ᠵᠠᠩ ᠰᠢᠶᠠᠩ
ᠨᠡᠶᠢᠲᠡᠯᠡᠭᠰᠡᠨ ᠴᠠᠭ᠄
2021/12/13
ᠵᠠᠩ ᠰᠢᠶᠠᠩ         ᠬᠤᠰᠢᠭᠤ ᠳᠡᠳ᠋ ᠳᠠᠷᠤᠭ᠎ᠠ        ᠬᠤᠰᠢᠭᠤ ᠳᠠᠷᠤᠭ᠎ᠠ ᠶᠢ ᠬᠠᠪᠰᠤᠷᠤᠨ᠂ ᠲᠠᠷᠢᠶᠠᠯᠠᠩ ᠮᠠᠯ ᠠᠵᠤ ᠠᠬᠤᠢ᠂ ᠣᠢ ᠰᠢᠭᠤᠢ ᠨᠤᠳᠤᠭ ᠪᠡᠯᠴᠢᠬᠡᠷ᠂ ᠤᠰᠤᠨ ᠠᠰᠢᠭᠯᠠᠯᠲᠠ᠂ ᠠᠷᠠᠳ ᠤᠨ ᠶᠠᠪᠤᠳᠠᠯ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠴᠡᠷᠢᠭ ᠠᠴᠠ ᠬᠠᠯᠠᠭᠳᠠᠭᠰᠠᠳ᠂ ᠬᠠᠩᠭᠠᠨ ᠪᠣᠷᠣᠯᠠᠭᠤᠯᠬᠤ ᠵᠡᠷᠬᠡ ᠠᠵᠢᠯ ᠢ ᠬᠠᠷᠢᠭᠤᠴᠠᠨ᠎ᠠ᠃ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ᠂ ᠣᠢ ᠰᠢᠭᠤᠢ ᠪᠠ ᠨᠤᠳᠤᠭ ᠪᠡᠯᠴᠢᠬᠡᠷ ᠤᠨ ᠲᠤᠪᠴᠢᠶ᠎ᠠ᠂ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ᠂ ᠬᠠᠩᠭᠠᠨ ᠪᠣᠷᠣᠯᠠᠭᠤᠯᠬᠤ ᠬᠤᠷᠰᠢᠶ᠎ᠠ᠂ ᡁᠢ ᠢᠩ ᠶᠠᠳᠠᠭᠤ ᠶᠢ ᠲᠡᠳᠬᠦᠬᠦ ᠪᠡᠯᠡ ᠣᠷᠣᠭᠤᠯᠤᠯᠲᠠ ᠶᠢᠨ ᠺᠣᠮᠫᠠᠨᠢ ᠶᠢ ᠬᠤᠪᠢᠳᠠᠨ ᠬᠠᠮᠢᠶᠠᠷᠤᠨ᠎ᠠ᠃ ᠬᠤᠰᠢᠭᠤᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ᠂ ᠴᠠᠭ ᠠᠭᠤᠷ ᠤᠨ ᠲᠣᠪᠴᠢᠶ᠎ᠠ᠂ ᠬᠤᠰᠢᠭᠤᠨ ᠳᠤ ᠰᠠᠭᠤᠭ᠎ᠠ ᠡᠯ᠎ᠡ ᠳᠠᠭᠠᠳᠬᠠᠯ ᠤᠨ ᠺᠣᠮᠫᠠᠨᠢ ᠲᠠᠢ ᠬᠠᠷᠢᠯᠴᠠᠨ᠎ᠠ᠃        ᠵᠠᠩ ᠰᠢᠶᠠᠩ᠂ ᠡᠷᠡᠭᠲᠡᠢ᠂ ᠬᠢᠲᠠᠳ ᠦᠨᠳᠦᠰᠦᠲᠡᠨ᠂ 1981 ᠣᠨ ᠤ 3 ᠰᠠᠷ᠎ᠠ ᠳᠤ ᠲᠥᠷᠥᠵᠡᠢ᠂ ᠥᠪᠥᠷ ᠮᠣᠩᠭᠤᠯ ᠤᠨ ᠱᠠᠩᠳᠤ ᠶᠢᠨ ᠬᠥᠮᠦᠨ᠂ 2005 ᠣᠨ ᠤ 7 ᠰᠠᠷ᠎ᠠ ᠳᠤ ᠠᠵᠢᠯ ᠳᠤ ᠣᠷᠣᠵᠤ᠂ 2010 ᠣᠨ ᠤ 7 ᠰᠠᠷ᠎ᠠ ᠳᠤ ᠳᠤᠮᠳᠠᠳᠤ ᠤᠯᠤᠰ ᠤᠨ ᠡᠪ ᠬᠠᠮᠲᠤ ᠨᠠᠮ ᠳᠤ ᠣᠷᠣᠵᠠᠢ᠂ ᠶᠣᠰᠣ ᠵᠦᠢ ᠶᠢᠨ ᠤᠬᠠᠭᠠᠨ ᠤ ᠣᠶᠤᠲᠠᠨ᠃ ᠣᠳᠣ ᠳᠥᠷᠪᠡᠳ ᠬᠤᠰᠢᠭᠤᠨ ᠤ ᠠᠷᠠᠳ ᠶᠢᠨ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠪᠠᠷ ᠠᠵᠢᠯᠯᠠᠵᠤ ᠪᠤᠢ᠃         ᠠᠵᠢᠯ ᠤᠨ ᠲᠣᠪᠴᠢ ᠨᠠᠮᠲᠠᠷ  ᠄        2001 ᠣᠨ ᠤ 09 ᠰᠠᠷ᠎ᠠ—2005 ᠣᠨ ᠤ 08 ᠰᠠᠷ᠎ᠠ  ᠪᠤᠯᠲᠠᠯ᠎ᠠ᠂ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠠᠮᠢᠳᠤ ᠪᠣᠳᠠᠰ ᠤᠨ ᠮᠡᠷᠭᠡᠵᠢᠯ ᠤᠨ ᠲᠤᠰᠬᠠᠢ ᠮᠡᠷᠭᠡᠵᠢᠯ ᠤᠨ ᠠᠩᠭᠢ ᠳᠤ ᠰᠤᠷᠤᠯᠴᠠᠪᠠ᠃      2005ᠣᠨ ᠤ 08 ᠰᠠᠷ᠎ᠠ—2006 ᠣᠨ ᠤ 07 ᠰᠠᠷ᠎ᠠ ᠪᠤᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠱᠠᠩᠳᠤ ᠰᠢᠶᠠᠨ ᠤ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠪᠠᠭᠰᠢ ᠪᠠᠷ ᠠᠵᠢᠯᠯᠠᠵᠤ ᠪᠠᠶᠢᠪᠠ᠃       