ᠯᠢ ᠺᠧ ᠴᠢᠶᠠᠩ 1 ᠳ᠋ᠦ᠋ᠭᠡᠷ ᠰᠠᠷ᠎ᠠ ᠶᠢᠨ 15 ᠤ ᠡᠳᠦᠷ ᠲᠦᠷᠦ ᠶᠢᠨ ᠶᠠᠪᠤᠳᠠᠯ ᠤᠨ ᠬᠤᠷᠢᠶᠠᠨ ᠤ | ᠪᠠᠶᠢᠩᠭᠤ ᠶᠢᠨ ᠬᠤᠷᠢᠶᠠᠨ ᠤ ᠬᠤᠷᠠᠯ ᠢ ᠡᠷᠬᠢᠯᠡᠨ ᠬᠤᠷᠠᠯᠳᠤᠭᠤᠯᠪᠠ᠃ | ᠰᠢᠨ᠎ᠡ ᠵᠢᠯ ᠴᠠᠭᠠᠨ ᠰᠠᠷ᠎ᠠ ︽ᠬᠤᠣᠰ ᠪᠠᠶᠠᠷ︾ ᠤᠨ ᠬᠤᠭᠤᠴᠠᠭᠠᠨ ᠳᠤ ᠬᠢᠵᠢᠭ ᠭᠠᠮᠰᠢᠭ ᠤᠨ ᠪᠠᠶᠢᠳᠠᠯ ᠳᠤ | ᠨᠥᠯᠥᠭᠡᠯᠡᠭᠳᠡᠭᠰᠡᠨ ᠬᠦᠴᠢᠷᠳᠡᠯᠲᠡᠢ ᠤᠯᠠᠨ ᠲᠦᠮᠡᠨ ᠪᠣᠯᠤᠨ ᠳᠣᠣᠷ᠎ᠠ ᠪᠠᠲᠤᠯᠠᠭᠠᠲᠤ ᠣᠯᠠᠨ ᠲᠦᠮᠡᠨ ᠤ | ᠠᠮᠢᠳᠤᠷᠠᠯ ᠤᠨ ᠪᠠᠲᠤᠯᠠᠭ᠎ᠠ ᠶᠢ ᠴᠢᠩᠭᠠᠳᠬᠠᠬᠤ ᠲᠤᠬᠠᠢ ᠪᠠᠶᠢᠷᠢᠯᠠᠭᠤᠯᠪᠠ | ᠡᠮ ᠤᠨ ᠵᠦᠶ᠋ᠯ ᠢ ᠲᠥᠪᠯᠡᠷᠡᠭᠦᠯᠵᠦ ᠬᠡᠮᠵᠢᠶ᠎ᠡ ᠲᠣᠭᠲᠠᠭᠠᠨ ᠬᠤᠳᠠᠯᠳᠤᠨ ᠠᠪᠬᠤ ᠥᠭᠡᠷᠡᠴᠢᠯᠡᠯᠲᠡ ᠶᠢ ᠤᠯᠠᠮ | ᠨᠢᠭᠡ ᠠᠯᠬᠤᠮ ᠠᠬᠢᠭᠤᠯᠵᠤ᠂ ᠬᠡᠪᠰᠢᠭᠦᠯᠵᠦ ᠳᠦᠷᠢᠮᠵᠢᠭᠰᠡᠨ ᠠᠷᠭ᠎ᠠ ᠬᠡᠮᠵᠢᠶ᠎ᠡ ᠪᠠᠷ ᠣᠯᠠᠨ ᠲᠦᠮᠡᠨ ᠤ ᠡᠪᠡᠳᠴᠢᠨ | ᠦᠵᠡᠭᠦᠯᠬᠦ ᠳᠠᠷᠤᠭᠠᠰᠤ ᠶᠢ ᠬᠥᠩᠭᠡᠷᠡᠭᠦᠯᠬᠦ ᠲᠤᠬᠠᠶ ᠪᠠᠶᠢᠷᠢᠯᠠᠭᠤᠯᠪᠠ | ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ 1 ᠳ᠋ᠦ᠋ᠭᠡᠷ ᠰᠠᠷ᠎ᠠ ᠶᠢᠨ | 15 ᠤ ᠡᠳᠦᠷ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠬᠢᠯᠡᠨ | ᠬᠤᠷᠠᠯᠳᠤᠭᠤᠯᠵᠤ᠂ ᠰᠢᠨ᠎ᠡ ᠵᠢᠯ ᠴᠠᠭᠠᠨ ᠰᠠᠷ᠎ᠠ ︽ᠬᠤᠣᠰ ᠪᠠᠶᠠᠷ︾ ᠤᠨ ᠬᠤᠭᠤᠴᠠᠭᠠᠨ ᠳᠤ ᠬᠢᠵᠢᠭ ᠭᠠᠮᠰᠢᠭ ᠤᠨ | ᠪᠠᠶᠢᠳᠠᠯ ᠳᠤ ᠨᠥᠯᠥᠭᠡᠯᠡᠭᠳᠡᠭᠰᠡᠨ ᠬᠦᠴᠢᠷᠳᠡᠯᠲᠡᠢ ᠤᠯᠠᠨ ᠲᠦᠮᠡᠨ ᠪᠣᠯᠤᠨ ᠳᠣᠣᠷ᠎ᠠ ᠪᠠᠲᠤᠯᠠᠭᠠᠲᠤ ᠣᠯᠠᠨ ᠲᠦᠮᠡᠨ ᠤ | ᠠᠮᠢᠳᠤᠷᠠᠯ ᠤᠨ ᠪᠠᠲᠤᠯᠠᠭ᠎ᠠ ᠶᠢ ᠴᠢᠩᠭᠠᠳᠬᠠᠬᠤ ᠲᠤᠬᠠᠢ ᠪᠠᠶᠢᠷᠢᠯᠠᠭᠤᠯᠪᠠ︔ ᠡᠮ ᠤᠨ ᠵᠦᠢᠯ ᠢ ᠲᠥᠪᠯᠡᠷᠡᠭᠦᠯᠦᠨ | ᠬᠡᠮᠵᠢᠶ᠎ᠡ ᠲᠣᠭᠲᠠᠭᠠᠨ ᠬᠤᠳᠠᠯᠳᠤᠨ ᠠᠪᠬᠤ ᠥᠭᠡᠷᠡᠴᠢᠯᠡᠯᠲᠡ ᠶᠢ ᠤᠯᠠᠮ ᠨᠢᠭᠡ ᠠᠯᠬᠤᠮ ᠠᠬᠢᠭᠤᠯᠵᠤ᠂ ᠬᠡᠪᠰᠢᠭᠦᠯᠵᠦ | ᠳᠦᠷᠢᠮᠵᠢᠭᠰᠡᠨ ᠠᠷᠭ᠎ᠠ ᠬᠡᠮᠵᠢᠶ᠎ᠡ ᠪᠠᠷ ᠣᠯᠠᠨ ᠲᠦᠮᠡᠨ ᠤ ᠡᠪᠡᠳᠴᠢᠨ ᠦᠵᠡᠭᠦᠯᠬᠦ ᠳᠠᠷᠤᠭᠠᠰᠤ ᠶᠢ ᠬᠥᠩᠭᠡᠷᠡᠭᠦᠯᠬᠦ | ᠲᠤᠬᠠᠶ ᠪᠠᠶᠢᠷᠢᠯᠠᠭᠤᠯᠪᠠ᠃ | ᠬᠤᠷᠠᠯ ᠠᠴᠠ ᠵᠢᠭᠠᠬᠤ ᠳᠤ ᠪᠠᠨ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ | ᠪᠠᠶᠢᠷᠢᠯᠠᠭᠤᠯᠤᠯᠲᠠ ᠶᠣᠰᠣᠭᠠᠷ᠂ ᠡᠯ᠎ᠡ ᠭᠠᠵᠠᠷ ᠣᠷᠣᠨ ᠪᠣᠯᠤᠨ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠦ ᠠᠷᠠᠳ ᠤᠨ ᠠᠮᠢᠳᠤᠷᠠᠯ ᠤᠨ ᠦᠨᠳᠦᠰᠦᠨ ᠵᠦᠢᠯ ᠢ ᠪᠠᠲᠤᠯᠠᠬᠤ | ᠠᠷᠭ᠎ᠠ ᠬᠡᠮᠵᠢᠶ᠎ᠡ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠭᠠᠮᠰᠢᠭᠳᠠᠭᠰᠠᠨ ᠬᠥᠮᠦᠰ ᠤᠨ ᠠᠮᠢᠳᠤᠷᠠᠯ ᠢ ᠠᠪᠤᠷᠠᠨ | ᠲᠤᠰᠠᠯᠠᠬᠤ ᠠᠵᠢᠯ ᠢ ᠰᠠᠶᠢᠲᠤᠷ ᠬᠢᠵᠦ᠂ ᠳᠣᠣᠷ᠎ᠠ ᠪᠠᠲᠤᠯᠠᠭᠠᠲᠤ ᠣᠯᠠᠨ ᠲᠦᠮᠡᠨ ᠳᠤ ᠠᠮᠢᠳᠤᠷᠠᠯ ᠪᠣᠯᠤᠨ ᠦᠨ᠎ᠡ | ᠬᠠᠩᠰᠢ ᠶᠢᠨ ᠨᠥᠬᠦᠪᠥᠷᠢ ᠨᠡᠮᠡᠨ ᠣᠯᠭᠤᠵᠤ᠂ ᠶᠠᠳᠠᠭᠤ ᠬᠦᠴᠢᠷᠳᠡᠯᠲᠡᠶ ᠣᠯᠠᠨ ᠲᠦᠮᠡᠨ ᠤ ᠦᠨᠳᠦᠰᠦᠨ ᠠᠮᠢᠳᠤᠷᠠᠯ ᠢ | ᠪᠠᠲᠤᠯᠠᠬᠤ ᠳᠤ ᠴᠢᠬᠤᠯᠠ ᠦᠶ᠋ᠯᠡᠳᠦᠯ ᠦᠵᠡᠭᠦᠯᠪᠡ᠃ ᠴᠠᠭᠠᠨ ᠰᠠᠷ᠎ᠠ ᠣᠶᠢᠷᠠᠲᠤᠭᠰᠠᠨ ᠲᠤᠯᠠ᠂ ᠠᠪᠤᠷᠠᠨ ᠲᠤᠰᠠᠯᠠᠵᠤ | ᠪᠠᠲᠤᠯᠠᠬᠤ ᠴᠢᠬᠤᠯᠠᠲᠠᠢ ᠶᠠᠳᠠᠭᠤ ᠬᠦᠴᠢᠷᠳᠡᠯᠲᠡᠢ ᠣᠯᠠᠨ ᠲᠦᠮᠡᠨ ᠢ ᠬᠠᠪᠰᠤᠷᠤᠨ ᠲᠡᠳᠬᠦᠬᠦ ᠠᠵᠢᠯ ᠢ ᠤᠯᠠᠮ ᠨᠢᠭᠡ | ᠠᠯᠬᠤᠮ ᠣᠨᠣᠪᠴᠢᠲᠠᠢ ᠰᠠᠶᠢᠲᠤᠷ ᠬᠢᠬᠦ ᠬᠡᠷᠡᠭᠲᠡᠢ᠃ ᠨᠢᠭᠡ ᠳᠤ᠂ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠭᠦᠢᠴᠡᠳ | ᠪᠠᠶᠢᠯᠭᠠᠬᠤ ᠪᠠ ᠦᠨ᠎ᠡ ᠬᠠᠩᠰᠢ ᠶᠢ ᠲᠣᠭᠲᠠᠭᠤᠨ ᠪᠠᠶᠢᠯᠭᠠᠬᠤ ᠶᠢ ᠪᠠᠲᠤᠯᠠᠵᠤ᠂ ᠨᠡᠶᠢᠭᠡᠮ ᠤᠨ ᠠᠪᠤᠷᠠᠨ ᠲᠤᠰᠠᠯᠠᠬᠤ | ᠪᠠ ᠪᠠᠲᠤᠯᠠᠭ᠎ᠠ ᠶᠢᠨ ᠪᠠᠷᠢᠮᠵᠢᠶ᠎ᠠ ᠶᠢ ᠪᠠᠷᠠᠭᠠᠨ ᠤ ᠦᠨ᠎ᠡ ᠶᠢᠨ ᠥᠰᠥᠯᠲᠡ ᠲᠠᠢ ᠬᠤᠯᠪᠣᠭᠳᠠᠭᠤᠯᠬᠤ ᠲᠣᠭᠲᠠᠴᠠ ᠶᠢ | ᠡᠬᠢᠯᠡᠭᠦᠯᠵᠦ᠂ ᠳᠣᠣᠷ᠎ᠠ ᠪᠠᠲᠤᠯᠠᠭᠠᠲᠤ ᠣᠯᠠᠨ ᠲᠦᠮᠡᠨ ᠳᠤ ᠬᠤᠯᠪᠣᠭᠳᠠᠯ ᠪᠦᠬᠦᠢ ᠨᠥᠬᠦᠪᠥᠷᠢ ᠶᠢ ᠴᠠᠭ | ᠲᠤᠬᠠᠢ ᠳᠤ ᠨᠢ ᠣᠯᠭᠤᠵᠤ᠂ ᠦᠨᠳᠦᠰᠦᠨ ᠠᠮᠢᠳᠤᠷᠠᠯ ᠢ ᠨᠢ ᠰᠠᠶᠢᠲᠤᠷ ᠪᠠᠲᠤᠯᠠᠬᠤ ᠬᠡᠷᠡᠭᠲᠡᠢ᠃ ᠬᠤᠶᠠᠷ ᠲᠤ᠂ | ᠨᠢᠭᠡᠨᠲᠡ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠪᠣᠯᠤᠨ ᠶᠠᠳᠠᠭᠤ ᠬᠦᠴᠢᠷᠳᠡᠯ ᠤᠨ ᠵᠠᠭᠠᠭ ᠤᠨ ᠬᠥᠮᠦᠨ | ᠠᠮᠠ ᠶᠢ ᠬᠢᠨᠠᠨ ᠰᠢᠨᠵᠢᠯᠡᠵᠦ ᠢᠯᠭᠠᠨ ᠪᠠᠶᠢᠴᠠᠭᠠᠬᠤ ᠪᠠᠨ ᠴᠢᠩᠭᠠᠳᠬᠠᠵᠤ᠂ ᠨᠡᠶᠢᠭᠡᠮ ᠤᠨ ᠠᠪᠤᠷᠠᠨ ᠲᠤᠰᠠᠯᠠᠬᠤ | ᠪᠠᠲᠤᠯᠠᠭ᠎ᠠ ᠶᠢ ᠣᠷᠬᠢᠭᠳᠠᠭᠤᠯᠬᠤ ᠥᠬᠡᠶ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠭᠤᠷᠪᠠ ᠳᠤ᠂ ᠡᠯ᠎ᠡ ᠭᠠᠵᠠᠷ | ᠪᠠ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠰᠢᠮᠳᠠᠭᠤᠯᠵᠤ ᠪᠠᠶᠢᠭᠠᠳ ᠲᠤᠬᠠᠶ ᠶᠢᠨ ᠭᠠᠵᠠᠷ ᠲᠤ ᠪᠠᠨ ᠦᠯᠡᠳᠡᠭᠰᠡᠨ | ᠬᠥᠯᠥᠰᠥᠨ ᠠᠵᠢᠯᠴᠢᠨ ᠪᠠ ᠰᠤᠷᠭᠠᠭᠤᠯᠢ ᠳᠤ ᠪᠠᠨ ᠦᠯᠡᠳᠡᠭᠰᠡᠨ ᠰᠤᠷᠤᠭᠴᠢᠳ ᠤᠨ ᠠᠮᠢᠳᠤᠷᠠᠯ ᠤᠨ ᠬᠤᠯᠪᠣᠭᠳᠠᠯ | ᠪᠦᠬᠦᠢ ᠲᠣᠬᠢᠷᠠᠭᠤᠯᠤᠯᠲᠠ ᠶᠢ ᠰᠠᠶᠢᠲᠤᠷ ᠬᠢᠵᠦ᠂ ᠬᠥᠳᠡᠭᠡ ᠲᠣᠰᠬᠤᠨ ᠤ ᠭᠡᠷ ᠲᠤ ᠪᠠᠨ ᠬᠤᠴᠣᠷᠤᠭᠰᠠᠨ ᠬᠡᠦᠬᠡᠳ | ᠪᠠ ᠨᠠᠰᠤᠲᠠᠶᠢᠴᠤᠳ ᠢ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡ ᠶᠢ ᠴᠢᠩᠭᠠᠳᠬᠠᠬᠤ ᠬᠡᠷᠡᠭᠲᠡᠶ᠃ ᠳᠥᠷᠪᠡ ᠳᠤ᠂ | ᠪᠠᠶᠢᠳᠠᠯ ᠢ ᠣᠶᠢᠯᠠᠭᠠᠵᠤ ᠢᠯᠭᠠᠨ ᠪᠠᠶᠢᠴᠠᠭᠠᠵᠤ᠂ ᠥᠨᠥᠴᠢᠨ ᠬᠡᠦᠬᠡᠳ᠂ ᠵᠡᠮᠳᠡᠭᠴᠦᠳ᠂ ᠮᠡᠳᠡᠷᠡᠯ ᠤᠨ ᠡᠪᠡᠳᠴᠢᠲᠡᠨ | ᠵᠡᠷᠭᠡ ᠶᠠᠳᠠᠭᠤ ᠬᠦᠴᠢᠷᠳᠡᠯᠲᠡᠶ ᠣᠨᠴᠠᠭᠠᠢ ᠬᠥᠮᠦᠰ ᠢ ᠬᠠᠪᠰᠤᠷᠤᠨ ᠠᠮᠢᠳᠤᠷᠠᠯ ᠤᠨ ᠬᠦᠴᠢᠷᠳᠡᠯ ᠢ ᠨᠢ | ᠰᠢᠢᠳᠪᠦᠷᠢᠯᠡᠵᠤ᠂ ᠲᠦᠷ ᠴᠠᠭ ᠤᠨ ᠠᠮᠢᠳᠤᠷᠠᠯ ᠨᠢ ᠬᠦᠴᠢᠷᠳᠡᠯᠲᠡᠶ ᠣᠯᠠᠨ ᠲᠦᠮᠡᠨ ᠢ ᠴᠢᠭᠯᠡᠯᠲᠦ ᠴᠢᠨᠠᠷᠲᠠᠶ ᠪᠠᠷ | ᠬᠠᠪᠰᠤᠷᠤᠨ ᠲᠡᠳᠬᠦᠬᠦ ᠬᠡᠷᠡᠭᠲᠡᠶ᠃ ᠲᠠᠪᠤ ᠳᠤ᠂ ᠦᠶᠡᠷ ᠤᠰᠤᠲᠤᠯ ᠳᠤ ᠭᠠᠮᠰᠢᠭᠳᠠᠭᠰᠠᠨ ᠣᠯᠠᠨ ᠲᠦᠮᠡᠨ | ᠢᠯᠠᠩᠭᠤᠶ᠎ᠠ ᠲᠦᠷ ᠴᠠᠭ ᠲᠥᠪᠬᠢᠨᠡᠭᠦᠯᠦᠭᠰᠡᠨ ᠣᠯᠠᠨ ᠲᠦᠮᠡᠨ ᠤ ᠦᠨᠳᠦᠰᠦᠨ ᠠᠮᠢᠳᠤᠷᠠᠯ ᠢ ᠰᠠᠶᠢᠲᠤᠷ ᠪᠠᠲᠤᠯᠠᠬᠤ | ᠬᠡᠷᠡᠭᠲᠡᠶ᠃ ᠵᠢᠷᠭᠤᠭ᠎ᠠ ᠳᠤ᠂ ᠠᠷᠠᠳ ᠤᠨ ᠠᠮᠢᠳᠤᠷᠠᠯ ᠢ ᠳᠡᠮᠵᠢᠬᠦ᠂ ᠠᠷᠠᠳ ᠤᠨ ᠠᠮᠢᠳᠤᠷᠠᠯ ᠢ ᠪᠠᠲᠤᠯᠠᠬᠤ ᠶᠢᠨ | ᠲᠣᠭᠤᠷᠢᠨ ᠳᠤ᠂ ᠲᠥᠪ ᠤᠨ ᠡᠳ᠋ ᠤᠨ ᠵᠠᠰᠠᠭ ᠠᠴᠠ ᠤᠷᠢᠳᠴᠢᠯᠠᠨ ᠪᠠᠭᠤᠯᠭᠠᠭᠰᠠᠨ 1000 ᠳ᠋ᠦᠩᠰᠢᠭᠤᠷ | ᠲᠥᠭᠦᠷᠢᠭ ᠤᠨ ᠠᠪᠤᠷᠠᠨ ᠲᠤᠰᠠᠯᠠᠬᠤ ᠨᠥᠬᠦᠪᠥᠷᠢ ᠶᠢᠨ ᠪᠡᠯᠡ ᠮᠥᠩᠭᠦ ᠶᠢ ᠰᠠᠶᠢᠲᠤᠷ ᠬᠡᠷᠡᠭᠯᠡᠵᠦ᠂ ᠬᠢᠨᠠᠯᠲᠠ | ᠬᠠᠮᠢᠶᠠᠷᠤᠯᠲᠠ ᠪᠠᠨ ᠴᠢᠩᠭᠠᠳᠬᠠᠨ᠂ ᠨᠡᠭᠦᠯᠭᠡᠨ ᠬᠡᠷᠡᠭᠯᠡᠬᠦ ᠠᠴᠠ ᠰᠡᠷᠭᠡᠶᠢᠯᠡᠬᠦ ᠬᠡᠷᠡᠭᠲᠡᠢ᠃ ᠣᠷᠣᠨ ᠨᠤᠲᠤᠭ ᠤᠨ | ᠵᠠᠰᠠᠭ ᠤᠨ ᠣᠷᠳᠣᠨ ᠤ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ ᠴᠢᠩᠭᠠᠳᠬᠠᠬᠤ᠂ ᠠᠷᠠᠳ ᠤᠨ ᠠᠮᠢᠳᠤᠷᠠᠯ ᠢ | ᠪᠠᠲᠤᠯᠠᠬᠤ ᠪᠡᠯᠡ ᠮᠥᠩᠭᠦ ᠶᠢ ᠭᠦᠢᠴᠡᠳ ᠬᠡᠮᠵᠢᠶ᠎ᠡ ᠪᠠᠷ ᠣᠷᠣᠭᠤᠯᠵᠤ᠂ ᠪᠡᠯᠡ ᠮᠥᠩᠭᠦ ᠶᠢ ᠰᠢᠭᠤᠳ ᠬᠦᠷᠭᠡᠬᠦ | ᠱᠠᠭᠠᠷᠳᠠᠯᠭ᠎ᠠ ᠶᠣᠰᠣᠭᠠᠷ᠂ ᠬᠠᠪᠰᠤᠷᠤᠨ ᠲᠡᠳᠬᠦᠵᠦ ᠠᠪᠤᠷᠠᠨ ᠲᠤᠰᠠᠯᠠᠬᠤ ᠴᠢᠬᠤᠯᠠᠲᠠᠢ ᠤᠯᠠᠨ ᠲᠦᠮᠡᠨ ᠳᠤ ᠴᠠᠭ | ᠲᠤᠬᠠᠢ ᠳᠤ ᠨᠢ ᠭᠦᠢᠴᠡᠳ ᠣᠯᠭᠤᠬᠤ ᠬᠡᠷᠡᠭᠲᠡᠢ ᠭᠡᠵᠡᠢ᠃ ᠬᠤᠷᠠᠯ ᠠᠴᠠ ᠴᠢᠬᠤᠯᠠᠴᠢᠯᠠᠬᠤ ᠳᠤ ᠪᠠᠨ᠂ ᠣᠳᠣᠬᠠᠨ ᠤ | ᠬᠡᠰᠡᠭ ᠭᠠᠵᠠᠷ ᠤᠨ ᠴᠤᠭᠯᠠᠷᠠᠯ ᠤᠨ ᠴᠢᠨᠠᠷᠲᠠᠶ ᠬᠢᠵᠢᠭ ᠤᠨ ᠪᠠᠶᠢᠳᠠᠯ ᠳᠤ ᠴᠢᠭᠯᠡᠭᠦᠯᠦᠨ ᠬᠠᠮᠢᠶᠠᠷᠤᠯᠲᠠ ᠡᠵᠡᠮᠳᠡᠯ ᠢᠶᠠᠨ | ᠴᠢᠩᠭᠠᠳᠬᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠣᠯᠠᠨ ᠲᠦᠮᠡᠨ ᠤ ᠦᠨᠳᠦᠰᠦᠨ ᠠᠮᠢᠳᠤᠷᠠᠯ ᠢ | ᠪᠠᠲᠤᠯᠠᠬᠤ ᠶᠢ ᠵᠡᠷᠭᠡ ᠳᠤ ᠨᠢ ᠠᠬᠢᠭᠤᠯᠵᠤ᠂ ᠠᠮᠤ ᠪᠤᠳᠠᠭ᠎ᠠ ᠭᠤᠯᠢᠷ ᠲᠣᠰᠣ᠂ ᠢᠳᠡᠰᠢᠨ ᠨᠣᠭᠤᠭ᠎ᠠ᠂ ᠮᠢᠬ᠎ᠠ | ᠥᠨᠳᠡᠭᠡ ᠰᠦ ᠵᠡᠷᠭᠡ ᠠᠮᠢᠳᠤᠷᠠᠯ ᠤᠨ ᠡᠳ᠋ ᠪᠣᠳᠠᠰ ᠤᠨ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠰᠠᠶᠢᠲᠤᠷ ᠪᠠᠲᠤᠯᠠᠵᠤ᠂ | ᠣᠯᠠᠨ ᠲᠦᠮᠡᠨ ᠢ ᠰᠡᠳᠬᠢᠯ ᠠᠮᠤᠷ ᠰᠢᠨᠡᠯᠡᠭᠦᠯᠬᠦ ᠬᠡᠷᠡᠭᠲᠡᠶ ᠭᠡᠵᠡᠢ᠃ | ᠬᠤᠷᠠᠯ ᠠᠴᠠ ᠵᠢᠭᠠᠬᠤ ᠳᠤ ᠪᠠᠨ᠂ ᠡᠷᠡᠭᠦᠯ ᠮᠡᠨᠳᠦ ᠪᠣᠯ ᠠᠷᠠᠳ ᠤᠯᠠᠨ ᠤ ᠠᠮᠢ ᠪᠡᠶ᠎ᠡ ᠳᠤ | ᠬᠤᠯᠪᠣᠭᠳᠠᠭᠰᠠᠨ ᠶᠡᠭᠡ ᠶᠠᠪᠤᠳᠠᠯ ᠮᠥᠨ᠃ ᠡᠪᠡᠳᠴᠢᠨ ᠦᠵᠡᠭᠦᠯᠬᠦ ᠳᠤ ᠦᠨ᠎ᠡ ᠲᠥᠯᠥᠪᠦᠷᠢ ᠶᠡᠭᠡ ᠠᠰᠠᠭᠤᠳᠠᠯ ᠢ | ᠠᠯᠬᠤᠮ ᠠᠯᠬᠤᠮ ᠢᠶᠠᠷ ᠰᠢᠢᠳᠪᠦᠷᠢᠯᠡᠬᠦ ᠶᠢᠨ ᠲᠥᠯᠥᠭᠡ᠂ ᠣᠶᠢᠷ᠎ᠠ ᠶᠢᠨ ᠵᠢᠯ ᠳᠤ ᠤᠯᠤᠰ ᠠᠴᠠ ᠡᠮ ᠤᠨ ᠵᠦᠢᠯ ᠢ | ᠲᠥᠪᠯᠡᠷᠡᠭᠦᠯᠵᠦ ᠬᠡᠮᠵᠢᠶ᠎ᠡ ᠲᠣᠭᠲᠠᠭᠠᠨ ᠬᠤᠳᠠᠯᠳᠤᠨ ᠠᠪᠬᠤ ᠪᠠ ᠬᠡᠷᠡᠭᠯᠡᠬᠦ ᠴᠢᠬᠤᠯᠠ ᠶᠡᠭᠡ ᠥᠭᠡᠷᠡᠴᠢᠯᠡᠯᠲᠡ ᠶᠢ | ᠠᠬᠢᠭᠤᠯᠵᠤ᠂ ᠨᠢᠳᠤᠨᠤᠨ ᠤ ᠵᠢᠯ ᠤᠨ ᠰᠡᠭᠦᠯᠴᠢ ᠪᠣᠯᠲᠠᠯ᠎ᠠ ᠨᠢᠭᠡᠨᠲᠡ ᠭᠤᠷᠪᠠᠨ ᠪᠦᠯᠦᠭ ᠢ ᠲᠥᠪᠯᠡᠷᠡᠭᠦᠯᠦᠨ | ᠬᠤᠳᠠᠯᠳᠤᠨ ᠠᠪᠴᠤ᠂ ᠬᠠᠮᠤᠷᠤᠭᠰᠠᠨ ᠡᠮ ᠤᠨ ᠵᠦᠶ᠋ᠯ ᠤᠨ ᠦᠨ᠎ᠡ ᠶᠢ ᠳᠤᠮᠳᠠᠴᠢ ᠪᠠᠷ 54% ᠪᠠᠷ ᠪᠠᠭᠤᠷᠠᠭᠤᠯᠵᠤ᠂ | ᠵᠢᠯ ᠪᠦᠷᠢ 530 ᠭᠠᠷᠤᠶ ᠳ᠋ᠦᠩᠰᠢᠭᠤᠷ ᠲᠥᠭᠦᠷᠢᠭ ᠤᠨ ᠵᠠᠷᠤᠳᠠᠯ ᠠᠷᠪᠢᠯᠠᠵᠤ᠂ ᠲᠦᠭ ᠲᠦᠮᠡᠨ ᠡᠪᠡᠳᠴᠢᠲᠡᠨ ᠳᠤ | ᠠᠰᠢᠭ ᠬᠦᠷᠲᠡᠭᠡᠪᠡ᠃ ᠣᠶᠢᠷ᠎ᠠ ᠳᠤ ᠪᠠᠰᠠ ᠳᠥᠷᠪᠡᠳᠦᠭᠡᠷ ᠪᠦᠯᠦᠭ ᠢ ᠲᠥᠪᠯᠡᠷᠡᠭᠦᠯᠵᠦ ᠬᠤᠳᠠᠯᠳᠤᠨ ᠠᠪᠬᠤ | ᠠᠵᠢᠯ ᠢ ᠥᠷᠨᠢᠭᠦᠯᠬᠦ ᠶᠢᠨ ᠬᠠᠮᠲᠤ ᠡᠮᠴᠢᠯᠡᠭᠡᠨ ᠤ ᠥᠨᠳᠥᠷ ᠥᠷᠲᠡᠭᠲᠦ ᠬᠤᠷᠣᠭᠳᠠᠯ ᠮᠠᠲ᠋ᠧᠷᠢᠶᠠᠯ ᠢ ᠬᠤᠳᠠᠯᠳᠤᠨ | ᠠᠪᠬᠤ ᠬᠡᠪᠴᠢᠶ᠎ᠡ ᠶᠢ ᠥᠷᠭᠡᠳᠬᠡᠨ᠎ᠡ ᠭᠡᠵᠡᠢ᠃ ᠬᠤᠷᠠᠯ ᠠᠴᠠ ᠱᠠᠭᠠᠷᠳᠠᠬᠤ ᠳᠤ ᠪᠠᠨ᠂ ᠡᠮᠴᠢᠯᠡᠭᠡ ᠡᠷᠡᠭᠦᠯ | ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢᠨ ᠪᠠᠶᠢᠷᠢᠯᠠᠭᠤᠯᠤᠯᠲᠠ ᠶᠣᠰᠣᠭᠠᠷ᠂ ᠡᠮ ᠡᠮᠨᠡᠯᠭᠡ ᠡᠷᠡᠭᠦᠯ | ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢᠨ ᠬᠤᠯᠪᠣᠭᠠᠯᠠᠨ ᠬᠥᠳᠡᠯᠦᠯᠴᠡᠬᠦ ᠶᠢ ᠪᠠᠷᠢᠮᠲᠠᠯᠠᠵᠤ᠂ ᠡᠮ ᠤᠨ | ᠵᠦᠶ᠋ᠯ ᠢ ᠲᠥᠪᠯᠡᠷᠡᠭᠦᠯᠵᠦ ᠬᠤᠳᠠᠯᠳᠤᠨ ᠠᠪᠬᠤ ᠶᠢ ᠬᠡᠪᠰᠢᠭᠦᠯᠦᠨ ᠳᠦᠷᠢᠮᠵᠢᠭᠦᠯᠬᠦ ᠶᠢ ᠠᠬᠢᠭᠤᠯᠬᠤ ᠬᠡᠷᠡᠭᠲᠡᠶ ᠭᠡᠵᠦ | ᠱᠠᠭᠠᠷᠳᠠᠪᠠ᠃ ᠨᠢᠭᠡ ᠳᠤ᠂ ᠦᠨᠳᠦᠰᠦᠨ ᠵᠦᠢᠯ ᠢ ᠪᠠᠲᠤᠯᠠᠬᠤ᠂ ᠡᠮᠴᠢᠯᠡᠭᠡ ᠶᠢ ᠪᠠᠲᠤᠯᠠᠬᠤ ᠵᠠᠷᠴᠢᠮ ᠶᠣᠰᠣᠭᠠᠷ᠂ | ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠡᠮ ᠤᠨ ᠵᠦᠢᠯ ᠤᠨ ᠭᠠᠷᠴᠠᠭ ᠲᠠᠬᠢ ᠬᠡᠷᠡᠭᠯᠡᠬᠦ ᠬᠡᠮᠵᠢᠶ᠎ᠡ ᠪᠠᠷ ᠶᠡᠭᠡ᠂ | ᠬᠤᠳᠠᠯᠳᠤᠨ ᠠᠪᠬᠤ ᠵᠣᠭᠤᠰ ᠤᠨ ᠲᠤᠭ᠎ᠠ ᠨᠢ ᠶᠡᠭᠡ ᠡᠮ ᠤᠨ ᠵᠦᠢᠯ ᠢ ᠭᠤᠣᠯᠳᠠᠯᠭ᠎ᠠ ᠲᠠᠢ ᠪᠠᠷ ᠬᠤᠳᠠᠯᠳᠤᠨ | ᠠᠪᠬᠤ ᠬᠡᠪᠴᠢᠶᠡᠨ ᠳᠤ ᠣᠷᠣᠭᠤᠯᠵᠤ᠂ ᠤᠯᠤᠰ ᠤᠨ ᠳᠣᠲᠣᠭᠠᠳᠤ ᠶᠢᠨ ᠵᠠᠬ᠎ᠠ ᠳᠡᠯᠭᠡᠭᠦᠷ ᠲᠤ ᠭᠠᠷᠭᠠᠭᠰᠠᠨ | ᠡᠮᠴᠢᠯᠡᠭᠡᠨ ᠳᠤ ᠵᠠᠪᠠᠯ ᠬᠡᠷᠡᠭᠰᠡᠬᠦ᠂ ᠶᠠᠰᠤ ᠴᠢᠨᠠᠷ ᠨᠢ ᠨᠠᠶᠢᠳᠠᠪᠤᠷᠢᠲᠠᠶ ᠡᠯ᠎ᠡ ᠲᠥᠷᠥᠯ ᠤᠨ ᠡᠮ ᠪᠠ ᠬᠤᠷᠣᠭᠳᠠᠯ | ᠮᠠᠲ᠋ᠧᠷᠢᠶᠠᠯ ᠢ ᠠᠯᠬᠤᠮ ᠠᠯᠬᠤᠮ ᠢᠶᠠᠷ ᠬᠠᠮᠢᠶᠠᠷᠤᠭᠤᠯᠬᠤ ᠬᠡᠷᠡᠭᠲᠡᠢ᠃ ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ | ᠪᠠᠶᠢᠭᠤᠯᠤᠮᠵᠢ ᠪᠦᠬᠦᠨ ᠲᠥᠪᠯᠡᠷᠡᠭᠦᠯᠦᠨ ᠬᠤᠳᠠᠯᠳᠤᠨ ᠠᠪᠬᠤ ᠳᠤ ᠣᠷᠣᠯᠴᠠᠬᠤ ᠬᠡᠷᠡᠭᠲᠡᠶ᠃ ᠬᠤᠪᠣᠷ ᠲᠣᠬᠢᠶᠠᠯᠳᠤᠬᠤ | ᠡᠪᠡᠳᠴᠢᠨ ᠢ ᠵᠠᠰᠠᠬᠤ ︽ᠬᠤᠪᠣᠷ ᠨᠠᠨᠳᠢᠨ ᠡᠮ︾ ᠢ ᠬᠤᠳᠠᠯᠳᠤᠨ ᠠᠪᠬᠤ ᠳᠤ ᠣᠨᠴᠠᠭᠠᠶ ᠲᠣᠬᠢᠷᠠᠭᠤᠯᠤᠯᠲᠠ ᠬᠢᠬᠦ | ᠲᠤᠬᠠᠢ ᠰᠤᠳᠤᠯᠬᠤ ᠬᠡᠷᠡᠭᠲᠡᠢ᠃ ᠬᠤᠶᠠᠷ ᠲᠤ᠂ ᠨᠥᠬᠦᠴᠡᠯ ᠳᠤ ᠨᠡᠶᠢᠴᠡᠬᠦ ᠳᠠᠭᠤᠷᠢᠶᠠᠮᠠᠯ ᠡᠮ᠂ ᠤᠤᠯ ᠤᠨ | ᠨᠠᠶᠢᠷᠠᠯᠭ᠎ᠠ ᠡᠮ ᠪᠠ ᠬᠠᠷᠢᠴᠠᠭᠤᠯᠬᠤ ᠨᠠᠶᠢᠷᠠᠯᠭ᠎ᠠ ᠶᠢ ᠴᠥᠮ ᠨᠡᠶᠢᠳᠡᠮ ᠬᠡᠷᠡᠭᠯᠡᠬᠦ ᠨᠡᠷ᠎ᠡ ᠪᠠᠷ ᠲᠥᠪᠯᠡᠷᠡᠭᠦᠯᠦᠨ | ᠬᠤᠳᠠᠯᠳᠤᠨ ᠠᠪᠬᠤ ᠳᠤ ᠣᠷᠣᠯᠴᠠᠭᠤᠯᠵᠤ᠂ ᠶᠠᠰᠤ ᠴᠢᠨᠠᠷ ᠪᠠ ᠦᠨ᠎ᠡ ᠬᠠᠩᠰᠢ ᠶᠢᠨ ᠭᠤᠤᠯᠴᠢ | ᠥᠷᠢᠰᠥᠯᠳᠦᠭᠡᠨ ᠢᠶᠠᠷ ᠳᠠᠮᠵᠢᠭᠤᠯᠤᠨ ᠰᠣᠩᠭᠤᠭᠳᠠᠭᠰᠠᠨ ᠠᠵᠤ ᠠᠬᠤᠶᠢᠯᠠᠯ ᠪᠠ ᠡᠮ ᠤᠨ ᠵᠦᠢᠯ᠂ ᠬᠤᠷᠣᠭᠳᠠᠯ | ᠮᠠᠲ᠋ᠧᠷᠢᠶᠠᠯ ᠢ ᠪᠣᠶ ᠪᠣᠯᠭᠠᠨ᠎ᠠ᠃ ᠡᠮᠴᠢᠯᠡᠭᠡᠨ ᠤ ᠪᠠᠶᠢᠭᠤᠯᠤᠮᠵᠢ ᠨᠤᠭᠤᠳ ᠠᠴᠠ ᠰᠣᠩᠭᠤᠭᠳᠠᠭᠰᠠᠨ ᠡᠮ ᠤᠨ ᠵᠦᠶ᠋ᠯ ᠢ | ᠡᠩ ᠲᠡᠷᠢᠭᠦᠨ ᠳᠤ ᠬᠡᠷᠡᠭᠯᠡᠬᠦ ᠶᠢ ᠦᠨᠡᠨ ᠬᠦ ᠪᠠᠲᠤᠯᠠᠵᠤ᠂ ᠬᠡᠷᠡᠭᠴᠡᠭᠡ ᠱᠠᠭᠠᠷᠳᠠᠯᠭ᠎ᠠ ᠶᠣᠰᠣᠭᠠᠷ ᠬᠤᠳᠠᠯᠳᠤᠨ ᠠᠪᠬᠤ | ᠬᠡᠮᠵᠢᠶ᠎ᠡ ᠪᠠᠨ ᠠᠯᠢ ᠴᠢᠳᠠᠬᠤ ᠪᠠᠷ ᠳᠡᠭᠡᠭᠰᠢᠯᠡᠭᠦᠯᠬᠦ ᠬᠡᠷᠡᠭᠲᠡᠶ᠃ ᠰᠣᠩᠭᠤᠭᠳᠠᠭᠰᠠᠨ ᠠᠵᠤ ᠠᠬᠤᠶᠢᠯᠠᠯ ᠠᠴᠠ | ᠦᠨ᠎ᠡ ᠪᠠᠨ ᠪᠠᠭᠤᠷᠠᠭᠤᠯᠪᠠᠴᠤ ᠶᠠᠰᠤ ᠴᠢᠨᠠᠷ ᠢᠶᠠᠨ ᠪᠠᠭᠤᠷᠠᠭᠤᠯᠬᠤ ᠥᠬᠡᠶ᠂ ᠡᠮᠴᠢᠯᠡᠭᠡᠨ ᠤ ᠦᠷ᠎ᠡ ᠪᠦᠲᠦᠮᠵᠢ ᠶᠢ | ᠪᠠᠭᠤᠷᠠᠭᠤᠯᠬᠤ ᠥᠬᠡᠶ ᠪᠠᠶᠢᠵᠤ᠂ ᠬᠠᠩᠭᠠᠯᠭ᠎ᠠ ᠶᠢ ᠪᠠᠲᠤᠯᠠᠬᠤ ᠬᠡᠷᠡᠭᠲᠡᠶ᠃ ᠰᠣᠩᠭᠤᠭᠳᠠᠭᠰᠠᠨ ᠡᠮ ᠤᠨ ᠵᠦᠶ᠋ᠯ ᠪᠠ | ᠬᠤᠷᠣᠭᠳᠠᠯ ᠮᠠᠲ᠋ᠧᠷᠢᠶᠠᠯ ᠤᠨ ᠦᠢᠯᠡᠳᠪᠦᠷᠢᠯᠡᠯ᠂ ᠭᠦᠶ᠋ᠯᠭᠡᠭᠡ᠂ ᠬᠡᠷᠡᠭᠯᠡᠯᠲᠡ ᠶᠢᠨ ᠪᠥᠬᠦ ᠬᠡᠯᠬᠢᠶᠡᠰᠦ ᠳᠠᠬᠢ ᠬᠢᠨᠠᠯᠲᠠ | ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ᠃ ᠭᠤᠷᠪᠠ ᠳᠤ᠂ ᠲᠥᠪᠯᠡᠷᠡᠭᠦᠯᠦᠨ ᠬᠤᠳᠠᠯᠳᠤᠨ ᠠᠪᠬᠤ ᠳᠤ ᠪᠠᠨ | ᠡᠪᠡᠳᠴᠢᠲᠡᠨ ᠤ ᠳᠠᠷᠤᠭᠠᠰᠤ ᠶᠢ ᠬᠥᠩᠭᠡᠷᠡᠭᠦᠯᠬᠦ ᠶᠢᠨ ᠬᠠᠮᠲᠤ᠂ ᠠᠵᠤ ᠠᠬᠤᠶᠢᠯᠠᠯ ᠤᠨ ᠵᠦᠶ ᠵᠣᠬᠢᠰᠲᠠᠶ ᠠᠰᠢᠭ | ᠬᠤᠨᠵᠢᠪᠣᠷᠢ ᠶᠢ ᠬᠠᠮᠲᠤ ᠳᠤ ᠨᠢ ᠬᠠᠷᠠᠭᠠᠯᠵᠠᠵᠤ᠂ ᠡᠮ ᠤᠨ ᠵᠦᠢᠯ᠂ ᠬᠤᠷᠣᠭᠳᠠᠯ ᠮᠠᠲ᠋ᠧᠷᠢᠶᠠᠯ ᠤᠨ ᠠᠵᠢᠯ | ᠲᠥᠷᠥᠯ ᠤᠨ ᠥᠷᠢᠰᠥᠯᠳᠦᠭᠡᠨ ᠤ ᠳᠤᠮᠳᠠ ᠲᠥᠪᠯᠡᠷᠡᠭᠦᠯᠬᠦ ᠬᠡᠮᠵᠢᠶ᠎ᠡ ᠪᠠᠨ ᠳᠡᠭᠡᠭᠰᠢᠯᠡᠭᠦᠯᠬᠦ ᠶᠢ ᠠᠬᠢᠭᠤᠯᠵᠤ᠂ | ᠦᠢᠯᠡᠳᠬᠦᠨ ᠤ ᠰᠢᠨ᠎ᠡ ᠶᠢ ᠡᠭᠦᠳᠦᠨ ᠲᠠᠰ ᠳᠡᠪᠰᠢᠬᠦ ᠶᠢ ᠠᠬᠢᠭᠤᠯᠵᠤ᠂ ᠠᠷᠪᠢᠯᠠᠭᠰᠠᠨ ᠡᠮᠴᠢᠯᠡᠭᠡᠨ ᠤ | ᠳᠠᠭᠠᠳᠬᠠᠯ ᠤᠨ ᠵᠠᠷᠤᠳᠠᠯ ᠢ ᠲᠣᠭᠲᠠᠭᠠᠯ ᠶᠣᠰᠣᠭᠠᠷ ᠡᠮᠴᠢᠯᠡᠭᠡᠨ ᠤ ᠪᠠᠶᠢᠭᠤᠯᠤᠮᠵᠢ ᠶᠢᠨ ᠦᠯᠡᠳᠡᠪᠦᠷᠢ ᠪᠣᠯᠭᠠᠨ | ᠦᠯᠡᠳᠡᠭᠡᠨ ᠬᠡᠷᠡᠭᠯᠡᠬᠦ ᠶᠢ ᠤᠷᠮᠠᠰᠢᠭᠤᠯᠵᠤ᠂ ᠡᠨᠡ ᠬᠦ ᠥᠭᠡᠷᠡᠴᠢᠯᠡᠯᠲᠡ ᠳᠤ ᠡᠪᠡᠳᠴᠢᠲᠡᠨ ᠪᠠ ᠠᠵᠤ ᠠᠬᠤᠶᠢᠯᠠᠯ᠂ | ᠡᠮᠴᠢᠯᠡᠭᠡᠨ ᠤ ᠪᠠᠶᠢᠭᠤᠯᠤᠮᠵᠢ ᠳᠤ ᠴᠥᠮ ᠠᠰᠢᠭ ᠬᠦᠷᠲᠡᠭᠡᠬᠦ ᠪᠠᠷ ᠴᠢᠷᠮᠠᠶᠢᠬᠤ ᠬᠡᠷᠡᠭᠲᠡᠶ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠪᠠ᠃ |