ᠣᠳᠣᠨ
ᠨᠡᠶᠢᠲᠡᠯᠡᠭᠰᠡᠨ ᠴᠠᠭ᠄
2021/11/30
ᠣᠳᠣᠨ        ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ  ᠳᠡᠳ᠋ ᠲᠡᠷᠢᠭᠦᠯᠡᠭᠴᠢ     ᠤᠯᠤᠰ ᠲᠥᠷᠥ ᠶᠢᠨ ᠵᠥᠪᠯᠡᠯᠭᠡᠨ ᠤ ᠰᠠᠨᠠᠯ ᠵᠥᠪᠯᠡᠯᠭᠡ ᠶᠢᠨ ᠵᠦᠪᠯᠡᠯ ᠢ ᠬᠤᠪᠢᠳᠠᠨ ᠬᠠᠮᠢᠶᠠᠷᠴᠤ ᠪᠤᠢ᠃ ᠨᠢᠭᠡᠳᠦᠮᠡᠯ ᠹᠷᠣᠨᠲ᠂ ᠭᠠᠳᠠᠭᠠᠳᠤ ᠶᠠᠪᠤᠳᠠᠯ ᠤᠨ ᠠᠵᠢᠯ ᠤᠨ ᠠᠯᠪᠠᠨ ᠭᠡᠷ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠦᠪᠯᠡᠯ᠂ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠣᠪᠴᠢᠶ᠎ᠠ᠂ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ᠂ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ᠂ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠵᠥᠪᠯᠡᠯ᠂ ᠤᠳᠬ᠎ᠠ ᠤᠷᠠᠯᠢᠭ ᠤᠨ ᠬᠢᠨ ᠤ ᠬᠤᠯᠪᠣᠭᠠᠲᠤ ᠬᠤᠷᠠᠯ᠂ ᠵᠡᠮᠳᠡᠭᠴᠦᠳ ᠤᠨ ᠬᠤᠯᠪᠣᠭᠠᠲᠤ ᠬᠤᠷᠠᠯ᠂ ᠦᠢᠯᠡᠳᠪᠦᠷᠢ ᠬᠤᠳᠠᠯᠳᠤᠭᠠᠨ ᠤ ᠬᠤᠯᠪᠣᠭᠠᠲᠤ ᠬᠤᠷᠠᠯ᠂ ᠬᠠᠮ ᠵᠠᠭᠤᠴᠢᠯᠠᠭᠤᠷ ᠤᠨ ᠲᠥᠪ᠂ ᠣᠶᠤᠨ ᠤ ᠪᠣᠯᠪᠠᠰᠤᠨ ᠤ ᠠᠵᠢᠯ ᠤᠨ ᠠᠯᠪᠠᠨ ᠭᠡᠷ᠂ ᠨᠡᠶᠢᠭᠡᠮ ᠤᠨ ᠡᠯ᠎ᠡ ᠪᠦᠯᠬᠦᠮ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ᠂ ᠡᠯ᠎ᠡ ᠠᠬᠢᠭᠤᠯᠬᠤ ᠨᠡᠶᠢᠭᠡᠮᠯᠢᠭ᠂ ᠬᠠᠩᠭᠠᠨ ᠪᠣᠷᠣᠯᠠᠭᠤᠯᠬᠤ ᠬᠤᠷᠰᠢᠶ᠎ᠠ᠂ ᠨᠠᠮ ᠤᠨ ᠰᠤᠷᠭᠠᠭᠤᠯᠢ ︵ᠵᠠᠰᠠᠭ ᠵᠠᠬᠢᠷᠭᠠᠨ ᠤ ᠰᠤᠷᠭᠠᠭᠤᠯᠢ︶᠂ ᠳᠠᠩᠰᠠ ᠡᠪᠬᠡᠮᠡᠯ ᠤᠨ ᠭᠠᠵᠠᠷ᠂ ᠰᠢᠤᠳᠠᠨ ᠤ ᠬᠥᠭᠵᠢᠯᠲᠡ ᠶᠢᠨ ᠲᠥᠪ᠂ ᠰᠢᠨᠬᠤᠸᠠ ᠨᠣᠮ ᠤᠨ ᠳᠡᠯᠭᠡᠭᠦᠷ ᠵᠡᠷᠭᠡ ᠪᠠᠶᠢᠭᠤᠯᠭ᠎ᠠ ᠨᠢᠭᠡᠴᠡ ᠲᠠᠢ ᠬᠠᠷᠢᠯᠴᠠᠨ᠎ᠠ᠃       ᠣᠳᠣᠨ᠄ ᠡᠮᠡᠭᠲᠡᠢ᠂ ᠮᠣᠩᠭᠤᠯ ᠦᠨᠳᠦᠰᠦᠲᠡᠨ᠂ 1970 ᠣᠨ ᠤ 5 ᠰᠠᠷ᠎ᠠ ᠳᠤ ᠲᠥᠷᠥᠵᠡᠢ᠂ ᠳᠥᠷᠪᠡᠳ ᠬᠤᠰᠢᠭᠤᠨ ᠤ ᠬᠥᠮᠦᠨ᠂ 1988 ᠣᠨ ᠤ 8 ᠰᠠᠷ᠎ᠠ ᠳᠤ ᠠᠵᠢᠯ ᠳᠤ ᠣᠷᠣᠵᠠᠢ᠂ ᠶᠡᠭᠡ ᠰᠤᠷᠭᠠᠭᠤᠯᠢ ᠶᠢᠨ ᠰᠣᠶᠣᠯ ᠤᠨ ᠬᠢᠷᠢ ᠬᠡᠮᠵᠢᠶ᠎ᠡ ᠲᠠᠢ᠂ ᠣᠳᠣ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠶᠢᠨ ᠲᠤᠰᠢᠶᠠᠯ ᠢ ᠡᠭᠦᠷᠭᠡᠯᠡᠵᠦ ᠪᠠᠶᠢᠨ᠎ᠠ᠃       ᠠᠵᠢᠯ ᠤᠨ ᠲᠣᠪᠴᠢ ᠨᠠᠮᠲᠠᠷ᠄      1988 ᠣᠨ ᠤ 8 ᠰᠠᠷ᠎ᠠ—1994 ᠣᠨ ᠤ 8 ᠰᠠᠷ᠎ᠠ ᠪᠤᠯᠲᠠᠯ᠎ᠠ᠂ ᠬᠤᠰᠢᠭᠤᠨ ᠤ ᠮᠠᠯ ᠠᠵᠤ ᠠᠬᠤᠢ ᠶᠢᠨ ᠲᠤᠪᠴᠢᠶᠠᠨ ᠳᠤ ᠠᠵᠢᠯᠯᠠᠵᠤ ︵1992 ᠣᠨ ᠤ 9—1994 ᠣᠨ ᠤ 8 ᠰᠠᠷ᠎ᠠ ᠪᠤᠯᠲᠠᠯ᠎ᠠ᠂ ᠥᠪᠥᠷ ᠮᠣᠩᠭᠤᠯ ᠤᠨ ᠮᠣᠩᠭᠤᠯ ᠬᠡᠯᠡ ᠪᠢᠴᠢᠭ ᠤᠨ ᠲᠤᠰᠬᠠᠢ ᠮᠡᠷᠭᠡᠵᠢᠯ ᠤᠨ ᠰᠤᠷᠭᠠᠭᠤᠯᠢ ᠳᠤ ᠰᠤᠷᠤᠯᠴᠠᠪᠠ︶ ᠪᠠᠶᠢᠪᠠ᠃        1994 ᠣᠨ ᠤ 8 ᠰᠠᠷ᠎ᠠ — 1994 ᠣᠨ ᠤ 12 ᠰᠠᠷ᠎ᠠ ᠪᠤᠯᠲᠠᠯ᠎ᠠ᠂ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶᠠᠨ ᠳᠤ ᠠᠵᠢᠯᠯᠠᠵᠤ  ᠪᠠᠶᠢᠪᠠ᠃        1995 ᠣᠨ ᠤ 1 ᠰᠠᠷ᠎ᠠ — 2002 ᠣᠨ ᠤ 10 ᠰᠠᠷ᠎ᠠ ᠪᠤᠯᠲᠠᠯ᠎ᠠ᠂ ᠬᠤᠰᠢᠭᠤᠨ ᠤ ᠡᠪᠯᠡᠯ ᠤᠨ ᠬᠤᠷᠢᠶ᠎ᠠ ᠳᠤ ᠠᠵᠢᠯᠯᠠᠵᠤ ᠪᠠᠶᠢᠪᠠ᠃      2002 ᠣᠨ ᠤ 10 ᠰᠠᠷ᠎ᠠ — 2003 ᠣᠨ ᠤ 10 ᠰᠠᠷ᠎ᠠ ᠪᠤᠯᠲᠠᠯ᠎ᠠ᠂ ᠬᠤᠰᠢᠭᠤᠨ ᠤ ᠦᠢᠯᠡᠳᠪᠦᠷᠢ ᠬᠤᠳᠠᠯᠳᠤᠭᠠᠨ ᠤ ᠬᠤᠯᠪᠣᠭᠠᠨ ᠳᠤ(1998 ᠣᠨ ᠤ 4 ᠰᠠᠷ᠎ᠠ ᠳᠤ ᠵᠢᠩᠬᠢᠨᠢ ᠰᠠᠯᠠᠭᠠᠨ ᠳᠠᠰ ᠤᠨ ᠲᠤᠰᠢᠶᠠᠯ ᠲᠠᠢ ᠡᠬᠦᠷᠬᠡᠯᠡᠪᠡ︶ ᠠᠵᠢᠯᠯᠠᠵᠤ ᠪᠠᠶᠢᠪᠠ᠃       2003 ᠣᠨ ᠤ 11 ᠰᠠᠷ᠎ᠠ — 2020 ᠣᠨ ᠤ 5 ᠰᠠᠷ᠎ᠠ ᠪᠤᠯᠲᠠᠯ᠎ᠠ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠪᠠᠷ ᠠᠵᠢᠯᠯᠠᠵᠤ ᠪᠠᠶᠢᠪᠠ᠃        2020 ᠣᠨ ᠤ 5 ᠰᠠᠷ᠎ᠠ —  ᠡᠳᠦᠭᠡ ᠪᠣᠯᠲᠠᠯ᠎ᠠ ᠤᠯᠤᠰ ᠲᠥᠷᠥ ᠶᠢᠨ ᠵᠥᠪᠯᠡᠯᠭᠡᠨ ᠤ ᠳᠡᠳ᠋ ᠡᠷᠬᠢᠯᠡᠭᠴᠢ ᠪᠠᠷ ᠠᠵᠢᠯᠯᠠᠵᠤ ᠪᠠᠶᠢᠨ᠎ᠠ᠃    
 
ᠢᠷᠡᠯᠲᠡ᠄ ᠬᠤᠰᠢᠭᠤᠨ ᠤ ᠵᠤᠬᠢᠶᠠᠨ ᠪᠠᠶᠢᠭᠤᠯᠬᠤ ᠬᠡᠯᠳᠡᠰ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2