2006ᠣᠨ ᠤ 07 ᠰᠠᠷ᠎ᠠ—2010 ᠣᠨ ᠤ 03 ᠰᠠᠷ᠎ᠠ ᠪᠤᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠱᠠᠩᠳᠤ ᠰᠢᠶᠠᠨ ᠤ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠪᠠᠭᠰᠢ  ᠪᠠᠷ ᠠᠵᠢᠯᠯᠠᠵᠤ ᠪᠠᠶᠢᠪᠠ᠃      2010ᠣᠨ ᠤ 03 ᠰᠠᠷ᠎ᠠ ︱2012 ᠣᠨ ᠤ 08 ᠰᠠᠷ᠎ᠠ ᠪᠤᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠱᠠᠩᠳᠤ ᠰᠢᠶᠠᠨ ᠤ ᠤᠬᠠᠭᠤᠯᠬᠤ ᠬᠡᠯᠲᠡᠰ ᠲᠤ ᠠᠵᠢᠯᠯᠠᠵᠤ ᠪᠠᠶᠢᠪᠠ᠃      2012 ᠣᠨ ᠤ 08 ᠰᠠᠷ᠎ᠠ—2016 ᠣᠨ ᠤ 06 ᠰᠠᠷ᠎ᠠ ᠪᠤᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠱᠠᠩᠳᠤ ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶᠠᠨ ᠤ ᠳᠡᠳ᠋ ᠳᠠᠷᠤᠭ᠎ᠠ ᠪᠠᠷ ᠠᠵᠢᠯᠯᠠᠵᠤ ᠪᠠᠶᠢᠪᠠ᠃      2016 ᠣᠨ ᠤ 06 ᠰᠠᠷ᠎ᠠ —2017 ᠣᠨ ᠤ 10 ᠰᠠᠷ᠎ᠠ ᠪᠤᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠱᠠᠩᠳᠤ ᠰᠢᠶᠠᠨ ᠤ ᠤᠬᠠᠭᠤᠯᠬᠤ ᠬᠡᠯᠲᠡᠰ ᠤᠨ ᠳᠡᠳ᠋ ᠳᠠᠷᠤᠭ᠎ᠠ᠂ ᠣᠶᠤᠨ ᠤ ᠪᠣᠯᠪᠠᠰᠤᠨ ᠤ ᠠᠯᠪᠠᠨ ᠭᠡᠷ ᠤᠨ ᠡᠷᠬᠢᠯᠡᠭᠴᠢ ᠪᠠᠷ ᠠᠵᠢᠯᠯᠠᠵᠤ ᠪᠠᠶᠢᠪᠠ᠃        2017 ᠣᠨ ᠤ 10  ᠰᠠᠷ᠎ᠠ—2020 ᠣᠨ ᠤ 03 ᠰᠠᠷ᠎ᠠ ᠪᠤᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠱᠠᠩᠳᠤ ᠰᠢᠶᠠᠨ ᠤ  ᠰᠢ ᠵᠢᠩ ᠽᠢ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ᠂ ᠪᠠᠯᠭᠠᠰᠤᠨ ᠤ ᠳᠠᠷᠤᠭ᠎ᠠ ᠪᠠᠷ ᠠᠵᠢᠯᠯᠠᠵᠤ ᠪᠠᠶᠢᠪᠠ᠃       2020 ᠣᠨ ᠤ 03 ᠰᠠᠷ᠎ᠠ—2021 ᠣᠨ ᠤ 02 ᠰᠠᠷ᠎ᠠ ᠪᠤᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠱᠠᠩᠳᠤ ᠰᠢᠶᠠᠨ ᠤ ᠴᠢ ᠲᠠᠢ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ ᠂ ᠪᠠᠯᠭᠠᠰᠤᠨ ᠤ ᠳᠠᠷᠤᠭ᠎ᠠ ᠪᠠᠷ ᠠᠵᠢᠯᠯᠠᠵᠤ ᠪᠠᠶᠢᠪᠠ᠃       2021ᠣᠨ ᠤ 02 ᠰᠠᠷ᠎ᠠ— ᠡᠳᠦᠭᠡ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠥᠷᠪᠡᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠪᠠᠷ ᠠᠵᠢᠯᠯᠠᠵᠤ ᠪᠤᠢ᠃
 
ᠢᠷᠡᠯᠲᠡ᠄ ᠲᠦᠷᠪᠡᠳ ᠬᠤᠰᠢᠭᠤᠨ ᠤ ᠵᠤᠬᠢᠶᠠᠨ ᠪᠠᠶᠢᠭᠤᠯᠬᠤ ᠬᠡᠯᠳᠡᠰ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2