ᠨᠢᠬᠡ᠂ ᠬᠠᠮᠢᠶᠠᠷᠤᠭᠳᠠᠬᠤ ᠡᠳᠡᠬᠡᠳ | ︵ᠨᠢᠬᠡ︶ ᠨᠢᠭᠳᠠ ᠤᠶᠢᠷᠠᠳᠤᠯᠴᠠᠭᠰᠠᠳ᠂ ᠬᠠᠭᠤᠴᠢᠨ ᠡᠪᠡᠳᠴᠢᠨ ᠡᠮᠬᠡᠭ ᠲᠠᠢ ᠪᠤᠶᠤ ᠪᠠᠶ᠎ᠠ ᠪᠠᠨ ᠲᠠᠭᠠᠭᠠᠬᠤ | ᠴᠢᠳᠠᠪᠤᠷᠢ ᠪᠠᠷ ᠠᠨᠠᠢ ᠬᠦᠮᠦᠰ᠃ | ︵ᠬᠤᠶᠠᠷ︶ ︽7 + 7︾ ᠪᠠ ︽2 + 2︾ ᠶᠢ ᠰᠠᠨᠠᠭᠠᠴᠢᠯᠠᠭ᠎ᠠ ᠠᠴᠠ ᠪᠠᠨ ᠬᠡᠷᠡᠭᠵᠢᠬᠦᠯᠵᠦ᠂ ᠬᠢᠯᠢ ᠳᠤ | ᠤᠷᠤᠬᠤ ᠬᠦᠮᠦᠰ᠃ | ︵ᠭᠤᠷᠪᠠ︶ ᠡᠮᠨᠡᠯᠬᠡ ᠠᠴᠠ ᠭᠠᠷᠤᠭᠰᠠᠨ ᠡᠪᠡᠳᠴᠢᠳᠡᠨ ᠬᠢᠬᠡᠳ ᠲᠤᠰᠠᠭᠠᠷᠯᠠᠭᠳᠠᠬᠤ ᠪᠠᠨ ᠪᠤᠯᠢᠭᠰᠠᠨ ᠡᠪᠡᠳᠴᠢᠨ ᠤ | ᠢᠯᠡᠷᠡᠯ ᠦᠭᠡᠢ ᠬᠠᠯᠳᠠᠪᠤᠷᠢᠯᠠᠭᠰᠠᠳ᠃ | ︵ᠲᠦᠷᠪᠡ︶ ᠲᠤᠰᠬᠠᠢ ᠮᠡᠷᠬᠡᠵᠢᠯᠳᠠᠳ ᠢᠶᠠᠷ ᠰᠢᠯᠭᠠᠨ ᠲᠤᠭᠳᠠᠭᠠᠭᠳᠠᠭᠰᠠᠨ᠂ ᠲᠦᠪᠯᠡᠷᠡᠬᠦᠯᠦᠨ ᠲᠤᠰᠠᠭᠠᠷᠯᠠᠬᠤ | ᠠᠨᠠᠭᠠᠬᠤ ᠤᠬᠠᠭᠠᠨ ᠤ ᠠᠵᠢᠭᠯᠠᠯᠳᠠ ᠬᠢᠬᠦ ᠶᠢᠨ ᠠᠷᠭ᠎ᠠ ᠦᠭᠡᠢ ᠪᠤᠰᠤᠳ ᠬᠦᠮᠦᠰ᠃ | ᠬᠤᠶᠠᠷ᠂ ᠬᠠᠮᠢᠶᠠᠷᠬᠤ ᠬᠤᠭᠤᠴᠠᠭ᠎ᠠ | ︽7 + 7︾ ᠪᠠ ︽2 + 2︾ ᠶᠢ ᠰᠠᠨᠠᠭᠠᠴᠢᠯᠠᠭ᠎ᠠ ᠠᠴᠠ ᠪᠠᠨ ᠬᠡᠷᠡᠭᠵᠢᠬᠦᠯᠦᠬᠡᠳ ᠬᠢᠯᠢ ᠳᠤ ᠤᠷᠤᠵᠦ | ᠢᠷᠡᠭᠰᠡᠨ ᠬᠦᠮᠦᠰ ᠪᠤᠯ ᠲᠦᠪᠯᠡᠷᠡᠬᠦᠯᠦᠨ ᠲᠤᠰᠠᠭᠠᠷᠯᠠᠬᠤ ᠠᠨᠠᠭᠠᠬᠤ ᠤᠬᠠᠭᠠᠨ ᠤ ᠠᠵᠢᠭᠯᠠᠯᠳᠠ ᠬᠢᠭᠰᠡᠨ ᠤ ᠲᠠᠷᠠᠭ᠎ᠠ | ᠦᠷᠬᠦᠯᠵᠢᠯᠡᠨ 7 ᠡᠳᠦᠷ ᠤᠨ ᠬᠡᠷ ᠲᠡᠭᠡᠨ ᠲᠤᠰᠠᠭᠠᠷᠯᠠᠬᠤ ᠠᠨᠠᠭᠠᠬᠤ ᠤᠬᠠᠭᠠᠨ ᠤ ᠠᠵᠢᠭᠯᠠᠯᠳᠠ ᠬᠢᠵᠦ᠂ ᠪᠤᠰᠤᠳ | ᠬᠦᠮᠦᠰ ᠲᠤ ᠴᠦᠮ 14 ᠡᠳᠦᠷ ᠤᠨ ᠬᠡᠷ ᠲᠡᠭᠡᠨ ᠲᠤᠰᠠᠭᠠᠷᠯᠠᠬᠤ ᠠᠨᠠᠭᠠᠬᠤ ᠤᠬᠠᠭᠠᠨ ᠤ ᠠᠵᠢᠭᠯᠠᠯᠳᠠ ᠬᠢᠨ᠎ᠡ᠃ | ᠭᠤᠷᠪᠠ᠂ ᠰᠠᠭᠤᠬᠤ ᠭᠠᠵᠠᠷ ᠲᠠᠬᠢ ᠱᠠᠭᠠᠷᠳᠠᠯᠭ᠎ᠠ | ︵ᠨᠢᠬᠡ︶ ᠬᠡᠷ ᠲᠡᠭᠡᠨ ᠰᠠᠭᠤᠵᠦ ᠠᠨᠠᠭᠠᠬᠤ ᠤᠬᠠᠭᠠᠨ ᠤ ᠠᠵᠢᠭᠯᠠᠯᠳᠠ ᠬᠢᠬᠦ ᠬᠦᠮᠦᠰ ᠬᠠᠮᠤᠭ ᠰᠠᠶᠢᠨ ᠨᠢ | ᠭᠠᠭᠴᠠᠭᠠᠷ ᠰᠠᠭᠤᠨ᠎ᠠ᠃ ᠬᠡᠷᠪᠡ ᠨᠦᠬᠦᠴᠠᠯ ᠦᠭᠡᠢ ᠪᠤᠯ᠂ ᠬᠡᠷ ᠲᠤᠳᠤᠷᠠᠬᠢ ᠠᠭᠠᠷ ᠰᠡᠯᠬᠢ ᠰᠠᠶᠢᠨ ᠨᠡᠪᠳᠡᠷᠡᠬᠦ | ᠦᠷᠦᠬᠡ ᠶᠢ ᠰᠤᠩᠭᠤᠵᠦ᠂ ᠬᠠᠷᠢᠴᠠᠩᠭᠤᠢ ᠪᠠᠷ ᠲᠤᠰᠠᠭᠠᠷᠯᠠᠨ᠎ᠠ᠃ | ︵ᠬᠤᠶᠠᠷ︶ ᠬᠠᠷᠢᠴᠠᠩᠭᠤᠢ ᠪᠠᠷ ᠲᠤᠰᠠᠭᠠᠷ ᠪᠠᠶᠢᠬᠤ ᠦᠷᠦᠬᠡᠨ ᠳᠤ ᠪᠠᠨ ᠰᠠᠨᠳᠠᠯᠢ ᠰᠢᠷᠡᠭᠡ ᠲᠠᠯᠪᠢᠵᠦ᠂ ᠭᠠᠳᠠᠨᠠᠬᠢ | ᠲᠠᠢ ᠪᠠᠶ᠎ᠠ ᠪᠠᠷ ᠢᠶᠠᠨ ᠰᠢᠭᠤᠳ ᠬᠦᠷᠦᠯᠴᠠᠬᠦ ᠦᠭᠡᠢ᠃ | ︵ᠭᠤᠷᠪᠠ︶ ᠦᠷᠦᠬᠡᠨ ᠳᠤ ᠪᠠᠨ ᠠᠭᠠᠷ ᠲᠤᠬᠢᠷᠠᠭᠤᠯᠤᠭᠴᠢ ᠬᠡᠷᠡᠭᠯᠡᠬᠦ ᠦᠭᠡᠢ ᠪᠠᠶᠢᠵᠦ᠂ ᠪᠤᠰᠤᠳ ᠦᠷᠦᠬᠡ ᠤᠳ | ᠲᠠᠢ ᠴᠤᠭ ᠬᠡᠷᠡᠭᠯᠡᠬᠦ ᠠᠭᠠᠷ ᠲᠤᠬᠢᠷᠠᠭᠤᠯᠤᠭᠴᠢ ᠶᠢ ᠪᠤᠯ ᠤᠨᠴᠠᠭᠠᠶᠢᠯᠠᠨ ᠬᠡᠷᠡᠭᠯᠡᠵᠦ ᠪᠤᠯᠬᠤ ᠦᠭᠡᠢ᠃ | ︵ᠲᠦᠷᠪᠡ︶ ᠨᠦᠬᠦᠴᠡᠯ ᠪᠦᠷᠢᠳᠦᠭᠰᠡᠨ ᠪᠠᠶᠢᠳᠠᠯ ᠲᠤᠤᠷ᠎ᠠ᠂ ᠠᠯᠢ ᠴᠢᠳᠠᠬᠤ ᠪᠠᠷ ᠬᠤᠪᠢᠨ ᠳᠠᠭᠠᠨ ᠵᠤᠷᠯᠤᠩ | ᠬᠡᠷᠡᠭᠯᠡᠵᠦ᠂ ᠬᠡᠷ ᠤᠨ ᠪᠤᠰᠤᠳ ᠬᠦᠮᠦᠰ ᠲᠠᠢ ᠪᠠᠨ ᠨᠢᠬᠡ ᠵᠤᠷᠯᠤᠩ ᠬᠡᠷᠡᠭᠯᠡᠬᠦ ᠠᠴᠠ ᠵᠠᠶᠢᠯᠠᠰᠬᠢᠨ᠎ᠡ᠃ | ︵ᠲᠠᠪᠤ︶ ᠦᠷᠦᠬᠡᠨ ᠳᠤ ᠪᠠᠨ ᠪᠠᠶ᠎ᠠ ᠶᠢᠨ ᠲᠤᠯᠠᠭᠠᠨ ᠤ ᠬᠡᠮᠵᠢᠬᠦᠷ᠂ ᠴᠠᠭᠠᠰᠦ᠂ ᠠᠮᠠᠪᠴᠢ᠂ ᠨᠢᠬᠡᠯᠬᠡᠨ ᠤᠳᠠᠭ᠎ᠠ | ᠬᠡᠷᠡᠭᠯᠡᠬᠦ ᠪᠡᠬᠡᠯᠢ᠂ ᠠᠷᠢᠭᠤᠳᠬᠠᠯ ᠤᠨ ᠰᠢᠩᠭᠡᠨ ᠵᠡᠷᠬᠡ ᠬᠤᠪᠢ ᠬᠦᠮᠦᠨ ᠤ ᠰᠡᠷᠬᠡᠶᠢᠯᠡᠨ ᠬᠠᠮᠠᠭᠠᠯᠠᠯᠳᠠ ᠳᠤ ᠬᠡᠷᠡᠭᠯᠡᠬᠦ | ᠡᠳ᠋ ᠪᠤᠳᠠᠰ ᠵᠢᠴᠢ ᠲᠠᠭᠯᠠᠭ᠎ᠠ ᠲᠠᠢ ᠬᠤᠭ ᠨᠤᠪᠰᠢᠨ ᠤ ᠰᠠᠪᠠ ᠪᠡᠯᠡᠳᠬᠡᠨ᠎ᠡ᠃ | ᠲᠦᠷᠪᠡ᠂ ᠬᠠᠮᠢᠶᠠᠷᠤᠯᠳᠠ ᠶᠢᠨ ᠱᠠᠭᠠᠷᠳᠠᠯᠭ᠎ᠠ | ᠬᠡᠷ ᠲᠡᠭᠡᠨ ᠰᠠᠭᠤᠵᠦ ᠠᠨᠠᠭᠠᠬᠤ ᠤᠬᠠᠭᠠᠨ ᠤ ᠠᠵᠢᠭᠯᠠᠯᠳᠠ ᠬᠢᠬᠦ ᠬᠦᠮᠦᠰ ᠢ ᠬᠠᠮᠢᠶᠠᠷᠬᠤ ᠱᠠᠭᠠᠷᠳᠠᠯᠭ᠎ᠠ | 1. ᠨᠡᠶᠢᠬᠡᠮ ᠲᠤᠭᠤᠷᠢᠭ ᠤᠨ ᠡᠮ ᠡᠮᠴᠢᠯᠡᠬᠡᠨ ᠤ ᠠᠵᠢᠯᠳᠠᠳ ᠤᠨ ᠵᠢᠯᠤᠭᠤᠳᠤᠯᠭ᠎ᠠ ᠲᠤᠤᠷ᠎ᠠ ᠬᠡᠷ ᠲᠡᠭᠡᠨ ᠰᠠᠭᠤᠵᠦ | ᠠᠨᠠᠭᠠᠬᠤ ᠤᠬᠠᠭᠠᠨ ᠤ ᠠᠵᠢᠭᠯᠠᠯᠳᠠ ᠬᠢᠨ᠎ᠡ᠃ | 2. ᠬᠡᠷ ᠲᠡᠭᠡᠨ ᠰᠠᠭᠤᠵᠦ ᠠᠨᠠᠭᠠᠬᠤ ᠤᠬᠠᠭᠠᠨ ᠤ ᠠᠵᠢᠭᠯᠠᠯᠳᠠ ᠬᠢᠬᠦ ᠬᠤᠭᠤᠴᠠᠭᠠᠨ ᠳᠤ᠂ ᠡᠳᠦᠷ ᠲᠤᠳᠤᠮ ᠤᠨ | ᠬᠡᠷᠡᠭᠯᠡᠭᠡ᠂ ᠬᠤᠭᠤᠯᠠ ᠵᠡᠷᠬᠡ ᠪᠠᠨ ᠠᠯᠢ ᠴᠢᠳᠠᠬᠤ ᠪᠠᠷ ᠲᠤᠰᠠᠭᠠᠷ ᠨᠢ ᠨᠢᠬᠡ ᠦᠷᠦᠬᠡᠨ ᠳᠤ ᠶᠠᠪᠤᠭᠳᠠᠭᠤᠯᠵᠦ᠂ | ᠠᠯᠢᠪᠠ ᠪᠤᠯᠭᠤᠭᠠᠨ ᠲᠤᠬᠤᠨᠢᠭᠤᠯᠬᠤ ᠠᠵᠢᠯᠯᠠᠭ᠎ᠠ ᠶᠢ ᠲᠠᠪᠴᠢᠨ᠂ ᠪᠤᠰᠤᠳ ᠬᠦᠮᠦᠰ ᠨᠢ ᠠᠯᠢ ᠴᠢᠳᠠᠬᠤ ᠪᠠᠷ ᠲᠤᠰ | ᠦᠷᠦᠬᠡᠨ ᠳᠤ ᠤᠷᠤᠬᠤ ᠦᠭᠡᠢ ᠪᠠᠶᠢᠬᠤ ᠬᠡᠷᠡᠭᠳᠠᠢ᠃ | 3. ᠲᠤᠰᠠᠭᠠᠷᠯᠠᠵᠦ ᠪᠠᠶᠢᠭ᠎ᠠ ᠦᠷᠦᠬᠡᠨ ᠳᠤ ᠪᠠᠨ ᠠᠮᠠᠪᠴᠢ ᠵᠡᠬᠦᠬᠦ ᠦᠭᠡᠢ ᠪᠠᠶᠢᠵᠦ ᠪᠤᠯᠤᠨ᠎ᠠ᠂ ᠦᠷᠦᠬᠡᠨ ᠠᠴᠠ | ᠭᠠᠷᠬᠤ ᠳᠠᠭᠠᠨ ᠠᠮᠠᠪᠴᠢ ᠪᠠᠨ ᠵᠡᠬᠦᠬᠦ ᠬᠡᠷᠡᠭᠳᠠᠢ᠃ ᠬᠡᠷ ᠤᠨ ᠪᠤᠰᠤᠳ ᠬᠦᠮᠦᠰ ᠲᠠᠢ ᠪᠠᠨ ᠠᠯᠢ ᠴᠢᠳᠠᠬᠤ ᠪᠠᠷ | ᠤᠶᠢᠷᠠᠳᠤᠯᠴᠠᠬᠤ ᠦᠭᠡᠢ ᠪᠠᠶᠢᠵᠦ᠂ ᠵᠠᠪᠠᠯ ᠤᠶᠢᠷᠠᠳᠤᠬᠤ ᠴᠢᠬᠤᠯᠠᠳᠠᠢ ᠪᠤᠯ ᠠᠮᠠᠪᠴᠢ ᠪᠠᠨ ᠰᠠᠶᠢᠨ ᠵᠠᠬᠦᠵᠦ᠂ 1 | ᠮᠧᠲᠷ ᠠᠴᠠ ᠢᠯᠡᠬᠦᠦ ᠵᠠᠢ ᠶᠢ ᠪᠠᠳᠤᠯᠠᠨ᠎ᠠ᠃ | 4. ᠬᠡᠷ ᠲᠡᠭᠡᠨ ᠰᠠᠭᠤᠵᠦ ᠠᠨᠠᠭᠠᠬᠤ ᠤᠬᠠᠭᠠᠨ ᠤ ᠠᠵᠢᠭᠯᠠᠯᠳᠠ ᠬᠢᠬᠦ ᠬᠤᠭᠤᠴᠠᠭᠠᠨ ᠳᠤ ᠭᠠᠳᠠᠭᠰᠢ ᠭᠠᠷᠴᠦ ᠪᠤᠯᠬᠤ | ᠦᠭᠡᠢ᠂ ᠬᠡᠷᠪᠡ ᠵᠠᠪᠠᠯ ᠭᠠᠷᠬᠤ ᠴᠢᠬᠤᠯᠠᠳᠠᠢ ᠪᠤᠯ ᠰᠠᠭᠤᠭ᠎ᠠ ᠭᠠᠵᠠᠷ ᠤᠨ ᠢᠶᠠᠨ ᠨᠠᠶᠢᠬᠡᠮ ᠲᠤᠭᠤᠷᠢᠭ ᠤᠨ ᠠᠨᠠᠭᠠᠬᠤ | ᠤᠬᠠᠭᠠᠨ ᠤ ᠠᠵᠢᠭᠯᠠᠯᠳᠠ ᠶᠢ ᠬᠠᠮᠢᠶᠠᠷᠬᠤ ᠠᠵᠢᠯᠳᠠᠳ ᠤᠨ ᠵᠦᠪᠰᠢᠶᠡᠷᠡᠯ ᠢ ᠤᠯᠤᠭᠰᠠᠨ ᠤ ᠲᠠᠷᠠᠭ᠎ᠠ ᠰᠠᠶ᠋ᠢ ᠭᠠᠷᠴᠦ | ᠪᠤᠯᠤᠨ᠎ᠠ᠂ ᠡᠬᠦᠨ ᠤ ᠬᠠᠮᠳᠦ ᠡᠮᠴᠢᠯᠡᠬᠡᠨ ᠤ ᠭᠠᠳᠠᠷ ᠰᠠᠯᠠᠭᠠᠨ ᠤ ᠲᠤᠰᠬᠠᠢ ᠬᠡᠷᠡᠭᠯᠡᠬᠦ ᠠᠮᠠᠪᠴᠢ ᠶᠢ ᠰᠠᠶᠢᠳᠦᠷ | ᠵᠡᠬᠦᠵᠦ᠂ ᠬᠦᠮᠦᠨ ᠤᠯᠠᠨᠳᠠᠢ ᠭᠠᠵᠠᠷ ᠤᠴᠢᠬᠤ ᠠᠴᠠ ᠵᠠᠶᠢᠯᠡᠰᠬᠢᠨᠡ᠃ | 5. ᠬᠡᠷ ᠲᠡᠭᠡᠨ ᠰᠠᠭᠤᠵᠦ ᠠᠨᠠᠭᠠᠬᠤ ᠤᠬᠠᠭᠠᠨ ᠤ ᠠᠵᠢᠭᠯᠠᠯᠳᠠ ᠬᠢᠭᠰᠡᠳ ᠨᠢ ᠬᠡᠷᠪᠡ ᠬᠦᠬᠦᠬᠦᠯᠵᠦ ᠪᠠᠶᠢᠭ᠎ᠠ ᠡᠬᠡ | ᠬᠦᠮᠦᠨ ᠪᠤᠯ ᠬᠤᠪᠢ ᠬᠦᠮᠦᠨ ᠤ ᠰᠡᠷᠬᠡᠶᠢᠯᠡᠯᠳᠠ ᠪᠠᠨ ᠰᠠᠶᠢᠳᠦᠷ ᠬᠢᠭᠰᠡᠨ ᠪᠠᠶᠢᠳᠠᠯ ᠲᠤᠤᠷ᠎ᠠ ᠬᠡᠤᠬᠡᠳ ᠢᠶᠠᠨ | ᠬᠦᠬᠦᠬᠦᠯᠵᠦ ᠪᠤᠯᠤᠨ᠎ᠠ᠃ | 6. ᠵᠢᠷᠮᠤᠰᠦᠯᠡᠭᠰᠡᠳ᠂ ᠬᠦᠩᠭᠡᠵᠢᠭᠰᠡᠳ ᠬᠡᠪ ᠤᠨ ᠶᠤᠰᠤᠭᠠᠷ ᠪᠠᠶᠢᠴᠠᠭᠠᠯᠳᠠ ᠪᠠᠨ ᠬᠢᠵᠦ ᠪᠤᠯᠤᠨ᠎ᠠ᠂ ᠲᠡᠬᠡᠬᠦ ᠳᠡᠭᠡᠨ | ᠤᠷᠢᠳᠴᠢᠯᠠᠨ ᠡᠮᠴᠢ ᠲᠠᠢ ᠪᠠᠨ ᠪᠤᠯᠵᠤᠵᠦ᠂ ᠬᠦᠮᠦᠨ ᠤᠯᠠᠨ ᠠᠴᠠ ᠵᠠᠶᠢᠯᠡᠰᠬᠢᠨ᠂ ᠰᠡᠷᠬᠡᠶᠢᠯᠡᠯᠳᠠ ᠬᠠᠮᠠᠭᠠᠯᠠᠯᠳᠠ | ᠪᠠᠨ ᠰᠠᠶᠢᠳᠦᠷ ᠬᠢᠵᠦ᠂ ᠤᠨᠤᠰᠢᠯᠠᠭᠤᠯᠬᠤ ᠴᠠᠭ ᠪᠠᠨ ᠠᠯᠢ ᠴᠢᠳᠠᠬᠤ ᠪᠠᠷ ᠪᠤᠭᠤᠨᠢᠰᠬᠠᠨ᠂ ᠬᠡᠷ ᠲᠡᠭᠡᠨ ᠬᠠᠷᠢᠮᠠᠭᠴᠠ | ᠲᠡᠷᠤᠶᠢᠬᠠᠨ ᠭᠠᠷ ᠢᠶᠠᠨ ᠤᠬᠢᠶᠠᠨ᠎ᠠ᠃ | 7. ᠬᠡᠷ ᠲᠡᠭᠡᠨ ᠰᠠᠭᠤᠵᠦ ᠠᠨᠠᠭᠠᠬᠤ ᠤᠬᠠᠭᠠᠨ ᠤ ᠠᠵᠢᠭᠯᠠᠯᠳᠠ ᠬᠢᠬᠦ ᠬᠠᠭᠤᠴᠢᠨ ᠡᠪᠡᠳᠴᠢᠨ ᠡᠮᠬᠡᠭ ᠲᠠᠢ ᠬᠦᠮᠦᠰ | ᠡᠮ ᠢᠶᠠᠨ ᠲᠤᠭᠳᠠᠭᠰᠠᠨ ᠴᠠᠭ ᠲᠤᠨᠢ ᠤᠤᠭᠤᠵᠦ᠂ ᠲᠤᠷ᠎ᠠ ᠪᠠᠷ ᠢᠶᠠᠨ ᠵᠤᠭᠰᠤᠭᠠᠵᠦ ᠪᠤᠯᠬᠤ ᠦᠭᠡᠢ᠂ ᠡᠮ ᠨᠢ | ᠪᠠᠷᠠᠪᠠᠯ᠂ ᠤᠶᠢᠷᠠᠬᠠᠨ ᠪᠠᠶᠢᠭ᠎ᠠ ᠨᠡᠶᠢᠬᠡᠮ ᠲᠤᠭᠤᠷᠢᠭ ᠤᠨ ᠡᠷᠡᠬᠦᠯ ᠬᠠᠮᠠᠭᠠᠯᠠᠯ ᠤᠨ ᠦᠢᠯᠡᠴᠢᠯᠡᠬᠡᠨ ᠤ ᠪᠠᠶᠢᠭᠤᠯᠤᠮᠵᠢ | ᠠᠴᠠ ᠡᠮ ᠠᠪᠴᠦ ᠪᠤᠯᠤᠨ᠎ᠠ᠂ ᠡᠰᠡᠪᠡᠯ ᠬᠡᠷ ᠤᠨ ᠬᠦᠮᠦᠰ ᠢᠶᠠᠷ ᠢᠶᠠᠨ ᠡᠮ ᠠᠪᠤᠭᠤᠯᠤᠭᠰᠠᠨ ᠴᠦ ᠪᠤᠯᠤᠨ᠎ᠠ᠂ | ᠡᠮᠴᠢᠯᠡᠬᠦᠯᠬᠦ ᠳᠡᠭᠡᠨ ᠬᠤᠪᠢ ᠬᠦᠮᠦᠨ ᠤ ᠰᠡᠷᠬᠡᠶᠢᠯᠡᠨ ᠬᠠᠮᠠᠭᠠᠯᠠᠯᠳᠠ ᠪᠠᠨ ᠰᠠᠶᠢᠳᠦᠷ ᠬᠢᠬᠦ ᠬᠡᠷᠡᠭᠳᠠᠢ᠃ | ︵ᠬᠤᠶᠠᠷ︶ ᠡᠷᠡᠬᠦᠯ ᠴᠢᠬᠢᠷᠠᠭ ᠤᠨ ᠬᠢᠨᠡᠨ ᠪᠠᠶᠢᠴᠠᠭᠠᠯᠳᠠ ᠶᠢᠨ ᠱᠠᠭᠠᠷᠳᠠᠯᠭ᠎ᠠ | 1. ᠨᠡᠶᠢᠬᠡᠮ ᠲᠤᠭᠤᠷᠢᠭ ᠤᠨ ᠠᠵᠢᠯᠳᠠᠳ ᠠᠴᠠ ᠲᠤᠰ ᠬᠠᠷᠢᠶᠠᠳᠦ ᠤᠷᠤᠨ ᠤ ᠪᠠᠨ ᠬᠡᠷ ᠲᠡᠭᠡᠨ ᠰᠠᠭᠤᠵᠦ ᠠᠨᠠᠭᠠᠬᠤ | ᠤᠬᠠᠭᠠᠨ ᠤ ᠠᠵᠢᠭᠯᠠᠯᠳᠠ ᠬᠢᠬᠦ ᠬᠦᠮᠦᠰ ᠢ ᠲᠡᠩᠰᠠᠯᠠᠨ ᠪᠦᠷᠢᠳᠬᠡᠨ᠎ᠡ᠃ | 2. ᠬᠡᠷ ᠲᠡᠭᠡᠨ ᠰᠠᠭᠤᠵᠦ ᠠᠨᠠᠭᠠᠬᠤ ᠤᠬᠠᠭᠠᠨ ᠤ ᠠᠵᠢᠭᠯᠠᠯᠳᠠ ᠬᠢᠬᠦ ᠬᠦᠮᠦᠰ ᠦᠷᠯᠦᠬᠡ ᠤᠷᠤᠢ ᠪᠦᠷᠢ ᠨᠢᠬᠡ | ᠤᠳᠠᠭ᠎ᠠ ᠪᠠᠶ᠎ᠠ ᠶᠢᠨ ᠲᠤᠯᠠᠭᠠᠨ ᠤ ᠬᠡᠮᠵᠢᠯᠳᠠ ᠪᠠ ᠦᠪᠡᠷ ᠤᠨ ᠪᠠᠶ᠎ᠠ ᠶᠢᠨ ᠡᠷᠡᠬᠦᠯ ᠴᠢᠬᠢᠷᠠᠭ ᠤᠨ ᠬᠢᠨᠠᠨ | ᠪᠠᠶᠢᠴᠠᠭᠠᠯᠳᠠ ᠬᠢᠵᠦ᠂ ᠡᠬᠦᠨ ᠤ ᠲᠠᠭᠠᠤ ᠦᠷ᠎ᠡ ᠳ᠋ᠦᠩ ᠢᠶᠠᠨ ᠨᠠᠶᠢᠬᠡᠮ ᠲᠤᠭᠤᠷᠢᠭ ᠤᠨ ᠠᠨᠠᠭᠠᠬᠤ ᠤᠬᠠᠭᠠᠨ ᠤ | ᠠᠵᠢᠭᠯᠠᠯᠳᠠ ᠶᠢ ᠬᠠᠮᠢᠶᠠᠷᠬᠤ ᠠᠵᠢᠯᠳᠠᠳ ᠲᠤ ᠤᠬᠠᠮᠰᠠᠷ ᠠᠴᠠ ᠪᠠᠨ ᠮᠡᠳᠡᠬᠦᠯᠦᠨ᠎ᠡ᠃ | 3. ᠬᠡᠷ ᠲᠤ ᠪᠠᠨ ᠰᠠᠭᠤᠵᠦ ᠠᠨᠠᠭᠠᠬᠤ ᠤᠬᠠᠭᠠᠨ ᠤ ᠠᠵᠢᠭᠯᠠᠯᠳᠠ ᠬᠢᠵᠦ ᠪᠠᠶᠢᠭ᠎ᠠ ᠬᠤᠭᠤᠴᠠᠭᠠᠨ ᠳᠤ᠂ | ᠠᠵᠢᠭᠯᠠᠭᠳᠠᠬᠤ ᠡᠳᠡᠬᠡᠳ ᠬᠡᠷᠪᠡ ᠬᠠᠯᠠᠭᠤᠷᠠᠬᠤ᠂ ᠬᠠᠨᠢᠶᠠᠬᠤ᠂ ᠲᠠᠮᠢᠷᠠᠳᠠᠬᠤ᠂ ᠰᠠᠭᠤᠯᠭᠠᠬᠤ ᠵᠡᠷᠬᠡ ᠡᠪᠡᠳᠴᠢᠨ ᠤ | ᠪᠠᠶᠢᠳᠠᠯ ᠢᠯᠡᠷᠡᠪᠡᠯ᠂ ᠨᠡᠶᠢᠬᠡᠮ ᠲᠤᠭᠤᠷᠢᠭ ᠤᠨ ᠬᠠᠮᠢᠶᠠᠷᠤᠯᠳᠠ ᠶᠢᠨ ᠠᠵᠢᠯᠳᠠᠨ ᠲᠡᠷᠡ ᠲᠠᠷᠤᠶᠢᠬᠠᠨ ᠲᠤᠬᠠᠢ ᠶᠢᠨ | ᠭᠠᠵᠠᠷ ᠤᠨ ᠡᠷᠡᠬᠦᠯ ᠬᠠᠮᠠᠭᠠᠯᠠᠯ ᠡᠷᠡᠬᠦᠯ ᠮᠠᠨᠳᠦ ᠶᠢᠨ ᠰᠠᠯᠠᠭ᠎ᠠ ᠮᠦᠴᠢᠷ ᠪᠠ ᠬᠠᠷᠢᠶᠠᠳᠦ ᠤᠷᠤᠨ ᠤ ᠪᠠᠨ ᠡᠪᠡᠳᠴᠢᠨ | ᠬᠢᠵᠢᠭ ᠢ ᠰᠡᠷᠬᠡᠶᠢᠯᠡᠨ ᠡᠵᠡᠮᠳᠡᠬᠦ ᠲᠦᠪ ᠲᠤ ᠮᠡᠳᠡᠬᠦᠯᠵᠦ᠂ ᠲᠤᠭᠳᠠᠭᠠᠯ ᠶᠤᠰᠤᠭᠠᠷ ᠲᠤᠭᠳᠠᠭᠰᠠᠨ ᠡᠮ ᠡᠮᠴᠢᠯᠡᠬᠡᠨ ᠤ | ᠪᠠᠶᠢᠭᠤᠯᠤᠮᠵᠢ ᠳᠤ ᠤᠨᠤᠰᠢᠯᠡᠭᠤᠯᠤᠨ ᠡᠮᠨᠡᠬᠦᠯᠵᠦ᠂ ᠪᠢᠳᠡᠬᠦᠮᠵᠢᠯᠡᠭᠰᠡᠨ ᠬᠠᠮᠢᠶᠠᠷᠤᠯᠳᠠ ᠶᠢ ᠬᠢᠨ᠎ᠡ᠃ | ︵ᠭᠤᠷᠪᠠ︶ ᠡᠷᠡᠬᠦᠯ ᠬᠠᠮᠠᠭᠠᠯᠠᠯ ᠢᠶᠠᠷ ᠬᠢᠵᠢᠭ ᠢ ᠰᠡᠷᠬᠡᠶᠢᠯᠡᠬᠦ ᠱᠠᠭᠠᠷᠳᠠᠯᠭ᠎ᠠ | 1. ᠬᠡᠷ ᠲᠡᠭᠡᠨ ᠠᠭᠠᠷ ᠰᠠᠯᠬᠢ ᠨᠡᠪᠳᠡᠷᠡᠬᠦᠯᠵᠦ᠂ ᠡᠳᠦᠷ ᠪᠦᠷᠢ ᠡᠬᠦᠳᠡ ᠴᠤᠩᠬᠤ ᠪᠠᠨ ᠨᠡᠬᠡᠬᠡᠨ᠂ ᠰᠠᠯᠬᠢ | ᠨᠡᠪᠳᠡᠷᠡᠬᠦᠯᠬᠦ ᠨᠦᠬᠦᠴᠡᠯ ᠦᠭᠡᠢ ᠪᠤᠯ ᠠᠭᠠᠷ ᠤᠨ ᠰᠠᠩᠰᠠ ᠵᠡᠷᠬᠡ ᠮᠠᠰᠢᠨ ᠲᠤᠨᠤᠭᠯᠠᠯ ᠢᠶᠠᠷ ᠰᠠᠯᠬᠢ ᠨᠡᠪᠳᠡᠷᠡᠬᠦᠯᠦᠨ᠎ᠡ᠃ | | 2. ᠠᠷᠢᠭᠤᠨ ᠴᠡᠪᠠᠷ ᠤᠨ ᠲᠠᠰᠤᠯᠭ᠎ᠠ᠂ ᠤᠬᠢᠶᠠᠯᠭ᠎ᠠ ᠶᠢᠨ ᠲᠠᠰᠤᠯᠭ᠎ᠠ ᠵᠡᠷᠬᠡ ᠬᠠᠮᠳᠦ ᠪᠠᠷ ᠬᠡᠷᠡᠭᠯᠡᠬᠦ ᠭᠠᠵᠠᠷ ᠲᠤ | ᠰᠠᠯᠬᠢ ᠨᠡᠪᠳᠡᠷᠡᠬᠦᠯᠬᠦ ᠪᠠ ᠠᠷᠢᠭᠤᠳᠬᠠᠬᠤ ᠠᠵᠢᠯ ᠢ ᠰᠠᠶᠢᠳᠦᠷ ᠬᠢᠨ᠎ᠡ᠃ | 3. ᠢᠳᠠᠵᠦ ᠤᠤᠭᠤᠬᠤ ᠪᠠ ᠠᠮᠠᠪᠴᠢ ᠵᠠᠬᠦᠬᠦ ᠵᠡᠷᠬᠡ ᠶᠢᠨ ᠡᠮᠦᠨ᠎ᠡ ᠬᠤᠶᠢᠨ᠎ᠡ᠂ ᠵᠤᠷᠯᠤᠩ ᠳᠤ ᠤᠷᠤᠭᠰᠠᠨ ᠤ | ᠲᠠᠷᠠᠭ᠎ᠠ ᠴᠦᠮ ᠭᠠᠷ ᠢᠶᠠᠨ ᠤᠬᠢᠶᠠᠨ ᠠᠷᠢᠭᠤᠳᠬᠠᠵᠦ᠂ ᠭᠠᠷ ᠢᠶᠠᠨ ᠠᠷᠴᠢᠬᠤ ᠳᠠᠭᠠᠨ ᠬᠠᠮᠤᠭ ᠰᠠᠶᠢᠨ ᠨᠢ ᠨᠢᠬᠡᠯᠬᠡᠨ | ᠤᠳᠠᠭ᠎ᠠ ᠬᠡᠷᠡᠭᠯᠡᠬᠦ ᠴᠠᠭᠠᠰᠦ ᠪᠠᠷ ᠠᠷᠴᠢᠨ᠎ᠡ᠃ | 4. ᠬᠠᠨᠢᠶᠠᠬᠤ ᠪᠤᠶᠤ ᠨᠠᠶᠢᠳᠠᠬᠤ ᠳᠤ ᠪᠠᠨ ᠠᠮᠠ ᠬᠠᠮᠠᠷ ᠢᠶᠠᠨ ᠴᠠᠭᠠᠰᠦ ᠪᠠᠷ ᠪᠦᠭᠯᠡᠨ ᠠᠷᠴᠢᠬᠤ ᠪᠤᠶᠤ ᠲᠤᠬᠤᠢ ᠪᠠᠷ | ᠢᠶᠠᠨ ᠬᠠᠯᠬᠠᠯᠠᠨ᠂ ᠬᠡᠷᠡᠭᠯᠡᠵᠦ ᠦᠩᠭᠡᠷᠡᠭᠰᠡᠨ ᠴᠠᠭᠠᠰᠦ ᠪᠠᠨ ᠬᠤᠭ ᠨᠤᠪᠰᠢᠨ ᠤ ᠰᠠᠪᠠᠨ ᠳᠤ ᠬᠠᠶᠠᠵᠦ᠂ ᠰᠢᠯᠦᠰᠦ | ᠨᠢᠰᠦ ᠲᠠᠢ ᠬᠦᠷᠦᠯᠴᠡᠪᠠᠯ ᠲᠠᠷᠤᠶᠢᠬᠠᠨ ᠭᠠᠷ ᠢᠶᠠᠨ ᠤᠬᠢᠶᠠᠵᠦ ᠠᠷᠢᠭᠤᠳᠬᠠᠨ᠎ᠠ᠃ | 5. ᠬᠡᠷ ᠤᠨ ᠢᠶᠠᠨ ᠪᠤᠰᠤᠳ ᠬᠦᠮᠦᠰ ᠲᠠᠢ ᠶᠠᠭᠤᠮ᠎ᠠ ᠬᠡᠤᠮ᠎ᠡ ᠪᠠᠨ ᠬᠠᠮᠳᠦ ᠪᠠᠷ ᠬᠡᠷᠡᠭᠯᠡᠬᠦ ᠦᠭᠡᠢ ᠪᠠᠶᠢᠵᠦ᠂ | ᠬᠤᠭᠤᠯᠠᠨ ᠤ ᠬᠡᠷᠡᠭᠰᠡᠯ ᠢᠶᠠᠨ ᠬᠡᠷᠡᠭᠯᠡᠵᠦ ᠪᠠᠷᠠᠭᠰᠠᠨ ᠤ ᠲᠠᠷᠤᠶᠢᠬᠠᠨ ᠤᠬᠢᠶᠠᠵᠦ ᠠᠷᠢᠭᠤᠳᠬᠠᠨ᠎ᠠ᠃ ᠬᠠᠮᠤᠭ ᠰᠠᠶᠢᠨ | ᠨᠢ 15 ᠮᠢᠨᠦ᠋ᠲ ᠴᠢᠨᠠᠵᠦ ᠠᠷᠢᠭᠤᠳᠬᠠᠨ᠎ᠠ᠂ ᠡᠰᠡᠪᠡᠯ 250mg/L — 500mg/L ᠤᠨ ᠡᠾᠯᠤᠷ | ᠠᠭᠤᠯᠤᠭᠳᠠᠴᠠ ᠲᠠᠢ ᠠᠷᠢᠭᠤᠳᠬᠠᠯ ᠤᠨ ᠰᠢᠩᠭᠡᠨ ᠳᠤ 15 ᠮᠢᠨᠦ᠋ᠲ ᠲᠡᠪᠳᠦᠬᠡᠭᠰᠡᠨ ᠤ ᠲᠠᠷᠠᠭ᠎ᠠ ᠴᠠᠪᠠᠷ ᠤᠰᠦ ᠪᠠᠷ | ᠵᠠᠶᠢᠯᠤᠵᠦ ᠪᠦᠷ ᠪᠤᠯᠤᠨ᠎ᠠ᠃ | 6. ᠬᠤᠷᠭᠤᠨ ᠨᠢᠭᠤᠷ᠂ ᠡᠬᠦᠳᠡᠨ ᠪᠠᠷᠢᠭᠤᠯ᠂ ᠳ᠋ᠢᠶᠠᠩᠬᠤᠸᠠ᠂ ᠨᠡᠬᠡᠬᠡᠯᠬᠡ ᠬᠠᠭᠠᠯᠳᠠ᠂ ᠲᠠᠪᠤᠷ᠎ᠠ᠂ ᠭᠠᠷ ᠤᠬᠢᠶᠠᠬᠤ | ᠭᠠᠳᠤᠷ᠎ᠠ᠂ ᠰᠠᠭᠤᠯᠳᠠᠭᠤᠷ ᠵᠡᠷᠬᠡ ᠡᠳᠦᠷ ᠲᠤᠳᠤᠮ ᠤᠨ ᠠᠮᠢᠳᠤᠷᠠᠯ ᠤᠨ ᠬᠡᠷᠡᠭᠯᠡᠬᠡᠨ ᠤ ᠵᠤᠶᠢᠯᠡᠰ ᠢ ᠪᠤᠯ | 250mg/L — 500mg/L ᠤᠨ ᠡᠾᠯᠤᠷ ᠠᠭᠤᠯᠤᠭᠳᠠᠴᠠ ᠲᠠᠢ ᠠᠷᠢᠭᠤᠳᠬᠠᠯ ᠤᠨ ᠰᠢᠩᠭᠡᠨ ᠢᠶᠠᠷ ᠠᠷᠴᠢᠨ | ᠠᠷᠢᠭᠤᠳᠬᠠᠵᠦ᠂ ᠡᠳᠦᠷ ᠪᠦᠷᠢ ᠠᠳᠠᠭ ᠲᠠᠭᠠᠨ 1 ᠤᠳᠠᠭ᠎ᠠ ᠴᠡᠪᠡᠷᠯᠡᠨ᠎ᠡ᠃ ᠡᠳᠦᠷ ᠪᠦᠷᠢ 250mg/L — | 500mg/L ᠤᠨ ᠡᠾᠯᠤᠷ ᠠᠭᠤᠯᠤᠭᠳᠠᠴᠠ ᠲᠠᠢ ᠠᠷᠢᠭᠤᠳᠬᠠᠯ ᠤᠨ ᠰᠢᠩᠭᠡᠨ ᠢᠶᠠᠷ ᠱᠠᠯᠠ ᠪᠠᠨ ᠠᠷᠴᠢᠨ᠎ᠡ᠃ | 7. ᠠᠯᠴᠢᠭᠤᠷ᠂ ᠬᠤᠪᠴᠠᠰᠦ᠂ ᠬᠦᠨᠵᠢᠯᠡ ᠵᠡᠷᠬᠡ ᠵᠤᠶᠢᠯᠡᠰ ᠢ ᠤᠬᠢᠶᠠᠬᠤ ᠳᠠᠭᠠᠨ 250mg/L — | 500mg/L ᠤᠨ ᠡᠾᠯᠤᠷ ᠠᠭᠤᠯᠤᠭᠳᠠᠴᠠ ᠲᠠᠢ ᠠᠷᠢᠭᠤᠳᠬᠠᠯ ᠤᠨ ᠰᠢᠩᠭᠡᠨ ᠳᠤ 30 ᠮᠢᠨᠦ᠋ᠲ ᠲᠤᠰ ᠲᠤᠰ | ᠲᠤ ᠨᠢ ᠲᠡᠪᠳᠦᠬᠡᠬᠦ ᠪᠤᠶᠤ 15 ᠮᠢᠨᠦ᠋ᠲ ᠴᠢᠨᠠᠵᠦ ᠠᠷᠢᠭᠤᠳᠬᠠᠭᠰᠠᠨ ᠤ ᠲᠠᠷᠠᠭ᠎ᠠ ᠴᠠᠪᠠᠷ ᠤᠰᠦ ᠪᠠᠷ ᠵᠠᠶᠢᠯᠤᠵᠦ | ᠭᠠᠷᠭᠠᠨ᠎ᠠ᠃ | 8. ᠬᠠᠮᠳᠦ ᠶᠢᠨ ᠵᠤᠷᠯᠤᠩ ᠢᠶᠠᠨ ᠪᠤᠯ ᠬᠡᠷᠡᠭᠯᠡᠵᠦ ᠪᠠᠷᠠᠬᠤ ᠪᠦᠷᠢ 1 ᠤᠳᠠᠭ᠎ᠠ ᠠᠷᠢᠭᠤᠳᠬᠠᠨ᠎ᠠ᠃ ᠬᠡᠷᠪᠡ | ᠠᠵᠢᠭᠯᠠᠭᠳᠠᠬᠤ ᠡᠳᠡᠬᠡᠳ ᠨᠢ ᠲᠤᠰᠠᠭᠠᠷ ᠬᠡᠷᠡᠭᠯᠡᠬᠦ ᠵᠤᠷᠯᠤᠩ ᠲᠠᠢ ᠪᠤᠯ ᠡᠳᠦᠷ ᠪᠦᠷᠢ 1 ᠤᠳᠠᠭ᠎ᠠ | ᠠᠷᠢᠭᠤᠳᠬᠠᠭᠰᠠᠨ ᠴᠦ ᠪᠤᠯᠤᠨ᠎ᠠ᠃ ᠰᠠᠭᠤᠯᠳᠠᠭᠤᠷ ᠤᠨ ᠬᠠᠵᠠᠭᠤ ᠬᠠᠪᠢ ᠶᠢ ᠨᠢ 2000mg/L ᠡᠾᠯᠤᠷ | ᠠᠭᠤᠯᠤᠭᠳᠠᠴᠠ ᠲᠠᠢ ᠠᠷᠢᠭᠤᠳᠬᠠᠯ ᠤᠨ ᠰᠢᠩᠭᠡᠨ ᠢᠶᠠᠷ ᠠᠷᠢᠭᠤᠳᠬᠠᠨ᠎ᠠ᠃ ᠵᠤᠷᠯᠤᠩ ᠤᠨ ᠡᠬᠦᠳᠠᠨ ᠪᠠᠷᠢᠭᠤᠯ᠂ | ᠤᠰᠤᠨ ᠴᠤᠷᠭᠤ ᠵᠡᠷᠬᠡ ᠦᠷᠬᠦᠯᠵᠢ ᠭᠠᠷ ᠬᠦᠷᠦᠯᠴᠡᠬᠦᠶᠢᠴᠠ ᠭᠠᠵᠠᠷ ᠢ 500mg/L ᠤᠨ ᠡᠾᠯᠤᠷ | ᠠᠭᠤᠯᠤᠭᠳᠠᠴᠠ ᠲᠠᠢ ᠠᠷᠢᠭᠤᠳᠬᠠᠯ ᠤᠨ ᠰᠢᠩᠭᠡᠨ ᠢᠶᠠᠷ ᠠᠷᠢᠭᠤᠳᠬᠠᠬᠤ ᠪᠤᠶᠤ ᠪᠤᠰᠤᠳ ᠠᠷᠢᠭᠤᠳᠬᠠᠯ ᠤᠨ ᠵᠤᠶᠢᠯ | ᠢᠶᠠᠷ ᠠᠷᠴᠢᠵᠦ ᠠᠷᠢᠭᠤᠳᠬᠠᠨ᠂ 30 ᠮᠢᠨᠦ᠋ᠲ ᠤᠨ ᠲᠠᠷᠠᠭ᠎ᠠ ᠴᠠᠪᠠᠷ ᠤᠰᠦ ᠪᠠᠷ ᠵᠠᠶᠢᠯᠤᠵᠦ ᠠᠷᠴᠢᠨ᠎ᠡ᠃ | 9. ᠬᠡᠷᠡᠭᠯᠡᠵᠦ ᠦᠩᠭᠡᠷᠡᠭᠰᠡᠨ ᠴᠠᠭᠠᠰᠦ᠂ ᠠᠮᠠᠪᠴᠢ᠂ ᠨᠢᠬᠡᠯᠬᠡᠨ ᠤᠳᠠᠭ᠎ᠠ ᠬᠡᠷᠡᠭᠯᠡᠬᠦ ᠪᠡᠬᠡᠯᠢ ᠵᠢᠴᠢ ᠪᠤᠰᠤᠳ ᠬᠤᠭ | ᠨᠤᠪᠰᠢ ᠪᠠᠨ ᠰᠦᠯᠢᠶᠤᠤ ᠤᠭᠤᠳᠠᠨ ᠳᠤ ᠰᠠᠪᠠᠯᠠᠵᠦ᠂ ᠬᠤᠭ ᠨᠤᠪᠰᠢᠨ ᠤ ᠲᠤᠰᠬᠠᠢ ᠰᠡᠪᠡᠨ ᠳᠤ ᠬᠢᠵᠦ᠂ ᠡᠳᠦᠷ | ᠪᠦᠷᠢ ᠴᠡᠪᠡᠷᠯᠡᠨ᠂ ᠴᠡᠪᠡᠷᠯᠡᠬᠦ ᠠᠴᠠ ᠪᠠᠨ ᠡᠮᠦᠨ᠎ᠡ 500mg/L — 1000mg/L ᠤᠨ ᠡᠾᠯᠤᠷ | ᠠᠭᠤᠯᠤᠭᠳᠠᠴᠠ ᠲᠠᠢ ᠠᠷᠢᠭᠤᠳᠬᠠᠯ ᠤᠨ ᠰᠢᠩᠭᠡᠨ ᠪᠤᠶᠤ 75% ᠶᠢᠨ ᠰᠫᠡᠷᠲ ᠰᠦᠷᠴᠢᠨ ᠨᠤᠶᠢᠳᠠᠨ ᠪᠤᠯᠭᠠᠭᠰᠠᠨ | ᠤ ᠲᠠᠷᠠᠭ᠎ᠠ᠂ ᠰᠦᠯᠢᠶᠤᠤ ᠤᠭᠤᠳᠠᠨ ᠤ ᠪᠠᠨ ᠠᠮᠰᠠᠷ ᠢ ᠨᠢ ᠴᠢᠩᠭ᠎ᠠ ᠤᠶᠠᠵᠦ᠂ ᠪᠤᠰᠤᠳ ᠬᠤᠭ ᠨᠤᠪᠰᠢ ᠲᠠᠢ ᠴᠤᠭ | ᠬᠠᠶᠠᠨ᠎ᠠ᠃ | 10. ᠰᠢᠯᠦᠰᠦ᠂ ᠴᠢᠷ ᠬᠦᠷᠦᠭᠰᠡᠨ ᠡᠳ᠋ ᠪᠤᠳᠠᠰ ᠢ ᠲᠠᠷᠤᠶᠢᠬᠠᠨ ᠠᠷᠢᠭᠤᠳᠬᠠᠵᠦ᠂ ᠠᠷᠢᠭᠤᠳᠬᠠᠬᠤ ᠳᠠᠭᠠᠨ | 500mg/L — 1000mg/L ᠤᠨ ᠡᠾᠯᠤᠷ ᠠᠭᠤᠯᠤᠭᠳᠠᠴᠠ ᠲᠠᠢ ᠠᠷᠢᠭᠤᠳᠬᠠᠯ ᠤᠨ ᠰᠢᠩᠭᠡᠨ᠂ 75% | ᠶᠢᠨ ᠰᠫᠡᠷᠲ ᠪᠤᠶᠤ ᠪᠤᠰᠤᠳ ᠠᠷᠢᠭᠤᠳᠬᠠᠯ ᠤᠨ ᠵᠤᠶᠢᠯ ᠢᠶᠠᠷ ᠠᠷᠴᠢᠨ ᠠᠷᠢᠭᠤᠳᠬᠠᠵᠦ᠂ 30 ᠮᠢᠨᠦ᠋ᠲ ᠤᠨ | ᠲᠠᠷᠠᠭ᠎ᠠ ᠴᠠᠪᠠᠷ ᠤᠰᠦ ᠪᠠᠷ ᠵᠠᠶᠢᠯᠤᠨ᠎ᠠ᠃ ᠶᠡᠭᠡ ᠬᠡᠮᠵᠢᠶ᠎ᠠ ᠪᠠᠷ ᠪᠤᠬᠢᠷᠳᠤᠭᠰᠠᠨ ᠵᠤᠶᠢᠯᠡᠰ ᠢ ᠨᠢᠬᠡᠯᠬᠡᠨ ᠤᠳᠠᠭ᠎ᠠ | ᠬᠡᠷᠡᠭᠯᠡᠬᠦ ᠠᠯᠴᠢᠭᠤᠷ ᠵᠡᠷᠬᠡ ᠪᠠᠷ ᠪᠦᠬᠦᠨ ᠢ ᠨᠢ ᠪᠦᠳᠡᠬᠡᠭᠰᠡᠨ ᠤ ᠲᠠᠷᠠᠭ᠎ᠠ᠂ 500mg/L — 1000mg/L | ᠤᠨ ᠡᠾᠯᠤᠷ ᠠᠭᠤᠯᠤᠭᠳᠠᠴᠠ ᠲᠠᠢ ᠠᠷᠢᠭᠤᠳᠬᠠᠯ ᠤᠨ ᠰᠢᠩᠭᠡᠨ ᠢ ᠠᠯᠴᠢᠭᠤᠷ ᠲᠡᠬᠡᠷ᠎ᠡ ᠪᠠᠨ ᠰᠦᠷᠴᠢᠨ᠂ 30 | ᠮᠢᠨᠦ᠋ᠲ ᠤᠨ ᠲᠠᠷᠠᠭ᠎ᠠ᠂ ᠴᠡᠪᠡᠷᠬᠡᠨ ᠠᠷᠴᠢᠵᠦ ᠠᠷᠢᠯᠭᠠᠨ᠎ᠠ᠃ ᠲᠡᠭᠡᠭᠰᠡᠨ ᠤ ᠪᠠᠨ ᠲᠠᠷᠠᠭ᠎ᠠ 500mg/L — | 1000mg/L ᠤᠨ ᠡᠾᠯᠤᠷ ᠠᠭᠤᠯᠤᠭᠳᠠᠴᠠ ᠲᠠᠢ ᠠᠷᠢᠭᠤᠳᠬᠠᠯ ᠤᠨ ᠰᠢᠩᠭᠡᠨ ᠢᠶᠠᠷ ᠪᠤᠬᠢᠷᠳᠤᠭᠳᠠᠭᠰᠠᠨ | ᠭᠠᠳᠠᠷᠭᠤ ᠪᠤᠶᠤ ᠬᠠᠵᠠᠭᠤ ᠬᠠᠪᠢ ᠶᠢᠨ 2 ᠮᠧᠲᠷ ᠤᠨ ᠬᠡᠰᠡᠭ ᠢ ᠲᠠᠬᠢᠨᠳᠠ ᠠᠷᠴᠢᠨ ᠵᠦᠯᠬᠦᠨᠡ᠃ ᠡᠳᠡᠬᠡᠷ ᠠᠵᠢᠯ ᠢ | ᠬᠢᠬᠦ ᠳᠡᠭᠡᠨ ᠪᠡᠬᠡᠯᠢ ᠪᠠ ᠠᠮᠠᠪᠴᠢ ᠵᠡᠬᠦᠵᠦ᠂ ᠴᠡᠪᠡᠷᠯᠡᠵᠦ ᠪᠠᠷᠠᠭᠰᠠᠨ ᠤ ᠲᠠᠷᠠᠭ᠎ᠠ ᠪᠠᠶ᠎ᠠ ᠪᠠᠨ ᠤᠬᠢᠶᠠᠵᠦ᠂ | ᠬᠤᠪᠴᠠᠰᠦ ᠪᠠᠨ ᠰᠤᠯᠢᠨᠡ᠃ | ︵ᠲᠦᠷᠪᠡ︶ ᠰᠡᠳᠬᠢᠴᠠ ᠶᠢᠨ ᠲᠤᠰᠠᠯᠠᠮᠵᠢ ᠪᠠ ᠨᠠᠶᠢᠬᠡᠮ ᠤᠨ ᠠᠵᠢᠯ ᠤᠨ ᠦᠢᠯᠡᠴᠢᠯᠡᠬᠡᠨ ᠤ ᠱᠠᠭᠠᠷᠳᠠᠯᠭ᠎ᠠ | ᠬᠡᠷ ᠲᠤ ᠪᠠᠨ ᠰᠠᠭᠤᠵᠦ ᠠᠨᠠᠭᠠᠬᠤ ᠤᠬᠠᠭᠠᠨ ᠤ ᠠᠵᠢᠭᠯᠠᠯᠳᠠ ᠬᠢᠬᠦ ᠬᠦᠮᠦᠰ ᠲᠤ ᠰᠡᠳᠬᠢᠴᠨ ᠶᠢᠨ ᠲᠤᠰᠠᠯᠠᠮᠵᠢ | ᠦᠵᠡᠬᠦᠯᠬᠦ ᠤᠳᠠᠰᠤᠨ ᠳ᠋ᠤᠭᠠᠷ ᠢ ᠬᠡᠯᠡᠵᠦ ᠦᠭᠴᠦ᠂ ᠰᠡᠳᠬᠢᠴᠨ ᠶᠢᠨ ᠲᠠᠯ᠎ᠠ ᠶᠢᠨ ᠲᠡᠮᠵᠢᠯᠬᠡ ᠦᠵᠡᠬᠦᠯᠬᠦ ᠵᠡᠷᠬᠡ | ᠦᠢᠯᠡᠴᠢᠯᠡᠭᠡ ᠬᠠᠩᠭᠠᠵᠦ᠂ ᠲᠤᠰᠠᠭᠠᠷᠯᠠᠭᠳᠠᠭᠰᠠᠨ ᠬᠦᠮᠦᠰ ᠤᠨ ᠨᠠᠵᠠᠭᠠᠢ ᠲᠠᠯ᠎ᠠ ᠶᠢᠨ ᠪᠤᠳᠤᠯ ᠰᠡᠳᠬᠢᠯᠬᠡ ᠶᠢ ᠨᠢ | ᠲᠠᠶᠢᠪᠤᠰᠢᠷᠠᠭᠤᠯᠤᠨ᠂ ᠬᠢᠵᠢᠭ ᠤᠨ ᠪᠠᠶᠢᠳᠠᠯ ᠠᠴᠠ ᠪᠤᠯᠤᠭᠰᠠᠨ ᠰᠡᠳᠬᠢᠯ ᠤᠨ ᠡᠳᠡᠬᠡᠷᠡᠬᠡᠨ ᠢ ᠨᠢ ᠲᠠᠶᠢᠯᠵᠦ᠂ ᠬᠡᠷᠡᠭ | ᠶᠠᠪᠤᠳᠠᠯ ᠤᠨ ᠡᠰᠡᠷᠬᠦ ᠲᠡᠰᠢ ᠰᠢᠯᠵᠢᠬᠦ ᠶᠢ ᠰᠡᠷᠬᠡᠶᠢᠯᠡᠨ᠎ᠡ᠃ ᠤᠶᠤᠨ ᠰᠠᠨᠠᠭᠠᠨ ᠤ ᠮᠡᠳᠡᠷᠡᠯ ᠤᠨ ᠠᠰᠠᠭᠤᠳᠠᠯ ᠲᠠᠢ | ᠬᠦᠮᠦᠨ ᠢ ᠢᠯᠡᠷᠡᠬᠦᠯᠪᠡᠯ᠂ ᠲᠡᠷᠤᠶᠢᠬᠠᠨ ᠮᠡᠳᠡᠷᠡᠯ ᠤᠨ ᠡᠮᠴᠢᠯᠡᠬᠡᠨ ᠤ ᠪᠠᠶᠢᠭᠤᠯᠤᠮᠵᠢ ᠳᠤ ᠰᠢᠯᠵᠢᠬᠦᠯᠦᠨ᠎ᠡ᠃ | ︵ᠲᠠᠪᠤ︶ ᠠᠵᠢᠯᠳᠠᠳ ᠪᠠ ᠪᠠᠷ᠎ᠠ ᠪᠤᠯᠬᠤ ᠬᠦᠮᠦᠰ ᠲᠠᠬᠢ ᠱᠠᠭᠠᠷᠳᠠᠯᠭ᠎ᠠ | 1. ᠨᠡᠶᠢᠬᠡᠮ ᠲᠤᠭᠤᠷᠢᠭ ᠤᠨ ᠠᠨᠠᠭᠠᠬᠤ ᠤᠬᠠᠭᠠᠨ ᠤ ᠠᠵᠢᠭᠯᠠᠯᠳᠠ ᠶᠢᠨ ᠬᠠᠮᠢᠶᠠᠷᠤᠯᠳᠠ ᠶᠢᠨ ᠠᠵᠢᠯᠳᠠᠳ ᠠᠴᠠ ᠬᠡᠷ | ᠲᠤ ᠪᠠᠨ ᠰᠠᠭᠤᠵᠦ ᠠᠨᠠᠭᠠᠬᠤ ᠤᠬᠠᠭᠠᠨ ᠤ ᠠᠵᠢᠭᠯᠠᠯᠳᠠ ᠬᠢᠬᠦ ᠬᠦᠮᠦᠰ ᠵᠢᠴᠢ ᠬᠠᠮᠳᠦ ᠰᠠᠭᠤᠵᠦ ᠪᠠᠷ᠎ᠠ ᠪᠤᠯᠬᠤ | ᠬᠦᠮᠦᠰ ᠲᠤ ᠨᠢ ᠡᠳᠦᠷ ᠲᠤᠳᠤᠮ ᠤᠨ ᠡᠷᠡᠬᠦᠯ ᠬᠠᠮᠠᠭᠠᠯᠠᠯ ᠪᠠ ᠰᠡᠷᠬᠡᠶᠢᠯᠡᠨ ᠬᠠᠮᠠᠭᠠᠯᠠᠬᠤ ᠮᠡᠳᠡᠯᠬᠡ ᠵᠢᠴᠢ | ᠲᠤᠰᠠᠭᠠᠷᠯᠠᠬᠤ ᠬᠤᠭᠤᠴᠠᠭᠠᠨ ᠳᠠᠬᠢ ᠬᠠᠮᠢᠶ᠎ᠠ ᠪᠦᠬᠦᠢ ᠱᠠᠭᠠᠷᠳᠠᠯᠭ᠎ᠠ ᠵᠡᠷᠬᠡ ᠲᠠᠯ᠎ᠠ ᠶᠢᠨ ᠪᠤᠯᠪᠠᠰᠤᠷᠠᠯ ᠢ | ᠶᠠᠪᠤᠭᠳᠠᠭᠤᠯᠤᠨ᠎ᠠ᠃ | 2. ᠨᠡᠶᠢᠬᠡᠮ ᠲᠤᠭᠤᠷᠢᠭ ᠤᠨ ᠠᠨᠠᠭᠠᠬᠤ ᠤᠬᠠᠭᠠᠨ ᠤ ᠠᠵᠢᠭᠯᠠᠯᠳᠠ ᠶᠢᠨ ᠬᠠᠮᠢᠶᠠᠷᠤᠯᠳᠠ ᠶᠢᠨ ᠠᠵᠢᠯᠳᠠᠳ ᠠᠴᠠ ᠬᠡᠷ | ᠲᠤ ᠪᠠᠨ ᠰᠠᠭᠤᠵᠦ ᠠᠨᠠᠭᠠᠬᠤ ᠤᠬᠠᠭᠠᠨ ᠤ ᠠᠵᠢᠭᠯᠠᠯᠳᠠ ᠬᠢᠬᠦ ᠬᠦᠮᠦᠰ ᠤᠨ ᠪᠠᠶᠢᠳᠠᠯ ᠢ ᠨᠠᠷᠢᠨ ᠤᠶᠢᠯᠠᠭᠠᠵᠦ᠂ | ᠬᠡᠷᠪᠡ ᠭᠠᠭᠴᠠᠭᠠᠷ ᠰᠠᠭᠤᠵᠦ ᠪᠠᠶᠢᠭ᠎ᠠ ᠪᠤᠶᠤ ᠦᠳᠡᠯᠦᠬᠡ ᠪᠠᠭᠤᠷᠠᠢ ᠵᠡᠷᠬᠡ ᠬᠦᠮᠦᠰ ᠪᠠᠶᠢᠪᠠᠯ᠂ ᠠᠮᠢᠳᠤᠷᠠᠯ ᠤᠨ ᠲᠠᠯ᠎ᠠ | ᠠᠴᠠ ᠲᠤᠰᠠᠯᠠᠮᠵᠢ ᠦᠵᠡᠬᠦᠯᠦᠨ᠎ᠡ᠃ | 3. ᠨᠡᠶᠢᠬᠡᠮ ᠲᠤᠭᠤᠷᠢᠭ ᠤᠨ ᠠᠨᠠᠭᠠᠬᠤ ᠤᠬᠠᠭᠠᠨ ᠤ ᠠᠵᠢᠭᠯᠠᠯᠳᠠ ᠶᠢᠨ ᠬᠠᠮᠢᠶᠠᠷᠤᠯᠳᠠ ᠶᠢᠨ ᠠᠵᠢᠯᠳᠠᠳ ᠪᠤᠶᠤ | ᠪᠠᠷ᠎ᠠ ᠪᠤᠯᠬᠤ ᠬᠦᠮᠦᠰ ᠠᠴᠠ ᠬᠡᠷ ᠲᠤ ᠪᠠᠨ ᠰᠠᠭᠤᠵᠦ ᠠᠨᠠᠭᠠᠬᠤ ᠤᠬᠠᠭᠠᠨ ᠤ ᠠᠵᠢᠭᠯᠠᠯᠳᠠ ᠬᠢᠬᠦ ᠬᠦᠮᠦᠰ ᠲᠠᠢ | ᠤᠶᠢᠷᠠᠳᠤᠯᠴᠠᠬᠤ ᠦᠶᠠᠰ᠂ ᠪᠤᠬᠢᠷᠳᠤᠭᠰᠠᠨ ᠵᠤᠶᠢᠯ ᠪᠠ ᠪᠤᠬᠢᠷᠳᠤᠭᠰᠠᠨ ᠭᠠᠳᠠᠷᠭᠤ ᠶᠢ ᠴᠡᠪᠡᠷᠯᠡᠬᠦ ᠳᠡᠭᠡᠨ ᠬᠤᠪᠢ | ᠪᠠᠶ᠎ᠠ ᠶᠢᠨ ᠬᠠᠮᠠᠭᠠᠯᠠᠯᠳᠠ ᠪᠠᠨ ᠰᠠᠶᠢᠳᠦᠷ ᠬᠢᠵᠦ᠂ ᠨᠢᠬᠡᠯᠬᠡᠨ ᠤᠳᠠᠭ᠎ᠠ ᠬᠡᠷᠡᠭᠯᠡᠬᠦ ᠠᠵᠢᠯ ᠤᠨ ᠮᠠᠯᠠᠭᠠᠢ᠂ ᠡᠮᠴᠢᠯᠡᠬᠡᠨ | ᠳᠤ ᠬᠡᠷᠡᠭᠯᠡᠬᠦ ᠭᠠᠳᠠᠷ ᠰᠠᠯᠠᠭᠠᠨ ᠤ ᠠᠮᠠᠪᠴᠢ᠂ ᠠᠵᠢᠯ ᠤᠨ ᠬᠤᠪᠴᠠᠰᠦ᠂ ᠨᠢᠬᠡᠯᠬᠡᠨ ᠤᠳᠠᠭ᠎ᠠ ᠬᠡᠷᠡᠭᠯᠡᠬᠦ ᠪᠡᠬᠡᠯᠢ | ᠵᠡᠷᠬᠡ ᠶᠢ ᠬᠡᠷᠡᠭᠯᠡᠨ᠂ ᠲᠤᠰᠠᠭᠠᠷᠯᠠᠭᠳᠠᠵᠦ ᠪᠠᠶᠢᠭ᠎ᠠ ᠬᠦᠮᠦᠰ ᠲᠠᠢ 1 ᠮᠧᠲᠷ ᠠᠴᠠ ᠢᠯᠡᠬᠦᠦ ᠵᠠᠢ ᠶᠢ ᠪᠠᠳᠤᠯᠠᠨ᠎ᠠ᠃ | ᠬᠡᠷᠪᠡ ᠡᠪᠡᠳᠴᠢᠳᠡᠨ ᠢ ᠰᠢᠯᠵᠢᠬᠦᠯᠬᠦ ᠪᠤᠶᠤ ᠠᠵᠢᠯ ᠤᠨ ᠪᠤᠰᠤᠳ ᠰᠢᠯᠳᠠᠭᠠᠨ ᠠᠴᠠ ᠲᠤᠰᠠᠭᠠᠷᠯᠠᠭᠳᠠᠬᠤ ᠬᠦᠮᠦᠰ ᠲᠠᠢ | ᠤᠶᠢᠷᠠᠳᠤᠯᠴᠠᠬᠤ ᠴᠢᠬᠤᠯᠠᠳᠠᠢ ᠪᠤᠯ᠂ N95 ᠠᠮᠠᠪᠴᠢ ᠵᠡᠬᠦᠨ᠎ᠡ᠃ | 4. ᠬᠡᠷ ᠲᠤ ᠪᠠᠨ ᠰᠠᠭᠤᠵᠦ ᠠᠨᠠᠭᠠᠬᠤ ᠤᠬᠠᠭᠠᠨ ᠤ ᠠᠵᠢᠭᠯᠠᠯᠳᠠ ᠬᠢᠬᠦ ᠬᠦᠮᠦᠰ ᠲᠠᠢ ᠰᠢᠭᠤᠳ ᠤᠶᠢᠷᠠᠳᠤᠯᠴᠠᠬᠤ | ᠪᠤᠶᠤ ᠲᠡᠬᠦᠨ ᠤ ᠰᠠᠭᠤᠭ᠎ᠠ ᠦᠷᠦᠬᠡᠨ ᠠᠴᠠ ᠭᠠᠷᠤᠭᠰᠠᠨ ᠤ ᠲᠠᠷᠠᠭ᠎ᠠ᠂ ᠭᠠᠷ ᠢᠶᠠᠨ ᠰᠠᠶᠢᠳᠦᠷ ᠤᠬᠢᠶᠠᠵᠦ | ᠠᠷᠢᠭᠤᠳᠬᠠᠨ᠎ᠠ᠃ | 5. ᠬᠡᠷ ᠲᠤ ᠪᠠᠨ ᠰᠠᠭᠤᠵᠦ ᠠᠨᠠᠭᠠᠬᠤ ᠤᠬᠠᠭᠠᠨ ᠤ ᠠᠵᠢᠭᠯᠠᠯᠳᠠ ᠬᠢᠬᠦ ᠬᠦᠮᠦᠰ ᠤᠨ ᠰᠠᠭᠤᠵᠦ ᠪᠠᠶᠢᠭ᠎ᠠ ᠠᠰᠠᠷ ᠤᠨ | ᠭᠤᠳᠤᠮᠵᠢ᠂ ᠱᠠᠳᠦ ᠵᠡᠷᠬᠡ ᠶᠢ ᠡᠳᠦᠷ ᠪᠦᠷᠢ 1 ᠤᠳᠠᠭ᠎ᠠ ᠠᠷᠢᠭᠤᠳᠬᠠᠵᠦ᠂ ᠬᠤᠭ ᠨᠤᠪᠰᠢ ᠶᠢ ᠠᠳᠠᠭ ᠲᠠᠭᠠᠨ 1 | ᠤᠳᠠᠭ᠎ᠠ ᠬᠠᠶᠠᠵᠦ᠂ ᠴᠢᠬᠤᠯᠠᠳᠠᠢ ᠪᠤᠯ ᠲᠠᠷᠤᠶᠢᠬᠠᠨ ᠴᠡᠪᠡᠷᠯᠡᠨ᠎ᠡ᠃ | 6. ᠬᠠᠭᠤᠴᠢᠨ ᠡᠪᠡᠳᠴᠢᠨ ᠡᠮᠬᠡᠭ ᠲᠠᠢ ᠬᠦᠮᠦᠨ ᠪᠠ ᠦᠳᠡᠯᠦᠬᠡ ᠨᠠᠰᠤᠳᠠᠶᠢᠴᠤᠳ ᠨᠢ ᠪᠠᠭᠠᠴᠤᠳ ᠬᠡᠤᠬᠡᠳ᠂ | ᠵᠢᠷᠮᠤᠰᠦᠯᠡᠭᠰᠡᠳ ᠬᠦᠩᠭᠡᠵᠢᠭᠰᠡᠳ ᠪᠠ ᠪᠠᠶ᠎ᠠ ᠪᠠᠨ ᠲᠠᠭᠠᠭᠠᠬᠤ ᠴᠢᠳᠠᠪᠤᠷᠢ ᠪᠠᠷ ᠠᠨᠠᠢ ᠵᠡᠷᠬᠡ ᠬᠦᠮᠦᠰ ᠤᠨ ᠪᠠᠷ᠎ᠠ | ᠪᠤᠯᠤᠭᠴᠢ ᠪᠤᠯᠵᠦ ᠪᠤᠯᠬᠤ ᠦᠭᠡᠢ᠃ | ᠲᠠᠪᠤ᠂ ᠪᠠᠳᠤᠯᠠᠬᠤ ᠱᠠᠭᠠᠷᠳᠠᠯᠭ᠎ᠠ | ︵ᠨᠢᠬᠡ︶ ᠵᠤᠬᠢᠶᠠᠨ ᠪᠠᠶᠢᠭᠤᠯᠤᠯᠳᠠ ᠶᠢᠨ ᠪᠠᠳᠤᠯᠠᠭ᠎ᠠ | ᠬᠡᠷ ᠲᠤ ᠪᠠᠨ ᠰᠠᠭᠤᠵᠦ ᠠᠨᠠᠭᠠᠬᠤ ᠤᠬᠠᠭᠠᠨ ᠤ ᠠᠵᠢᠭᠯᠠᠯᠳᠠ ᠬᠢᠬᠦ ᠬᠦᠮᠦᠰ ᠤᠨ ᠰᠠᠭᠤᠭ᠎ᠠ ᠭᠠᠵᠠᠷ ᠤᠨ ᠨᠡᠶᠢᠬᠡᠮ | ᠲᠤᠭᠤᠷᠢᠭ ᠠᠴᠠ ᠲᠤᠰᠬᠠᠢ ᠬᠦᠮᠦᠨ ᠲᠤᠮᠢᠯᠠᠨ ᠬᠠᠮᠢᠶᠠᠷᠤᠯᠳᠠ ᠶᠢᠨ ᠠᠵᠢᠯ ᠢ ᠬᠠᠷᠢᠭᠤᠴᠠᠨ᠂ ᠡᠬᠦᠷᠬᠡ | ᠬᠠᠷᠢᠭᠤᠴᠠᠯᠭ᠎ᠠ ᠶᠢ ᠲᠤᠳᠤᠷᠬᠠᠶᠢᠯᠠᠵᠦ᠂ 24 ᠴᠠᠭ ᠵᠢᠵᠢᠬᠦᠷᠯᠡᠬᠦ ᠲᠦᠷᠢᠮ ᠢ ᠨᠠᠶᠢᠳᠠᠪᠤᠷᠢᠵᠢᠭᠤᠯᠤᠨ᠂ ᠠᠰᠠᠭᠤᠳᠠᠯ | ᠢᠯᠡᠷᠡᠪᠡᠯ᠂ ᠴᠠᠭ ᠲᠤᠬᠠᠢ ᠳᠤᠨᠢ ᠰᠢᠢᠳᠪᠦᠷᠢᠯᠡᠨ᠎ᠡ᠃ | ︵ᠬᠤᠶᠠᠷ︶ ᠡᠳ᠋ ᠪᠤᠳᠠᠰ ᠤᠨ ᠨᠦᠬᠡᠴᠡ | ᠨᠡᠶᠢᠬᠡᠮ ᠲᠤᠭᠤᠷᠢᠭ ᠠᠴᠠ ᠬᠦᠷᠦᠯᠬᠦᠶᠢᠴᠨ ᠬᠡᠮᠵᠢᠶᠠᠨ ᠤ ᠰᠡᠷᠬᠡᠶᠢᠯᠡᠨ ᠬᠠᠮᠠᠭᠠᠯᠠᠬᠤ ᠡᠳ᠋ ᠪᠤᠳᠠᠰ ︵ᠡᠮᠴᠢᠯᠡᠬᠡᠨ ᠳᠤ | ᠬᠡᠷᠡᠭᠯᠡᠬᠦ ᠭᠠᠳᠠᠷ ᠰᠠᠯᠠᠭᠠᠨ ᠤ ᠨᠢᠬᠡᠯᠬᠡᠨ ᠤᠳᠠᠭ᠎ᠠ ᠬᠡᠷᠡᠭᠯᠡᠬᠦ ᠠᠮᠠᠪᠴᠢ᠂ N95 ᠰᠡᠷᠬᠡᠶᠢᠯᠡᠯᠳᠠ ᠶᠢᠨ ᠠᠮᠠᠪᠴᠢ᠂ | ᠪᠡᠬᠡᠯᠢ᠂ ᠬᠠᠮᠠᠭᠠᠯᠠᠯᠳᠠ ᠶᠢᠨ ᠬᠤᠪᠴᠠᠰᠦ᠂ ᠨᠢᠳᠦ ᠬᠠᠮᠠᠭᠠᠯᠠᠬᠤ ᠰᠢᠯ ᠵᠡᠷᠬᠡ ᠶᠢ ᠪᠠᠭᠳᠠᠭᠠᠨ᠎ᠠ︶᠂ ᠠᠷᠢᠭᠤᠳᠬᠠᠬᠤ | ᠲᠦᠬᠦᠬᠡᠷᠦᠮᠵᠢ ᠪᠠ ᠡᠮ ᠵᠡᠷᠬᠡ ᠶᠢ ᠨᠦᠬᠡᠴᠡᠯᠡᠨ᠎ᠡ᠃ |