢᠳᠠ  ᠶᠢᠨ ᠵᠠᠮ ᠬᠠᠷᠢᠯᠴᠠᠭᠠᠨ ᠤ ᠪᠠᠭᠠᠵᠢ ᠳᠠᠬᠢ ᠬᠠᠮᠢᠶᠠᠷᠤᠯᠳᠠ ᠡᠵᠡᠮᠳᠡᠯ ᠢᠶᠠᠨ ᠴᠢᠩᠭᠠᠳᠬᠠᠨ᠂ ᠲᠦᠷᠢᠮᠵᠢᠯ ᠱᠠᠭᠠᠷᠳᠠᠯᠭ᠎ᠠ ᠶᠤᠰᠤᠭᠠᠷ ᠪᠦᠬᠦ ᠲᠠᠯ᠎ᠠ ᠪᠠᠷ ᠠᠷᠢᠭᠤᠳᠬᠠᠨ ᠴᠠᠪᠠᠷᠯᠠᠵᠦ᠂ ᠠᠶᠠᠨᠴᠢᠳ ᠲᠤ ᠠᠮᠠᠪᠴᠢ ᠵᠡᠬᠦᠬᠦ᠂ ᠺᠤᠳ᠋ ᠢ ᠰᠢᠷᠪᠢᠬᠦ ᠵᠡᠷᠬᠡ ᠰᠡᠷᠬᠡᠶᠢᠯᠡᠨ ᠡᠵᠡᠮᠳᠡᠬᠦ ᠠᠷᠭ᠎ᠠ ᠬᠡᠮᠵᠢᠶ᠎ᠠ ᠶᠢ ᠨᠠᠶᠢᠳᠠᠪᠤᠷᠢᠵᠢᠭᠤᠯᠬᠤ ᠬᠡᠷᠡᠭᠳᠠᠢ᠃      ᠲᠠᠪᠤ᠂ ᠬᠤᠷᠠᠨ ᠴᠤᠭᠯᠠᠷᠠᠬᠤ ᠬᠦᠳᠡᠯᠬᠡᠬᠡᠨ ᠪᠠ ᠭᠤᠤᠯᠳᠠᠯᠭ᠎ᠠ ᠲᠠᠢ ᠭᠠᠵᠠᠷ ᠲᠠᠬᠢ ᠰᠡᠷᠬᠡᠶᠢᠯᠡᠨ ᠡᠵᠡᠮᠳᠡᠬᠦ ᠠᠷᠭ᠎ᠠ ᠬᠡᠮᠵᠢᠶ᠎ᠠ ᠶᠢ ᠨᠠᠶᠢᠳᠠᠪᠤᠷᠢᠵᠢᠭᠤᠯᠬᠤ ᠬᠡᠷᠡᠭᠳᠠᠢ᠃      ᠡᠳᠦᠬᠡ ᠠᠴᠠ ᠡᠬᠢᠯᠡᠨ ︽ᠴᠢᠬᠤᠯᠠ ᠦᠭᠡᠢ ᠪᠤᠯ ᠡᠷᠬᠢᠯᠡᠬᠦ ᠦᠭᠡᠢ︾ ᠵᠠᠷᠴᠢᠮ ᠤᠨ ᠶᠤᠰᠤᠭᠠᠷ᠂ ᠬᠤᠷᠠᠨ ᠴᠤᠭᠯᠠᠷᠠᠬᠤ᠂ ᠬᠤᠷᠢᠮ ᠬᠢᠬᠦ᠂ ᠤᠷᠤᠰᠢᠭᠤᠯᠭ᠎ᠠ ᠬᠢᠬᠦ᠂ ᠬᠤᠷᠠᠯ ᠪᠤᠯᠪᠠᠰᠤᠷᠠᠯ ᠶᠠᠪᠤᠭᠳᠠᠭᠤᠯᠬᠤ᠂ ᠦᠵᠡᠰᠬᠦᠯᠡᠩ ᠬᠤᠳᠠᠯᠳᠤᠭ᠎ᠠ ᠡᠷᠬᠢᠯᠡᠬᠦ᠂ ᠨᠠᠶᠢᠷ ᠨᠠᠭᠠᠳᠦᠮ ᠭᠠᠷᠭᠠᠬᠤ ︵ᠠᠯᠢ ᠴᠢᠳᠠᠬᠤ ᠪᠠᠷ ᠰᠦᠯᠵᠢᠶᠠᠨ ᠲᠡᠯᠬᠡᠴᠡ ᠪᠠᠷ ᠬᠤᠷᠠᠯ ᠬᠢᠬᠦ ᠶᠢ ᠰᠠᠨᠠᠭᠠᠴᠢᠯᠠᠨ᠎ᠠ︶ ᠵᠡᠷᠬᠡ ᠬᠡᠪᠴᠢᠶ᠎ᠠ ᠶᠡᠭᠡ ᠲᠠᠢ ᠲᠦᠪᠯᠡᠷᠡᠨ ᠴᠤᠭᠯᠠᠷᠠᠬᠤ ᠬᠦᠳᠡᠯᠬᠡᠬᠡᠨ ᠶᠠᠪᠤᠭᠳᠠᠭᠤᠯᠬᠤ ᠶᠢ ᠴᠢᠩᠭ᠎ᠠ ᠬᠢᠵᠠᠭᠠᠷᠯᠠᠨ᠎ᠠ᠃ ᠬᠡᠷᠪᠡ ᠵᠠᠪᠠᠯ ᠡᠷᠬᠢᠯᠡᠬᠦ ᠴᠢᠬᠤᠯᠠᠳᠠᠢ ᠪᠤᠯ ︽ᠬᠡᠨ ᠵᠤᠬᠢᠶᠠᠨ ᠪᠠᠶᠢᠭᠤᠯᠪᠠᠯ ᠬᠡᠨ ᠬᠠᠷᠢᠭᠤᠴᠠᠬᠤ᠂ ᠬᠡᠨ ᠲᠠᠭᠠᠭᠠᠴᠢᠯᠠᠪᠠᠯ ᠬᠡᠨ ᠬᠠᠷᠢᠭᠤᠴᠠᠬᠤ︾ ᠵᠠᠷᠴᠢᠮ ᠤᠨ ᠶᠤᠰᠤᠭᠠᠷ᠂ ᠭᠤᠤᠯ ᠬᠠᠮᠢᠶᠠᠷᠤᠯᠳᠠ  ᠶᠢᠨ ᠰᠠᠯᠠᠭ᠎ᠠ ᠮᠦᠴᠢᠷ ᠠᠴᠠ ᠵᠦᠪᠰᠢᠶᠡᠷᠡᠭᠰᠡᠨ ᠤ ᠲᠠᠷᠠᠭ᠎ᠠ᠂ ᠬᠤᠰᠢᠭᠤᠨ ᠤ ᠬᠢᠵᠢᠭ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠲᠦᠪ ᠲᠤ ᠮᠡᠳᠡᠭᠦᠯᠦᠨ ᠵᠦᠪᠰᠢᠶᠡᠷᠡᠭᠦᠯᠬᠦ ᠬᠡᠷᠡᠭᠳᠠᠢ᠃ ᠵᠦᠪᠰᠢᠶᠡᠷᠡᠭᠰᠡᠨ ᠤ ᠲᠠᠷᠠᠭ᠎ᠠ  ᠂ ᠬᠢᠵᠢᠭ ᠢ ᠰᠡᠷᠭᠡᠶᠢᠯᠡᠨ ᠡᠵᠡᠮᠳᠡᠬᠦ ᠡᠯ᠎ᠡ ᠲᠦᠷᠦᠯ ᠤᠨ ᠠᠷᠭ᠎ᠠ ᠠᠪᠴᠢᠯ ᠢ ᠴᠢᠩᠭ᠎ᠠ ᠬᠡᠷᠡᠭᠵᠢᠭᠦᠯᠵᠤ᠂ ᠬᠦᠮᠦᠰ ᠤᠨ ᠴᠤᠭᠯᠠᠷᠠᠭᠰᠠᠨ ᠠᠴᠠ ᠪᠤᠯᠵᠤ᠂ ᠬᠢᠵᠢᠭ ᠤᠨ ᠬᠠᠯᠳᠠᠨ ᠲᠠᠷᠬᠠᠬᠤ ᠶᠢ ᠴᠢᠩᠭ᠎ᠠ ᠬᠢᠵᠠᠭᠠᠷᠯᠠᠨ᠎ᠠ᠃ ᠢᠳᠡᠭᠡᠨ ᠤᠮᠳᠠᠭᠠᠨ ᠂ ᠬᠤᠳᠠᠯᠳᠤᠭ᠎ᠠ ᠲᠡᠯᠭᠡᠭᠦᠷ᠂ ᠴᠢᠯᠦᠭᠡᠳᠦ ᠠᠷᠠᠯᠵᠢᠶ᠎ᠠ᠂ ᠺᠢᠨᠤ᠋ ᠶᠢᠨ ᠤᠷᠳᠤᠨ᠂ ᠨᠠᠭᠠᠳᠤᠮ ᠤᠨ ᠲᠠᠯᠠᠪᠤᠷ ᠵᠡᠷᠭᠡ ᠭᠠᠵᠠᠷ ᠤᠨ ᠵᠤᠴᠢᠯᠠᠬᠤ ᠬᠡᠮᠵᠢᠶ᠎ᠡ ᠶᠢ ᠲᠤᠭᠳᠠᠭᠠᠭᠰᠠᠨ ᠬᠡᠮᠵᠢᠶᠡᠨ ᠤ 75% ᠠᠴᠠ ᠢᠯᠡᠭᠦᠦ ᠬᠡᠳᠦᠷᠡᠬᠦᠯᠵᠦ ᠪᠤᠯᠬᠤ ᠦᠭᠡᠢ᠂ ᠬᠡᠷ ᠪᠦᠯᠢ ᠶᠢᠨ ᠴᠤᠭᠯᠠᠭᠠᠨ ᠪᠤᠶᠤ ᠬᠤᠭᠤᠯᠠ ᠢᠳᠡᠬᠦ ᠳᠤ 10 ᠬᠦᠮᠦᠨ ᠠᠴᠠ ᠲᠤᠷᠤᠭᠰᠢ ᠬᠢᠵᠠᠭᠠᠷᠯᠠᠨ᠎ᠠ᠃ ᠪᠦᠬᠦ ᠬᠤᠰᠢᠭᠤᠨ ᠤ ᠬᠤᠳᠠᠯᠳᠤᠭ᠎ᠠ ᠬᠤᠷᠰᠢᠶ᠎ᠠ᠂ ᠨᠠᠭᠠᠳᠤᠮ ᠤᠨ ᠲᠠᠯᠠᠪᠤᠷ ᠵᠡᠷᠭᠡ ᠭᠠᠵᠠᠷ ᠤᠴᠢᠬᠤ ᠳᠤ ︽ᠠᠮᠠᠪᠴᠢ ᠪᠠᠨ ᠵᠡᠬᠦᠬᠦ + ᠺᠤᠳ᠋ ᠰᠢᠷᠪᠢᠬᠦ + ᠲᠤᠯᠠᠭᠠᠨ ᠢᠶᠠᠨ ᠬᠡᠮᠵᠢᠬᠦ︾ ᠵᠡᠷᠬᠡ ᠰᠡᠷᠭᠡᠶᠢᠯᠡᠨ ᠡᠵᠡᠮᠳᠡᠬᠦ ᠠᠷᠭ᠎ᠠ ᠠᠪᠴᠢᠯ ᠢ ᠴᠢᠩᠭ᠎ᠠ ᠬᠡᠷᠡᠭᠵᠢᠭᠦᠯᠬᠦ ᠬᠡᠷᠡᠭᠳᠠᠢ᠃ ᠤᠨᠴᠠᠭᠠᠶᠢᠯᠠᠨ ᠪᠠᠭᠤᠳᠠᠯ ᠳᠤ ᠤᠷᠤᠬᠤ ᠳᠤ᠂ ᠵᠠᠪᠠᠯ ᠭᠠᠳᠠᠨ᠎ᠠ  ᠠᠴᠠ ᠢᠷᠡᠭᠰᠡᠳ ᠤᠨ ᠲᠤᠯᠠᠭᠠᠨ ᠢ ᠨᠢ ᠬᠡᠮᠵᠢᠨ᠂ ᠲᠠᠩᠰᠠᠯᠠᠨ ᠲᠡᠮᠳᠡᠭᠯᠡᠵᠤ᠂ ᠺᠤᠳ᠋ ᠰᠢᠷᠪᠢᠬᠦ ᠲᠦᠷᠢᠮ ᠢ ᠴᠢᠩᠭ᠎ᠠ ᠬᠡᠷᠡᠭᠵᠢᠭᠦᠯᠦᠨ᠎ᠡ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠤᠷᠢᠳᠴᠢᠯᠠᠨ ᠪᠠᠶᠢᠴᠠᠭᠠᠵᠤ ᠰᠠᠯᠭᠠᠨ ᠤᠨᠤᠰᠢᠯᠠᠬᠤ ᠪᠠ ᠠᠩᠬ᠎ᠠ ᠤᠨᠤᠰᠢᠯᠠᠬᠤ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠬᠡᠷᠡᠭᠵᠢᠭᠦᠯᠵᠤ᠂ ᠬᠠᠯᠠᠭᠤᠷᠠᠬᠤ ᠶᠢ ᠵᠠᠰᠠᠬᠤ ᠡᠭᠦᠳᠡᠨ ᠡᠮᠨᠡᠯᠭᠡ ᠶᠢᠨ ᠬᠠᠮᠢᠶᠠᠷᠤᠯᠳᠠ ᠶᠢ ᠴᠢᠩᠭᠠᠷᠠᠭᠤᠯᠤᠨ᠂ ᠲᠠᠬᠤᠯ ᠡᠪᠡᠳᠴᠢᠨ ᠤ ᠪᠠᠶᠢᠴᠠᠭᠠᠯᠳᠠ ᠶᠢ ᠴᠢᠩᠭᠠᠳᠬᠠᠨ᠂ ᠡᠮᠨᠡᠯᠭᠡ ᠶᠢᠨ ᠬᠤᠷᠢᠶᠠᠨ ᠲᠤᠳᠤᠷ᠎ᠠ ᠪᠠᠨ ᠬᠠᠯᠳᠠᠪᠤᠷᠢᠯᠠᠬᠤ ᠶᠢ ᠴᠢᠩᠭ᠎ᠠ ᠬᠢᠵᠠᠭᠠᠷᠯᠠᠨ᠎ᠠ᠃ ᠡᠮ ᠡᠮᠴᠢᠯᠡᠭᠡᠨ ᠤ ᠪᠠᠶᠢᠭᠤᠯᠤᠮᠵᠢ ᠶᠢᠨ ᠰᠠᠬᠢᠵᠦ ᠰᠡᠷᠬᠡᠶᠢᠯᠡᠬᠦ ᠦᠢᠯᠡᠳᠦᠯ ᠢ ᠪᠠᠳᠠᠷᠠᠭᠤᠯᠤᠨ᠂ ᠬᠠᠯᠠᠭᠤᠷᠠᠵᠤ ᠪᠠᠶᠢᠭ᠎ᠠ ᠬᠦᠮᠦᠰ ᠲᠤ ᠡᠷᠳᠡ ᠠᠴᠠ ᠢᠯᠭᠠᠨ ᠲᠠᠨᠢᠭᠤᠯᠤᠨ᠎ᠠ᠃      ᠵᠢᠷᠭᠤᠭ᠎ᠠ᠂ ᠵᠠᠮ ᠬᠠᠷᠢᠯᠴᠠᠭᠠᠨ ᠤ ᠬᠠᠮᠢᠶᠠᠷᠤᠨ ᠡᠵᠡᠮᠳᠡᠬᠦ ᠶᠢ ᠴᠢᠩᠭᠠᠳᠬᠠᠨ᠎ᠠ᠃      ᠬᠤᠳᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠲᠦᠪ ᠤᠨ ᠨᠢᠭᠡᠳᠦᠯᠳᠠᠢ ᠪᠠᠶᠢᠷᠢᠯᠠᠭᠤᠯᠤᠯᠳᠠ ᠶᠤᠰᠤᠭᠠᠷ᠂ 1 ᠰᠠᠷ᠎ᠠ ᠶᠢᠨ 10 ᠤ ᠡᠳᠦᠷ ᠠᠴᠠ ᠡᠬᠢᠯᠡᠨ᠂ ᠮᠠᠨ ᠤ ᠬᠤᠰᠢᠭᠤᠨ ᠤ ᠳ᠋ᠦᠩ ᠪᠠ ᠬᠤᠥ ︵ᠬᠦᠬᠡᠬᠤᠳᠠ ᠠᠴᠠ ᠮᠠᠨ ᠤ ᠬᠤᠰᠢᠭᠤᠨ ᠤ ᠤᠷᠤᠵᠤ ᠢᠷᠡᠬᠦ ᠬᠦᠮᠦᠰ ᠢ ᠬᠠᠮᠢᠶᠠᠷᠤᠨ ᠡᠵᠡᠮᠳᠡᠬᠦ︶᠂ ᠪᠠᠶᠠᠨᠰᠢᠷᠡᠭᠡ ︵ᠰᠢᠯᠢ ᠶᠢᠨ ᠭᠤᠤᠯ ᠠᠴᠠ ᠮᠠᠨ ᠤ ᠬᠤᠰᠢᠭᠤᠨ ᠳᠤ ᠢᠷᠡᠬᠦ ᠬᠦᠮᠦᠰ ᠢ ᠬᠠᠮᠢᠶᠠᠷᠤᠨ ᠡᠵᠡᠮᠳᠡᠬᠦ︶᠂ ᠬᠢᠯᠢ ᠶᠢᠨ ᠵᠠᠰᠠᠮᠠᠯ ᠵᠠᠮ ︵ᠪᠤᠭᠤᠳᠤ᠂ ᠰᠢᠯᠢ ᠶᠢᠨ ᠭᠤᠤᠯ ᠵᠡᠷᠭᠡ ᠭᠠᠵᠠᠷ ᠠᠴᠠ ᠮᠠᠨ ᠤ ᠬᠤᠰᠢᠭᠤᠨ ᠳᠤ ᠢᠷᠡᠬᠦ ᠬᠦᠮᠦᠰ ᠢ ᠬᠠᠮᠢᠶᠠᠷᠤᠨ ᠡᠵᠡᠮᠳᠡᠬᠦ︶ ᠵᠡᠷᠭᠡ ᠭᠤᠷᠪᠠᠨ ᠵᠠᠮ ᠬᠠᠷᠢᠯᠴᠠᠭᠠᠨ ᠤ ᠠᠭᠤᠯᠵᠠᠷ ᠢ ᠨᠡᠭᠡᠭᠡᠵᠤ᠂ ᠲᠤᠮᠳᠠ ᠲᠡᠭᠡᠳᠦ ᠵᠡᠷᠭᠡ ᠶᠢᠨ ᠲᠦᠭᠰᠢᠬᠦᠷᠢ ᠲᠠᠢ ᠭᠠᠵᠠᠷ ᠤᠷᠤᠨ ᠢᠶᠠᠷ ᠦᠩᠭᠡᠷᠡᠭᠰᠡᠨ ᠮᠠᠰᠢᠨ ᠲᠡᠷᠬᠡ ᠪᠠ ᠬᠦᠮᠦᠰ ᠬᠡᠷᠪᠡ ᠮᠠᠨ ᠤ ᠬᠤᠰᠢᠭᠤ ᠪᠠᠷ ᠦᠩᠭᠡᠷᠡᠪᠡᠯ ᠲᠠᠩᠰᠠᠯᠠᠨ ᠲᠡᠮᠳᠡᠭᠯᠡᠬᠦ ᠪᠠ ︽ᠦᠪᠦᠷ ᠮᠤᠩᠭᠤᠯ ᠤᠨ ᠡᠷᠡᠭᠦᠯ ᠮᠡᠨᠳᠦ︾ ᠶᠢᠨ ᠺᠤᠳ᠋ ᠵᠢᠴᠢ ᠶᠠᠪᠤᠵᠤ ᠰᠠᠭᠤᠬᠤ ᠺᠤᠳ᠋ ᠢ ᠰᠢᠷᠪᠢᠭᠦᠯᠵᠤ᠂ ᠮᠠᠨ ᠤ ᠬᠤᠰᠢᠭᠤᠨ ᠳᠤ ᠤᠷᠤᠬᠤ ᠴᠢᠬᠤᠯᠠᠳᠠᠢ ᠦᠶ᠎ᠡ ᠳᠤ᠂ ᠬᠤᠰᠢᠭᠤᠨ ᠤ ᠬᠢᠵᠢᠭ ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠤᠰᠤᠭᠠᠷ ᠬᠠᠮᠢᠶᠠᠷᠤᠨ ᠡᠵᠡᠮᠳᠡᠨ᠎ᠡ᠃ ᠲᠤᠤᠷ᠎ᠠ ᠲᠦᠭᠰᠢᠭᠦᠷᠢᠳᠦ ᠭᠠᠵᠠᠷ ᠤᠷᠤᠨ ᠠᠴᠠ ᠮᠠᠨ ᠤ ᠬᠤᠰᠢᠭᠤᠨ ᠳᠤ ᠢᠷᠡᠭᠰᠡᠨ ᠲᠡᠷᠭᠡ ᠪᠠᠶᠢᠪᠠᠯ᠂ ᠮᠦᠨ ᠴᠦ ᠺᠤᠳ᠋ ᠰᠢᠷᠪᠢᠨ ᠲᠠᠩᠰᠠᠯᠠᠯᠳᠠ ᠬᠢᠬᠦ ᠪᠠ ᠬᠤᠪᠢ ᠬᠦᠮᠦᠨ ᠤ ᠬᠠᠮᠠᠭᠠᠯᠠᠯᠳᠠ ᠬᠢᠬᠦ ᠤᠷᠢᠳᠠᠯ ᠲᠤᠤᠷ᠎ᠠ᠂ ᠡᠮᠬᠢ ᠵᠢᠷᠤᠮ ᠲᠠᠢ ᠶᠠᠪᠤᠵᠤ ᠰᠠᠭᠤᠵᠤ ᠪᠤᠯᠤᠨ᠎ᠠ᠃      ᠲᠤᠯᠤᠭ᠎ᠠ᠂ ᠮᠤᠵᠢ ᠤᠷᠤᠨ ᠠᠯᠤᠰᠯᠠᠭᠰᠠᠨ ᠬᠦᠮᠦᠰ ᠤᠨ ᠶᠠᠪᠤᠵᠤ ᠰᠠᠭᠤᠬᠤ ᠶᠢ ᠪᠠᠭᠠᠰᠬᠠᠨ᠎ᠠ᠃ ᠨᠢᠭᠡ ᠳᠤ᠂ ︽ᠴᠢᠬᠤᠯᠠ ᠦᠭᠡᠢ ᠦᠶ᠎ᠡ ᠳᠤ ᠬᠤᠰᠢᠭᠤᠨ ᠳᠤ ᠪᠠᠨ ᠪᠤᠴᠠᠬᠤ ᠦᠭᠡᠢ︾ ᠪᠠᠶᠢᠬᠤ ᠶᠢ ᠰᠠᠨᠠᠭᠠᠴᠢᠯᠠᠨ ᠵᠤᠷᠢᠭᠵᠢᠭᠤᠯᠵᠤ᠂ ᠭᠠᠳᠠᠨ᠎ᠠ ᠬᠦᠯᠦᠰᠦᠨ ᠠᠵᠢᠯ ᠬᠢᠵᠤ ᠪᠠᠶᠢᠭ᠎ᠠ ᠬᠦᠮᠦᠰ ᠪᠤᠯᠬᠤ ᠶᠢᠨ ᠲᠤᠳᠤᠷ᠎ᠠ ᠲᠤᠬᠠᠢ ᠶᠢᠨ ᠭᠠᠵᠠᠷ ᠲᠠᠭᠠᠨ ᠰᠢᠨᠡᠯᠡᠨ᠂ ᠬᠢᠵᠢᠭ ᠢ ᠲᠠᠷᠬᠠᠭᠠᠬᠤ ᠲᠦᠭᠰᠢᠭᠦᠷᠢ ᠪᠠᠨ ᠪᠠᠭᠠᠰᠬᠠᠨ᠎ᠠ᠃ ᠬᠡᠷᠪᠡ ᠬᠤᠰᠢᠭᠤᠨ ᠳᠠᠭᠠᠨ ᠪᠤᠴᠠᠬᠤ ᠴᠢᠬᠤᠯᠠ ᠲᠠᠢ ᠦᠶ᠎ᠡ ᠳᠤ᠂ ᠵᠠᠮ ᠲᠤᠮᠳᠠ ᠪᠠᠨ ᠬᠤᠪᠢ ᠬᠦᠮᠦᠨ ᠤ ᠬᠠᠮᠠᠭᠠᠯᠠᠯᠳᠠ ᠪᠠᠨ ᠰᠠᠶᠢᠳᠤᠷ ᠬᠢᠵᠤ᠂ ᠠᠮᠤᠷ ᠲᠦᠪᠰᠢᠨ ᠤ ᠵᠠᠢ ᠶᠢ ᠪᠠᠳᠤᠯᠠᠨ᠂ ᠨᠤᠳᠤᠭ ᠲᠠᠭᠠᠨ ᠪᠤᠴᠠᠬᠤ ᠴᠠᠭ ᠬᠤᠭᠤᠴᠠᠭ᠎ᠠ ᠪᠠ ᠵᠠᠮ ᠬᠠᠷᠢᠯᠴᠠᠭᠠᠨ ᠤ ᠠᠷᠭ᠎ᠠ ᠬᠡᠮᠵᠢᠶ᠎ᠡ ᠪᠠᠨ ᠵᠤᠬᠢᠰᠳᠠᠢ ᠲᠤᠬᠢᠷᠠᠭᠤᠯᠵᠤ᠂ ᠪᠤᠯᠬᠤ ᠶᠢᠨ ᠲᠤᠳᠤᠷ᠎ᠠ ᠤᠯᠠᠨ ᠤᠳᠠᠭ᠎ᠠ ᠲᠡᠷᠭᠡ ᠰᠤᠯᠢᠬᠤ ᠪᠠ ᠤᠷᠳᠤ ᠬᠤᠭᠤᠴᠠᠭ᠎ᠠ ᠪᠠᠷ ᠬᠤᠷᠭᠤᠳᠠᠬᠤ ᠠᠴᠠ ᠵᠠᠶᠢᠯᠠᠰᠬᠢᠨ᠎ᠡ᠃ ᠨᠤᠳᠤᠭ ᠲᠠᠭᠠᠨ ᠪᠤᠴᠠᠭᠰᠠᠨ ᠤ ᠲᠠᠷᠠᠭ᠎ᠠ᠂ ᠮᠠᠨ ᠤ ᠬᠤᠰᠢᠭᠤᠨ ᠤ ᠬᠠᠮᠢᠶ᠎ᠠ ᠪᠦᠬᠦᠢ ᠬᠠᠮᠢᠶᠠᠷᠤᠨ ᠡᠵᠡᠮᠳᠡᠬᠦ ᠠᠷᠭ᠎ᠠ ᠠᠪᠴᠢᠯ ᠢ ᠴᠢᠩᠭ᠎ᠠ ᠬᠡᠷᠡᠭᠵᠢᠭᠦᠯᠵᠤ᠂ ᠡᠩ ᠲᠡᠷᠢᠭᠦᠨ  ᠳᠤ ᠰᠠᠨᠠᠭᠠᠴᠢᠯᠠᠭ᠎ᠠ ᠠᠴᠠ ᠪᠠᠨ ᠮᠡᠳᠡᠭᠦᠯᠦᠨ ᠲᠡᠪᠰᠢᠭᠦᠯᠵᠤ᠂ ᠵᠤᠭᠠᠴᠠᠨ ᠲᠤᠭᠤᠷᠢᠭᠰᠠᠨ ᠪᠠ ᠬᠦᠮᠦᠰ ᠲᠠᠢ ᠤᠶᠢᠷᠠᠳᠤᠭᠰᠠᠨ ᠪᠠᠶᠢᠳᠠᠯ ᠢᠶᠠᠨ ᠨᠢᠭᠤᠵᠤ ᠪᠤᠯᠬᠤ ᠦᠭᠡᠢ᠃ ︽ᠴᠢᠬᠤᠯᠠ ᠦᠭᠡᠢ ᠦᠶ᠎ᠡ ᠳᠤ ᠬᠤᠰᠢᠭᠤ ᠠᠴᠠ ᠪᠠᠨ ᠭᠠᠷᠬᠤ ᠦᠭᠡᠢ︾ ᠪᠠᠶᠢᠬᠤ ᠶᠢ ᠰᠠᠨᠠᠭᠠᠴᠢᠯᠠᠨ ᠵᠤᠷᠢᠭᠵᠢᠭᠤᠯᠵᠤ᠂ ᠨᠠᠮ ᠤᠨ ᠺᠠᠳ᠋ᠷ ᠵᠢᠴᠢ ᠨᠠᠮ ᠵᠠᠰᠠᠭ ᠤᠨ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ  ᠤᠨ ᠨᠢᠬᠡᠴᠢ ᠶᠢᠨ ᠠᠵᠢᠯᠳᠠᠳ ᠲᠤᠯᠤᠭᠠᠶᠢᠯᠠᠨ ᠲᠤᠬᠠᠢ ᠶᠢᠨ ᠭᠠᠵᠠᠷ ᠲᠠᠭᠠᠨ ᠴᠠᠭᠠᠨ ᠰᠠᠷ᠎ᠠ ᠪᠠᠨ ᠦᠩᠭᠡᠷᠡᠭᠡᠵᠤ᠂ ᠵᠠᠷᠴᠢᠮ ᠲᠡᠭᠡᠷ᠎ᠡ ᠪᠠᠨ ᠬᠤᠰᠢᠭᠤ ᠠᠴᠠ ᠪᠠᠨ ᠰᠠᠯᠬᠤ ᠦᠭᠡᠢ ᠪᠠᠶᠢᠵᠤ᠂ ᠬᠡᠷᠪᠡ ᠶᠠᠪᠤᠬᠤ ᠴᠢᠬᠤᠯᠠ ᠲᠠᠢ ᠦᠶ᠎ᠡ ᠳᠤ᠂ ᠲᠤᠰ ᠪᠠᠶᠢᠭᠤᠯᠭ᠎ᠠ ᠳᠤ ᠪᠠᠨ ᠲᠦᠷᠢᠮ ᠲᠤᠭᠳᠠᠭᠠᠯ ᠶᠤᠰᠤᠭᠠᠷ ᠴᠢᠯᠦᠭᠡ ᠠᠪᠴᠦ ᠮᠡᠳᠡᠭᠦᠯᠬᠦ ᠭᠠᠷ ᠭᠦᠢᠴᠡᠳᠬᠡᠯ ᠢᠶᠠᠨ ᠬᠢᠬᠦ ᠬᠡᠷᠡᠭᠳᠠᠢ᠃ ᠬᠤᠶᠠᠷ ᠲᠤ᠂ ᠦᠷᠭᠡᠨ ᠤᠯᠠᠨ ᠰᠠᠭᠤᠭᠠᠯᠢ ᠠᠷᠠᠳ ᠰᠠᠳᠤᠨ ᠲᠦᠷᠦᠯ ᠤᠨ ᠳᠡᠭᠡᠨ ᠲᠤᠭᠤᠷᠢᠬᠤ᠂ ᠴᠢᠬᠤᠯᠠ ᠪᠤᠰᠤ ᠴᠤᠭᠯᠠᠭᠠᠨ ᠬᠢᠬᠦ ᠪᠠ ᠬᠦᠮᠦᠨ ᠨᠢᠭᠳᠠ ᠬᠦᠳᠡᠯᠭᠡᠭᠡᠨ ᠤ ᠲᠠᠯᠠᠪᠤᠷ ᠤᠨᠴᠠᠭᠠᠶᠢᠯᠠᠨ ᠪᠢᠳᠡᠭᠦᠦ ᠤᠷᠴᠢᠨ ᠳᠤ ᠤᠴᠢᠬᠤ ᠶᠢ ᠪᠠᠭᠠᠰᠬᠠᠬᠤ ᠶᠢ ᠵᠤᠷᠢᠭᠵᠢᠭᠤᠯᠤᠨ᠎ᠠ᠃ ᠲᠤᠮᠳᠠ ᠲᠡᠭᠡᠳᠦ ᠵᠡᠷᠭᠡ ᠶᠢᠨ ᠲᠦᠭᠰᠢᠭᠦᠷᠢ ᠲᠠᠢ ᠭᠠᠵᠠᠷ ᠤᠷᠤᠨ ᠳᠤ ᠤᠴᠢᠬᠤ ᠠᠴᠠ ᠵᠠᠶᠢᠯᠠᠰᠬᠢᠵᠤ᠂ ᠬᠡᠷᠭᠡ ᠤᠨᠴᠠᠭᠠᠢ ᠪᠠᠶᠢᠳᠠᠯ ᠲᠠᠢ ᠵᠠᠪᠠᠯ ᠤᠴᠢᠬᠤ ᠴᠢᠬᠤᠯᠠ ᠲᠠᠢ ᠦᠶᠡᠰ᠂ ᠤᠴᠢᠬᠤ ᠠᠴᠠ ᠪᠠᠨ ᠡᠮᠤᠨ᠎ᠡ᠂ ᠰᠠᠭᠤᠵᠤ ᠪᠠᠶᠢᠭ᠎ᠠ ᠭᠠᠴᠠᠭ᠎ᠠ ᠲᠤᠰᠬᠤᠨ ︵ᠨᠡᠶᠢᠭᠡᠮ ᠲᠤᠭᠤᠷᠢᠭ︶ ᠪᠤᠯᠤᠨ ᠪᠠᠶᠢᠭᠤᠯᠭ᠎ᠠ ᠳᠤ ᠪᠠᠨ ᠲᠡᠮᠳᠡᠭᠯᠡᠭᠦᠯᠦᠨ ᠮᠡᠳᠡᠭᠦᠯᠵᠤ᠂ ᠪᠤᠴᠠᠵᠤ ᠢᠷᠡᠭᠰᠡᠨ ᠤ ᠲᠠᠷᠠᠭ᠎ᠠ᠂ ᠬᠠᠮᠤᠭ ᠲᠡᠷᠢᠭᠦᠨ ᠳᠤ ᠰᠠᠨᠠᠭᠠᠴᠢᠯᠠᠭ᠎ᠠ ᠠᠴᠠ ᠪᠠᠨ ᠮᠡᠳᠡᠭᠦᠯᠦᠯᠳᠡ ᠬᠢᠵᠤ ᠪᠠᠰᠠ ᠰᠡᠷᠭᠡᠶᠢᠯᠡᠨ ᠡᠵᠡᠮᠳᠡᠬᠦ ᠠᠵᠢᠯ ᠢ ᠬᠠᠮᠵᠢᠯᠴᠠᠬᠤ ᠬᠡᠷᠡᠭᠳᠠᠢ᠃    ᠨᠠᠢᠮᠠ᠂ ᠮᠡᠳᠡᠭᠦᠯᠬᠦ ᠵᠢᠴᠢ ᠯᠠᠪᠯᠠᠨ ᠠᠰᠠᠭᠤᠬᠤ ᠤᠳᠠᠰᠤ    ᠬᠤᠰᠢᠭᠤᠨ ᠤ ᠬᠢᠵᠢᠭ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠲᠦᠪ᠄ 0474—5201701    ᠬᠤᠰᠢᠭᠤᠨ ᠤ ᠡᠪᠡᠳᠴᠢᠨ ᠬᠢᠵᠢᠭ ᠢ ᠡᠵᠡᠮᠳᠡᠬᠦ ᠲᠦᠪ᠄ 15849431538    ᠤᠯᠠᠭᠠᠨᠬᠤᠸᠠ ᠪᠠᠯᠭᠠᠰᠤ᠄ 0474—5202490    13614743311    ᠨᠠᠨ ᠯᠢᠶᠠᠩ ᠨᠡᠶᠢᠬᠡᠮ ᠲᠤᠭᠤᠷᠢᠭ᠄ 13947400303    ᠤᠯᠠᠭᠠᠨ ᠨᠡᠶᠢᠬᠡᠮ ᠲᠤᠭᠤᠷᠢᠭ᠄ 13948442385    ᠸᠧᠨ ᠨᠠᠨ ᠨᠡᠶᠢᠬᠡᠮ ᠲᠤᠭᠤᠷᠢᠭ᠄ 13191581488    ᠸᠧᠨ ᠪᠧᠢ ᠨᠡᠶᠢᠬᠡᠮ ᠲᠤᠭᠤᠷᠢᠭ᠄ 13514742515    ᠸᠧᠢ ᠵᠢᠩ ᠨᠡᠶᠢᠬᠡᠮ ᠲᠤᠭᠤᠷᠢᠭ᠄ 13847432146    ᠲᠢ ᠢᠦᠢ ᠨᠡᠶᠢᠬᠡᠮ ᠲᠤᠭᠤᠷᠢᠭ᠄ 13947461289    ᠹᠦ᠋ ᠴᠢᠶᠠᠩ ᠨᠡᠶᠢᠬᠡᠮ ᠲᠤᠭᠤᠷᠢᠭ᠄ 15164737398    ᠲᠤᠸᠠᠨ ᠵᠢᠶᠧ ᠨᠡᠶᠢᠬᠡᠮ ᠲᠤᠭᠤᠷᠢᠭ᠄ 13947442529    ᠸᠠᠩ ᠹᠦ᠋ ᠨᠡᠶᠢᠬᠡᠮ ᠲᠤᠭᠤᠷᠢᠭ᠄ 13947461369    ᠭᠤᠸᠠᠩ ᠴᠠᠩ ᠨᠡᠶᠢᠬᠡᠮ ᠲᠤᠭᠤᠷᠢᠭ᠄ 13948598380    ᠾᠧ ᠫᠢᠩ ᠨᠡᠶᠢᠬᠡᠮ ᠲᠤᠭᠤᠷᠢᠭ᠄ 15848032015    ᠵᠢᠶᠧ ᠹᠠᠩ ᠨᠡᠶᠢᠬᠡᠮ ᠲᠤᠭᠤᠷᠢᠭ᠄ 15247428580    ᠹᠦ᠋ ᠺᠠᠩ ᠨᠡᠶᠢᠬᠡᠮ ᠲᠤᠭᠤᠷᠢᠭ᠄ 13848161674    ᠬᠦᠷᠢᠶᠡᠳᠦ ᠪᠠᠯᠭᠠᠰᠤ᠄ 13947465265    ᠬᠢᠷᠰᠡᠳᠠᠢ ᠪᠠᠯᠭᠠᠰᠤ᠄ 13789440718    ᠬᠦᠩ ᠵᠢᠢ ᠲᠠᠩ ᠪᠠᠯᠭᠠᠰᠤ᠄ 15604741666    ᠳ᠋ᠦᠩ ᠪᠠ ᠬᠤᠥ ᠰᠢᠶᠠᠩ᠄ 18847439118    ᠳ᠋ᠠ ᠾᠧᠢ ᠾᠧ ᠰᠢᠶᠠᠩ᠄ 13500641607    ᠬᠤᠵᠢᠷᠳᠤ ᠰᠢᠶᠠᠩ᠄ 13947449897    ᠪᠠᠶᠠᠨᠴᠤᠭᠳᠤ ᠪᠠᠯᠭᠠᠰᠤ᠄ 13848440877    ᠬᠤᠩᠭᠤᠷ ᠰᠤᠮᠤ᠄ 13847444945    ᠨᠤᠮᠤᠭᠠᠨ ᠰᠤᠮᠤ᠄ 13484749801    ᠵᠠᠩᠭᠠᠨ ᠰᠤᠮᠤ᠄ 13847497337    ᠪᠠᠶ᠋ᠬᠠᠤᠪᠤᠭ᠎ᠠ ᠰᠤᠮᠤ᠄ 13847414666   ᠴᠠᠭᠠᠨᠪᠤᠯᠠᠭ ᠰᠤᠮᠤ᠄ 13484740034          ᠲᠦᠷᠪᠡᠳ ᠬᠤᠰᠢᠭᠤᠨ ᠤ ᠰᠢᠨ᠎ᠡ ᠬᠡᠯᠪᠡᠷᠢ ᠶᠢᠨ ᠲᠢᠳᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠤ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠤᠯᠭ᠎ᠠ ᠶᠢᠨ ᠲᠦᠪ                                    2021 ᠤᠨ ᠤ 1 ᠰᠠᠷ᠎ᠠ ᠶᠢᠨ 12 ᠤ ᠡᠳᠦᠷ
 
ᠢᠷᠡᠯᠲᠡ᠄ ᠲᠦᠷᠪᠡᠳ ᠬᠤᠰᠢᠭᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2