ᠰᠦᠯᠳᠡ
ᠨᠡᠶᠢᠲᠡᠯᠡᠭᠰᠡᠨ ᠴᠠᠭ᠄
2021/12/13
ᠰᠦᠯᠳᠡ       ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠣᠷᠣᠯᠠᠭᠴᠢ ᠬᠤᠰᠢᠭᠤ ᠳᠠᠷᠤᠭ᠎ᠠ     ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠪᠥᠬᠦ ᠲᠠᠯ᠎ᠠ ᠶᠢᠨ ᠠᠵᠢᠯ ᠢ ᠡᠷᠬᠢᠯᠡᠵᠤ᠂ ᠬᠢᠨᠠᠨ ᠪᠣᠳᠣᠬᠤ ᠲᠣᠪᠴᠢᠶ᠎ᠠ ᠶᠢ ᠬᠤᠪᠢᠳᠠᠨ ᠬᠠᠮᠢᠶᠠᠷᠴᠤ ᠪᠤᠢ᠃    ᠰᠦᠯᠳᠡ᠂ ᠡᠷᠡᠭᠲᠡᠢ᠂ ᠮᠣᠩᠭᠤᠯ ᠦᠨᠳᠦᠰᠦᠲᠡᠨ᠂ 1982 ᠣᠨ ᠤ 3 ᠰᠠᠷ᠎ᠠ ᠳᠤ ᠲᠥᠷᠥᠵᠡᠢ᠂ ᠥᠪᠥᠷ ᠮᠣᠩᠭᠤᠯ ᠤᠨ ᠦᠦᠰᠢᠨ ᠬᠤᠰᠢᠭᠤᠨ ᠤ ᠬᠥᠮᠦᠨ᠃ ᠪᠦᠬᠦᠯᠢ ᠡᠳᠦᠷ ᠤᠨ ᠳᠦᠷᠢᠮᠲᠦ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠂ ᠪᠡᠭᠡᠵᠢᠩ ᠤᠨ ᠪᠠᠶᠢᠭᠠᠯᠢ ᠶᠢᠨ ᠰᠢᠨᠵᠢᠯᠡᠬᠦ ᠤᠬᠠᠭᠠᠨ ᠤ ᠶᠡᠭᠡ ᠰᠤᠷᠭᠠᠭᠤᠯᠢ ᠶᠢᠨ ᠲᠤᠮᠤ ᠮᠣᠯᠧᠺᠦ᠋ᠯ ᠤᠨ ᠮᠠᠲ᠋ᠧᠷᠢᠶᠠᠯ ᠪᠣᠯᠤᠨ ᠢᠨᠵᠧᠨᠧᠷᠢᠩ ᠤᠨ ᠲᠤᠰᠬᠠᠢ ᠮᠡᠷᠭᠡᠵᠢᠯ ᠠᠴᠠ ᠲᠡᠭᠦᠰᠴᠡᠢ᠃ 2003 ᠣᠨ ᠤ 7 ᠰᠠᠷ᠎ᠠ ᠳᠤ ᠠᠵᠢᠯ ᠳᠤ ᠣᠷᠣᠵᠤ᠂ 2005 ᠣᠨ ᠤ 12 ᠰᠠᠷ᠎ᠠ ᠳᠤ ᠳᠤᠮᠳᠠᠳᠤ ᠤᠯᠤᠰ ᠤᠨ ᠡᠪ ᠬᠠᠮᠲᠤ ᠨᠠᠮ ᠳᠤ ᠣᠷᠣᠵᠠᠢ᠃ ᠣᠳᠣ ᠳᠥᠷᠪᠡᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠱᠦᠵᠢ᠂ ᠣᠷᠣᠯᠠᠭᠴᠢ ᠬᠤᠰᠢᠭᠤ ᠳᠠᠷᠤᠭ᠎ᠠ ᠶᠢᠨ ᠲᠤᠰᠢᠶᠠᠯ ᠢ ᠡᠭᠦᠷᠭᠡᠯᠡᠵᠦ ᠪᠠᠶᠢᠨ᠎ᠠ᠃     1999 ᠣᠨ ᠤ 09 ᠰᠠᠷ᠎ᠠ—2003 ᠣᠨ ᠤ 07 ᠰᠠᠷ᠎ᠠ ᠪᠤᠯᠲᠠᠯ᠎ᠠ᠂ ᠪᠡᠭᠡᠵᠢᠩ ᠤᠨ ᠪᠠᠶᠢᠭᠠᠯᠢ ᠶᠢᠨ ᠰᠢᠨᠵᠢᠯᠡᠬᠦ ᠤᠬᠠᠭᠠᠨ ᠤ ᠶᠡᠭᠡ ᠰᠤᠷᠭᠠᠭᠤᠯᠢ ᠶᠢᠨ ᠲᠤᠮᠤ ᠮᠣᠯᠧᠺᠦ᠋ᠯ ᠤᠨ ᠮᠠᠲ᠋ᠧᠷᠢᠶᠠᠯ ᠪᠣᠯᠤᠨ ᠢᠨᠵᠧᠨᠧᠷᠢᠩ ᠤᠨ ᠲᠤᠰᠬᠠᠢ ᠮᠡᠷᠭᠡᠵᠢᠯ ᠢᠶᠠᠷ ᠰᠤᠷᠤᠯᠴᠠᠪᠠ  ᠃    2003 ᠣᠨ ᠤ 07 ᠰᠠᠷ᠎ᠠ—2006 ᠣᠨ ᠤ 07 ᠰᠠᠷ᠎ᠠ ᠪᠤᠯᠲᠠᠯ᠎ᠠ᠂ ᠳᠤᠮᠳᠠᠳᠤ ᠤᠯᠤᠰ ᠤᠨ ᠰᠠᠨᠰᠠᠷ ᠤᠨ ᠠᠶᠠᠯᠠᠯ ᠤᠨ ᠰᠢᠨᠵᠢᠯᠡᠬᠦ ᠤᠬᠠᠭᠠᠨ ᠠᠵᠤ ᠦᠢᠯᠡᠳᠪᠦᠷᠢ ᠶᠢᠨ ᠪᠦᠯᠦᠭᠯᠡᠯᠲᠦ ᠺᠣᠮᠫᠠᠨᠢ ᠶᠢᠨ ᠠᠵᠢᠯᠲᠠᠨ ᠢᠶᠠᠷ ᠠᠵᠢᠯᠯᠠᠵᠦ ᠪᠠᠶᠢᠪᠠ᠃ ︵ᠲᠤᠰ ᠬᠤᠭᠤᠴᠠᠭᠠᠨ ᠳᠤ᠄ 2004 ᠣᠨ ᠤ 09 ᠰᠠᠷ᠎ᠠ—2006 ᠣᠨ ᠤ 07 ᠰᠠᠷ᠎ᠠ ᠪᠤᠯᠲᠠᠯ᠎ᠠ᠂ ᠠᠵᠢᠯ ᠠᠴᠠ ᠪᠠᠨ ᠰᠠᠯᠵᠤ᠂ ᠪᠡᠭᠡᠵᠢᠩ ᠤᠨ ᠪᠠᠶᠢᠭᠠᠯᠢ ᠶᠢᠨ ᠲᠧᠭᠨᠢᠭ ᠤᠨ ᠤᠬᠠᠭᠠᠨ ᠤ ᠶᠡᠭᠡ ᠰᠤᠷᠭᠠᠭᠤᠯᠢ ᠶᠢᠨ ᠵᠥᠭᠡᠯᠡᠨ ᠲᠣᠨᠤᠭ ᠤᠨ ᠳᠡᠭᠡᠳᠦ ᠰᠤᠷᠭᠠᠭᠤᠯᠢ ᠶᠢᠨ ᠵᠥᠭᠡᠯᠡᠨ ᠲᠣᠨᠤᠭ ᠤᠨ ᠢᠨᠵᠧᠨᠧᠷᠢᠩ ᠤᠨ ᠠᠰᠫᠢᠷᠠᠨᠲ ᠢᠶᠠᠷ ᠰᠤᠷᠤᠯᠴᠠᠵᠠᠢ︶     2006 ᠣᠨ ᠤ 07 ᠰᠠᠷ᠎ᠠ —2011 ᠣᠨ ᠤ 03 ᠰᠠᠷ᠎ᠠ ᠪᠤᠯᠲᠠᠯ᠎ᠠ᠂ ᠡᠪᠯᠡᠯ ᠤᠨ ᠬᠤᠷᠢᠶᠠᠨ ᠤ ᠲᠥᠪ ᠤᠨ ᠠᠵᠤ ᠦᠢᠯᠡᠰ ᠤᠨ ᠬᠥᠭᠵᠢᠯᠲᠡ ᠶᠢᠨ ᠲᠥᠪ ᠤᠨ  ᠭᠡᠰᠢᠭᠦᠴᠢ᠂ ᠳᠡᠳ᠋ ᠡᠷᠬᠢᠯᠡᠭᠴᠢ ᠶᠢᠨ ᠭᠡᠰᠢᠭᠦᠴᠢ᠂ ᠡᠷᠬᠢᠯᠡᠭᠴᠢ ᠶᠢᠨ ᠭᠡᠰᠢᠭᠦᠴᠢ ᠪᠠᠷ ᠠᠵᠢᠯᠯᠠᠪᠠ᠃     2011 ᠣᠨ ᠤ 03 ᠰᠠᠷ᠎ᠠ—2011 ᠣᠨ ᠤ 10 ᠰᠠᠷ᠎ᠠ ᠪᠤᠯᠲᠠᠯ᠎ᠠ᠂ ᠡᠪᠯᠡᠯ ᠤᠨ ᠬᠤᠷᠢᠶᠠᠨ ᠤ ᠲᠥᠪ ᠤᠨ ᠠᠵᠤ ᠦᠢᠯᠡᠰ ᠤᠨ ᠬᠥᠭᠵᠢᠯᠲᠡ ᠶᠢᠨ ᠲᠥᠪ ᠤᠨ ᠡᠪᠯᠡᠯ ᠤᠨ ᠬᠤᠷᠢᠶᠠᠨ ᠤ ᠱᠦᠵᠢ ᠶᠢᠨ ᠲᠤᠰᠢᠶᠠᠯ ᠢ ᠬᠠᠷᠢᠭᠤᠴᠠᠵᠦ ᠪᠠᠶᠢᠪᠠ᠃(ᠳᠡᠳ᠋ ᠭᠠᠵᠠᠷ ᠤᠨ ᠳᠡᠰ)     2011ᠣᠨ ᠤ 10 ᠰᠠᠷ᠎ᠠ—2012 ᠣᠨ ᠤ 10 ᠰᠠᠷ᠎ᠠ ᠪᠤᠯᠲᠠᠯ᠎ᠠ᠂ ᠡᠪ ᠬᠠᠮᠲᠤ ᠵᠠᠯᠠᠭᠤᠴᠤᠳ ᠤᠨ ᠡᠪᠯᠡᠯ ᠤᠨ ᠤᠯᠠᠭᠠᠨᠴᠠᠪ ᠬᠤᠲᠠ ᠶᠢᠨ ᠬᠤᠷᠢᠶᠠᠨ ᠤ ᠳᠡᠳ᠋ ᠱᠦᠵᠢ᠂ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠵᠠᠯᠠᠭᠤᠴᠤᠳ ᠪᠠᠭᠠᠴᠤᠳ ᠤᠨ ᠠᠵᠢᠯ ᠤᠨ ᠵᠥᠪᠯᠡᠯ ᠤᠨ ᠡᠷᠬᠢᠯᠡᠭᠴᠢ ᠶᠢᠨ ᠲᠤᠰᠢᠶᠠᠯ ᠢ ᠬᠠᠷᠢᠭᠤᠴᠠᠵᠦ ᠪᠠᠶᠢᠪᠠ᠃     2012 ᠣᠨ ᠤ 10 ᠰᠠᠷ᠎ᠠ—2014 ᠣᠨ ᠤ 10 ᠰᠠᠷ᠎ᠠ ᠪᠤᠯᠲᠠᠯ᠎ᠠ᠂ ᠡᠪ ᠬᠠᠮᠲᠤ ᠵᠠᠯᠠᠭᠤᠴᠤᠳ ᠤᠨ ᠡᠪᠯᠡᠯ ᠤᠨ ᠤᠯᠠᠭᠠᠨᠴᠠᠪ ᠬᠤᠲᠠ ᠶᠢᠨ ᠬᠤᠷᠢᠶᠠᠨ ᠤ ᠳᠡᠳ᠋ ᠱᠦᠵᠢ᠂ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠤ ᠲᠤᠰᠢᠶᠠᠯ ᠢ ᠬᠠᠷᠢᠭᠤᠴᠠᠵᠦ ᠪᠠᠶᠢᠪᠠ᠃ ︵ᠡᠨᠡ ᠬᠤᠭᠤᠴᠠᠭᠠᠨ ᠳᠤ᠄ 2013 ᠣᠨ ᠤ 05 ᠰᠠᠷ᠎ᠠ ᠠᠴᠠ 2014 ᠣᠨ ᠤ 10 ᠰᠠᠷ᠎ᠠ ᠪᠤᠯᠲᠠᠯ᠎ᠠ ᠠᠵᠢᠯ ᠡᠷᠬᠢᠯᠡᠪᠡ)     2014 ᠣᠨ ᠤ 10 ᠰᠠᠷ᠎ᠠ —2016 ᠣᠨ ᠤ 06 ᠰᠠᠷ᠎ᠠ ᠪᠤᠯᠲᠠᠯ᠎ᠠ᠂ ᠡᠪ ᠬᠠᠮᠲᠤ ᠵᠠᠯᠠᠭᠤᠴᠤᠳ ᠤᠨ ᠡᠪᠯᠡᠯ ᠤᠨ ᠤᠯᠠᠭᠠᠨᠴᠠᠪ ᠬᠤᠲᠠ ᠶᠢᠨ ᠬᠤᠷᠢᠶᠠᠨ ᠤ ᠱᠦᠵᠢ᠂ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ  ᠶᠢᠨ ᠲᠤᠰᠢᠶᠠᠯ ᠢ ᠬᠠᠷᠢᠭᠤᠴᠠᠵᠦ ᠪᠠᠶᠢᠪᠠ᠃ ︵ᠡᠨᠡ ᠬᠤᠭᠤᠴᠠᠭᠠᠨ ᠳᠤ᠄ 2015 ᠣᠨ ᠤ 03 ᠰᠠᠷ᠎ᠠ —2015 ᠣᠨ ᠤ 07 ᠰᠠᠷ᠎ᠠ ᠪᠤᠯᠲᠠᠯ᠎ᠠ᠂ ᠥᠪᠥᠷ ᠮᠣᠩᠭᠤᠯ ᠤᠨ ᠨᠠᠮ ᠤᠨ ᠰᠤᠷᠭᠠᠭᠤᠯᠢ ᠶᠢᠨ 28 ᠳ᠋ᠤᠭᠠᠷ ᠬᠤᠭᠤᠴᠠᠭᠠᠨ ᠤ ᠢᠳᠡᠷ ᠵᠠᠯᠠᠭᠤ ᠺᠠᠳ᠋ᠷᠴᠤᠳ ᠤᠨ ᠪᠣᠯᠪᠠᠰᠤᠷᠠᠯ ᠤᠨ ᠠᠩᠭᠢ ᠳᠤ ᠰᠤᠷᠤᠯᠴᠠᠪᠠ︶    2016 ᠣᠨ ᠤ 06 ᠰᠠᠷ᠎ᠠ—2019 ᠣᠨ ᠤ 01ᠰᠠᠷ᠎ᠠ ᠪᠤᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨᠴᠠᠪ ᠬᠤᠲᠠ ᠶᠢᠨ ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ ︵ᠵᠢᠩᠬᠢᠨᠢ ᠭᠠᠵᠠᠷ ᠤᠨ ᠳᠡᠰ︶᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠶᠢᠨ ᠲᠤᠰᠢᠶᠠᠯ ᠢ ᠬᠠᠷᠢᠭᠤᠴᠠᠵᠦ ᠪᠠᠶᠢᠪᠠ᠃          2019 ᠣᠨ ᠤ 01 ᠰᠠᠷ᠎ᠠ—2020 ᠣᠨ ᠤ 03 ᠰᠠᠷ᠎ᠠ ᠪᠤᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨᠴᠠᠪ ᠬᠤᠲᠠ ᠶᠢᠨ ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ ︵ᠵᠢᠩᠬᠢᠨᠢ ᠭᠠᠵᠠᠷ ᠤᠨ ᠳᠡᠰ︶᠂ ᠤᠯᠤᠰ ᠲᠥᠷᠥ ᠬᠠᠤᠯᠢ ᠴᠠᠭᠠᠵᠠ ᠶᠢᠨ ᠵᠦᠪᠯᠡᠯ ᠤᠨ ᠱᠦᠵᠢ ᠶᠢᠨ ᠲᠤᠰᠢᠶᠠᠯ ᠢ ᠬᠠᠷᠢᠭᠤᠴᠠᠵᠦ ᠪᠠᠶᠢᠪᠠ᠃      2020 ᠣᠨ ᠤ 03 ᠰᠠᠷ᠎ᠠ—2021 ᠣᠨ ᠤ 07 ᠰᠠᠷ᠎ᠠ ᠪᠤᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨᠴᠠᠪ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠶᠢᠨ ᠲᠤᠰᠢᠶᠠᠯ ᠢ ᠬᠠᠷᠢᠭᠤᠴᠠᠵᠦ ᠪᠠᠶᠢᠪᠠ᠃      2021ᠣᠨ ᠤ 07 ᠰᠠᠷ᠎ᠠ—ᠣᠳᠣ ᠪᠤᠯᠲᠠᠯ᠎ᠠ ᠳᠥᠷᠪᠡᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠱᠦᠵᠢ᠂ ᠣᠷᠣᠯᠠᠭᠴᠢ ᠬᠤᠰᠢᠭᠤ ᠳᠠᠷᠤᠭ᠎ᠠ ᠶᠢᠨ ᠲᠤᠰᠢᠶᠠᠯ ᠢ ᠬᠠᠷᠢᠭᠤᠴᠠᠵᠦ ᠪᠠᠶᠢᠨ᠎ᠠ᠃
 
ᠢᠷᠡᠯᠲᠡ᠄ ᠲᠦᠷᠪᠡᠳ ᠬᠤᠰᠢᠭᠤᠨ ᠤ ᠵᠤᠬᠢᠶᠠᠨ ᠪᠠᠶᠢᠭᠤᠯᠬᠤ ᠬᠡᠯᠳᠡᠰ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2