ᠠᠯᠲᠠ | ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ | ᠬᠤᠰᠢᠭᠤ ᠳᠠᠷᠤᠭ᠎ᠠ ᠶᠢ ᠬᠠᠪᠰᠤᠷᠤᠨ᠂ ᠰᠤᠷᠭᠠᠨ ᠬᠥᠮᠦᠵᠢᠯ᠂ ᠪᠡᠶ᠎ᠡ ᠲᠠᠮᠢᠷ᠂ ᠦᠨᠳᠦᠰᠦᠲᠡᠨ ᠤ ᠬᠡᠷᠡᠭ | ᠶᠠᠪᠤᠳᠠᠯ᠂ ᠮᠣᠩᠭᠤᠯ ᠬᠢᠲᠠᠳ ᠡᠮ ᠡᠮᠨᠡᠯᠭᠡ᠂ ᠡᠷᠡᠭᠦᠯ ᠬᠠᠮᠠᠭᠠᠯᠠᠯ᠂ ᠡᠷᠡᠭᠦᠯ ᠮᠡᠨᠳᠦ᠂ ᠡᠮᠴᠢᠯᠡᠭᠡ ᠵᠡᠷᠭᠡ ᠲᠠᠯ᠎ᠠ ᠶᠢᠨ | ᠠᠵᠢᠯ ᠢ ᠬᠠᠷᠢᠭᠤᠴᠠᠨ᠎ᠠ᠃ ᠬᠤᠰᠢᠭᠤᠨ ᠤ ᠰᠤᠷᠭᠠᠨ ᠬᠥᠮᠦᠵᠢᠯ ᠪᠡᠶ᠎ᠡ ᠲᠠᠮᠢᠷ ᠤᠨ ᠲᠣᠪᠴᠢᠶ᠎ᠠ᠂ ᠦᠨᠳᠦᠰᠦᠲᠡᠨ ᠤ | ᠬᠡᠷᠡᠭ ᠡᠷᠬᠢᠯᠡᠬᠦ ᠵᠥᠪᠯᠡᠯ ( ᠮᠣᠩᠭᠤᠯ ᠬᠡᠯᠡ ᠪᠢᠴᠢᠭ ᠤᠨ ᠠᠵᠢᠯ ᠤᠨ ᠵᠥᠪᠯᠡᠯ )᠂ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠵᠥᠪᠯᠡᠯ ( ᠬᠠᠶᠢᠷ᠎ᠠ ᠬᠠᠯᠠᠮᠵᠢ ᠶᠢᠨ ᠵᠥᠪᠯᠡᠯ ᠤᠨ ᠠᠯᠪᠠᠨ ᠭᠡᠷ᠂ ᠮᠣᠩᠭᠤᠯ ᠬᠢᠲᠠᠳ ᠡᠮ ᠡᠮᠨᠡᠯᠭᠡ ᠶᠢᠨ | ᠬᠠᠮᠢᠶᠠᠷᠤᠯᠲᠠ ᠶᠢᠨ ᠲᠣᠪᠴᠢᠶ᠎ᠠ )᠂ ᠡᠮ ᠡᠮᠨᠡᠯᠭᠡ ᠶᠢᠨ ᠪᠠᠲᠤᠯᠠᠪᠤᠷᠢ ᠶᠢᠨ ᠲᠣᠪᠴᠢᠶ᠎ᠠ ᠶᠢ ᠬᠤᠪᠢᠳᠠᠨ ᠬᠠᠮᠢᠶᠠᠷᠤᠨ᠎ᠠ᠃ | ᠡᠪ ᠬᠠᠮᠲᠤ ᠵᠠᠯᠠᠭᠤᠴᠤᠳ ᠤᠨ ᠡᠪᠯᠡᠯ ᠤᠨ ᠳᠥᠷᠪᠡᠳ ᠬᠤᠰᠢᠭᠤᠨ ᠤ ᠬᠤᠷᠢᠶ᠎ᠠ᠂ ᠬᠤᠰᠢᠭᠤᠨ ᠤ | ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠵᠡᠮᠳᠡᠭᠴᠦᠳ ᠤᠨ ᠬᠤᠯᠪᠣᠭᠠᠲᠤ ᠬᠤᠷᠠᠯ᠂ ᠤᠯᠠᠭᠠᠨ ᠵᠠᠭᠠᠯᠮᠠᠶᠢᠳᠠᠨ ᠤ | ᠨᠡᠶᠢᠭᠡᠮᠯᠢᠭ᠂ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠵᠥᠪᠯᠡᠯ ᠵᠡᠷᠭᠡ ᠪᠠᠶᠢᠭᠤᠯᠭ᠎ᠠ ᠨᠢᠭᠡᠴᠡ ᠲᠠᠢ | ᠬᠠᠷᠢᠯᠴᠠᠨ᠎ᠠ᠃ | ᠠᠯᠲᠠ᠂ ᠡᠮᠡᠭᠲᠠᠢ᠂ ᠮᠤᠩᠭᠤᠯ ᠦᠨᠳᠦᠰᠦᠲᠡᠨ᠂ 1968 ᠤᠨ ᠤ 9 ᠰᠠᠷ᠎ᠠ ᠳᠤ ᠲᠦᠷᠦᠪᠡ᠃ ᠳᠤᠮᠳᠠᠳᠤ | ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠃ ᠬᠢᠨᠭ᠍ᠭᠠᠨ | ᠠᠶᠢᠮᠠᠭ ᠤᠨ ᠬᠦᠮᠦᠨ᠂ 1987 ᠤᠨ ᠤ 11 ᠰᠠᠷ᠎ᠠ ᠳᠤ ᠠᠵᠢᠯ ᠳᠤ ᠤᠷᠤᠵᠤ ᠂ ᠤᠳᠤ ᠲᠦᠷᠪᠡᠤᠨ ᠬᠤᠰᠢᠭᠤᠨ | ᠤ ᠵᠠᠰᠠᠭ ᠤᠨ ᠤᠷᠳᠤᠨ ᠤ ᠬᠤᠰᠢᠭᠤ ᠳᠡᠳ᠋ ᠲᠠᠷᠤᠭ᠎ᠠ ᠶᠢᠨ ᠲᠤᠰᠢᠶᠠᠯ ᠢ ᠬᠠᠷᠢᠭᠤᠴᠠᠵᠤ ᠪᠠᠶᠢᠨ᠎ᠠ᠃ | 1987 ᠣᠨ ᠤ11 ᠰᠠᠷ᠎ᠠ —1992ᠣᠨ ᠤ08ᠰᠠᠷ᠎ᠠ ᠪᠤᠯᠳᠠᠯ᠎ᠠ᠂ ᠲᠦᠷᠪᠡᠤᠨ ᠬᠤᠰᠢᠭᠤᠨ ᠤ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠵᠦᠪᠯᠡᠯ ᠳᠤ ᠠᠵᠢᠯᠯᠠᠵᠤ ᠪᠠᠶᠢᠪᠠ᠃ | 1992ᠣᠨ ᠤ09ᠰᠠᠷ᠎ᠠ —1994ᠣᠨ ᠤ07ᠰᠠᠷ᠎ᠠ ᠪᠤᠯᠳᠠᠯ᠎ᠠ᠂ ᠦᠪᠦᠷ ᠮᠤᠩᠭᠤᠯ ᠤᠨ ᠮᠤᠩᠭᠤᠯ ᠬᠡᠯᠡᠨ | ᠤ ᠲᠤᠰᠬᠠᠢ ᠮᠡᠷᠭᠡᠵᠢᠯ ᠤᠨ ᠰᠤᠷᠭᠠᠭᠤᠯᠢ ᠳᠤ ᠰᠤᠷᠤᠯᠴᠠᠵᠤ ᠪᠠᠶᠢᠪᠠ᠃ | 1994ᠣᠨ ᠤ08ᠰᠠᠷ᠎ᠠ—1994ᠣᠨ ᠤ12ᠰᠠᠷ᠎ᠠ ᠪᠤᠯᠳᠠᠯ᠎ᠠ᠂ ᠲᠦᠷᠪᠡᠤᠨ ᠬᠤᠰᠢᠭᠤᠨ ᠤ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠵᠦᠪᠯᠡᠯ ᠳᠤ ᠠᠵᠢᠯᠯᠠᠵᠤ ᠪᠠᠶᠢᠪᠠ᠃ | 1995ᠣᠨ ᠤ01ᠰᠠᠷ᠎ᠠ —2005ᠣᠨ ᠤ01 ᠰᠠᠷ᠎ᠠ ᠪᠤᠯᠳᠠᠯ᠎ᠠ᠂ ᠲᠦᠷᠪᠡᠤᠨ ᠬᠤᠰᠢᠭᠤᠨ ᠤ | ᠤᠯᠠᠭᠠᠨᠬᠤᠸᠠ ᠪᠠᠯᠭᠠᠰᠤᠨ ᠤ ᠵᠠᠰᠠᠭ ᠤᠨ ᠤᠷᠳᠤᠨ ᠤ ᠳᠡᠳ᠋ ᠪᠠᠯᠭᠠᠰᠤᠨ ᠳᠠᠷᠤᠭ᠎ᠠ᠂ ᠲᠡᠳ᠋ ᠱᠦᠵᠢ ᠶᠢᠨ | ᠲᠤᠰᠢᠶᠠᠯ ᠢ ᠬᠠᠷᠢᠭᠤᠴᠠᠵᠤ ᠪᠠᠶᠢᠪᠠ᠃ | 2005ᠣᠨ ᠤ 02ᠰᠠᠷ᠎ᠠ —2012ᠣᠨ ᠤ10ᠰᠠᠷ᠎ᠠ ᠪᠤᠯᠳᠠᠯ᠎ᠠ᠂ ᠲᠦᠷᠪᠡᠤᠨ ᠬᠤᠰᠢᠭᠤᠨ ᠤ | ᠡᠮᠡᠭᠲᠠᠶᠢᠴᠤᠤᠨ ᠤᠨ ᠬᠤᠯᠪᠤᠭᠠᠨ ᠤ ᠲᠡᠷᠢᠭᠦᠯᠡᠭᠴᠢ ᠶᠢᠨ ᠲᠤᠰᠢᠶᠠᠯ ᠢ ᠬᠠᠷᠢᠭᠤᠴᠠᠵᠤ ᠪᠠᠶᠢᠪᠠ᠃ | 2012ᠣᠨ ᠤ10ᠰᠠᠷ᠎ᠠ —2016ᠣᠨ ᠤ06ᠰᠠᠷ᠎ᠠ ᠪᠤᠯᠳᠠᠯ᠎ᠠ᠂ ᠤᠯᠠᠭᠠᠨᠴᠠᠪ ᠬᠤᠲᠠ ᠶᠢᠨ | ᠡᠮᠡᠭᠲᠠᠶᠢᠴᠤᠤᠨ ᠤᠨ ᠬᠤᠯᠪᠤᠭᠠᠨ ᠤ ᠳᠡᠳ᠋ ᠲᠡᠷᠢᠭᠦᠯᠡᠭᠴᠢ᠂ ᠨᠠᠮ ᠤᠨ ᠳᠤᠭᠤᠶᠢᠯᠠᠩ ᠤᠨ ᠭᠡᠰᠢᠭᠦᠨ ᠤ ᠲᠤᠰᠢᠶᠠᠯ ᠢ | ᠬᠠᠷᠢᠭᠤᠴᠠᠵᠤ ᠪᠠᠶᠢᠪᠠ᠃ | 2016ᠣᠨ ᠤ06ᠰᠠᠷ᠎ᠠ —2017ᠣᠨ ᠤ10ᠰᠠᠷ᠎ᠠ ᠪᠤᠯᠳᠠᠯ᠎ᠠ᠂ ᠲᠦᠷᠪᠡᠳ ᠬᠤᠰᠢᠭᠤᠨ ᠤ ᠤᠯᠤᠰ | ᠲᠦᠷᠦ ᠶᠢᠨ ᠵᠦᠪᠯᠡᠯᠭᠡᠨ ᠤ ᠲᠡᠳ᠋ ᠲᠡᠷᠢᠬᠦᠯᠡᠭᠴᠢ ᠶᠢᠨ ᠲᠤᠰᠢᠶᠠᠯ ᠢ ᠬᠠᠷᠢᠭᠤᠴᠠᠵᠤ ᠪᠠᠶᠢᠪᠠ᠃ | 2017ᠣᠨ ᠤ10ᠰᠠᠷ᠎ᠠ — ᠤᠳᠤ ᠪᠤᠯᠳᠠᠯ᠎ᠠ᠂ ᠲᠦᠷᠪᠡᠤᠨ ᠬᠤᠰᠢᠭᠤᠨ ᠤ ᠵᠠᠰᠠᠭ ᠤᠨ ᠤᠷᠳᠤᠨ ᠤ | ᠬᠤᠰᠢᠭᠤ ᠳᠡᠳ᠋ ᠳᠠᠷᠤᠭ᠎ᠠ ᠶᠢᠨ ᠲᠤᠰᠢᠶᠠᠯ ᠢ ᠬᠠᠷᠢᠭᠤᠴᠠᠵᠤ ᠪᠠᠶᠢᠨ᠎ᠠ᠃ |