ᠵᠠᠩ ᠰᠢᠦᠸᠠᠢ ᠴᠦᠨ
ᠨᠡᠶᠢᠲᠡᠯᠡᠭᠰᠡᠨ ᠴᠠᠭ᠄
2021/11/24
ᠵᠠᠩ ᠰᠢᠦᠸᠠᠢ ᠴᠦᠨ       ᠬᠤᠰᠢᠭᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠬᠤᠰᠢᠭᠤ ᠳᠡᠳ᠋ ᠳᠠᠷᠤᠭ᠎ᠠ      ᠬᠤᠰᠢᠭᠤ ᠠᠷᠠᠳ ᠤᠨ ᠵᠠᠰᠠᠭ ᠤᠨ ᠣᠷᠳᠣᠨ ᠤ ᠪᠠᠶᠢᠩᠭᠤ ᠶᠢᠨ ᠠᠵᠢᠯ ᠢ ᠬᠠᠷᠢᠭᠤᠴᠠᠵᠤ᠂ ᠬᠤᠰᠢᠭᠤ ᠳᠠᠷᠤᠭ᠎ᠠ  ᠶᠢ ᠬᠠᠪᠰᠤᠷᠤᠨ ᠬᠤᠰᠢᠭᠤ ᠵᠠᠰᠠᠭ ᠤᠨ ᠣᠷᠳᠣᠨ ᠤ ᠶᠡᠷᠦᠩᠬᠡᠶᠢᠯᠡᠭᠰᠡᠨ ᠠᠵᠤ ᠠᠬᠤᠢ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠴᠡᠪᠡᠷ ᠡᠨᠧᠷᠭᠢ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ᠂ ᠮᠥᠩᠭᠦᠨ ᠭᠦᠢᠯᠭᠡᠭᠡ᠂ ᠭᠠᠳᠠᠭᠠᠳᠤ ᠶᠠᠪᠤᠳᠠᠯ᠂ ᠵᠠᠰᠠᠭ ᠤᠨ ᠶᠠᠪᠤᠳᠠᠯ ᠢ ᠢᠯᠡ ᠪᠣᠯᠭᠠᠬᠤ ᠵᠡᠷᠭᠡ ᠲᠠᠯ᠎ᠠ ᠶᠢᠨ ᠠᠵᠢᠯ ᠢ  ᠬᠠᠷᠢᠭᠤᠴᠠᠵᠤ ᠪᠤᠢ᠃ ᠬᠤᠰᠢᠭᠤ ᠵᠠᠰᠠᠭ ᠤᠨ ᠣᠷᠳᠣᠨ ᠤ ᠠᠯᠪᠠᠨ ᠭᠡᠷ᠂ ᠡᠳ᠋ ᠤᠨ ᠵᠠᠰᠠᠭ ᠤᠨ ᠲᠣᠪᠴᠢᠶ᠎ᠠ ( ᠤᠯᠤᠰ ᠤᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠵᠥᠪᠯᠡᠯ᠂ ᠮᠥᠩᠭᠦᠨ ᠭᠦᠢᠯᠭᠡᠭᠡᠨ ᠤ ᠠᠯᠪᠠᠨ ᠭᠡᠷ )᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ( ᠣᠷᠣᠨ ᠪᠦᠰᠡ ᠶᠢᠨ ᠠᠵᠤ ᠠᠬᠤᠢ ᠶᠢᠨ ᠬᠠᠮᠲᠤᠷᠠᠯᠴᠠᠭᠠᠨ ᠤ ᠲᠣᠪᠴᠢᠶ᠎ᠠ᠂ ᠠᠮᠤ ᠪᠤᠳᠠᠭ᠎ᠠ ᠪᠠ ᠡᠳ᠋ ᠪᠣᠳᠠᠰ ᠨᠥᠭᠡᠴᠡᠯᠡᠬᠦ ᠲᠣᠪᠴᠢᠶ᠎ᠠ )᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠲᠤᠭ᠎ᠠ ᠪᠦᠷᠢᠳᠬᠡᠯ ᠤᠨ ᠲᠣᠪᠴᠢᠶ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠭᠠᠳᠠᠭᠠᠳᠤ ᠶᠠᠪᠤᠳᠠᠯ ᠤᠨ ᠠᠯᠪᠠᠨ ᠭᠡᠷ᠂ ᠪᠠᠶᠢᠭᠤᠯᠤᠯᠭ᠎ᠠ ᠶᠢᠨ ᠶᠠᠪᠤᠳᠠᠯ ᠤᠨ ᠦᠢᠯᠡᠴᠢᠯᠡᠭᠡᠨ ᠤ ᠲᠥᠪ᠂ ᠤᠯᠤᠰ ᠤᠨ ᠡᠬᠢ ᠪᠠᠶᠠᠯᠢᠭ ᠤᠨ ᠪᠡᠯᠡ ᠣᠷᠣᠭᠤᠯᠤᠯᠲᠠ ᠶᠢᠨ ᠺᠣᠮᠫᠠᠨᠢ᠂ ᠡᠬᠢ ᠪᠠᠶᠠᠯᠢᠭ ᠤᠨ ᠨᠡᠭᠡᠭᠡᠯᠲᠡ ᠶᠢᠨ ᠪᠡᠯᠡ ᠣᠷᠣᠭᠤᠯᠤᠯᠲᠠ ᠶᠢᠨ ᠺᠣᠮᠫᠠᠨᠢ ᠶᠢ ᠬᠤᠪᠢᠳᠠᠨ  ᠬᠠᠮᠢᠶᠠᠷᠴᠤ ᠪᠠᠶᠢᠨ᠎ᠠ᠃  ᠬᠤᠰᠢᠭᠤ ᠳᠠᠷᠤᠭ᠎ᠠ ᠶᠢ ᠬᠠᠪᠰᠤᠷᠤᠨ᠂ ᠬᠤᠰᠢᠭᠤᠨ ᠤ ᠬᠢᠨᠠᠨ ᠪᠣᠳᠣᠬᠤ ᠲᠣᠪᠴᠢᠶ᠎ᠠ ᠶᠢ ᠬᠤᠪᠢᠳᠠᠨ ᠬᠠᠮᠢᠶᠠᠷᠤᠨ᠎ᠠ᠃ ᠬᠠᠷᠢᠯᠴᠠᠬᠤ ᠪᠠᠶᠢᠭᠤᠯᠭ᠎ᠠ᠄ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠬᠤᠰᠢᠭᠤ ᠤᠯᠤᠰ ᠲᠥᠷᠥ ᠶᠢᠨ ᠵᠥᠪᠯᠡᠯᠭᠡᠨ᠂ ᠬᠤᠰᠢᠭᠤ ᠬᠢᠨᠠᠨ ᠪᠠᠶᠢᠴᠠᠭᠠᠬᠤ ᠵᠥᠪᠯᠡᠯ᠂ ᠡᠯ᠎ᠡ ᠠᠷᠠᠳᠴᠢᠯᠠᠭᠰᠠᠨ ᠨᠠᠮ ᠪᠦᠯᠦᠭ᠂ ᠬᠤᠰᠢᠭᠤ ᠨᠠᠮ ᠤᠨ ᠬᠤᠷᠢᠶᠠᠨ ᠤ ᠠᠬᠠᠮᠠᠳ ᠺᠠᠳ᠋ᠷ ᠤᠨ ᠲᠣᠪᠴᠢᠶ᠎ᠠ᠂ ᠬᠤᠰᠢᠭᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ( ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ )᠂ ᠬᠤᠰᠢᠭᠤ ᠳᠠᠩᠰᠠ ᠡᠪᠬᠡᠮᠡᠯ ᠲᠡᠦᠬᠡ ᠤᠶᠢᠯᠠᠯᠭ᠎ᠠ ᠶᠢᠨ ᠰᠠᠩ᠂ ᠬᠤᠰᠢᠭᠤ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠬᠢᠯᠢ ᠶᠢᠨ ᠬᠠᠮᠠᠭᠠᠯᠠᠯᠲᠠ ᠶᠢᠨ ᠵᠠᠮ ᠬᠠᠮᠠᠭᠠᠯᠠᠬᠤ ᠠᠩᠭᠢ᠂ ᠤᠯᠠᠭᠠᠨᠴᠠᠪ  ᠠᠴᠠ ᠰᠠᠶᠢᠬᠠᠨᠲᠠᠯ᠎ᠠ ᠬᠦᠷᠬᠦ  ᠵᠠᠮ ᠬᠠᠷᠢᠯᠴᠠᠭᠠᠨ ᠤ ᠬᠤᠪᠢᠶᠠᠷᠢ ᠲᠣᠪᠴᠢᠶ᠎ᠠ ᠂ ᠱᠧᠨ ᠵᠧᠦ ᠬᠤᠪᠢᠶᠠᠷᠢ ᠲᠣᠪᠴᠢᠶ᠎ᠠ᠂ ᠰᠢᠶᠣᠤ ᠳ᠋ᠦᠩ ᠢᠩ ᠰᠦᠢᠳᠬᠡᠯ ᠬᠤᠷᠢᠶᠠᠬᠤ ᠥᠷᠲᠡᠭᠡ᠂ ᠮᠠᠰᠢᠨ ᠲᠡᠷᠭᠡᠨ ᠤ ᠥᠷᠲᠡᠭᠡ᠂ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ᠂ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠳᠥᠷᠪᠡᠳ ᠬᠤᠰᠢᠭᠤᠨ ᠤ ᠪᠠᠶᠢᠴᠠᠭᠠᠬᠤ ᠠᠩᠭᠢ᠂ ᠠᠷᠠᠳ ᠤᠨ ᠪᠠᠩᠬᠢ ᠶᠢᠨ ᠳᠥᠷᠪᠡᠳ ᠬᠤᠰᠢᠭᠤᠨ ᠤ ᠰᠠᠯᠪᠤᠷᠢ ᠪᠠᠩᠬᠢ᠂ ᠪᠠᠩᠬᠢ ᠶᠢᠨ ᠳᠠᠭᠠᠳᠬᠠᠯ ᠤᠨ ᠬᠢᠨᠠᠯᠲᠠ ᠲᠠᠯᠪᠢᠬᠤ ᠬᠤᠪᠢᠶᠠᠷᠢ ᠲᠣᠪᠴᠢᠶ᠎ᠠ᠂ ᠬᠤᠰᠢᠭᠤᠨ ᠳᠤ ᠰᠠᠭᠤᠭ᠎ᠠ ᠡᠯ᠎ᠡ ᠪᠠᠩᠬᠢ᠃         ᠵᠠᠩ ᠰᠢᠦᠸᠠᠢ ᠴᠦᠨ  ᠡᠷᠡᠭᠲᠡᠢ᠂ ᠬᠢᠲᠠᠳ ᠦᠨᠳᠦᠰᠦᠲᠡᠨ᠂ 1974 ᠣᠨ ᠤ 1 ᠰᠠᠷ᠎ᠠ ᠳᠤ ᠲᠥᠷᠥᠵᠡᠢ᠂ ᠥᠪᠥᠷ ᠮᠣᠩᠭᠤᠯ ᠤᠨ ᠳᠥᠷᠪᠡᠳ ᠬᠤᠰᠢᠭᠤᠨ ᠤ ᠬᠥᠮᠦᠨ᠂ 2000 ᠣᠨ ᠤ 12 ᠰᠠᠷ᠎ᠠ ᠳᠤ ᠠᠵᠢᠯ ᠳᠤ ᠣᠷᠣᠵᠤ᠂ 2001 ᠣᠨ ᠤ 7 ᠰᠠᠷ᠎ᠠ ᠳᠤ ᠨᠠᠮ ᠳᠤ ᠣᠷᠣᠵᠠᠢ᠂ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠃ ᠣᠳᠣ ᠳᠤᠮᠳᠠᠳᠤ ᠤᠯᠤᠰ ᠤᠨ ᠡᠪ ᠬᠠᠮᠲᠤ ᠨᠠᠮ ᠤᠨ ᠳᠥᠷᠪᠡᠳ ᠬᠤᠰᠢᠭᠤᠨ ᠤ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠬᠤᠰᠢᠭᠤ ᠳᠡᠳ᠋ ᠳᠠᠷᠤᠭ᠎ᠠ ᠶᠢᠨ ᠲᠤᠰᠢᠶᠠᠯ ᠢ ᠡᠭᠦᠷᠭᠡᠯᠡᠵᠦ ᠪᠠᠶᠢᠨ᠎ᠠ᠃        2000 ᠣᠨ ᠤ12  ᠰᠠᠷ᠎ᠠ— 2003 ᠣᠨ ᠤ02 ᠰᠠᠷ᠎ᠠ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠥᠷᠪᠡᠳ ᠬᠤᠰᠢᠭᠤᠨ ᠤ  ᠳ᠋ᠦᠩ ᠪᠠ ᠬᠤᠣ ᠰᠢᠶᠠᠩ ᠤᠨ ᠨᠠᠮ ᠤᠨ ᠬᠤᠷᠢᠶᠠᠨ ᠤ ᠭᠡᠰᠢᠭᠦᠨ᠂ ᠨᠠᠮ ᠵᠠᠰᠠᠭ ᠤᠨ ᠶᠡᠷᠦᠩᠬᠡᠶᠢᠯᠡᠭᠰᠡᠨ ᠨᠠᠷᠢᠨ ᠪᠢᠴᠢᠭᠡᠴᠢ᠃       2003ᠣᠨ ᠤ02  ᠰᠠᠷ᠎ᠠ—2009ᠣᠨ ᠤ02 ᠰᠠᠷ᠎ᠠ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠥᠷᠪᠡᠳ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠯᠪᠠᠨ ᠭᠡᠷ ᠤᠨ ᠶᠡᠷᠦᠩᠬᠡᠶᠢᠯᠡᠭᠰᠡᠨ ᠨᠠᠷᠢᠨ ᠪᠢᠴᠢᠭᠡᠴᠢ (2005 ᠣᠨ ᠳᠤ ᠳᠡᠳ᠋ ᠡᠷᠬᠢᠯᠡᠭᠴᠢ  ᠶᠢᠨ ᠭᠡᠰᠢᠭᠦᠴᠢ ᠶᠢᠨ ᠲᠤᠰᠢᠶᠠᠯ ᠢ  ᠬᠠᠷᠢᠭᠤᠴᠠᠵᠤ ᠪᠠᠶᠢᠪᠠ)᠃       2009ᠣᠨ ᠤ02ᠰᠠᠷ᠎ᠠ—2012ᠣᠨ ᠤ09 ᠰᠠᠷ᠎ᠠ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠥᠷᠪᠡᠳ ᠬᠤᠰᠢᠭᠤᠨ ᠤ ᠠᠵᠤ ᠦᠢᠯᠡᠳᠪᠦᠷᠢ ᠠᠵᠤ ᠠᠬᠤᠢ ᠶᠢᠨ ᠵᠥᠪᠯᠡᠯ ᠤᠨ ᠳᠡᠳ᠋ ᠡᠷᠬᠢᠯᠡᠭᠴᠢ᠃      2012ᠣᠨ ᠤ09ᠰᠠᠷ᠎ᠠ—2015ᠣᠨ ᠤ04 ᠰᠠᠷ᠎ᠠ  ᠪᠤᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠥᠷᠪᠡᠳ ᠬᠤᠰᠢᠭᠤᠨ ᠤ  ᠭᠦᠩ ᠵᠢᠢ ᠳᠠᠩ  ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠪᠠᠯᠭᠠᠰᠤᠨ ᠤ ᠳᠠᠷᠤᠭ᠎ᠠ (2014ᠣᠨ ᠤ04 ᠰᠠᠷ᠎ᠠ  ︱  2015ᠣᠨ ᠤ04 ᠰᠠᠷ᠎ᠠ  ᠪᠤᠯᠲᠠᠯ᠎ᠠ᠂ ᠨᠠᠮ ᠤᠨ ᠬᠤᠷᠢᠶᠠᠨ ᠤ ᠠᠵᠢᠯ ᠢ  ᠡᠷᠬᠢᠯᠡᠵᠦ ᠪᠠᠶᠢᠪᠠ )᠃       2015ᠣᠨ ᠤ04 ᠰᠠᠷ᠎ᠠ︱ 2017ᠣᠨ ᠤ10ᠰᠠᠷ᠎ᠠ  ᠪᠤᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠥᠷᠪᠡᠳ ᠬᠤᠰᠢᠭᠤᠨ ᠤ  ᠭᠦᠩ ᠵᠢᠢ ᠳᠠᠩ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠃     2017ᠣᠨ ᠤ10ᠰᠠᠷ᠎ᠠ — 2019ᠣᠨ ᠤ05 ᠰᠠᠷ᠎ᠠ  ᠪᠤᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠥᠷᠪᠡᠳ ᠬᠤᠰᠢᠭᠤᠨ ᠤ ᠤᠯᠠᠭᠠᠨᠬᠤᠸᠠ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠃      2019ᠣᠨ ᠤ05ᠰᠠᠷ᠎ᠠ—2020ᠣᠨ ᠤ11ᠰᠠᠷ᠎ᠠ ᠪᠤᠯᠲᠠᠯ᠎ᠠ᠂  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠥᠷᠪᠡᠳ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂  ᠬᠤᠰᠢᠭᠤ ᠨᠠᠮ ᠤᠨ ᠬᠤᠷᠢᠶᠠᠨ ᠤ ᠠᠯᠪᠠᠨ ᠭᠡᠷ ᠤᠨ ᠡᠷᠬᠢᠯᠡᠭᠴᠢ᠂ ᠤᠯᠠᠭᠠᠨᠬᠤᠸᠠ ᠪᠠᠯᠭᠠᠰᠤᠨ ᠤ ᠤ ᠨᠠᠮ ᠤᠨ ᠬᠤᠷᠢᠶᠠᠨ ᠤ ᠱᠦᠵᠢ᠃      2020ᠣᠨ ᠤ11ᠰᠠᠷ᠎ᠠ —2021ᠣᠨ ᠤ07ᠰᠠᠷ᠎ᠠ ᠪᠤᠯᠲᠠᠯ᠎ᠠ ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠥᠷᠪᠡᠳ ᠬᠤᠰᠢᠭᠤᠨ ᠤ ᠨᠠᠮ ᠤᠨ  ᠬᠤᠷᠢᠶᠠᠨ ᠤ ᠪᠠᠶᠢᠩᠭᠤ ᠶᠢᠨ ᠭᠡᠰᠢᠭᠦᠨ᠂  ᠬᠤᠰᠢᠭᠤ ᠨᠠᠮ ᠤᠨ  ᠬᠤᠷᠢᠶᠠᠨ ᠤ ᠠᠯᠪᠠᠨ ᠭᠡᠷ ᠤᠨ ᠡᠷᠬᠢᠯᠡᠭᠴᠢ᠃      2021ᠣᠨ ᠤ07ᠰᠠᠷ᠎ᠠ—  ᠣᠳᠤ ᠪᠤᠯᠲᠠᠯ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠳᠥᠷᠪᠡᠳ ᠬᠤᠰᠢᠭᠤᠨ ᠤ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ  ᠬᠤᠰᠢᠭᠤ ᠳᠡᠳ᠋ ᠳᠠᠷᠤᠭ᠎ᠠ ᠪᠠᠷ ᠠᠵᠢᠯᠯᠠᠵᠤ ᠪᠤᠢ᠃
 
ᠢᠷᠡᠯᠲᠡ᠄ ᠬᠤᠰᠢᠭᠤᠨ ᠤ ᠵᠤᠬᠢᠶᠠᠨ ᠪᠠᠶᠢᠭᠤᠯᠬᠤ ᠬᠡᠯᠲᠡᠰ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2