ᠯᠢ ᠴᠧᠩ ᠢ
ᠨᠡᠶᠢᠲᠡᠯᠡᠭᠰᠡᠨ ᠴᠠᠭ᠄
2021/11/30
ᠯᠢ ᠴᠧᠩ ᠢ         ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ  ᠳᠡᠳ᠋ ᠲᠡᠷᠢᠭᠦᠯᠡᠭᠴᠢ  ᠂ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ    ᠤᠯᠤᠰ ᠲᠥᠷᠥ ᠶᠢᠨ ᠵᠥᠪᠯᠡᠯᠭᠡᠨ ᠤ ᠠᠵᠤ ᠠᠬᠤᠢ ᠶᠢᠨ ᠵᠥᠪᠯᠡᠯ ᠢ ᠬᠤᠪᠢᠳᠠᠨ ᠬᠠᠮᠢᠶᠠᠷᠤᠨ᠎ᠠ᠃ ᠲᠠᠷᠢᠶᠠᠯᠠᠬᠤ ᠣᠷᠣᠨ ᠤ ᠡᠯ᠎ᠡ ᠰᠢᠶᠠᠩ ᠪᠠᠯᠭᠠᠰᠤ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ︵ᠠᠮᠤ ᠪᠤᠳᠠᠭ᠎ᠠ ᠪᠣᠯᠤᠨ ᠡᠳ᠋ ᠪᠠᠷᠠᠭ᠎ᠠ ᠨᠥᠭᠡᠴᠡᠯᠡᠬᠦ ᠲᠣᠪᠴᠢᠶ᠎ᠠ᠂ ᠣᠷᠣᠨ ᠪᠦᠰᠡ ᠶᠢᠨ ᠠᠵᠤ ᠠᠬᠤᠢ ᠶᠢᠨ ᠬᠤᠷᠰᠢᠯᠴᠠᠭᠠᠨ ᠤ ᠲᠣᠪᠴᠢᠶ᠎ᠠ  ︶᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ( ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠯᠪᠠᠨ ᠭᠡᠷ )᠂ ᠲᠠᠷᠢᠶᠠᠯᠠᠩ ᠮᠠᠯ ᠠᠵᠤ ᠠᠬᠤᠢ ᠪᠣᠯᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠤᠰᠤᠨ ᠠᠰᠢᠭᠯᠠᠯᠲᠠ ᠶᠢᠨ ᠲᠣᠪᠴᠢᠶ᠎ᠠ᠂ ᠣᠢ ᠰᠢᠭᠤᠢ ᠪᠣᠯᠤᠨ ᠨᠤᠲᠤᠭ ᠪᠡᠯᠴᠢᠭᠡᠷ ᠤᠨ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠴᠡᠷᠢᠭ ᠤᠨ ᠠᠯᠪᠠᠨ ᠠᠴᠠ ᠪᠠᠭᠤᠭᠰᠠᠳ ᠤᠨ ᠶᠠᠪᠤᠳᠠᠯ ᠤᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠣᠪᠴᠢᠶ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠲᠤᠭ᠎ᠠ ᠪᠦᠷᠢᠳᠬᠡᠯ ᠤᠨ ᠲᠣᠪᠴᠢᠶ᠎ᠠ᠂ ᠭᠡᠷ ᠬᠥᠷᠥᠩᠭᠡ ᠶᠢᠨ ᠬᠠᠮᠢᠶᠠᠷᠤᠯᠲᠠ ᠶᠢᠨ ᠲᠣᠪᠴᠢᠶ᠎ᠠ᠂ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ᠂ ᠴᠡᠴᠡᠷᠯᠢᠭ ᠤᠨ ᠲᠣᠪᠴᠢᠶ᠎ᠠ᠂ ᠶᠠᠳᠠᠭᠤ ᠶᠢ ᠲᠡᠳᠬᠦᠬᠦ ᠠᠯᠪᠠᠨ ᠭᠡᠷ᠂ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠪᠡᠯᠡ ᠣᠷᠣᠭᠤᠯᠤᠯᠲᠠ ᠶᠢᠨ ᠺᠣᠮᠫᠠᠨᠢ᠂ ᠲᠠᠲᠠᠪᠤᠷᠢᠯᠠᠬᠤ ᠠᠯᠪᠠᠨ ᠭᠡᠷ᠂ ᠭᠠᠵᠠᠷ ᠰᠢᠷᠣᠢ ᠨᠥᠭᠡᠴᠡᠯᠡᠬᠦ ᠲᠥᠪ᠂ ᠭᠠᠵᠠᠷ ᠰᠢᠨᠵᠢᠯᠡᠭᠡᠨ ᠤ ᠴᠡᠴᠡᠷᠯᠢᠭ ᠤᠨ ᠬᠠᠮᠢᠶᠠᠷᠤᠯᠲᠠ ᠶᠢᠨ ᠲᠣᠪᠴᠢᠶ᠎ᠠ᠂ ᠰᠢᠨ᠎ᠡ ᠡᠨᠧᠷᠭᠢ ᠶᠢᠨ ᠠᠯᠪᠠᠨ ᠭᠡᠷ᠂ ᠤᠯᠠᠭᠠᠨᠴᠠᠪ ᠤᠷᠤᠯᠳᠤᠭᠠᠨ ᠤ ᠠᠵᠢᠯ ᠤᠨ ᠲᠣᠭᠤᠷᠢᠭ᠂ ᠱᠧᠨ ᠵᠧᠦ ᠪᠠᠷᠢᠯᠭ᠎ᠠ ᠶᠢᠨ ᠠᠵᠢᠯ ᠤᠨ ᠲᠣᠭᠤᠷᠢᠭ᠂ ᠬᠢᠯᠢ ᠶᠢᠨ ᠬᠠᠮᠠᠭᠠᠯᠠᠯᠲᠠ ᠶᠢᠨ ᠵᠠᠮ ᠬᠠᠮᠠᠭᠠᠯᠠᠬᠤ ᠠᠩᠭᠢ᠂ ᠵᠠᠮ ᠤᠨ ᠶᠠᠪᠤᠳᠠᠯ ᠤᠨ ᠶᠡᠭᠡ ᠠᠩᠭᠢ᠂ ᠰᠢᠶᠣᠤ ᠳ᠋ᠦ᠋ᠩ ᠵᠢᠩ ᠰᠦᠢᠳᠬᠡᠯ ᠬᠤᠷᠢᠶᠠᠬᠤ ᠥᠷᠲᠡᠭᠡ᠂ ᠲᠡᠭᠡᠭᠡᠪᠦᠷᠢ ᠶᠢᠨ ᠬᠠᠮᠢᠶᠠᠷᠤᠯᠲᠠ ᠶᠢᠨ ᠭᠠᠵᠠᠷ᠂ ᠠᠯᠤᠰ ᠬᠤᠯᠠ ᠶᠢᠨ ᠮᠠᠰᠢᠨ ᠲᠡᠷᠭᠡᠨ ᠤ ᠥᠷᠲᠡᠭᠡ᠂ ᠭᠠᠵᠠᠷ ᠬᠥᠳᠡᠯᠦᠯᠲᠡ ᠶᠢᠨ ᠬᠤᠷᠢᠶ᠎ᠠ᠂ ᠰᠢᠤᠳᠠᠨ ᠤ ᠺᠣᠮᠫᠠᠨᠢ᠂ ᠰᠢᠯᠵᠢᠮᠡᠯ ᠴᠢᠮᠡᠭᠡ ᠬᠤᠯᠪᠣᠭᠠᠨ ᠤ ᠺᠣᠮᠫᠠᠨᠢ᠂ ᠴᠠᠬᠢᠯᠭᠠᠨ ᠬᠤᠯᠪᠣᠭᠠᠨ ᠤ ᠺᠣᠮᠫᠠᠨᠢ ᠵᠡᠷᠭᠡ ᠪᠠᠶᠢᠭᠤᠯᠭ᠎ᠠ ᠨᠢᠭᠡᠴᠡ ᠲᠠᠢ ᠬᠠᠷᠢᠯᠴᠠᠨ᠎ᠠ᠃    ᠯᠢ ᠴᠧᠩ ᠢ᠂ ᠡᠷᠡᠭᠲᠠᠢ᠂ ᠬᠢᠲᠠᠤᠨ ᠦᠨᠳᠦᠰᠦᠲᠡᠨ᠂ 1963 ᠤᠨ ᠤ 4 ᠰᠠᠷ᠎ᠠ ᠳᠤ ᠲᠦᠷᠦᠪᠡ᠃ ᠲᠦᠷᠪᠡᠤᠨ ᠬᠤᠰᠢᠭᠤᠨ ᠤ ᠬᠦᠮᠦᠨ᠂ 1987 ᠤᠨ ᠤ 8 ᠰᠠᠷ᠎ᠠ ᠳᠤ ᠠᠵᠢᠯ ᠳᠤ ᠤᠷᠤᠵᠤ᠂ 1995 ᠤᠨ ᠤ 12 ᠰᠠᠷ᠎ᠠ ᠳᠤ ᠲᠤᠮᠳᠠᠳᠦ ᠤᠯᠤᠰ ᠤᠨ ᠡᠪ ᠬᠠᠮᠳᠤ ᠨᠠᠮ ᠳᠤ ᠡᠯᠰᠡᠭᠳᠡᠪᠡ᠃ ᠦᠪᠦᠷ ᠮᠤᠩᠭᠤᠯ ᠤᠨ ᠤᠢ ᠰᠢᠭᠤᠢ  ᠶᠢᠨ ᠲᠡᠬᠡᠳᠦ  ᠰᠤᠷᠭᠠᠭᠤᠯᠢ ᠠᠴᠠ ᠲᠡᠭᠦᠰᠴᠦ᠂ ᠤᠳᠤ ᠬᠤᠰᠢᠭᠤᠨ ᠤ ᠤᠯᠤᠰ ᠲᠦᠷᠦ ᠶᠢᠨ ᠵᠦᠪᠯᠡᠯᠭᠡᠨ ᠤ ᠳᠡᠳ᠋ ᠲᠡᠷᠢᠭᠦᠯᠡᠭᠴᠢ ᠶᠢᠨ ᠲᠤᠰᠢᠶᠠᠯ ᠢ ᠬᠠᠷᠢᠭᠤᠴᠠᠵᠤ ᠪᠠᠶᠢᠨ᠎ᠠ᠃   1987 ᠣᠨ ᠤ08 ᠰᠠᠷ᠎ᠠ —1992ᠣᠨ ᠤ04ᠰᠠᠷ᠎ᠠ ᠪᠤᠯᠳᠠᠯ᠎ᠠ᠂ ᠲᠦᠷᠪᠡᠳ ᠬᠤᠰᠢᠭᠤᠨ ᠤ ᠤᠢ ᠰᠢᠭᠤᠢ  ᠶᠢᠨ ᠲᠤᠪᠴᠢᠶᠠᠨ ᠤ ᠮᠡᠷᠭᠡᠵᠢᠯᠳᠠᠨ ᠢᠶᠠᠷ ᠠᠵᠢᠯᠯᠠᠵᠤ ᠪᠠᠶᠢᠪᠠ᠃   1992ᠣᠨ ᠤ04 ᠰᠠᠷ᠎ᠠ—1999ᠣᠨ ᠤ11ᠰᠠᠷ᠎ᠠ ᠪᠤᠯᠳᠠᠯ᠎ᠠ᠂ ᠤᠤᠯ ᠤᠨ ᠵᠢᠦᠢ ᠶᠢᠨ ᠬᠤᠤ ᠰᠢᠶᠠᠩ ᠳᠤ ᠠᠵᠢᠯᠯᠠᠵᠤ᠂ 1995 ᠤᠨ ᠤ 3 ᠰᠠᠷ᠎ᠠ ᠳᠤ᠂ ᠲᠡᠳ᠋ ᠰᠢᠶᠠᠩ ᠤᠨ ᠲᠠᠷᠤᠭ᠎ᠠ ᠪᠠᠷ ᠲᠤᠮᠢᠯᠠᠭᠳᠠᠪᠠ᠃   1999ᠣᠨ ᠤ12ᠰᠠᠷ᠎ᠠ —2001ᠣᠨ ᠤ08ᠰᠠᠷ᠎ᠠ ᠪᠤᠯᠳᠠᠯ᠎ᠠ᠂ ᠤᠤᠯ ᠤᠨ ᠰᠠᠨ ᠶᠤᠸᠠᠨ ᠵᠢᠩ ᠰᠢᠶᠠᠩ ᠳᠤ ᠲᠡᠳ᠋ ᠰᠢᠶᠠᠩ ᠤᠨ ᠲᠠᠷᠤᠭ᠎ᠠ ᠶᠢᠨ ᠲᠤᠰᠢᠶᠠᠯ ᠢ ᠬᠠᠷᠢᠭᠤᠴᠠᠵᠦ ᠪᠠᠶᠢᠪᠠ᠃   2001ᠣᠨ ᠤ09ᠰᠠᠷ᠎ᠠ —2006ᠣᠨ ᠤ03ᠰᠠᠷ᠎ᠠ ᠪᠤᠯᠳᠠᠯ᠎ᠠ᠂ ᠤᠤᠯ ᠤᠨ ᠤᠯᠠᠭᠠᠨᠬᠤᠸᠠ ᠰᠢᠶᠠᠩ ᠤᠨ ᠲᠡᠳ᠋ ᠰᠢᠶᠠᠩ ᠤᠨ ᠲᠠᠷᠤᠭ᠎ᠠ ᠶᠢᠨ ᠲᠤᠰᠢᠶᠠᠯ ᠢ ᠬᠠᠷᠢᠭᠤᠴᠠᠵᠦ ᠪᠠᠶᠢᠪᠠ᠃2005 ᠤᠨ ᠤ 1 ᠰᠠᠷ᠎ᠠ ᠳᠤ᠂ ᠠᠷᠠᠳ  ᠤᠨ  ᠲᠦᠯᠦᠭᠡᠯᠡᠭᠴᠢᠳ ᠤᠨ ᠶᠡᠭᠡ ᠬᠤᠷᠠᠯ ᠤᠨ ᠲᠡᠷᠢᠬᠦᠯᠡᠭᠴᠢ ᠶᠢᠨ ᠲᠤᠰᠢᠶᠠᠯ ᠢ ᠬᠠᠷᠢᠭᠤᠴᠠᠪᠠ᠃   2006ᠣᠨ ᠤ04ᠰᠠᠷ᠎ᠠ —2012ᠣᠨ ᠤ08ᠰᠠᠷ᠎ᠠ ᠪᠤᠯᠳᠠᠯ᠎ᠠ᠂ ᠤᠯᠠᠭᠠᠨᠬᠤᠸᠠ ᠪᠠᠯᠭᠠᠰᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠡᠷᠢᠬᠦᠯᠡᠭᠴᠢ᠂ ᠪᠠᠯᠭᠠᠰᠤᠨ ᠲᠠᠷᠤᠭ᠎ᠠ ᠶᠢᠨ ᠲᠤᠰᠢᠶᠠᠯ ᠢ ᠬᠠᠷᠢᠭᠤᠴᠠᠵᠦ ᠪᠠᠶᠢᠪᠠ᠃   2012ᠣᠨ ᠤ09ᠰᠠᠷ᠎ᠠ —2017ᠣᠨ ᠤ10ᠰᠠᠷ᠎ᠠ ᠪᠤᠯᠳᠠᠯ᠎ᠠ᠂ ᠲᠦᠷᠪᠡᠳ ᠬᠤᠰᠢᠭᠤᠨ ᠤ ᠳ᠋ᠠ ᠾᠧᠢ ᠾᠧ ᠰᠢᠶᠠᠩ ᠤᠨ ᠨᠠᠮ ᠤᠨ ᠬᠤᠷᠢᠶᠠᠨ ᠤ ᠱᠦᠵᠢ ᠶᠢᠨ ᠲᠤᠰᠢᠶᠠᠯ ᠢ ᠬᠠᠷᠢᠭᠤᠴᠠᠵᠦ ᠪᠠᠶᠢᠪᠠ᠃    2017ᠣᠨ ᠤ11ᠰᠠᠷ᠎ᠠ —  ᠤᠳᠤ ᠪᠤᠯᠳᠠᠯ᠎ᠠ᠂ ᠲᠦᠷᠪᠡᠳ ᠬᠤᠰᠢᠭᠤᠨ ᠤ ᠤᠯᠤᠰ ᠲᠦᠷᠦ ᠶᠢᠨ ᠵᠦᠪᠯᠡᠯᠭᠡᠨ ᠤ ᠳᠡᠳ᠋ ᠲᠡᠷᠢᠭᠦᠯᠡᠭᠴᠢ ᠶᠢᠨ ᠲᠤᠰᠢᠶᠠᠯ ᠢ ᠬᠠᠷᠢᠭᠤᠴᠠᠵᠦ ᠪᠠᠶᠢᠨ᠎ᠠ᠃
 
ᠢᠷᠡᠯᠲᠡ᠄ ᠬᠤᠰᠢᠭᠤᠨ ᠤ ᠵᠤᠬᠢᠶᠠᠨ ᠪᠠᠶᠢᠭᠤᠯᠬᠤ ᠬᠡᠯᠳᠡᠰ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2