ᠨᠢᠬᠡ᠂ ᠡᠷᠡᠬᠦᠯ ᠬᠠᠮᠠᠭᠠᠯᠠᠯ ᠢᠶᠠᠷ ᠬᠢᠵᠢᠭ ᠢ ᠰᠡᠷᠬᠡᠶᠢᠯᠡᠬᠦ ᠱᠠᠭᠠᠷᠳᠠᠯᠭ᠎ᠠ | 1. ᠵᠠᠷᠴᠢᠮ ᠲᠡᠬᠡᠷ᠎ᠡ ᠪᠠᠨ ᠨᠢᠬᠡ ᠬᠦᠮᠦᠨ ᠨᠢᠬᠡ ᠲᠠᠰᠤᠯᠭᠠᠨ ᠳᠤ ᠰᠠᠭᠤᠨ᠎ᠠ᠃ 14 ᠨᠠᠰᠤᠨ ᠠᠴᠠ ᠲᠤᠷᠤᠭᠰᠢᠬᠢ | ᠪᠠᠭᠠᠴᠤᠳ ᠬᠡᠤᠬᠡᠳ᠂ ᠵᠢᠷᠮᠤᠰᠤᠯᠡᠭᠰᠡᠳ ᠬᠦᠩᠭᠡᠵᠢᠭᠰᠡᠳ᠂ ᠬᠠᠭᠤᠴᠢᠨ ᠡᠪᠡᠳᠴᠢᠨ ᠡᠮᠬᠡᠭ ᠲᠠᠢ ᠪᠠ ᠪᠠᠶ᠎ᠠ ᠪᠠᠨ | ᠲᠠᠭᠠᠭᠠᠬᠤ ᠴᠢᠳᠠᠪᠤᠷᠢ ᠪᠠᠷ ᠲᠤᠳᠠᠮᠠᠭ ᠵᠡᠷᠬᠡ ᠬᠦᠮᠦᠰ ᠭᠠᠭᠴᠠᠭᠠᠷ ᠰᠠᠭᠤᠬᠤ ᠳᠤ ᠲᠤᠬᠢᠷᠠᠬᠤ ᠦᠭᠡᠢ ᠪᠠᠶᠢᠵᠦ᠂ | ᠲᠦᠪᠯᠡᠷᠡᠬᠦᠯᠦᠨ ᠠᠵᠢᠭᠯᠠᠬᠤ ᠴᠢᠭ᠋ ᠤᠨ ᠠᠵᠢᠯᠳᠠᠳ ᠠᠴᠠ ᠤᠨᠤᠰᠢᠯᠠᠨ ᠲᠤᠭᠳᠠᠭᠠᠭᠰᠠᠨ ᠤ ᠲᠠᠷᠠᠭ᠎ᠠ᠂ ᠪᠠᠶᠢᠳᠠᠯ ᠢ | ᠦᠨᠳᠦᠰᠦᠯᠡᠨ ᠰᠠᠭᠤᠬᠤ ᠶᠢ ᠨᠢ ᠲᠤᠬᠢᠷᠠᠭᠤᠯᠤᠨ᠎ᠠ᠃ ᠡᠨᠡᠬᠦ ᠬᠤᠭᠤᠴᠠᠭᠠᠨ ᠳᠤ᠂ ᠪᠤᠰᠤᠳ ᠬᠦᠮᠦᠰ ᠲᠠᠢ | ᠤᠶᠢᠷᠠᠳᠤᠯᠴᠠᠬᠤ ᠪᠠᠨ ᠠᠯᠢ ᠴᠢᠳᠠᠬᠤ ᠪᠠᠷ ᠪᠠᠭᠠᠰᠬᠠᠨ᠂ ᠴᠢᠬᠤᠯᠠᠳᠠᠢ ᠪᠤᠯ ᠠᠮᠠᠪᠴᠢ ᠵᠡᠬᠦᠬᠦ ᠵᠡᠷᠬᠡ ᠬᠤᠪᠢ ᠬᠦᠮᠦᠨ | ᠤ ᠰᠡᠷᠬᠡᠶᠢᠯᠡᠯᠳᠠ ᠪᠠᠨ ᠰᠠᠶᠢᠳᠦᠷ ᠬᠢᠬᠦ ᠬᠡᠷᠡᠭᠳᠠᠢ᠃ | 2. ᠠᠵᠢᠭᠯᠠᠯᠳᠠ ᠶᠢᠨ ᠬᠤᠭᠤᠴᠠᠭᠠᠨ ᠳᠤ ᠪᠠᠨ ᠪᠤᠰᠤᠳ ᠠᠵᠢᠭᠯᠠᠭᠳᠠᠵᠦ ᠪᠠᠶᠢᠭ᠎ᠠ ᠬᠦᠮᠦᠰ ᠯᠦᠭᠡ ᠤᠶᠢᠷᠠᠳᠤᠯᠴᠠᠵᠦ | ᠪᠤᠯᠬᠤ ᠦᠭᠡᠢ᠃ ᠠᠵᠢᠯᠳᠠᠳ ᠠᠴᠠ ᠭᠠᠳᠠᠨ᠎ᠠ ᠬᠦᠮᠦᠰ ᠤᠨ ᠤᠷᠤᠵᠦ ᠭᠠᠷᠬᠤ ᠶᠢ ᠡᠷᠡᠰ ᠬᠤᠷᠢᠭᠯᠠᠨ᠎ᠠ᠃ ᠬᠡᠷᠪᠡ | ᠲᠦᠪᠯᠡᠷᠡᠬᠦᠯᠦᠨ ᠠᠵᠢᠭᠯᠠᠬᠤ ᠴᠢᠭ᠋ ᠲᠤ ᠤᠴᠢᠬᠤ ᠴᠢᠬᠤᠯᠠᠳᠠᠢ ᠪᠤᠯ ᠡᠮᠴᠢᠯᠡᠬᠡᠨ ᠤ ᠬᠡᠷᠡᠭᠯᠡᠬᠡᠨ ᠤ ᠠᠮᠠᠪᠴᠢ ᠵᠠᠬᠦᠵᠦ | ᠂ ᠬᠤᠭᠤᠷᠤᠨᠳᠦ ᠪᠠᠨ 1 ᠮᠧᠲᠷ ᠤᠨ ᠵᠠᠢ ᠶᠢ ᠪᠠᠳᠤᠯᠠᠵᠦ᠂ ᠬᠤᠷᠭᠤᠳᠠᠬᠤ ᠴᠠᠭ ᠪᠠᠨ ᠪᠠᠭᠠᠰᠬᠠᠨ᠂ ᠨᠠᠶᠢᠳᠠ ᠶᠢᠨ | ᠲᠠᠯᠠᠪᠤᠷ ᠳᠠᠬᠢ ᠡᠳ᠋ ᠪᠤᠳᠠᠰ ᠵᠢᠴᠢ ᠲᠤᠨᠤᠭ ᠲᠦᠬᠦᠬᠡᠷᠦᠮᠵᠢ ᠳᠤ ᠠᠯᠢ ᠴᠢᠳᠠᠬᠤ ᠪᠠᠷ ᠬᠦᠷᠦᠯᠴᠠᠬᠦ ᠦᠭᠡᠢ ᠪᠠᠶᠢᠬᠤ | ᠬᠡᠷᠡᠭᠳᠠᠢ᠃ | 3. ᠬᠡᠷ ᠦᠷᠦᠬᠡ᠂ ᠵᠤᠷᠯᠤᠩ᠂ ᠭᠤᠳᠤᠮᠵᠢ᠂ ᠠᠰᠠᠷ ᠤᠨ ᠱᠠᠳᠦ ᠵᠡᠷᠬᠡ ᠶᠢ ᠡᠳᠦᠷ ᠪᠦᠷᠢ 1 ᠤᠳᠠᠭ᠎ᠠ | ᠠᠷᠢᠭᠤᠳᠬᠠᠵᠦ᠂ ᠠᠳᠠᠭ ᠲᠠᠭᠠᠨ 1 ᠤᠳᠠᠭ᠎ᠠ ᠬᠤᠭ ᠨᠤᠪᠰᠢ ᠪᠠᠨ ᠬᠠᠶᠠᠵᠦ᠂ ᠴᠢᠬᠤᠯᠠᠳᠠᠢ ᠦᠶᠠᠰ ᠴᠠᠭ ᠲᠤᠬᠠᠢ | ᠳᠤᠨᠢ ᠬᠠᠶᠠᠬᠤ ᠬᠡᠷᠡᠭᠳᠠᠢ᠃ ᠠᠵᠢᠭᠯᠠᠭᠳᠠᠵᠦ ᠪᠠᠶᠢᠭ᠎ᠠ ᠬᠦᠮᠦᠰ ᠠᠵᠢᠭᠯᠠᠭᠳᠠᠬᠤ ᠪᠠᠨ ᠵᠤᠭᠰᠤᠬᠤ ᠪᠤᠶᠤ ᠰᠢᠯᠵᠢᠨ | ᠶᠠᠪᠤᠪᠠᠯ᠂ ᠲᠡᠬᠦᠨ ᠤ ᠰᠠᠭᠤᠭᠰᠠᠨ ᠬᠡᠷ ᠦᠷᠦᠬᠡ ᠶᠢ ᠨᠢ ᠴᠠᠭ ᠲᠤᠬᠠᠢ ᠳᠤᠨᠢ ᠠᠷᠢᠭᠤᠳᠬᠠᠬᠤ ᠬᠡᠷᠡᠭᠳᠠᠢ᠃ ᠲᠦᠷ | ᠴᠠᠭ ᠲᠤᠬᠢᠷᠠᠭᠤᠯᠤᠭᠰᠠᠨ ᠲᠦᠪᠯᠡᠷᠡᠬᠦᠯᠦᠨ ᠲᠤᠰᠠᠭᠠᠷᠯᠠᠬᠤ ᠠᠨᠠᠭᠠᠬᠤ ᠤᠬᠠᠭᠠᠨ ᠤ ᠠᠵᠢᠭᠯᠠᠯᠳᠠ ᠶᠢᠨ ᠲᠠᠯᠠᠪᠤᠷ ᠢ | ᠠᠷᠢᠭᠤᠳᠬᠠᠬᠤ ᠶᠢ ᠤᠯᠠᠮ ᠴᠢᠩᠭ᠎ᠠ ᠬᠡᠷᠡᠭᠵᠢᠬᠦᠯᠵᠦ᠂ ᠠᠷᠢᠭᠤᠳᠬᠠᠬᠤ ᠤᠳᠠᠭ᠎ᠠ ᠪᠠᠨ ᠨᠡᠮᠡᠭᠳᠡᠬᠦᠯᠦᠨ᠎ᠠ᠃ | 4. ᠲᠦᠪᠯᠡᠷᠡᠬᠦᠯᠦᠨ ᠲᠤᠰᠠᠭᠠᠷᠯᠠᠬᠤ ᠠᠨᠠᠭᠠᠬᠤ ᠤᠬᠠᠭᠠᠨ ᠤ ᠠᠵᠢᠭᠯᠠᠯᠳᠠ ᠶᠢᠨ ᠴᠢᠭ᠋ ᠤᠨ ᠢᠳᠡᠬᠡᠨ ᠤᠮᠳᠠᠭᠠᠨ ᠤ | ᠠᠶᠤᠯᠬᠦᠢ ᠶᠢ ᠪᠠᠳᠤᠯᠠᠬᠤ ᠬᠠᠮᠢᠶᠠᠷᠤᠯᠳᠠ ᠶᠢ ᠴᠢᠩᠭᠠᠳᠬᠠᠵᠦ᠂ ᠲᠦᠷᠬᠡᠨ ᠭᠤᠪᠢᠭᠤᠯᠤᠯᠭ᠎ᠠ᠂ ᠵᠠᠬᠢᠶᠠᠯᠠᠭ᠎ᠠ ᠬᠤᠭᠤᠯᠠ | ᠵᠡᠷᠬᠡ ᠡᠳ᠋ ᠪᠤᠳᠠᠰ ᠤᠨ ᠤᠷᠤᠵᠦ ᠭᠠᠷᠬᠤ ᠶᠢ ᠬᠢᠵᠠᠭᠠᠷᠯᠠᠨ᠂ ᠠᠮᠢᠳᠤᠷᠠᠯ ᠤᠨ ᠪᠠᠳᠤᠯᠠᠭ᠎ᠠ ᠶᠢ ᠨᠢ ᠰᠠᠶᠢᠳᠦᠷ ᠬᠢᠬᠦ | ᠬᠡᠷᠡᠭᠳᠠᠢ᠃ | 5. ᠲᠤᠰᠠᠭᠠᠷᠯᠠᠬᠤ ᠲᠠᠯᠠᠪᠤᠷ ᠤᠨ ᠡᠮ ᠡᠮᠴᠢᠯᠡᠬᠡᠨ ᠤ ᠬᠠᠶᠠᠭᠳᠠᠮᠠᠯ ᠪᠠ ᠪᠠᠭᠠᠰᠦ ᠰᠢᠭᠡᠰᠦ ᠪᠤᠬᠢᠷ ᠤᠰᠤ ᠶᠢ | ᠰᠢᠢᠳᠪᠦᠷᠢᠯᠡᠬᠦ ᠪᠠᠨ ᠪᠠᠷᠢᠮᠵᠢᠶ᠎ᠠ ᠶᠤᠰᠤᠭᠠᠷ ᠰᠠᠶᠢᠳᠦᠷ ᠬᠢᠵᠦ᠂ ᠡᠪᠡᠳᠴᠨ ᠬᠢᠵᠢᠭ ᠤᠨ ᠲᠠᠷᠬᠠᠬᠤ ᠲᠦᠭᠰᠢᠬᠦᠷᠢ ᠶᠢ | ᠪᠦᠳᠦᠮᠵᠢᠳᠠᠢ ᠬᠤᠷᠢᠭᠯᠠᠨ᠎ᠠ᠃ | 6. ᠡᠳ᠋ ᠪᠤᠳᠠᠰ᠂ ᠠᠪᠳᠠᠷ᠎ᠠ ᠬᠤᠷᠭᠤ ᠵᠡᠷᠬᠡ ᠪᠤᠬᠢᠷᠳᠤᠭᠳᠠᠵᠦ ᠮᠡᠳᠡᠬᠦ ᠭᠠᠳᠠᠷᠭᠤ ᠶᠢ ᠡᠳᠦᠷ ᠪᠦᠷᠢ 2 ᠤᠳᠠᠭ᠎ᠠ | ᠠᠷᠢᠭᠤᠳᠬᠠᠨ᠂ ᠰᠢᠯᠦᠰᠦ ᠬᠦᠷᠬᠦ ᠭᠠᠵᠠᠷ ᠢ ᠴᠠᠭ ᠢᠮᠠᠭᠳᠠ ᠠᠷᠢᠭᠤᠳᠬᠠᠬᠤ ᠬᠡᠷᠡᠭᠳᠠᠢ᠃ ᠠᠷᠢᠭᠤᠳᠬᠠᠬᠤ ᠦᠶᠠᠰ | 500mg/L — 1000mg/L ᠤᠨ ᠡᠾᠯᠤᠷ ᠠᠭᠤᠯᠤᠭᠳᠠᠴᠠ ᠲᠠᠢ ᠠᠷᠢᠭᠤᠳᠬᠠᠯ ᠤᠨ ᠰᠢᠩᠭᠡᠨ᠂ 75% | ᠶᠢᠨ ᠰᠫᠡᠷᠲ ᠪᠤᠶᠤ ᠪᠤᠰᠤᠳ ᠠᠷᠢᠭᠤᠳᠬᠠᠯ ᠤᠨ ᠡᠳ᠋ ᠢᠶᠠᠷ ᠠᠷᠴᠢᠨ ᠠᠷᠢᠭᠤᠳᠬᠠᠵᠦ᠂ 30 ᠮᠢᠨᠦ᠋ᠲ ᠤᠨ ᠲᠠᠷᠠᠭ᠎ᠠ | ᠴᠠᠪᠠᠷ ᠤᠰᠦ ᠪᠠᠷ ᠵᠠᠶᠢᠯᠤᠨ᠎ᠠ᠃ | 7. ᠬᠤᠭᠤᠯᠠᠨ ᠬᠡᠷᠡᠭᠰᠡᠯ ᠢᠶᠠᠨ ᠪᠤᠯ 15 ᠮᠢᠨᠦ᠋ᠲ ᠴᠢᠨᠠᠵᠦ ᠠᠷᠢᠭᠤᠳᠬᠠᠬᠤ ᠪᠤᠶᠤ 250mg/L — | 500mg/L ᠤᠨ ᠡᠾᠯᠤᠷ ᠠᠭᠤᠯᠤᠭᠳᠠᠴᠠ ᠲᠠᠢ ᠠᠷᠢᠭᠤᠳᠬᠠᠯ ᠤᠨ ᠰᠢᠩᠭᠡᠨ ᠳᠤ 15 ᠮᠢᠨᠦ᠋ᠲ ᠲᠡᠪᠳᠦᠬᠡᠭᠰᠡᠨ | ᠤ ᠲᠠᠷᠠᠭ᠎ᠠ ᠴᠠᠪᠠᠷ ᠤᠰᠦ ᠪᠠᠷ ᠵᠠᠶᠢᠯᠤᠵᠦ ᠪᠦᠷ ᠪᠤᠯᠤᠨ᠎ᠠ᠃ | 8. ᠵᠦᠯᠬᠦᠬᠦᠷ ᠪᠤᠶᠤ ᠱᠠᠯᠠ ᠶᠢᠨ ᠵᠦᠯᠬᠦᠬᠦᠷ ᠵᠡᠷᠬᠡ ᠶᠢ ᠬᠡᠷ ᠦᠷᠦᠬᠡ ᠪᠠᠷ ᠨᠢ ᠲᠤᠰᠬᠠᠶᠢᠯᠠᠨ ᠬᠤᠪᠢᠶᠠᠷᠢᠯᠠᠵᠦ᠂ | ᠬᠡᠷᠡᠭᠯᠡᠵᠦ ᠪᠠᠷᠠᠭᠰᠠᠨ ᠤ ᠲᠠᠷᠠᠭ᠎ᠠ 1000mg/L ᠡᠾᠯᠤᠷ ᠠᠭᠤᠯᠤᠭᠳᠠᠴᠠ ᠲᠠᠢ ᠠᠷᠢᠭᠤᠳᠬᠠᠯ ᠤᠨ ᠰᠢᠩᠭᠡᠨ | ᠢᠶᠠᠷ 30 ᠮᠢᠨᠦ᠋ᠲ ᠲᠡᠪᠳᠦᠬᠡᠨ ᠠᠷᠢᠭᠤᠳᠬᠠᠵᠦ᠂ 30 ᠮᠢᠨᠦ᠋ᠲ ᠤᠨ ᠲᠠᠷᠠᠭ᠎ᠠ ᠴᠠᠪᠠᠷ ᠤᠰᠦ ᠪᠠᠷ ᠵᠠᠶᠢᠯᠤᠨ | ᠤᠬᠢᠶᠠᠵᠦ᠂ ᠬᠠᠳᠠᠭᠠᠵᠦ ᠲᠠᠯᠪᠢᠨ᠎ᠠ᠃ | 9. ᠭᠠᠭᠴᠠ ᠬᠦᠮᠦᠨ ᠤ ᠲᠠᠰᠤᠯᠭᠠᠨ ᠤ ᠵᠤᠷᠯᠤᠩ ᠢ ᠡᠳᠦᠷ ᠪᠦᠷᠢ 1 ᠤᠳᠠᠭ᠎ᠠ ᠠᠷᠢᠭᠤᠳᠬᠠᠵᠦ᠂ ᠰᠠᠭᠤᠯᠳᠠᠭᠤᠷ | ᠤᠨ ᠬᠠᠵᠠᠭᠤ ᠬᠠᠪᠢ ᠶᠢ ᠨᠢ 2000mg/L ᠡᠾᠯᠤᠷ ᠠᠭᠤᠯᠤᠭᠳᠠᠴᠠ ᠲᠠᠢ ᠠᠷᠢᠭᠤᠳᠬᠠᠯ ᠤᠨ ᠰᠢᠩᠭᠡᠨ ᠢᠶᠠᠷ | ᠠᠷᠢᠭᠤᠳᠬᠠᠨ᠎ᠠ᠃ ᠵᠤᠷᠯᠤᠩ ᠤᠨ ᠡᠬᠦᠳᠠᠨ ᠪᠠᠷᠢᠭᠤᠯ᠂ ᠲᠦᠬᠡᠬᠡᠯ ᠤᠰᠤᠨ ᠤ ᠴᠤᠷᠭᠤ ᠵᠡᠷᠬᠡ ᠦᠷᠬᠦᠯᠵᠢ ᠭᠠᠷ | ᠬᠦᠷᠦᠯᠴᠡᠬᠦᠶᠢᠴᠠ ᠭᠠᠵᠠᠷ ᠢ 500mg/L ᠤᠨ ᠡᠾᠯᠤᠷ ᠠᠭᠤᠯᠤᠭᠳᠠᠴᠠ ᠲᠠᠢ ᠠᠷᠢᠭᠤᠳᠬᠠᠯ ᠤᠨ ᠰᠢᠩᠭᠡᠨ ᠢᠶᠠᠷ | ᠠᠷᠢᠭᠤᠳᠬᠠᠬᠤ ᠪᠤᠶᠤ ᠪᠤᠰᠤᠳ ᠠᠷᠢᠭᠤᠳᠬᠠᠯ ᠤᠨ ᠵᠤᠶᠢᠯ ᠢᠶᠠᠷ ᠠᠷᠴᠢᠵᠦ ᠠᠷᠢᠭᠤᠳᠬᠠᠨ᠂ 30 ᠮᠢᠨᠦ᠋ᠲ ᠤᠨ | ᠲᠠᠷᠠᠭ᠎ᠠ ᠴᠠᠪᠠᠷ ᠤᠰᠦ ᠪᠠᠷ ᠵᠠᠶᠢᠯᠤᠨ᠎ᠠ᠃ | 10. ᠲᠤᠰᠠᠭᠠᠷᠯᠠᠬᠤ ᠲᠠᠯᠠᠪᠤᠷ ᠤᠨ ᠪᠦᠬᠦ ᠬᠤᠭ ᠨᠤᠪᠰᠢ ᠶᠢ ᠡᠮᠴᠢᠯᠡᠬᠡᠨ ᠳᠤ ᠬᠡᠷᠡᠭᠯᠡᠳᠡᠭ ᠰᠢᠷ᠎ᠠ ᠦᠩᠭᠡᠳᠠᠢ | ᠤᠭᠤᠳᠠᠨ ᠳᠤ ᠬᠢᠵᠦ᠂ ᠱᠠᠭᠠᠷᠳᠠᠯᠭ᠎ᠠ ᠶᠤᠰᠤᠭᠠᠷ ᠡᠳᠦᠷ ᠪᠦᠷᠢ ᠲᠤᠭᠳᠠᠭᠰᠠᠨ ᠴᠠᠭ ᠲᠤ ᠲᠦᠪᠯᠡᠷᠡᠬᠦᠯᠦᠨ | ᠬᠤᠷᠢᠶᠠᠵᠦ ᠰᠢᠢᠳᠪᠦᠷᠢᠯᠡᠨ᠎ᠡ᠃ ᠲᠤᠰᠠᠭᠠᠷᠯᠠᠬᠤ ᠲᠠᠯᠠᠪᠤᠷ ᠤᠨ ᠬᠤᠷᠢᠶᠠᠵᠦ ᠠᠪᠤᠭᠰᠠᠨ ᠡᠳᠡᠬᠡᠷ ᠬᠤᠭ ᠨᠤᠪᠰᠢ ᠶᠢ 2 | —3 ᠡᠳᠦᠷ ᠲᠤ ᠡᠮ ᠡᠮᠨᠡᠯᠬᠡ ᠶᠢᠨ ᠬᠠᠶᠠᠭᠳᠠᠮᠠᠯ ᠢ ᠰᠢᠢᠳᠪᠦᠷᠢᠯᠡᠬᠦ ᠨᠢᠬᠡᠴᠢ ᠶᠢᠨ ᠲᠤᠰᠬᠠᠢ ᠲᠡᠷᠬᠡ ᠪᠠᠷ ᠬᠤᠷᠢᠶᠠᠨ | ᠠᠪᠠᠴᠢᠵᠦ ᠰᠢᠢᠳᠪᠦᠷᠢᠯᠡᠨ᠎ᠡ᠃ ᠡᠬᠦᠨ ᠤ ᠬᠠᠮᠳᠦ ᠡᠳᠦᠷ ᠬᠤᠭᠤᠴᠠᠭ᠎ᠠ᠂ ᠲᠤᠭ᠎ᠠ ᠬᠡᠮᠵᠢᠶ᠎ᠠ᠂ ᠦᠭᠴᠦ ᠲᠤᠰᠬᠤ | ᠬᠤᠶᠠᠷ ᠲᠠᠯ᠎ᠠ ᠶᠢᠨ ᠭᠠᠷ ᠤᠨ ᠦᠰᠦᠭ ᠵᠡᠷᠬᠡ ᠶᠢ ᠬᠦᠢᠴᠡᠳᠬᠡᠨ ᠲᠠᠩᠰᠠᠯᠠᠨ᠎ᠠ᠃ | ᠬᠤᠶᠠᠷ᠂ ᠠᠵᠢᠯᠳᠠᠳ ᠲᠠᠬᠢ ᠱᠠᠭᠠᠷᠳᠠᠯᠭ᠎ᠠ | 1. ᠲᠦᠪᠯᠡᠷᠡᠬᠦᠯᠦᠨ ᠠᠵᠢᠭᠯᠠᠬᠤ ᠴᠢᠭ᠋ ᠤᠨ ᠬᠠᠮᠢᠶᠠᠷᠤᠯᠳᠠ ᠶᠢᠨ ᠠᠵᠢᠯᠳᠠᠳ ᠨᠢᠬᠡᠯᠬᠡᠨ ᠤᠳᠠᠭ᠎ᠠ ᠬᠡᠷᠡᠭᠯᠡᠬᠦ ᠮᠠᠯᠠᠭᠠᠢ | ᠂ ᠠᠮᠠᠪᠴᠢ᠂ ᠬᠤᠪᠴᠠᠰᠦ᠂ ᠪᠡᠬᠡᠯᠢ ᠬᠡᠷᠡᠭᠯᠡᠵᠦ᠂ ᠲᠤᠰᠠᠭᠠᠷᠯᠠᠭᠳᠠᠵᠦ ᠪᠠᠶᠢᠭ᠎ᠠ ᠬᠦᠮᠦᠰ ᠲᠠᠢ 1 ᠮᠧᠲᠷ ᠠᠴᠠ | ᠢᠯᠡᠬᠦᠦ ᠵᠠᠢ ᠶᠢ ᠪᠠᠳᠤᠯᠠᠨ᠎ᠠ᠃ ᠬᠡᠷᠪᠡ ᠲᠤᠰᠠᠭᠠᠷᠯᠠᠭᠳᠠᠬᠤ ᠬᠦᠮᠦᠰ ᠢ ᠰᠢᠯᠵᠢᠬᠦᠯᠬᠦ ᠪᠤᠶᠤ ᠠᠵᠢᠯ ᠤᠨ ᠪᠤᠰᠤᠳ | ᠰᠢᠯᠳᠠᠭᠠᠨ ᠠᠴᠠ ᠡᠳᠡᠬᠡᠷ ᠬᠦᠮᠦᠰ ᠲᠠᠢ ᠤᠶᠢᠷᠠᠳᠤᠯᠴᠠᠬᠤ ᠴᠢᠬᠤᠯᠠᠳᠠᠢ ᠪᠤᠯ᠂ N95 ᠠᠮᠠᠪᠴᠢ ᠵᠡᠬᠦᠨ᠎ᠡ᠃ | 2. ᠡᠮ ᠡᠮᠴᠢᠯᠡᠬᠡᠨ ᠤ ᠠᠵᠢᠯᠳᠠᠳ ᠨᠢ ᠠᠬᠤᠢ ᠲᠠᠯᠠᠪᠤᠷ ᠢ ᠠᠷᠢᠭᠤᠳᠬᠠᠬᠤ ᠬᠦᠮᠦᠰ ᠢ ᠪᠤᠯᠪᠠᠰᠤᠷᠠᠭᠤᠯᠵᠦ᠂ ᠦᠪᠡᠷ | ᠤᠨ ᠲᠤᠰ ᠪᠠᠶ᠎ᠠ ᠪᠠᠨ ᠬᠠᠮᠠᠭᠠᠯᠠᠬᠤ᠂ ᠠᠷᠢᠭᠤᠨ ᠴᠡᠪᠠᠷ ᠢ ᠪᠠᠳᠤᠯᠠᠬᠤ᠂ ᠠᠷᠢᠭᠤᠳᠬᠠᠯ ᠤᠨ ᠰᠢᠩᠭᠡᠨ ᠢ | ᠨᠠᠶᠢᠷᠠᠭᠤᠯᠬᠤ᠂ ᠠᠷᠢᠭᠤᠳᠬᠠᠨ ᠴᠡᠪᠡᠷᠯᠡᠬᠦ ᠵᠡᠷᠬᠡ ᠶᠢᠨ ᠲᠦᠷᠢᠮᠵᠢᠯ ᠲᠠᠢ ᠶᠠᠪᠤᠭᠳᠠᠬᠤ ᠶᠢ ᠪᠠᠳᠤᠯᠠᠨ᠎ᠠ᠃ | 3. ᠴᠡᠪᠡᠷᠯᠡᠭᠴᠢ ᠪᠤᠶᠤ ᠠᠷᠢᠭᠤᠳᠬᠠᠭᠴᠢ ᠠᠴᠠ ᠠᠷᠢᠭᠤᠳᠬᠠᠯ ᠤᠨ ᠰᠢᠩᠭᠡᠨ ᠨᠠᠶᠢᠷᠠᠭᠤᠯᠬᠤ ᠦᠶᠡᠰ᠂ ᠡᠮᠴᠢᠯᠡᠬᠡᠨ | ᠳᠤ ᠬᠡᠷᠡᠭᠯᠡᠳᠡᠭ ᠠᠮᠠᠪᠴᠢ᠂ ᠭᠤᠮ ᠪᠡᠬᠡᠯᠢ᠂ ᠨᠢᠳᠦ ᠬᠠᠮᠠᠭᠠᠯᠠᠬᠤ ᠰᠢᠯ᠂ ᠠᠵᠢᠯ ᠤᠨ ᠬᠤᠪᠴᠠᠰᠦ ᠵᠡᠷᠬᠡ ᠶᠢ | ᠡᠮᠦᠰᠦᠨ᠎ᠡ᠃ | 4. ᠪᠦᠬᠦ ᠠᠵᠢᠯᠳᠠᠳ ᠭᠠᠷ ᠢᠶᠠᠨ ᠤᠬᠢᠶᠠᠬᠤ ᠪᠠ ᠠᠷᠢᠭᠤᠳᠬᠠᠬᠤ ᠵᠡᠷᠬᠡ ᠶᠢ ᠠᠩᠬᠠᠷᠬᠤ ᠬᠡᠷᠡᠭᠳᠡᠢ᠃ | ᠭᠤᠷᠪᠠ᠂ ᠡᠷᠡᠬᠦᠯ ᠴᠢᠬᠢᠷᠠᠭ ᠢ ᠬᠢᠨᠡᠨ ᠪᠠᠶᠢᠴᠠᠭᠠᠬᠤ ᠱᠠᠭᠠᠷᠳᠠᠯᠭ᠎ᠠ | 1. ᠡᠮ ᠡᠮᠨᠡᠯᠬᠡ ᠶᠢᠨ ᠠᠵᠢᠯᠳᠠᠳ ᠨᠢ ᠲᠤᠰᠠᠭᠠᠷᠯᠠᠭᠳᠠᠵᠦ ᠪᠠᠶᠢᠭ᠎ᠠ ᠪᠦᠬᠦ ᠬᠦᠮᠦᠰ ᠤᠨ ᠦᠨᠳᠦᠰᠦᠨ ᠪᠠᠶᠢᠳᠠᠯ ᠢ | ᠪᠦᠷᠢᠳᠬᠡᠨ ᠲᠠᠩᠰᠠᠯᠠᠵᠦ᠂ ᠡᠳᠡᠬᠡᠷ ᠬᠦᠮᠦᠰ ᠤᠨ ᠡᠷᠡᠬᠦᠯ ᠴᠢᠬᠢᠷᠠᠭ ᠤᠨ ᠪᠠᠶᠢᠳᠠᠯ ᠢ ᠬᠢᠨᠠᠨ ᠪᠠᠶᠢᠴᠠᠭᠠᠬᠤ ᠠᠵᠢᠯ ᠢ | ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠤᠨᠴᠠᠭᠠᠶᠢᠯᠠᠨ ᠬᠠᠭᠤᠴᠢᠨ ᠡᠪᠡᠳᠴᠢᠨ ᠡᠮᠬᠡᠭ ᠲᠠᠢ ᠡᠰᠡᠬᠦ ᠶᠢ ᠨᠢ | ᠤᠶᠢᠯᠠᠭᠠᠨ᠂ ᠬᠡᠷᠡᠭᠯᠡᠬᠦ ᠡᠮ ᠤᠨ ᠬᠡᠪ ᠤᠨ ᠪᠠᠶᠢᠳᠠᠯ ᠢ ᠨᠢ ᠪᠠᠳᠤᠯᠠᠨ᠎ᠠ᠃ ᠦᠷᠯᠦᠬᠡ ᠤᠷᠤᠢ ᠪᠦᠷᠢ ᠪᠠᠶ᠎ᠠ ᠶᠢᠨ | ᠲᠤᠯᠠᠭᠠᠨ ᠢ ᠨᠢ ᠬᠡᠮᠵᠢᠬᠦ᠂ ᠡᠷᠡᠬᠦᠯ ᠴᠢᠬᠢᠷᠠᠭ ᠤᠨ ᠪᠠᠶᠢᠳᠠᠯ ᠢ ᠨᠢ ᠠᠰᠠᠭᠤᠨ ᠯᠠᠪᠯᠠᠬᠤ ᠵᠡᠷᠬᠡ ᠬᠢᠨᠠᠨ ᠪᠠᠶᠢᠴᠠᠭᠠᠯᠳᠠ | ᠬᠢᠵᠦ᠂ ᠡᠬᠦᠨ ᠤ ᠲᠠᠭᠠᠤ ᠡᠳᠡᠬᠡᠷ ᠪᠠᠶᠢᠳᠠᠯ ᠢ ᠲᠠᠩᠰᠠᠯᠠᠨ ᠲᠡᠮᠳᠡᠭᠯᠡᠨ᠎ᠡ᠃ | 2. ᠬᠢᠨᠠᠨ ᠪᠠᠶᠢᠴᠠᠭᠠᠬᠤ ᠶᠠᠪᠤᠴᠠ ᠳᠤ ᠬᠠᠯᠠᠭᠤᠷᠠᠬᠤ᠂ ᠬᠠᠭᠤᠷᠠᠢ ᠬᠠᠨᠢᠶᠠᠬᠤ᠂ ᠲᠠᠮᠢᠷᠳᠠᠬᠤ᠂ ᠰᠠᠭᠤᠯᠭᠠᠬᠤ ᠵᠡᠷᠬᠡ | ᠡᠪᠡᠳᠴᠢᠨ ᠤ ᠪᠠᠶᠢᠳᠠᠯ ᠲᠠᠢ ᠬᠦᠮᠦᠰ ᠢ ᠢᠯᠡᠷᠡᠬᠦᠯᠪᠡᠯ᠂ ᠲᠡᠷᠡ ᠲᠠᠷᠤᠶᠢᠬᠠᠨ ᠡᠷᠡᠬᠦᠯ ᠬᠠᠮᠠᠭᠠᠯᠠᠯ ᠡᠷᠡᠬᠦᠯ ᠮᠡᠨᠳᠦ ᠶᠢᠨ | ᠰᠠᠯᠠᠭ᠎ᠠ ᠮᠦᠴᠢᠷ ᠪᠠ ᠡᠪᠡᠳᠴᠢᠨ ᠬᠢᠵᠢᠭ ᠢ ᠰᠡᠷᠬᠡᠶᠢᠯᠡᠨ ᠡᠵᠡᠮᠳᠡᠬᠦ ᠲᠦᠪ ᠲᠤ ᠮᠡᠳᠡᠬᠦᠯᠬᠦ ᠶᠢᠨ ᠬᠠᠮᠳᠦ᠂ | ᠲᠤᠭᠳᠠᠭᠠᠯ ᠶᠤᠰᠤᠭᠠᠷ ᠲᠤᠭᠳᠠᠭᠰᠠᠨ ᠡᠮ ᠡᠮᠨᠡᠯᠬᠡ ᠶᠢᠨ ᠪᠠᠶᠢᠭᠤᠯᠤᠮᠵᠢ ᠳᠤ ᠰᠢᠯᠵᠢᠬᠦᠯᠦᠨ᠎ᠡ᠃ | ᠲᠦᠷᠪᠡ᠂ ᠰᠡᠳᠬᠢᠴᠠ ᠶᠢᠨ ᠲᠠᠯ᠎ᠠ ᠶᠢᠨ ᠲᠤᠰᠠᠯᠠᠮᠵᠢ ᠪᠠ ᠨᠠᠶᠢᠬᠡᠮ ᠤᠨ ᠠᠵᠢᠯ ᠤᠨ ᠦᠢᠯᠡᠴᠢᠯᠡᠬᠡᠨ ᠤ | ᠱᠠᠭᠠᠷᠳᠠᠯᠭ᠎ᠠ | ᠲᠤᠰᠠᠭᠠᠷᠯᠠᠬᠤ ᠲᠠᠯᠠᠪᠤᠷ ᠲᠠᠢ ᠬᠤᠰᠢᠭᠤ ᠰᠢᠶᠠᠨ ᠤ ᠬᠢᠵᠢᠭ ᠢ ᠰᠡᠷᠬᠡᠶᠢᠯᠡᠨ ᠡᠵᠡᠮᠳᠡᠬᠦ ᠵᠢᠯᠤᠭᠤᠳᠤᠯᠭ᠎ᠠ ᠶᠢᠨ ᠲᠦᠪ | ᠠᠴᠠ ᠰᠡᠳᠬᠢᠴᠠ ᠶᠢᠨ ᠡᠮᠴᠢᠯᠡᠭᠡ ᠪᠠ ᠨᠠᠶᠢᠬᠡᠮ ᠤᠨ ᠠᠵᠢᠯ ᠤᠨ ᠦᠢᠯᠡᠴᠢᠯᠡᠬᠡᠨ ᠤ ᠤᠳᠤᠷᠢᠳᠬᠤ ᠲᠤᠭᠤᠶᠢᠯᠠᠩ | ᠪᠠᠶᠢᠭᠤᠯᠵᠦ᠂ ᠲᠤᠰᠬᠠᠢ ᠬᠦᠮᠦᠨ ᠲᠤᠬᠢᠷᠠᠭᠤᠯᠤᠨ ᠬᠠᠮᠢᠶ᠎ᠠ ᠪᠦᠬᠦᠢ ᠠᠵᠢᠯ ᠢ ᠨᠢᠬᠡᠳᠦᠯᠳᠠᠢ ᠵᠤᠬᠢᠴᠠᠭᠤᠯᠤᠨ᠎ᠠ᠃ | ᠡᠬᠦᠨ ᠤ ᠬᠠᠮᠳᠦ᠂ ᠰᠡᠳᠬᠢᠴᠨ ᠶᠢᠨ ᠲᠤᠰᠠᠯᠠᠮᠵᠢ ᠦᠵᠡᠬᠦᠯᠬᠦ ᠤᠳᠠᠰᠦ ᠲᠤᠬᠢᠷᠠᠭᠤᠯᠵᠦ᠂ ᠨᠡᠶᠢᠬᠡᠮ ᠨᠠᠶᠢᠳᠠ ᠳᠤ | ᠡᠨᠡᠬᠦ ᠤᠳᠠᠰᠤᠨ ᠳ᠋ᠤᠭᠠᠷ ᠢ ᠨᠠᠶᠢᠳᠠᠯᠠᠨ᠂ ᠲᠤᠰᠠᠭᠠᠷᠯᠠᠭᠳᠠᠬᠤ ᠬᠦᠮᠦᠰ ᠲᠤ ᠰᠡᠳᠬᠢᠴᠨ ᠶᠢᠨ ᠲᠠᠯ᠎ᠠ ᠶᠢᠨ ᠲᠡᠮᠵᠢᠯᠬᠡ | ᠦᠵᠡᠬᠦᠯᠬᠦ ᠵᠡᠷᠬᠡ ᠦᠢᠯᠡᠴᠢᠯᠡᠭᠡ ᠬᠠᠩᠭᠠᠵᠦ᠂ ᠲᠤᠰᠠᠭᠠᠷᠯᠠᠭᠳᠠᠭᠰᠠᠨ ᠬᠦᠮᠦᠰ ᠤᠨ ᠨᠠᠵᠠᠭᠠᠢ ᠲᠠᠯ᠎ᠠ ᠶᠢᠨ ᠪᠤᠳᠤᠯ | ᠰᠡᠳᠬᠢᠯᠬᠡ ᠶᠢ ᠨᠢ ᠲᠠᠶᠢᠪᠤᠰᠢᠷᠠᠭᠤᠯᠤᠨ᠂ ᠬᠢᠵᠢᠭ ᠤᠨ ᠪᠠᠶᠢᠳᠠᠯ ᠠᠴᠠ ᠪᠤᠯᠤᠭᠰᠠᠨ ᠰᠡᠳᠬᠢᠯ ᠤᠨ ᠡᠳᠡᠬᠡᠷᠡᠬᠡᠨ ᠢ ᠨᠢ | ᠲᠠᠶᠢᠯᠵᠦ᠂ ᠬᠡᠷᠡᠭ ᠶᠠᠪᠤᠳᠠᠯ ᠤᠨ ᠡᠰᠡᠷᠬᠦ ᠴᠢᠭᠯᠡᠯ ᠵᠦᠭ ᠰᠢᠯᠵᠢᠬᠦ ᠠᠴᠠ ᠰᠡᠷᠬᠡᠶᠢᠯᠡᠨ᠎ᠡ᠃ ᠤᠶᠤᠨ ᠰᠠᠨᠠᠭᠠᠨ ᠤ | ᠮᠡᠳᠡᠷᠡᠯ ᠤᠨ ᠠᠰᠠᠭᠤᠳᠠᠯ ᠲᠠᠢ ᠬᠦᠮᠦᠨ ᠢ ᠢᠯᠡᠷᠡᠬᠦᠯᠪᠡᠯ᠂ ᠲᠡᠷᠤᠶᠢᠬᠠᠨ ᠮᠡᠳᠡᠷᠡᠯ ᠤᠨ ᠡᠮᠴᠢᠯᠡᠬᠡᠨ ᠤ ᠪᠠᠶᠢᠭᠤᠯᠤᠮᠵᠢ | ᠳᠤ ᠰᠢᠯᠵᠢᠬᠦᠯᠦᠨ᠎ᠡ᠃ | ᠲᠠᠪᠤ᠂ ᠠᠵᠢᠯ ᠤᠨ ᠬᠠᠷᠢᠭᠤᠴᠠᠯᠭ᠎ᠠ ᠬᠤᠪᠢᠶᠠᠷᠢᠯᠠᠯ | 1. ᠡᠪᠡᠳᠴᠢᠨ ᠬᠢᠵᠢᠭ ᠢ ᠰᠡᠷᠬᠡᠶᠢᠯᠡᠨ ᠡᠵᠡᠮᠳᠡᠬᠦ ᠲᠦᠪ᠄ ᠲᠤᠰᠠᠭᠠᠷᠯᠠᠭᠳᠠᠬᠤ ᠬᠦᠮᠦᠰ ᠤᠨ ᠲᠠᠬᠤᠯ ᠡᠪᠡᠳᠴᠢᠨ ᠤ | ᠰᠤᠳᠤᠯᠤᠯ ᠤᠨ ᠪᠠᠶᠢᠴᠠᠭᠠᠯᠳᠠ᠂ ᠪᠦᠬᠡᠮ ᠬᠦᠴᠢᠯ ᠤᠨ ᠪᠠᠶᠢᠴᠠᠭᠠᠯᠳᠠ ᠪᠠ ᠴᠢᠰᠤᠨ ᠴᠠᠶᠢᠪᠠᠩ ᠤᠨ ᠦᠯᠢᠬᠡᠷ ᠬᠡᠪ | ᠤᠨ ᠪᠠᠶᠢᠴᠠᠭᠠᠯᠳᠠ ᠬᠢᠬᠦ ᠵᠡᠷᠬᠡ ᠠᠵᠢᠯ ᠢ ᠬᠠᠷᠢᠭᠤᠴᠠᠵᠦ᠂ ᠲᠤᠰᠠᠭᠠᠷᠯᠠᠭᠳᠠᠵᠦ ᠪᠠᠶᠢᠭ᠎ᠠ ᠬᠦᠮᠦᠰ ᠤᠨ ᠪᠠᠭᠤᠳᠠᠯ ᠢ | ᠵᠢᠯᠤᠭᠤᠳᠤᠨ ᠠᠷᠢᠭᠤᠳᠬᠠᠬᠤ᠂ ᠡᠮ ᠡᠮᠴᠢᠯᠡᠬᠡᠨ ᠤ ᠬᠠᠶᠠᠭᠳᠠᠮᠠᠯ ᠪᠤᠯᠤᠨ ᠠᠮᠢᠳᠤᠷᠠᠯ ᠤᠨ ᠬᠤᠭ ᠨᠤᠪᠰᠢ ᠶᠢ | ᠠᠷᠢᠭᠤᠳᠬᠠᠬᠤ ᠵᠢᠴᠢ ᠲᠦᠷᠦᠯ ᠵᠤᠶᠢᠯ ᠢᠶᠠᠷ ᠨᠢ ᠠᠩᠭᠢᠯᠠᠨ ᠰᠢᠢᠳᠪᠦᠷᠢᠯᠡᠬᠦ ᠠᠵᠢᠯ ᠢ ᠬᠠᠷᠢᠭᠤᠴᠠᠨ᠎ᠠ᠃ | 2. ᠡᠷᠡᠬᠦᠯ ᠬᠠᠮᠠᠭᠠᠯᠠᠯ ᠤᠨ ᠦᠢᠯᠡᠴᠢᠯᠡᠬᠡᠨ ᠤ ᠲᠦᠪ᠄ ᠲᠤᠰᠠᠭᠠᠷᠯᠠᠭᠳᠠᠬᠤ ᠬᠦᠮᠦᠰ ᠤᠨ ᠦᠨᠳᠦᠰᠦᠨ ᠪᠠᠶᠢᠳᠠᠯ ᠢ | ᠲᠠᠩᠰᠠᠯᠠᠨ ᠪᠦᠷᠢᠳᠬᠡᠵᠦ᠂ ᠡᠳᠡᠬᠡᠷ ᠬᠦᠮᠦᠰ ᠤᠨ ᠡᠷᠡᠬᠦᠯ ᠴᠢᠬᠢᠷᠠᠭ ᠤᠨ ᠪᠠᠶᠢᠳᠠᠯ ᠢ ᠬᠢᠨᠠᠨ ᠪᠠᠶᠢᠴᠠᠭᠠᠬᠤ ᠠᠵᠢᠯ ᠢ | ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠤᠨᠴᠠᠭᠠᠶᠢᠯᠠᠨ ᠬᠠᠭᠤᠴᠢᠨ ᠡᠪᠡᠳᠴᠢᠨ ᠡᠮᠬᠡᠭ ᠲᠠᠢ ᠡᠰᠡᠬᠦ ᠶᠢ ᠨᠢ | ᠤᠶᠢᠯᠠᠭᠠᠨ᠂ ᠬᠡᠷᠡᠭᠯᠡᠬᠦ ᠡᠮ ᠤᠨ ᠬᠡᠪ ᠤᠨ ᠪᠠᠶᠢᠳᠠᠯ ᠢ ᠨᠢ ᠪᠠᠳᠤᠯᠠᠨ᠎ᠠ᠃ ᠦᠷᠯᠦᠬᠡ ᠤᠷᠤᠢ ᠪᠦᠷᠢ ᠪᠠᠶ᠎ᠠ ᠶᠢᠨ | ᠲᠤᠯᠠᠭᠠᠨ ᠢ ᠨᠢ ᠬᠡᠮᠵᠢᠬᠦ᠂ ᠡᠷᠡᠬᠦᠯ ᠴᠢᠬᠢᠷᠠᠭ ᠤᠨ ᠪᠠᠶᠢᠳᠠᠯ ᠢ ᠨᠢ ᠠᠰᠠᠭᠤᠨ ᠯᠠᠪᠯᠠᠬᠤ ᠵᠡᠷᠬᠡ ᠬᠢᠨᠠᠨ ᠪᠠᠶᠢᠴᠠᠭᠠᠯᠳᠠ | ᠬᠢᠵᠦ᠂ ᠡᠬᠦᠨ ᠤ ᠲᠠᠭᠠᠤ ᠡᠳᠡᠬᠡᠷ ᠪᠠᠶᠢᠳᠠᠯ ᠢ ᠨᠢ ᠲᠠᠩᠰᠠᠯᠠᠨ ᠲᠡᠮᠳᠡᠭᠯᠡᠨ᠎ᠡ᠃ | 3. ᠲᠤᠳᠤᠭᠠᠳᠦ ᠶᠢ ᠬᠠᠮᠠᠭᠠᠯᠠᠬᠤ ᠰᠠᠯᠠᠭ᠎ᠠ ᠮᠦᠴᠢᠷ᠄ ᠲᠤᠰᠠᠭᠠᠷᠯᠠᠬᠤ ᠴᠢᠭ᠋ ᠤᠨ ᠠᠮᠤᠷ ᠲᠦᠪᠰᠢᠨ ᠤ ᠪᠠᠳᠤᠯᠠᠯᠳᠠ | ᠶᠢ ᠰᠠᠶᠢᠳᠦᠷ ᠬᠢᠵᠦ᠂ ᠲᠤᠰᠬᠠᠢ ᠬᠦᠮᠦᠨ ᠲᠤᠬᠢᠷᠠᠭᠤᠯᠤᠨ ᠠᠶᠤᠯᠬᠦᠢ ᠶᠢ ᠪᠠᠳᠤᠯᠠᠬᠤ ᠴᠠᠭᠳᠠᠨ ᠪᠠᠶᠢᠴᠠᠭᠠᠯᠳᠠ ᠶᠢ | ᠬᠠᠷᠢᠭᠤᠴᠠᠨ᠎ᠠ᠃ ᠲᠤᠰᠠᠭᠠᠷᠯᠠᠬᠤ ᠴᠢᠭ᠋ ᠲᠤ ᠬᠤᠯᠪᠤᠭᠳᠠᠬᠤ ᠲᠤᠭᠳᠠᠭᠤᠨ ᠪᠤᠰᠦ ᠪᠦᠬᠦᠢ ᠵᠤᠶᠢᠯ ᠢ ᠪᠠᠶᠢᠴᠠᠭᠠᠨ | ᠭᠠᠷᠭᠠᠵᠦ᠂ ᠠᠮᠤᠷ ᠢ ᠬᠠᠮᠠᠭᠠᠯᠠᠬᠤ ᠪᠠ ᠪᠠᠴᠢᠮ ᠪᠠᠶᠢᠳᠠᠯ ᠢ ᠠᠷᠭᠠᠴᠠᠭᠠᠬᠤ ᠪᠠᠯᠡᠳᠬᠡᠯ ᠢ ᠬᠢᠨ᠎ᠡ᠃ ᠲᠤᠰᠠᠭᠠᠷᠯᠠᠭᠳᠠᠬᠤ | ᠬᠦᠮᠦᠰ ᠤᠨ ᠤᠷᠤᠵᠦ ᠭᠠᠷᠬᠤ ᠪᠠ ᠬᠠᠷᠢᠯᠴᠠᠨ ᠶᠠᠪᠤᠯᠴᠠᠵᠦ ᠤᠶᠢᠷᠠᠳᠤᠯᠴᠠᠬᠤ ᠶᠢ ᠬᠢᠵᠠᠭᠠᠷᠯᠠᠨ᠂ ᠲᠤᠬᠤᠨᠢᠭᠤᠯᠤᠨ | ᠪᠤᠯᠭᠤᠭᠠᠬᠤ ᠬᠦᠮᠦᠰ ᠪᠠ ᠲᠦᠷᠬᠡᠨ ᠭᠤᠪᠢᠭᠤᠯᠭ᠎ᠠ᠂ ᠵᠠᠬᠢᠶᠠᠯᠠᠭ᠎ᠠ ᠬᠤᠭᠤᠯᠠ ᠵᠡᠷᠬᠡ ᠡᠳ᠋ ᠪᠤᠳᠠᠰ ᠤᠨ | ᠲᠤᠰᠠᠭᠠᠷᠯᠠᠬᠤ ᠲᠠᠯᠠᠪᠤᠷ ᠲᠤ ᠤᠷᠤᠬᠤ ᠶᠢ ᠬᠤᠷᠢᠭᠯᠠᠨ᠎ᠠ᠃ |