ᠶᠠᠩ ᠯᠢᠦ
ᠨᠡᠶᠢᠲᠡᠯᠡᠭᠰᠡᠨ ᠴᠠᠭ᠄
2021/11/24
ᠶᠠᠩ ᠯᠢᠦ      ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ  ᠃    ᠬᠤᠰᠢᠭᠤ ᠳᠠᠷᠤᠭ᠎ᠠ  ᠶᠢ ᠬᠠᠪᠰᠤᠷᠤᠨ ᠪᠠᠶᠢᠭᠠᠯᠢ ᠶᠢᠨ ᠡᠬᠢ ᠪᠠᠶᠠᠯᠢᠭ᠂ ᠠᠮᠢ ᠠᠬᠤᠢ ᠶᠢᠨ ᠣᠷᠴᠢᠨ ᠲᠣᠭᠤᠷᠢᠨ ᠂ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠴᠡᠴᠡᠷᠯᠢᠭᠵᠢᠭᠦᠯᠦᠨ ᠨᠣᠭᠤᠭᠠᠷᠠᠭᠤᠯᠬᠤ ᠵᠡᠷᠭᠡ ᠠᠵᠢᠯ ᠢ  ᠬᠠᠷᠢᠭᠤᠴᠠᠵᠤ ᠪᠤᠢ᠃ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ( ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠯᠪᠠᠨ ᠭᠡᠷ )᠂ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ᠂ ᠣᠷᠣᠨ ᠰᠠᠭᠤᠴᠠ ᠶᠢᠨ ᠶᠡᠷᠦᠩᠬᠡᠶᠢᠯᠡᠭᠰᠡᠨ ᠪᠠᠲᠤᠯᠠᠭ᠎ᠠ ᠶᠢᠨ ᠲᠥᠪ᠂ ᠴᠡᠴᠡᠷᠯᠢᠭ ᠤᠨ ᠦᠢᠯᠡᠴᠢᠯᠡᠭᠡᠨ ᠤ ᠲᠥᠪ᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠥᠪ᠂ ᠪᠠᠶᠢᠭᠠᠯᠢ ᠶᠢᠨ ᠡᠬᠢ ᠪᠠᠶᠠᠯᠢᠭ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ᠂ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠪᠡᠯᠡ ᠣᠷᠣᠭᠤᠯᠤᠯᠲᠠ ᠶᠢᠨ ᠺᠣᠮᠫᠠᠨᠢ ᠶᠢ ᠬᠤᠪᠢᠳᠠᠨ  ᠬᠠᠮᠢᠶᠠᠷᠴᠤ ᠪᠠᠶᠢᠨ᠎ᠠ᠃ ᠬᠠᠷᠢᠯᠴᠠᠬᠤ ᠪᠠᠶᠢᠭᠤᠯᠭ᠎ᠠ᠄ ᠬᠤᠰᠢᠭᠤᠨ ᠤ ᠠᠮᠢ ᠠᠬᠤᠢ ᠶᠢᠨ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ᠂ ᠣᠷᠣᠨ ᠰᠠᠭᠤᠴᠠ ᠶᠢᠨ ᠪᠡᠯᠡ ᠮᠥᠩᠭᠦ ᠶᠢᠨ ᠬᠠᠮᠢᠶᠠᠷᠤᠯᠲᠠ ᠶᠢᠨ ᠬᠤᠪᠢᠶᠠᠷᠢ ᠲᠥᠪ᠂ ᠭᠠᠵᠠᠷ ᠬᠥᠳᠡᠯᠦᠯᠲᠡ ᠶᠢᠨ ᠬᠤᠷᠢᠶ᠎ᠠ᠃        ᠶᠠᠩ ᠯᠢᠦ ᠂ ᠡᠷᠡᠭᠲᠡᠢ᠂ ᠬᠢᠲᠠᠳ ᠦᠨᠳᠦᠰᠦᠲᠡᠨ᠂ ᠤᠭ ᠨᠤᠲᠤᠭ ᠨᠢ   ᠯᠢᠶᠠᠩᠴᠧᠩ ᠰᠢᠶᠠᠨ᠂ ᠲᠥᠷᠥᠭᠰᠡᠨ ᠭᠠᠵᠠᠷ  ᠨᠢ  ᠴᠠᠩ ᠬᠠᠨ ᠢᠩ  ᠂ 1970 ᠣᠨ ᠤ 5 ᠰᠠᠷ᠎ᠠ ᠳᠤ ᠲᠥᠷᠥᠵᠦ᠂ 1995 ᠣᠨ ᠤ 12 ᠰᠠᠷ᠎ᠠ ᠳᠤ ᠨᠠᠮ ᠳᠤ ᠣᠷᠣᠵᠤ᠂ 1986 ᠣᠨ ᠤ 12 ᠰᠠᠷ᠎ᠠ ᠳᠤ ᠠᠵᠢᠯ ᠳᠤ ᠣᠷᠣᠵᠠᠢ᠂ ᠠᠰᠫᠢᠷᠠᠨᠲ ᠤᠨ ᠰᠤᠷᠤᠯᠭ᠎ᠠ ᠶᠢᠨ ᠨᠠᠮᠲᠠᠷ ᠲᠠᠢ᠂ 2017 ᠣᠨ ᠤ 7 ᠰᠠᠷ᠎ᠠ ᠳᠤ ᠯᠢᠶᠠᠩᠴᠧᠩ ᠰᠢᠶᠠᠨ ᠤ ᠬᠤᠩ ᠮᠣᠤ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠶᠢᠨ ᠲᠤᠰᠢᠶᠠᠯ ᠢ  ᠡᠭᠦᠷᠭᠡᠯᠡᠵᠤ ᠪᠠᠶᠢᠪᠠ᠃ ᠠᠵᠢᠯ ᠤᠨ ᠲᠣᠪᠴᠢ ᠨᠠᠮᠲᠠᠷ ᠄      1986ᠣᠨ ᠤ12 ᠰᠠᠷ᠎ᠠ—1990 ᠣᠨ ᠤ10  ᠰᠠᠷ᠎ᠠ ᠪᠤᠯᠲᠠᠯ᠎ᠠ᠂ ᠯᠢᠶᠠᠩᠴᠧᠩ  ᠰᠢᠶᠠᠨ ᠤ ᠮᠠᠨ ᠬᠠᠨ ᠱᠠᠨ ᠣᠢ  ᠰᠢᠭᠤᠢ ᠶᠢᠨ ᠲᠠᠯᠠᠪᠠᠢ ᠳᠤ ᠠᠵᠢᠯᠯᠠᠪᠠ᠃      1990ᠣᠨ ᠤ10  ᠰᠠᠷ᠎ᠠ—1996 ᠣᠨ ᠤ11 ᠰᠠᠷ᠎ᠠ  ᠪᠤᠯᠲᠠᠯ᠎ᠠ᠂ ᠯᠢᠶᠠᠩᠴᠧᠩ  ᠰᠢᠶᠠᠨ ᠤ  ᠴᠠᠩ ᠬᠠᠨ ᠢᠩ ᠰᠢᠶᠠᠩ ᠳᠤ ᠠᠵᠢᠯᠯᠠᠪᠠ ᠃      1996ᠣᠨ ᠤ11 ᠰᠠᠷ᠎ᠠ—1999 ᠣᠨ ᠤ12 ᠰᠠᠷ᠎ᠠ ᠪᠤᠯᠲᠠᠯ᠎ᠠ᠂ ᠯᠢᠶᠠᠩᠴᠧᠩ  ᠰᠢᠶᠠᠨ ᠤ  ᠤᠤᠯ ᠤᠨ ᠱᠢ ᠱᠠᠨ ᠬᠤᠣ ᠰᠢᠶᠠᠩ ᠤᠨ  ᠳᠡᠳ᠋ ᠳᠠᠷᠤᠭ᠎ᠠ ᠪᠣᠯᠪᠠ      1999ᠣᠨ ᠤ12 ᠰᠠᠷ᠎ᠠ—2001 ᠣᠨ ᠤ05  ᠰᠠᠷ᠎ᠠ ᠪᠤᠯᠲᠠᠯ᠎ᠠ᠂ ᠯᠢᠶᠠᠩᠴᠧᠩ  ᠰᠢᠶᠠᠨ ᠤ ᠤᠤᠯ ᠤᠨ ᠱᠢ ᠱᠠᠨ ᠬᠤᠣ ᠰᠢᠶᠠᠩ ᠤᠨ ᠳᠡᠳ᠋ ᠱᠦᠵᠢ ᠪᠣᠯᠪᠠ         2001ᠣᠨ ᠤ05 ᠰᠠᠷ᠎ᠠ—2005 ᠣᠨ ᠤ11 ᠰᠠᠷ᠎ᠠ ᠪᠤᠯᠲᠠᠯ᠎ᠠ᠂  ᠯᠢᠶᠠᠩᠴᠧᠩ  ᠰᠢᠶᠠᠨ ᠤ ᠲᠢᠶᠠᠨ ᠴᠧᠩ ᠰᠢᠶᠠᠩ ᠳᠤ ᠠᠵᠢᠯᠯᠠᠵᠤ᠂ ᠳᠡᠳ᠋ ᠱᠦᠵᠢ ᠪᠣᠯᠵᠠᠢ       2005ᠣᠨ ᠤ11 ᠰᠠᠷ᠎ᠠ—2006 ᠣᠨ ᠤ12 ᠰᠠᠷ᠎ᠠ ᠪᠤᠯᠲᠠᠯ᠎ᠠ᠂ ᠯᠢᠶᠠᠩᠴᠧᠩ  ᠰᠢᠶᠠᠨ ᠤ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ ᠳᠤ ᠠᠵᠢᠯᠯᠠᠵᠤ᠂ ᠳᠡᠳ᠋ ᠲᠣᠪᠴᠢᠶᠠᠨ ᠳᠠᠷᠤᠭ᠎ᠠ ᠪᠣᠯᠪᠠ    2006ᠣᠨ ᠤ 12 ᠰᠠᠷ᠎ᠠ—2017 ᠣᠨ ᠤ 07  ᠰᠠᠷ᠎ᠠ ᠪᠤᠯᠲᠠᠯ᠎ᠠ᠂ ᠯᠢᠶᠠᠩᠴᠧᠩ ᠰᠢᠶᠠᠨ ᠤ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ ᠳᠤ ᠠᠵᠢᠯᠯᠠᠵᠤ ᠂ ᠲᠣᠪᠴᠢᠶᠠᠨ ᠳᠠᠷᠤᠭ᠎ᠠ ᠂ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ    2017ᠣᠨ ᠤ07 ᠰᠠᠷ᠎ᠠ—2019 ᠣᠨ ᠤ05 ᠰᠠᠷ᠎ᠠ ᠪᠤᠯᠲᠠᠯ᠎ᠠ ᠯᠢᠶᠠᠩᠴᠧᠩ  ᠰᠢᠶᠠᠨ ᠤ ᠬᠤᠩ ᠮᠣᠤ ᠪᠠᠯᠭᠠᠰᠤᠨ ᠳᠤ ᠠᠵᠢᠯᠯᠠᠵᠤ ᠂ᠨᠠᠮ ᠤᠨ ᠬᠤᠷᠢᠶᠠᠨ ᠤ ᠱᠦᠵᠢ ᠪᠣᠯᠪᠠ     2019ᠣᠨ ᠤ5 ᠰᠠᠷ᠎ᠠ — ᠣᠳᠣ ᠪᠣᠯᠲᠠᠯ᠎ᠠ ᠳᠥᠷᠪᠡᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤ ᠳᠡᠳ᠋  ᠳᠠᠷᠤᠭ᠎ᠠ
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2