ᠴᠧᠩ ᠭᠤᠸᠠᠩ ᠾᠦᠢ | ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ᠂ ᠨᠠᠮ ᠤᠨ ᠤᠳᠤᠷᠢᠳᠬᠤ | ᠳᠤᠭᠤᠶᠢᠯᠠᠩ ᠤᠨ ᠱᠦᠵᠢ | ᠬᠤᠰᠢᠭᠤᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ᠂ ᠲᠠᠷᠢᠶᠠᠯᠠᠩ ᠮᠠᠯ ᠠᠵᠤ ᠠᠬᠤᠢ᠂ ᠣᠢ ᠰᠢᠭᠤᠢ | ᠨᠤᠳᠤᠭ ᠪᠡᠯᠴᠢᠬᠡᠷ᠂ ᠤᠰᠤᠨ ᠠᠰᠢᠭᠯᠠᠯᠲᠠ᠂ ᠶᠠᠳᠠᠭᠤ ᠶᠢ ᠲᠡᠳᠬᠦᠬᠦ᠂ ᠠᠷᠠᠳ ᠤᠨ ᠶᠠᠪᠤᠳᠠᠯ᠂ ᠴᠡᠷᠢᠭ ᠠᠴᠠ | ᠬᠠᠯᠠᠭᠳᠠᠭᠰᠠᠳ᠂ ᠬᠠᠩᠭᠠᠨ ᠪᠣᠷᠣᠯᠠᠭᠤᠯᠬᠤ ᠵᠡᠷᠬᠡ ᠠᠵᠢᠯ ᠢ ᠬᠠᠷᠢᠭᠤᠴᠠᠵᠤ᠂ ᠬᠤᠰᠢᠭᠤᠨ ᠤ ᠶᠠᠳᠠᠭᠤ ᠶᠢ ᠲᠡᠳᠬᠦᠬᠦ | ᠠᠯᠪᠠᠨ ᠭᠡᠷ᠂ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ᠂ ᠣᠢ | ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ᠂ ᠤᠰᠤᠨ ᠠᠰᠢᠭᠯᠠᠯᠲᠠ ᠶᠢᠨ ᠲᠣᠪᠴᠢᠶ᠎ᠠ᠂ ᠠᠷᠠᠳ ᠤᠨ | ᠶᠠᠪᠤᠳᠠᠯ ᠤᠨ ᠲᠣᠪᠴᠢᠶ᠎ᠠ᠂ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ᠂ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠣᠪᠴᠢᠶ᠎ᠠ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ᠂ ᠭᠠᠵᠠᠷ ᠰᠢᠨᠵᠢᠯᠡᠭᠡᠨ ᠤ | ᠬᠦᠷᠢᠶᠠᠯᠠᠩ ᠤᠨ ᠦᠢᠯᠡᠴᠢᠯᠡᠭᠡᠨ ᠤ ᠲᠥᠪ᠂ ᠠᠵᠢᠯ ᠣᠯᠭᠤᠯᠲᠠ ᠶᠢᠨ ᠲᠣᠪᠴᠢᠶ᠎ᠠ᠂ ᠬᠠᠩᠭᠠᠨ ᠪᠣᠷᠣᠯᠠᠭᠤᠯᠬᠤ | ᠬᠤᠷᠰᠢᠶ᠎ᠠ ᠶᠢ ᠬᠤᠪᠢᠳᠠᠨ ᠬᠠᠮᠢᠶᠠᠷᠤᠨ᠎ᠠ᠃ ᠬᠤᠰᠢᠭᠤᠨ ᠤ ᠵᠡᠮᠳᠡᠭᠴᠦᠳ ᠤᠨ ᠬᠤᠯᠪᠣᠭ᠎ᠠ᠂ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠨᠡᠶᠢᠭᠡᠮᠯᠢᠭ᠂ ᠴᠠᠭ ᠠᠭᠤᠷ ᠤᠨ ᠲᠣᠪᠴᠢᠶ᠎ᠠ᠂ ᠬᠤᠰᠢᠭᠤᠨ ᠳᠤ ᠰᠠᠭᠤᠭ᠎ᠠ ᠡᠯ᠎ᠡ | ᠳᠠᠭᠠᠳᠬᠠᠯ ᠤᠨ ᠺᠣᠮᠫᠠᠨᠢ ᠲᠠᠢ ᠬᠠᠷᠢᠯᠴᠠᠨ᠎ᠠ᠃ | ᠴᠧᠩ ᠭᠤᠸᠠᠩ ᠾᠦᠢ᠂ ᠡᠷᠡᠭᠲᠡᠢ᠂ ᠬᠢᠲᠠᠳ ᠦᠨᠳᠦᠰᠦᠲᠡᠨ᠂ 1968 ᠣᠨ ᠤ 8 ᠰᠠᠷ᠎ᠠ ᠳᠤ | ᠲᠥᠷᠥᠵᠡᠢ᠂ ᠳᠥᠷᠪᠡᠳ ᠬᠤᠰᠢᠭᠤᠨ ᠤ ᠬᠥᠮᠦᠨ᠂ 1989 ᠣᠨ ᠤ 8 ᠰᠠᠷ᠎ᠠ ᠳᠤ ᠠᠵᠢᠯ ᠳᠤ ᠣᠷᠣᠵᠤ᠂ | 1996 ᠣᠨ ᠤ 12 ᠰᠠᠷ᠎ᠠ ᠳᠤ ᠳᠤᠮᠳᠠᠳᠤ ᠤᠯᠤᠰ ᠤᠨ ᠡᠪ ᠬᠠᠮᠲᠤ ᠨᠠᠮ ᠳᠤ ᠣᠷᠣᠵᠠᠢ᠂ ᠶᠡᠭᠡ | ᠰᠤᠷᠭᠠᠭᠤᠯᠢ ᠶᠢᠨ ᠵᠢᠩᠬᠢᠨᠢ ᠠᠩᠭᠢ ᠶᠢᠨ ᠰᠤᠷᠤᠯᠭ᠎ᠠ ᠶᠢᠨ ᠨᠠᠮᠲᠠᠷ ᠲᠠᠢ᠃ | ᠠᠵᠢᠯ ᠤᠨ ᠲᠣᠪᠴᠢ ᠨᠠᠮᠲᠠᠷ᠄ | 1988 ᠣᠨ ᠤ 09ᠰᠠᠷ᠎ᠠ—1992 ᠣᠨ ᠤ 08ᠰᠠᠷ᠎ᠠ ᠪᠤᠯᠲᠠᠯ᠎ᠠ᠂ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠳᠥᠷᠪᠡᠳ ᠬᠤᠰᠢᠭᠤᠨ ᠤ ᠤᠤᠯ ᠤᠨ ᠰᠠᠨ ᠶᠤᠸᠠᠨ ᠵᠢᠩ ᠰᠢᠶᠠᠩ ᠤᠨ ᠳᠤᠮᠳᠠᠳᠤ | ᠰᠤᠷᠭᠠᠭᠤᠯᠢ ᠶᠢᠨ ᠪᠠᠭᠰᠢ ᠪᠠᠷ ᠠᠵᠢᠯᠯᠠᠵᠤ ᠪᠠᠶᠢᠪᠠ᠃ | 1992 ᠣᠨ ᠤ 08 ᠰᠠᠷ᠎ᠠ—2000 ᠣᠨ ᠤ 11 ᠰᠠᠷ᠎ᠠ ᠪᠤᠯᠲᠠᠯ᠎ᠠ᠂ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠳᠥᠷᠪᠡᠳ ᠬᠤᠰᠢᠭᠤᠨ ᠤ ᠤᠤᠯ ᠤᠨ ᠰᠠᠨ ᠶᠤᠸᠠᠨ ᠵᠢᠩ ᠰᠢᠶᠠᠩ ᠤᠨ ᠵᠠᠰᠠᠭ ᠤᠨ | ᠣᠷᠳᠣᠨ ᠤ ᠺᠠᠳ᠋ᠷ ᠢᠶᠠᠷ ᠠᠵᠢᠯᠯᠠᠵᠦ ᠪᠠᠶᠢᠪᠠ ︵ᠡᠨᠡ ᠬᠤᠭᠤᠴᠠᠭᠠᠨ ᠳᠤ᠄ 1993 ᠣᠨ ᠤ 09ᠰᠠᠷ᠎ᠠ— | 1995ᠣᠨ ᠤ 12 ᠰᠠᠷ᠎ᠠ ᠪᠤᠯᠲᠠᠯ᠎ᠠ᠂ ᠥᠪᠥᠷ ᠮᠣᠩᠭᠤᠯ ᠤᠨ ᠨᠠᠮ ᠤᠨ ᠰᠤᠷᠭᠠᠭᠤᠯᠢ ᠶᠢᠨ ᠬᠠᠤᠯᠢ ᠴᠠᠭᠠᠵᠠ ᠶᠢᠨ | ᠲᠤᠰᠬᠠᠢ ᠮᠡᠷᠭᠡᠵᠢᠯ ᠤᠨ ᠠᠩᠭᠢ ᠳᠤ ᠰᠤᠷᠤᠯᠴᠠᠪᠠ︶᠃ | 2000 ᠣᠨ ᠤ 11 ᠰᠠᠷ᠎ᠠ—2006 ᠣᠨ ᠤ 04 ᠰᠠᠷ᠎ᠠ ᠪᠤᠯᠲᠠᠯ᠎ᠠ᠂ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠳᠥᠷᠪᠡᠳ ᠬᠤᠰᠢᠭᠤᠨ ᠤ ᠭᠦᠩ ᠵᠢᠢ ᠳᠠᠩ ᠰᠢᠶᠠᠩ ᠤᠨ ᠨᠠᠮ ᠤᠨ ᠬᠤᠷᠢᠶᠠᠨ ᠤ | ᠳᠡᠳ᠋ ᠱᠦᠵᠢ ᠪᠠᠷ ᠠᠵᠢᠯᠯᠠᠵᠤ ᠪᠠᠶᠢᠪᠠ᠃ | 2006 ᠣᠨ ᠤ 04 ᠰᠠᠷ᠎ᠠ 2009 ᠣᠨ ᠤ 02 ᠰᠠᠷ᠎ᠠ ᠪᠤᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠳᠥᠷᠪᠡᠳ ᠬᠤᠰᠢᠭᠤᠨ ᠤ ᠳ᠋ᠦᠩ ᠪᠠ ᠬᠤᠣ ᠰᠢᠶᠠᠩ ᠤᠨ ᠨᠠᠮ ᠤᠨ ᠬᠤᠷᠢᠶᠠᠨ ᠤ ᠳᠡᠳ᠋ ᠱᠦᠵᠢ | ᠪᠠᠷ ᠠᠵᠢᠯᠯᠠᠵᠤ ᠪᠠᠶᠢᠪᠠ᠃ | 2009 ᠣᠨ ᠤ 02 ᠰᠠᠷ᠎ᠠ—2012 ᠣᠨ ᠤ 09 ᠰᠠᠷ᠎ᠠ ᠪᠤᠯᠲᠠᠯ᠎ᠠ᠂ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠳᠥᠷᠪᠡᠳ ᠬᠤᠰᠢᠭᠤᠨ ᠤ ᠳ᠋ᠦᠩ ᠪᠠ ᠬᠤᠣ ᠰᠢᠶᠠᠩ ᠤᠨ ᠨᠠᠮ ᠤᠨ ᠬᠤᠷᠢᠶᠠᠨ ᠤ | ᠳᠡᠳ᠋ ᠱᠦᠵᠢ᠂ ᠰᠢᠶᠠᠩ ᠤᠨ ᠵᠠᠰᠠᠭ ᠤᠨ ᠣᠷᠳᠣᠨ ᠤ ᠳᠠᠷᠤᠭ᠎ᠠ ᠪᠠᠷ ᠠᠵᠢᠯᠯᠠᠵᠤ ᠪᠠᠶᠢᠪᠠ᠃ | 2012 ᠣᠨ ᠤ 09 ᠰᠠᠷ᠎ᠠ—2016ᠣᠨ ᠤ 06 ᠰᠠᠷ᠎ᠠ ᠪᠤᠯᠲᠠᠯ᠎ᠠ᠂ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠳᠥᠷᠪᠡᠳ ᠬᠤᠰᠢᠭᠤᠨ ᠤ ᠳ᠋ᠦᠩ ᠪᠠ ᠬᠤᠣ ᠰᠢᠶᠠᠩ ᠤᠨ ᠨᠠᠮ ᠤᠨ ᠬᠤᠷᠢᠶ᠎ᠠ ᠶᠢᠨ | ᠱᠦᠵᠢ ᠪᠠᠷ ᠠᠵᠢᠯᠯᠠᠵᠤ ᠪᠠᠶᠢᠪᠠ᠃ | 2016 ᠣᠨ ᠤ 06 ᠰᠠᠷ᠎ᠠ—2019 ᠣᠨ ᠤ 06 ᠰᠠᠷ᠎ᠠ ᠪᠤᠯᠲᠠᠯ᠎ᠠ᠂ ᠳᠤᠮᠳᠠᠳᠤ ᠤᠯᠤᠰ ᠤᠨ ᠡᠪ | ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠥᠷᠪᠡᠳ ᠬᠤᠰᠢᠭᠤᠨ ᠤ ᠬᠤᠷᠢᠶ᠎ᠠ ᠶᠢᠨ | ᠪᠠᠶᠢᠩᠭᠤ ᠶᠢᠨ ᠭᠡᠰᠢᠭᠦᠨ᠂ ᠠᠯᠪᠠᠨ ᠭᠡᠷ ᠤᠨ ᠡᠷᠬᠢᠯᠡᠭᠴᠢ ᠪᠠᠷ ᠠᠵᠢᠯᠯᠠᠵᠤ ᠪᠠᠶᠢᠪᠠ᠃ | 2019 ᠣᠨ ᠤ 06 ᠰᠠᠷ᠎ᠠ—2021ᠣᠨ ᠤ 03 ᠰᠠᠷ᠎ᠠ ᠪᠤᠯᠲᠠᠯ᠎ᠠ᠂ ᠳᠤᠮᠳᠠᠳᠤ ᠤᠯᠤᠰ ᠤᠨ ᠡᠪ ᠬᠠᠮᠲᠤ | ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠥᠷᠪᠡᠳ ᠬᠤᠰᠢᠭᠤᠨ ᠤ ᠬᠤᠷᠢᠶᠠᠨ ᠤ | ᠪᠠᠶᠢᠩᠭᠤ ᠶᠢᠨ ᠭᠡᠰᠢᠭᠦᠨ᠂ ᠬᠤᠰᠢᠭᠤ ᠵᠠᠰᠠᠭ ᠤᠨ ᠣᠷᠳᠣᠨ ᠤ ᠳᠡᠳ᠋ ᠳᠠᠷᠤᠭ᠎ᠠ ᠪᠠᠷ ᠠᠵᠢᠯᠯᠠᠵᠤ ᠪᠠᠶᠢᠪᠠ᠃ | 2021ᠣᠨ ᠤ 03 ᠰᠠᠷ᠎ᠠ—ᠡᠳᠦᠭᠡ ᠪᠣᠯᠲᠠᠯ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠥᠷᠪᠡᠳ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ | ᠲᠡᠷᠢᠭᠦᠯᠡᠭᠴᠢ ᠪᠠᠷ ᠠᠵᠢᠯᠯᠠᠵᠤ ᠪᠠᠶᠢᠨ᠎ᠠ᠃ | |