ᠶᠠᠩ ᠯᠠᠢ ᠴᠢᠤᠸᠠᠨ | ᠬᠤᠰᠢᠭᠤ ᠳᠡᠳ᠋ ᠳᠠᠷᠤᠭ᠎ᠠ | ᠬᠤᠰᠢᠭᠤ ᠳᠠᠷᠤᠭ᠎ᠠ ᠶᠢ ᠬᠠᠪᠰᠤᠷᠤᠨ᠂ ᠠᠵᠤ ᠦᠢᠯᠡᠳᠪᠦᠷᠢ ᠪᠠ ᠰᠤᠷᠠᠭ ᠵᠠᠩᠭᠢᠴᠢᠯᠠᠯᠲᠠ ᠶᠢᠨ ᠪᠦᠲᠦᠭᠡᠨ | ᠪᠠᠶᠢᠭᠤᠯᠤᠯᠲᠠ᠂ ᠰᠣᠶᠣᠯ᠂ ᠵᠢᠭᠤᠯᠴᠢᠯᠠᠯ᠂ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ᠂ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ᠂ ᠴᠢᠮᠡᠭᠡ ᠬᠤᠯᠪᠣᠭ᠎ᠠ᠂ ᠠᠷᠠᠳ ᠠᠴᠠ ᠡᠷᠬᠢᠯᠡᠭᠰᠡᠨ ᠠᠵᠤ ᠠᠬᠤᠢ᠂ ᠰᠢᠤᠳᠠᠨ | ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ ᠠᠵᠤ ᠦᠢᠯᠡᠳᠪᠦᠷᠢ ᠪᠣᠯᠤᠨ ᠮᠡᠳᠡᠭᠡ ᠵᠠᠩᠭᠢᠵᠢᠯᠲᠠ ᠶᠢᠨ ᠲᠣᠪᠴᠢᠶ᠎ᠠ | ︵ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ︶᠂ ᠰᠣᠶᠣᠯ ᠪᠣᠯᠤᠨ ᠵᠢᠭᠤᠯᠴᠢᠯᠠᠯ ᠤᠨ ᠲᠣᠪᠴᠢᠶ᠎ᠠ ︵ᠲᠡᠦᠬᠡ ᠶᠢᠨ | ᠳᠤᠷᠠᠰᠬᠠᠯᠲᠤ ᠵᠦᠢᠯ ᠤᠨ ᠲᠣᠪᠴᠢᠶ᠎ᠠ︶᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ | ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ︶᠂ ᠰᠢᠯᠭᠠᠨ ᠪᠠᠶᠢᠴᠠᠭᠠᠵᠤ ᠪᠠᠶᠢᠴᠠᠭᠠᠨ | ᠬᠡᠮᠵᠢᠬᠦ ᠲᠥᠪ᠂ ᠭᠠᠵᠠᠷ ᠰᠢᠨᠵᠢᠯᠡᠭᠡᠨ ᠤ ᠬᠦᠷᠢᠶᠠᠯᠠᠩ ᠤᠨ ᠦᠢᠯᠡᠴᠢᠯᠡᠭᠡᠨ ᠤ ᠲᠥᠪ᠂ ᠰᠢᠤᠳᠠᠨ ᠤ ᠦᠢᠯᠡᠰ ᠤᠨ | ᠬᠥᠭᠵᠢᠯᠲᠡ ᠶᠢᠨ ᠲᠥᠪ᠂ ᠬᠤᠯᠪᠣᠭᠠᠯᠠᠨ ᠡᠭᠦᠳᠬᠦ ᠵᠢᠭᠤᠯᠴᠢᠯᠠᠯ ᠤᠨ ᠪᠡᠯᠡ ᠣᠷᠣᠭᠤᠯᠤᠯᠲᠠ ᠶᠢᠨ ᠬᠢᠵᠠᠭᠠᠷᠲᠤ | ᠺᠣᠮᠫᠠᠨᠢ ᠶᠢ ᠬᠤᠪᠢᠳᠠᠨ ᠬᠠᠮᠢᠶᠠᠷᠤᠨ᠎ᠠ᠃ ᠬᠤᠰᠢᠭᠤ ᠨᠠᠮ ᠤᠨ ᠬᠤᠷᠢᠶᠠᠨ ᠤ ᠢᠨᠲ᠋ᠧᠷ ᠰᠦᠯᠵᠢᠶ᠎ᠡ ᠶᠢᠨ ᠮᠡᠳᠡᠭᠡ | ᠵᠠᠩᠭᠢ ᠶᠢᠨ ᠠᠯᠪᠠᠨ ᠭᠡᠷ᠂ ᠬᠤᠰᠢᠭᠤᠨ ᠤ ᠠᠵᠢᠯᠴᠢᠨ ᠤ ᠶᠡᠷᠦᠩᠬᠡᠢ ᠡᠪᠯᠡᠯ᠂ ᠬᠠᠮ ᠵᠠᠭᠤᠴᠢᠯᠠᠭᠤᠷ ᠤᠨ ᠲᠥᠪ᠂ | ᠤᠳᠬ᠎ᠠ ᠤᠷᠠᠯᠢᠭ ᠤᠨ ᠬᠢᠨ ᠤ ᠬᠤᠯᠪᠣᠭᠠᠲᠤ ᠬᠤᠷᠠᠯ᠂ ᠰᠢᠨᠬᠤᠸᠠ ᠨᠣᠮ ᠤᠨ ᠳᠡᠯᠭᠡᠭᠦᠷ᠂ ᠦᠢᠯᠡᠳᠪᠦᠷᠢ | ᠬᠤᠳᠠᠯᠳᠤᠭᠠᠨ ᠤ ᠬᠤᠯᠪᠣᠭ᠎ᠠ᠂ ᠴᠠᠬᠢᠯᠭᠠᠨ ᠬᠠᠩᠭᠠᠬᠤ ᠬᠤᠪᠢᠶᠠᠷᠢ ᠲᠣᠪᠴᠢᠶ᠎ᠠ᠂ ᠰᠢᠤᠳᠠᠨ ᠤ ᠺᠣᠮᠫᠠᠨᠢ᠂ ᠨᠡᠬᠦᠳᠠᠯ | ᠬᠤᠯᠪᠣᠭ᠎ᠠ ᠶᠢᠨ ᠺᠣᠮᠫᠠᠨᠢ᠂ ᠨᠢᠭᠡᠳᠦᠮᠡᠯ ᠬᠤᠯᠪᠣᠭ᠎ᠠ ᠶᠢᠨ ᠺᠣᠮᠫᠠᠨᠢ᠂ ᠴᠠᠬᠢᠯᠭᠠᠨ ᠬᠤᠯᠪᠣᠭ᠎ᠠ ᠶᠢᠨ ᠺᠣᠮᠫᠠᠨᠢ᠂ ᠷᠠᠳᠢᠤ᠋ | ᠲᠧᠯᠸᠢᠰ ᠲᠣᠣᠷ ᠰᠦᠯᠵᠢᠶ᠎ᠡ ᠶᠢᠨ ᠺᠣᠮᠫᠠᠨᠢ᠂ ᠲᠠᠮᠠᠬᠢ ᠲᠤᠰᠬᠠᠢ ᠬᠤᠳᠠᠯᠳᠤᠬᠤ ᠲᠣᠪᠴᠢᠶ᠎ᠠ ︵ᠨᠠᠪᠴᠢᠨ ᠲᠠᠮᠠᠬᠢ | ᠡᠵᠡᠩᠨᠡᠨ ᠪᠣᠷᠣᠯᠠᠭᠤᠯᠬᠤ ᠭᠠᠵᠠᠷ︶᠂ ᠳᠠᠪᠤᠰᠤᠨ ᠤ ᠶᠠᠪᠤᠳᠠᠯ ᠤᠨ ᠬᠠᠮᠢᠶᠠᠷᠤᠯᠲᠠ ᠶᠢᠨ ᠲᠣᠪᠴᠢᠶ᠎ᠠ ︵ᠳᠠᠪᠤᠰᠤᠨ ᠤ | ᠦᠢᠯᠡᠰ ᠤᠨ ᠺᠣᠮᠫ᠊︶᠂ ᠴᠢᠯᠠᠭᠤᠨ ᠲᠣᠰᠣᠨ ᠤ ᠺᠣᠮᠫᠠᠨᠢ ᠵᠢᠴᠢ ᠡᠯ᠎ᠡ ᠠᠵᠤ ᠦᠢᠯᠡᠳᠪᠦᠷᠢ ᠬᠤᠳᠠᠯᠳᠤᠭᠠᠨ ᠤ ᠠᠵᠤ | ᠠᠬᠤᠶᠢᠯᠠᠯ ᠵᠡᠷᠭᠡ ᠨᠢᠭᠡᠴᠠ ᠲᠠᠢ ᠬᠠᠷᠢᠯᠴᠠᠨ᠎ᠠ᠃ | ᠶᠠᠩ ᠯᠠᠢ ᠴᠢᠤᠸᠠᠨ᠂ ᠡᠷᠡᠭᠲᠡᠢ᠂ ᠮᠣᠩᠭᠤᠯ ᠦᠨᠳᠦᠰᠦᠲᠡᠨ᠂ 1985 ᠣᠨ ᠤ 8 ᠰᠠᠷ᠎ᠠ ᠳᠤ | ᠲᠥᠷᠥᠵᠡᠢ᠂ ᠥᠪᠥᠷ ᠮᠣᠩᠭᠤᠯ ᠤᠨ ᠬᠤᠷᠴᠢᠨ ᠵᠡᠭᠦᠨ ᠭᠠᠷᠤᠨ ᠳᠤᠮᠳᠠᠳᠤ ᠬᠤᠰᠢᠭᠤᠨ ᠤ ᠬᠥᠮᠦᠨ᠂ 2008 | ᠣᠨ ᠤ 1 ᠰᠠᠷ᠎ᠠ ᠳᠤ ᠳᠤᠮᠳᠠᠳᠤ ᠤᠯᠤᠰ ᠤᠨ ᠡᠪ ᠬᠠᠮᠲᠤ ᠨᠠᠮ ᠳᠤ ᠣᠷᠣᠵᠤ᠂ 2009 ᠣᠨ ᠤ 7 ᠰᠠᠷ᠎ᠠ ᠳᠤ | ᠠᠵᠢᠯ ᠳᠤ ᠣᠷᠣᠪᠠ᠂ ᠶᠡᠭᠡ ᠰᠤᠷᠭᠠᠭᠤᠯᠢ ᠶᠢᠨ ᠵᠢᠩᠬᠢᠨᠢ ᠠᠩᠭᠢ ᠶᠢᠨ ᠰᠤᠷᠤᠯᠭ᠎ᠠ ᠶᠢᠨ ᠨᠠᠮᠲᠠᠷ ᠲᠠᠢ᠃ ᠣᠳᠣ | ᠳᠥᠷᠪᠡᠳ ᠬᠤᠰᠢᠭᠤᠨ ᠤ ᠠᠷᠠᠳ ᠶᠢᠨ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ ᠶᠢᠨ ᠲᠤᠰᠢᠶᠠᠯ ᠳᠤ ᠪᠤᠢ | ᠃ | ᠠᠵᠢᠯ ᠤᠨ ᠲᠣᠪᠴᠢ ᠨᠠᠮᠲᠠᠷ᠄ | 2005 ᠣᠨ ᠤ 9 ᠰᠠᠷ᠎ᠠ ︱ 2009 ᠣᠨ ᠤ 7 ᠰᠠᠷ᠎ᠠ ᠪᠤᠯᠲᠠᠯ᠎ᠠ᠂ ᠥᠪᠥᠷ ᠮᠣᠩᠭᠤᠯ ᠤᠨ ᠶᠡᠭᠡ | ᠰᠤᠷᠭᠠᠭᠤᠯᠢ ᠶᠢᠨ ᠠᠵᠤ ᠠᠬᠤᠢ ᠶᠢᠨ ᠬᠠᠮᠢᠶᠠᠷᠤᠯᠲᠠ ᠶᠢᠨ ᠳᠡᠭᠡᠳᠦ ᠰᠤᠷᠭᠠᠭᠤᠯᠢ ᠳᠤ ᠰᠤᠷᠤᠯᠴᠠᠵᠠᠢ᠃ | 2009 ᠣᠨ ᠤ 7 ᠰᠠᠷ᠎ᠠ ︱ 2012 ᠣᠨ ᠤ 11 ᠰᠠᠷ᠎ᠠ ᠪᠤᠯᠲᠠᠯ᠎ᠠ᠂ ᠥᠪᠥᠷ ᠮᠣᠩᠭᠤᠯ ᠤᠨ | ᠪᠠᠷᠠᠭᠤᠨ ᠣᠷᠣᠨ ᠤ ᠪᠠᠶᠢᠭᠠᠯᠢ ᠶᠢᠨ ᠰᠢᠲᠠᠮᠠᠬᠠᠢ ᠬᠡᠢ ᠶᠢᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ | ᠠᠵᠢᠯᠲᠠᠨ ᠪᠠᠷ ᠠᠵᠢᠯᠯᠠᠵᠤ ᠪᠠᠶᠢᠪᠠ᠃ | 2012 ᠣᠨ ᠤ 11 ᠰᠠᠷ᠎ᠠ — 2014 ᠣᠨ ᠤ 2 ᠰᠠᠷ᠎ᠠ ᠪᠣᠯᠲᠠᠯ᠎ᠠ᠂ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠰᠢᠯᠢᠩᠬᠤᠲᠠ ᠶᠢᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ | ᠺᠠᠳ᠋ᠷ ᠢᠶᠠᠷ ᠠᠵᠢᠯᠯᠠᠵᠤ ᠪᠠᠶᠢᠪᠠ᠃ | 2014 ᠣᠨ ᠤ 2 ᠰᠠᠷ᠎ᠠ — 2014 ᠣᠨ ᠤ 3 ᠰᠠᠷ᠎ᠠ ᠪᠣᠯᠲᠠᠯ᠎ᠠ᠂ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠤᠯᠠᠭᠠᠨᠴᠠᠪ ᠬᠤᠲᠠ ᠶᠢᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠺᠠᠳ᠋ᠷ | ᠢᠶᠠᠷ ᠠᠵᠢᠯᠯᠠᠵᠤ ᠪᠠᠶᠢᠪᠠ᠃ | 2014 ᠣᠨ ᠤ 3 ᠰᠠᠷ᠎ᠠ ︱ 2015 ᠣᠨ ᠤ 10 ᠰᠠᠷ᠎ᠠ ᠪᠣᠯᠲᠠᠯ᠎ᠠ᠂ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠤᠯᠠᠭᠠᠨᠴᠠᠪ ᠬᠤᠲᠠ ᠶᠢᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠡ | ᠵᠠᠩᠭᠢ ᠶᠢᠨ ᠰᠠᠯᠠᠭ᠎ᠠ ᠶᠢᠨ ᠳᠡᠳ᠋ ᠳᠠᠷᠤᠭ᠎ᠠ ︵ᠵᠢᠩᠬᠢᠨᠢ ᠰᠠᠯᠠᠭ᠎ᠠ ᠳᠡᠰ︶ ᠪᠠᠷ ᠠᠵᠢᠯᠯᠠᠵᠤ ᠪᠠᠶᠢᠪᠠ᠃ | 2015 ᠣᠨ ᠤ 10 ᠰᠠᠷ᠎ᠠ ︱ 2019 ᠣᠨ ᠤ 6 ᠰᠠᠷ᠎ᠠ ᠪᠣᠯᠲᠠᠯ᠎ᠠ᠂ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠤᠯᠠᠭᠠᠨᠴᠠᠪ ᠬᠤᠲᠠ ᠶᠢᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ | ᠵᠠᠰᠠᠭ ᠤᠨ ᠶᠠᠪᠤᠳᠠᠯ ᠤᠨ ᠲᠠᠪᠤᠳᠤᠭᠠᠷ ᠰᠠᠯᠠᠭᠠᠨ ᠤ ᠳᠡᠳ᠋ ᠳᠠᠷᠤᠭ᠎ᠠ ︵ᠵᠢᠩᠬᠢᠨᠢ ᠰᠠᠯᠠᠭᠠᠨ ᠳᠡᠰ︶ ︵ᠡᠨᠡ | ᠬᠤᠭᠤᠴᠠᠭᠠᠨ ᠳᠤ᠄ 2016 ᠣᠨ ᠤ 10 ᠰᠠᠷ᠎ᠠ ︱ 2017 ᠣᠨ ᠤ 4 ᠰᠠᠷ᠎ᠠ ᠪᠣᠯᠲᠠᠯ᠎ᠠ᠂ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠨᠠᠷᠢᠨ ᠪᠢᠴᠢᠭ ᠤᠨ | ᠨᠢᠭᠡᠳᠦᠭᠡᠷ ᠭᠠᠵᠠᠷ ᠲᠤ ᠠᠵᠢᠯ ᠰᠢᠯᠵᠢᠨ ᠪᠣᠯᠪᠠᠰᠤᠷᠠᠪᠠ ᠃ 2017 ᠣᠨ ᠤ 4 ᠰᠠᠷ᠎ᠠ ︱ 2018 ᠣᠨ ᠤ 4 | ᠰᠠᠷ᠎ᠠ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ | ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ ᠠᠯᠪᠠᠲᠠᠨ ᠤ ᠲᠣᠪᠴᠢᠶ᠎ᠠ ᠳᠤ ᠰᠢᠯᠵᠢᠭᠦᠯᠦᠨ ᠪᠣᠯᠪᠠᠰᠤᠷᠠᠪᠠ︶ ᠪᠠᠷ | ᠠᠵᠢᠯᠯᠠᠵᠤ ᠪᠠᠶᠢᠪᠠ᠃ | 2019 ᠣᠨ ᠤ 6 ᠰᠠᠷ᠎ᠠ ︱ 2021 ᠣᠨ ᠤ 2 ᠰᠠᠷ᠎ᠠ ᠪᠣᠯᠲᠠᠯ᠎ᠠ᠂ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠤᠯᠠᠭᠠᠨᠴᠠᠪ ᠬᠤᠲᠠ ᠶᠢᠨ ᠵᠠᠰᠠᠭ ᠤᠨ ᠣᠷᠳᠣᠨ ᠤ ᠠᠯᠪᠠᠨ ᠭᠡᠷ ᠤᠨ ᠠᠵᠢᠯ ᠤᠨ | ᠳᠣᠯᠣᠳᠤᠭᠠᠷ ᠰᠠᠯᠠᠭᠠᠨ ᠤ ᠳᠠᠷᠤᠭ᠎ᠠ ︵ᠡᠨᠡ ᠬᠤᠭᠤᠴᠠᠭᠠᠨ ᠳᠤ᠄ 2020 ᠣᠨ ᠤ 8 ᠰᠠᠷ᠎ᠠ ᠠᠴᠠ 10 ᠰᠠᠷ᠎ᠠ | ᠪᠣᠯᠲᠠᠯ᠎ᠠ᠂ ᠤᠯᠠᠭᠠᠨᠴᠠᠪ ᠬᠤᠲᠠ ᠶᠢᠨ ᠠᠷᠪᠠᠨ ᠬᠤᠶᠠᠳᠤᠭᠠᠷ ᠬᠤᠭᠤᠴᠠᠭᠠᠨ ᠤ ᠢᠳᠡᠷ ᠵᠠᠯᠠᠭᠤ ᠺᠠᠳ᠋ᠷ ᠤᠨ ᠰᠤᠳᠤᠯᠤᠨ | ᠰᠤᠷᠤᠯᠴᠠᠬᠤ ᠠᠩᠭᠢ ᠳᠤ ᠰᠤᠷᠤᠯᠴᠠᠪᠠ ᠃ 2020 ᠣᠨ ᠤ 11 ᠰᠠᠷ᠎ᠠ ︱2021 ᠣᠨ ᠤ 2 ᠰᠠᠷ᠎ᠠ | ᠪᠣᠯᠲᠠᠯ᠎ᠠ᠂ ᠤᠯᠠᠭᠠᠨᠴᠠᠪ ᠬᠤᠲᠠ ᠶᠢᠨ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠤᠸᠠᠩ ᠶᠠᠩ ᠴᠧᠩ | ᠪᠠᠯᠭᠠᠰᠤᠨ ᠳᠤ ᠨᠠᠮ ᠤᠨ ᠬᠤᠷᠢᠶᠠᠨ ᠤ ᠳᠡᠳ᠋ ᠱᠦᠵᠢ ᠶᠢᠨ ᠲᠤᠰᠢᠶᠠᠯ ᠢ ᠲᠦᠷ ᠡᠭᠦᠷᠭᠡᠯᠡᠪᠡ︶ ᠪᠠᠷ ᠠᠵᠢᠯᠯᠠᠵᠦ | ᠪᠠᠶᠢᠪᠠ ᠃ | 2021 ᠣᠨ ᠤ 2 ᠰᠠᠷ᠎ᠠ — 2021 ᠣᠨ ᠤ 3 ᠰᠠᠷ᠎ᠠ ᠪᠣᠯᠲᠠᠯ᠎ᠠ᠂ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠤᠯᠠᠭᠠᠨᠴᠠᠪ ᠬᠤᠲᠠ ᠶᠢᠨ ᠳᠥᠷᠪᠡᠳ ᠬᠤᠰᠢᠭᠤᠨ ᠤ ᠠᠷᠠᠳ ᠤᠨ ᠵᠠᠰᠠᠭ ᠤᠨ | ᠣᠷᠳᠣᠨ ᠤ ᠬᠤᠰᠢᠭᠤ ᠳᠡᠳ᠋ ᠳᠠᠷᠤᠭ᠎ᠠ ᠪᠠᠷ ᠨᠠᠷᠠ ᠵᠢᠱᠢᠭᠳᠡᠪᠡ᠃ | 2021 ᠣᠨ ᠤ 3 ᠰᠠᠷ᠎ᠠ ︱ ᠡᠳᠦᠭᠡ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠤᠯᠠᠭᠠᠨᠴᠠᠪ ᠬᠤᠲᠠ ᠶᠢᠨ ᠳᠥᠷᠪᠡᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤ | ᠳᠡᠳ᠋ ᠳᠠᠷᠤᠭ᠎ᠠ ᠪᠠᠷ ᠠᠵᠢᠯᠯᠠᠵᠤ ᠪᠤᠢ᠃ | |