ᠵᠠᠩ ᠰᠢᠤᠸᠠᠢ ᠴᠦᠨ
ᠨᠡᠶᠢᠲᠡᠯᠡᠭᠰᠡᠨ ᠴᠠᠭ᠄
2021/12/13
ᠵᠠᠩ ᠰᠢᠤᠸᠠᠢ ᠴᠦᠨᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠪᠠᠶᠢᠩᠭᠤ ᠶᠢᠨ ᠶᠠᠪᠤᠳᠠᠯ ᠤᠨ ᠠᠵᠢᠯ ᠢ ᠬᠠᠷᠢᠭᠤᠴᠠᠨ᠂ ᠬᠤᠰᠢᠭᠤᠨ ᠲᠠᠷᠤᠭ᠎ᠠ ᠶᠢ ᠬᠠᠪᠰᠤᠷᠤᠨ ᠶᠡᠷᠦᠩᠭᠡᠢ ᠠᠵᠦ ᠠᠬᠤᠢ᠂ ᠠᠵᠢᠯᠳᠠᠨ ᠤ ᠡᠬᠢ ᠪᠠᠶᠠᠯᠢᠭ ᠪᠠ ᠨᠠᠶᠢᠬᠡᠮ ᠤᠨ ᠪᠠᠳᠤᠯᠠᠭ᠎ᠠ᠂ ᠴᠡᠪᠡᠷ ᠡᠨᠧᠷᠬᠢ᠂ ᠪᠠᠴᠢᠮ ᠪᠠᠶᠢᠳᠠᠯ ᠤᠨ ᠬᠠᠮᠢᠶᠠᠷᠤᠯᠳᠠ᠂ ᠤᠯᠤᠰ ᠤᠨ ᠦᠮᠴᠢᠯᠠᠯ ᠤᠨ ᠬᠠᠮᠢᠶᠠᠷᠤᠯᠳᠠ ᠂ ᠮᠦᠩᠭᠦᠨ ᠬᠦᠢᠯᠬᠡᠬᠡ᠂ ᠭᠠᠳᠠᠭᠠᠳᠦ ᠶᠠᠪᠤᠳᠠᠯ᠂ ᠵᠠᠰᠠᠭ ᠤᠨ ᠶᠠᠪᠤᠳᠠᠯ ᠢ ᠢᠯᠠ ᠨᠠᠶᠢᠳᠡᠯᠡᠬᠦ ᠵᠡᠷᠬᠡ ᠲᠠᠯ᠎ᠠ ᠶᠢᠨ ᠠᠵᠢᠯ ᠢ ᠬᠠᠷᠢᠭᠤᠴᠠᠨ᠎ᠠ᠃ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠬᠡᠷ᠂ ᠡᠳ᠋ ᠤᠨ ᠵᠠᠰᠠᠭ ᠤᠨ ᠲᠤᠪᠴᠢᠶ᠎ᠠ᠂ ᠬᠦᠭᠵᠢᠬᠦᠯᠦᠯᠳᠠ ᠦᠬᠡᠷᠡᠴᠢᠯᠡᠯᠳᠠ ᠶᠢᠨ ᠵᠦᠪᠯᠡᠯ᠂ ᠠᠵᠢᠯᠳᠠᠨ ᠤ ᠡᠬᠢ ᠪᠠᠶᠠᠯᠢᠭ ᠪᠠ ᠨᠠᠶᠢᠬᠡᠮ ᠤᠨ ᠪᠠᠳᠤᠯᠠᠭ᠎ᠠ ᠶᠢᠨ ᠲᠤᠪᠴᠢᠶ᠎ᠠ᠂ ᠪᠠᠴᠢᠮ ᠪᠠᠶᠢᠳᠠᠯᠯ ᠢ ᠠᠷᠭᠠᠴᠠᠭᠠᠨ ᠬᠠᠮᠢᠶᠠᠷᠬᠤ ᠲᠤᠪᠴᠢᠶ᠎ᠠ᠂ ᠲᠤᠭ᠎ᠠ ᠪᠦᠷᠢᠳᠬᠡᠯ ᠤᠨ ᠲᠤᠪᠴᠢᠶ᠎ᠠ᠂ ᠵᠠᠮ ᠬᠠᠷᠢᠯᠴᠠᠭ᠎ᠠ ᠲᠡᠬᠡᠬᠡᠪᠦᠷᠢ ᠶᠢᠨ ᠲᠤᠪᠴᠢᠶ᠎ᠠ᠂ ᠭᠠᠳᠠᠭᠠᠳᠦ ᠶᠠᠪᠤᠳᠠᠯ ᠤᠨ ᠠᠯᠪᠠᠨ ᠬᠡᠷ᠂ ᠠᠯᠪᠠᠨ ᠪᠠᠶᠢᠭᠤᠯᠭ᠎ᠠ ᠶᠢᠨ ᠬᠡᠷᠡᠭ ᠶᠠᠪᠤᠳᠠᠯ ᠤᠨ ᠦᠢᠯᠡᠴᠢᠯᠡᠬᠡᠨ ᠤ ᠲᠦᠪ᠂ ᠭᠥᠸᠧ ᠶᠤᠸᠠᠨ ᠪᠠᠯᠠ ᠤᠷᠤᠭᠤᠯᠤᠯᠳᠠ ᠶᠢᠨ ᠺᠤᠮᠫᠠᠨᠢ᠂ ᠡᠬᠢ ᠪᠠᠶᠠᠯᠢᠭ ᠢ ᠨᠡᠬᠡᠬᠡᠨ ᠬᠦᠭᠵᠢᠬᠦᠯᠬᠦ ᠺᠤᠮᠫᠠᠨᠢ ᠶᠢ ᠬᠤᠪᠢᠳᠠᠨ ᠬᠠᠮᠢᠶᠠᠷᠴᠦ᠂ ᠬᠤᠰᠢᠭᠤᠨ ᠲᠠᠷᠤᠭ᠎ᠠ ᠶᠢ ᠬᠠᠪᠰᠤᠷᠤᠨ ᠬᠤᠰᠢᠭᠤᠨ ᠤ ᠬᠢᠨᠠᠨ ᠪᠤᠳᠤᠯᠳᠠ ᠶᠢᠨ ᠲᠤᠪᠴᠢᠶ᠎ᠠ ᠶᠢ ᠬᠠᠮᠢᠶᠠᠷᠤᠨ᠎ᠠ᠃ᠬᠤᠰᠢᠭᠤᠨ ᠤ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠬᠤᠰᠢᠭᠤᠨ ᠤ ᠤᠯᠤᠰ ᠲᠦᠷᠦ ᠶᠢᠨ ᠵᠦᠪᠯᠡᠯᠬᠡᠨ᠂ ᠬᠤᠰᠢᠭᠤᠨ ᠤ ᠬᠢᠨᠠᠨ ᠪᠠᠶᠢᠴᠠᠭᠠᠬᠤ ᠵᠦᠪᠯᠡᠯ᠂ ᠡᠯ᠎ᠡ ᠠᠷᠠᠳᠴᠢᠯᠠᠭᠰᠠᠨ ᠨᠠᠮ ᠪᠦᠯᠬᠦᠮ᠂ ᠬᠤᠰᠢᠭᠤᠨ ᠤ ᠨᠠᠮ ᠤᠨ ᠬᠤᠷᠢᠶᠠᠨ ᠤ ᠠᠬᠠᠮᠠᠳ ᠺᠠᠳ᠋ᠷᠴᠤᠳ ᠤᠨ ᠲᠤᠪᠴᠢᠶ᠎ᠠ᠂ ᠬᠤᠰᠢᠭᠤᠨ ᠤ ᠨᠠᠮ  ᠤᠨ ᠰᠤᠷᠭᠠᠭᠤᠯᠢ᠂ ᠬᠤᠰᠢᠭᠤᠨ ᠤ ᠲᠠᠩᠰᠠ ᠡᠪᠬᠡᠮᠡᠯ ᠲᠡᠤᠬᠡ ᠤᠶᠢᠯᠠᠯᠭ᠎ᠠ ᠶᠢᠨ ᠭᠠᠵᠠᠷ᠂ ᠬᠤᠰᠢᠭᠤᠨ ᠤ ᠭᠠᠶᠢᠯᠢ  ᠶᠢᠨ ᠶᠠᠪᠤᠳᠠᠯ ᠤᠨ ᠲᠤᠪᠴᠢᠶ᠎ᠠ᠂ ᠬᠢᠯᠢ ᠶᠢᠨ ᠵᠠᠮ ᠬᠠᠮᠠᠭᠠᠯᠠᠬᠤ ᠠᠩᠭᠢ᠂ ᠱᠧᠨ ᠵᠧᠦ ᠬᠤᠪᠢᠶᠠᠷᠢ ᠲᠤᠪᠴᠢᠶ᠎ᠠ᠂ ᠰᠢᠶᠣᠣ ᠳ᠋ᠦᠩ ᠶᠢᠩ ᠰᠦᠢᠳᠬᠡᠯ ᠬᠤᠷᠢᠶᠠᠬᠤ ᠦᠷᠳᠡᠭᠡ᠂ ᠮᠠᠰᠢᠨ ᠲᠡᠷᠬᠡᠨ ᠤ ᠦᠷᠳᠡᠭᠡ᠂ ᠭᠠᠯ ᠤᠨᠳᠠᠷᠠᠭᠠᠬᠤ ᠠᠩᠭᠢ᠂ ᠤᠯᠤᠰ ᠤᠨ ᠲᠤᠭ᠎ᠠ ᠪᠦᠷᠢᠳᠬᠡᠯ ᠤᠨ ᠲᠤᠪᠴᠢᠶᠠᠨ ᠤ ᠲᠦᠷᠪᠡᠳ ᠬᠤᠰᠢᠭᠤᠨ ᠳᠠᠬᠢ ᠪᠠᠶᠢᠴᠠᠭᠠᠬᠤ ᠠᠩᠭᠢ ᠂ ᠠᠷᠠᠳ ᠤᠨ ᠪᠠᠩᠭᠢ ᠶᠢᠨ ᠲᠦᠷᠪᠡᠳ ᠬᠤᠰᠢᠭᠤᠨ ᠤ ᠬᠤᠪᠢᠶᠠᠷᠢ ᠪᠠᠩᠭᠢ᠂ ᠬᠤᠰᠢᠭᠤᠨ ᠤ ᠪᠠᠶᠢᠭ᠎ᠠ ᠡᠯ᠎ᠡ ᠪᠠᠩᠭᠢ ᠵᠡᠷᠬᠡ ᠪᠠᠶᠢᠭᠤᠯᠭ᠎ᠠ ᠨᠢᠬᠡᠴᠡ ᠲᠠᠢ ᠬᠠᠷᠢᠯᠴᠠᠨ᠎ᠠ᠃ᠵᠠᠩ ᠰᠢᠤᠸᠠᠢ ᠴᠦᠨ᠂ ᠡᠷᠡᠭᠳᠠᠢ᠂ ᠬᠢᠳᠠᠳ ᠦᠨᠳᠦᠰᠦᠳᠡᠨ᠂ 1974 ᠤᠨ ᠤ 1 ᠰᠠᠷ᠎ᠠ ᠳᠤ ᠲᠦᠷᠦᠪᠡ᠂ ᠦᠪᠦᠷ ᠮᠤᠩᠭᠤᠯ ᠤᠨ ᠲᠦᠷᠪᠡᠳ ᠬᠤᠰᠢᠭᠤᠨ ᠤ ᠬᠦᠮᠦᠨ᠂ 2000 ᠤᠨ ᠳᠤ ᠠᠵᠢᠯ ᠳᠤ ᠤᠷᠤᠵᠦ᠂ 2001 ᠤᠨ ᠤ 7 ᠰᠠᠷ᠎ᠠ ᠳᠤ ᠨᠠᠮ ᠳᠤ ᠤᠷᠤᠵᠦ᠂ ᠶᠡᠭᠡ ᠰᠤᠷᠭᠠᠭᠤᠯᠢ ᠶᠢᠨ ᠤᠶᠤᠳᠠᠨ ᠤ ᠰᠤᠷᠤᠯᠭ᠎ᠠ ᠶᠢᠨ ᠨᠠᠮᠳᠠᠷ ᠲᠠᠢ᠃ ᠤᠳᠦ ᠲᠤᠮᠳᠠᠳᠦ ᠤᠯᠤᠰ ᠤᠨ ᠡᠪ ᠬᠠᠮᠳᠦ ᠨᠠᠮ ᠤᠨ ᠲᠦᠷᠪᠡᠳ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠵᠠᠰᠠᠭ ᠤᠨ ᠤᠷᠳᠤᠨ ᠤ ᠪᠠᠶᠢᠩᠭᠤ ᠶᠢᠨ ᠶᠠᠪᠤᠳᠠᠯ ᠤᠨ ᠲᠡᠳ᠋ ᠬᠤᠰᠢᠭᠤᠨ ᠲᠠᠷᠤᠭ᠎ᠠ ᠶᠢᠨ ᠲᠤᠰᠢᠶᠠᠯ ᠢ ᠡᠬᠦᠷᠬᠡᠯᠡᠵᠦ ᠪᠠᠶᠢᠨ᠎ᠠ᠃2000.12 — 2003.02 ᠪᠤᠯᠳᠠᠯ᠎ᠠ᠂ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠲᠦᠷᠪᠡᠳ ᠬᠤᠰᠢᠭᠤᠨ ᠤ ᠳ᠋ᠦᠩ ᠪᠠ ᠬᠤᠤ ᠰᠢᠶᠠᠩ ᠤᠨ ᠨᠠᠮ ᠤᠨ ᠬᠤᠷᠢᠶᠠᠨ ᠤ ᠬᠡᠰᠢᠬᠦᠨ᠂ ᠨᠠᠮ ᠵᠠᠰᠠᠭ ᠤᠨ ᠶᠡᠷᠦᠩᠭᠡᠶᠢᠯᠡᠭᠰᠡᠨ ᠨᠠᠷᠢᠨ ᠪᠢᠴᠢᠬᠡᠴᠢ ᠶᠢᠨ ᠠᠵᠢᠯ ᠢ ᠬᠠᠷᠢᠭᠤᠴᠠᠵᠦ ᠪᠠᠶᠢᠪᠠ᠃2003.02 — 2009.02 ᠪᠤᠯᠳᠠᠯ᠎ᠠ᠂ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠲᠦᠷᠪᠡᠳ ᠬᠤᠰᠢᠭᠤᠨ ᠤ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠶᠠᠪᠤᠳᠠᠯ ᠤᠨ ᠬᠤᠷᠢᠶᠠᠨ ᠤ ᠶᠡᠷᠦᠩᠭᠡᠶᠢᠯᠡᠭᠰᠡᠨ ᠨᠠᠷᠢᠨ ᠪᠢᠴᠢᠬᠡᠴᠢ ᠶᠢᠨ ᠠᠵᠢᠯ ᠢ ᠬᠠᠷᠢᠭᠤᠴᠠᠵᠦ ᠪᠠᠶᠢᠪᠠ᠃ ︵2005 ᠤᠨ ᠳᠤ ᠲᠡᠳ᠋ ᠡᠷᠬᠢᠯᠡᠭᠴᠢ ᠬᠡᠰᠢᠬᠦᠨ ᠤ ᠲᠤᠰᠢᠶᠠᠯ ᠢ ᠡᠬᠦᠷᠬᠡᠯᠡᠪᠡ︶2009.02 — 2012.09 ᠪᠤᠯᠳᠠᠯ᠎ᠠ᠂ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠲᠦᠷᠪᠡᠳ ᠬᠤᠰᠢᠭᠤᠨ ᠤ ᠠᠵᠦ ᠤᠶᠢᠯᠡᠳᠪᠦᠷᠢ ᠠᠵᠦ ᠠᠬᠤᠢ ᠶᠢᠨ ᠵᠦᠪᠯᠡᠯ ᠤᠨ ᠲᠡᠳ᠋ ᠡᠷᠬᠢᠯᠡᠭᠴᠢ ᠶᠢᠨ ᠲᠤᠰᠢᠶᠠᠯ ᠢ ᠬᠠᠷᠢᠭᠤᠴᠠᠵᠦ ᠪᠠᠶᠢᠪᠠ᠃2012.09 — 2015.04 ᠪᠤᠯᠳᠠᠯ᠎ᠠ᠂ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠲᠦᠷᠪᠡᠳ ᠬᠤᠰᠢᠭᠤᠨ ᠤ ᠬᠦᠩ ᠵᠢᠢ ᠲᠠᠩ ᠪᠠᠯᠭᠠᠰᠤᠨ ᠤ ᠨᠠᠮ ᠤᠨ ᠬᠤᠷᠢᠶᠠᠨ ᠤ ᠲᠡᠳ᠋ ᠱᠦᠵᠢ᠂ ᠵᠠᠰᠠᠭ ᠤᠨ ᠤᠷᠳᠤᠨ ᠤ ᠪᠠᠯᠭᠠᠰᠤᠨ ᠲᠠᠷᠤᠭ᠎ᠠ ᠶᠢᠨ ᠲᠤᠰᠢᠶᠠᠯ ᠢ ᠬᠠᠷᠢᠭᠤᠴᠠᠵᠦ ᠪᠠᠶᠢᠪᠠ᠃ ︵2014.04 — 2015.04 ᠪᠤᠯᠳᠠᠯ᠎ᠠ ᠨᠠᠮ ᠤᠨ ᠬᠤᠷᠢᠶᠠᠨ ᠤ ᠠᠵᠢᠯ ᠢ ᠬᠠᠷᠢᠭᠤᠴᠠᠵᠦ ᠪᠠᠶᠢᠪᠠ︶2015.04 — 2017.10 ᠪᠤᠯᠳᠠᠯ᠎ᠠ᠂ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠲᠦᠷᠪᠡᠳ ᠬᠤᠰᠢᠭᠤᠨ ᠤ ᠬᠦᠩ ᠵᠢᠢ ᠲᠠᠩ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠶᠢᠨ ᠲᠤᠰᠢᠶᠠᠯ ᠢ ᠬᠠᠷᠢᠭᠤᠴᠠᠵᠦ ᠪᠠᠶᠢᠪᠠ᠃2017.10 — 2019.05 ᠪᠤᠯᠳᠠᠯ᠎ᠠ᠂ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠲᠦᠷᠪᠡᠳ ᠬᠤᠰᠢᠭᠤᠨ ᠤ ᠤᠯᠠᠭᠠᠨᠬᠤᠸᠠ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠶᠢᠨ ᠲᠤᠰᠢᠶᠠᠯ ᠢ ᠬᠠᠷᠢᠭᠤᠴᠠᠵᠦ ᠪᠠᠶᠢᠪᠠ᠃2019.05 — 2020.11 ᠪᠤᠯᠳᠠᠯ᠎ᠠ᠂ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠲᠦᠷᠪᠡᠳ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠬᠤᠰᠢᠭᠤᠨ ᠤ ᠨᠠᠮ ᠤᠨ ᠬᠤᠷᠢᠶᠠᠨ ᠤ ᠠᠯᠪᠠᠨ ᠬᠡᠷ ᠤᠨ ᠡᠷᠬᠢᠯᠡᠭᠴᠢ᠂ ᠤᠯᠠᠭᠠᠨᠬᠤᠸᠠ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠶᠢᠨ ᠲᠤᠰᠢᠶᠠᠯ ᠢ ᠬᠠᠷᠢᠭᠤᠴᠠᠵᠦ ᠪᠠᠶᠢᠪᠠ᠃2020.11 — 2021.07 ᠪᠤᠯᠳᠠᠯ᠎ᠠ᠂ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠲᠦᠷᠪᠡᠳ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠬᠤᠰᠢᠭᠤᠨ ᠤ ᠨᠠᠮ ᠤᠨ ᠬᠤᠷᠢᠶᠠᠨ ᠤ ᠠᠯᠪᠠᠨ ᠬᠡᠷ ᠤᠨ ᠡᠷᠬᠢᠯᠡᠭᠴᠢ ᠶᠢᠨ ᠲᠤᠰᠢᠶᠠᠯ ᠢ ᠬᠠᠷᠢᠭᠤᠴᠠᠵᠦ ᠪᠠᠶᠢᠪᠠ᠃2021.07 — ᠤᠳᠦ ᠪᠤᠯᠳᠠᠯ᠎ᠠ᠂ ᠲᠤᠮᠳᠠᠳᠦ ᠤᠯᠤᠰ ᠤᠨ ᠡᠪ ᠬᠠᠮᠳᠦ ᠨᠠᠮ ᠤᠨ ᠲᠦᠷᠪᠡᠳ ᠬᠤᠰᠢᠭᠤᠨ ᠤ ᠬᠤᠷᠢᠶᠠᠨ ᠤ ᠪᠠᠶᠢᠩᠭᠤ ᠶᠢᠨ ᠬᠡᠰᠢᠬᠦᠨ᠂ ᠵᠠᠰᠠᠭ ᠤᠨ ᠤᠷᠳᠤᠨ ᠤ ᠪᠠᠶᠢᠩᠭᠤ ᠶᠢᠨ ᠶᠠᠪᠤᠳᠠᠯ ᠤᠨ ᠲᠡᠳ᠋ ᠬᠤᠰᠢᠭᠤᠨ ᠲᠠᠷᠤᠭ᠎ᠠ ᠶᠢᠨ ᠲᠤᠰᠢᠶᠠᠯ ᠢ ᠡᠬᠦᠷᠬᠡᠯᠡᠵᠦ ᠪᠠᠶᠢᠨ᠎ᠠ᠃
 
ᠢᠷᠡᠯᠲᠡ᠄ ᠲᠦᠷᠪᠡᠳ ᠬᠤᠰᠢᠭᠤᠨ ᠤ ᠵᠤᠬᠢᠶᠠᠨ ᠪᠠᠶᠢᠭᠤᠯᠬᠤ ᠬᠡᠯᠳᠡᠰ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2