ᠦᠨᠢᠶᠡᠨ ᠰᠦ᠋ ᠠᠴᠠ ᠦᠨᠡᠲᠡᠢ᠂ ᠬᠡᠭᠡᠯ ᠲᠠᠢ ᠭᠡᠭᠦᠦ ᠶᠢᠨ ᠰᠢᠭᠡᠰᠦ ᠦᠨ᠎ᠡ ᠳᠤ ᠬᠦᠷᠴᠤ ᠪᠠᠶᠢᠨ᠎ᠠ
ᠨᠡᠶᠢᠲᠡᠯᠡᠭᠰᠡᠨ ᠴᠠᠭ᠄
2021/12/15
            ᠦᠨᠢᠶᠡᠨ ᠰᠦ᠋ ᠠᠴᠠ ᠦᠨᠡᠲᠡᠢ᠂ ᠬᠡᠭᠡᠯ ᠲᠠᠢ ᠭᠡᠭᠦᠦ ᠶᠢᠨ ᠰᠢᠭᠡᠰᠦ ᠦᠨ᠎ᠡ ᠳᠤ ᠬᠦᠷᠴᠤ ᠪᠠᠶᠢᠨ᠎ᠠ           ᠰᠢᠨᠵᠢᠶᠠᠩ ᠤᠨ ᠵᠣᠣ ᠰᠦ ᠰᠢᠶᠠᠨ ᠤ ᠵᠣᠣ ᠰᠦ  ᠠᠳᠤᠭᠤᠨ ᠤ  ᠲᠠᠯᠠᠪᠠᠶ ᠶᠢᠨ ᠬᠡᠭᠡᠯ ᠲᠠᠢ ᠭᠡᠭᠦᠦ ᠶᠢᠨ ᠰᠢᠭᠡᠰᠦᠨ ᠤ ᠰᠠᠭᠤᠷᠢᠨ ᠭᠠᠵᠠᠷ ᠲᠤ᠂ 800 ᠬᠡᠭᠡᠯᠲᠦᠭᠰᠡᠨ ᠭᠡᠭᠦᠦ ᠶᠢ ᠬᠠᠰᠢᠶᠠᠨ ᠳᠠᠭᠠᠨ  ᠤᠶᠠᠵᠤ᠂ ᠠᠵᠢᠯᠲᠠᠳ ᠡᠪᠡᠰᠦ ᠪᠣᠷᠳᠤᠭ᠎ᠠ ᠢᠳᠡᠭᠦᠯᠵᠦ᠂ ᠬᠡᠭᠡᠯᠲᠦᠭᠰᠡᠨ  ᠭᠡᠭᠦᠦ ᠶᠢᠨ  ᠰᠢᠬᠡᠰᠤ ᠶᠢ  ᠬᠤᠷᠢᠶᠠᠵᠤ ᠪᠠᠶᠢᠨ᠎ᠠ᠃  ᠰᠢᠨᠵᠢᠯᠡᠬᠦ ᠤᠬᠠᠭᠠᠨᠴᠢ ᠠᠷᠭ᠎ᠠ ᠪᠠᠷᠢᠯ ᠢᠶᠠᠷ ᠬᠡᠭᠡᠯ ᠲᠠᠢ ᠭᠡᠭᠦᠦ ᠶᠢᠨ ᠰᠢᠭᠡᠰᠦ ᠠᠴᠠ  ᠬᠥᠮᠦᠨ  ᠲᠥᠷᠥᠯᠬᠢᠲᠡᠨ ᠤ  ᠭᠧᠨ ᠲᠠᠢ  ᠬᠠᠮᠤᠭ  ᠣᠶᠢᠷᠠᠯᠴᠠᠭ᠎ᠠ ᠡᠮ᠎ᠡ ᠬᠤᠷᠮᠣᠨ ᠢ ᠭᠠᠷᠭᠠᠨ ᠠᠪᠴᠤ᠂ ᠭᠤᠣᠯᠳᠠᠭᠤ ᠹᠢᠽᠢᠣᠯᠣᠭᠢ ᠶᠢᠨ ᠪᠠ ᠡᠪᠡᠳᠴᠢᠨ ᠤ ᠵᠦᠢ ᠶᠢᠨ  ᠰᠢᠯᠲᠠᠭᠠᠨ ᠠᠴᠠ ᠪᠣᠯᠤᠭᠰᠠᠨ ᠡᠮ᠎ᠡ ᠬᠤᠷᠮᠣᠨ ᠤ ᠰᠢᠭᠦᠷᠡᠯᠲᠡ ᠭᠦᠢᠴᠡᠳ ᠪᠤᠰᠤ ᠵᠢᠴᠢ  ᠡᠭᠦᠨ ᠠᠴᠠ  ᠪᠣᠯᠤᠭᠰᠠᠨ   ᠡᠮᠡᠭᠲᠡᠶᠢᠴᠦᠳ ᠤᠨ ᠴᠡᠪᠡᠷᠰᠢᠬᠦ ᠬᠤᠭᠤᠴᠠᠭᠠᠨ ᠤ  ᠨᠡᠶᠢᠯᠡᠭ ᠭᠡᠮ᠂ ᠶᠠᠰᠤᠨ ᠤ  ᠡᠳ᠋  ᠰᠡᠶᠢᠵᠷᠡᠭᠵᠢᠬᠦ ᠪᠠ  ᠵᠢᠷᠦᠬᠡᠨ  ᠲᠢᠲᠢᠮ ᠤᠨ  ᠡᠪᠡᠳᠴᠢᠨ ᠢ  ᠰᠡᠷᠭᠡᠶᠢᠯᠡᠨ ᠵᠠᠰᠠᠬᠤ ᠳᠤ ᠬᠡᠷᠡᠭᠯᠡᠨ᠎ᠡ᠃            《 ᠰᠠᠭᠤᠷᠢᠨ ᠭᠠᠵᠠᠷ + ᠬᠤᠷᠰᠢᠶ᠎ᠠ + ᠲᠠᠷᠢᠶᠠᠴᠢᠨ ᠡᠷᠦᠬᠡ 》 ᠶᠢᠨ ᠬᠥᠭᠵᠢᠯᠲᠡ ᠶᠢᠨ ᠵᠠᠭᠪᠤᠷ ᠤᠨ ᠲᠣᠭᠤᠷᠢᠨ ᠳᠤ᠂ ᠵᠣᠣ ᠰᠦ ᠠᠳᠤᠭᠤᠨ ᠤ ᠲᠠᠯᠠᠪᠠᠶ ᠲᠡᠵᠢᠭᠡᠨ ᠦᠷᠡᠵᠢᠭᠦᠯᠬᠦ ᠲᠣᠮᠣ ᠡᠷᠦᠬᠡ ᠶᠢ ᠢᠳᠡᠪᠬᠢᠲᠡᠶ ᠬᠥᠲᠥᠯᠥᠨ ᠵᠢᠯᠣᠭᠤᠳᠴᠤ᠂ ᠬᠡᠭᠡᠯ ᠲᠠᠢ ᠭᠡᠭᠦᠦ ᠶᠢᠨ ᠰᠢᠭᠡᠰᠦ ᠺᠢᠯᠣᠭ᠍ᠷᠠᠮ  ᠪᠦᠷᠢ ᠳᠡᠭᠡᠨ  9  ᠲᠥᠭᠦᠷᠢᠭ ᠤᠨ  ᠦᠨ᠎ᠡ ᠪᠠᠷ  ᠺᠣᠮᠫᠠᠨᠢ ᠲᠠᠢ  ᠭᠡᠷ᠎ᠡ ᠲᠣᠭᠲᠠᠪᠠ᠃ ᠡᠨᠡ ᠡᠪᠦᠯ᠂ ᠬᠡᠭᠡᠯ ᠲᠠᠢ ᠭᠡᠭᠦᠦ ᠶᠢᠨ ᠰᠢᠭᠡᠰᠦᠨ ᠤ ᠰᠠᠭᠤᠷᠢᠨ ᠭᠠᠵᠠᠷ 200 ᠭᠠᠷᠤᠶ ᠲᠦᠮᠡᠨ  ᠲᠥᠭᠦᠷᠢᠭ ᠤᠨ ᠠᠵᠤ ᠠᠬᠤᠶ ᠶᠢᠨ ᠦᠷ᠎ᠡ ᠠᠰᠢᠭ ᠣᠯᠤᠨ᠎ᠠ᠃           ᠣᠶᠢᠯᠠᠭᠠᠭᠰᠠᠨ ᠢᠶᠠᠷ᠂ ᠬᠡᠭᠡᠯ ᠲᠠᠢ ᠭᠡᠭᠦᠦ ᠵᠢᠯ ᠪᠦᠷᠢ ᠶᠢᠨ 10 ᠰᠠᠷ᠎ᠠ ᠠᠴᠠ ᠢᠷᠡᠬᠦ ᠵᠢᠯ ᠤᠨ 3  ᠰᠠᠷ᠎ᠠ  ᠪᠣᠯᠲᠠᠯ᠎ᠠ ᠬᠠᠰᠢᠶᠠᠯᠠᠵᠤ ᠲᠡᠵᠢᠭᠡᠨ᠎ᠡ᠂ ᠡᠨᠡ ᠪᠣᠯ ᠬᠡᠭᠡᠯ ᠲᠠᠢ ᠭᠡᠭᠦᠦ ᠶᠢᠨ ᠰᠢᠭᠡᠰᠦ ᠬᠤᠷᠢᠶᠠᠬᠤ ᠬᠤᠭᠤᠴᠠᠭ᠎ᠠ ᠪᠣᠯᠤᠨ᠎ᠠ᠃       ᠢᠷᠡᠯᠳᠡ᠄ ᠠᠷᠠᠳ ᠤᠨ ᠰᠦᠯᠵᠢᠶ᠎ᠠ      ᠳᠡᠪᠰᠢᠭᠦᠯᠦᠭᠴᠢ᠄ ᠬᠠᠶᠢᠷ᠎ᠠ
 
ᠢᠷᠡᠯᠲᠡ᠄ ᠠᠷᠠᠳ ᠤᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2