ᠲᠦᠷᠪᠡᠳ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ | ᠰᠡᠷᠬᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠲᠦᠪ ᠤᠨ ᠴᠠᠭᠠᠨ ᠰᠠᠷ᠎ᠠ ᠵᠢᠴᠢ ᠡᠪᠦᠯ ᠬᠠᠪᠤᠷ ᠤᠨ | ᠬᠤᠭᠤᠴᠠᠭᠠᠨ ᠳᠠᠬᠢ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠠᠵᠢᠯ ᠢ ᠰᠠᠶᠢᠳᠦᠷ ᠬᠢᠬᠦ ᠲᠤᠬᠠᠢ ᠠᠯᠪᠠᠨ | ᠵᠠᠷᠯᠠᠯ | ︵ᠨᠢᠬᠡᠳᠦᠬᠡᠷ ᠲᠤᠭᠠᠳᠦ︶ | ᠤᠳᠤᠬᠠᠨ ᠳᠤ᠂ ᠤᠯᠤᠰ ᠤᠨ ᠭᠠᠳᠠᠭᠠᠳᠦ ᠳᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ | ᠦᠷᠬᠡᠵᠢᠨ ᠲᠠᠷᠬᠠᠵᠦ᠂ ᠤᠯᠤᠰ ᠤᠨ ᠲᠤᠳᠤᠭᠠᠳᠦ ᠳᠤ ᠡᠳᠦᠢ ᠲᠡᠳᠦᠢ ᠢᠯᠡᠷᠡᠨ ᠬᠡᠰᠡᠭ ᠭᠠᠵᠠᠷ ᠲᠤ ᠲᠦᠪᠯᠡᠷᠡᠩᠭᠦᠢ | ᠴᠢᠨᠠᠷᠳᠠᠢ ᠰᠤᠯᠪᠢᠴᠠᠨ ᠲᠠᠷᠬᠠᠬᠤ ᠬᠠᠨᠳᠤᠰᠢ ᠭᠠᠷᠴᠦ᠂ ᠰᠡᠷᠬᠡᠶᠢᠯᠡᠨ ᠡᠵᠡᠮᠳᠡᠬᠦ ᠲᠠᠯ᠎ᠠ ᠶᠢᠨ ᠠᠵᠢᠯ ᠬᠦᠨᠳᠦ | ᠪᠤᠳᠤᠯᠢᠶᠠᠨ ᠲᠠᠢ ᠪᠤᠯᠤᠭᠠᠳ ᠪᠠᠶᠢᠨ᠎ᠠ᠃ ᠴᠠᠭᠠᠨ ᠰᠠᠷ᠎ᠠ ᠤᠳᠠᠯ ᠦᠭᠡᠢ ᠪᠤᠯᠬᠤ ᠬᠡᠵᠦ ᠪᠠᠶᠢᠭ᠎ᠠ ᠠᠴᠠ ᠭᠠᠳᠠᠭᠠᠳᠦ | ᠠᠴᠠ ᠪᠤᠴᠠᠵᠦ ᠢᠷᠡᠬᠦ ᠬᠦᠮᠦᠰ ᠪᠠ ᠲᠤᠳᠤᠭᠠᠳᠦ ᠳᠤ ᠶᠠᠪᠤᠵᠦ ᠰᠢᠯᠵᠢᠬᠦ ᠪᠠᠶᠢᠳᠠᠯ ᠤᠯᠠᠰᠢᠷᠡᠵᠦ᠂ ᠬᠤᠷᠠᠵᠦ | ᠴᠤᠭᠯᠠᠷᠠᠬᠤ ᠬᠦᠳᠡᠯᠬᠡᠬᠡᠨ ᠤᠨᠴᠠᠭᠠᠶᠢᠯᠠᠨ ᠬᠡᠷ ᠲᠤᠳᠤᠷᠠᠬᠢ ᠬᠦᠳᠡᠯᠬᠡᠬᠡᠨ ᠨᠡᠮᠡᠭᠳᠡᠨ᠂ ᠭᠠᠳᠠᠭᠠᠳᠦ ᠠᠴᠠ | ᠤᠷᠤᠭᠤᠯᠬᠤ ᠬᠦᠢᠳᠡᠨ ᠬᠦᠯᠳᠡᠬᠦᠦ ᠢᠳᠡᠬᠡᠨ ᠪᠠ ᠡᠳ᠋ ᠪᠠᠷᠠᠭᠠᠨ ᠤ ᠬᠦᠢᠯᠬᠡᠬᠡ ᠶᠢᠨ ᠬᠡᠮᠵᠢᠶ᠎ᠠ ᠶᠡᠬᠡᠰᠴᠦ᠂ ᠬᠢᠵᠢᠭ | ᠲᠠᠷᠬᠠᠬᠤ ᠲᠦᠭᠰᠢᠬᠦᠷᠢ ᠶᠢ ᠨᠡᠮᠡᠭᠳᠡᠬᠦᠯᠦᠭᠰᠡᠨ ᠪᠠᠶᠢᠨ᠎ᠠ᠃ ᠮᠠᠨ ᠤ ᠬᠤᠰᠢᠭᠤᠨ ᠤ ᠪᠠᠨ ᠴᠠᠭᠠᠨ ᠰᠠᠷ᠎ᠠ ᠵᠢᠴᠢ ᠡᠪᠦᠯ | ᠬᠠᠪᠤᠷ ᠤᠨ ᠬᠤᠭᠤᠴᠠᠭᠠᠨ ᠳᠠᠬᠢ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ | ᠰᠡᠷᠬᠡᠶᠢᠯᠡᠨ ᠡᠵᠡᠮᠳᠡᠬᠦ ᠠᠵᠢᠯ ᠢ ᠰᠠᠶᠢᠳᠦᠷ ᠬᠢᠬᠦ ᠶᠢᠨ ᠲᠤᠯᠠᠳᠠ᠂ ᠬᠠᠮᠢᠶ᠎ᠠ ᠪᠦᠬᠦᠢ ᠶᠠᠪᠤᠳᠠᠯ ᠢ ᠲᠤᠤᠷ᠎ᠠ ᠮᠡᠳᠡᠭᠳᠡᠶ᠎ᠠ | ᠄ | ᠨᠢᠬᠡ᠂ ᠪᠦᠬᠦ ᠤᠯᠤᠰ ᠤᠨ ᠬᠢᠵᠢᠭ ᠤᠨ ᠲᠦᠭᠰᠢᠬᠦᠷᠢ ᠶᠢᠨ ᠲᠤᠮᠳᠠ ᠲᠡᠬᠡᠳᠦ ᠬᠡᠮᠵᠢᠶᠠᠨ ᠤ ᠤᠷᠤᠨ ᠢ ᠨᠢᠭᠳᠠ | ᠠᠩᠬᠠᠷᠬᠤ ᠬᠡᠷᠡᠭᠳᠠᠢ᠃ | 1 ᠰᠠᠷ᠎ᠠ ᠶᠢᠨ 6 ᠤ ᠡᠳᠦᠷ ᠪᠤᠯᠳᠠᠯ᠎ᠠ᠂ ᠪᠦᠬᠦ ᠤᠯᠤᠰ ᠲᠤ ᠨᠠᠶᠢᠳᠠ 1 ᠬᠢᠵᠢᠭ ᠤᠨ ᠲᠦᠭᠰᠢᠬᠦᠷᠢ ᠶᠢᠨ | ᠲᠤᠮᠳᠠ ᠬᠡᠮᠵᠢᠶᠠᠨ ᠤ ᠤᠷᠤᠨ ᠪᠤᠢ᠄ ᠱᠢ ᠵᠢᠶᠠ ᠵᠤᠸᠠᠩ ᠬᠤᠳᠠ ᠶᠢᠨ ᠭᠤᠤ ᠴᠧᠩ ᠲᠤᠭᠤᠷᠢᠭ ᠤᠨ ᠽᠧᠩ ᠼᠦᠨ | ᠲᠤᠰᠬᠤᠨ ᠤ ᠰᠢᠶᠣᠣ ᠭᠥᠸᠧ ᠵᠤᠸᠠᠩ ᠲᠤᠰᠬᠤᠨ᠃ 49 ᠬᠢᠵᠢᠭ ᠤᠨ ᠲᠦᠭᠰᠢᠬᠦᠷᠢ ᠶᠢᠨ ᠲᠡᠬᠡᠳᠦ ᠬᠡᠮᠵᠢᠶᠠᠨ ᠤ | ᠤᠷᠤᠨ ᠪᠤᠢ᠄ ᠪᠡᠬᠡᠵᠢᠩ ᠬᠤᠳᠠ ᠶᠢᠨ ᠱᠦᠨ ᠢ ᠲᠤᠭᠤᠷᠢᠭ ᠤᠨ ᠨᠠᠨ ᠹᠠ ᠰᠢᠨ ᠪᠠᠯᠭᠠᠰᠤᠨ ᠤ ᠰᠢ ᠱᠧ ᠯᠠᠨ | ᠲᠤᠰᠬᠤᠨ᠂ ᠨᠠᠨ ᠹᠠ ᠰᠢᠨ ᠪᠠᠯᠭᠠᠰᠤᠨ ᠤ ᠳ᠋ᠦᠩ ᠬᠠᠢ ᠬᠤᠩ ᠲᠤᠰᠬᠤᠨ᠂ ᠭᠤᠤ ᠯᠢ ᠶᠢᠩ ᠪᠠᠯᠭᠠᠰᠤᠨ ᠤ ᠳ᠋ᠦᠩ | ᠮᠠ ᠭᠧ ᠵᠤᠸᠠᠩ ᠲᠤᠰᠬᠤᠨ᠂ ᠭᠤᠤ ᠯᠢ ᠶᠢᠩ ᠪᠠᠯᠭᠠᠰᠤᠨ ᠤ ᠵᠠᠩ ᠰᠢ ᠵᠤᠸᠠᠩ ᠲᠤᠰᠬᠤᠨ᠂ ᠨᠠᠨ ᠼᠠᠢ ᠵᠧᠨ | ᠪᠠᠯᠭᠠᠰᠤᠨ ᠤ ᠨᠠᠨ ᠼᠠᠢ ᠲᠤᠰᠬᠤᠨ᠂ ᠷᠧᠨ ᠾᠧ ᠪᠠᠯᠭᠠᠰᠤᠨ ᠤ ᠾᠧ ᠨᠠᠨ ᠲᠤᠰᠬᠤᠨ᠂ ᠴᠣᠣ ᠶᠠᠩ ᠲᠤᠭᠤᠷᠢᠭ | ᠤᠨ ᠬᠠᠨ ᠲᠢᠩ ᠪᠠᠭᠤᠳᠠᠯ ᠤᠨ ᠳ᠋ᠠ ᠱᠠᠨ ᠽᠢ ᠠᠰᠠᠷ︔ ᠡᠾᠧᠪᠸᠢ ᠮᠤᠵᠢ ᠶᠢᠨ ᠱᠢ ᠵᠢᠶᠠ ᠵᠤᠸᠠᠩ ᠬᠤᠳᠠ ᠶᠢᠨ | ᠭᠤᠤ ᠴᠧᠩ ᠲᠤᠭᠤᠷᠢᠭ ᠤᠨ ᠽᠧᠩ ᠼᠦᠨ ᠪᠠᠯᠭᠠᠰᠤᠨ ᠤ ᠯᠢᠦ ᠵᠢᠶᠠ ᠽᠦᠸᠧ ᠲᠤᠰᠬᠤᠨ᠂ ᠰᠢᠩ ᠲᠠᠢ ᠱᠢ | ᠬᠤᠳᠠ ᠶᠢᠨ ᠨᠠᠨ ᠬᠦᠩ ᠱᠢ ᠶᠢᠨ ᠲᠢᠶᠠᠨ ᠳ᠋ᠢ ᠮᠢᠩ ᠴᠧᠩ ᠬᠤᠷᠢᠶᠠᠯᠠᠯ᠂ ᠲᠢᠶᠠᠨ ᠢ ᠾᠧ ᠶᠤᠸᠠᠨ ᠬᠤᠷᠢᠶᠠᠯᠠᠯ᠂ | ᠹᠧᠩ ᠯᠠᠨ ᠵᠡᠬᠡᠯᠡᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︔ ᠯᠢᠶᠤᠤᠨᠢᠩ ᠮᠤᠵᠢ ᠶᠢᠨ ᠮᠦᠭᠳᠡᠨ ᠬᠤᠳᠠ ᠶᠢᠨ | ᠢᠦᠢ ᠬᠤᠩ ᠲᠤᠭᠤᠷᠢᠭ ᠤᠨ ᠪᠧᠢ ᠯᠢᠩ ᠵᠡᠬᠡᠯᠢ ᠶᠢᠨ ᠬᠤᠩ ᠳ᠋ᠠ ᠨᠡᠶᠢᠬᠡᠮ ᠲᠤᠭᠤᠷᠢᠭ᠂ ᠬᠤᠸᠠ ᠷᠦᠩ ᠰᠢᠶᠠᠩ | ᠱᠦ ᠸᠠᠨ ᠤ ᠬᠤᠶᠠᠳᠤᠭᠠᠷ ᠬᠤᠭᠤᠴᠠᠭᠠᠨ ᠤ ᠬᠤᠷᠢᠶᠠᠯᠠᠯ᠂ ᠵᠦᠩ ᠬᠠᠢ ᠴᠧᠩ ᠰᠢᠩ ᠽᠦᠸᠧ ᠬᠤᠷᠢᠶᠠᠯᠠᠯ᠂ | ᠬᠤᠸᠠᠩ ᠭᠦ᠋ ᠲᠤᠭᠤᠷᠢᠭ ᠤᠨ ᠵᠢᠢ ᠶᠧ ᠪᠠᠢ ᠬᠤᠸᠠ ᠶᠤᠸᠠᠨ ᠬᠤᠷᠢᠶᠠᠯᠠᠯ᠂ ᠬᠤᠸᠠ ᠬᠦᠩ ᠬᠤᠷᠢᠶᠠᠯᠠᠯ᠂ ᠰᠢ ᠱᠦᠢ | ᠵᠠᠬᠡᠯᠢ ᠶᠢᠨ 1 ᠳ᠋ᠤᠬᠡᠷ ᠨᠤᠮᠧᠷᠳᠦ ᠠᠰᠠᠷ᠂ ᠢ ᠬᠠᠢ ᠶᠠᠩ ᠭᠤᠸᠠᠩ ᠨᠢᠬᠡᠳᠦᠬᠡᠷ ᠬᠤᠭᠤᠴᠠᠭᠠᠨ ᠤ ᠬᠤᠷᠢᠶᠠᠯᠠᠯ᠂ | ᠺᠦᠨ ᠱᠠᠨ ᠤ ᠪᠠᠷᠠᠭᠤᠨ ᠵᠠᠮ ᠤᠨ ᠰᠢᠶᠠᠩ ᠬᠦᠩ ᠬᠤᠷᠢᠶᠠᠯᠠᠯ ᠤᠨ ᠵᠠᠬᠦᠨ ᠲᠤᠭᠤᠷᠢᠭ᠂ ᠺᠦᠨ ᠱᠠᠨ ᠤ ᠪᠠᠷᠠᠭᠤᠨ | ᠵᠠᠮ ᠤᠨ ᠵᠦᠩ ᠬᠠᠢ ᠬᠤᠸᠠᠨ ᠢᠦᠢ ᠲᠢᠶᠠᠨ ᠰᠢᠶᠠ ᠲᠢᠶᠠᠨ ᠶᠤᠸᠠᠢ ᠬᠦᠷᠢᠶᠠᠯᠠᠩ ᠲᠤᠭᠤᠷᠢᠭ᠂ ᠮᠢᠩ ᠯᠢᠶᠠᠨ ᠯᠤ᠋ | ᠵᠠᠮ ᠤᠨ ᠪᠥᠸᠧ ᠺᠧ ᠳ᠋ᠢ ᠳ᠋ᠠᠢ ᠬᠤᠷᠢᠶᠠᠯᠠᠯ᠂ ᠮᠢᠩ ᠯᠢᠶᠠᠨ ᠵᠠᠮ ᠤᠨ ᠢ ᠬᠠᠢ ᠶᠠᠩ ᠭᠤᠸᠠᠩ᠂ ᠱᠧ ᠯᠢ ᠲᠠ | ᠵᠠᠬᠡᠯᠢ ᠶᠢᠨ ᠱᠢ ᠵᠢᠢ ᠰᠢᠤᠸᠠᠢ ᠹᠦ᠋᠂ ᠬᠤᠸᠠ ᠱᠠᠨ ᠵᠡᠬᠡᠯᠢ ᠶᠢᠨ ᠺᠦᠨ ᠫᠧᠩ ᠬᠤᠷᠢᠶᠠᠯᠠᠯ᠂ ᠮᠢᠩ ᠯᠢᠶᠠᠨ ᠵᠠᠬᠡᠯᠢ | ᠶᠢᠨ ᠮᠢᠩ ᠯᠢᠶᠠᠨ ᠬᠤᠷᠢᠶᠠᠯᠠᠯ᠂ ᠮᠢᠩ ᠯᠢᠶᠠᠨ ᠵᠡᠬᠡᠯᠢ ᠶᠢᠨ ᠬᠤᠸᠠ ᠷᠦᠢ ᠲᠠ ᠸᠠᠨ ᠰᠢᠩ ᠴᠧᠩ᠂ ᠲᠢᠶᠧ ᠰᠢ | ᠲᠤᠭᠤᠷᠢᠭ ᠤᠨ ᠪᠧᠢ ᠡᠯ ᠵᠠᠬᠦᠨ ᠵᠠᠮ ᠤᠨ ᠱᠧᠨ ᠲᠢᠶᠧ ᠰᠢᠩ ᠭᠦᠩ ᠵᠢᠶᠠ ᠶᠤᠸᠠᠨ ᠬᠤᠷᠢᠶᠠᠯᠠᠯ᠂ ᠳ᠋ᠠᠯᠢᠶᠠᠨ | ᠬᠤᠳᠠ ᠶᠢᠨ ᠶᠢᠨ ᠫᠦ᠋ ᠰᠢᠨ ᠲᠤᠭᠤᠷᠢᠭ ᠤᠨ ᠲᠡᠷᠢᠬᠦᠨ ᠤ ᠵᠠᠬᠡᠯᠢ ᠶᠢᠨ ᠶᠢᠨ ᠷᠥᠩ ᠬᠤᠷᠢᠶᠠᠯᠠᠯ ᠤᠨ B ᠬᠡᠰᠡᠭ᠂ | ᠲᠡᠷᠢᠬᠦᠨ ᠤ ᠵᠡᠬᠡᠯᠢ ᠶᠢᠨ ᠮᠢᠨ ᠰᠢᠨ ᠨᠡᠶᠢᠬᠡᠮ ᠲᠤᠭᠤᠷᠢᠭ᠂ ᠭᠤᠸᠠᠩ ᠵᠦᠩ ᠵᠡᠬᠡᠯᠢ ᠶᠢᠨ ᠶᠢᠨ ᠳ᠋ᠦᠩ ᠯᠤ᠋ ᠨᠡᠶᠢᠬᠡᠮ | ᠲᠤᠭᠤᠷᠢᠭ᠂ ᠭᠤᠸᠠᠩ ᠵᠦᠩ ᠵᠠᠬᠡᠯᠢ ᠶᠢᠨ ᠬᠤᠩ ᠴᠢ ᠨᠡᠶᠢᠬᠡᠮ ᠲᠤᠭᠤᠷᠢᠭ᠂ ᠭᠤᠸᠠᠩ ᠵᠦᠩ ᠵᠡᠬᠡᠯᠢ ᠶᠢᠨ ᠱᠧᠩ | ᠯᠢ ᠳ᠋ᠦᠩ ᠨᠡᠶᠢᠬᠡᠮ ᠲᠤᠭᠤᠷᠢᠭ᠂ ᠭᠤᠸᠠᠩ ᠵᠦᠩ ᠵᠡᠬᠡᠯᠢ ᠶᠢᠨ ᠳ᠋ᠣᠣ ᠺᠠᠩ ᠯᠧ ᠨᠡᠶᠢᠬᠡᠮ ᠲᠤᠭᠤᠷᠢᠭ᠂ ᠨᠦᠬᠦᠷᠯᠠᠯ | ᠵᠡᠬᠡᠯᠢ ᠶᠢᠨ ᠰᠢᠩ ᠮᠢᠨ ᠲᠤᠰᠬᠤᠨ᠂ ᠵᠠᠨ ᠴᠢᠶᠠᠨ ᠵᠡᠬᠡᠯᠢ ᠯᠢᠶᠠᠨ ᠱᠧᠨ ᠨᠡᠶᠢᠬᠡᠮ ᠲᠤᠭᠤᠷᠢᠭ᠂ ᠵᠠᠨ ᠴᠢᠶᠠᠨ ᠵᠡᠬᠡᠯᠢ | ᠶᠢᠨ ᠳ᠋ᠣᠣ ᠱᠧᠩ ᠪᠢᠨ ᠨᠠᠶᠢᠬᠡᠮ ᠲᠤᠭᠤᠷᠢᠭ᠂ ᠱᠠ ᠾᠧ ᠺᠧᠦ ᠲᠤᠭᠤᠷᠢᠭ ᠤᠨ ᠰᠢᠩ ᠬᠠᠢ ᠸᠠᠨ ᠵᠡᠬᠡᠯᠢ ᠶᠢᠨ ᠰᠢᠩ | ᠬᠠᠢ ᠴᠡᠴᠡᠷᠯᠢᠭᠳᠦ ᠨᠡᠶᠢᠬᠡᠮ ᠲᠤᠭᠤᠷᠢᠭ᠂ ᠭᠤᠤ ᠰᠢᠨ ᠬᠦᠷᠢᠶᠠᠯᠠᠩ ᠲᠤᠭᠤᠷᠢᠭ ᠤᠨ ᠯᠢᠩ ᠱᠦᠢ ᠵᠡᠬᠡᠯᠢ ᠶᠢᠨ ᠳ᠋ᠠ | ᠶᠧᠦ ᠲᠢᠶᠠᠨ ᠶᠤᠸᠠᠨ ᠨᠡᠶᠢᠬᠡᠮ ᠲᠤᠭᠤᠷᠢᠭ︔ ᠬᠠᠷᠠᠮᠦ᠋ᠷᠡᠨ ᠮᠤᠵᠢ ᠶᠢᠨ ᠡᠾᠢᠾ ᠬᠤᠳᠠ ᠶᠢᠨ ᠠᠢ ᠬᠤᠢ ᠲᠤᠭᠤᠷᠢᠭ | ᠤᠨ ᠮᠦᠩᠭᠦᠨ ᠬᠦᠢᠯᠬᠡᠬᠡᠨ ᠤ ᠨᠠᠶᠢᠬᠡᠮ ᠲᠤᠭᠤᠷᠢᠭ ᠤᠨ ᠮᠤᠵᠢ ᠶᠢᠨ ᠵᠢᠶᠠᠨ ᠼᠠᠢ ᠯᠧᠦ ᠬᠤᠷᠢᠶᠠᠯᠠᠯ᠂ ᠯᠠᠮᠠᠳᠠᠢ | ᠨᠡᠶᠢᠬᠡᠮ ᠲᠤᠭᠤᠷᠢᠭ ᠤᠨ ᠰᠢᠤᠸᠠᠢ ᠹᠦ᠋ ᠵᠢᠶᠠ ᠶᠤᠸᠠᠨ ᠬᠤᠷᠢᠶᠠᠯᠠᠯ᠂ ᠷᠧ ᠳ᠋ᠢᠶᠠᠨ ᠨᠠᠶᠢᠬᠡᠮ ᠲᠤᠭᠤᠷᠢᠭ ᠤᠨ ᠰᠢᠨ | ᠱᠧᠩ ᠾᠥᠸᠧ ᠵᠢᠶᠠ ᠶᠤᠸᠠᠨ ᠬᠤᠷᠢᠶᠠᠯᠠᠯ᠂ ᠷᠧ ᠳ᠋ᠢᠶᠠᠨ ᠨᠠᠶᠢᠬᠡᠮ ᠲᠤᠭᠤᠷᠢᠭ ᠤᠨ ᠲᠢᠶᠠᠨ ᠰᠾᠢ ᠬᠤᠷᠢᠶᠠᠯᠠᠯ᠂ | ᠷᠧ ᠳ᠋ᠢᠶᠠᠨ ᠨᠡᠶᠢᠬᠡᠮ ᠲᠤᠭᠤᠷᠢᠭ ᠤᠨ ᠰᠢᠩ ᠪᠢᠶᠠᠨ ᠵᠢᠢ ᠽᠢ ᠠᠰᠠᠷ ︵2 ᠳ᠋ᠤᠭᠠᠷ ᠠᠰᠠᠷ︶᠂ ᠶᠢᠨ ᠯᠠᠨ ᠨᠠᠶᠢᠬᠡᠮ | ᠲᠤᠭᠤᠷᠢᠭ ᠤᠨ ᠳ᠋ᠢᠶᠠᠨ ᠶᠧ ᠮᠢᠩ ᠶᠤᠸᠠᠨ ᠬᠤᠷᠢᠶᠠᠯᠠᠯ᠃ | ᠬᠤᠶᠠᠷ᠂ ᠬᠢᠵᠢᠭ ᠤᠨ ᠲᠦᠭᠰᠢᠬᠦᠷᠢ ᠶᠢᠨ ᠲᠤᠮᠳᠠ ᠲᠡᠬᠡᠳᠦ ᠬᠡᠮᠵᠢᠶᠠᠨ ᠤ ᠤᠷᠤᠨ ᠠᠴᠠ ᠮᠠᠨ ᠤ ᠬᠤᠰᠢᠭᠤᠨ | ᠳᠤ ᠢᠷᠡᠬᠦ ᠬᠦᠮᠦᠰ ᠤᠳ ᠢ ᠵᠢᠭᠰᠠᠭᠠᠨ ᠪᠠᠶᠢᠴᠠᠭᠠᠬᠤ ᠠᠵᠢᠯ ᠢ ᠰᠠᠶᠢᠳᠦᠷ ᠬᠢᠬᠦ ᠬᠡᠷᠡᠭᠳᠠᠢ᠃ | 1. ᠬᠢᠵᠢᠭ ᠤᠨ ᠲᠦᠭᠰᠢᠬᠦᠷᠢ ᠶᠢᠨ ᠲᠡᠬᠡᠳᠦ ᠬᠡᠮᠵᠢᠶᠠᠨ ᠤ ᠤᠷᠤᠨ ᠠᠴᠠ ᠮᠠᠨ ᠤ ᠬᠤᠰᠢᠭᠤᠨ ᠳᠤ ᠢᠷᠡᠭᠰᠡᠳ | ᠪᠦᠷᠢ ᠳᠤ ︽14 ᠬᠤᠨᠤᠭ ᠤᠨ ᠠᠨᠠᠭᠠᠬᠤ ᠤᠬᠠᠭᠠᠨ ᠤ ᠲᠤᠰᠠᠭᠠᠷᠯᠠᠯᠳᠠ + 3 ᠤᠳᠠᠭᠠᠨ ᠤ ᠪᠦᠬᠡᠮ ᠬᠦᠴᠢᠯ ᠤᠨ | ᠪᠠᠶᠢᠴᠠᠭᠠᠯᠳᠠ︾ ᠶᠢ ᠬᠡᠷᠡᠭᠵᠢᠬᠦᠯᠬᠦ ᠠᠷᠭ᠎ᠠ ᠬᠡᠮᠵᠢᠶ᠎ᠠ ᠠᠪᠬᠤ ᠬᠡᠷᠡᠭᠳᠠᠢ᠃ | 2. ᠬᠢᠵᠢᠭ ᠤᠨ ᠲᠦᠭᠰᠢᠬᠦᠷᠢ ᠶᠢᠨ ᠲᠤᠮᠳᠠ ᠬᠡᠮᠵᠢᠶᠠᠨ ᠤ ᠤᠷᠤᠨ ᠠᠴᠠ ᠮᠠᠨ ᠤ ᠬᠤᠰᠢᠭᠤᠨ ᠳᠤ ᠢᠷᠡᠭᠰᠡᠳ | ᠪᠠᠶᠢᠪᠠᠯ ᠡᠷᠬᠡᠪᠰᠢ 7 ᠬᠤᠨᠤᠭ ᠲᠤᠳᠤᠷᠠᠬᠢ ᠪᠦᠬᠡᠮ ᠬᠦᠴᠢᠯ ᠤᠨ ᠪᠠᠶᠢᠴᠠᠭᠠᠯᠳᠠ ᠶᠢᠨ ᠰᠦᠬᠡᠷᠬᠦ ᠴᠢᠨᠠᠷ ᠲᠠᠢ ᠬᠡᠷᠡᠴᠢ | ᠪᠤᠶᠤ 7 ᠬᠤᠨᠤᠭ ᠲᠤᠳᠤᠷᠠᠬᠢ ᠰᠦᠬᠡᠷᠬᠦ ᠴᠢᠨᠠᠷ ᠲᠠᠢ ᠪᠦᠬᠡᠮ ᠬᠦᠴᠢᠯ ᠤᠨ ᠪᠠᠶᠢᠴᠠᠭᠠᠯᠳᠠ ᠶᠢᠨ ᠦᠷ᠎ᠠ ᠳ᠋ᠦᠩ ᠲᠠᠢ | ᠡᠷᠡᠬᠦᠯ ᠮᠡᠨᠳᠦ ᠶᠢᠨ ᠺᠤᠳ᠋ ᠢ ᠬᠠᠩᠭᠠᠭᠰᠠᠨ ᠪᠠᠶᠢᠳᠠᠯ ᠲᠤᠤᠷ᠎ᠠ᠂ ᠪᠠᠶ᠎ᠠ ᠶᠢᠨ ᠲᠤᠯᠠᠭᠠᠨ ᠤ ᠬᠡᠮᠵᠢᠶ᠎ᠠ ᠨᠢ ᠬᠡᠪ ᠤᠨ | ᠪᠠᠶᠢᠳᠠᠯ ᠲᠠᠢ ᠮᠦᠷᠳᠡᠬᠡᠨ ᠬᠤᠪᠢ ᠬᠦᠮᠦᠨ ᠤ ᠬᠠᠮᠠᠭᠠᠯᠠᠯᠳᠠ ᠪᠠᠨ ᠰᠠᠶᠢᠳᠦᠷ ᠬᠢᠭᠰᠡᠨ ᠤᠷᠢᠳᠠᠯ ᠲᠤᠤᠷ᠎ᠠ ᠡᠷᠬᠡ | ᠴᠢᠯᠦᠬᠡᠳᠠᠢ ᠡᠮᠬᠢ ᠵᠢᠷᠤᠮ ᠲᠠᠢ ᠭᠠᠷᠴᠦ ᠤᠷᠤᠵᠦ ᠪᠤᠯᠤᠨ᠎ᠠ᠃ ᠰᠦᠬᠡᠷᠬᠦ ᠴᠢᠨᠠᠷ ᠲᠠᠢ ᠪᠦᠬᠡᠮ ᠬᠦᠴᠢᠯ ᠤᠨ | ᠪᠠᠶᠢᠴᠠᠭᠠᠯᠳᠠ ᠶᠢᠨ ᠬᠡᠷᠡᠴᠢ ᠬᠠᠩᠭᠠᠵᠦ ᠲᠠᠶᠢᠯᠬᠦ ᠦᠭᠡᠢ ᠪᠤᠯ ᠲᠡᠷᠡ ᠲᠤᠤᠷ᠎ᠠ ᠨᠢ ᠲᠦᠪᠯᠡᠷᠡᠬᠦᠯᠦᠨ ᠲᠤᠰᠠᠭᠠᠷᠯᠠᠬᠤ | ᠶᠢᠨ ᠬᠠᠮᠳᠦ ᠪᠠᠶᠢᠴᠠᠭᠠᠯᠳᠠ ᠬᠢᠵᠦ᠂ ᠦᠷ᠎ᠡ ᠳ᠋ᠦᠩ ᠨᠢ ᠰᠦᠬᠡᠷᠬᠦ ᠴᠢᠨᠠᠷ ᠲᠠᠢ ᠪᠤᠯ ᠰᠠᠶ᠋ᠢ ᠴᠢᠯᠦᠬᠡᠳᠠᠢ ᠶᠠᠪᠤᠵᠦ | ᠬᠦᠳᠡᠯᠵᠦ ᠪᠤᠯᠤᠨ᠎ᠠ᠂ ᠬᠡᠷᠪᠡ ᠡᠶᠠᠷᠬᠦ ᠴᠢᠨᠠᠷ ᠢᠯᠡᠷᠡᠬᠦᠯᠪᠠᠯ᠂ ᠲᠤᠬᠠᠢ ᠶᠢᠨ ᠴᠠᠭ ᠲᠤᠨᠢ ᠱᠠᠭᠠᠷᠳᠠᠯᠭ᠎ᠠ ᠶᠤᠰᠤᠭᠠᠷ | ᠲᠤᠭᠳᠠᠭᠰᠠᠨ ᠡᠮ ᠡᠮᠨᠡᠯᠬᠡ ᠶᠢᠨ ᠪᠠᠶᠢᠭᠤᠯᠤᠮᠵᠢ ᠳᠤ ᠰᠢᠯᠵᠢᠬᠦᠯᠦᠨ ᠲᠤᠰᠠᠭᠠᠷᠯᠠᠨ ᠡᠮᠴᠢᠯᠡᠨ᠎ᠡ᠃ | 3. ᠬᠠᠷᠠᠮᠦ᠋ᠷᠡᠨ ᠮᠤᠵᠢ ᠶᠢᠨ ᠡᠾᠢᠾ ᠬᠤᠳᠠ᠂ ᠯᠢᠶᠤᠤᠨᠢᠩ ᠮᠤᠵᠢ ᠶᠢᠨ ᠮᠦᠭᠳᠡᠨ ᠬᠤᠳᠠ᠂ ᠳ᠋ᠠᠯᠢᠶᠠᠨ ᠬᠤᠳᠠ᠂ | ᠡᠾᠧᠪᠸᠢ ᠮᠤᠵᠢ ᠶᠢᠨ ᠱᠢ ᠵᠢᠶᠠ ᠵᠤᠸᠠᠩ᠂ ᠰᠢᠩ ᠲᠠᠢ ᠬᠤᠳᠠ ᠠᠴᠠ ᠮᠠᠨ ᠤ ᠬᠤᠰᠢᠭᠤᠨ ᠳᠤ ᠢᠷᠡᠭᠰᠡᠳ | ᠪᠠᠶᠢᠪᠠᠯ 7 ᠬᠤᠨᠤᠭ ᠲᠤᠳᠤᠷᠠᠬᠢ ᠪᠦᠭᠡᠮ ᠬᠦᠴᠢᠯ ᠤᠨ ᠪᠠᠶᠢᠴᠠᠭᠠᠯᠳᠠ ᠶᠢᠨ ᠰᠦᠬᠡᠷᠭᠦ ᠴᠢᠨᠠᠷ ᠲᠠᠢ ᠬᠡᠷᠡᠴᠢ | ᠡᠰᠡᠭᠦᠯ᠎ᠡ 7 ᠬᠤᠨᠤᠭ ᠲᠤᠳᠤᠷᠠᠬᠢ ᠪᠦᠭᠡᠮ ᠬᠦᠴᠢᠯ ᠤᠨ ᠪᠠᠶᠢᠴᠠᠭᠠᠯᠳᠠ ᠶᠢᠨ ᠮᠡᠳᠡᠭᠡ ᠵᠠᠩᠬᠢᠯᠠᠯ ᠤᠨ ᠡᠷᠡᠭᠦᠯ ᠮᠡᠨᠳᠦ | ᠶᠢᠨ ᠺᠤᠳ᠋ ᠪᠠᠶᠢᠭᠰᠠᠨ ᠪᠠᠶᠢᠵᠦ᠂ ᠪᠡᠶ᠎ᠡ ᠶᠢᠨ ᠲᠤᠯᠠᠭᠠᠨ ᠨᠢ ᠬᠡᠪ ᠤᠨ ᠪᠠᠶᠢᠳᠠᠯ ᠲᠠᠢ ᠮᠦᠷᠳᠡᠬᠡᠨ ᠬᠤᠪᠢ ᠪᠠᠶ᠎ᠠ ᠶᠢᠨ | ᠬᠠᠮᠠᠭᠠᠯᠠᠯᠳᠠ ᠪᠠᠨ ᠰᠠᠶᠢᠳᠤᠷ ᠬᠢᠭᠰᠡᠨ ᠤᠷᠢᠳᠠᠯ ᠲᠤᠤᠷ᠎ᠠ ᠡᠷᠬᠡ ᠴᠢᠯᠦᠭᠡ ᠲᠠᠢ ᠶᠠᠪᠤᠵᠤ ᠰᠠᠭᠤᠵᠤ ᠪᠤᠯᠤᠨ᠎ᠠ᠂ | ᠪᠦᠭᠡᠮ ᠬᠦᠴᠢᠯ ᠤᠨ ᠪᠠᠶᠢᠴᠠᠭᠠᠯᠳᠠ ᠬᠢᠭᠰᠡᠨ ᠬᠡᠷᠡᠴᠢ ᠬᠠᠩᠭᠠᠵᠤ ᠲᠡᠶᠢᠯᠬᠦ ᠦᠭᠡᠢ ᠪᠤᠯ᠂ ᠬᠠᠮᠤᠭ ᠤᠷᠢᠳᠠᠪᠠᠷ | ᠲᠦᠪᠯᠡᠷᠡᠭᠦᠯᠦᠨ ᠲᠤᠰᠠᠭᠠᠷᠯᠠᠵᠤ ᠪᠦᠭᠡᠮ ᠬᠦᠴᠢᠯ ᠤᠨ ᠪᠠᠶᠢᠴᠠᠭᠠᠯᠳᠠ ᠬᠢᠵᠤ᠂ ᠰᠦᠬᠡᠷᠬᠦ ᠴᠢᠨᠠᠷ ᠲᠠᠢ ᠪᠠᠶᠢᠳᠠᠯ ᠳᠤ | ᠰᠠᠶ᠋ᠢ ᠨᠠᠰᠢ ᠴᠠᠰᠢ ᠶᠠᠪᠤᠵᠤ ᠪᠤᠯᠤᠨ᠎ᠠ᠃ | 4. ᠬᠢᠵᠢᠭ ᠤᠨ ᠲᠦᠭᠰᠢᠬᠦᠷᠢ ᠶᠢᠨ ᠲᠤᠮᠳᠠ ᠲᠡᠬᠡᠳᠦ ᠬᠡᠮᠵᠢᠶᠠᠨ ᠤ ᠤᠷᠤᠨ ᠠᠴᠠ ᠮᠠᠨ ᠤ ᠬᠤᠰᠢᠭᠤᠨ ᠳᠤ | ᠢᠷᠡᠭᠰᠡᠳ ᠪᠤᠶᠤ ᠢᠷᠡᠭᠰᠡᠳ ᠲᠠᠢ ᠤᠶᠢᠷᠠᠳᠦᠭᠰᠡᠨ ᠬᠦᠮᠦᠨ ᠬᠡᠷᠪᠡ ᠬᠠᠯᠠᠭᠤᠷᠠᠬᠤ᠂ ᠬᠠᠨᠢᠶᠠᠬᠤ᠂ ᠠᠮᠢᠰᠬᠤᠭ᠎ᠠ | ᠲᠠᠪᠬᠤᠴᠠᠬᠤ ᠵᠡᠷᠭᠡ ᠠᠮᠢᠰᠬᠤᠯ ᠤᠨ ᠡᠪᠡᠳᠴᠢᠨ ᠤ ᠢᠯᠡᠷᠡᠯ ᠭᠠᠷᠪᠠᠯ᠂ ᠲᠡᠷᠡ ᠲᠠᠷᠤᠢ ᠳᠤᠨᠢ ᠬᠢᠵᠢᠭ ᠢ ᠰᠡᠷᠭᠡᠶᠢᠯᠡᠨ | ᠡᠵᠡᠮᠳᠡᠬᠦ ᠵᠢᠯᠤᠭᠤᠳᠬᠤ ᠲᠦᠪ᠂ ᠬᠢᠵᠢᠭ ᠢ ᠡᠵᠡᠮᠳᠡᠬᠦ ᠪᠠᠶᠢᠭᠤᠯᠭ᠎ᠠ ᠨᠢᠬᠡᠴᠢ ᠪᠠ ᠪᠠᠶᠢᠭ᠎ᠠ ᠭᠠᠵᠠᠷ ᠤᠨ ᠢᠶᠠᠨ | ᠨᠡᠶᠢᠭᠡᠮ ᠲᠤᠭᠤᠷᠢᠭ ︵ᠭᠠᠴᠠᠭ᠎ᠠ ᠲᠤᠰᠬᠤᠨ︶ ᠲᠤ ᠮᠡᠳᠡᠭᠦᠯᠦᠨ᠂ ᠦᠪᠡᠷ ᠪᠠᠶ᠎ᠠ ᠶᠢᠨ ᠬᠠᠮᠠᠭᠠᠯᠠᠯᠳᠠ ᠪᠠᠨ ᠰᠠᠶᠢᠳᠤᠷ | ᠬᠢᠭᠰᠡᠨ ᠪᠠᠶᠢᠳᠠᠯ ᠲᠤᠤᠷ᠎ᠠ᠂ ᠤᠶᠢᠷ᠎ᠠ ᠬᠠᠪᠢ ᠶᠢᠨ ᠬᠠᠯᠠᠭᠤᠷᠠᠬᠤ ᠶᠢ ᠵᠠᠰᠠᠬᠤ ᠡᠭᠦᠳᠡᠨ ᠡᠮᠨᠡᠯᠭᠡ ᠡᠰᠡᠭᠦᠯ᠎ᠡ | ᠲᠤᠭᠳᠠᠭᠰᠠᠨ ᠡᠮᠴᠢᠯᠡᠭᠡᠨ ᠤ ᠪᠠᠶᠢᠭᠤᠯᠭ᠎ᠠ ᠳᠤ ᠤᠴᠢᠵᠤ ᠡᠮᠨᠡᠭᠦᠯᠦᠨ ᠦᠵᠡᠭᠦᠯᠬᠦ ᠬᠡᠷᠡᠭᠳᠠᠢ᠃ | 5. ᠶᠠᠪᠤᠵᠦ ᠰᠠᠭᠤᠬᠤ ᠶᠢ ᠲᠡᠮᠳᠡᠭᠯᠡᠬᠦ ᠺᠤᠳ᠋ ᠲᠤ ᠨᠢ ᠤᠯᠠᠭᠠᠨ ᠦᠩᠭᠡ ᠶᠢᠨ ᠭᠠᠵᠠᠷ ᠤᠷᠤᠨ ᠢᠯᠡᠷᠡᠵᠤ ᠪᠠᠶᠢᠭ᠎ᠠ | ᠬᠦᠮᠦᠰ ᠮᠠᠨ ᠤ ᠬᠤᠰᠢᠭᠤᠨ ᠳᠤ ᠢᠷᠡᠭᠰᠡᠨ ᠪᠠᠶᠢᠪᠠᠯ᠂ ᠲᠡᠷᠭᠡᠨ ᠦᠷᠳᠡᠭᠡ᠂ ᠪᠠᠭᠤᠳᠠᠯ᠂ ᠬᠤᠳᠠᠯᠳᠤᠭᠠᠨ ᠤ ᠠᠰᠠᠷ᠂ | ᠨᠠᠭᠠᠳᠤᠮ ᠤᠨ ᠭᠠᠵᠠᠷ᠂ ᠦᠢᠯᠡᠴᠢᠯᠡᠭᠡᠨ ᠤ ᠲᠢᠩᠬᠢᠮ ᠵᠡᠷᠭᠡ ᠤᠯᠠᠨ ᠨᠡᠶᠢᠳᠡ ᠶᠢᠨ ᠭᠠᠵᠠᠷ ᠤᠨ ᠯᠠᠪᠯᠠᠨ ᠠᠰᠠᠭᠤᠬᠤ | ᠂ ᠠᠮᠠᠯᠠᠯᠳᠠ ᠶᠢᠨ ᠪᠢᠴᠢᠭ ᠪᠢᠴᠢᠬᠦ ᠵᠢᠴᠢ ᠲᠤᠰᠠᠭᠠᠷᠯᠠᠬᠤ ᠵᠡᠷᠭᠡ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠠ ᠠᠪᠬᠤ | ᠳᠤᠨᠢ ᠰᠠᠨᠠᠭᠠᠴᠢᠯᠠᠭ᠎ᠠ ᠠᠴᠠ ᠪᠠᠨ ᠬᠠᠮᠵᠢᠯᠴᠠᠵᠦ᠂ ᠬᠤᠳᠠᠯ ᠮᠡᠳᠡᠭᠦᠯᠬᠦ ᠠᠴᠠ ᠪᠤᠯᠤᠭᠰᠠᠨ ᠬᠦᠨᠳᠦ ᠨᠤᠴᠢᠳᠠᠢ ᠦᠷ᠎ᠡ | ᠳ᠋ᠦᠩ ᠭᠠᠷᠭᠠᠭᠰᠠᠨ ᠪᠠᠶᠢᠪᠠᠯ ᠡᠷᠡᠭᠦᠦ ᠶᠢᠨ ᠬᠡᠷᠡᠭ ᠤᠨ ᠬᠠᠷᠢᠭᠤᠴᠠᠯᠭ᠎ᠠ ᠶᠢ ᠨᠡᠭᠡᠮᠵᠢᠯᠡᠨ᠎ᠡ᠃ | ᠭᠤᠷᠪᠠ᠂ ᠠᠯᠪᠠᠨ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠬᠡᠴᠢ ᠳᠤ ︽ᠲᠠᠪᠤ ᠪᠠᠶᠢᠬᠤ᠂ | ᠭᠤᠷᠪᠠ ᠶᠢ ᠴᠢᠩᠭᠠᠳᠬᠠᠬᠤ᠂ ᠨᠢᠭᠡ ᠲᠤᠤᠷᠴᠢᠯᠠᠭᠰᠠᠨ︾ ᠡᠵᠡᠮᠳᠡᠨ ᠰᠡᠷᠭᠡᠶᠢᠯᠡᠬᠦ ᠠᠷᠭ᠎ᠠ ᠶᠢ ᠴᠢᠩᠭ᠎ᠠ ᠬᠡᠷᠡᠭᠵᠢᠬᠦᠯᠬᠦ | ᠬᠡᠷᠡᠭᠳᠠᠢ᠃ | ᠪᠦᠬᠦ ᠬᠤᠰᠢᠭᠤᠨ ᠤ ᠡᠯ᠎ᠡ ᠱᠠᠳᠤᠨ ᠤ ᠨᠠᠮ ᠵᠠᠰᠠᠭ ᠤᠨ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ | ᠨᠢᠬᠡᠴᠢ ᠨᠢ ᠪᠠᠶᠢᠩᠭᠤ ᠶᠢᠨ ᠴᠢᠨᠠᠷᠳᠠᠢ ᠬᠢᠵᠢᠭ ᠢ ᠰᠡᠷᠭᠡᠶᠢᠯᠡᠨ ᠡᠵᠡᠮᠳᠡᠬᠦ ᠠᠷᠭ᠎ᠠ ᠶᠢ ᠪᠦᠬᠦ ᠲᠠᠯ᠎ᠠ ᠪᠠᠷ ᠬᠡᠷᠡᠭᠵᠢᠭᠦᠯᠦᠨ | ᠂ ᠤᠨᠴᠠᠭᠠᠶᠢᠯᠠᠨ ︽ᠲᠠᠪᠤᠨ ᠪᠠᠶᠢᠬᠤ︾ ︵ᠬᠢᠵᠢᠭ ᠢ ᠰᠡᠷᠭᠡᠶᠢᠯᠡᠨ ᠡᠵᠡᠮᠳᠡᠬᠦ ᠵᠢᠯᠤᠭᠤᠳᠤᠮᠵᠢ᠂ ᠰᠡᠷᠭᠡᠶᠢᠯᠡᠨ | ᠡᠵᠡᠮᠳᠡᠬᠦ ᠶᠢ ᠬᠠᠮᠢᠶᠠᠷᠬᠤ ᠲᠦᠷᠢᠮ ᠲᠤᠭᠳᠠᠭᠠᠯ ᠪᠠ ᠬᠠᠷᠢᠭᠤᠴᠠᠯᠭᠠᠳᠦ ᠬᠦᠮᠦᠨ᠂ ᠵᠤᠬᠢᠬᠤ ᠬᠡᠮᠵᠢᠶᠠᠨ ᠤ | ᠬᠠᠮᠠᠭᠠᠯᠠᠯᠳᠠ ᠶᠢᠨ ᠡᠳ᠋ ᠪᠤᠳᠠᠰ ᠤᠨ ᠬᠦᠮᠦᠷᠭᠡ᠂ ᠬᠠᠷᠢᠶᠠᠳᠦ ᠤᠷᠤᠨ ᠤ ᠡᠮᠴᠢᠯᠡᠭᠡᠨ ᠤ ᠵᠢᠯᠤᠭᠤᠳᠤᠯᠭ᠎ᠠ ᠲᠡᠮᠵᠢᠯᠬᠡ᠂ | ᠲᠤᠰᠠᠭᠠᠷᠯᠠᠬᠤ ᠭᠠᠵᠠᠷ ᠪᠠ ᠰᠢᠯᠵᠢᠭᠦᠯᠦᠨ ᠲᠤᠬᠢᠷᠠᠭᠤᠯᠬᠤ ᠪᠡᠯᠡᠳᠬᠡᠯ ᠵᠡᠷᠭᠡ ᠠᠷᠭ᠎ᠠ ᠬᠡᠯᠪᠡᠷᠢ︶᠂ ︽ᠭᠤᠷᠪᠠ ᠶᠢ | ᠴᠢᠩᠭᠠᠳᠬᠠᠬᠤ︾ ︵ᠡᠷᠡᠬᠦᠯ ᠮᠠᠨᠳᠦ ᠪᠠᠷ ᠰᠤᠷᠭᠠᠨ ᠬᠦᠮᠦᠵᠢᠯ ᠢ ᠠᠬᠢᠭᠤᠯᠬᠤ ᠶᠢ ᠴᠢᠩᠭᠠᠳᠬᠠᠬᠤ᠂ ᠠᠵᠢᠯᠳᠠᠳ ᠢ | ᠡᠷᠡᠬᠦᠯ ᠮᠡᠨᠳᠦ ᠪᠠᠷ ᠬᠠᠮᠢᠶᠠᠷᠬᠤ ᠶᠢ ᠴᠢᠩᠭᠠᠳᠬᠠᠬᠤ᠂ ᠬᠦᠮᠦᠰ ᠤᠨ ᠭᠠᠷᠴᠦ ᠤᠷᠤᠬᠤ ᠶᠢ ᠬᠠᠮᠢᠶᠠᠷᠬᠤ ᠶᠢ | ᠴᠢᠩᠭᠠᠳᠬᠠᠬᠤ︶ ︽ᠨᠢᠭᠡ ᠲᠤᠤᠷᠴᠢᠯᠠᠭᠰᠠᠨ︾ ︵ᠰᠤᠮᠤ ᠰᠢᠶᠠᠩ ᠪᠠᠯᠭᠠᠰᠤ᠂ ᠨᠠᠶᠢᠭᠡᠮ ᠲᠤᠭᠤᠷᠢᠭ ᠭᠠᠴᠠᠭ᠎ᠠ | ᠲᠤᠰᠬᠤᠨ ᠤ ᠠᠵᠢᠯᠳᠠᠳ ᠢ ᠵᠤᠬᠢᠶᠠᠨ ᠪᠠᠶᠢᠭᠤᠯᠤᠨ ᠬᠡᠷ ᠡᠷᠦᠬᠡ ᠬᠤᠪᠢ ᠬᠦᠮᠦᠨ ᠨᠢᠬᠡᠪᠦᠷᠢ ᠶᠢ ᠮᠦᠷᠳᠡᠨ | ᠪᠠᠶᠢᠴᠠᠭᠠᠵᠦ᠂ ᠠᠮᠠᠷᠠᠯᠳᠠ ᠶᠢᠨ ᠬᠤᠭᠤᠴᠠᠭᠠᠨ ᠳᠤ ᠨᠤᠳᠤᠭ ᠲᠠᠭᠠᠨ ᠪᠤᠴᠠᠵᠤ ᠢᠷᠡᠭᠰᠡᠳ ᠢᠯᠠᠩᠭᠤᠶ᠎ᠠ | ᠭᠠᠳᠠᠭᠠᠳᠦ ᠠᠴᠠ ᠤᠷᠤᠭᠤᠯᠤᠭᠰᠠᠨ ᠬᠦᠯᠳᠡᠬᠦᠦ ᠢᠳᠡᠭᠡᠨ ᠤ ᠬᠤᠯᠪᠤᠭᠳᠠᠯ ᠪᠦᠬᠦᠢ ᠠᠵᠢᠯ ᠢ ᠬᠢᠵᠤ ᠪᠠᠶᠢᠭ᠎ᠠ ᠨᠤᠳᠤᠭ | ᠪᠤᠴᠠᠭᠰᠠᠳ᠂ ᠭᠠᠳᠠᠨ᠎ᠠ ᠠᠴᠠ ᠢᠷᠡᠭᠰᠡᠨ ᠬᠦᠮᠦᠰ᠂ ᠬᠢᠵᠢᠭ ᠤᠨ ᠲᠦᠭᠰᠢᠬᠦᠷᠢ ᠶᠢᠨ ᠲᠤᠮᠳᠠ ᠲᠡᠬᠡᠳᠦ ᠬᠡᠮᠵᠢᠶᠠᠨ ᠤ | ᠤᠷᠤᠨ ᠠᠴᠠ ᠢᠷᠡᠭᠰᠡᠨ ᠬᠦᠮᠦᠰ᠂ ᠬᠢᠯᠢ ᠪᠠᠷ ᠤᠷᠤᠵᠤ ᠢᠷᠡᠭᠰᠡᠨ ᠬᠦᠮᠦᠰ ᠵᠡᠷᠭᠡ ᠭᠤᠤᠯᠳᠠᠯᠭ᠎ᠠ ᠲᠠᠢ ᠬᠦᠮᠦᠰ ᠤᠨ | ᠮᠡᠳᠡᠭᠡ ᠵᠠᠩᠬᠢ ᠶᠢ ᠲᠡᠮᠳᠡᠭᠯᠡᠨ ᠪᠠᠶᠢᠴᠠᠭᠠᠵᠦ᠂ ᠡᠳᠦᠷ ᠲᠤᠳᠣᠮ ᠤᠨ ᠡᠷᠡᠭᠦᠯ ᠮᠡᠨᠳᠦ ᠶᠢ ᠬᠢᠨᠠᠨ ᠬᠡᠮᠵᠢᠬᠦ ᠠᠵᠢᠯ ᠢ | ᠰᠠᠶᠢᠳᠤᠷ ᠬᠢᠵᠦ᠂ ᠬᠤᠪᠢ ᠬᠦᠮᠦᠨ ᠤ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠶᠢ ᠰᠠᠶᠢᠳᠤᠷ ᠱᠠᠯᠠᠪᠳᠠᠭᠤᠯᠤᠨ | ᠨᠡᠶᠢᠳᠡᠪᠦᠷᠢᠵᠢᠭᠤᠯᠬᠤ ᠪᠠ ᠬᠠᠯᠠᠭᠤᠷᠠᠬᠤ ᠵᠡᠷᠭᠡ ᠢᠯᠡᠷᠡᠯ ᠲᠠᠢ ᠪᠤᠯ ᠦᠪᠡᠷ ᠢ ᠪᠠᠨ ᠲᠤᠰᠠᠭᠠᠷᠯᠠᠬᠤ ᠪᠠ ᠮᠡᠳᠡᠭᠦᠯᠦᠯᠳᠡ | ᠬᠢᠬᠦ ᠶᠢ ᠴᠢᠬᠤᠯᠠᠴᠢᠯᠠᠨ᠎ᠠ᠃ ᠲᠤᠭᠤᠷᠢᠨ ᠪᠠᠶᠢᠴᠠᠭᠠᠬᠤ ᠶᠢ ᠴᠢᠩᠭᠠᠳᠬᠠᠵᠦ᠂ ᠬᠡᠪ ᠤᠨ ᠪᠤᠰᠤ ᠪᠠᠶᠢᠳᠠᠯ ᠢ ᠤᠯᠵᠣ | ᠮᠡᠳᠡᠪᠡᠯ ᠴᠠᠭ ᠲᠤᠬᠠᠢ ᠳᠤᠨᠢ ᠤᠶᠢᠯᠠᠭᠠᠨ᠂ ᠬᠢᠨᠠᠨ ᠬᠠᠷᠭᠤᠭᠤᠯᠬᠤ ᠪᠠ ᠮᠡᠳᠡᠬᠦᠯᠦᠨ᠎ᠠ︶ ᠰᠡᠷᠭᠡᠶᠢᠯᠡᠨ ᠡᠵᠡᠮᠳᠡᠬᠦ | ᠠᠷᠭ᠎ᠠ ᠬᠡᠮᠵᠢᠶ᠎ᠡ ᠶᠢ ᠠᠪᠬᠤ ᠬᠡᠷᠡᠭᠳᠡᠢ᠃ ᠪᠦᠬᠦ ᠬᠤᠰᠢᠭᠤᠨ ᠤ ᠡᠯ᠎ᠡ ᠱᠠᠳᠤᠨ ᠤ ᠠᠯᠪᠠᠨ ᠪᠠᠶᠢᠭᠤᠯᠭ᠎ᠠ ᠪᠠ ᠠᠵᠦ | ᠠᠬᠤᠶᠢᠯᠠᠯ ᠠᠵᠢᠯ ᠦᠢᠯᠡᠰ ᠤᠨ ᠨᠢᠬᠡᠴᠢ ᠤᠳ ᠬᠢᠵᠢᠭ ᠤᠨ ᠪᠠᠶᠢᠳᠠᠯ ᠤᠨ ᠬᠤᠭᠤᠴᠠᠭᠠᠨ ᠳᠤ ᠴᠢᠯᠦᠭᠡ ᠠᠪᠬᠤ | ᠲᠦᠷᠢᠮ ᠢ ᠴᠢᠩᠭ᠎ᠠ ᠪᠠᠷᠢᠮᠳᠠᠯᠠᠵᠦ᠂ ᠪᠠᠶᠢᠭᠤᠯᠭ᠎ᠠ ᠶᠢᠨ ᠠᠵᠢᠯᠳᠠᠨ ᠠᠵᠢᠯ ᠠᠮᠢᠳᠤᠷᠠᠯ ᠪᠠ ᠡᠪᠡᠳᠴᠢᠨ ᠦᠵᠡᠭᠦᠯᠬᠦ | ᠵᠡᠷᠬᠡ ᠰᠢᠯᠳᠠᠭᠠᠨ ᠠᠴᠠ ᠪᠤᠯᠵᠦ᠂ ᠡᠷᠬᠡᠪᠰᠢ ᠬᠢᠵᠢᠭ ᠤᠨ ᠪᠠᠶᠢᠳᠠᠯ ᠲᠠᠢ ᠭᠠᠵᠠᠷ ᠲᠤ ᠤᠴᠢᠬᠤ ᠴᠢᠬᠤᠯᠠᠲᠠᠢ ᠪᠤᠯ | ᠡᠷᠬᠡᠪᠰᠢ ᠪᠠᠶᠢᠭᠤᠯᠭ᠎ᠠ᠂ ᠨᠡᠶᠢᠭᠡᠮ ᠲᠤᠭᠤᠷᠢᠭ ᠲᠤ ᠪᠠᠨ ᠮᠡᠳᠡᠭᠦᠯᠦᠨ ᠲᠡᠩᠰᠠᠯᠠᠵᠦ᠂ ᠬᠤᠪᠢ ᠬᠦᠮᠦᠨ ᠤ ᠰᠡᠷᠭᠡᠶᠢᠯᠡᠨ | ᠬᠠᠮᠠᠭᠠᠯᠠᠯᠳᠠ ᠶᠢ ᠰᠠᠶᠢᠳᠦᠷ ᠬᠢᠭᠰᠡᠨ ᠤᠷᠢᠳᠠᠯ ᠲᠤᠤᠷ᠎ᠠ ᠪᠤᠴᠠᠵᠦ ᠢᠷᠡᠬᠦ ᠦᠶᠡᠰ ᠲᠡᠭᠡᠨ ᠮᠠᠨ ᠤ ᠬᠤᠰᠢᠭᠤᠨ ᠤ | ᠬᠠᠮᠢᠶ᠎ᠠ ᠪᠦᠬᠦᠢ ᠬᠠᠮᠢᠶᠠᠷᠤᠨ ᠡᠵᠡᠮᠳᠡᠬᠦ ᠠᠵᠢᠯᠳᠠᠨ ᠲᠠᠢ ᠬᠠᠮᠵᠢᠯᠴᠠᠬᠤ ᠬᠡᠷᠡᠭᠳᠡᠢ᠃ | ᠲᠦᠷᠪᠡ᠂ ᠭᠤᠤᠯᠳᠠᠯᠭ᠎ᠠ ᠲᠠᠢ ᠠᠵᠢᠯ ᠲᠦᠷᠦᠯ ᠭᠤᠤᠯᠳᠠᠯᠭ᠎ᠠ ᠲᠠᠢ ᠬᠦᠮᠦᠰ ᠤᠨ ᠬᠢᠵᠢᠭ ᠤᠨ ᠪᠠᠶᠢᠳᠠᠯ ᠢ | ᠰᠡᠷᠭᠡᠶᠢᠯᠡᠨ ᠬᠢᠵᠠᠭᠠᠷᠯᠠᠬᠤ ᠶᠢ ᠴᠢᠩᠭᠠᠳᠬᠠᠬᠤ ᠬᠡᠷᠡᠭᠳᠠᠢ᠃ | ᠡᠯ᠎ᠡ ᠰᠤᠮᠤ ᠰᠢᠶᠠᠩ ᠪᠠᠯᠭᠠᠰᠤ᠂ ᠡᠯ᠎ᠡ ᠰᠠᠯᠠᠭ᠎ᠠ ᠮᠦᠴᠢᠷ ︽ᠤᠯᠠᠨ ᠲᠠᠯ᠎ᠠ ᠠᠴᠠ ᠲᠡᠬᠡᠳᠦ ᠬᠡᠮᠵᠢᠶᠠᠨ ᠤ ᠠᠶᠤᠯ | ᠲᠦᠭᠰᠢᠬᠦᠷᠢ ᠶᠢ ᠪᠠᠶᠢᠴᠠᠭᠠᠨ ᠬᠠᠮᠳᠤᠪᠠᠷ ᠰᠡᠷᠬᠡᠶᠢᠯᠡᠨ ᠬᠤᠷᠢᠭᠯᠠᠬᠤ︾ ᠱᠠᠭᠠᠷᠳᠠᠯᠭ᠎ᠠ ᠶᠤᠰᠤᠭᠠᠷ᠂ ᠭᠤᠣᠯᠳᠠᠯᠭ᠎ᠠ | ᠲᠠᠢ ᠠᠵᠢᠯ ᠲᠦᠷᠦᠯ᠂ ᠭᠤᠤᠯᠳᠠᠯᠭ᠎ᠠ ᠲᠠᠢ ᠬᠦᠮᠦᠰ ᠢ ᠲᠦᠭᠰᠢᠬᠦᠷᠢ ᠠᠴᠠ ᠰᠡᠷᠬᠡᠶᠢᠯᠡᠨ ᠡᠵᠡᠮᠳᠡᠬᠦ ᠶᠢ | ᠴᠢᠩᠭᠠᠳᠬᠠᠬᠤ ᠬᠡᠷᠡᠭᠳᠠᠢ᠃ ᠵᠠᠬ᠎ᠠ ᠲᠡᠯᠭᠡᠭᠦᠷ ᠤᠨ ᠬᠢᠨᠠᠨ ᠬᠠᠮᠢᠶᠠᠷᠣᠯᠳᠠ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠵᠠᠮ | ᠲᠡᠭᠡᠭᠡᠪᠦᠷᠢ ᠵᠠᠮ ᠬᠠᠷᠢᠯᠴᠠᠭ᠎ᠠ᠂ ᠰᠤᠶᠤᠯ ᠵᠢᠭᠤᠯᠴᠢᠯᠠᠯ᠂ ᠰᠢᠣᠳᠠᠨ ᠤ ᠶᠠᠪᠤᠳᠠᠯ ᠵᠡᠷᠭᠡ ᠰᠠᠯᠠᠭ᠎ᠠ ᠮᠦᠴᠢᠷ ᠪᠠ | ᠬᠤᠯᠪᠣᠭᠳᠠᠯ ᠪᠦᠬᠦᠢ ᠦᠢᠯᠡᠳᠪᠦᠷᠢᠯᠡᠯ ᠡᠵᠡᠩᠨᠡᠯᠳᠠ ᠶᠢᠨ ᠨᠢᠭᠡᠴᠢ ᠤᠳ ᠭᠠᠳᠠᠭᠠᠳᠦ ᠠᠴᠠ ᠤᠷᠤᠭᠤᠯᠤᠭᠰᠠᠨ | ᠬᠦᠯᠳᠡᠬᠦᠦ ᠢᠳᠡᠭᠡᠨ᠂ ᠣᠷᠴᠢᠨ ᠲᠣᠭᠤᠷᠢᠨ᠂ ᠠᠵᠢᠯᠯᠠᠵᠦ ᠪᠠᠶᠢᠭ᠎ᠠ ᠬᠦᠮᠦᠰ ᠲᠠᠬᠢ ᠬᠢᠨᠠᠨ ᠪᠠᠶᠢᠴᠠᠭᠠᠯᠲᠠ ᠶᠢ | ᠴᠢᠩᠭᠠᠳᠬᠠᠵᠦ᠂ ᠭᠡᠷᠡᠴᠢ ᠪᠠᠷᠢᠮᠲᠠ ᠠᠪᠬᠤ᠂ ᠠᠷᠢᠭᠤᠭᠬᠠᠬᠤ ᠵᠡᠷᠭᠡ ᠶᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠠ ᠶᠢ | ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠬᠦᠯᠳᠡᠬᠦᠦ ᠢᠳᠡᠬᠡᠨ ᠤ ᠲᠠᠮᠵᠢᠭᠤᠯᠤᠨ ᠪᠤᠷᠤᠯᠠᠭᠤᠯᠬᠤ ᠠᠮᠤᠷ | ᠲᠦᠪᠰᠢᠨ ᠢ ᠪᠠᠳᠤᠯᠠᠨ᠎ᠠ᠃ ᠰᠤᠷᠭᠠᠭᠤᠯᠢ᠂ ᠨᠡᠶᠢᠭᠡᠮ ᠤᠨ ᠠᠰᠠᠷᠠᠮᠵᠢ ᠶᠢᠨ ᠪᠠᠶᠢᠭᠤᠯᠤᠮᠵᠢ ᠪᠤᠯᠤᠨ ᠭᠢᠨᠳᠠᠨ ᠤ ᠰᠠᠬᠢᠨ | ᠬᠠᠷᠠᠬᠤ ᠭᠠᠵᠠᠷ ᠵᠡᠷᠭᠡ ᠭᠤᠤᠯᠳᠠᠯᠭ᠎ᠠ ᠲᠠᠢ ᠲᠠᠯᠠᠪᠤᠷ ᠲᠤ ᠠᠵᠢᠯ ᠲᠦᠷᠤᠯ ᠤᠨ ᠭᠤᠤᠯᠯᠠᠨ ᠬᠠᠮᠢᠶᠠᠷᠬᠤ ᠰᠠᠯᠠᠭ᠎ᠠ | ᠮᠦᠴᠢᠷ ᠤᠨ ᠰᠡᠷᠭᠡᠶᠢᠯᠡᠨ ᠡᠵᠡᠮᠳᠡᠬᠦ ᠵᠢᠯᠤᠭᠤᠳᠤᠮᠵᠢ ᠪᠤᠯᠤᠨ ᠲᠤᠬᠠᠶᠢᠯᠠᠭᠰᠠᠨ ᠠᠵᠢᠯ ᠤᠨ ᠵᠢᠷᠤᠮᠵᠢᠯ ᠤᠨ | ᠱᠠᠭᠠᠷᠳᠠᠯᠭ᠎ᠠ ᠶᠢ ᠴᠢᠩᠭ᠎ᠠ ᠨᠡᠶᠢᠳᠡᠪᠦᠷᠢᠵᠢᠭᠤᠯᠵᠤ᠂ ᠬᠢᠵᠢᠭ ᠤᠨ ᠲᠠᠷᠬᠠᠯᠳᠠ ᠶᠢ ᠡᠷᠡᠰ ᠬᠤᠷᠢᠭᠯᠠᠨ᠎ᠠ᠃ ᠡᠯ᠎ᠡ | ᠱᠠᠳᠤᠨ ᠤ ᠡᠯ᠎ᠡ ᠡᠳᠡᠬᠡᠳ ᠤᠨ ᠬᠦᠮᠦᠰ ᠤᠨ ᠣᠯᠠᠨ ᠨᠡᠶᠢᠳᠡ ᠶᠢᠨ ᠵᠤᠭ᠎ᠠ ᠴᠡᠩᠭᠡᠯ ᠤᠨ ᠲᠠᠯᠠᠪᠤᠷ ᠲᠤ ᠬᠦᠯᠢᠶᠡᠨ | ᠵᠤᠴᠢᠯᠠᠬᠤ ᠬᠡᠪᠴᠢᠶ᠎ᠡ ᠶᠢ ᠴᠢᠩᠭ᠎ᠠ ᠡᠵᠡᠮᠳᠠᠵᠦ᠂ ᠬᠦᠯᠢᠶᠡᠨ ᠠᠪᠬᠤ ᠬᠡᠮᠵᠢᠶ᠎ᠡ ᠨᠢ ᠬᠢᠨᠠᠨ ᠲᠤᠭᠳᠠᠭᠠᠭᠰᠠᠨ ᠬᠦᠮᠦᠨ ᠤ | ᠲᠤᠭ᠎ᠠ ᠠᠴᠠ 75% ᠠᠴᠠ ᠬᠡᠳᠦᠷᠡᠬᠦᠯᠬᠦ ᠦᠭᠡᠢ ᠮᠦᠷᠳᠡᠭᠡᠨ ᠣᠷᠣᠵᠣ ᠭᠠᠷᠬᠤ ᠬᠦᠮᠦᠰ ᠤᠨ ᠬᠠᠮᠢᠶᠠᠷᠤᠯᠳᠠ ᠶᠢ | ᠴᠢᠩᠭᠠᠳᠬᠠᠵᠦ᠂ ᠳᠠᠩᠰᠠᠯᠠᠬᠤ᠂ ᠮᠡᠷᠭᠡᠨ ᠴᠤᠬᠤᠷ ᠢ ᠰᠢᠷᠪᠢᠬᠦ᠂ ᠪᠠᠶ᠎ᠠ ᠶᠢᠨ ᠲᠣᠯᠠᠭᠠᠨ ᠢ ᠬᠡᠮᠵᠢᠬᠦ᠂ ᠠᠮᠠᠪᠴᠢ ᠵᠡᠭᠦᠬᠦ | ᠂ ᠠᠷᠢᠭᠤᠳᠬᠠᠬᠤ᠂ ᠰᠠᠯᠬᠢ ᠨᠡᠪᠳᠡᠷᠡᠭᠦᠯᠬᠦ ᠵᠡᠷᠭᠡ ᠰᠡᠷᠭᠡᠶᠢᠯᠡᠨ ᠡᠵᠡᠮᠳᠡᠬᠦ ᠠᠷᠭ᠎ᠠ ᠶᠢ ᠴᠢᠩᠭ᠎ᠠ ᠬᠡᠷᠡᠭᠵᠢᠬᠦᠯᠬᠦ ᠬᠡᠷᠡᠭᠳᠠᠢ | ᠃ ᠡᠯ᠎ᠡ ᠱᠠᠳᠤᠨ ᠤ ᠡᠯ᠎ᠡ ᠲᠦᠷᠦᠯ ᠤᠨ ᠡᠮᠴᠢᠯᠠᠭᠡᠨ ᠤ ᠪᠠᠶᠢᠭᠤᠯᠤᠮᠵᠢ ᠨᠤᠭᠤᠳ ᠤᠷᠢᠳᠴᠢᠯᠠᠨ ᠪᠠᠶᠢᠴᠠᠭᠠᠵᠤ | ᠰᠠᠯᠭᠠᠨ ᠤᠨᠤᠰᠢᠯᠡᠬᠤ ᠪᠠ ᠬᠠᠯᠠᠭᠤᠷᠠᠬᠤ ᠶᠢ ᠵᠠᠰᠠᠬᠤ ᠡᠭᠦᠳᠡᠨ ᠡᠮᠨᠡᠯᠭᠡ ᠪᠠᠷ ᠠᠩᠬ᠎ᠠ ᠬᠠᠷᠢᠭᠤᠴᠠᠭᠤᠯᠬᠤ ᠲᠦᠷᠢᠮ ᠢ | ᠴᠢᠩᠭ᠎ᠠ ᠨᠠᠶᠢᠳᠠᠪᠤᠷᠢᠵᠢᠭᠤᠯᠤᠨ᠂ ᠪᠤᠯᠭᠤᠭᠠᠬᠤ ᠪᠠ ᠪᠠᠷ᠎ᠠ ᠪᠤᠯᠤᠨ ᠰᠤᠪᠢᠯᠠᠬᠤ ᠬᠠᠮᠢᠶᠠᠷᠤᠯᠳᠠ ᠶᠢ ᠴᠢᠩᠭᠠᠳᠬᠠᠵᠦ᠂ | ᠬᠢᠵᠢᠭ ᠤᠨ ᠪᠠᠶᠢᠳᠠᠯ ᠢ ᠡᠷᠳᠡᠬᠡᠨ ᠢᠯᠭᠠᠨ ᠲᠠᠨᠢᠵᠤ ᠮᠠᠭᠠᠳᠯᠠᠬᠤ ᠪᠠ ᠡᠮᠨᠡᠯᠭᠡ ᠶᠢᠨ ᠬᠤᠷᠢᠶᠠᠨ ᠤ ᠬᠠᠯᠳᠠᠪᠤᠷᠢᠯᠠᠯ ᠢ | ᠰᠡᠷᠭᠡᠶᠢᠯᠡᠨ ᠡᠵᠡᠮᠳᠡᠬᠦ ᠶᠢ ᠦᠨᠡᠨ ᠪᠤᠳᠠᠳᠠᠢ ᠴᠢᠩᠭᠠᠳᠬᠠᠨ᠎ᠠ᠃ ᠡᠯ᠎ᠡ ᠵᠦᠢᠯ ᠤᠨ ᠡᠮ ᠪᠤᠷᠤᠯᠠᠭᠤᠯᠤᠨ ᠬᠤᠳᠠᠯᠳᠤᠬᠤ | ᠨᠢᠬᠡᠴᠢ ᠠᠴᠠ ᠤᠷᠤᠵᠤ ᠭᠠᠷᠬᠤ ᠬᠦᠮᠦᠰ ᠲᠤ ᠠᠮᠠᠪᠴᠢ ᠵᠡᠭᠦᠬᠦ ᠪᠠ ᠪᠠᠶ᠎ᠠ ᠶᠢᠨ ᠲᠤᠯᠠᠭᠠᠨ ᠢ ᠨᠢ ᠬᠡᠮᠵᠢᠬᠦ ᠵᠡᠷᠬᠡ | ᠰᠡᠷᠬᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠬᠡᠷᠡᠭᠵᠢᠬᠦᠯᠤᠨ᠂ ᠬᠠᠯᠠᠭᠤᠨ ᠢ ᠪᠠᠭᠤᠷᠠᠭᠤᠯᠬᠤ᠂ ᠬᠠᠨᠢᠶᠠᠳᠤ ᠶᠢ | ᠵᠤᠭᠰᠤᠭᠠᠬᠤ ᠲᠦᠷᠦᠯ ᠤᠨ ᠡᠮ ᠬᠤᠳᠠᠯᠳᠣᠨ ᠠᠪᠤᠭᠴᠢ ᠶᠢ ᠦᠨᠡᠨ ᠨᠡᠷ᠎ᠡ ᠪᠠᠷ ᠨᠢ ᠲᠠᠩᠰᠠᠯᠠᠬᠤ ᠶᠢ ᠬᠡᠷᠡᠭᠵᠢᠭᠦᠯᠦᠨ᠎ᠡ | ᠃ | ᠲᠠᠪᠤ᠂ ᠮᠠᠯᠵᠢᠬᠤ ᠲᠠᠷᠢᠶᠠᠯᠠᠬᠤ ᠤᠷᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠦᠬᠦ | ᠲᠠᠯ᠎ᠠ ᠪᠠᠷ ᠴᠢᠩᠭᠠᠳᠬᠠᠬᠤ ᠬᠡᠷᠡᠭᠳᠠᠢ᠃ | ᠡᠯ᠎ᠡ ᠰᠤᠮᠤ ᠰᠢᠶᠠᠩ ᠪᠠᠯᠭᠠᠰᠤ᠂ ᠡᠯ᠎ᠡ ᠬᠤᠯᠪᠤᠭᠳᠠᠯ ᠪᠦᠬᠦᠢ ᠰᠠᠯᠠᠭ᠎ᠠ ᠮᠦᠴᠢᠷ ᠤᠳ ᠮᠠᠯᠵᠢᠬᠤ ᠲᠠᠷᠢᠶᠠᠯᠠᠬᠤ | ᠤᠷᠤᠨ ᠢ ᠵᠢᠯᠤᠭᠤᠳᠤᠨ ᠰᠢᠮᠳᠠᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ | ᠴᠢᠩᠭ᠎ᠠ ᠨᠠᠶᠢᠳᠠᠪᠤᠷᠢᠵᠢᠭᠤᠯᠵᠦ᠂ ︽ᠭᠤᠷᠪᠠ ᠶᠢ ᠪᠠᠭᠠᠰᠬᠠᠬᠤ︾ ︽ᠭᠤᠷᠪᠠ ᠶᠢ ᠴᠢᠩᠭᠠᠳᠬᠠᠬᠤ︾ ︵ᠬᠦᠮᠦᠰ ᠤᠨ | ᠶᠠᠪᠤᠵᠤ ᠰᠠᠭᠤᠬᠤ᠂ ᠬᠤᠷᠠᠨ ᠴᠤᠭᠯᠠᠷᠠᠬᠤ ᠪᠠ ᠠᠶᠠᠨ ᠵᠠᠮ ᠲᠠᠬᠢ ᠲᠦᠭᠰᠢᠭᠦᠷᠢ ᠶᠢ ᠪᠠᠭᠠᠰᠬᠠᠵᠤ᠂ ᠬᠤᠪᠢ ᠬᠦᠮᠦᠨ | ᠤ ᠬᠠᠮᠠᠭᠠᠯᠠᠯᠳᠠ᠂ ᠬᠦᠳᠡᠭᠡ ᠲᠤᠰᠬᠤᠨ ᠤ ᠬᠠᠮᠢᠶᠠᠷᠤᠯᠳᠠ᠂ ᠳᠤᠭᠳᠠᠭᠰᠠᠨ ᠡᠮᠴᠢᠯᠡᠭᠡ ᠶᠢ ᠴᠢᠩᠭᠠᠳᠬᠠᠬᠤ︶ | ᠱᠠᠭᠠᠷᠳᠠᠯᠭ᠎ᠠ ᠶᠤᠰᠤᠭᠠᠷ᠂ ᠬᠦᠮᠦᠰ ᠤᠨ ᠨᠤᠳᠤᠭ ᠲᠤ ᠪᠠᠨ ᠪᠤᠴᠠᠵᠤ ᠢᠷᠡᠬᠦ ᠠᠴᠠ ᠡᠮᠦᠨ᠎ᠡ᠂ ᠪᠤᠴᠠᠵᠤ ᠢᠷᠡᠬᠦ | ᠳᠤᠮᠳᠠ᠂ ᠪᠤᠴᠠᠵᠤ ᠢᠷᠡᠭᠰᠡᠨ ᠤ ᠲᠠᠷᠠᠭᠠᠬᠢ ᠬᠦᠮᠦᠵᠢᠯ ᠤᠨ ᠬᠠᠮᠢᠶᠠᠷᠤᠯᠳᠠ ᠶᠢ ᠴᠢᠩᠭ᠎ᠠ ᠠᠳᠬᠤᠨ᠎ᠠ᠃ | ᠨᠤᠳᠤᠭ ᠲᠤ ᠪᠠᠨ ᠪᠤᠴᠠᠵᠤ ᠢᠷᠡᠬᠦ ᠠᠴᠠ ᠡᠮᠦᠨ᠎ᠡ᠂ ᠭᠠᠳᠠᠨ᠎ᠠ ᠠᠵᠢᠯᠯᠠᠵᠦ ᠪᠠᠶᠢᠭ᠎ᠠ ᠬᠦᠮᠦᠰ ᠤᠨ ᠠᠯᠢ ᠴᠢᠳᠠᠬᠤ ᠪᠠᠷ | ᠠᠵᠢᠯᠯᠠᠬᠤ ᠭᠠᠵᠡᠷ ᠲᠤ ᠪᠠᠨ ᠦᠯᠡᠳᠡᠬᠦ ᠶᠢ ᠰᠠᠨᠠᠭᠠᠴᠢᠯᠠᠨ᠎ᠠ᠃ ᠪᠤᠴᠠᠵᠤ ᠢᠷᠡᠬᠦ ᠳᠤᠮᠳᠠ᠂ ᠬᠤᠪᠢ ᠬᠦᠮᠦᠨ ᠤ | ᠰᠡᠷᠭᠡᠶᠢᠯᠡᠨ ᠬᠠᠮᠢᠶᠠᠷᠤᠯᠳᠠ ᠶᠢ ᠴᠢᠩᠭᠠᠳᠬᠠᠵᠤ᠂ ᠠᠶᠠᠨ ᠵᠠᠮ ᠤᠨ ᠬᠢᠵᠢᠭ ᠬᠠᠯᠳᠠᠪᠤᠷᠢᠯᠠᠬᠤ ᠲᠦᠭᠰᠢᠬᠦᠷᠢ ᠶᠢ | ᠪᠠᠭᠠᠰᠬᠠᠬᠤ ᠶᠢ ᠰᠠᠨᠠᠭᠤᠯᠤᠨ᠎ᠠ᠃ ᠪᠤᠴᠠᠵᠤ ᠢᠷᠡᠭᠰᠡᠨ ᠤ ᠲᠠᠷᠠᠭ᠎ᠠ᠂ ᠬᠤᠷᠠᠨ ᠴᠤᠭᠯᠠᠭᠠᠨ ᠢ ᠪᠠᠭᠠᠰᠬᠠᠬᠤ ᠶᠢ | ᠬᠦᠳᠦᠯᠦᠨ ᠵᠢᠯᠤᠭᠤᠳᠴᠤ᠂ ᠬᠤᠪᠢ ᠬᠦᠮᠦᠨ ᠤ ᠡᠷᠡᠭᠦᠯ ᠮᠡᠨᠳᠦ ᠶᠢᠨ ᠮᠡᠳᠡᠭᠦᠯᠦᠯᠳᠡ ᠶᠢ ᠴᠢᠩᠭᠠᠳᠬᠠᠨ᠎ᠠ᠃ ᠰᠤᠮᠤ | ᠰᠢᠶᠠᠩ ᠪᠠᠯᠭᠠᠰᠤ ᠪᠤᠯᠤᠨ ᠨᠡᠶᠢᠭᠡᠮ ᠲᠤᠭᠤᠷᠢᠭ ︵ᠭᠠᠴᠠᠭ᠎ᠠ ᠲᠤᠰᠬᠤᠨ︶ ᠤᠨ ︽ᠬᠤᠶᠠᠷ ᠵᠦᠪᠯᠡᠯ︾ ᠤᠨ | ᠬᠠᠷᠢᠭᠤᠴᠠᠯᠭ᠎ᠠ ᠶᠢ ᠴᠢᠩᠭ᠎ᠠ ᠪᠤᠳᠠᠳᠡᠢ ᠨᠡᠶᠢᠳᠡᠪᠤᠷᠢᠵᠢᠭᠤᠯᠵᠤ᠂ ᠦᠨᠳᠦᠰᠦᠨ ᠱᠠᠳᠤᠨ ᠤ ᠡᠮ ᠡᠮᠨᠡᠯᠭᠡ ᠡᠷᠡᠭᠦᠯ | ᠬᠠᠮᠠᠭᠠᠯᠠᠯ ᠤᠨ ᠪᠠᠶᠢᠭᠤᠯᠤᠮᠵᠢ ᠶᠢᠨ ︽ᠬᠠᠷᠠᠭᠤᠯ︾ ᠤᠨ ᠦᠢᠯᠡᠳᠦᠯ ᠢ ᠪᠠᠳᠠᠷᠠᠭᠤᠯᠤᠨ᠂ ᠤᠷᠢᠳᠴᠢᠯᠠᠨ ᠪᠠᠶᠢᠴᠠᠭᠠᠵᠤ | ᠬᠤᠪᠢᠶᠠᠷᠢᠯᠠᠨ ᠡᠮᠴᠢᠯᠡᠬᠦ᠂ ᠰᠢᠯᠵᠢᠭᠦᠯᠦᠨ ᠲᠤᠬᠢᠷᠠᠭᠤᠯᠬᠤ᠂ ᠲᠤᠰᠠᠭᠠᠷᠯᠠᠬᠤ ᠂ ᠡᠮᠨᠡᠨ ᠵᠠᠰᠠᠬᠤ᠂ ᠡᠳ᠋ ᠪᠣᠳᠠᠰ ᠢ | ᠬᠠᠳᠠᠭᠠᠯᠠᠬᠤ ᠵᠡᠷᠭᠡ ᠬᠢᠵᠢᠭ ᠤᠨ ᠪᠠᠶᠢᠳᠠᠯ ᠢ ᠠᠷᠭᠠᠴᠠᠭᠠᠬᠤ ᠠᠵᠢᠯ ᠢ ᠪᠦᠬᠦ ᠲᠠᠯ᠎ᠠ ᠪᠠᠷ ᠰᠠᠶᠢᠳᠤᠷ ᠬᠢᠬᠦ ᠬᠡᠷᠡᠭᠳᠡᠢ᠃ | ᠵᠢᠷᠭᠤᠭ᠎ᠠ᠂ ᠬᠤᠷᠠᠨ ᠴᠤᠭᠯᠠᠷᠠᠬᠤ ᠬᠦᠳᠡᠯᠬᠡᠬᠡᠨ ᠶᠠᠪᠤᠭᠳᠠᠭᠤᠯᠬᠤ ᠶᠢ ᠡᠷᠡᠰ ᠬᠢᠵᠠᠭᠠᠷᠯᠠᠨ᠎ᠠ᠃ | ︽ᠬᠡᠨ ᠵᠤᠬᠢᠶᠠᠨ ᠪᠠᠶᠢᠭᠤᠯᠪᠠᠯ ᠬᠡᠨ ᠬᠠᠷᠢᠭᠤᠴᠠᠵᠦ᠂ ᠬᠡᠨ ᠡᠷᠬᠢᠯᠡᠪᠡᠯ ᠬᠡᠨ ᠬᠠᠷᠢᠭᠤᠴᠠᠬᠤ︾ ᠵᠠᠷᠴᠢᠮ ᠤᠨ | ᠶᠤᠰᠤᠭᠠᠷ᠂ ᠤᠷᠠᠨ ᠰᠠᠶᠢᠬᠠᠨ ᠤ ᠲᠤᠭᠯᠠᠯᠳᠠ᠂ ᠪᠠᠶ᠎ᠠ ᠲᠠᠮᠢᠷ ᠤᠨ ᠤᠷᠤᠯᠳᠤᠭᠠᠨ᠂ ᠦᠵᠡᠰᠬᠦᠯᠡᠩ ᠲᠡᠯᠬᠡᠨ | ᠪᠤᠷᠤᠯᠠᠭᠤᠯᠭ᠎ᠠ᠂ ᠲᠤᠮᠤ ᠬᠡᠯᠪᠡᠷᠢ ᠶᠢᠨ ᠬᠤᠷᠠᠯ ᠴᠤᠭᠯᠠᠭᠠᠨ ᠵᠡᠷᠬᠡ ᠶᠢ ᠴᠢᠩᠭ᠎ᠠ ᠬᠢᠨᠠᠨ ᠬᠠᠮᠢᠶᠠᠷᠴᠦ᠂ ᠵᠠᠷᠴᠢᠮ | ᠲᠡᠬᠡᠷ᠎ᠡ ᠪᠠᠨ ᠨᠠᠶᠢᠷ ᠨᠠᠭᠠᠳᠤᠮ᠂ ᠰᠦᠮ᠎ᠡ ᠶᠢᠨ ᠬᠤᠷᠠᠯ ᠵᠡᠷᠬᠡ ᠤᠯᠠᠨ ᠲᠦᠮᠡᠨᠴᠢ ᠴᠢᠨᠠᠷᠳᠠᠢ ᠬᠦᠳᠡᠯᠬᠡᠬᠡᠨ | ᠶᠠᠪᠤᠭᠳᠠᠭᠤᠯᠬᠤ ᠶᠢ ᠵᠦᠪᠰᠢᠶᠡᠷᠡᠬᠦ ᠦᠭᠡᠢ ᠪᠠᠶᠢᠵᠦ᠂ 50 ᠬᠦᠮᠦᠨ ᠠᠴᠠ ᠲᠡᠬᠡᠭᠰᠢ ᠬᠦᠳᠡᠯᠬᠡᠬᠡᠨ ᠶᠠᠪᠤᠭᠳᠠᠭᠤᠯᠪᠠᠯ | ᠬᠢᠵᠢᠭ ᠢ ᠰᠡᠷᠬᠡᠶᠢᠯᠡᠨ ᠡᠵᠡᠮᠳᠡᠬᠦ ᠠᠵᠢᠯ ᠤᠨ ᠠᠷᠭ᠎ᠠ ᠲᠦᠰᠦᠯ ᠪᠠ ᠪᠠᠴᠢᠮ ᠪᠠᠶᠢᠳᠠᠯ ᠢ ᠠᠷᠭᠠᠴᠠᠭᠠᠬᠤ ᠲᠦᠰᠦᠯ | ᠪᠦᠷᠢᠯᠳᠦᠭᠰᠡᠨ ᠪᠠᠶᠢᠵᠦ᠂ ᠡᠯ᠎ᠡ ᠲᠦᠷᠦᠯ ᠤᠨ ᠠᠶᠤᠯ ᠲᠦᠭᠰᠢᠬᠦᠷᠢ ᠲᠡᠯᠳᠡ ᠬᠡᠮ ᠤᠨ ᠤᠷᠤᠰᠢᠬᠤ ᠶᠢ ᠡᠷᠡᠰ | ᠬᠤᠷᠢᠭᠯᠠᠬᠤ ᠬᠡᠷᠡᠭᠳᠠᠢ᠃ ᠬᠤᠷᠢᠮ ᠨᠠᠶᠢᠷ ᠵᠡᠷᠬᠡ ᠬᠦᠮᠦᠨ ᠤᠯᠠᠨ ᠴᠤᠭᠯᠠᠷᠠᠬᠤ ᠶᠢ ᠠᠯᠢ ᠴᠢᠳᠠᠬᠤ ᠪᠠᠷ ᠪᠠᠭᠠᠰᠬᠠᠨ᠂ | ᠬᠡᠷ ᠪᠦᠯᠢ ᠶᠢᠨ ᠴᠤᠭᠯᠠᠭᠠᠨ ᠬᠢᠪᠠᠯ᠂ 10 ᠬᠦᠮᠦᠨ ᠲᠤᠳᠤᠷ᠎ᠠ ᠬᠢᠵᠠᠭᠠᠷᠯᠠᠨ᠂ ᠬᠡᠷᠪᠡ ᠬᠠᠨᠢᠶᠠᠬᠤ᠂ ᠬᠠᠯᠠᠭᠤᠷᠠᠬᠤ | ᠵᠡᠷᠬᠡ ᠬᠦᠮᠦᠰ ᠪᠠᠶᠢᠪᠠᠯ ᠬᠤᠷᠠᠨ ᠴᠤᠭᠯᠠᠭᠠᠨ ᠳᠤ ᠤᠷᠤᠯᠴᠠᠬᠤ ᠦᠭᠡᠢ ᠪᠠᠶᠢᠬᠤ ᠬᠡᠷᠡᠭᠳᠠᠢ᠃ | ᠲᠤᠯᠤᠭ᠎ᠠ᠂ ᠤᠯᠠᠨ ᠨᠠᠶᠢᠳᠠ ᠪᠠᠷ ᠢᠶᠠᠨ ᠰᠡᠷᠬᠡᠶᠢᠯᠡᠨ ᠡᠵᠡᠮᠳᠡᠬᠦ ᠪᠠᠳᠦ ᠴᠢᠩᠭ᠎ᠠ ᠬᠤᠷᠢᠭ᠎ᠠ ᠱᠤᠭᠤᠮ ᠢ | ᠪᠠᠶᠢᠭᠤᠯᠬᠤ ᠬᠡᠷᠡᠭᠳᠠᠢ᠃ | ᠦᠷᠬᠡᠨ ᠤᠯᠠᠨ ᠰᠠᠭᠤᠭᠠᠯᠢ ᠠᠷᠠᠳ ᠤᠨ ᠬᠤᠪᠢ ᠪᠠᠶ᠎ᠠ ᠪᠠᠨ ᠬᠠᠮᠠᠭᠠᠯᠠᠬᠤ ᠤᠬᠠᠮᠰᠠᠷ ᠢᠶᠠᠨ ᠴᠢᠩᠭᠠᠳᠬᠠᠬᠤ ᠶᠢ | ᠤᠷᠢᠶᠠᠯᠠᠵᠦ᠂ ᠴᠠᠭᠠᠨ ᠰᠠᠷ᠎ᠠ ᠶᠢᠨ ᠬᠤᠭᠤᠴᠠᠭᠠᠨ ᠳᠤ ᠠᠯᠢ ᠴᠢᠳᠠᠬᠤ ᠪᠠᠷ ᠬᠤᠷᠠᠨ ᠴᠤᠭᠯᠠᠷᠠᠬᠤ ᠪᠠᠨ ᠪᠠᠭᠠᠰᠬᠠᠵᠦ᠂ | ᠬᠦᠮᠦᠨ ᠬᠠᠷ᠎ᠠ ᠲᠦᠪᠯᠡᠷᠡᠭᠰᠡᠨ ᠤᠯᠠᠨ ᠨᠠᠶᠢᠳᠠ ᠶᠢᠨ ᠲᠠᠯᠠᠪᠤᠷ ᠲᠤ ᠤᠴᠢᠬᠤ ᠦᠭᠡᠢ ᠪᠠᠶᠢᠵᠦ᠂ ᠪᠠᠶ᠎ᠠ ᠶᠢᠨ | ᠲᠤᠯᠠᠭᠠᠨ ᠢᠶᠠᠨ ᠬᠡᠮᠵᠢᠬᠦ᠂ ᠮᠡᠷᠬᠡᠨ ᠴᠤᠬᠤᠷ ᠢ ᠰᠢᠷᠪᠢᠬᠦ᠂ ᠠᠮᠠᠪᠴᠢ ᠵᠡᠬᠦᠬᠦ ᠵᠡᠷᠬᠡ ᠬᠢᠵᠢᠭ ᠢ ᠰᠡᠷᠬᠡᠶᠢᠯᠡᠨ ᠡᠵᠡᠮᠳᠡᠬᠦ | ᠲᠤᠭᠳᠠᠭᠠᠯ ᠢ ᠰᠠᠨᠠᠭᠠᠴᠢᠯᠠᠭ᠎ᠠ ᠠᠴᠠ ᠪᠠᠨ ᠵᠢᠷᠤᠮᠯᠠᠬᠤ ᠬᠡᠷᠡᠭᠳᠠᠢ︔ ᠬᠡᠷ ᠤᠷᠤᠨ ᠳᠠᠭᠠᠨ ᠪᠠᠶ᠎ᠠ ᠶᠢᠨ ᠲᠤᠯᠠᠭᠠᠨ ᠤ | ᠬᠡᠮᠵᠢᠬᠦᠷ᠂ ᠠᠮᠠᠪᠴᠢ᠂ ᠠᠷᠢᠭᠤᠳᠬᠠᠬᠤ ᠡᠳ᠋ ᠪᠤᠳᠠᠰ ᠵᠡᠷᠬᠡ ᠬᠠᠮᠠᠭᠠᠯᠠᠯᠳᠠ ᠶᠢᠨ ᠡᠳ᠋ ᠪᠤᠳᠠᠰ ᠪᠡᠯᠡᠳᠬᠡᠵᠦ᠂ | ᠲᠦᠷᠬᠡᠨ ᠭᠤᠪᠢᠭᠤᠯᠤᠯᠭ᠎ᠠ᠂ ᠬᠦᠢᠳᠡᠨ ᠬᠦᠯᠳᠡᠬᠦᠦ ᠢᠳᠡᠬᠡᠨ᠂ ᠲᠠᠯᠠᠢ ᠶᠢᠨ ᠢᠳᠡᠬᠡᠨ ᠵᠡᠷᠬᠡ ᠪᠠᠨ ᠠᠷᠢᠭᠤᠳᠬᠠᠵᠦ᠂ | ᠢᠷᠡᠯᠳᠠ ᠲᠤᠳᠤᠷᠬᠠᠢ ᠪᠤᠰᠦ ᠢᠳᠡᠬᠡᠨ ᠪᠠ ᠠᠮᠢᠳᠠᠨ ᠵᠢᠬᠦᠷᠳᠡᠨ ᠤ ᠮᠢᠬ᠎ᠠ ᠠᠪᠬᠤ ᠦᠭᠡᠢ︔ ᠶᠠᠪᠤᠵᠦ ᠰᠠᠭᠤᠬᠤ | ᠴᠠᠭ ᠢᠶᠠᠨ ᠵᠦᠢ ᠵᠤᠬᠢᠰᠳᠠᠢ ᠲᠤᠬᠢᠷᠠᠭᠤᠯᠵᠦ᠂ ᠬᠡᠷᠪᠡ ᠤᠨᠴᠠᠭᠠᠢ ᠪᠠᠶᠢᠳᠠᠯ ᠦᠭᠡᠢ ᠪᠤᠯ᠂ ᠬᠢᠵᠢᠭ ᠤᠨ ᠲᠦᠭᠰᠢᠬᠦᠷᠢ | ᠶᠢᠨ ᠲᠤᠮᠳᠠ ᠲᠡᠬᠡᠳᠦ ᠬᠡᠮᠵᠢᠶᠠᠨ ᠤ ᠤᠷᠤᠨ ᠳᠤ ᠤᠴᠢᠬᠤ ᠦᠭᠡᠢ ᠪᠠᠶᠢᠵᠦ᠂ ᠬᠡᠷᠪᠡ ᠤᠴᠢᠬᠤ ᠴᠢᠬᠤᠯᠠᠳᠠᠢ ᠪᠤᠯ᠂ | ᠪᠤᠴᠠᠵᠦ ᠢᠷᠡᠬᠦ ᠦᠶᠠᠰ ᠲᠡᠭᠡᠨ ᠰᠠᠭᠤᠭ᠎ᠠ ᠭᠠᠵᠠᠷ ᠤᠨ ᠢᠶᠠᠨ ᠨᠡᠶᠢᠬᠡᠮ ᠲᠤᠭᠤᠷᠢᠭ ︵ᠭᠠᠴᠠᠭ᠎ᠠ ᠲᠤᠰᠬᠤᠨ︶᠂ | ᠪᠠᠶᠢᠭᠤᠯᠭ᠎ᠠ ᠨᠢᠬᠡᠴᠢ ᠳᠤ ᠰᠠᠨᠠᠭᠠᠴᠢᠯᠠᠭ᠎ᠠ ᠠᠴᠠ ᠪᠠᠨ ᠮᠡᠳᠡᠬᠦᠯᠵᠦ᠂ ᠬᠠᠮᠢᠶ᠎ᠠ ᠪᠦᠬᠦᠢ ᠰᠡᠷᠬᠡᠶᠢᠯᠡᠨ ᠡᠵᠡᠮᠳᠡᠬᠦ ᠠᠷᠭ᠎ᠠ | ᠬᠡᠮᠵᠢᠶ᠎ᠠ ᠶᠢ ᠰᠠᠶᠢᠳᠦᠷ ᠬᠡᠷᠡᠭᠵᠢᠬᠦᠯᠬᠦ ᠬᠡᠷᠡᠭᠳᠠᠢ︔ ᠠᠮᠠᠪᠴᠢ ᠵᠡᠬᠦᠬᠦ᠂ ᠭᠠᠷ ᠢᠶᠠᠨ ᠦᠷᠬᠦᠯᠵᠢ ᠤᠬᠢᠶᠠᠬᠤ᠂ ᠠᠭᠠᠷ | ᠰᠠᠯᠬᠢ ᠨᠡᠪᠳᠡᠷᠡᠬᠦᠯᠬᠦ᠂ ᠨᠠᠶᠢᠳᠠ ᠶᠢᠨ ᠰᠠᠪᠬ᠎ᠠ ᠵᠠᠷᠤᠬᠤ᠂ ᠨᠢᠬᠡ ᠮᠧᠲᠷ ᠤᠨ ᠵᠠᠢ ᠶᠢ ᠪᠠᠳᠤᠯᠠᠬᠤ᠂ ᠬᠤᠷᠠᠨ | ᠴᠤᠭᠯᠠᠷᠠᠬᠤ ᠦᠭᠡᠢ ᠪᠠᠶᠢᠬᠤ ᠵᠡᠷᠬᠡ ᠰᠠᠶᠢᠨ ᠰᠠᠶᠢᠬᠠᠨ ᠡᠷᠡᠬᠦᠯ ᠬᠠᠮᠠᠭᠠᠯᠠᠯ ᠤᠨ ᠲᠠᠳᠬᠠᠯ ᠲᠠᠢ ᠪᠠᠶᠢᠬᠤ ᠬᠡᠷᠡᠭᠳᠠᠢ᠃ | ᠬᠡᠷᠪᠡ ᠬᠠᠯᠠᠭᠤᠷᠠᠬᠤ᠂ ᠬᠠᠨᠢᠶᠠᠬᠤ᠂ ᠰᠠᠭᠤᠯᠭᠠᠬᠤ᠂ ᠲᠠᠮᠢᠷᠳᠠᠬᠤ ᠵᠡᠷᠬᠡ ᠡᠪᠡᠳᠴᠢᠨ ᠤ ᠪᠠᠶᠢᠳᠠᠯ ᠢᠯᠡᠷᠡᠪᠠᠯ᠂ ᠬᠤᠪᠢ | ᠬᠦᠮᠦᠨ ᠤ ᠬᠠᠮᠠᠭᠠᠯᠠᠯᠳᠠ ᠪᠠᠨ ᠰᠠᠶᠢᠳᠦᠷ ᠬᠢᠬᠦ ᠶᠢᠨ ᠬᠠᠮᠳᠦ ᠴᠠᠭ ᠲᠤᠬᠠᠢ ᠳᠤᠨᠢ ᠪᠠᠶᠢᠴᠠᠭᠠᠨ ᠡᠮᠴᠢᠯᠡᠬᠦᠯᠵᠦ᠂ | ᠡᠮᠴᠢᠯᠡᠬᠦᠯᠬᠦ ᠳᠡᠭᠡᠨ ᠤᠯᠠᠨ ᠨᠠᠶᠢᠳᠠ ᠶᠢᠨ ᠵᠠᠮ ᠬᠠᠷᠢᠯᠴᠠᠭᠠᠨ ᠤ ᠪᠠᠭᠠᠵᠢ ᠶᠢ ᠬᠡᠷᠡᠭᠯᠡᠬᠦ ᠠᠴᠠ ᠵᠠᠶᠢᠯᠠᠰᠬᠢᠨ᠎ᠡ᠃ | ᠦᠷᠬᠡᠨ ᠤᠯᠠᠨ ᠰᠠᠭᠤᠭᠠᠯᠢ ᠠᠷᠠᠳ ᠤᠨ ᠬᠢᠵᠢᠭ ᠢ ᠰᠡᠷᠬᠡᠶᠢᠯᠡᠨ ᠡᠵᠡᠮᠳᠡᠬᠦ ᠬᠠᠮᠢᠶ᠎ᠠ ᠪᠦᠬᠦᠢ ᠲᠤᠭᠳᠠᠭᠠᠯ ᠢ | ᠴᠢᠩᠭ᠎ᠠ ᠵᠢᠷᠤᠮᠯᠠᠨ ᠰᠠᠬᠢᠬᠤ ᠶᠢ ᠤᠷᠢᠶᠠᠯᠠᠵᠦ᠂ ᠰᠡᠷᠬᠡᠶᠢᠯᠡᠨ ᠬᠠᠮᠠᠭᠠᠯᠠᠬᠤ ᠤᠬᠠᠮᠰᠠᠷ ᠢᠶᠠᠨ ᠲᠡᠭᠡᠭᠰᠢᠯᠡᠬᠦᠯᠦᠨ᠂ | ᠬᠤᠪᠢ ᠬᠦᠮᠦᠨ ᠤ ᠬᠠᠮᠠᠭᠠᠯᠠᠯᠳᠠ ᠪᠠᠨ ᠰᠠᠨᠠᠭᠠᠴᠢᠯᠠᠭ᠎ᠠ ᠠᠴᠠ ᠪᠠᠨ ᠰᠠᠶᠢᠳᠦᠷ ᠬᠢᠵᠦ᠂ ᠨᠡᠶᠢᠬᠡᠮ ᠤᠨ ᠡᠮᠬᠢ ᠲᠢᠭᠯᠢᠮ | ᠢ ᠵᠢᠷᠤᠮᠯᠠᠨ ᠰᠠᠬᠢᠵᠦ᠂ ᠬᠤᠪᠢ ᠬᠦᠮᠦᠨ ᠪᠠ ᠬᠡᠷ ᠪᠦᠯᠢ ᠶᠢᠨ ᠰᠡᠷᠬᠡᠶᠢᠯᠡᠨ ᠬᠠᠮᠠᠭᠠᠯᠠᠯᠳᠠ ᠶᠢᠨ ᠬᠠᠷᠢᠭᠤᠴᠠᠯᠭ᠎ᠠ ᠪᠠᠨ | ᠴᠢᠩᠭ᠎ᠠ ᠵᠢᠷᠤᠮᠯᠠᠨ ᠬᠡᠷᠡᠭᠵᠢᠬᠦᠯᠵᠦ᠂ ᠬᠢᠵᠢᠭ ᠢ ᠰᠡᠷᠬᠡᠶᠢᠯᠡᠨ ᠡᠵᠡᠮᠳᠡᠭᠰᠡᠨ ᠦᠷ᠎ᠡ ᠪᠦᠳᠦᠮᠵᠢ ᠪᠠᠨ ᠦᠷᠬᠦᠯᠵᠢᠯᠡᠨ | ᠪᠠᠳᠤᠳᠬᠠᠰᠤᠭᠠᠢ᠃ |