ᠮᠠᠨ ᠤ ᠬᠤᠰᠢᠭᠤᠨ ᠤ ᠪᠠᠶᠠᠷ ᠤᠨ ᠡᠳᠦᠷ ᠤᠨ ᠬᠤᠭᠤᠴᠠᠭᠠᠨ ᠳᠠᠬᠢ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠠᠵᠢᠯ ᠢ ᠪᠦᠬᠦ ᠲᠠᠯ᠎ᠠ ᠪᠠᠷ ᠰᠠᠶᠢᠳᠤᠷ ᠬᠢᠵᠤ᠂ ᠪᠦᠬᠦ ᠬᠤᠰᠢᠭᠤᠨ ᠤ ᠠᠷᠠᠳ ᠲᠦᠮᠡᠨ ᠤ ᠠᠮᠤᠷ ᠲᠦᠪᠰᠢᠨ | ᠪᠠ ᠡᠶ᠎ᠡ ᠨᠠᠶᠢᠷᠠᠮᠳᠠᠭᠤ ᠴᠠᠭᠠᠨ ᠰᠠᠷ᠎ᠠ ᠪᠠᠨ ᠦᠩᠭᠡᠷᠡᠭᠡᠬᠦ ᠶᠢ ᠪᠠᠳᠤᠯᠠᠬᠤ ᠶᠢᠨ ᠲᠤᠯᠠᠳᠠ᠂ ᠬᠤᠯᠪᠤᠭᠳᠠᠯ ᠪᠦᠬᠦᠢ | ᠤᠴᠢᠷ ᠢ ᠲᠤᠤᠷ᠎ᠠ ᠮᠡᠳᠡᠭᠳᠡᠶ᠎ᠡ᠄ | ᠨᠢᠭᠡ᠂ ᠨᠤᠳᠤᠭ ᠲᠠᠭᠠᠨ ᠪᠤᠴᠠᠭᠰᠠᠳ ᠤᠨ ᠬᠠᠮᠢᠶᠠᠷᠤᠯᠳᠠ ᠶᠢ ᠴᠢᠩᠭᠠᠳᠬᠠᠨ᠎ᠠ ᠃ 1. ᠨᠤᠳᠤᠭ ᠲᠠᠭᠠᠨ | ᠪᠤᠴᠠᠭᠰᠠᠳ ᠨᠢ ᠭᠠᠳᠠᠨ᠎ᠠ ᠤᠷᠤᠨ ᠠᠴᠠ ᠮᠠᠨ ᠤ ᠬᠤᠰᠢᠭᠤᠨ ᠳᠤ ᠪᠠᠨ ᠬᠠᠷᠢᠵᠤ ᠢᠷᠡᠬᠦ ᠬᠦᠮᠦᠰ ᠢ ᠵᠢᠭᠠᠵᠤ | ᠪᠠᠶᠢᠨ᠎ᠠ᠂ ᠭᠤᠤᠯᠳᠠᠭᠤ ᠪᠠᠭᠳᠠᠭᠠᠬᠤ ᠨᠢ᠄ ᠨᠢᠭᠡ ᠳᠤ᠂ ᠮᠤᠵᠢ ᠠᠯᠤᠰᠯᠠᠵᠤ ᠨᠤᠳᠤᠭ ᠲᠠᠭᠠᠨ ᠪᠤᠴᠠᠬᠤ ᠬᠦᠮᠦᠰ︔ | ᠬᠤᠶᠠᠷ ᠲᠤ᠂ ᠦᠪᠦᠷ ᠮᠤᠩᠭᠤᠯ ᠤᠨ ᠲᠤᠮᠳᠠ ᠲᠡᠭᠡᠳᠦ ᠵᠡᠷᠭᠡ ᠶᠢᠨ ᠲᠦᠭᠰᠢᠭᠦᠷᠢᠳᠦ ᠤᠷᠤᠨ ᠳᠤ ᠪᠠᠶᠢᠭ᠎ᠠ ᠭᠠᠵᠠᠷ | ᠠᠴᠠ ᠨᠤᠳᠤᠭ ᠲᠠᠭᠠᠨ ᠪᠤᠴᠠᠬᠤ ᠬᠦᠮᠦᠰ ︵ᠲᠤᠮᠳᠠ ᠲᠡᠭᠡᠳᠦ ᠵᠡᠷᠭᠡ ᠶᠢᠨ ᠲᠦᠭᠰᠢᠭᠦᠷᠢᠳᠦ ᠤᠷᠤᠨ ᠳᠠᠬᠢ ᠬᠦᠮᠦᠰ ᠢ | ᠵᠠᠷᠴᠢᠮ ᠲᠡᠭᠡᠷ᠎ᠡ ᠪᠠᠨ ᠨᠠᠰᠢ ᠴᠠᠰᠢ ᠶᠠᠪᠤᠭᠤᠯᠬᠤ ᠦᠭᠡᠢ︶︔ ᠭᠤᠷᠪᠠ ᠳᠤ᠂ ᠦᠪᠡᠷᠳᠡᠭᠡᠨ ᠵᠠᠰᠠᠬᠤ ᠤᠷᠤᠨ | ᠲᠤᠳᠤᠷ᠎ᠠ ᠪᠠᠨ ᠭᠠᠳᠠᠭᠠᠳᠤ ᠠᠴᠠ ᠤᠷᠤᠭᠤᠯᠤᠭᠰᠠᠨ ᠭᠦᠢᠳᠡᠨ ᠬᠡᠯᠬᠢᠶᠡᠳᠦ ᠢᠳᠡᠭᠡᠨ ᠤ ᠭᠠᠵᠠᠷ ᠠᠵᠢᠯᠯᠠᠵᠤ ᠪᠠᠶᠢᠭ᠎ᠠ | ᠬᠦᠮᠦᠰ᠂ ᠪᠤᠭᠤᠮᠳᠠ ᠲᠡᠭᠡᠷ᠎ᠡ ᠰᠢᠭᠤᠳ ᠭᠠᠳᠠᠭᠠᠳᠤ ᠠᠴᠠ ᠤᠷᠤᠭᠤᠯᠬᠤ ᠡᠳ᠋ ᠪᠤᠳᠠᠰ ᠲᠠᠢ ᠬᠠᠷᠢᠴᠠᠵᠤ ᠪᠠᠶᠢᠭ᠎ᠠ | ᠬᠦᠮᠦᠰ᠂ ᠲᠤᠰᠠᠭᠠᠷᠯᠠᠬᠤ ᠲᠠᠯᠠᠪᠤᠷ ᠤᠨ ᠠᠵᠢᠯᠳᠠᠳ᠂ ᠵᠠᠮ ᠬᠠᠷᠢᠯᠴᠠᠭᠠᠨ ᠤ ᠲᠡᠭᠡᠭᠡᠪᠦᠷᠢ ᠶᠢᠨ ᠠᠵᠢᠯᠳᠠᠳ ᠵᠡᠷᠭᠡ | ᠬᠦᠮᠦᠰ᠃ 2. ᠲᠡᠭᠡᠷᠡᠬᠢ ᠮᠡᠳᠦ ᠶᠢᠨ ᠨᠤᠳᠤᠭ ᠲᠠᠭᠠᠨ ᠪᠤᠴᠠᠬᠤ ᠬᠦᠮᠦᠰ ᠨᠢ ᠭᠠᠷᠬᠤ ᠭᠠᠵᠠᠷ ᠡᠰᠡᠭᠦᠯ᠎ᠡ ᠤᠴᠢᠬᠤ | ᠭᠠᠵᠠᠷ ᠤᠨ ᠢᠶᠠᠨ ᠪᠦᠬᠡᠮ ᠬᠦᠴᠢᠯ ᠤᠨ ᠪᠠᠶᠢᠴᠠᠭᠠᠯᠳᠠ ᠶᠢᠨ ᠬᠢᠷᠢ ᠬᠡᠮ ᠲᠠᠢ ᠡᠮᠴᠢᠯᠡᠭᠡᠨ ᠤ ᠪᠠᠶᠢᠭᠤᠯᠤᠮᠵᠢ᠂ ᠬᠢᠵᠢᠭ | ᠢ ᠡᠵᠡᠮᠳᠡᠬᠦ ᠪᠠᠶᠢᠭᠤᠯᠤᠮᠵᠢ ᠡᠰᠡᠭᠦᠯ᠎ᠡ ᠭᠤᠷᠪᠠᠳᠡᠬᠢ ᠡᠳᠡᠭᠡᠳ ᠤᠨ ᠪᠠᠶᠢᠴᠠᠭᠠᠨ ᠰᠢᠯᠭᠠᠬᠤ ᠪᠠᠶᠢᠭᠤᠯᠤᠮᠵᠢ ᠳᠤ | ᠪᠠᠶᠢᠴᠠᠭᠠᠯᠳᠠ ᠬᠢᠵᠤ᠂ 7 ᠡᠳᠦᠷ ᠤᠨ ᠲᠤᠳᠤᠷᠠᠬᠢ ᠬᠦᠴᠦᠨ ᠪᠦᠬᠦᠢ ᠪᠦᠭᠡᠮ ᠬᠦᠴᠢᠯ ᠤᠨ ᠪᠠᠶᠢᠴᠠᠭᠠᠯᠳᠠ ᠶᠢᠨ | ᠰᠦᠬᠡᠷᠬᠦ ᠴᠢᠨᠠᠷᠳᠠᠢ ᠪᠠᠶᠢᠴᠠᠭᠠᠯᠳᠠ ᠶᠢᠨ ᠦᠷ᠎ᠡ ᠳ᠋ᠦᠩ ᠤᠨ ᠮᠡᠳᠡᠭᠦᠯᠦᠯᠳᠡ ᠪᠤᠶᠤ 7 ᠡᠳᠦᠷ ᠢ ᠪᠠᠭᠳᠠᠭᠠᠬᠤ | ᠰᠦᠬᠡᠷᠬᠦ ᠴᠢᠨᠠᠷ ᠢ ᠢᠯᠡᠷᠡᠭᠦᠯᠦᠭᠰᠡᠨ ᠡᠷᠡᠭᠦᠯ ᠮᠡᠨᠳᠦ ᠶᠢᠨ ᠺᠤᠳ᠋ ︵ᠨᠤᠭᠤᠭᠠᠨ ᠦᠩᠭᠡ ᠶᠢᠨ ᠪᠠᠶᠢᠳᠠᠯ︶ ᠢᠶᠠᠷ | ᠬᠠᠷᠢᠵᠤ ᠢᠷᠡᠵᠤ ᠪᠤᠯᠤᠨ᠎ᠠ᠃ 3. ᠲᠡᠭᠡᠷᠡᠬᠢ ᠮᠡᠳᠦ ᠶᠢᠨ ᠬᠦᠮᠦᠰ ᠨᠤᠳᠤᠭ ᠲᠠᠭᠠᠨ ᠪᠤᠴᠠᠬᠤ ᠠᠴᠠ ᠡᠮᠤᠨ᠎ᠡ | ᠰᠠᠭᠤᠵᠤ ᠪᠠᠶᠢᠭ᠎ᠠ ᠨᠡᠶᠢᠭᠡᠮ ᠲᠤᠭᠤᠷᠢᠭ ︵ᠭᠠᠴᠠᠭ᠎ᠠ ᠲᠤᠰᠬᠤᠨ︶ ᠲᠤ ᠪᠠᠨ ᠮᠡᠳᠡᠭᠦᠯᠵᠤ᠂ ᠪᠤᠴᠠᠭᠰᠠᠨ ᠤ ᠲᠠᠷᠠᠭ᠎ᠠ | ᠨᠡᠶᠢᠭᠡᠮ ᠲᠤᠭᠤᠷᠢᠭ ︵ᠭᠠᠴᠠᠭ᠎ᠠ ᠲᠤᠰᠬᠤᠨ︶ ᠠᠴᠠ 7 ᠡᠳᠦᠷ ᠤᠨ ᠲᠤᠳᠤᠷᠠᠬᠢ ᠬᠦᠴᠦᠨ ᠪᠦᠬᠦᠢ ᠪᠦᠬᠡᠮ ᠬᠦᠴᠢᠯ | ᠤᠨ ᠪᠠᠶᠢᠴᠠᠭᠠᠯᠳᠠ ᠶᠢᠨ ᠰᠦᠬᠡᠷᠬᠦ ᠴᠢᠨᠠᠷᠳᠠᠢ ᠪᠠᠶᠢᠴᠠᠭᠠᠯᠳᠠ ᠶᠢᠨ ᠦᠷ᠎ᠡ ᠳ᠋ᠦᠩ ᠤᠨ ᠮᠡᠳᠡᠭᠦᠯᠦᠯᠳᠡ ᠪᠤᠶᠤ 7 | ᠡᠳᠦᠷ ᠢ ᠪᠠᠭᠳᠠᠭᠠᠬᠤ ᠰᠦᠬᠡᠷᠬᠦ ᠴᠢᠨᠠᠷ ᠢ ᠢᠯᠡᠷᠡᠭᠦᠯᠦᠭᠰᠡᠨ ᠡᠷᠡᠭᠦᠯ ᠮᠡᠨᠳᠦ ᠶᠢᠨ ᠺᠤᠳ᠋ ︵ᠨᠤᠭᠤᠭᠠᠨ ᠦᠩᠭᠡ ᠶᠢᠨ | ᠪᠠᠶᠢᠳᠠᠯ︶ ᠢ ᠪᠠᠶᠢᠴᠠᠭᠠᠨ ᠰᠢᠯᠭᠠᠨ᠎ᠠ᠃ 4. 1 ᠰᠠᠷ᠎ᠠ ᠶᠢᠨ 28 ᠤ ᠡᠳᠦᠷ ᠠᠴᠠ ᠪᠦᠭᠡᠮ ᠬᠦᠴᠢᠯ ᠤᠨ | ᠪᠠᠶᠢᠴᠠᠭᠠᠯᠳᠠ ᠶᠢᠨ ᠰᠦᠬᠡᠷᠬᠦ ᠴᠢᠨᠠᠷᠳᠠᠢ ᠬᠡᠷᠡᠴᠢ ᠢᠯᠡᠷᠡᠭᠦᠯᠬᠦ ᠶᠢ ᠡᠬᠢᠯᠡᠨ ᠬᠡᠷᠡᠭᠵᠢᠭᠦᠯᠵᠤ᠂ 3 ᠰᠠᠷ᠎ᠠ ᠶᠢᠨ 8 ᠤ | ᠡᠳᠦᠷ ᠲᠤ ᠲᠠᠭᠤᠰᠬᠠᠨ᠎ᠠ᠃ 5. ᠡᠯ᠎ᠡ ᠰᠤᠮᠤ ᠰᠢᠶᠠᠩ ᠪᠠᠯᠭᠠᠰᠤᠨ ᠤ ᠨᠠᠮ ᠤᠨ ᠬᠤᠷᠢᠶ᠎ᠠ ᠵᠠᠰᠠᠭ ᠤᠨ ᠤᠷᠳᠤᠨ᠂ | ᠵᠠᠰᠠᠭ ᠵᠠᠬᠢᠷᠭᠠᠨ ᠤ ᠠᠵᠤ ᠠᠬᠤᠶᠢᠯᠠᠯ ᠤᠨ ᠪᠠᠶᠢᠭᠤᠯᠭ᠎ᠠ ᠨᠢᠭᠡᠴᠢ ᠶᠢᠨ ᠠᠵᠢᠯᠳᠠᠨ ᠺᠠᠳ᠋ᠷ ᠨᠠᠷ ᠠᠴᠠ ᠲᠦᠷᠦᠭᠦᠯᠡᠨ | ᠲᠤᠬᠠᠢ ᠶᠢᠨ ᠭᠠᠵᠠᠷ ᠲᠠᠭᠠᠨ ᠰᠢᠨᠡᠯᠡᠵᠤ᠂ ᠪᠤᠯᠬᠤ ᠶᠢᠨ ᠲᠤᠳᠤᠷ᠎ᠠ ᠬᠦᠮᠦᠰ ᠤᠨ ᠨᠠᠰᠢ ᠴᠠᠰᠢ ᠶᠠᠪᠤᠬᠤ ᠲᠤᠮᠳᠠ | ᠬᠢᠵᠢᠭ ᠢ ᠬᠠᠯᠳᠠᠪᠤᠷᠢᠯᠠᠨ ᠲᠠᠷᠬᠠᠭᠠᠬᠤ ᠲᠦᠭᠰᠢᠭᠦᠷᠢ ᠶᠢ ᠪᠠᠭᠠᠰᠬᠠᠨ᠎ᠠ᠃ ᠬᠡᠷᠪᠡ ᠶᠠᠭ ᠶᠠᠪᠤᠬᠤ ᠴᠢᠬᠤᠯᠠ ᠲᠠᠢ | ᠦᠶᠡᠰ᠂ ᠪᠠᠶᠢᠭ᠎ᠠ ᠪᠠᠶᠢᠭᠤᠯᠭ᠎ᠠ ᠪᠤᠯᠤᠨ ᠨᠡᠶᠢᠭᠡᠮ ᠲᠤᠭᠤᠷᠢᠭ ᠲᠤ ᠪᠠᠨ ᠤᠷᠢᠳᠴᠢᠯᠠᠨ ᠮᠡᠳᠡᠭᠦᠯᠵᠤ᠂ ᠦᠪᠡᠷ ᠤᠨ | ᠬᠠᠮᠠᠭᠠᠯᠠᠯᠳᠠ ᠪᠠᠨ ᠰᠠᠶᠢᠳᠤᠷ ᠬᠢᠵᠤ᠂ ᠶᠠᠪᠤᠵᠤ ᠰᠠᠭᠤᠭᠰᠠᠨ ᠲᠡᠮᠳᠡᠭᠯᠡᠯ ᠢᠶᠠᠨ ᠨᠠᠷᠢᠨ ᠲᠤᠳᠤ ᠲᠡᠮᠳᠡᠭᠯᠡᠨ᠎ᠡ᠃ ᠡᠯ᠎ᠡ | ᠰᠤᠮᠤ ᠰᠢᠶᠠᠩ ᠪᠠᠯᠭᠠᠰᠤ ︵ᠲᠠᠯᠠᠪᠠᠢ︶᠂ ᠨᠡᠶᠢᠭᠡᠮ ᠲᠤᠭᠤᠷᠢᠭ ︵ᠭᠠᠴᠠᠭ᠎ᠠ ᠲᠤᠰᠬᠤᠨ︶ ᠠᠴᠠ ᠨᠤᠳᠤᠭ ᠲᠠᠭᠠᠨ | ᠪᠤᠴᠠᠭᠰᠠᠨ ᠬᠦᠮᠦᠰ ᠲᠤ ᠲᠤᠤᠷᠴᠢᠯᠠᠭᠰᠠᠨ ᠬᠠᠮᠢᠶᠠᠷᠤᠯᠳᠠ ᠶᠢ ᠶᠠᠪᠤᠭᠳᠠᠭᠤᠯᠵᠤ᠂ ᠲᠡᠮᠳᠡᠭᠯᠡᠯ ᠲᠠᠩᠰᠠᠯᠠᠯᠳᠠ᠂ ᠡᠷᠡᠭᠦᠯ | ᠮᠡᠨᠳᠦ ᠶᠢᠨ ᠬᠢᠨᠠᠨ ᠪᠠᠶᠢᠴᠠᠭᠠᠯᠳᠠ ᠪᠠ ᠡᠷᠡᠭᠦᠯ ᠪᠤᠰᠤ ᠪᠠᠶᠢᠳᠠᠯ ᠢ ᠠᠷᠭᠠᠴᠠᠭᠠᠬᠤ ᠵᠡᠷᠭᠡ ᠠᠵᠢᠯ ᠢ ᠰᠠᠶᠢᠳᠤᠷ ᠬᠢᠬᠦ | ᠬᠡᠷᠡᠭᠳᠠᠢ᠃ 6. ᠪᠦᠬᠦ ᠰᠠᠭᠤᠭᠠᠯᠢ ᠠᠷᠠᠳ ᠤᠨ ᠪᠠᠭ᠎ᠠ ᠲᠤᠭᠤᠷᠢᠭ ᠵᠢᠴᠢ ᠭᠠᠴᠠᠭ᠎ᠠ ᠲᠤᠰᠬᠤᠨ ᠤ ᠵᠦᠪᠯᠡᠯ ᠨᠢ | ᠭᠠᠳᠠᠨ᠎ᠠ ᠠᠴᠠ ᠢᠷᠡᠭᠰᠡᠨ ᠲᠡᠷᠭᠡ ᠤᠨᠤᠭ᠎ᠠ ᠪᠠ ᠬᠦᠮᠦᠰ ᠲᠤ ᠪᠦᠬᠦ ᠲᠠᠯ᠎ᠠ ᠪᠠᠷ ᠲᠠᠷᠠᠭᠠᠯᠠᠨ ᠪᠠᠶᠢᠴᠠᠭᠠᠯᠳᠠ ᠬᠢᠵᠤ᠂ | ᠲᠠᠩᠰᠠ ᠲᠡᠮᠳᠡᠭᠯᠡᠯ᠂ ᠺᠤᠳ᠋ ᠰᠢᠷᠪᠢᠬᠦ᠂ ᠪᠡᠶ᠎ᠡ ᠶᠢᠨ ᠲᠤᠯᠠᠭᠠᠨ ᠬᠡᠮᠵᠢᠬᠦ ᠵᠡᠷᠭᠡ ᠠᠵᠢᠯ ᠢ ᠰᠠᠶᠢᠳᠤᠷ ᠬᠢᠬᠦ ᠬᠡᠷᠡᠭᠳᠠᠢ᠃ | ᠬᠤᠶᠠᠷ᠂ ᠲᠦᠭᠰᠢᠭᠦᠷᠢᠳᠦ ᠤᠷᠤᠨ ᠠᠴᠠ ᠮᠠᠨ ᠤ ᠬᠤᠰᠢᠭᠤᠨ ᠳᠤ ᠪᠤᠴᠠᠵᠤ ᠢᠷᠡᠬᠦ ᠬᠦᠮᠦᠰ ᠢ ᠡᠵᠡᠮᠳᠡ | ᠬᠠᠮᠢᠶᠠᠷᠬᠤ ᠠᠵᠢᠯ ᠢ ᠴᠢᠩᠭ᠎ᠠ ᠨᠠᠶᠢᠳᠠᠪᠤᠷᠢᠵᠢᠭᠤᠯᠤᠨ᠎ᠠ᠃ ᠬᠢᠯᠢ ᠶᠢᠨ ᠭᠠᠳᠠᠨᠠᠬᠢ ᠪᠠ ᠤᠯᠤᠰ ᠤᠨ ᠲᠤᠳᠤᠭᠠᠳᠤ | ᠳᠠᠬᠢ ᠲᠤᠮᠳᠠ ᠲᠡᠭᠡᠳᠦ ᠵᠡᠷᠭᠡ ᠶᠢᠨ ᠲᠦᠭᠰᠢᠭᠦᠷᠢᠳᠦ ᠤᠷᠤᠨ ᠤ ᠬᠦᠮᠦᠰ ᠴᠢᠬᠤᠯᠠ ᠪᠤᠰᠤ ᠦᠶ᠎ᠡ ᠳᠤ ᠮᠠᠨ ᠤ | ᠬᠤᠰᠢᠭᠤᠨ ᠳᠤ ᠪᠤᠴᠠᠵᠤ ᠢᠷᠡᠬᠦ ᠴᠠᠭ ᠢᠶᠠᠨ ᠬᠤᠶᠢᠰᠢᠯᠠᠭᠤᠯᠵᠤ᠂ ᠬᠤᠰᠢᠭᠤᠨ ᠳᠤ ᠪᠤᠴᠠᠵᠤ ᠢᠷᠡᠬᠦ ᠴᠢᠬᠤᠯᠠ ᠲᠠᠢ | ᠬᠢᠯᠢ ᠶᠢᠨ ᠭᠠᠳᠠᠨᠠᠬᠢ ᠬᠦᠮᠦᠨ ᠪᠠᠶᠢᠪᠠᠯ᠂ ᠬᠠᠮᠤᠭ ᠠᠩᠬᠠᠨ ᠤ ᠬᠢᠯᠢ ᠳᠤ ᠤᠷᠤᠭᠰᠠᠨ ᠭᠠᠵᠠᠷ ᠲᠠᠭᠠᠨ ᠡᠵᠡᠮᠳᠡᠨ | ᠬᠠᠮᠢᠶᠠᠷᠬᠤ ᠠᠷᠭ᠎ᠠ ᠬᠡᠮᠵᠢᠶ᠎ᠡ ᠶᠢ ᠬᠡᠷᠡᠭᠵᠢᠭᠦᠯᠦᠭᠰᠡᠨ ᠰᠠᠭᠤᠷᠢᠨ ᠲᠡᠭᠡᠷ᠎ᠡ ︵14 ᠡᠳᠦᠷ ᠤᠨ ᠲᠦᠪᠯᠡᠷᠡᠭᠦᠯᠦᠨ | ᠲᠤᠰᠠᠭᠠᠷᠯᠠᠬᠤ ᠠᠨᠠᠭᠠᠬᠤ ᠤᠬᠠᠭᠠᠨ ᠤ ᠠᠵᠢᠭᠯᠠᠯᠳᠠ︶᠂ ᠪᠠᠭᠤᠵᠤ ᠰᠢᠯᠵᠢᠬᠦ ᠡᠷᠬᠢᠯᠳᠡ ᠶᠢᠨ ᠶᠠᠪᠤᠴᠠ ᠶᠢᠨ | ᠬᠠᠮᠢᠶᠠᠷᠤᠯᠳᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠤᠰᠢᠭᠤᠨ ᠳᠠᠭᠠᠨ ᠪᠤᠴᠠᠭᠰᠠᠨ ᠤ ᠲᠠᠷᠠᠭ᠎ᠠ᠂ ︽14 +7 | +3︾ ᠬᠠᠮᠢᠶᠠᠷᠤᠨ ᠡᠵᠡᠮᠳᠡᠬᠦ ᠠᠷᠭ᠎ᠠ ᠶᠢ ᠬᠡᠷᠡᠭᠵᠢᠭᠦᠯᠦᠨ᠎ᠡ᠂ ᠲᠡᠷᠡ ᠨᠢ 14 ᠡᠳᠦᠷ ᠤᠨ ᠬᠡᠷ ᠲᠤ ᠪᠠᠨ | ᠲᠤᠰᠠᠭᠠᠷᠯᠠᠬᠤ ᠠᠨᠠᠭᠠᠬᠤ ᠤᠬᠠᠭᠠᠨ ᠤ ᠠᠵᠢᠭᠯᠠᠯᠳᠠ +7 ᠡᠳᠦᠷ ᠤᠨ ᠭᠡᠷ ᠲᠤ ᠪᠠᠨ ᠲᠤᠰᠠᠭᠠᠷᠯᠠᠨ ᠡᠷᠡᠭᠦᠯ ᠮᠡᠨᠳᠦ | ᠶᠢ ᠬᠢᠨᠠᠨ ᠰᠢᠯᠭᠠᠬᠤ + 3 ᠤᠳᠠᠭᠠᠨ ᠤ ᠪᠦᠬᠡᠮ ᠬᠦᠴᠢᠯ ᠤᠨ ᠪᠠᠶᠢᠴᠠᠭᠠᠯᠳᠠ( ᠲᠤᠰᠪᠤᠷᠢ 1᠂ 14᠂ 21 | ᠳ᠋ᠦ᠋ᠭᠡᠷ ᠡᠳᠦᠷ ᠲᠤ ᠬᠢᠨᠠᠨ ᠪᠠᠶᠢᠴᠠᠭᠠᠯᠳᠠ ᠬᠢᠬᠦ︶ ᠪᠤᠯᠤᠨ᠎ᠠ᠂ ᠭᠡᠷ ᠲᠤ ᠪᠠᠨ ᠲᠤᠰᠠᠭᠠᠷᠯᠠᠬᠤ ᠨᠦᠬᠦᠴᠡᠯ ᠬᠦᠷᠦᠯᠴᠡᠬᠦ | ᠦᠭᠡᠢ ᠬᠦᠮᠦᠰ ᠲᠤ᠂ ᠪᠦᠬᠦᠨ ᠢ ᠲᠦᠪᠯᠡᠷᠡᠭᠦᠯᠦᠨ ᠲᠤᠰᠠᠭᠠᠷᠯᠠᠬᠤ ᠠᠨᠠᠭᠠᠬᠤ ᠤᠬᠠᠭᠠᠨ ᠤ ᠠᠵᠢᠭᠯᠠᠯᠳᠠ ᠬᠢᠨ᠎ᠡ᠃ | ᠲᠤᠰᠠᠭᠠᠷᠯᠠᠬᠤ ᠬᠤᠭᠤᠴᠠᠭᠠᠨ ᠳᠤ ᠡᠷᠡᠭᠦᠯ ᠪᠤᠰᠤ ᠶᠢᠨ ᠢᠯᠡᠷᠡᠯ ᠡᠰᠡᠭᠦᠯ᠎ᠡ ᠪᠦᠬᠡᠮ ᠬᠦᠴᠢᠯ ᠤᠨ ᠪᠠᠶᠢᠴᠠᠭᠠᠯᠳᠠ ᠨᠢ | ᠡᠶᠡᠷᠬᠦ ᠴᠢᠨᠠᠷ ᠲᠠᠢ ᠪᠤᠯᠪᠠᠯ᠂ ᠲᠡᠷᠡ ᠲᠠᠷᠤᠢ ᠳᠤᠨᠢ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶᠠᠨ ᠳᠤ | ᠰᠢᠯᠵᠢᠭᠦᠯᠦᠨ ᠪᠠᠶᠢᠴᠠᠭᠠᠵᠤ ᠡᠮᠴᠢᠯᠡᠭᠦᠯᠦᠨ᠎ᠡ᠃ ᠲᠤᠰᠠᠭᠠᠷᠯᠠᠬᠤ ᠪᠠ ᠰᠢᠯᠵᠢᠭᠦᠯᠦᠨ ᠬᠦᠷᠬᠡᠬᠦ ᠪᠦᠬᠦᠶᠢᠯᠡ ᠶᠠᠪᠤᠴᠠ | ᠳᠤ ᠪᠠᠭᠤᠵᠤ ᠰᠢᠯᠵᠢᠬᠦ ᠡᠷᠬᠢᠯᠳᠡ ᠶᠢᠨ ᠬᠠᠮᠢᠶᠠᠷᠤᠯᠳᠠ ᠶᠢ ᠬᠡᠷᠡᠭᠵᠢᠭᠦᠯᠵᠤ᠂ ᠠᠪᠴᠠᠯᠳᠤᠭᠤᠯᠤᠨ ᠵᠤᠯᠭᠠᠯᠳᠤᠭᠤᠯᠬᠤ | ᠶᠢ ᠪᠠᠳᠤᠯᠠᠬᠤ ᠬᠡᠷᠡᠭᠳᠠᠢ᠃ ᠤᠯᠤᠰ ᠤᠨ ᠲᠤᠳᠤᠭᠠᠳᠤ ᠳᠠᠬᠢ ᠲᠡᠭᠡᠳᠦ ᠵᠡᠷᠭᠡ ᠶᠢᠨ ᠲᠦᠭᠰᠢᠭᠦᠷᠢᠳᠦ ᠤᠷᠤᠨ | ᠡᠰᠡᠭᠦᠯ᠎ᠡ ᠤᠶᠢᠷ᠎ᠠ ᠶᠢᠨ 14 ᠡᠳᠦᠷ ᠤᠨ ᠲᠤᠳᠤᠷ᠎ᠠ ᠲᠡᠭᠡᠳᠦ ᠵᠡᠷᠭᠡ ᠶᠢᠨ ᠲᠦᠭᠰᠢᠬᠦᠷᠢᠳᠦ ᠤᠷᠤᠨ ᠳᠤ ᠵᠤᠭᠠᠴᠠᠨ | ᠰᠠᠭᠤᠵᠤ ᠦᠩᠭᠡᠷᠡᠭᠰᠡᠨ ᠲᠡᠤᠬᠡ ᠲᠠᠢ ᠬᠦᠮᠦᠰ ᠲᠤ᠂ ︽14 ᠡᠳᠦᠷ ᠤᠨ ᠲᠦᠪᠯᠡᠷᠡᠭᠦᠯᠦᠨ ᠲᠤᠰᠠᠭᠠᠷᠯᠠᠬᠤ | ᠠᠨᠠᠭᠠᠬᠤ ᠤᠬᠠᠭᠠᠨ ᠤ ᠠᠵᠢᠭᠯᠠᠯᠳᠠ + 7 ᠡᠳᠦᠷ ᠤᠨ ᠭᠡᠷ ᠲᠤ ᠪᠠᠨ ᠲᠤᠰᠠᠭᠠᠷᠯᠠᠬᠤ ᠠᠨᠠᠭᠠᠬᠤ ᠤᠬᠠᠭᠠᠨ ᠤ | ᠠᠵᠢᠭᠯᠠᠯᠳᠠ + 7 ᠡᠳᠦᠷ ᠤᠨ ᠡᠷᠡᠭᠦᠯ ᠮᠡᠨᠳᠦ ᠶᠢᠨ ᠬᠢᠨᠠᠨ ᠪᠠᠶᠢᠴᠠᠭᠠᠯᠳᠠ + 3 ᠤᠳᠠᠭᠠᠨ ᠤ ᠪᠦᠭᠡᠮ ᠬᠦᠴᠢᠯ | ᠤᠨ ᠪᠠᠶᠢᠴᠠᠭᠠᠯᠳᠠ︾ ᠶᠢᠨ ᠡᠵᠡᠮᠳᠡᠨ ᠬᠠᠮᠢᠶᠠᠷᠬᠤ ᠠᠷᠭ᠎ᠠ ᠶᠢ ᠬᠡᠷᠡᠭᠵᠢᠭᠦᠯᠵᠤ᠂ ᠭᠡᠷ ᠲᠤ ᠪᠠᠨ ᠲᠤᠰᠠᠭᠠᠷᠯᠠᠬᠤ | ᠨᠦᠬᠦᠴᠡᠯ ᠬᠦᠷᠦᠯᠴᠡᠬᠦ ᠦᠭᠡᠢ ᠬᠦᠮᠦᠰ ᠲᠤ᠂ ᠪᠦᠬᠦᠨ ᠢ ᠲᠦᠪᠯᠡᠷᠡᠭᠦᠯᠦᠨ ᠲᠤᠰᠠᠭᠠᠷᠯᠠᠬᠤ ᠠᠨᠠᠭᠠᠬᠤ ᠤᠬᠠᠭᠠᠨ ᠤ | ᠠᠵᠢᠭᠯᠠᠯᠳᠠ ᠶᠢ ᠬᠡᠷᠡᠭᠵᠢᠭᠦᠯᠦᠨ᠎ᠡ᠃ ᠤᠯᠤᠰ ᠤᠨ ᠲᠤᠳᠤᠭᠠᠳᠤ ᠳᠠᠬᠢ ᠲᠤᠮᠳᠠ ᠵᠡᠷᠭᠡ ᠶᠢᠨ ᠲᠦᠭᠰᠢᠬᠦᠷᠢᠳᠦ ᠤᠷᠤᠨ | ᠠᠴᠠ ᠮᠠᠨ ᠤ ᠬᠤᠰᠢᠭᠤᠨ ᠳᠤ ᠢᠷᠡᠭᠰᠡᠳ ᠡᠰᠡᠭᠦᠯ᠎ᠡ ᠤᠶᠢᠷ᠎ᠠ ᠶᠢᠨ 14 ᠡᠳᠦᠷ ᠤᠨ ᠲᠤᠳᠤᠷ᠎ᠠ ᠤᠯᠤᠰ ᠤᠨ | ᠲᠤᠳᠤᠭᠠᠳᠤ ᠳᠠᠬᠢ ᠲᠤᠮᠳᠠ ᠵᠡᠷᠭᠡ ᠶᠢᠨ ᠲᠦᠭᠰᠢᠬᠦᠷᠢᠳᠦ ᠤᠷᠤᠨ ᠳᠤ ᠵᠤᠭᠠᠴᠠᠨ ᠰᠠᠭᠤᠵᠤ ᠦᠩᠭᠡᠷᠡᠭᠰᠡᠨ ᠲᠡᠤᠬᠡ | ᠲᠠᠢ ᠬᠦᠮᠦᠰ ︵ᠤᠯᠤᠰ ᠤᠨ ᠬᠦᠳᠡᠯᠦᠩᠭᠦᠢ ᠲᠤᠬᠢᠷᠠᠭᠤᠯᠭ᠎ᠠ ᠪᠠᠷ ᠦᠨᠳᠦᠰᠦᠯᠡᠯ ᠪᠤᠯᠭᠠᠨ᠎ᠠ︶ ᠲᠤ᠂ ︽14 ᠡᠳᠦᠷ | ᠤᠨ ᠭᠡᠷ ᠲᠤ ᠪᠠᠨ ᠲᠤᠰᠠᠭᠠᠷᠯᠠᠬᠤ ᠠᠨᠠᠭᠠᠬᠤ ᠤᠬᠠᠭᠠᠨ ᠤ ᠠᠵᠢᠭᠯᠠᠯᠳᠠ + 2 ᠤᠳᠠᠭᠠᠨ ᠤ ᠪᠦᠭᠡᠮ ᠬᠦᠴᠢᠯ ᠤᠨ | ᠪᠠᠶᠢᠴᠠᠭᠠᠯᠳᠠ︾ ᠶᠢᠨ ᠡᠵᠡᠮᠳᠡᠨ ᠬᠠᠮᠢᠶᠠᠷᠬᠤ ᠠᠷᠭ᠎ᠠ ᠶᠢ ᠬᠡᠷᠡᠭᠵᠢᠭᠦᠯᠵᠤ᠂ ᠭᠡᠷ ᠲᠤ ᠪᠠᠨ ᠲᠤᠰᠠᠭᠠᠷᠯᠠᠬᠤ ᠨᠦᠬᠦᠴᠡᠯ | ᠬᠦᠷᠦᠯᠴᠡᠬᠦ ᠦᠭᠡᠢ ᠬᠦᠮᠦᠰ ᠲᠤ᠂ ᠪᠦᠬᠦᠨ ᠢ ᠲᠦᠪᠯᠡᠷᠡᠭᠦᠯᠦᠨ ᠲᠤᠰᠠᠭᠠᠷᠯᠠᠬᠤ ᠠᠨᠠᠭᠠᠬᠤ ᠤᠬᠠᠭᠠᠨ ᠤ | ᠠᠵᠢᠭᠯᠠᠯᠳᠠ ᠶᠢ ᠬᠡᠷᠡᠭᠵᠢᠭᠦᠯᠦᠨ᠎ᠡ᠃ ᠦᠪᠡᠷᠳᠡᠭᠡᠨ ᠵᠠᠰᠠᠬᠤ ᠤᠷᠤᠨ ᠠᠴᠠ ᠭᠠᠳᠠᠨᠠᠬᠢ ᠲᠤᠤᠷ᠎ᠠ ᠵᠡᠷᠭᠡ ᠶᠢᠨ | ᠲᠦᠭᠰᠢᠭᠦᠷᠢᠳᠦ ᠤᠷᠤᠨ ᠠᠴᠠ ᠮᠠᠨ ᠤ ᠬᠤᠰᠢᠭᠤᠨ ᠳᠤ ᠢᠷᠡᠭᠰᠡᠨ ᠬᠦᠮᠦᠨ ᠪᠠᠶᠢᠪᠠᠯ᠂ 7 ᠡᠳᠦᠷ ᠤᠨ ᠲᠤᠳᠤᠷᠠᠬᠢ | ᠬᠦᠴᠦᠨ ᠪᠦᠬᠦᠢ ᠪᠦᠭᠡᠮ ᠬᠦᠴᠢᠯ ᠤᠨ ᠰᠦᠬᠡᠷᠬᠦ ᠴᠢᠨᠠᠷᠳᠠᠢ ᠪᠠᠶᠢᠴᠠᠭᠠᠯᠳᠠ ᠶᠢᠨ ᠦᠷ᠎ᠡ ᠳ᠋ᠦᠩ ᠤᠨ ᠮᠡᠳᠡᠭᠦᠯᠦᠯᠳᠡ | ᠪᠤᠶᠤ 7 ᠡᠳᠦᠷ ᠢ ᠪᠠᠭᠳᠠᠭᠠᠬᠤ ᠰᠦᠬᠡᠷᠭᠦ ᠴᠢᠨᠠᠷ ᠢ ᠢᠯᠡᠷᠡᠭᠦᠯᠦᠭᠰᠡᠨ ᠡᠷᠡᠭᠦᠯ ᠮᠡᠨᠳᠦ ᠶᠢᠨ ᠺᠤᠳ᠋ ᠢ ᠭᠠᠷᠭᠠᠵᠤ᠂ | ᠪᠠᠰᠠ ᠬᠤᠪᠢ ᠬᠦᠮᠦᠨ ᠤ ᠬᠠᠮᠠᠭᠠᠯᠠᠯᠳᠠ ᠪᠠᠨ ᠰᠠᠶᠢᠳᠤᠷ ᠬᠢᠭᠰᠡᠨ ᠪᠠᠶᠢᠳᠠᠯ ᠲᠤᠤᠷ᠎ᠠ ᠡᠮᠬᠢ ᠵᠢᠷᠤᠮ ᠲᠠᠢ ᠶᠠᠪᠤᠵᠤ | ᠰᠠᠭᠤᠵᠤ ᠪᠤᠯᠤᠨ᠎ᠠ︔ ᠨᠤᠳᠤᠭ ᠲᠠᠭᠠᠨ ᠪᠤᠴᠠᠭᠰᠠᠳ ᠵᠠᠪᠠᠯ 7 ᠡᠳᠦᠷ ᠤᠨ ᠲᠤᠳᠤᠷᠠᠬᠢ ᠬᠦᠴᠦᠨ ᠪᠦᠬᠦᠢ ᠪᠦᠭᠡᠮ | ᠬᠦᠴᠢᠯ ᠤᠨ ᠰᠦᠬᠡᠷᠬᠦ ᠴᠢᠨᠠᠷᠳᠠᠢ ᠪᠠᠶᠢᠴᠠᠭᠠᠯᠳᠠ ᠶᠢᠨ ᠦᠷ᠎ᠡ ᠳ᠋ᠦᠩ ᠤᠨ ᠮᠡᠳᠡᠭᠦᠯᠦᠯᠳᠡ ᠪᠤᠶᠤ 7 ᠡᠳᠦᠷ ᠢ | ᠪᠠᠭᠳᠠᠭᠠᠬᠤ ᠰᠦᠬᠡᠷᠭᠦ ᠴᠢᠨᠠᠷ ᠢ ᠢᠯᠡᠷᠡᠭᠦᠯᠦᠭᠰᠡᠨ ᠡᠷᠡᠭᠦᠯ ᠮᠡᠨᠳᠦ ᠶᠢᠨ ᠺᠤᠳ᠋ ᠢ ᠭᠠᠷᠭᠠᠵᠤ᠂ 14 ᠡᠳᠦᠷ ᠤᠨ ᠭᠡᠷ | ᠲᠤ ᠪᠠᠨ ᠲᠤᠰᠠᠭᠠᠷᠯᠠᠬᠤ ᠡᠷᠡᠭᠦᠯ ᠮᠡᠨᠳᠦ ᠶᠢᠨ ᠬᠢᠨᠠᠨ ᠪᠠᠶᠢᠴᠠᠭᠠᠯᠳᠠ ᠶᠢ ᠬᠡᠷᠡᠭᠵᠢᠭᠦᠯᠵᠤ᠂ ᠡᠨᠡᠬᠦ ᠬᠤᠭᠤᠴᠠᠭᠠᠨ ᠳᠤ | ᠴᠤᠭᠯᠠᠭᠠᠨ ᠳᠤ ᠤᠷᠤᠯᠴᠠᠬᠤ ᠦᠭᠡᠢ᠂ ᠨᠠᠰᠢ ᠴᠠᠰᠢ ᠶᠠᠪᠤᠬᠤ ᠦᠭᠡᠢ᠂ 7 ᠡᠳᠦᠷ ᠪᠤᠯᠭᠠᠨ ᠳᠤ ᠨᠢᠭᠡ ᠤᠳᠠᠭᠠᠨ ᠤ | ᠪᠦᠭᠡᠮ ᠬᠦᠴᠢᠯ ᠤᠨ ᠪᠠᠶᠢᠴᠠᠭᠠᠯᠳᠠ ᠬᠢᠨ᠎ᠡ᠃ ᠬᠡᠷᠪᠡ ᠡᠶᠡᠷᠬᠦ ᠴᠢᠨᠠᠷ ᠢ ᠢᠯᠡᠷᠡᠭᠦᠯᠦᠭᠰᠡᠨ ᠪᠤᠯ᠂ ᠲᠡᠷᠡ ᠲᠠᠷᠤᠢ ᠳᠤᠨᠢ | ᠱᠠᠭᠠᠷᠳᠠᠯᠭ᠎ᠠ ᠶᠤᠰᠤᠭᠠᠷ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶᠠᠨ ᠳᠤ ᠲᠤᠰᠠᠭᠠᠷᠯᠠᠨ ᠡᠮᠨᠡᠭᠦᠯᠦᠨ᠎ᠡ᠃ | ᠲᠤᠰᠠᠭᠠᠷᠯᠠᠬᠤ ᠵᠢᠴᠢ ᠡᠷᠡᠭᠦᠯ ᠮᠡᠨᠳᠦ ᠶᠢ ᠬᠢᠨᠠᠨ ᠪᠠᠶᠢᠴᠠᠭᠠᠬᠤ ᠬᠤᠭᠤᠴᠠᠭᠠᠨ ᠳᠠᠬᠢ ᠵᠠᠷᠤᠳᠠᠯ ᠢ ᠪᠦᠬᠦᠨ ᠢ | ᠦᠪᠡᠰᠦᠪᠡᠨ ᠬᠠᠷᠢᠭᠤᠴᠠᠨ᠎ᠠ᠃ | ᠭᠤᠷᠪᠠ᠂ ᠰᠠᠭᠠᠳ ᠦᠭᠡᠢ ᠨᠡᠪᠳᠡᠷᠡᠬᠦ ᠺᠤᠳ᠋ ᠢ ᠪᠠᠶᠢᠴᠠᠭᠠᠨ ᠰᠢᠯᠭᠠᠬᠤ ᠡᠯ᠎ᠡ ᠭᠤᠭᠴᠤᠭ᠎ᠠ ᠵᠢᠴᠢ ᠡᠷᠦᠭᠡ | ᠲᠠᠷᠠᠭᠠᠯᠠᠨ ᠪᠠᠶᠢᠴᠠᠭᠠᠬᠤ ᠠᠵᠢᠯ ᠢ ᠴᠢᠩᠭᠠᠳᠬᠠᠨ᠎ᠠ᠃ ᠡᠷᠦᠭᠡ ᠲᠠᠷᠠᠭᠠᠯᠠᠨ ᠪᠠᠶᠢᠴᠠᠭᠠᠬᠤ ᠦᠶᠡᠰ᠂ ᠬᠦᠮᠦᠨ | ᠪᠦᠬᠦᠨ ᠤ ᠺᠤᠳ᠋ ᠪᠠ 7 ᠡᠳᠦᠷ ᠤᠨ ᠲᠤᠳᠤᠷᠠᠬᠢ ᠬᠦᠴᠦᠨ ᠪᠦᠬᠦᠢ ᠪᠦᠭᠡᠮ ᠬᠦᠴᠢᠯ ᠤᠨ ᠪᠠᠶᠢᠴᠠᠭᠠᠯᠳᠠ ᠤᠨ | ᠰᠦᠬᠡᠷᠬᠦ ᠴᠢᠨᠠᠷᠳᠠᠢ ᠮᠡᠳᠡᠭᠦᠯᠦᠯᠳᠡ ᠪᠤᠶᠤ 7 ᠡᠳᠦᠷ ᠢ ᠪᠠᠭᠳᠠᠭᠠᠬᠤ ᠰᠦᠬᠡᠷᠬᠦ ᠴᠢᠨᠠᠷᠳᠠᠢ ᠡᠷᠡᠭᠦᠯ ᠮᠡᠨᠳᠦ ᠶᠢᠨ ᠺᠤᠳ᠋ | ᠢ ᠵᠠᠪᠠᠯ ᠪᠠᠶᠢᠴᠠᠭᠠᠨ ᠰᠢᠯᠭᠠᠨ᠎ᠠ᠃ ︵1 ᠰᠠᠷ᠎ᠠ ᠶᠢᠨ 10 ᠤ ᠡᠳᠦᠷ ᠠᠴᠠ ᠡᠬᠢᠯᠡᠨ᠂ ᠰᠠᠭᠠᠳ ᠦᠭᠡᠢ ᠨᠡᠪᠳᠡᠷᠡᠬᠦ | ᠺᠤᠳ᠋ ᠨᠢ ᠲᠡᠭᠡᠳᠦ ᠵᠡᠷᠭᠡ ᠶᠢᠨ ᠲᠦᠭᠰᠢᠭᠦᠷᠢᠳᠦ ᠤᠷᠤᠨ ᠢ ᠪᠠᠭᠳᠠᠭᠠᠭᠰᠠᠨ ᠬᠤᠳᠠ ᠤᠷᠤᠨ ᠤ ᠨᠡᠷᠡᠶᠢᠳᠦᠯ ᠳᠤ | ᠤᠯᠠᠭᠠᠨ ᠦᠩᠭᠡ ᠪᠠᠷ ᠲᠡᠮᠳᠡᠭᠯᠡᠬᠦ ᠦᠭᠡᠢ᠂ ᠬᠤᠳᠠ ᠤᠷᠤᠨ ᠤ ᠬᠢᠨᠢ ᠨᠡᠷᠡᠶᠢᠳᠦᠯ ᠤᠨ ᠠᠷᠤ ᠲᠠᠯ᠎ᠠ ᠳᠤᠨᠢ | ᠲᠠᠭᠠᠯᠳᠤᠭᠤᠯᠤᠨ ᠲᠤᠮᠳᠠ ᠲᠡᠭᠡᠳᠦ ᠵᠡᠷᠭᠡ ᠶᠢᠨ ᠲᠦᠭᠰᠢᠭᠦᠷᠢᠳᠦ ᠤᠷᠤᠨ ᠭᠡᠵᠤ ᠲᠡᠮᠳᠡᠭᠯᠡᠨ᠂ ᠲᠤᠰ ᠲᠡᠮᠳᠡᠭᠯᠡᠯ ᠨᠢ | ᠵᠦᠪᠬᠡᠨ ᠭᠠᠳᠠᠭᠰᠠᠢ ᠭᠠᠷᠤᠭᠰᠠᠨ ᠰᠠᠨᠠᠭᠤᠯᠤᠮᠵᠢ ᠪᠠᠶᠢᠵᠤ᠂ ᠡᠷᠡᠭᠦᠯ ᠮᠡᠨᠳᠦ ᠶᠢᠨ ᠪᠠᠶᠢᠳᠠᠯ ᠲᠠᠢ ᠬᠠᠮᠢᠶ᠎ᠠ ᠦᠭᠡᠢ︶ | ᠲᠦᠷᠪᠡ᠂ ᠬᠦᠳᠡᠭᠡ ᠲᠤᠰᠬᠤᠨ ᠤ ᠬᠢᠵᠢᠭ ᠤᠨ ᠪᠠᠶᠢᠳᠠᠯ ᠤᠨ ᠬᠢᠨᠠᠨ ᠪᠠᠶᠢᠴᠠᠭᠠᠯᠳᠠ ᠶᠢ ᠴᠢᠩᠭᠠᠳᠬᠠᠨ᠎ᠠ᠃ | 1. ᠪᠠᠶᠢᠴᠠᠭᠠᠬᠤ ᠬᠡᠪᠴᠢᠶ᠎ᠡ ᠪᠠᠨ ᠦᠷᠭᠡᠳᠬᠡᠨ᠂ ᠦᠨᠳᠦᠰᠦᠨ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ | ᠪᠠ ᠬᠤᠪᠢ ᠶᠢᠨ ᠡᠮᠴᠢᠯᠡᠭᠡᠨ ᠤ ᠠᠵᠢᠯᠳᠠᠳ᠂ ᠬᠦᠳᠡᠭᠡ ᠲᠤᠰᠬᠤᠨ ᠤ ᠡᠷᠦᠭᠡ ᠲᠠᠷᠠᠭᠠᠯᠠᠨ ᠪᠠᠶᠢᠴᠠᠭᠠᠬᠤ ᠴᠢᠬᠤᠯᠠᠳᠠᠢ | ᠬᠦᠮᠦᠰ ᠪᠠ ᠲᠤᠰᠠᠯᠠᠨ ᠪᠠᠶᠢᠴᠠᠭᠠᠬᠤ ᠬᠦᠮᠦᠰ ᠵᠡᠷᠭᠡ ᠴᠢᠬᠤᠯᠠ ᠲᠠᠯᠠᠪᠤᠷ ᠪᠠ ᠬᠦᠮᠦᠰ ᠢ ᠲᠤᠭᠳᠠᠭᠰᠠᠨ | ᠬᠤᠭᠤᠴᠠᠭᠠᠨ ᠤ ᠪᠦᠬᠡᠮ ᠬᠦᠴᠢᠯ ᠤᠨ ᠪᠠᠶᠢᠴᠠᠭᠠᠯᠳᠠ ᠤᠨ ᠬᠡᠪᠴᠢᠶ᠎ᠡ ᠳᠤ ᠤᠷᠤᠭᠤᠯᠤᠨ᠎ᠠ᠃ 2. ᠲᠤᠭᠳᠠᠭᠰᠠᠨ | ᠬᠤᠭᠤᠴᠠᠭᠠᠨ ᠳᠤ ︵ᠨᠡᠶᠢᠭᠡᠮ ᠲᠤᠭᠤᠷᠢᠭ︶ ᠭᠠᠴᠠᠭ᠎ᠠ ᠲᠤᠰᠬᠤᠨ ᠤ ᠡᠷᠡᠭᠦᠯ ᠬᠠᠮᠠᠭᠠᠯᠠᠯ ᠤᠨ ᠲᠠᠰᠤᠭ ᠪᠤᠯᠤᠨ | ᠬᠤᠪᠢ ᠶᠢᠨ ᠡᠮᠨᠡᠯᠭᠡ᠂ ᠲᠠᠷᠢᠶᠠᠯᠠᠩ ᠠᠷᠠᠯᠵᠢᠶᠠᠨ ᠤ ᠵᠠᠬ᠎ᠠ ᠲᠡᠯᠭᠡᠭᠦᠷ᠂ ᠬᠡᠳᠦ ᠲᠡᠯᠭᠡᠭᠦᠷ᠂ ᠮᠠᠯᠴᠢᠳ ᠲᠠᠷᠢᠶᠠᠴᠢᠳ | ᠤᠨ ᠬᠦᠳᠡᠯᠭᠡᠭᠡᠨ ᠤ ᠲᠠᠰᠤᠭ᠂ ᠵᠤᠭ᠎ᠠ ᠴᠡᠩᠭᠡᠯ ᠠᠮᠠᠷᠠᠯᠳᠠ ᠶᠢᠨ ᠲᠠᠰᠤᠭ᠂ ᠨᠡᠶᠢᠳᠡ ᠶᠢᠨ ᠵᠤᠷᠯᠤᠩ᠂ ᠨᠠᠰᠤᠳᠠᠳ ᠢ | ᠠᠰᠠᠷᠠᠬᠤ ᠭᠠᠵᠠᠷ ᠵᠡᠷᠭᠡ ᠨᠡᠶᠢᠳᠡ ᠶᠢᠨ ᠲᠠᠯᠠᠪᠤᠷ ᠲᠤ ᠪᠦᠬᠡᠮ ᠬᠦᠴᠢᠯ ᠤᠨ ᠬᠢᠨᠠᠨ ᠪᠠᠶᠢᠴᠠᠭᠠᠯᠳᠠ ᠶᠢᠨ ᠭᠡᠷᠡᠴᠢ ᠶᠢ | ᠪᠠᠶᠢᠴᠠᠭᠠᠨ᠂ ᠲᠤᠭᠳᠠᠭᠰᠠᠨ ᠬᠤᠭᠤᠴᠠᠭᠠᠨ ᠳᠤ ᠡᠷᠦᠭᠡ ᠳᠤ ᠤᠷᠤᠵᠤ ᠬᠡᠪ ᠶᠠᠩᠵᠤ ᠰᠤᠩᠭᠤᠨ ᠪᠠᠶᠢᠴᠠᠭᠠᠯᠳᠠ | ᠬᠢᠨ᠎ᠡ᠃ 3. ︵ᠨᠡᠶᠢᠭᠡᠮ ᠲᠤᠭᠤᠷᠢᠭ︶ ᠭᠠᠴᠠᠭ᠎ᠠ ᠲᠤᠰᠬᠤᠨ ᠤ ᠡᠷᠡᠭᠦᠯ ᠬᠠᠮᠠᠭᠠᠯᠠᠯ ᠤᠨ ᠲᠠᠰᠤᠭ᠂ ᠬᠤᠪᠢ ᠶᠢᠨ | ᠡᠮᠨᠡᠯᠭᠡ᠂ ᠡᠮ ᠤᠨ ᠲᠡᠯᠭᠡᠭᠦᠷ ᠵᠡᠷᠭᠡ ᠬᠠᠷᠠᠭᠤᠯ ᠴᠡᠭ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠬᠠᠯᠠᠭᠤᠨ ᠢ | ᠪᠠᠭᠤᠷᠠᠭᠤᠯᠬᠤ ᠡᠮ᠂ ᠲᠠᠭᠰᠢᠭᠤᠷ ᠤᠨ ᠡᠮ᠂ ᠡᠪᠡᠳᠴᠢᠨ ᠤ ᠬᠤᠤᠷ ᠢ ᠡᠰᠡᠷᠭᠦᠴᠡᠬᠦ ᠡᠮ᠂ ᠪᠠᠺᠲ᠋ᠧᠷᠢ ᠲᠠᠷᠤᠬᠤ ᠡᠮ | ᠵᠡᠷᠭᠡ ᠶᠢ ᠬᠤᠳᠠᠯᠳᠤᠨ ᠠᠪᠤᠭᠰᠠᠨ ᠬᠦᠮᠦᠰ ᠢ ᠦᠨᠡᠨ ᠨᠡᠷ᠎ᠡ ᠪᠠᠷ ᠨᠢ ᠲᠠᠩᠰᠠᠯᠠᠬᠤ ᠲᠦᠷᠢᠮ ᠢ ᠬᠡᠷᠡᠭᠵᠢᠭᠦᠯᠦᠨ᠎ᠡ᠃ | ᠲᠠᠪᠤ᠂ ︽ᠡᠷᠳᠡ ᠢᠯᠡᠷᠡᠭᠦᠯᠵᠤ᠂ ᠡᠷᠳᠡ ᠮᠡᠳᠡᠭᠦᠯᠬᠦ︾ ᠴᠢᠳᠠᠮᠵᠢ ᠪᠠᠨ ᠲᠡᠭᠡᠭᠰᠢᠯᠡᠭᠦᠯᠦᠨ᠎ᠡ᠃ ᠠᠩᠬ᠎ᠠ | ᠤᠨᠤᠰᠢᠯᠠᠬᠤ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠬᠡᠷᠡᠭᠵᠢᠭᠦᠯᠵᠤ᠂ ᠨᠡᠶᠢᠭᠡᠮ ᠲᠤᠭᠤᠷᠢᠭ ︵ᠭᠠᠴᠠᠭ᠎ᠠ | ᠲᠤᠰᠬᠤᠨ︶ ᠤᠨ ᠡᠷᠡᠭᠦᠯ ᠬᠠᠮᠠᠭᠠᠯᠠᠯ ᠤᠨ ᠲᠠᠰᠤᠭ ᠪᠤᠯᠤᠨ ᠬᠤᠪᠢ ᠶᠢᠨ ᠡᠮᠨᠡᠯᠭᠡ ᠳᠤ ᠰᠡᠵᠢᠭᠯᠡᠯᠳᠠᠢ ᠡᠪᠡᠳᠴᠢᠳᠡᠨ | ᠢ ᠢᠯᠡᠷᠡᠭᠦᠯᠪᠡᠯ᠂ ᠬᠤᠴᠤᠷᠭᠠᠨ ᠠᠵᠢᠭᠯᠠᠬᠤ ᠶᠢᠨ ᠬᠠᠮᠳᠤ 2 ᠴᠠᠭ ᠤᠨ ᠲᠤᠳᠤᠷ᠎ᠠ ᠰᠤᠮᠤ ᠰᠢᠶᠠᠩ ᠪᠠᠯᠭᠠᠰᠤᠨ ︵ | ᠲᠠᠯᠠᠪᠠᠢ︶ ᠤ ᠡᠷᠡᠭᠦᠯ ᠬᠠᠮᠠᠭᠠᠯᠠᠯ ᠤᠨ ᠬᠤᠷᠢᠶ᠎ᠠ ᠳᠤ ᠮᠡᠳᠡᠭᠦᠯᠵᠤ᠂ ᠲᠤᠬᠠᠢ ᠶᠢᠨ ᠭᠠᠵᠠᠷ ᠠᠴᠠ ᠬᠡᠪ ᠶᠠᠩᠵᠤ | ᠠᠪᠬᠤ ᠪᠠ ᠬᠦᠷᠭᠡᠨ ᠪᠠᠶᠢᠴᠠᠭᠠᠬᠤ ᠠᠵᠢᠯ ᠢ ᠬᠠᠷᠢᠭᠤᠴᠠᠵᠤ᠂ ︽ᠬᠦᠳᠡᠭᠡ ᠲᠤᠰᠬᠤᠨ ᠠᠴᠠ ᠮᠡᠳᠡᠭᠦᠯᠵᠤ᠂ ᠰᠤᠮᠤ | ᠰᠢᠶᠠᠩ ᠠᠴᠠ ᠬᠡᠪ ᠶᠠᠩᠵᠤ ᠠᠪᠴᠦ᠂ ᠬᠤᠰᠢᠭᠤ ᠠᠴᠠ ᠪᠠᠶᠢᠴᠠᠭᠠᠨ ᠬᠢᠨᠠᠬᠤ︾ ᠲᠤᠭᠳᠠᠭᠠᠯ ᠪᠤᠯᠤᠨ ᠬᠠᠮᠢᠶ᠎ᠠ | ᠪᠦᠬᠦᠢ ᠰᠢᠯᠵᠢᠭᠦᠯᠦᠨ ᠡᠮᠨᠡᠭᠦᠯᠬᠦ ᠵᠡᠷᠭᠡ ᠰᠢᠢᠳᠪᠦᠷᠢᠯᠡᠬᠦ ᠶᠠᠪᠤᠴᠠ ᠶᠢ ᠬᠡᠷᠡᠭᠵᠢᠭᠦᠯᠦᠨ᠎ᠡ᠃ | ᠵᠢᠷᠭᠤᠭ᠎ᠠ᠂ ᠴᠤᠭᠯᠠᠷᠠᠯ ᠤᠨ ᠴᠢᠨᠠᠷᠳᠠᠢ ᠬᠦᠳᠡᠯᠭᠡᠭᠡᠨ ᠤ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ | ᠴᠢᠩᠭᠠᠳᠬᠠᠨ᠎ᠠ᠃ ᠦᠷᠭᠡᠨ ᠤᠯᠠᠨ ᠠᠷᠠᠳ ᠲᠦᠮᠡᠨ ︽ᠠᠮᠠᠪᠴᠢ ᠵᠡᠭᠦᠨ ︵ᠤᠨᠴᠠᠭᠠᠶᠢᠯᠠᠨ ᠨᠡᠶᠢᠳᠡ ᠶᠢᠨ ᠵᠠᠮ | ᠬᠠᠷᠢᠯᠴᠠᠭᠠᠨ ᠤ ᠮᠠᠰᠢᠨ ᠪᠤᠯᠤᠨ ᠨᠡᠶᠢᠳᠡ ᠶᠢᠨ ᠲᠠᠯᠠᠪᠤᠷ ᠲᠤ ᠬᠦᠳᠡᠯᠭᠡᠭᠡᠨ ᠬᠢᠬᠦ ᠦᠶᠡᠰ︶᠂ ᠭᠠᠷ ᠢᠶᠠᠨ ᠰᠠᠶᠢᠳᠤᠷ | ᠤᠬᠢᠶᠠᠵᠤ᠂ ᠦᠷᠬᠦᠯᠵᠢ ᠰᠠᠯᠬᠢ ᠨᠡᠪᠳᠡᠷᠡᠭᠦᠯᠦᠨ᠂ ᠲᠤᠳᠠᠭᠤ ᠴᠤᠭᠯᠠᠷᠠᠨ ᠨᠠᠭᠠᠳᠴᠦ᠂ ᠨᠢᠭᠡ ᠮᠧᠲᠷ ᠤᠨ ᠵᠠᠢ ᠶᠢ | ᠪᠠᠳᠤᠯᠠᠨ᠂ ᠨᠡᠶᠢᠳᠡ ᠶᠢᠨ ᠰᠠᠪᠬ᠎ᠠ ᠶᠢ ᠵᠠᠷᠤᠵᠤ᠂ ᠬᠤᠪᠢᠳᠠᠨ ᠬᠤᠭᠤᠯᠠᠯᠠᠬᠤ ᠲᠦᠷᠢᠮ ᠢ ᠶᠠᠪᠤᠭᠳᠠᠭᠤᠯᠬᠤ︾ ᠵᠡᠷᠭᠡ | ᠰᠢᠯᠢᠳᠡᠭ ᠰᠠᠶᠢᠨ ᠡᠷᠡᠭᠦᠯ ᠬᠠᠮᠠᠭᠠᠯᠠᠯ ᠤᠨ ᠲᠠᠳᠬᠠᠯ ᠢᠶᠠᠨ ᠪᠠᠷᠢᠮᠳᠠᠯᠠᠬᠤ ᠬᠡᠷᠡᠭᠳᠠᠢ᠃ ᠰᠦᠯᠵᠢᠶᠡᠨ ᠲᠡᠭᠡᠷ᠎ᠡ | ᠮᠡᠨᠳᠦᠴᠢᠯᠡᠨ ᠰᠢᠨᠡᠯᠡᠬᠦ᠂ ᠴᠠᠭᠠᠨ ᠰᠠᠷ᠎ᠠ ᠶᠢᠨ ᠬᠤᠭᠤᠴᠠᠭᠠᠨ ᠳᠤ ᠰᠠᠳᠤᠨ ᠨᠠᠶᠢᠵᠠ ᠶᠢᠨ ᠬᠢ ᠪᠠᠷ ᠲᠤᠭᠤᠷᠢᠬᠤ ᠪᠠᠨ | ᠪᠠᠭᠠᠰᠬᠠᠵᠤ᠂ ᠤᠯᠠᠨ ᠬᠦᠮᠦᠨ ᠲᠠᠢ ᠴᠤᠭᠯᠠᠷᠠᠬᠤ ᠦᠭᠡᠢ᠂ ᠪᠤᠯᠬᠤ ᠶᠢᠨ ᠲᠤᠳᠤᠷ᠎ᠠ ᠬᠦᠮᠦᠨ ᠤᠯᠠᠨ ᠲᠦᠪᠯᠡᠷᠡᠭᠰᠡᠨ | ᠭᠠᠵᠠᠷ ᠶᠠᠪᠤᠬᠤ ᠦᠭᠡᠢ ᠪᠠᠶᠢᠵᠤ᠂ ᠡᠷᠡᠭᠦᠯ ᠴᠢᠬᠢᠷᠠᠭ ᠠᠮᠢᠳᠤᠷᠠᠯ ᠤᠨ ᠠᠷᠭ᠎ᠠ ᠮᠠᠶ᠋ᠢᠭ ᠢ ᠡᠷᠬᠢᠮᠡᠯᠡᠨᠡ᠃ ᠬᠡᠷᠪᠡ | ᠬᠠᠯᠠᠭᠤᠷᠠᠬᠤ᠂ ᠬᠠᠨᠢᠶᠠᠬᠤ᠂ ᠬᠡᠳᠡᠰᠦ ᠬᠦᠶᠦᠯᠬᠡᠬᠦ᠂ ᠶᠠᠳᠠᠷᠠᠬᠤ ᠵᠡᠷᠭᠡ ᠢᠯᠡᠷᠡᠯ ᠲᠠᠢ ᠪᠠᠶᠢᠪᠠᠯ᠂ ᠠᠮᠠᠪᠴᠢ ᠪᠠᠨ | ᠰᠠᠶᠢᠳᠤᠷ ᠵᠡᠭᠦᠵᠤ᠂ ᠲᠡᠷᠡ ᠲᠠᠷᠤᠢ ᠳᠤᠨᠢ ᠤᠶᠢᠷ᠎ᠠ ᠬᠠᠪᠢ ᠶᠢᠨ ᠡᠮᠨᠡᠯᠭᠡ ᠶᠢᠨ ᠪᠠᠶᠢᠭᠤᠯᠤᠮᠵᠢ ᠳᠤ ᠤᠴᠢᠵᠤ | ᠪᠠᠶᠢᠴᠠᠭᠠᠯᠭᠠᠨ ᠡᠮᠨᠡᠭᠦᠯᠵᠤ᠂ ᠡᠮᠨᠡᠭᠦᠯᠬᠦ ᠶᠠᠪᠤᠴᠠ ᠳᠤ ᠨᠡᠶᠢᠳᠡ ᠶᠢᠨ ᠵᠠᠮ ᠬᠠᠷᠢᠯᠴᠠᠭᠠᠨ ᠤ ᠪᠠᠭᠠᠵᠢ ᠶᠢ ᠬᠡᠷᠡᠭᠯᠡᠬᠦ | ᠠᠴᠠ ᠵᠠᠶᠢᠯᠠᠰᠬᠢᠨ᠎ᠡ᠃ | | ᠲᠦᠷᠪᠡᠳ ᠬᠤᠰᠢᠭᠤᠨ ᠤ ᠰᠢᠨ᠎ᠡ ᠬᠡᠯᠪᠡᠷᠢ ᠶᠢᠨ ᠲᠢᠳᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ | ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠤᠯᠭ᠎ᠠ ᠶᠢᠨ ᠲᠦᠪ | 2021 ᠤᠨ ᠤ 1 ᠰᠠᠷ᠎ᠠ ᠶᠢᠨ 27 ᠤ ᠡᠳᠦᠷ |