ᠯᠢ ᠶᠣᠣ
ᠨᠡᠶᠢᠲᠡᠯᠡᠭᠰᠡᠨ ᠴᠠᠭ᠄
2021/12/13
ᠯᠢ ᠶᠣᠣ        ᠬᠤᠰᠢᠭᠤ ᠳᠡᠳ᠋ ᠳᠠᠷᠤᠭ᠎ᠠ       ᠬᠤᠰᠢᠭᠤ ᠳᠠᠷᠤᠭ᠎ᠠ ᠶᠢ ᠬᠠᠪᠰᠤᠷᠤᠨ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠰᠢᠨ ᠰᠢᠨ ᠵᠢᠢ ᠬᠤᠸᠠ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠲᠣᠭᠲᠠᠭᠰᠠᠨ ᠴᠡᠭ ᠤᠨ ᠬᠠᠪᠰᠤᠷᠤᠨ ᠲᠡᠳᠬᠦᠬᠦ ᠠᠵᠢᠯ ᠢ ᠬᠠᠷᠢᠭᠤᠴᠠᠨ᠎ᠠ ᠃ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠢ ᠬᠤᠪᠢᠳᠠᠨ ᠬᠠᠮᠢᠶᠠᠷᠤᠨ᠎ᠠ᠃    ᠯᠢ ᠶᠣᠣ᠂ ᠡᠷᠡᠭᠲᠠᠢ᠂ ᠮᠤᠩᠭᠤᠯ ᠦᠨᠳᠦᠰᠦᠲᠡᠨ᠂ 1973 ᠤᠨ ᠤ 9 ᠰᠠᠷ᠎ᠠ ᠳᠤ ᠲᠦᠷᠦᠵᠦ᠂ 1992 ᠤᠨ ᠤ 7 ᠰᠠᠷ᠎ᠠ ᠳᠤ ᠠᠵᠢᠯ ᠳᠤ ᠤᠷᠤᠪᠠ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠃ ᠤᠳᠤ ᠲᠦᠷᠪᠡᠤᠨ ᠬᠤᠰᠢᠭᠤᠨ ᠤ ᠵᠠᠰᠠᠭ ᠤᠨ ᠤᠷᠳᠤᠨ ᠤ ᠳᠡᠳ᠋  ᠬᠤᠰᠢᠭᠤ ᠳᠠᠷᠤᠭ᠎ᠠ ᠶᠢᠨ ᠲᠤᠰᠢᠶᠠᠯ ᠢ ᠲᠦᠷ ᠴᠠᠭ ᠬᠠᠷᠢᠭᠤᠴᠠᠵᠤ ᠪᠠᠶᠢᠨ᠎ᠠ᠃   1992 ᠣᠨ ᠤ07 ᠰᠠᠷ᠎ᠠ —1996 ᠣᠨ ᠤ 03ᠰᠠᠷ᠎ᠠ ᠪᠤᠯᠳᠠᠯ᠎ᠠ᠂ ᠵᠡᠪᠰᠡᠭᠲᠦ ᠴᠠᠭᠳᠠᠭᠠᠨ ᠤ 5303 ᠤᠶᠢᠯᠡᠤᠨᠪᠦᠷᠢ ᠶᠢᠨ ᠮᠡᠷᠭᠡᠵᠢᠯ ᠤᠨ ᠭᠠᠵᠠᠷ ᠤᠨ ᠪᠠᠷᠢᠮᠵᠢᠶᠠᠲᠦ ᠮᠡᠷᠭᠡᠵᠢᠯᠲᠡᠨ ᠪᠠᠷ ᠠᠵᠢᠯᠯᠠᠵᠤ ᠪᠠᠶᠢᠪᠠ᠃    1996ᠣᠨ ᠤ03 ᠰᠠᠷ᠎ᠠ—1998ᠣᠨ ᠤ04ᠰᠠᠷ᠎ᠠ ᠪᠤᠯᠳᠠᠯ᠎ᠠ᠂ ᠵᠡᠪᠰᠡᠭᠲᠦ ᠴᠠᠭᠳᠠᠭᠠᠨ ᠤ 5303 ᠤᠶᠢᠯᠡᠤᠨᠪᠦᠷᠢ ᠶᠢᠨ ᠤᠶᠢᠯᠡᠤᠨᠪᠦᠷᠢᠯᠡᠬᠦ ᠭᠠᠵᠠᠷ ᠤᠨ ᠲᠤᠬᠢᠷᠠᠭᠤᠯᠤᠭᠴᠢ ᠪᠠᠷ ᠠᠵᠢᠯᠯᠠᠵᠤ ᠪᠠᠶᠢᠪᠠ᠃    1998ᠣᠨ ᠤ04 ᠰᠠᠷ᠎ᠠ—2001ᠣᠨ ᠤ12ᠰᠠᠷ᠎ᠠ ᠪᠤᠯᠳᠠᠯ᠎ᠠ᠂ ᠵᠡᠪᠰᠡᠭᠲᠦ ᠴᠠᠭᠳᠠᠭᠠᠨ ᠤ 5303 ᠤᠶᠢᠯᠡᠤᠨᠪᠦᠷᠢ ᠶᠢᠨ ᠵᠢᠷᠭᠤᠳᠤᠭᠠᠷ ᠲᠠᠰᠤᠭ ᠤᠨ ᠳᠡᠳ᠋ ᠡᠷᠬᠢᠯᠡᠭᠴᠢ ᠶᠢᠨ ᠲᠤᠰᠢᠶᠠᠯ ᠢ ᠬᠠᠷᠢᠭᠤᠴᠠᠵᠤ ᠪᠠᠶᠢᠪᠠ᠃     2001ᠣᠨ ᠤ12ᠰᠠᠷ᠎ᠠ —2002ᠣᠨ ᠤ10ᠰᠠᠷ᠎ᠠ ᠪᠤᠯᠳᠠᠯ᠎ᠠ᠂ ᠵᠡᠪᠰᠡᠭᠲᠦ ᠴᠠᠭᠳᠠᠭᠠᠨ ᠤ 5303 ᠤᠶᠢᠯᠡᠤᠨᠪᠦᠷᠢ ᠶᠢᠨ ᠭᠤᠷᠪᠠᠳᠤᠭᠠᠷ ᠲᠠᠰᠤᠭ ᠤᠨ ᠳᠡᠳ᠋ ᠡᠷᠬᠢᠯᠡᠭᠴᠢ ᠶᠢᠨ ᠲᠤᠰᠢᠶᠠᠯ ᠢ ᠬᠠᠷᠢᠭᠤᠴᠠᠵᠤ ᠪᠠᠶᠢᠪᠠ᠃    2002ᠣᠨ ᠤ10ᠰᠠᠷ᠎ᠠ —2003ᠣᠨ ᠤ05ᠰᠠᠷ᠎ᠠ ᠪᠤᠯᠳᠠᠯ᠎ᠠ᠂ ᠵᠡᠪᠰᠡᠭᠲᠦ ᠴᠠᠭᠳᠠᠭᠠᠨ ᠤ 5303 ᠤᠶᠢᠯᠡᠤᠨᠪᠦᠷᠢ ᠶᠢᠨ ᠶᠢᠰᠦᠳᠦᠭᠡᠷ ᠲᠠᠰᠤᠭ ᠤᠨ ᠳᠡᠳ᠋ ᠡᠷᠬᠢᠯᠡᠭᠴᠢ ᠶᠢᠨ ᠲᠤᠰᠢᠶᠠᠯ ᠢ ᠬᠠᠷᠢᠭᠤᠴᠠᠵᠤ ᠪᠠᠶᠢᠪᠠ᠃    2003ᠣᠨ ᠤ05ᠰᠠᠷ᠎ᠠ —2004ᠣᠨ ᠤ08 ᠰᠠᠷ᠎ᠠ‌‍ᠪᠤᠯᠳᠠᠯ᠎ᠠ᠂ ᠦᠪᠦᠷ ᠮᠤᠩᠭᠤᠯ ᠤᠨ 5303 ᠬᠤᠪᠴᠠᠰᠦᠨ ᠤ ᠤᠶᠢᠯᠡᠤᠨᠪᠦᠷᠢ ᠶᠢᠨ ᠳᠡᠳ᠋ ᠭᠠᠵᠠᠷ ᠤᠨ ᠳᠠᠷᠤᠭ᠎ᠠ ᠶᠢᠨ ᠲᠤᠰᠢᠶᠠᠯ ᠢ ᠬᠠᠷᠢᠭᠤᠴᠠᠵᠤ ᠪᠠᠶᠢᠪᠠ᠃    2004ᠣᠨ ᠤ08ᠰᠠᠷ᠎ᠠ —2005ᠣᠨ ᠤ02ᠰᠠᠷ᠎ᠠ ᠪᠤᠯᠳᠠᠯ᠎ᠠ᠂ ᠦᠪᠦᠷ ᠮᠤᠩᠭᠤᠯ ᠤᠨ 5303 ᠬᠤᠪᠴᠠᠰᠦᠨ ᠤ ᠤᠶᠢᠯᠡᠤᠨᠪᠦᠷᠢ ᠶᠢᠨ ᠵᠢᠷᠭᠤᠳᠤᠭᠠᠷ ᠲᠠᠰᠤᠯᠭᠠᠨ ᠤ ᠡᠷᠬᠢᠯᠡᠭᠴᠢ᠂ ᠨᠠᠮ ᠤᠨ ᠡᠭᠦᠷ ᠤᠨ ᠱᠦᠵᠢ ᠶᠢᠨ ᠲᠤᠰᠢᠶᠠᠯ ᠢ ᠬᠠᠷᠢᠭᠤᠴᠠᠵᠤ ᠪᠠᠶᠢᠪᠠ᠃      2005ᠣᠨ ᠤ02ᠰᠠᠷ᠎ᠠ —2005ᠣᠨ ᠤ09 ᠰᠠᠷ᠎ᠠ‌‍ᠪᠤᠯᠳᠠᠯ᠎ᠠ᠂ ᠦᠪᠦᠷ ᠮᠤᠩᠭᠤᠯ ᠤᠨ 5303 ᠬᠤᠪᠴᠠᠰᠦᠨ ᠤ ᠤᠶᠢᠯᠡᠤᠨᠪᠦᠷᠢ ᠶᠢᠨ ᠠᠵᠢᠯᠳᠠᠨ ᠤ ᠶᠠᠪᠤᠳᠠᠯ ᠤᠨ ᠬᠡᠯᠲᠡᠰ ᠤᠨ ᠳᠡᠳ᠋ ᠬᠡᠯᠲᠡᠰ ᠤᠨ ᠳᠠᠷᠤᠭ᠎ᠠ ᠶᠢᠨ ᠲᠤᠰᠢᠶᠠᠯ ᠢ ᠬᠠᠷᠢᠭᠤᠴᠠᠵᠤ ᠪᠠᠶᠢᠪᠠ᠃    2005ᠣᠨ ᠤ09ᠰᠠᠷ᠎ᠠ —2007ᠣᠨ ᠤ01 ᠰᠠᠷ᠎ᠠ‌‍ᠪᠤᠯᠳᠠᠯ᠎ᠠ᠂ ᠦᠪᠦᠷ ᠮᠤᠩᠭᠤᠯ ᠤᠨ 5303 ᠬᠤᠪᠴᠠᠰᠦᠨ ᠤ ᠤᠶᠢᠯᠡᠤᠨᠪᠦᠷᠢ ᠶᠢᠨ ᠮᠡᠷᠭᠡᠵᠢᠯ ᠤᠨ ᠬᠡᠯᠲᠡᠰ ᠤᠨ ᠪᠠᠶᠢᠡᠭᠭᠤ ᠶᠢᠨ ᠳᠡᠳ᠋ ᠬᠡᠯᠲᠡᠰ ᠤᠨ ᠳᠠᠷᠤᠭ᠎ᠠ ᠶᠢᠨ ᠲᠤᠰᠢᠶᠠᠯ ᠢ ᠬᠠᠷᠢᠭᠤᠴᠠᠵᠤ ᠪᠠᠶᠢᠪᠠ᠃      2007ᠣᠨ ᠤ01ᠰᠠᠷ᠎ᠠ —2007ᠣᠨ ᠤ09ᠰᠠᠷ᠎ᠠ ᠪᠤᠯᠳᠠᠯ᠎ᠠ᠂ ᠦᠪᠦᠷ ᠮᠤᠩᠭᠤᠯ ᠤᠨ 5303 ᠬᠤᠪᠴᠠᠰᠦᠨ ᠤ ᠤᠶᠢᠯᠡᠤᠨᠪᠦᠷᠢ ᠶᠢᠨ ᠨᠠᠮ ᠤᠨ ᠬᠤᠷᠢᠶᠠᠨ ᠤ ᠭᠡᠰᠢᠭᠦᠨ᠂ ᠠᠵᠢᠯᠴᠢᠨ ᠤ ᠡᠪᠯᠡᠯ ᠤᠨ ᠲᠡᠷᠢᠭᠦᠯᠡᠭᠴᠢ ᠵᠢᠴᠢ ᠠᠵᠢᠯᠳᠠᠨ ᠤ ᠶᠠᠪᠤᠳᠠᠯ ᠤᠨ  ᠬᠡᠯᠲᠡᠰ ᠤᠨ ᠳᠠᠷᠤᠭ᠎ᠠ ᠶᠢᠨ ᠲᠤᠰᠢᠶᠠᠯ ᠢ ᠬᠠᠷᠢᠭᠤᠴᠠᠵᠤ ᠪᠠᠶᠢᠪᠠ᠃    2007ᠣᠨ ᠤ09ᠰᠠᠷ᠎ᠠ —2008ᠣᠨ ᠤ08 ᠰᠠᠷ᠎ᠠ‌‍ᠪᠤᠯᠳᠠᠯ᠎ᠠ᠂ ᠵᠢᠢ ᠬᠤᠸᠠ 5303 ᠬᠤᠪᠴᠠᠰᠦᠨ ᠤ ᠤᠶᠢᠯᠡᠤᠨᠪᠦᠷᠢ ᠶᠢᠨ ᠬᠢᠵᠠᠭᠠᠷᠲᠤ ᠺᠤᠮᠫᠠᠨᠢ ᠶᠢᠨ ᠨᠠᠮ ᠤᠨ ᠬᠤᠷᠢᠶᠠᠨ ᠤ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠠᠵᠢᠯᠴᠢᠨ ᠤ ᠡᠪᠯᠡᠯ ᠤᠨ ᠲᠡᠷᠢᠭᠦᠯᠡᠭᠴᠢ᠂ ᠠᠵᠢᠯᠲᠠᠤᠨ ᠤᠨ ᠭᠡᠷᠡᠭ ᠮᠡᠳᠡᠭᠴᠢ᠂ ᠳᠡᠳ᠋ ᠶᠡᠷᠦᠩᠬᠡᠢ ᠵᠠᠬᠢᠷᠤᠯ᠂ ᠬᠡᠷᠡᠭ ᠮᠡᠳᠡᠭᠴᠢ ᠶᠢᠨ ᠨᠠᠷᠢᠨ ᠪᠢᠴᠢᠭᠡᠴᠢ ᠶᠢᠨ ᠲᠤᠰᠢᠶᠠᠯ ᠢ ᠬᠠᠷᠢᠭᠤᠴᠠᠵᠤ ᠪᠠᠶᠢᠪᠠ᠃    2008ᠣᠨ ᠤ08ᠰᠠᠷ᠎ᠠ —2015ᠣᠨ ᠤ12ᠰᠠᠷ᠎ᠠ ᠪᠤᠯᠳᠠᠯ᠎ᠠ᠂ ᠵᠢᠢ ᠬᠤᠸᠠ 5303 ᠬᠤᠪᠴᠠᠰᠦᠨ ᠤ ᠤᠶᠢᠯᠡᠤᠨᠪᠦᠷᠢ ᠶᠢᠨ ᠬᠢᠵᠠᠭᠠᠷᠲᠤ ᠺᠤᠮᠫᠠᠨᠢ ᠶᠢᠨ ᠨᠠᠮ ᠤᠨ ᠬᠤᠷᠢᠶᠠᠨ ᠤ ᠭᠡᠰᠢᠭᠦᠨ᠂ ᠳᠡᠳ᠋ ᠶᠡᠷᠦᠩᠬᠡᠢ ᠵᠠᠬᠢᠷᠤᠯ ᠤᠨ ᠲᠤᠰᠢᠶᠠᠯ ᠢ  ᠬᠠᠷᠢᠭᠤᠴᠠᠵᠤ ᠪᠠᠶᠢᠪᠠ᠃    2015ᠣᠨ ᠤ12 ᠰᠠᠷ᠎ᠠ—2016ᠣᠨ ᠤ02ᠰᠠᠷ᠎ᠠ ᠪᠤᠯᠳᠠᠯ᠎ᠠ᠂ ᠵᠢᠢ ᠬᠤᠸᠠ 5303 ᠬᠤᠪᠴᠠᠰᠦᠨ ᠤ ᠤᠶᠢᠯᠡᠤᠨᠪᠦᠷᠢ ᠶᠢᠨ ᠬᠢᠵᠠᠭᠠᠷᠲᠤ ᠺᠤᠮᠫᠠᠨᠢ ᠶᠢᠨ ᠨᠠᠮ ᠤᠨ ᠬᠤᠷᠢᠶᠠᠨ ᠤ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠳᠡᠳ᠋ ᠶᠡᠷᠥᠩᠭᠡᠢ ᠵᠠᠬᠢᠷᠤᠯ ᠤᠨ ᠲᠤᠰᠢᠶᠠᠯ ᠢ ᠬᠠᠷᠢᠭᠤᠴᠠᠵᠤ ᠪᠠᠶᠢᠪᠠ᠃    2016ᠣᠨ ᠤ03ᠰᠠᠷ᠎ᠠ —2016ᠣᠨ ᠤ11ᠰᠠᠷ᠎ᠠ ᠪᠤᠯᠳᠠᠯ᠎ᠠ᠂ ᠵᠢᠢ ᠬᠤᠸᠠ 5303 ᠬᠤᠪᠴᠠᠰᠦᠨ ᠤ ᠤᠶᠢᠯᠡᠤᠨᠪᠦᠷᠢ ᠶᠢᠨ ᠬᠢᠵᠠᠭᠠᠷᠲᠤ ᠺᠤᠮᠫᠠᠨᠢ ᠶᠢᠨ ᠨᠠᠮ ᠤᠨ ᠬᠤᠷᠢᠶᠠᠨ ᠤ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠳᠡᠳ᠋ ᠶᠡᠷᠥᠩᠭᠡᠢ  ᠵᠠᠬᠢᠷᠤᠯ᠂ ᠠᠵᠢᠯᠴᠢᠨ ᠤ ᠡᠪᠯᠡᠯ ᠤᠨ ᠲᠡᠷᠢᠭᠦᠯᠡᠭᠴᠢ ᠶᠢᠨ ᠲᠤᠰᠢᠶᠠᠯ ᠢ ᠬᠠᠷᠢᠭᠤᠴᠠᠵᠤ ᠪᠠᠶᠢᠪᠠ᠃    2016ᠣᠨ ᠤ11ᠰᠠᠷ᠎ᠠ — ᠤᠳᠤ ᠪᠤᠯᠳᠠᠯ᠎ᠠ᠂ ᠲᠦᠷᠪᠡᠤᠨ ᠬᠤᠰᠢᠭᠤᠨ ᠤ ᠵᠠᠰᠠᠭ ᠤᠨ ᠤᠷᠳᠤᠨ ᠤ ᠳᠡᠳ᠋ ᠬᠤᠰᠢᠭᠤᠨ ᠳᠠᠷᠤᠭ᠎ᠠ ᠶᠢᠨ ᠲᠤᠰᠢᠶᠠᠯ ᠢ ᠲᠦᠷ ᠴᠠᠭ ᠬᠠᠷᠢᠭᠤᠴᠠᠵᠤ ᠪᠠᠶᠢᠨ᠎ᠠ᠃
 
ᠢᠷᠡᠯᠲᠡ᠄ ᠲᠦᠷᠪᠡᠳ ᠬᠤᠰᠢᠭᠤᠨ ᠤ ᠵᠤᠬᠢᠶᠠᠨ ᠪᠠᠶᠢᠭᠤᠯᠬᠤ ᠬᠡᠯᠳᠡᠰ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2