ᠪᠠᠳᠮᠠᠰᠸ᠎ᠠ
ᠨᠡᠶᠢᠲᠡᠯᠡᠭᠰᠡᠨ ᠴᠠᠭ᠄
2021/12/1
ᠪᠠᠳᠮᠠᠰᠸ᠎ᠠ       ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠡᠳ᠋ ᠡᠷᠬᠢᠯᠡᠭᠴᠢ᠂      ᠠᠯᠪᠠᠨ ᠭᠡᠷ᠂ ᠬᠠᠤᠯᠢ ᠳᠦᠷᠢᠮ ᠤᠨ ᠠᠵᠢᠯ ᠤᠨ ᠵᠦᠪᠯᠡᠯ ᠪᠠ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠰᠣᠶᠣᠯ ᠪᠤᠯᠪᠠᠰᠤᠨ ᠡᠷᠡᠭᠦᠯ ᠬᠠᠮᠠᠭᠠᠯᠠᠯ ᠤᠨ ᠠᠵᠢᠯ ᠤᠨ  ᠵᠦᠪᠯᠡᠯ ᠢ ᠬᠤᠪᠢᠳᠠᠨ ᠬᠠᠮᠢᠶᠠᠷᠴᠤ ᠪᠤᠢ᠃ ᠤᠯᠤᠰ ᠲᠥᠷᠥ ᠬᠠᠤᠯᠢ ᠴᠠᠭᠠᠵᠠ ᠶᠢᠨ ᠵᠥᠪᠯᠡᠯ᠂ ᠤᠬᠠᠭᠤᠯᠬᠤ ᠬᠡᠯᠲᠡᠰ᠂ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠬᠠᠤᠯᠢ ᠴᠠᠭᠠᠵᠠ ᠶᠢᠨ ᠲᠣᠪᠴᠢᠶ᠎ᠠ᠂ ᠵᠠᠬᠢᠳᠠᠯ ᠰᠤᠷᠪᠤᠯᠵᠢᠯᠠᠯ ᠤᠨ ᠲᠣᠪᠴᠢᠶ᠎ᠠ᠂ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ᠂ ᠰᠣᠶᠣᠯ ᠪᠣᠯᠤᠨ ᠵᠢᠭᠤᠯᠴᠢᠯᠠᠯ ᠤᠨ ᠲᠣᠪᠴᠢᠶ᠎ᠠ᠂ ᠬᠠᠮ ᠵᠠᠭᠤᠴᠢᠯᠠᠭᠤᠷ ᠤᠨ ᠲᠥᠪ᠂ ᠣᠶᠤᠨ ᠤ ᠪᠣᠯᠪᠠᠰᠤᠨ ᠤ ᠠᠯᠪᠠᠨ ᠭᠡᠷ᠂ ᠰᠢᠨᠬᠤᠸᠠ ᠨᠣᠮ ᠤᠨ ᠳᠡᠯᠭᠡᠭᠦᠷ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠣᠪᠴᠢᠶ᠎ᠠ᠂ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ᠂ ᠠᠷᠠᠳ ᠤᠨ ᠶᠠᠪᠤᠳᠠᠯ ᠤᠨ ᠲᠣᠪᠴᠢᠶ᠎ᠠ᠂ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ᠂ ᠬᠠᠩᠭᠠᠨ ᠪᠣᠷᠣᠯᠠᠭᠤᠯᠬᠤ ᠬᠤᠷᠰᠢᠶ᠎ᠠ᠂ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠣᠭ᠎ᠠ᠂ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ᠂ ᠤᠳᠬ᠎ᠠ ᠤᠷᠠᠯᠢᠭ ᠤᠨ ᠬᠢᠨ ᠤ ᠬᠤᠯᠪᠣᠭ᠎ᠠ᠂ ᠵᠡᠮᠳᠡᠭᠴᠦᠳ ᠤᠨ ᠬᠤᠯᠪᠣᠭ᠎ᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ᠂ ᠬᠠᠤᠯᠢ ᠳᠦᠷᠢᠮ ᠤᠨ ᠠᠯᠪᠠᠨ ᠭᠡᠷ᠂ ᠠᠷᠠᠳ ᠤᠨ ᠵᠡᠪᠰᠡᠭᠲᠦ ᠬᠦᠴᠦᠨ ᠤ ᠬᠡᠯᠲᠡᠰ᠂ ᠬᠢᠯᠢ ᠶᠢᠨ ᠬᠠᠮᠠᠭᠠᠯᠠᠯᠲᠠ ᠶᠢᠨ ᠶᠡᠭᠡ ᠠᠩᠭᠢ᠂ ᠵᠡᠪᠰᠡᠭᠲᠦ ᠴᠠᠭᠳᠠᠭ᠎ᠠ ᠶᠢᠨ ᠳᠤᠮᠳᠠ ᠠᠩᠭᠢ᠂ ᠭᠠᠯ ᠤᠨᠲᠠᠷᠠᠭᠠᠬᠤ ᠶᠡᠭᠡ ᠠᠩᠭᠢ᠂ ᠵᠠᠮ ᠬᠠᠷᠢᠯᠴᠠᠭᠠᠨ ᠤ ᠴᠠᠭᠳᠠᠭ᠎ᠠ ᠶᠢᠨ ᠶᠡᠭᠡ ᠠᠩᠭᠢ ᠪᠣᠯᠤᠨ ᠵᠡᠪᠰᠡᠭᠲᠦ ᠴᠠᠭᠳᠠᠭ᠎ᠠ ᠶᠢᠨ ᠶᠡᠭᠡ ᠠᠩᠭᠢ ᠵᠡᠷᠭᠡ ᠪᠠᠶᠢᠭᠤᠯᠭ᠎ᠠ ᠨᠢᠭᠡᠴᠠ  ᠲᠠᠢ ᠬᠠᠷᠢᠯᠴᠠᠨ᠎ᠠ᠃        ᠪᠠᠳᠮᠠᠰᠸ᠎ᠠ᠂ ᠡᠮᠡᠭᠲᠡᠢ᠂ ᠮᠣᠩᠭᠤᠯ ᠦᠨᠳᠦᠰᠦᠲᠡᠨ᠂ 1963 ᠣᠨ ᠤ 11 ᠰᠠᠷ᠎ᠠ ᠳᠤ ᠲᠥᠷᠥᠵᠡᠢ᠂ ᠳᠥᠷᠪᠡᠳ ᠬᠤᠰᠢᠭᠤᠨ ᠤ ᠬᠥᠮᠦᠨ᠂ 1981 ᠣᠨ ᠤ 9 ᠰᠠᠷ᠎ᠠ ᠳᠤ ᠠᠵᠢᠯ ᠳᠤ ᠣᠷᠣᠵᠠᠢ᠂ ᠶᠡᠭᠡ ᠰᠤᠷᠭᠠᠭᠤᠯᠢ ᠶᠢᠨ ᠲᠤᠰᠬᠠᠢ ᠮᠡᠷᠭᠡᠵᠢᠯ ᠤᠨ ᠰᠤᠷᠤᠯᠭ᠎ᠠ ᠶᠢᠨ ᠨᠠᠮᠲᠠᠷ ᠲᠠᠢ᠂ ᠡᠳᠦᠬᠡ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠡᠳ᠋ ᠡᠷᠬᠢᠯᠡᠭᠴᠢ ᠶᠢᠨ ᠲᠤᠰᠢᠶᠠᠯ ᠢ ᠡᠭᠦᠷᠭᠡᠯᠡᠵᠦ ᠪᠠᠶᠢᠨ᠎ᠠ᠃          ᠠᠵᠢᠯ ᠤᠨ ᠲᠣᠪᠴᠢ ᠨᠠᠮᠲᠠᠷ᠄         1981ᠣᠨ ᠤ 09 ᠰᠠᠷ᠎ᠠ — 1992 ᠣᠨ ᠤ 09 ᠰᠠᠷ᠎ᠠ ᠪᠤᠯᠲᠠᠯ᠎ᠠ᠂ ᠬᠤᠰᠢᠭᠤᠨ ᠤ ᠬᠠᠩᠭᠠᠨ ᠪᠣᠷᠣᠯᠠᠭᠤᠯᠬᠤ ᠬᠤᠷᠰᠢᠶ᠎ᠠ ᠳᠤ ᠠᠵᠢᠯᠯᠠᠵᠤ ᠪᠠᠶᠢᠪᠠ᠃       1992 ᠣᠨ ᠤ 09 ᠰᠠᠷ᠎ᠠ — 1994 ᠣᠨ ᠤ 07 ᠰᠠᠷ᠎ᠠ ᠪᠤᠯᠲᠠᠯ᠎ᠠ᠂ ᠥᠪᠥᠷ ᠮᠣᠩᠭᠤᠯ ᠤᠨ ᠮᠤᠩᠭᠤᠯ ᠬᠡᠯᠡ ᠪᠢᠴᠢᠭ ᠤᠨ ᠲᠤᠰᠬᠠᠢ ᠮᠡᠷᠭᠡᠵᠢᠯ ᠤᠨ  ᠰᠤᠷᠭᠠᠭᠤᠯᠢ ᠳᠤ ᠰᠤᠷᠤᠯᠴᠠᠪᠠ᠃         1994 ᠣᠨ ᠤ 08 ᠰᠠᠷ᠎ᠠ — 1996 ᠣᠨ ᠤ 10 ᠰᠠᠷ᠎ᠠ ᠪᠤᠯᠲᠠᠯ᠎ᠠ ᠂ ᠳᠥᠷᠪᠡᠳ ᠬᠤᠰᠢᠭᠤᠨ ᠤ ᠰᠢᠵᠢᠷ ᠠᠯᠲᠠᠨ ᠤ ᠺᠣᠮᠫᠠᠨᠢ ᠳᠤ ᠠᠵᠢᠯᠯᠠᠵᠤ ᠪᠠᠶᠢᠪᠠ᠃       1996 ᠣᠨ ᠤ 11 ᠰᠠᠷ᠎ᠠ —2001ᠣᠨ ᠤ 08 ᠰᠠᠷ᠎ᠠ ᠪᠤᠯᠲᠠᠯ᠎ᠠ᠂ ᠬᠤᠩᠭᠤᠷ ᠰᠤᠮᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠪᠠᠷ ᠠᠵᠢᠯᠯᠠᠵᠤ ᠪᠠᠶᠢᠪᠠ ᠃          2001ᠣᠨ ᠤ 08 ᠰᠠᠷ᠎ᠠ—2003 ᠣᠨ ᠤ 11 ᠰᠠᠷ᠎ᠠ ᠪᠤᠯᠲᠠᠯ᠎ᠠ᠂ ᠬᠤᠰᠢᠭᠤᠨ ᠤ ᠲᠦᠯᠦᠪᠯᠡᠯᠬᠡᠳᠦ ᠦᠷᠡᠵᠢᠯ ᠤᠨ ᠲᠣᠪᠴᠢᠶᠠᠨ ᠤ ᠳᠡᠳ᠋ ᠳᠠᠷᠤᠭ᠎ᠠ ᠪᠠᠷ ᠠᠵᠢᠯᠯᠠᠵᠤ ᠪᠠᠶᠢᠪᠠ ᠃         2003 ᠣᠨ ᠤ 11 ᠰᠠᠷ᠎ᠠ— 2020 ᠣᠨ ᠤ 5 ᠰᠠᠷ᠎ᠠ ᠪᠣᠯᠲᠠᠯ᠎ᠠ᠂ ᠤᠯᠤᠰ ᠲᠥᠷᠥ ᠶᠢᠨ ᠵᠥᠪᠯᠡᠯᠭᠡᠨ ᠤ ᠳᠥᠷᠪᠡᠳ ᠬᠤᠰᠢᠭᠤᠨ ᠤ ᠵᠥᠪᠯᠡᠯ ᠤᠨ ᠳᠡᠳ᠋ ᠲᠡᠷᠢᠭᠦᠯᠡᠭᠴᠢ ᠶᠢᠨ ᠲᠤᠰᠢᠶᠠᠯ ᠢ ᠬᠠᠷᠢᠭᠤᠴᠠᠵᠤ ᠪᠠᠶᠢᠪᠠ᠃        2020 ᠣᠨ ᠤ 05 ᠰᠠᠷ᠎ᠠ — ᠡᠳᠦᠬᠡ ᠪᠤᠯᠲᠠᠯ᠎ᠠ᠂ ᠳᠥᠷᠪᠡᠳ ᠬᠤᠰᠢᠭᠤᠨ ᠤ ᠠᠷᠠᠳ ᠤᠨ ᠲᠥᠯᠥᠭᠡᠯᠡᠭᠴᠢᠳ ᠶᠢᠨ ᠶᠡᠭᠡ ᠬᠤᠷᠠᠯ ᠤᠨ ᠳᠡᠳ᠋ ᠡᠷᠬᠢᠯᠡᠭᠴᠢ ᠪᠠᠷ ᠠᠵᠢᠯᠯᠠᠵᠤ ᠪᠤᠢ᠃  
 
ᠢᠷᠡᠯᠲᠡ᠄ ᠬᠤᠰᠢᠭᠤᠨ ᠤ ᠵᠤᠬᠢᠶᠠᠨ ᠪᠠᠶᠢᠭᠤᠯᠬᠤ ᠬᠡᠯᠳᠡᠰ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2